ᠶᠡᠷᠦᠩᠬᠡᠶ ᠱᠦᠵᠢ ᠰᠢ ᠵᠢᠨ ᠫᠢᠩ᠎ᠤᠨ ᠴᠢᠯᠠᠭᠤᠨ ᠠᠭᠤᠶ ᠵᠢᠨ ᠰᠦᠮ᠎ᠡ ᠬᠡᠢ᠌ᠳᠢ ᠬᠠᠮᠠᠭ᠋ᠠᠯᠠᠬᠤ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠤᠨ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶᠠᠨ᠎ᠤ《ᠪᠥᠬᠥ ᠤᠯᠤᠰ᠎ᠤᠨ ᠴᠢᠯᠠᠭᠤᠨ ᠠᠭᠤᠶ ᠵᠢᠨ ᠰᠦᠮ᠎ᠡ ᠬᠡᠢ᠌ᠳ᠎ᠤᠨ ᠲᠤᠰᠬᠠᠶ ᠪᠠᠢ᠌ᠴᠠᠭ᠋ᠠᠯᠲᠠ ᠵᠢ ᠥᠷᠨᠢᠭᠦᠯᠬᠦ ᠲᠤᠬᠠᠶ ᠮᠡᠳᠡᠭᠳᠡᠯ》᠎ᠤᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠴᠢᠯᠠᠭᠤᠨ ᠠᠭᠤᠶ ᠵᠢᠨ ᠰᠦᠮ᠎ᠡ ᠬᠡᠢ᠌ᠳ᠎ᠤᠨ ᠣᠳᠣᠬᠢ ᠪᠠᠢ᠌ᠳᠠᠯ᠎ᠢ ᠪᠥᠬᠥ ᠲᠠᠯ᠎ᠠ᠎ᠪᠠᠷ ᠡᠵᠡᠮᠰᠢᠨ᠂ ᠴᠢᠯᠠᠭᠤᠨ ᠠᠭᠤᠶ ᠵᠢᠨ ᠰᠦᠮ᠎ᠡ ᠬᠡᠢ᠌ᠳᠢ ᠬᠠᠮᠠᠭ᠋ᠠᠯᠠᠵᠤ ᠠᠰᠢᠭᠯᠠᠬᠤ ᠵᠢ ᠪᠦᠬᠦᠯᠢ ᠴᠣᠭᠴᠠ᠎ᠪᠠᠷ᠎ᠨᠢ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ 11 ᠳ᠋ᠦ᠍ᠭᠡᠷ ᠰᠠᠷ᠎ᠠ ᠵᠢᠨ ᠰᠡᠭᠦᠯᠴᠢ᠎ᠪᠠᠷ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠠᠭᠤᠶ ᠵᠢᠨ ᠰᠦᠮ᠎ᠡ ᠬᠡᠢ᠌ᠳ᠎ᠤᠨ ᠲᠤᠰᠬᠠᠶ ᠪᠠᠢ᠌ᠴᠠᠭ᠋ᠠᠯᠲᠠ ᠵᠢᠨ ᠠᠵᠢᠯ᠎ᠤᠨ ᠲᠥᠰᠦᠯ》᠎ᠢ ᠲᠣᠭᠲᠠᠭ᠋ᠠᠵᠤ᠂ ᠠᠵᠢᠯ᠎ᠤᠨ ᠠᠭᠤᠯᠭ᠎ᠠ ᠪᠣᠯᠤᠨ ᠴᠠᠭ ᠬᠤᠭᠤᠴᠠᠭ᠎ᠠ ᠵᠢ ᠲᠣᠳᠣᠷᠬᠠᠢ᠌ᠯᠠᠪᠠ᠃ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠵᠠᠷᠴᠢᠮ ᠶᠣᠰᠣᠭ᠋ᠠᠷ᠂ 8 ᠴᠢᠯᠠᠭᠤᠨ ᠠᠭᠤᠶ ᠵᠢᠨ ᠰᠦᠮ᠎ᠡ ᠵᠢᠨ ᠲᠤᠰᠬᠠᠶ ᠪᠠᠢ᠌ᠴᠠᠭ᠋ᠠᠯᠲᠠ ᠵᠢᠨ ᠳᠤᠭᠤᠢ᠌ᠯᠠᠩ᠎ᠢ ᠵᠣᠬᠢᠶᠠᠨ ᠪᠠᠢ᠌ᠭᠤᠯᠤᠭ᠋ᠠᠳ ᠪᠥᠬᠥ ᠬᠦᠴᠦᠨ ᠵᠶ᠋ᠡᠷ ᠵᠶ᠋ᠡᠨ ᠪᠠᠢ᠌ᠴᠠᠭ᠋ᠠᠯᠲᠠ ᠬᠢᠪᠠ᠃
12 ᠳ᠋ᠤᠭ᠋ᠠᠷ ᠰᠠᠷ᠎ᠠ᠎ᠠᠴᠠ ᠨᠠᠭ᠋ᠠᠰᠢ᠂ ᠥᠪᠥᠷ ᠮᠣᠩᠭᠣᠯ᠎ᠤᠨ ᠠᠭ᠋ᠠᠷ᠎ᠤᠨ ᠳᠤᠯᠠᠭ᠋ᠠᠨ ᠭᠡᠨᠡᠳᠲᠡ ᠪᠠᠭᠤᠷᠠᠵᠠᠢ᠃ ᠡᠯ᠎ᠡ ᠭᠠᠵᠠᠷ᠎ᠤᠨ᠎ᠬᠢᠨ ᠬᠦᠴᠢᠷ ᠪᠡᠷᠬᠡᠰᠢᠶᠡᠯ᠎ᠢ ᠢᠯᠡᠨ ᠳᠠᠪᠠᠵᠤ᠂ ᠲᠤᠬᠠᠢ᠌ᠯᠠᠭᠰᠠᠨ ᠠᠵᠢᠯ᠎ᠤᠨ ᠭᠣᠤᠯᠯᠠᠬᠤ ᠬᠦᠴᠦᠨ ᠵᠶ᠋ᠡᠨ ᠵᠣᠬᠢᠶᠠᠨ ᠪᠠᠢ᠌ᠭᠤᠯᠤᠨ᠂ ᠬᠣᠣᠰ ᠡᠳᠦᠷ᠎ᠤᠨ ᠠᠮᠠᠷᠠᠯᠲᠠ᠎ᠪᠠᠨ ᠪᠤᠯᠢᠵᠤ᠂ ᠡᠭᠡᠯᠵᠢ ᠴᠠᠭ ᠵᠶ᠋ᠡᠨ ᠤᠷᠲᠤᠳᠬᠠᠨ ᠨᠡᠮᠡᠵᠦ ᠠᠵᠢᠯᠯᠠᠨ᠂ ᠠᠵᠢᠯ᠎ᠤᠨ ᠪᠦᠲᠦᠭᠡᠮᠵᠢ ᠵᠢ ᠠᠨᠭ᠌ᠬᠠᠷᠤᠨ ᠴᠢᠬᠤᠯᠠᠴᠢᠯᠠᠵᠤ᠂ ᠴᠠᠭ ᠬᠤᠭᠤᠴᠠᠭ᠋ᠠᠨ᠎ᠤ ᠵᠠᠨᠭ᠌ᠭᠢᠯᠠᠭᠠ ᠴᠡᠭ᠎ᠢ ᠴᠢᠨᠭᠭ᠎ᠠ ᠱᠠᠭ᠋ᠠᠷᠳᠠᠨ᠂ ᠡᠯ᠎ᠡ ᠵᠦᠢᠯ᠎ᠤᠨ ᠬᠦᠴᠢᠷ ᠪᠡᠷᠬᠡᠰᠢᠶᠡᠯ᠎ᠢ ᠢᠯᠡᠨ ᠳᠠᠪᠠᠵᠤ᠂ RTK᠂ ᠵᠢᠯᠣᠭᠣᠴᠢ ᠥᠬᠡᠶ ᠨᠢᠰᠬᠡᠯ ᠵᠡᠷᠭᠡ ᠲᠥᠬᠥᠭᠡᠷᠦᠮᠵᠢ ᠵᠢ ᠠᠰᠢᠭᠯᠠᠭ᠋ᠠᠳ ᠭᠠᠵᠠᠷ ᠳᠠᠷᠠᠭ᠋ᠠᠯᠠᠵᠤ ᠬᠡᠭᠡᠷ᠎ᠡ ᠵᠢᠨ ᠪᠠᠢ᠌ᠴᠠᠭ᠋ᠠᠯᠲᠠ ᠬᠢᠭᠰᠡᠨ ᠵᠶ᠋ᠡᠷ ᠡᠯ᠎ᠡ ᠳᠤᠭᠤᠢ᠌ᠯᠠᠩ᠎ᠤᠨ ᠬᠡᠭᠡᠷ᠎ᠡ ᠵᠢᠨ ᠪᠠᠢ᠌ᠴᠠᠭ᠋ᠠᠯᠲᠠ᠎ᠳᠤ ᠬᠡᠷᠡᠭᠵᠢᠭᠦᠯᠭᠰᠡᠨ ᠨᠣᠷᠮ᠎ᠠ᠎ᠨᠢ 90 %᠎ᠳᠤ ᠬᠦᠷᠪᠡ᠃ ᠪᠠᠢ᠌ᠴᠠᠭ᠋ᠠᠯᠲᠠ ᠵᠢᠨ ᠠᠵᠢᠯ᠎ᠨᠢ ᠵᠢᠱ᠌ᠢᠯᠲᠡ᠎ᠪᠠᠷ 1 ᠳ᠋ᠦ᠍ᠭᠡᠷ ᠰᠠᠷ᠎ᠠ ᠵᠢᠨ ᠳᠤᠮᠳᠠᠴᠢ᠎ᠪᠠᠷ ᠪᠦᠬᠦᠨ᠎ᠢ ᠪᠡᠶᠡᠯᠡᠭᠦᠯᠬᠦ ᠪᠣᠯᠤᠨ᠎ᠠ᠃

ᠬᠥᠬᠡᠬᠣᠲᠠ ᠵᠢᠨ ᠪᠠᠢ᠌ᠴᠠᠭ᠋ᠠᠬᠤ ᠳᠤᠭᠤᠢ᠌ᠯᠠᠩ᠄ ᠠᠵᠢᠯᠲᠠᠳ ᠪᠦᠭᠦᠨ᠎ᠢ ᠨᠣᠮᠤᠳᠬᠠᠬᠤ ᠰᠦᠮ᠎ᠡ ᠵᠢᠨ ᠬᠠᠲᠠᠨ ᠬᠥᠷᠥᠭ᠎ᠢ ᠨᠢᠭᠡᠳ ᠨᠢᠭᠡ᠎ᠪᠠᠷ ᠰᠡᠭᠦᠳᠡᠷᠯᠡᠵᠦ ᠪᠠᠢ᠌ᠭ᠎ᠠ᠎ᠨᠢ

ᠪᠤᠭᠤᠲᠤ ᠵᠢᠨ ᠪᠠᠢ᠌ᠴᠠᠭ᠋ᠠᠬᠤ ᠳᠤᠭᠤᠢ᠌ᠯᠠᠩ᠄ ᠠᠵᠢᠯᠲᠠᠳ ᠪᠤᠭᠤᠲᠤ ᠵᠢᠨ ᠵᠢᠢ ᠮᠤᠤ ᠶᠣᠣ ᠽᠢ ᠴᠢᠯᠠᠭᠤᠨ ᠠᠭᠤᠢ᠎ᠳᠤ ᠪᠠᠢ᠌ᠴᠠᠭ᠋ᠠᠯᠲᠠ ᠬᠢᠬᠦ ᠵᠢᠨ ᠬᠠᠮᠲᠤ ᠰᠡᠷᠡᠮᠵᠢ ᠵᠢᠨ ᠫᠠᠢ᠌ᠰᠠ ᠲᠠᠯᠪᠢᠵᠤ ᠪᠠᠢ᠌ᠭ᠎ᠠ᠎ᠨᠢ

ᠣᠷᠳᠣᠰ᠎ᠤᠨ ᠪᠠᠢ᠌ᠴᠠᠭ᠋ᠠᠬᠤ ᠳᠤᠭᠤᠢ᠌ᠯᠠᠩ᠄ ᠠᠵᠢᠯᠲᠠᠳ ᠪᠠᠭ᠋ᠠᠨᠠᠭᠤᠷ ᠴᠢᠯᠠᠭᠤᠨ ᠠᠭᠤᠶ ᠵᠢᠨ ᠰᠦᠮ᠎ᠡ᠎ᠳᠤ ᠬᠡᠮᠵᠢᠯᠲᠡ ᠵᠢᠷᠤᠭᠯᠠᠯᠲᠠ ᠬᠢᠵᠦ ᠪᠠᠢ᠌ᠭ᠎ᠠ᠎ᠨᠢ

ᠤᠯᠠᠭ᠋ᠠᠨᠬᠠᠳᠠ ᠵᠢᠨ ᠪᠠᠢ᠌ᠴᠠᠭ᠋ᠠᠬᠤ ᠳᠤᠭᠤᠢ᠌ᠯᠠᠩ᠄ ᠤᠯᠠᠭ᠋ᠠᠨᠬᠠᠳᠠ ᠣᠷᠣᠨ᠎ᠳᠤ ᠶᠡᠬᠡ ᠴᠠᠰᠤ᠎ᠲᠠᠢ᠂ ᠮᠠᠰᠢᠨ ᠶᠠᠪᠤᠭᠤᠷᠢ ᠥᠬᠡᠶ ᠪᠣᠯᠬᠣᠷ ᠠᠵᠢᠯᠲᠠᠳ ᠶᠠᠪᠠᠭ᠋ᠠᠨ ᠶᠠᠪᠤᠵᠤ ᠴᠢᠯᠠᠭᠤᠨ ᠠᠭᠤᠶ ᠵᠢᠨ ᠰᠦᠮ᠎ᠡ᠎ᠳᠤ ᠬᠦᠷᠦᠭᠡᠳ ᠪᠠᠢ᠌ᠴᠠᠭ᠋ᠠᠯᠲᠠ ᠬᠢᠵᠦ ᠪᠠᠢ᠌ᠭ᠎ᠠ᠎ᠨᠢ

ᠲᠦᠩᠯᠢᠶᠣᠤ ᠬᠣᠲᠠ ᠵᠢᠨ ᠪᠠᠢ᠌ᠴᠠᠭ᠋ᠠᠬᠤ ᠳᠤᠭᠤᠢ᠌ᠯᠠᠩ᠄ ᠠᠵᠢᠯᠲᠠᠳ ᠲᠦᠩᠯᠢᠶᠣᠤ ᠬᠣᠲᠠ ᠵᠢᠨ ᠠᠭᠤᠢ ᠠᠭᠤᠯᠠ ᠵᠢᠨ ᠴᠢᠯᠠᠭᠤᠨ ᠠᠭᠤᠶ ᠵᠢᠨ ᠰᠦᠮ᠎ᠡ᠎ᠳᠤ ᠪᠠᠢ᠌ᠴᠠᠭ᠋ᠠᠯᠲᠠ ᠬᠢᠬᠦ ᠵᠢᠨ ᠬᠠᠮᠲᠤ ᠰᠡᠷᠡᠮᠵᠢ ᠵᠢᠨ ᠫᠠᠢ᠌ᠰᠠ ᠲᠠᠯᠪᠢᠵᠤ ᠪᠠᠢ᠌ᠭ᠎ᠠ᠎ᠨᠢ

ᠰᠢᠯᠢ ᠵᠢᠨ ᠭᠣᠤᠯ᠎ᠤᠨ ᠪᠠᠢ᠌ᠴᠠᠭ᠋ᠠᠯᠲᠠ ᠵᠢᠨ ᠳᠤᠭᠤᠢ᠌ᠯᠠᠩ᠄ ᠠᠭᠤᠯᠠᠨ᠎ᠳᠤ ᠴᠠᠰᠤ ᠶᠡᠬᠡ᠂ ᠲᠡᠷᠭᠡ ᠤᠨᠤᠭ᠎ᠠ ᠣᠷᠣᠵᠤ ᠳᠡᠢ᠌ᠯᠬᠦ ᠥᠬᠡᠶ ᠪᠠᠢ᠌ᠳᠠᠯ ᠳᠣᠣᠷ᠎ᠠ ᠠᠵᠢᠯᠲᠠᠳ ᠲᠡᠦᠬᠡ ᠵᠢᠨ ᠳᠤᠷᠠᠰᠬᠠᠯᠲᠤ ᠵᠦᠢᠯᠡᠰ ᠪᠠᠢ᠌ᠭ᠎ᠠ ᠭᠠᠵᠠᠷ᠎ᠲᠤ 2 ᠴᠠᠭ ᠶᠠᠪᠠᠭ᠋ᠠᠨ ᠶᠠᠪᠤᠵᠤ ᠬᠦᠷᠦᠭᠰᠡᠨ᠎ᠨᠢ

ᠠᠯᠠᠱ᠌ᠠ ᠵᠢᠨ ᠪᠠᠢ᠌ᠴᠠᠭ᠋ᠠᠬᠤ ᠳᠤᠭᠤᠢ᠌ᠯᠠᠩ᠄ ᠠᠵᠢᠯᠲᠠᠳ ᠰᠦᠮ᠎ᠡ᠎ᠳᠤ ᠵᠢᠨ ᠴᠢᠯᠠᠭᠤᠨ ᠠᠭᠤᠶ ᠵᠢᠨ ᠰᠦᠮ᠎ᠡ ᠵᠢ ᠵᠢᠯᠣᠭᠣᠴᠢ ᠥᠬᠡᠶ ᠨᠢᠰᠬᠡᠯ ᠵᠶ᠋ᠡᠷ ᠰᠡᠭᠦᠳᠡᠷᠯᠡᠬᠦ᠎ᠪᠠᠷ ᠨᠢᠰᠦᠯᠲᠡ ᠵᠢᠨ ᠲᠣᠬᠢᠷᠠᠭᠤᠯᠤᠯᠲᠠ ᠬᠢᠵᠦ ᠪᠠᠢ᠌ᠭ᠎ᠠ᠎ᠨᠢ

ᠪᠠᠶᠠᠨᠨᠠᠭᠤᠷ᠎ᠤᠨ ᠪᠠᠢ᠌ᠴᠠᠭ᠋ᠠᠬᠤ ᠳᠤᠭᠤᠢ᠌ᠯᠠᠩ᠄ ᠠᠵᠢᠯᠲᠠᠳ ᠬᠣᠩ ᠶᠠᠩ ᠳ᠋ᠦᠩ ᠴᠢᠯᠠᠭᠤᠨ ᠠᠭᠤᠢ ᠵᠢᠨ ᠰᠦᠮ᠎ᠡ ᠵᠢ ᠪᠠᠢ᠌ᠴᠠᠭ᠋ᠠᠵᠤ ᠪᠠᠢ᠌ᠭ᠎ᠠ᠎ᠨᠢ