ᠨᠠᠢ᠌ᠷᠠᠭᠤᠯᠤᠭᠴᠢ ᠵᠢᠨ ᠦᠭᠡ᠄
《ᠬᠠᠪᠤᠷ ᠢᠷᠡᠵᠦ ᠬᠠᠮᠤᠭ ᠪᠤᠳᠠᠰ ᠠᠮᠢᠯᠠᠨ᠎ᠠ》᠃ ᠥᠩᠭᠡᠷᠡᠭᠰᠡᠨ ᠨᠢᠭᠡ ᠵᠢᠯ᠎ᠢ ᠡᠷᠬᠢᠴᠡᠬᠦᠯᠬᠦ᠎ᠳᠤ ᠪᠢᠳᠡ ᠤᠷᠮ᠎ᠠ ᠵᠤᠷᠢᠭ ᠪᠠᠳᠠᠷᠠᠮ᠎ᠠ᠂ ᠢᠷᠡᠬᠦ ᠨᠢᠭᠡᠨ ᠵᠢᠯ᠎ᠢ ᠪᠠᠷᠠᠯᠠᠬᠤ᠎ᠳᠤ ᠪᠢᠳᠡ ᠢᠲᠡᠭᠡᠯ ᠵᠣᠷᠢᠭ ᠲᠡᠭᠦᠯᠳᠡᠷ᠃
ᠦᠩᠭᠡᠷᠡᠭᠰᠡᠨ ᠨᠢᠭᠡ ᠵᠢᠯ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠪᠥᠬᠥ ᠠᠵᠢᠯᠲᠠᠳ ᠦᠨᠡᠨᠴᠢ ᠰᠢᠳᠤᠷᠭᠤ᠎ᠪᠠᠷ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠂ ᠲᠡᠮᠡᠴᠡᠯ ᠵᠶ᠋ᠡᠷ ᠥᠷᠢᠰᠥᠯᠳᠦᠭᠡᠨ᠎ᠢ ᠤᠭᠲᠤᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ 《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠢ ᠪᠠᠢ᠌ᠷᠢᠯᠠᠭᠤᠯᠤᠯᠲᠠ ᠪᠠ 《ᠲᠦᠷᠪᠡᠨ ᠪᠦᠬᠦ ᠲᠠᠯ᠎ᠠ》 ᠵᠢᠨ ᠪᠠᠢ᠌ᠯᠳᠤᠬᠤ ᠪᠤᠳᠤᠯᠭ᠎ᠠ ᠵᠢᠨ ᠪᠠᠢ᠌ᠷᠢᠯᠠᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠬᠤ᠎ᠲᠠᠢ ᠨᠢᠭᠲᠠ ᠤᠶᠠᠯᠳᠤᠭᠤᠯᠵᠤ᠂ 《ᠳᠥᠷᠪᠡᠨ ᠤᠬᠠᠮᠰᠠᠷ》 ᠵᠶ᠋ᠠᠨ ᠦᠨᠡᠨ ᠬᠦ᠌ ᠴᠢᠩᠭ᠋ᠠᠳᠬᠠᠵᠤ᠂ 《ᠳᠥᠷᠪᠡᠨ ᠢᠲᠡᠭᠡᠯ》᠎ᠢ ᠪᠠᠳᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠣᠶᠣᠯ ᠪᠠ ᠵᠢᠭᠤᠯᠴᠢᠯᠠᠯ᠎ᠤᠨ ᠪᠠᠢ᠌ᠭᠤᠯᠤᠯᠲᠠ ᠵᠢᠨ ᠬᠥᠭᠵᠢᠯᠲᠡ ᠵᠢᠨ ᠲᠤᠬᠠᠶ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠵᠢ ᠭᠦᠨᠵᠡᠭᠡᠶ ᠲᠤᠭᠤᠰᠢᠯᠠᠭᠤᠯᠵᠤ᠂ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯ ᠡᠯ᠎ᠡ ᠬᠦᠷᠢᠶᠡᠨ᠎ᠳᠤ ᠴᠥᠮ ᠰᠢᠨ᠎ᠡ ᠣᠯᠤᠯᠲᠠ ᠪᠠ ᠰᠢᠨ᠎ᠡ ᠰᠢᠪᠲᠤᠯᠤᠯᠲᠠ᠎ᠲᠠᠢ ᠪᠣᠯᠪᠠ᠂ ᠰᠣᠶᠣᠯ ᠵᠶ᠋ᠠᠷ ᠵᠢᠭᠤᠯᠴᠢᠯᠠᠯ᠎ᠢ ᠠᠬᠢᠭᠤᠯᠵᠤ᠂ ᠵᠢᠭᠤᠯᠴᠢᠯᠠᠯ ᠵᠶ᠋ᠠᠷ ᠰᠣᠶᠣᠯ᠎ᠢ ᠢᠯᠡᠷᠡᠭᠦᠯᠵᠦ᠂ ᠰᠢᠨ᠎ᠡ ᠬᠢᠷᠢ ᠪᠦᠲᠦᠮᠵᠢ᠂ ᠰᠢᠨ᠎ᠡ ᠠᠮᠵᠢᠯᠲᠠ ᠣᠯᠵᠠᠶ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠨᠢᠭᠡ ᠵᠢᠯ᠎ᠤᠨ ᠲᠤᠷᠰᠢᠬᠢ ᠠᠵᠢᠯ᠎ᠤᠨ ᠠᠮᠵᠢᠯᠲᠠ ᠪᠦᠲᠦᠮᠵᠢ ᠪᠠ ᠬᠢᠯᠠᠰ ᠴᠡᠭ᠎ᠢ ᠳᠠᠬᠢᠨ ᠢᠯᠡᠷᠡᠭᠦᠯᠬᠦ ᠪᠠ ᠳ᠋ᠦᠩᠨᠡᠬᠦ ᠵᠢᠨ ᠲᠥᠯᠥᠭᠡ᠂ ᠬᠠᠭᠤᠴᠢᠨ ᠵᠢᠯ᠎ᠤᠨ ᠰᠡᠭᠦᠯᠴᠢ ᠰᠢᠨ᠎ᠡ ᠵᠢᠯ᠎ᠤᠨ ᠡᠬᠢ᠎ᠪᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠯᠪᠠᠨ ᠬᠡᠷ 2020 ᠣᠨ᠎ᠤ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠠᠷᠪᠠᠨ ᠶᠡᠬᠡ ᠰᠣᠨᠢᠨ ᠮᠡᠳᠡᠭᠡᠨ᠎ᠤ ᠬᠡᠷᠡᠭ᠎ᠢ ᠰᠢᠯᠢᠨ ᠰᠣᠩᠭᠣᠵᠤ᠂ ᠦᠰᠦᠭ ᠵᠢᠷᠤᠭ᠎ᠢ ᠬᠠᠪᠰᠤᠷᠭ᠋ᠠᠨ᠂ ᠤᠩᠰᠢᠭᠴᠢᠳ᠎ᠲᠤ ᠵᠣᠷᠢᠭᠤᠯᠪᠠ᠃
ᠨᠢᠭᠡ᠂ ᠪᠦᠵᠢᠭᠲᠦ ᠵᠦᠴᠦᠭᠡ 《ᠮᠤᠷᠢᠲᠤ ᠴᠡᠷᠢᠭ》 ᠳᠤᠮᠲᠠᠲᠤ ᠤᠯᠤᠰ᠎ᠤᠨ ᠪᠦᠵᠢᠭ᠎ᠤᠨ 《ᠪᠠᠳᠮ᠎ᠠ ᠱᠠᠩᠨᠠᠯ》᠎ᠢ ᠬᠦᠷᠲᠡᠪᠡ


10 ᠳ᠋ᠤᠭ᠋ᠠᠷ ᠰᠠᠷ᠎ᠠ ᠵᠢᠨ 6᠎ᠤ ᠡᠳᠦᠷ᠂ 5 ᠡᠳᠦᠷ᠎ᠤᠨ ᠢᠯᠡ ᠨᠡᠢ᠌ᠲᠡᠯᠡᠬᠦ ᠬᠤᠭᠤᠴᠠᠭ᠎ᠠ ᠵᠢ ᠥᠩᠭᠡᠷᠡᠭᠡᠭᠡᠳ᠂ ᠥᠪᠥᠷ ᠮᠣᠩᠭᠣᠯ᠎ᠤᠨ ᠤᠷᠠᠯᠢᠭ᠎ᠤᠨ ᠵᠦᠴᠦᠭᠡ ᠵᠢᠨ ᠬᠦᠷᠢᠶᠡᠯᠡᠩ ᠵᠣᠬᠢᠶᠠᠨ ᠪᠦᠲᠦᠭᠡᠭᠰᠡᠨ ᠪᠥᠵᠢᠭᠲᠦ ᠵᠦᠴᠦᠭᠡ 《ᠮᠣᠷᠢᠲᠤ ᠴᠡᠷᠢᠭ》᠎ᠨᠢ ᠠᠵᠢᠯ ᠲᠥᠷᠥᠯ᠎ᠤᠨ᠎ᠬᠢᠨ ᠪᠠ ᠦᠵᠡᠭᠴᠢᠳ᠎ᠤᠨ ᠵᠥᠪᠰᠢᠶᠡᠷᠡᠯ᠎ᠢ ᠣᠯᠵᠤ᠂ ᠲᠣᠰ ᠬᠤᠭᠤᠴᠠᠭ᠋ᠠᠨ᠎ᠤ 《ᠪᠠᠳᠮ᠎ᠠ ᠱᠠᠩᠨᠠᠯ》᠎ᠤᠨ ᠪᠥᠵᠢᠭᠲᠦ ᠵᠦᠴᠦᠭᠡ ᠵᠢᠨ ᠱᠠᠩᠨᠠᠯ᠎ᠢ ᠭᠥᠷᠳᠡᠪᠡ᠃
《ᠪᠠᠳᠮ᠎ᠠ ᠱᠠᠩᠨᠠᠯ》 ᠪᠣᠯ ᠳᠤᠮᠳᠠᠳᠤ ᠤᠯᠤᠰ᠎ᠤᠨ ᠪᠥᠵᠢᠭ᠎ᠤᠨ ᠤᠷᠠᠯᠢᠭ᠎ᠤᠨ ᠬᠠᠮᠤᠭ ᠥᠨᠳᠥᠷ ᠠᠮᠵᠢᠯᠲᠠ ᠵᠢᠨ ᠱᠠᠩᠨᠠᠯ᠂ ᠰᠢᠯᠭ᠋ᠠᠷᠠᠭᠤᠯᠬᠤ ᠱᠠᠩᠨᠠᠯ᠎ᠤᠨ ᠤᠳᠤᠷᠢᠳᠤᠮᠵᠢ ᠵᠢᠨ ᠴᠢᠨᠠᠷ᠂ ᠲᠥᠪ ᠭᠣᠣᠯᠴᠢ ᠴᠢᠨᠠᠷ ᠪᠠ ᠡᠷᠬᠡ ᠰᠦᠷᠲᠦ ᠴᠢᠨᠠᠷ ᠵᠶ᠋ᠠᠷ ᠵᠶ᠋ᠠᠨ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠥᠷᠭᠡᠨ ᠳᠡᠯᠭᠡᠷ ᠨᠥᠯᠥᠭᠡᠯᠡᠬᠦ ᠬᠦᠴᠦᠨ᠎ᠲᠠᠢ᠃ 《ᠮᠣᠷᠢᠲᠤ ᠴᠡᠷᠢᠭ》 ᠪᠣᠯ 2017 ᠣᠨ᠎ᠤ ᠤᠯᠤᠰ᠎ᠤᠨ ᠤᠷᠠᠯᠢᠭ᠎ᠤᠨ ᠰᠠᠭᠤᠷᠢ ᠮᠥᠩᠭᠥ᠎ᠪᠠᠷ ᠲᠤᠰᠠᠯᠠᠭᠰᠠᠨ ᠲᠣᠮᠣ ᠬᠡᠯᠪᠡᠷᠢ ᠵᠢᠨ ᠲᠠᠢ᠌ᠰᠠᠨ᠎ᠤ ᠵᠦᠴᠦᠭᠡ ᠪᠤᠯᠤᠨ᠎ᠠ᠃ ᠲᠤᠰ ᠵᠦᠴᠦᠭᠡ ᠵᠢ 2019 ᠣᠨ᠎ᠤ 8 ᠳ᠋ᠤᠭ᠋ᠠᠷ ᠰᠠᠷ᠎ᠠ᠎ᠳᠤ ᠵᠣᠬᠢᠶᠠᠨ ᠪᠦᠲᠦᠭᠡᠵᠦ᠂ 8 ᠳ᠋ᠤᠭ᠋ᠠᠷ ᠰᠠᠷ᠎ᠠ ᠵᠢᠨ 19᠎ᠤ ᠡᠳᠦᠷ ᠠᠩᠬ᠎ᠠ ᠲᠣᠭᠯᠠᠵᠤ᠂ 11 ᠳ᠋ᠤᠭᠡᠷ ᠰᠠᠷ᠎ᠠ ᠵᠢᠨ 5᠎ᠤ ᠡᠳᠦᠷ ᠤᠷᠢᠯᠭ᠎ᠠ᠎ᠪᠠᠷ ᠬᠣᠷᠢᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠱᠠᠩᠬᠠᠢ ᠵᠢᠨ ᠤᠯᠠᠨ ᠤᠯᠤᠰ᠎ᠤᠨ ᠤᠷᠠᠯᠢᠭ᠎ᠤᠨ ᠨᠠᠢ᠌ᠷ᠎ᠲᠤ ᠣᠷᠣᠯᠴᠠᠵᠤ᠂ 2020 ᠣᠨ᠎ᠤ ᠤᠯᠤᠰ᠎ᠤᠨ ᠲᠠᠢ᠌ᠰᠠᠨ᠎ᠤ ᠤᠷᠠᠯᠢᠭ᠎ᠤᠨ ᠭᠣᠣᠯᠳᠠᠯᠭ᠎ᠠ᠎ᠲᠠᠢ ᠵᠣᠬᠢᠶᠠᠨ ᠪᠦᠲᠦᠭᠡᠬᠦ ᠵᠦᠴᠦᠭᠡ ᠵᠢᠨ ᠨᠡᠷᠡᠰ᠎ᠤᠨ ᠵᠢᠭᠰᠠᠭ᠋ᠠᠯᠲᠠ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2019 — 2022 ᠣᠨ᠎ᠤ ᠴᠢᠬᠤᠯᠠ ᠶᠡᠬᠡ ᠭᠣᠣᠯ ᠰᠡᠳᠦᠪᠲᠦ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠵᠦᠴᠦᠭᠡ ᠪᠣᠯᠤᠨ 《ᠬᠤᠪᠢᠰᠬᠠᠯ᠎ᠤᠨ ᠵᠠᠭᠤᠨ ᠵᠢᠯ᠎ᠤᠨ ᠥᠪᠥᠷ ᠮᠣᠩᠭᠣᠯ》 ᠰᠢᠷᠢᠰ ᠲᠦᠷᠦᠯ ᠵᠦᠢ᠍ᠯ ᠵᠶ᠋ᠡᠷ ᠰᠣᠩᠭᠣᠭᠳᠠᠪᠠ᠃ ᠲᠤᠰ ᠵᠦᠴᠦᠭᠡ ᠵᠢ 2020 ᠣᠨ᠎ᠤ 6 ᠳ᠋ᠤᠭ᠋ᠠᠷ ᠰᠠᠷ᠎ᠠ᠎ᠠᠴᠠ ᠡᠬᠢᠯᠡᠨ ᠵᠠᠰᠠᠨ ᠰᠠᠢ᠌ᠵᠢᠷᠠᠭᠤᠯᠵᠤ᠂ 9 ᠳ᠋ᠣᠭᠡᠷ ᠰᠠᠷ᠎ᠠ ᠵᠢᠨ ᠡᠬᠢ᠎ᠪᠠᠷ ᠳᠠᠬᠢᠨᠲᠠ ᠲᠣᠭᠯᠠᠪᠠ᠃ 9 ᠳ᠋ᠣᠭᠡᠷ ᠰᠠᠷ᠎ᠠ ᠵᠢᠨ 20᠎ᠤ ᠡᠳᠦᠷ 《ᠪᠠᠳᠮ᠎ᠠ ᠱᠠᠩᠨᠠᠯ》᠎ᠤᠨ ᠡᠴᠦᠰ᠎ᠤᠨ ᠰᠢᠯᠭ᠋ᠠᠷᠠᠭᠤᠯᠤᠯᠲᠠ᠎ᠳᠤ ᠣᠷᠣᠯᠴᠠᠭ᠋ᠠᠳ ᠱᠠᠩᠬᠠᠶ ᠵᠢᠨ ᠦᠵᠡᠭᠴᠢᠳ᠎ᠤᠨ ᠬᠠᠯᠠᠭᠤᠨ ᠬᠦᠷᠢᠶᠡᠯᠡᠯ᠎ᠢ ᠣᠯᠵᠤ᠂ ᠠᠵᠢᠯ ᠲᠥᠷᠥᠯ᠎ᠤᠨ ᠳᠣᠲᠣᠷᠠᠬᠢ ᠲᠤᠰᠬᠠᠶ ᠮᠡᠷᠭᠡᠵᠢᠯᠲᠡᠨ᠎ᠤ ᠳᠡᠭᠡᠳᠦ ᠬᠡᠮᠵᠢᠶᠡᠨ᠎ᠤ ᠮᠠᠭᠲᠠᠭ᠋ᠠᠯ ᠰᠠᠢ᠌ᠰᠢᠶᠠᠯ᠎ᠢ ᠬᠦᠷᠲᠡᠵᠡᠢ᠃ 《ᠮᠣᠷᠢᠲᠤ ᠴᠡᠷᠢᠭ》 ᠵᠦᠴᠦᠭᠡ ᠵᠢᠨ 《ᠪᠠᠳᠮ᠎ᠠ ᠱᠠᠩᠨᠠᠯ》᠎ᠤᠨ ᠪᠥᠵᠢᠭᠲᠦ ᠵᠦᠴᠦᠭᠡ ᠵᠢᠨ ᠱᠠᠩᠨᠠᠯ᠎ᠢ ᠬᠦᠷᠳᠡᠭᠰᠡᠨ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠤᠷᠠᠯᠢᠭ᠎ᠤᠨ᠎ᠬᠢᠨ᠎ᠤ ᠦᠪᠡᠳᠡᠭᠰᠢ ᠶᠡᠬᠡ ᠶᠠᠪᠤᠳᠠᠯ᠂ ᠪᠠᠶᠠᠷᠲᠤ ᠶᠠᠪᠤᠳᠠᠯ ᠪᠣᠯᠬᠤ ᠮᠥᠷᠲᠡᠭᠡᠨ ᠪᠠᠰᠠ ᠥᠪᠥᠷ ᠮᠣᠩᠭᠣᠯ᠎ᠤᠨ ᠤᠷᠠᠯᠢᠭ᠎ᠤᠨ ᠵᠦᠴᠦᠭᠡ ᠵᠢᠨ ᠬᠦᠷᠢᠶᠡᠯᠡᠩ᠎ᠤᠨ ᠤᠢ᠍ᠢ᠍ᠷ᠎ᠠ ᠵᠢᠨ ᠵᠢᠯ᠎ᠳᠤ ᠲᠠᠢ᠌ᠰᠠᠨ᠎ᠤ ᠤᠷᠠᠯᠢᠭ᠎ᠤᠨ ᠵᠣᠬᠢᠶᠠᠨ ᠪᠦᠲᠦᠭᠡᠯᠭᠡ 《ᠥᠨᠳᠥᠷᠯᠢᠭ》᠎ᠠᠴᠠ 《ᠤᠷᠬᠢᠯ》 ᠲᠡᠢ᠌ᠰᠢ ᠤᠷᠤᠭᠰᠢᠯᠠᠭᠰᠠᠨ ᠦᠢ᠍ᠯᠡᠳᠦᠯᠭᠡ ᠵᠢᠨ ᠦᠷ᠎ᠡ ᠪᠦᠲᠦᠭᠡᠯ ᠪᠣᠯᠬᠤ ᠶᠤᠮ ᠃ (ᠥᠪᠥᠷ ᠮᠣᠩᠭᠣᠯ᠎ᠤᠨ ᠤᠷᠠᠯᠢᠭ᠎ᠤᠨ ᠵᠦᠴᠦᠭᠡ ᠵᠢᠨ ᠬᠦᠷᠢᠶᠡᠯᠡᠩ ᠬᠠᠩᠭ᠋ᠠᠪᠠ)
ᠬᠣᠶᠠᠷ᠂ ᠥᠪᠥᠷ ᠮᠣᠩᠭᠣᠯ᠎ᠤᠨ ᠥᠷᠨᠢᠭᠦᠯᠦᠭᠰᠡᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠶᠡᠬᠡ ᠪᠠᠢ᠌ᠴᠠᠭ᠋ᠠᠯᠲᠠ ᠵᠢᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ


5 ᠳ᠋ᠤᠭ᠋ᠠᠷ ᠰᠠᠷ᠎ᠠ ᠵᠢᠨ 27᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠪᠠ ᠠᠮᠤᠷ ᠲᠦᠪᠰᠢᠨ᠎ᠤ ᠠᠵᠢᠯ᠎ᠢ ᠦᠨᠡᠨ ᠬᠦ᠌ ᠴᠢᠩᠭ᠋ᠠᠳᠬᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠥᠬᠥ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠲᠤᠰᠬᠠᠶ ᠠᠵᠢᠯᠯᠠᠭ᠎ᠠ ᠵᠢ ᠪᠥᠬᠥ ᠲᠠᠯ᠎ᠠ᠎ᠪᠠᠷ ᠭᠦᠨᠵᠡᠭᠡᠶ ᠥᠷᠨᠢᠭᠦᠯᠬᠦ᠎ᠪᠠᠷ ᠲᠣᠭᠲᠠᠪᠠ ᠃
ᠨᠢᠭᠡ ᠰᠠᠷ᠎ᠠ ᠵᠢᠨ ᠬᠤᠭᠤᠴᠠᠭ᠎ᠠ ᠵᠢ ᠠᠰᠢᠭᠯᠠᠨ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠬᠢᠭᠡᠳ ᠱᠠᠰᠢᠨ ᠰᠤᠷᠲᠠᠬᠤᠨ᠂ ᠭᠠᠯ᠎ᠢ ᠰᠡᠷᠭᠡᠢ᠌ᠯᠡᠬᠦ ᠵᠡᠷᠭᠡ ᠰᠠᠯᠠᠭ᠎ᠠ ᠮᠥᠴᠢᠷ᠎ᠤᠳ ᠬᠦᠴᠦ᠎ᠪᠠᠨ ᠬᠠᠮᠲᠤᠳᠬᠠᠨ ᠬᠣᠷᠰᠢᠯᠴᠠᠵᠤ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠵᠢᠯᠣᠭᠣᠳᠴᠤ ᠬᠢᠨᠠᠨ ᠪᠠᠢ᠌ᠴᠠᠭ᠋ᠠᠬᠤ ᠠᠵᠢᠯ᠎ᠤᠨ 4 ᠳᠤᠭᠤᠢ᠌ᠯᠠᠩ᠎ᠢ ᠪᠦᠷᠢᠯᠳᠦᠭᠦᠯᠵᠦ᠂ ᠡᠯ᠎ᠡ ᠠᠢ᠌ᠮᠠᠭ ᠬᠣᠲᠠ ᠵᠢᠨ ᠬᠠᠷᠢᠶ᠎ᠠ ᠣᠷᠣᠨ᠎ᠤ᠎ᠪᠠᠨ ᠳᠣᠲᠣᠷᠠᠬᠢ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ᠎ᠳᠤ ᠪᠦᠬᠦᠨ᠎ᠢ ᠬᠠᠮᠤᠷᠬᠤ ᠮᠠᠶᠢᠭ᠎ᠤᠨ ᠥᠪᠡᠰᠦᠪᠡᠨ ᠪᠠᠢ᠌ᠴᠠᠭ᠋ᠠᠯᠲᠠ ᠬᠢᠭᠰᠡᠨ ᠰᠠᠭᠤᠷᠢᠨ ᠳᠡᠭᠡᠷ᠎ᠡ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠦᠬᠦ ᠨᠢᠭᠡᠴᠢ ᠪᠣᠯᠤᠨ ᠣᠷᠣᠨ᠎ᠤ ᠬᠠᠮᠠᠭ᠋ᠠᠯᠠᠯᠲᠠ ᠵᠢᠨ ᠬᠡᠰᠡᠭ ᠨᠢᠭᠡᠴᠢ᠎ᠳᠤ ᠭᠣᠤᠯᠳᠠᠯᠭ᠎ᠠ᠎ᠲᠠᠢ ᠬᠢᠨᠠᠨ ᠪᠠᠢ᠌ᠴᠠᠭ᠋ᠠᠯᠲᠠ ᠬᠢᠪᠡ᠃ ᠬᠢᠨᠠᠨ ᠪᠠᠢ᠌ᠴᠠᠭ᠋ᠠᠵᠤ ᠨᠤᠲᠠᠯᠠᠭᠰᠠᠨ ᠵᠶ᠋ᠠᠷ᠂ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠨᠢᠭᠡᠴᠢ᠎ᠳᠤ 156 ᠠᠰᠠᠭᠤᠳᠠᠯ ᠣᠷᠣᠰᠢᠵᠤ᠂ 114 ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠭᠠᠵᠠᠷ (ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ 69 ᠭᠠᠵᠠᠷ᠂ ᠣᠷᠣᠨ᠎ᠤ ᠬᠠᠮᠠᠭ᠋ᠠᠯᠠᠯᠲᠠ ᠵᠢᠨ 45 ᠭᠠᠵᠠᠷ)᠎ᠲᠤ ᠬᠣᠯᠪᠣᠭᠳᠠᠵᠠᠶ᠂ ᠡᠭᠦᠨ᠎ᠳᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠰ ᠪᠡᠶ᠎ᠡ᠎ᠳᠤ ᠠᠮᠤᠷ ᠲᠦᠪᠰᠢᠨ᠎ᠤ ᠳᠠᠯᠳᠠ ᠬᠡᠮ᠎ᠤᠨ ᠠᠰᠠᠭᠤᠳᠠᠯ 91 (ᠤᠯᠤᠰ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ᠎ᠠᠴᠠ ᠬᠠᠷᠢᠭᠤ ᠲᠤᠰᠬᠠᠭᠰᠠᠨ 37 ᠲᠥᠷᠥᠯ ᠵᠦᠢᠯ᠂ ᠠᠶᠤᠯ᠎ᠠᠴᠠ ᠠᠪᠤᠷᠠᠵᠤ ᠪᠡᠬᠢᠯᠡᠬᠦ ᠴᠢᠬᠤᠯᠠᠲᠠᠶ᠎ᠨᠢ 14 ᠂ ᠬᠠᠮᠠᠭ᠋ᠠᠯᠠᠵᠤ ᠰᠡᠯᠪᠢᠨ ᠵᠠᠰᠠᠬᠤ ᠴᠢᠬᠤᠯᠠᠲᠠᠶ᠎ᠨᠢ 40 ᠪᠠᠭᠲᠠᠨ᠎ᠠ) ᠪᠠᠢ᠌ᠵᠤ᠂ ᠪᠤᠰᠤᠳ ᠠᠰᠠᠭᠤᠳᠠᠯ 65 (《ᠭᠤᠷᠪᠠ ᠵᠢ ᠰᠡᠷᠭᠡᠢ᠌ᠯᠡᠬᠦ》 ᠠᠮᠤᠷ ᠲᠦᠪᠰᠢᠨ᠎ᠤ ᠠᠰᠠᠭᠤᠳᠠᠯ 36᠂ 《ᠳᠥᠷᠪᠡ ᠪᠠᠢ᠌ᠬᠤ》 ᠠᠵᠢᠯ᠎ᠤᠨ ᠠᠰᠠᠭᠤᠳᠠᠯ 8᠂ ᠣᠷᠴᠢᠨ ᠲᠣᠭᠣᠷᠢᠨ᠎ᠢ ᠵᠠᠰᠠᠬᠤ ᠠᠰᠠᠭᠤᠳᠠᠯ 10᠂ ᠵᠠᠰᠠᠭ᠎ᠤᠨ ᠣᠷᠳᠣᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠠᠰᠠᠭᠤᠳᠠᠯ 11 ᠪᠣᠶ) ᠪᠠᠢ᠌ᠨ᠎ᠠ᠃ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠬᠡᠮ ᠰᠣᠭᠣᠭ᠎ᠢ ᠶᠡᠬᠡ᠎ᠪᠠᠷ ᠵᠢᠭᠰᠠᠭ᠋ᠠᠨ ᠪᠠᠢ᠌ᠴᠠᠭ᠋ᠠᠬᠤ᠎ᠪᠠᠷ ᠳᠠᠮᠵᠢᠭᠤᠯᠤᠨ᠂ ᠪᠥᠬᠥ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠳᠠᠭ᠋ᠠᠯᠠᠭᠳᠠᠵᠤ ᠪᠠᠢ᠌ᠭ᠎ᠠ ᠣᠳᠣᠬᠢ ᠪᠠᠢ᠌ᠳᠠᠯ᠂ ᠬᠠᠮᠢᠶᠠᠷᠤᠯᠲᠠ ᠵᠢᠨ ᠪᠠᠢ᠌ᠳᠠᠯ ᠵᠢᠴᠢ ᠣᠷᠣᠰᠢᠵᠤ ᠪᠠᠢ᠌ᠭ᠎ᠠ ᠡᠯ᠎ᠡ ᠲᠥᠷᠥᠯ᠎ᠤᠨ ᠠᠰᠠᠭᠤᠳᠠᠯ᠎ᠢ ᠲᠣᠳᠣᠷᠬᠠᠶ ᠣᠢ᠌ᠯᠠᠭ᠋ᠠᠵᠤ᠂ ᠲᠤᠬᠠᠶ ᠵᠢᠨ ᠲᠠᠯᠠᠪᠠᠶ᠎ᠳᠤ ᠬᠠᠷᠢᠭᠤ ᠲᠤᠰᠬᠠᠬᠤ᠂ ᠵᠠᠷᠯᠠᠨ ᠮᠡᠳᠡᠭᠳᠡᠵᠦ ᠰᠢᠮᠳᠠᠭᠤᠯᠤᠨ ᠭᠦᠢᠴᠡᠳᠬᠡᠬᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠡᠯ᠎ᠡ ᠲᠥᠷᠥᠯ᠎ᠤᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠮᠥᠷᠳᠡᠨ ᠰᠢᠮᠳᠠᠭᠤᠯᠤᠨ ᠪᠠᠢ᠌ᠴᠠᠭ᠋ᠠᠪᠠ᠃ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠬᠤ᠎ᠪᠠᠷ ᠳᠠᠮᠵᠢᠭᠤᠯᠤᠨ᠂ ᠠᠮᠤᠷ ᠲᠦᠪᠰᠢᠨ᠎ᠤ ᠲᠦᠷᠢᠮ᠎ᠢ ᠲᠡᠭᠦᠯᠳᠡᠷᠵᠢᠭᠦᠯᠵᠦ᠂ ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠢ ᠤᠯᠠᠮ ᠨᠢᠭᠡ ᠠᠯᠬᠤᠮ ᠪᠠᠲᠤᠯᠠᠪᠠ ᠃ ( ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠶᠡᠷᠦᠩᠬᠡᠢ᠌ᠯᠡᠭᠰᠡᠨ ᠭᠠᠵᠠᠷ ᠬᠠᠩᠭ᠋ᠠᠪᠠ)
ᠭᠤᠷᠪᠠ᠂ ᠬᠢᠵᠢᠭ᠎ᠤᠨ ᠪᠠᠢ᠌ᠳᠠᠯ᠎ᠤᠨ ᠬᠤᠭᠤᠴᠠᠭ᠋ᠠᠨ᠎ᠳᠤ᠎ᠬᠢ ᠰᠦᠯᠵᠢᠶᠡᠨ ᠳᠡᠭᠡᠷᠡᠬᠢ ᠰᠣᠶᠣᠯ᠎ᠤᠨ ᠦᠢᠯᠡᠴᠢᠯᠡᠭᠡ ᠣᠯᠠᠨ᠎ᠤ ᠬᠦᠷᠢᠶᠡᠯᠡᠯ᠎ᠢ ᠤᠯᠪᠠ


ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠣᠷᠢᠭᠯᠠᠯᠲᠠ ᠵᠢᠨ ᠳᠠᠢ᠌ᠯᠠᠯᠳᠤᠭ᠋ᠠᠨ᠎ᠳᠤ ᠪᠦᠬᠦ ᠲᠠᠯ᠎ᠠ᠎ᠪᠠᠷ ᠢᠯᠠᠯᠲᠠ ᠤᠯᠬᠤ ᠵᠢᠨ ᠲᠥᠯᠥᠭᠡ᠂ ᠨᠠᠮ᠎ᠤᠨ ᠲᠥᠪ ᠬᠣᠷᠢᠢ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ 1 ᠳ᠋ᠣᠭᠡᠷ ᠰᠠᠷ᠎ᠠ ᠵᠢᠨ 24᠎ᠤ ᠡᠳᠦᠷ᠎ᠠᠴᠠ ᠡᠬᠢᠯᠡᠨ ᠂ ᠪᠦᠬᠦ ᠣᠷᠣᠨ᠎ᠤ ᠡᠯ᠎ᠡ ᠭᠠᠵᠠᠷ᠎ᠤᠨ ᠤᠯᠠᠨ ᠨᠡᠢ᠌ᠲᠡ ᠵᠢᠨ ᠨᠣᠮ᠎ᠤᠨ ᠰᠠᠩ᠂ ᠰᠣᠶᠣᠯ᠎ᠤᠨ ᠣᠷᠳᠣᠨ᠂ ᠰᠣᠶᠣᠯ᠎ᠤᠨ ᠦᠷᠳᠡᠭᠡ ᠪᠣᠯᠤᠨ ᠰᠣᠶᠣᠯ᠎ᠤᠨ ᠠᠵᠢᠯᠯᠠᠭ᠋ᠠᠨ᠎ᠤ ᠭᠡᠷ ᠵᠡᠷᠭᠡ ᠤᠯᠠᠨ ᠨᠡᠢ᠌ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠠᠯᠠᠪᠤᠷ ᠵᠠᠯᠭ᠋ᠠᠭ᠎ᠠ᠎ᠪᠠᠷ ᠡᠭᠦᠳᠡ᠎ᠪᠠᠨ ᠬᠠᠭ᠋ᠠᠪᠠ᠃ ᠭᠡᠪᠡᠴᠦ ᠡᠭᠦᠳᠡ᠎ᠪᠠᠨ ᠬᠠᠭ᠋ᠠᠭᠰᠠᠨ ᠴᠤ᠌ ᠦᠢ᠍ᠯᠡᠴᠢᠯᠡᠭᠡ᠎ᠪᠠᠨ ᠵᠤᠭᠰᠤᠭᠰᠠᠨ ᠦᠭᠡᠢ᠂ ᠲᠣᠰ ᠪᠡᠶ᠎ᠡ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ ᠵᠶ᠋ᠠᠨ ᠰᠠᠢ᠌ᠲᠤᠷ ᠬᠢᠬᠦ ᠵᠢᠨ ᠬᠠᠮᠲᠤ᠂ ᠲᠣᠰ ᠪᠡᠶ᠎ᠡ ᠵᠢᠨ ᠡᠬᠢ ᠪᠠᠶᠠᠯᠢᠭ᠎ᠤᠨ ᠳᠠᠪᠠᠭᠤᠯᠢᠭ᠎ᠲᠤ᠎ᠪᠠᠨ ᠰᠠᠭᠤᠷᠢᠯᠠᠵᠤ᠂ ᠤᠬᠠᠭᠤᠯᠭ᠎ᠠ ᠪᠠ ᠦᠢᠯᠡᠴᠢᠯᠡᠭᠡᠨ᠎ᠤ ᠡᠭᠦᠷᠭᠡ ᠴᠢᠳᠠᠪᠬᠢ᠎ᠪᠠᠨ ᠭᠦᠢᠴᠡᠳ ᠪᠠᠳᠠᠷᠠᠭᠤᠯᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ᠎ᠪᠠᠨ ᠬᠢᠵᠢᠭ᠎ᠲᠠᠢ ᠲᠡᠮᠡᠴᠡᠬᠦ ᠬᠦᠴᠦᠨ ᠪᠣᠯᠭ᠋ᠠᠨ ᠨᠢᠭᠲᠠᠷᠠᠭᠤᠯᠵᠤ᠂ ᠦᠬᠠᠨ᠎ᠳᠤ ᠬᠦᠴᠦ ᠨᠡᠮᠡᠷᠢᠯᠡᠵᠦ᠂ ᠳᠤᠮᠳᠠᠳᠤ ᠤᠯᠤᠰ᠎ᠲᠤ ᠬᠦᠴᠦ ᠨᠡᠮᠡᠷᠢᠯᠡᠪᠡ ᠃
ᠬᠢᠵᠢᠭ᠎ᠤᠨ ᠪᠠᠢ᠌ᠳᠠᠯ ᠡᠬᠢᠯᠡᠭᠰᠡᠨ᠎ᠠᠴᠠ ᠨᠠᠭ᠋ᠠᠰᠢ᠂ ᠥᠪᠥᠷ ᠮᠣᠩᠭᠣᠯ᠎ᠤᠨ ᠨᠣᠮ᠎ᠤᠨ ᠰᠠᠩ᠎ᠨᠢ ᠨᠡᠢ᠌ᠲᠡ 112TB ᠲᠣᠭ᠋ᠠᠴᠢᠯᠠᠭᠰᠠᠨ ᠡᠬᠢ ᠪᠠᠶᠠᠯᠢᠭ ᠬᠠᠩᠭ᠋ᠠᠵᠤ᠂ ᠠᠯᠪᠠᠨ᠎ᠤ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ᠎ᠤᠨ ᠨᠡᠢ᠌ᠲᠡᠯᠡᠭᠰᠡᠨ ᠮᠡᠳᠡᠭᠡ ᠵᠠᠩᠭᠢ ᠵᠢ ᠤᠩᠰᠢᠭᠰᠠᠨ ᠬᠡᠮᠵᠢᠶ᠎ᠡ᠎ᠨᠢ 285255 ᠤᠳᠠᠭ᠎ᠠ ᠬᠦᠷᠴᠦ᠂ ᠲᠣᠭ᠎ᠠ ᠪᠠᠷᠢᠮᠲᠠ ᠵᠢᠨ ᠬᠥᠮᠥᠷᠭᠡ ᠵᠢ ᠤᠩᠰᠢᠭᠰᠠᠨ ᠬᠡᠮᠵᠢᠶ᠎ᠡ᠎ᠨᠢ ᠨᠡᠢ᠌ᠲᠡ 161 ᠲᠦᠮᠡᠨ ᠤᠳᠠᠭ᠎ᠠ ᠬᠦᠷᠴᠦ᠂ ᠲᠣᠭ᠎ᠠ ᠪᠠᠷᠢᠮᠲᠠ ᠵᠢ ᠪᠠᠭᠤᠯᠭ᠋ᠠᠭᠰᠠᠨ ᠬᠡᠮᠵᠢᠶ᠎ᠡ᠎ᠨᠢ 850 ᠲᠦᠮᠡᠨ ᠵᠤᠷᠪᠤᠰ ᠬᠦᠷᠪᠡ᠃ ᠡᠯ᠎ᠡ ᠲᠦᠷᠦᠯ᠎ᠤᠨ ᠠᠵᠢᠯᠯᠠᠭ᠎ᠠ᠎ᠳᠤ 20 ᠭᠠᠷᠤᠢ ᠲᠦᠮᠡᠨ ᠬᠥᠮᠦᠨ ᠤᠳᠠᠭ᠎ᠠ ᠣᠷᠣᠯᠴᠠᠪᠠ᠃ ᠪᠥᠬᠥ ᠣᠷᠣᠨ᠎ᠤ ᠨᠣᠮ᠎ᠤᠨ ᠰᠠᠩ ᠰᠦᠯᠵᠢᠶᠡᠨ ᠳᠡᠭᠡᠷᠡᠬᠢ ᠲᠠᠪᠴᠠᠩ ᠵᠢᠴᠢ ᠬᠠᠯᠠᠮᠰᠢᠯ ᠲᠣᠭ᠋ᠠᠴᠢᠯᠠᠭᠰᠠᠨ ᠡᠬᠢ ᠪᠠᠶᠠᠯᠢᠭ᠎ᠢ ᠠᠰᠢᠭᠯᠠᠨ᠂ ᠪᠥᠬᠥ ᠵᠢᠯ᠎ᠳᠤ 20000 ᠭᠠᠷᠤᠶ ᠤᠩᠰᠢᠭᠴᠢ᠎ᠳᠤ ᠳᠡᠯᠭᠡᠷᠡᠭᠦᠯᠵᠦ᠂ ᠬᠤᠪᠢ ᠬᠥᠮᠦᠨ᠎ᠤ ᠨᠣᠮ᠎ᠤᠨ ᠲᠠᠯᠪᠢᠭᠤᠷ᠎ᠲᠤ 5300 ᠳᠡᠪᠲᠡᠷ ᠨᠣᠮ᠎ᠤᠨ ᠰᠠᠩ᠎ᠢ ᠬᠠᠳᠠᠭ᠋ᠠᠯᠠᠵᠤ᠂ ᠰᠦᠯᠵᠢᠶ᠎ᠡ᠎ᠪᠠᠷ 3000 ᠭᠠᠷᠤᠶ ᠳᠡᠪᠲᠡᠷ ᠨᠤᠮ ᠤᠩᠰᠢᠵᠤ (ᠨᠣᠮ ᠰᠣᠨᠣᠰᠬᠤ)᠂ ᠤᠩᠰᠢᠭᠴᠢ 7650 ᠤᠳᠠᠭ᠎ᠠ ᠬᠤᠪᠢᠶᠠᠯᠴᠠᠪᠠ᠃ ᠥᠪᠥᠷ ᠮᠣᠩᠭᠣᠯ᠎ᠤᠨ ᠰᠣᠶᠣᠯ᠎ᠤᠨ ᠡᠭᠦᠯᠡᠨ ᠲᠠᠪᠴᠠᠩ᠂ ᠸᠢᠴᠠᠲ᠎ᠤᠨ ᠨᠡᠢ᠌ᠲᠡ ᠵᠢᠨ ᠳ᠋ᠤᠭ᠋ᠠᠷ᠂ ᠠᠯᠪᠠᠨ᠎ᠤ ᠰᠦᠯᠵᠢᠶ᠎ᠡ᠎ᠨᠢ ᠦᠨᠳᠦᠰᠦᠨ ᠱᠠᠲᠤᠨ᠎ᠤ ᠣᠯᠠᠨ ᠲᠦᠮᠡᠨ᠎ᠳᠤ ᠨᠢᠭᠡ ᠥᠷᠲᠡᠭᠡ ᠮᠠᠶᠢᠭ᠎ᠤᠨ᠂ ᠬᠤᠷᠠᠮᠠᠯ ᠮᠠᠶᠢᠭ᠎ᠤᠨ ᠣᠯᠠᠨ ᠨᠡᠢ᠌ᠲᠡ ᠵᠢᠨ ᠲᠣᠭ᠋ᠠᠴᠢᠯᠠᠭᠰᠠᠨ ᠰᠣᠶᠣᠯ᠎ᠤᠨ ᠦᠢᠯᠡᠴᠢᠯᠡᠭᠡ ᠬᠠᠩᠭ᠋ᠠᠵᠤ᠂ ᠰᠦᠯᠵᠢᠶᠡᠨ ᠳᠡᠭᠡᠷ᠎ᠡ ᠡᠯ᠎ᠡ ᠲᠥᠷᠥᠯ᠎ᠤᠨ ᠰᠣᠶᠣᠯ᠎ᠤᠨ ᠮᠡᠳᠡᠭᠡ ᠵᠠᠩᠭᠢ ᠵᠢ 2000 ᠭᠠᠷᠤᠶ ᠵᠤᠷᠪᠤᠰ ᠬᠠᠩᠭ᠋ᠠᠵᠤ᠂ 5000 ᠭᠠᠷᠤᠶ ᠬᠢᠴᠢᠶᠡᠯ᠎ᠤᠨ ᠴᠠᠭ᠎ᠤᠨ ᠪᠤᠯᠪᠠᠰᠤᠷᠠᠭᠤᠯᠤᠯ ᠬᠢᠵᠦ᠂ 2000 ᠭᠠᠷᠤᠶ ᠪᠦᠯᠦᠭ ᠪᠤᠰᠤᠳ ᠡᠬᠢ ᠪᠠᠶᠠᠯᠢᠭ᠎ᠢ ᠬᠠᠩᠭ᠋ᠠᠵᠤ᠂ 100 ᠭᠠᠷᠤᠶ ᠳᠠᠯᠠᠪᠠᠢ ᠰᠣᠶᠣᠯ᠎ᠤᠨ ᠠᠵᠢᠯᠯᠠᠭ᠎ᠠ ᠵᠢ ᠰᠢᠭᠤᠳ ᠨᠡᠪᠲᠡᠷᠡᠭᠦᠯᠪᠡ᠃ 2020 ᠣᠨ᠎ᠤ 2 ᠳ᠋ᠤᠭ᠋ᠠᠷ ᠰᠠᠷ᠎ᠠ᠎ᠠᠴᠠ ᠨᠠᠭ᠋ᠠᠰᠢ᠂ ᠥᠪᠥᠷ ᠮᠣᠩᠭᠣᠯ᠎ᠤᠨ ᠰᠣᠶᠣᠯ᠎ᠤᠨ ᠡᠭᠦᠯᠡᠨ ᠲᠠᠪᠴᠠᠩ ᠦᠨᠳᠦᠰᠦᠨ ᠱᠠᠲᠤᠨ᠎ᠤ ᠡᠯ᠎ᠡ ᠲᠦᠷᠦᠯ᠎ᠤᠨ ᠰᠣᠶᠣᠯ᠎ᠤᠨ ᠠᠵᠢᠯᠯᠠᠭ᠎ᠠ᠎ᠳᠤ 50 ᠭᠠᠷᠤᠢ ᠲᠠᠯᠠᠪᠠᠢ ᠰᠢᠭᠤᠳ ᠨᠡᠪᠲᠡᠷᠡᠭᠦᠯᠭᠡ ᠬᠠᠩᠭ᠋ᠠᠵᠤ᠂ ᠣᠷᠣᠯᠴᠠᠭᠰᠠᠨ ᠬᠥᠮᠦᠨ᠎ᠤ ᠲᠣᠭ᠎ᠠ 150 ᠲᠦᠮᠡᠨ ᠬᠥᠮᠦᠨ ᠤᠳᠠᠭ᠎ᠠ᠎ᠳᠤ ᠬᠦᠷᠴᠦ᠂ ᠰᠦᠯᠵᠢᠶᠡᠨ ᠳᠡᠭᠡᠷᠡᠬᠢ ᠡᠯ᠎ᠡ ᠵᠦᠢ᠍ᠯ᠎ᠤᠨ ᠠᠵᠢᠯᠯᠠᠭ᠎ᠠ 10 ᠤᠳᠠᠭ᠎ᠠ ᠥᠷᠨᠢᠭᠦᠯᠪᠡ᠂ ᠵᠢᠱ᠌ᠢᠶᠡᠯᠡᠪᠡᠯ᠂ 《ᠪᠦᠬᠦ ᠠᠷᠠᠳ ᠵᠶ᠋ᠠᠷ ᠵᠶ᠋ᠠᠨ ᠬᠢᠵᠢᠭ᠎ᠲᠠᠢ ᠲᠡᠮᠡᠴᠡᠬᠦ᠎ᠳᠤ ᠤᠯᠠᠨ ᠲᠦᠮᠡᠨ᠎ᠤ ᠰᠣᠶᠣᠯ ᠵᠶ᠋ᠠᠷ ᠲᠤᠰᠠᠯᠠᠬᠤ》 ᠪᠦᠬᠦ ᠣᠷᠣᠨ᠎ᠤ ᠰᠣᠶᠣᠯ᠎ᠤᠨ ᠣᠷᠳᠣᠨ᠎ᠤ ᠡᠷᠬᠢᠯᠡᠭᠰᠡᠨ ᠪᠦᠯᠬᠦᠮ᠎ᠤᠨ ᠰᠢᠯᠢᠳᠡᠭ ᠪᠦᠲᠦᠭᠡᠯ᠎ᠢ ᠳᠡᠯᠭᠡᠨ ᠦᠵᠡᠭᠦᠯᠵᠦ ᠨᠡᠪᠲᠡᠷᠡᠭᠦᠯᠬᠦ ᠠᠵᠢᠯᠯᠠᠭ᠎ᠠ ᠥᠷᠨᠢᠭᠦᠯᠵᠦ᠂ 22 ᠠᠢ᠌ᠮᠠᠭ ᠬᠤᠳᠠ ᠵᠢᠨ ᠲᠤᠰᠬᠠᠢ ᠨᠢᠭᠤᠷ ᠬᠠᠭᠤᠳᠠᠰᠤ ᠵᠢ ᠵᠣᠬᠢᠶᠠᠨ ᠨᠡᠢ᠌ᠲᠡᠯᠡᠵᠦ᠂ ᠪᠦᠬᠦ ᠣᠷᠣᠨ᠎ᠤ 46 ᠣᠷᠳᠣᠨ᠎ᠠᠴᠠ ᠡᠷᠬᠢᠯᠡᠭᠰᠡᠨ ᠰᠢᠯᠢᠳᠡᠭ ᠪᠦᠯᠬᠦᠮ᠎ᠢ ᠰᠣᠩᠭᠣᠨ ᠨᠡᠢ᠌ᠲᠡᠯᠡᠵᠦ᠂ ᠨᠡᠢ᠍ᠢ᠍ᠳᠡ 67 ᠤᠳᠬ᠎ᠠ ᠤᠷᠠᠯᠢᠭ᠎ᠤᠨ ᠪᠦᠲᠦᠭᠡᠯ᠎ᠢ ᠳᠡᠯᠭᠡᠨ ᠦᠵᠡᠭᠦᠯᠵᠡᠢ; ᠳᠤᠮᠳᠠᠳᠤ ᠤᠯᠤᠰ᠎ᠤᠨ ᠨᠡᠭᠡᠭᠡᠯᠲᠡ ᠵᠢᠨ ᠶᠡᠬᠡ ᠰᠤᠷᠭ᠋ᠠᠭᠤᠯᠢ᠎ᠲᠠᠢ ᠬᠠᠮᠲᠤᠷᠠᠨ ᠠᠵᠢᠯᠯᠠᠵᠤ᠂ ᠬᠢᠵᠢᠭ᠎ᠢ ᠰᠡᠷᠭᠡᠢ᠌ᠯᠡᠬᠦ ᠰᠡᠳᠬᠢᠴᠡ ᠵᠢᠨ ᠮᠡᠳᠡᠯᠭᠡ ᠵᠢᠨ 60 ᠬᠢᠴᠢᠶᠡᠯ ᠬᠠᠩᠭ᠋ᠠᠪᠠ᠃ ᠪᠤᠯᠪᠠᠰᠤᠷᠠᠭᠤᠯᠤᠯ᠂ ᠲᠠᠢ᠌ᠯᠤᠮᠵᠢ᠂ ᠲᠤᠰᠬᠠᠶ ᠰᠡᠳᠦᠪᠲᠦ ᠹᠢᠯᠢᠮ ᠵᠡᠷᠭᠡ 8000 ᠰᠢᠬᠠᠮ ᠪᠦᠯᠦᠭ ᠬᠠᠩᠭ᠋ᠠᠪᠠ᠃ ( ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠭᠠᠵᠠᠷ ᠬᠠᠩᠭ᠋ᠠᠪᠠ)
ᠳᠥᠷᠪᠡ᠂ 2020 ᠣᠨ᠎ᠤ ᠪᠥᠬᠥ ᠣᠷᠣᠨ᠎ᠤ ᠤᠯᠠᠭ᠋ᠠᠨᠮᠥ᠋ᠴᠢᠷ᠎ᠤᠨ ᠰᠣᠯᠢᠯᠴᠠᠭ᠎ᠠ ᠲᠣᠭᠯᠠᠯᠲᠠ ᠵᠢᠨ ᠰᠢᠷᠢᠰ ᠠᠵᠢᠯᠯᠠᠭ᠎ᠠ ᠡᠯ᠎ᠡ ᠡᠲᠡᠭᠡᠳ᠎ᠤᠨ ᠰᠠᠢ᠌ᠨ ᠦᠨᠡᠯᠡᠯᠲᠡ ᠵᠢ ᠤᠯᠪᠠ


8 ᠳ᠋ᠤᠭ᠋ᠠᠷ ᠰᠠᠷ᠎ᠠ ᠵᠢᠨ 22᠎ᠤᠨ ᠡᠳᠦᠷ᠂ 2020 ᠣᠨ᠎ᠤ ᠪᠥᠬᠥ ᠣᠷᠣᠨ᠎ᠤ ᠤᠯᠠᠭ᠋ᠠᠨᠮᠥ᠋ᠴᠢᠷ᠎ᠤᠨ ᠰᠣᠯᠢᠯᠴᠠᠭ᠋ᠠᠨ᠎ᠤ ᠲᠣᠭᠯᠠᠯᠲᠠ ᠵᠢᠨ ᠡᠬᠢᠯᠡᠯᠲᠡ ᠵᠢᠨ ᠶᠣᠰᠣᠯᠠᠯ ᠤᠯᠠᠭ᠋ᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠦᠷᠢᠶ᠎ᠡ ᠵᠢᠨ ᠲᠠᠯ᠎ᠠ ᠨᠤᠲᠤᠭ᠎ᠲᠤ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠰᠣᠯᠢᠯᠴᠠᠭ᠎ᠠ ᠲᠣᠭᠯᠠᠯᠲᠠ ᠵᠢᠨ ᠠᠵᠢᠯᠯᠠᠭ᠎ᠠ ᠵᠢᠩᠬᠢᠨᠢ᠎ᠪᠠᠷ ᠡᠬᠢᠯᠡᠭᠰᠡᠨ᠎ᠢ ᠵᠠᠷᠯᠠᠪᠠ᠃
ᠰᠢᠨ᠎ᠡ ᠴᠠᠭ ᠦᠶ᠎ᠡ ᠵᠢᠨ《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》᠎ᠤᠨ ᠨᠠᠷᠠᠲᠤ ᠲᠡᠮᠳᠡᠭ᠎ᠢ ᠡᠭᠦᠳᠴᠦ᠂ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠲᠤᠰ ᠠᠵᠢᠯᠯᠠᠭ᠎ᠠ᠎ᠨᠢ 8 ᠳ᠋ᠤᠭ᠋ᠠᠷ ᠰᠠᠷ᠎ᠠ ᠵᠢᠨ 18 ᠤ ᠡᠳᠦᠷ᠎ᠠᠴᠠ 9 ᠳ᠋ᠦ᠍ᠭᠡᠷ ᠰᠠᠷ᠎ᠠ ᠵᠢᠨ 16 ᠤ ᠡᠳᠦᠷ ᠪᠣᠯᠲᠠᠯ᠎ᠠ᠂ ᠭᠠᠳᠠᠨᠠᠬᠢ ᠲᠣᠭᠯᠠᠯᠲᠠ᠎ᠪᠠᠷ ᠭᠣᠤᠯ ᠪᠣᠯᠭ᠋ᠠᠵᠤ᠂ ᠰᠦᠯᠵᠢᠶᠡᠨ ᠳᠡᠭᠡᠷᠡᠬᠢ ᠬᠠᠷᠢᠯᠴᠠᠭ᠎ᠠ᠎ᠪᠠᠷ ᠬᠠᠪᠰᠤᠷᠤᠮᠵᠢ ᠪᠣᠯᠭ᠋ᠠᠵᠤ᠂ ᠪᠥᠬᠥ ᠣᠷᠣᠨ᠎ᠠᠴᠠ 16 ᠰᠢᠯᠢᠳᠡᠭ ᠤᠯᠠᠭ᠋ᠠᠨᠮᠥ᠋ᠴᠢᠷ᠎ᠢ ᠰᠢᠯᠢᠨ ᠰᠣᠩᠭᠣᠵᠤ᠂ 8 ᠳᠤᠭᠤᠢ᠌ᠯᠠᠩ ᠬᠤᠪᠢᠶᠠᠨ ᠠᠢ᠌ᠮᠠᠭ ᠬᠣᠲᠠ ᠠᠯᠤᠰᠯᠠᠭᠰᠠᠨ᠂ ᠬᠣᠰᠢᠭᠤ ᠰᠢᠶᠠᠨ ᠠᠯᠤᠰᠯᠠᠭᠰᠠᠨ᠂ ᠨᠢᠭᠡ᠎ᠳᠤ ᠨᠢᠭᠡ᠂ ᠴᠡᠭ᠎ᠲᠤ ᠬᠠᠨᠳᠤᠭᠤᠯᠤᠭᠰᠠᠨ ᠰᠣᠶᠣᠯ᠎ᠤᠨ ᠰᠣᠯᠢᠯᠴᠠᠭ᠋ᠠᠨ᠎ᠤ ᠲᠣᠭᠯᠠᠯᠲᠠ ᠭᠠᠷᠭ᠋ᠠᠪᠠ᠃ ᠡᠯ᠎ᠡ ᠤᠯᠠᠭ᠋ᠠᠨᠮᠥ᠋ᠴᠢᠷ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠢ᠌ᠯᠠᠯ ᠦᠢᠯᠡᠳᠪᠦᠷᠢ ᠠᠭᠤᠷᠬᠠᠶ᠂ ᠠᠵᠤ ᠠᠬᠤᠢ᠌ᠯᠠᠯ ᠠᠵᠢᠯ ᠦᠢᠯᠡᠰ᠎ᠤᠨ ᠨᠢᠭᠡᠴᠢ᠂ ᠰᠤᠷᠭ᠋ᠠᠭᠤᠯᠢ ᠴᠡᠷᠢᠭ ᠠᠩᠭᠢ᠎ᠳᠤ ᠭᠦᠨᠵᠡᠭᠡᠢ᠌ᠷᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠵᠤ᠂ ᠵᠢᠵᠢᠭ ᠬᠡᠯᠪᠡᠷᠢ ᠵᠢᠨ ᠪᠥᠭᠡᠳ ᠣᠯᠠᠨ ᠶᠠᠩᠵᠤ ᠵᠢᠨ᠂ ᠣᠨᠴᠠᠯᠢᠭ ᠵᠶ᠋ᠠᠷ ᠢᠯᠡ ᠲᠣᠳᠣ 115 ᠲᠠᠯᠠᠪᠤᠷ ᠲᠣᠭᠯᠠᠯᠲᠠ ᠵᠢᠨ ᠦᠢᠯᠡᠴᠢᠯᠡᠭᠡ ᠵᠢ ᠥᠷᠭᠡᠨ ᠣᠯᠠᠨ ᠮᠠᠯᠴᠢᠨ ᠲᠠᠷᠢᠶᠠᠴᠢᠨ᠎ᠤ ᠳᠤᠮᠳᠠ ᠬᠦᠷᠭᠡᠪᠡ᠃《ᠤᠯᠤᠰ᠎ᠤᠨ ᠪᠠᠶᠠᠷ᠂ ᠨᠠᠢᠮᠠᠨ ᠰᠠᠷ᠎ᠠ ᠵᠢᠨ ᠠᠷᠪᠠᠨ ᠲᠠᠪᠤᠨ᠎ᠤ ᠪᠠᠶᠠᠷ》᠎ᠤᠨ ᠬᠤᠭᠤᠴᠠᠭ᠋ᠠᠨ᠎ᠳᠤ ᠪᠥᠬᠥ ᠣᠷᠣᠨ᠎ᠤ ᠤᠯᠠᠭ᠋ᠠᠨᠮᠥ᠋ᠴᠢᠷ᠎ᠢ ᠵᠣᠬᠢᠶᠠᠨ ᠪᠠᠢ᠌ᠭᠤᠯᠵᠤ 《ᠲᠠᠯ᠎ᠠ ᠨᠤᠲᠤᠭ᠎ᠤᠨ ᠬᠥᠪᠡᠭᠦᠳ ᠥᠬᠢᠳ ᠡᠬᠡ ᠤᠯᠤᠰ ᠵᠶ᠋ᠠᠨ ᠬᠠᠢ᠌ᠷᠠᠯᠠᠵᠤ᠂ ᠳᠤᠮᠳᠠᠳᠤ ᠵᠢᠨ ᠦᠨᠳᠦᠰᠦᠲᠡᠨ ᠬᠠᠮᠲᠤ᠎ᠪᠠᠷ ᠴᠤᠭᠯᠠᠷᠠᠬᠤ》ᠭᠣᠤᠯ ᠰᠡᠳᠦᠪᠲᠦ ᠤᠳᠬ᠎ᠠ ᠤᠷᠠᠯᠢᠭ᠎ᠤᠨ ᠤᠬᠠᠭᠤᠯᠭ᠎ᠠ ᠵᠢᠨ ᠲᠣᠭᠯᠠᠯᠲᠠ ᠵᠢᠨ ᠠᠵᠢᠯᠯᠠᠭ᠎ᠠ ᠥᠷᠨᠢᠭᠦᠯᠪᠡ᠃ 11 ᠳ᠋ᠤᠭᠡᠷ ᠰᠠᠷ᠎ᠠ᠎ᠳᠤ᠂ ᠪᠥᠬᠥ ᠣᠷᠣᠨ᠎ᠤ ᠰᠢᠨ᠎ᠡ ᠬᠥᠮᠦᠨ ᠰᠢᠨ᠎ᠡ ᠪᠦᠲᠦᠭᠡᠯ᠎ᠤᠨ ᠤᠷᠤᠯᠳᠤᠭ᠋ᠠᠨ᠎ᠢ ᠡᠷᠭᠢᠯᠡᠵᠦ᠂ ᠳᠠᠯᠠᠳ ᠬᠣᠰᠢᠭᠤᠨ᠎ᠤ ᠤᠯᠠᠭ᠋ᠠᠨᠮᠥ᠋ᠴᠢᠷ᠎ᠤᠨ ᠭᠤᠷᠪᠠᠨ ᠲᠤᠭᠯᠠᠭᠴᠢ ᠤᠷᠤᠯᠳᠤᠭ᠋ᠠᠨ᠎ᠳᠤ ᠣᠷᠣᠯᠴᠠᠬᠤ᠎ᠪᠠᠷ ᠤᠴᠢᠬᠤ ᠵᠠᠮ᠎ᠳᠤ ᠪᠠᠨ ᠭᠠᠯᠲᠤ ᠲᠡᠷᠭᠡᠨ ᠳᠡᠭᠡᠷᠡᠬᠢ ᠠᠶᠠᠨᠴᠢᠳ᠎ᠲᠤ ᠲᠣᠭᠯᠠᠯᠲᠠ ᠭᠠᠷᠭ᠋ᠠᠨ ᠰᠤᠨᠢᠷᠬᠠᠭᠤᠯᠤᠭᠰᠠᠨ᠎ᠨᠢ ᠪᠥᠬᠥ ᠰᠦᠯᠵᠢᠶ᠎ᠡ᠎ᠪᠠᠷ ᠳᠠᠮᠵᠢᠵᠤ᠂ ᠤᠨᠤᠭ᠎ᠠ ᠦᠭᠭᠦᠯᠲᠡ᠎ᠨᠢ 4 ᠳ᠋ᠦᠩᠰᠢᠭᠤᠷ᠎ᠢ ᠳᠠᠪᠠᠪᠠ᠃ 11 ᠳ᠋ᠦ᠍ᠭᠡᠷ ᠰᠠᠷ᠎ᠠ ᠵᠢᠨ 21 ᠤ ᠡᠳᠦᠷ᠂ ᠪᠥᠬᠥ ᠣᠷᠣᠨ᠎ᠤ《ᠵᠠᠭᠤᠨ ᠪᠦᠯᠬᠦᠮ ᠮᠢᠩᠭ᠋ᠠᠨ ᠲᠠᠯᠠᠪᠠᠢ ᠦᠨᠳᠦᠰᠦᠨ ᠱᠠᠲᠤᠨ᠎ᠳᠤ ᠪᠠᠭᠤᠬᠤ》ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢᠨ ᠠᠵᠢᠯᠯᠠᠭ᠎ᠠ ᠵᠢ ᠡᠬᠢᠯᠡᠭᠦᠯᠪᠡ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠤᠷᠠᠯᠢᠭ᠎ᠤᠨ ᠭᠠᠵᠠᠷ ᠬᠠᠩᠭ᠋ᠠᠪᠠ)
ᠲᠠᠪᠤ᠂ ᠲᠠᠯ᠎ᠠ ᠨᠤᠲᠤᠭ᠎ᠤᠨ ᠵᠢᠭᠤᠯᠴᠢᠯᠠᠯ᠎ᠢ ᠡᠮᠬᠢ ᠵᠠᠮᠪᠠᠷᠠᠭ᠎ᠠ ᠥᠬᠡᠶ ᠨᠡᠭᠡᠭᠡᠨ ᠬᠥᠭᠵᠢᠭᠦᠯᠵᠦ ᠨᠤᠲᠤᠭ ᠪᠡᠯᠴᠢᠭᠡᠷ᠎ᠤᠨ ᠠᠮᠢ ᠠᠬᠤᠶ ᠵᠢᠨ ᠣᠷᠴᠢᠨ ᠲᠣᠭᠣᠷᠢᠨ᠎ᠢ ᠡᠪᠳᠡᠭᠰᠡᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯ᠎ᠢ ᠠᠮᠵᠢᠯᠲᠠ᠎ᠲᠠᠢ ᠪᠡᠶᠡᠯᠡᠭᠦᠯᠪᠡ


ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ《ᠠᠮᠢ ᠠᠬᠤᠶ ᠵᠢ ᠬᠠᠮᠠᠭ᠋ᠠᠯᠠᠵᠤ᠂ ᠪᠣᠬᠢᠷᠲᠤᠯ ᠥᠬᠡᠶ ᠬᠥᠭᠵᠢᠭᠦᠯᠬᠦ》᠂《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠤᠰᠤ》ᠭᠡᠬᠦ ᠬᠥᠭᠵᠢᠯᠲᠡ ᠵᠢᠨ ᠣᠨᠣᠯᠵᠢᠬᠤᠨ᠎ᠢ ᠦᠢᠯᠡᠳᠦᠯᠭᠡᠵᠢᠭᠦᠯᠵᠦ᠂ ᠲᠠᠯ᠎ᠠ ᠨᠤᠲᠤᠭ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ (ᠴᠡᠭ ) ᠢ ᠴᠡᠭᠴᠡᠯᠡᠨ ᠵᠠᠰᠠᠬᠤ ᠠᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠵᠤ᠂ ᠴᠡᠭᠴᠡᠯᠡᠨ ᠵᠠᠰᠠᠬᠤ ᠠᠵᠢᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃
ᠲᠠᠯ᠎ᠠ ᠨᠤᠲᠤᠭ᠎ᠤᠨ ᠵᠢᠭᠤᠯᠴᠢᠯᠠᠯ᠎ᠤᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠢ ᠨᠠᠢ᠌ᠳᠠᠪᠤᠷᠢᠵᠢᠭᠤᠯᠬᠤ ᠠᠵᠢᠯ᠎ᠤᠨ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠡᠷᠡ ᠳᠠᠷᠤᠶᠳᠤᠨᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ᠂ ᠬᠤᠪᠢᠳᠠᠨ ᠬᠠᠮᠢᠶᠠᠷᠬᠤ ᠲᠢᠩᠬᠢᠮ᠎ᠤᠨ ᠤᠳᠤᠷᠢᠳᠤᠯᠭ᠎ᠠ᠂ ᠠᠢ᠌ᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶᠠᠨ ᠳᠠᠷᠤᠭ᠎ᠠ᠂ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠵᠶ᠋ᠠᠷ ᠪᠦᠷᠢᠯᠳᠦᠬᠦᠨ ᠪᠣᠯᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠮᠢ ᠠᠬᠤᠶ ᠵᠢᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠪᠠ᠃ ᠤᠳᠤᠷᠢᠳᠬᠤ ᠳᠤᠭᠤᠢ᠌ᠯᠠᠩ᠎ᠨᠢ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠯᠠᠭᠤᠯᠤᠨ᠂ ᠠᠵᠢᠯ᠎ᠤᠨ ᠲᠥᠰᠦᠯ᠎ᠢ ᠬᠢᠨᠠᠮᠠᠭ᠋ᠠᠶ ᠰᠤᠳᠤᠯᠵᠤ᠂ ᠨᠠᠷᠢᠨ ᠪᠣᠳᠠᠲᠠᠶ ᠲᠣᠭᠲᠠᠭ᠋ᠠᠵᠤ᠂ ᠣᠶ ᠰᠢᠭᠤᠶ ᠡᠪᠡᠰᠦ ᠪᠡᠯᠴᠢᠭᠡᠷ ᠵᠡᠷᠭᠡ ᠣᠯᠠᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠣᠯᠪᠣᠭ᠋ᠠᠯᠠᠨ ᠵᠡᠷᠭᠡ᠎ᠪᠡᠷ ᠠᠳᠬᠤᠨ ᠬᠠᠮᠲᠤ᠎ᠪᠠᠷ ᠬᠠᠮᠢᠶᠠᠷᠴᠤ᠂ ᠪᠦᠬᠦᠯᠢ ᠴᠣᠭᠴᠠ᠎ᠪᠠᠷ᠎ᠨᠢ ᠲᠦᠯᠬᠢᠨ ᠠᠬᠢᠭᠤᠯᠵᠤ᠂ ᠲᠠᠯ᠎ᠠ ᠨᠤᠲᠤᠭ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ (ᠴᠡᠭ) ᠤ ᠰᠠᠭᠤᠷᠢ ᠲᠣᠭ᠎ᠠ ᠵᠢ ᠪᠠᠢ᠌ᠴᠠᠭ᠋ᠠᠨ ᠵᠢᠭᠰᠠᠭ᠋ᠠᠬᠤ᠂ ᠴᠡᠭᠴᠡᠯᠡᠨ ᠵᠠᠰᠠᠬᠤ᠂ ᠳ᠋ᠤᠭ᠋ᠠᠷ ᠬᠠᠰᠤᠬᠤ᠂ ᠰᠢᠯᠭ᠋ᠠᠨ ᠬᠤᠷᠢᠶᠠᠬᠤ ᠵᠡᠷᠭᠡ ᠠᠵᠢᠯ᠎ᠢ ᠪᠦᠬᠦ ᠲᠠᠯ᠎ᠠ᠎ᠪᠠᠷ ᠬᠢᠪᠡ᠃ ᠪᠦᠷᠢᠳᠬᠡᠯ᠎ᠢ ᠦᠨᠳᠦᠰᠦᠯᠡᠪᠡᠯ᠂ ᠨᠢᠭᠡ ᠵᠢᠯ᠎ᠤᠨ ᠲᠤᠷᠰᠢ᠂ ᠲᠣᠭᠲᠠᠭ᠋ᠠᠯ᠎ᠠᠴᠠ ᠵᠥᠷᠢᠴᠡᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠭᠰᠡᠨ᠎ᠳᠤ ᠬᠣᠯᠪᠣᠭᠳᠠᠭᠰᠠᠨ 12 ᠠᠢ᠌ᠮᠠᠭ ᠬᠣᠲᠠ (ᠲᠦᠯᠦᠪᠯᠡᠭᠡᠨ᠎ᠳᠤ ᠵᠢᠭᠰᠠᠭ᠋ᠠᠯᠲᠠ᠎ᠲᠠᠢ ᠬᠣᠲᠠ ᠪᠠᠭᠲᠠᠨ᠎ᠠ ) ᠵᠢᠨ 943 ᠵᠢᠭᠤᠯᠴᠢᠯᠠᠯ᠎ᠤᠨ ᠦᠵᠡᠮᠵᠢ ᠵᠢᠨ ᠣᠷᠣᠨ (ᠴᠡᠭ ) ᠢ ᠪᠥᠬᠥ ᠲᠠᠯ᠎ᠠ᠎ᠪᠠᠷ ᠴᠡᠭᠴᠡᠯᠡᠨ ᠵᠠᠰᠠᠪᠠ᠂ ᠡᠭᠦᠨ᠎ᠳᠤ 397 ᠵᠢᠭᠤᠯᠴᠢᠯᠠᠯ᠎ᠤᠨ ᠭᠠᠵᠠᠷ᠎ᠢ ᠨᠤᠷᠠᠭ᠋ᠠᠵᠤ᠂ 546 ᠭᠠᠷᠳᠠᠮ᠎ᠢ ᠭᠦᠢᠴᠡᠳᠬᠡᠪᠡ᠃ 9 ᠳ᠋ᠤᠭᠡᠷ ᠰᠠᠷ᠎ᠠ ᠵᠢᠨ 30 ᠤ ᠡᠳᠦᠷ᠂ ᠴᠡᠭᠴᠡᠯᠡᠨ ᠥᠭᠡᠷᠡᠴᠢᠯᠡᠬᠦ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠴᠡᠭᠴᠡᠯᠡᠨ ᠥᠭᠡᠷᠡᠴᠢᠯᠡᠬᠦ ᠡᠭᠦᠷᠭᠡ᠎ᠪᠠᠨ ᠤᠷᠢᠳᠴᠢᠯᠠᠨ ᠪᠡᠶᠡᠯᠡᠭᠦᠯᠦᠭᠰᠡᠨ ᠪᠥᠭᠡᠳ ᠳ᠋ᠤᠭ᠋ᠠᠷ ᠬᠠᠰᠤᠵᠤ ᠰᠢᠯᠭ᠋ᠠᠨ ᠬᠤᠷᠢᠶᠠᠯᠲᠠ ᠬᠢᠪᠠ᠃ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠲᠣᠪᠴᠢ ᠮᠡᠳᠡᠭᠡ ᠵᠢᠨ 7 ᠳ᠋ᠤᠭ᠋ᠠᠷ ᠬᠤᠭᠤᠴᠠᠭ᠋ᠠᠨ᠎ᠳᠤ ᠨᠡᠢ᠌ᠲᠡᠯᠡᠭᠰᠡᠨ《ᠭᠣᠤᠯᠳᠠᠯᠭ᠎ᠠ ᠵᠢᠨ ᠲᠣᠭᠣᠷᠢᠨ᠎ᠳᠤ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠯᠠᠭᠤᠯᠵᠤ᠂ ᠭᠣᠤᠯᠳᠠᠯᠭ᠎ᠠ ᠵᠢ ᠴᠢᠩᠳᠠᠯᠠᠵᠤ ᠨᠠᠷᠢᠯᠢᠭ ᠤᠨᠤᠪᠴᠢᠲᠠᠢ ᠵᠢᠭ᠋ᠠᠨ ᠵᠢᠯᠤᠭᠤᠳᠴᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠠᠯ᠎ᠠ ᠨᠤᠲᠤᠭ᠎ᠤᠨ ᠵᠢᠭᠤᠯᠴᠢᠯᠠᠯ᠎ᠢ ᠴᠡᠭᠴᠡᠯᠡᠨ ᠵᠠᠰᠠᠬᠤ ᠠᠵᠢᠯ᠎ᠢ ᠪᠥᠬᠥ ᠲᠠᠯ᠎ᠠ᠎ᠪᠠᠷ ᠠᠬᠢᠭᠤᠯᠤᠭᠰᠠᠨ ᠲᠣᠪᠴᠢ ᠮᠡᠳᠡᠭᠡ》᠎ᠳᠤ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠠᠯ᠎ᠠ ᠨᠤᠲᠤᠭ᠎ᠤᠨ ᠵᠢᠭᠤᠯᠴᠢᠯᠠᠯ᠎ᠢ ᠴᠡᠭᠴᠡᠯᠡᠨ ᠵᠠᠰᠠᠬᠤ ᠠᠵᠢᠯ᠎ᠤᠨ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠭᠰᠡᠨᠢ ᠭᠦᠢᠴᠡᠳ ᠨᠤᠲᠠᠯᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 656 ᠳ᠋ᠤᠭ᠋ᠠᠷ ᠬᠤᠭᠤᠴᠠᠭ᠋ᠠᠨ᠎ᠤ ᠲᠤᠰᠬᠠᠶ ᠰᠣᠨᠢᠨ᠎ᠤ ᠮᠡᠳᠡᠭᠡ ᠵᠠᠩᠭᠢ᠎ᠳᠤ《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠣᠯᠠᠨ ᠠᠷᠭ᠎ᠠ ᠬᠡᠮᠵᠢᠶ᠎ᠡ ᠠᠪᠴᠤ ᠲᠠᠯ᠎ᠠ ᠨᠤᠲᠤᠭ᠎ᠤᠨ ᠵᠢᠭᠤᠯᠴᠢᠯᠠᠯ᠎ᠤᠨ ᠦᠵᠡᠮᠵᠢ ᠵᠢᠨ ᠤᠷᠤᠨ᠎ᠢ ᠴᠡᠭᠴᠡᠯᠡᠨ ᠵᠠᠰᠠᠬᠤ ᠠᠵᠢᠯ᠎ᠢ ᠪᠥᠬᠥ ᠲᠠᠯ᠎ᠠ᠎ᠪᠠᠷ ᠠᠬᠢᠭᠤᠯᠪᠠ》ᠭᠡᠵᠦ ᠨᠡᠢ᠌ᠲᠡᠯᠡᠵᠦ᠂ ᠳᠡᠳ᠋ ᠲᠡᠷᠢᠭᠦᠯᠡᠭᠴᠢ ᠵᠧᠩ ᠬᠣᠩ ᠹᠠᠨ《ᠠᠵᠢᠯ᠎ᠨᠢ ᠬᠦᠴᠦᠲᠡᠶ᠂ ᠡᠯ᠎ᠡ ᠵᠦᠢᠯ᠎ᠤᠨ ᠴᠡᠭᠴᠡᠯᠡᠨ ᠵᠠᠰᠠᠬᠤ ᠡᠭᠦᠷᠭᠡ ᠵᠢ ᠨᠠᠢ᠌ᠳᠠᠪᠤᠷᠢᠵᠢᠭᠤᠯᠬᠤ ᠵᠢ ᠦᠷᠭᠦᠯᠵᠢᠯᠡᠨ ᠰᠠᠢ᠌ᠲᠤᠷ ᠠᠳᠬᠤᠬᠤ ᠬᠡᠷᠡᠭᠲᠡᠶ》ᠭᠡᠵᠦ ᠴᠣᠬᠣᠯᠠᠪᠤᠷᠢᠯᠠᠪᠠ᠃ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠵᠢᠴᠢ《ᠡᠷᠬᠢᠨ ᠬᠠᠷᠠᠬᠤ》 ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠬᠠᠭ᠋ᠠᠰ ᠵᠢᠯ᠎ᠤᠨ ᠲᠤᠬᠢᠷᠠᠭᠤᠯᠤᠯᠳᠠ ᠵᠢᠨ ᠬᠤᠷᠠᠯ ᠳᠡᠭᠡᠷ᠎ᠡ᠂ ᠪᠤᠤ ᠭᠠᠩ ᠳᠡᠳ᠋ ᠲᠡᠷᠢᠭᠦᠯᠡᠭᠴᠢ《ᠰᠣᠶᠣᠯ ᠪᠠ ᠵᠢᠭᠤᠯᠴᠢᠯᠠᠯ᠎ᠤᠨ ᠲᠢᠩᠬᠢᠮ ᠮᠠᠰᠢ ᠰᠠᠢ᠍ᠢ᠍ᠨ ᠬᠢᠵᠡᠢ᠂ ᠳᠡᠭᠡᠷ᠎ᠡ ᠤᠳᠠᠭ᠎ᠠ ᠵᠢᠨ ᠲᠤᠬᠢᠷᠠᠭᠤᠯᠤᠯᠳᠠ ᠵᠢᠨ ᠬᠤᠷᠠᠯ᠎ᠤᠨ ᠲᠠᠷᠠᠭ᠎ᠠ᠂ ᠳᠡᠭᠡᠳᠦ ᠬᠡᠮᠵᠢᠢ᠎ᠡ᠎ᠪᠠᠷ ᠴᠢᠬᠤᠯᠠᠴᠢᠯᠠᠵᠤ᠂ ᠬᠢᠨᠠᠯᠲᠠ ᠬᠠᠮᠢᠶᠠᠷᠤᠯᠲᠠ ᠵᠢᠨ ᠡᠷᠴᠢᠮ ᠨᠡᠩ ᠴᠢᠩᠭ᠎ᠠ ᠪᠤᠯᠪᠠ》ᠭᠡᠵᠡᠢ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠡᠬᠢ ᠪᠠᠶᠠᠯᠢᠭ᠎ᠤᠨ ᠨᠡᠭᠡᠭᠡᠯᠲᠡ ᠵᠢᠨ ᠭᠠᠵᠠᠷ ᠬᠠᠩᠭ᠋ᠠᠪᠠ)
ᠵᠢᠷᠭᠤᠭ᠎ᠠ᠂ ᠪᠠ ᠳ᠋ᠢᠩ᠎ᠤᠨ ᠪᠠᠭᠤᠷᠢ ᠵᠢᠨ ᠬᠠᠭᠤᠴᠢ ᠰᠤᠳᠤᠯᠤᠯ᠎ᠤᠨ ᠢᠯᠡᠷᠡᠭᠦᠯᠦᠯᠲᠡ ᠪᠤᠯ ᠴᠢᠬᠤᠯᠠ ᠶᠡᠬᠡ ᠢᠯᠡᠷᠡᠭᠦᠯᠦᠯᠲᠡ ᠮᠦᠨ᠂ ᠤᠮᠠᠷᠠᠲᠤ ᠸᠧᠶ ᠤᠯᠤᠰ᠎ᠤᠨ ᠮᠤᠨᠢ ᠠᠭᠤᠯᠠ ᠵᠢᠨ ᠬᠠᠭ᠋ᠠᠨ᠎ᠤ ᠤᠭᠰᠠᠭ᠋ᠠᠨ᠎ᠤ ᠲᠩᠷᠢ ᠲᠠᠬᠢᠬᠤ ᠪᠠᠭᠤᠷᠢ ᠭᠡᠵᠦ ᠲᠤᠳᠤᠯᠠᠪᠠ


10 ᠳ᠋ᠤᠭ᠋ᠠᠷ ᠰᠠᠷ᠎ᠠ ᠵᠢᠨ 28 ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ᠎ᠤᠨ ᠭᠠᠵᠠᠷ ᠬᠥᠬᠡᠬᠣᠲᠠ ᠵᠢᠨ ᠦᠴᠤᠸᠠᠨ ᠰᠢᠶᠠᠨ᠎ᠤ ᠪᠠ ᠳ᠋ᠢᠩ᠎ᠤᠨ ᠪᠠᠭᠤᠷᠢ ᠵᠢᠨ ᠬᠠᠭᠤᠴᠢ ᠰᠤᠳᠤᠯᠤᠯ᠎ᠤᠨ ᠠᠵᠢᠯ ᠴᠢᠬᠤᠯᠠ ᠶᠡᠬᠡ ᠢᠯᠡᠷᠡᠭᠦᠯᠦᠯᠲᠡ ᠤᠯᠪᠠ᠃ ᠪᠠ ᠳ᠋ᠢᠩ᠎ᠤᠨ ᠪᠠᠭᠤᠷᠢ᠎ᠨᠢ ᠬᠥᠬᠡᠬᠣᠲᠠ ᠵᠢᠨ ᠦᠴᠤᠸᠠᠨ ᠰᠢᠶᠠᠨ᠎ᠤ ᠳ᠋ᠠ ᠴᠢᠩ ᠱᠠᠨ ᠰᠢᠶᠠᠩ᠎ᠤᠨ ᠪᠠ ᠳ᠋ᠢᠩ ᠲᠣᠰᠬᠣᠨ᠎ᠤ ᠪᠠᠷᠠᠭᠤᠨ ᠡᠮᠦᠨ᠎ᠡ ᠮᠢᠩᠭ᠋ᠠᠨ ᠮᠸᠲᠷ ᠣᠷᠴᠢᠮ᠎ᠤᠨ ᠲᠡᠷᠲᠡᠭᠡ ᠲᠠᠯᠠᠨ ᠬᠠᠷ᠎ᠠ ᠠᠭᠤᠯᠠ ᠵᠢᠨ ᠡᠤ ᠭᠦᠩ ᠪᠠ ᠬᠠᠰᠢᠯᠭ᠎ᠠ ᠵᠢᠨ ᠤᠷᠤᠢ ᠳᠡᠭᠡᠷ᠎ᠡ ᠪᠠᠢ᠌ᠷᠢᠯᠠᠵᠤ᠂ ᠬᠠᠮᠤᠭ ᠡᠷᠲᠡ 20 ᠳ᠋ᠤᠭ᠋ᠠᠷ ᠵᠠᠭᠤᠨ᠎ᠤ ᠨᠠᠶᠠᠭ᠋ᠠᠳ ᠣᠨ᠎ᠳᠤ ᠥᠷᠨᠢᠭᠦᠯᠦᠭᠰᠡᠨ ᠬᠣᠶᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠬᠢᠵᠤ᠂ ᠬᠣᠵᠢᠮ᠎ᠨᠢ ᠵᠠᠷᠢᠮ ᠡᠷᠳᠡᠮᠲᠡᠨ ᠬᠣᠢ᠌ᠨ᠎ᠠ ᠬᠣᠢ᠌ᠨ᠎ᠠ᠎ᠠᠴᠠ᠎ᠪᠠᠨ ᠪᠠᠢ᠌ᠴᠠᠭ᠋ᠠᠯᠲᠠ ᠬᠢᠵᠦ ᠦᠩᠭᠡᠷᠡᠭᠰᠡᠨ ᠪᠤᠯᠪᠠᠴᠤ ᠲᠡᠭᠦᠨ᠎ᠤ ᠰᠢᠨᠵᠢ ᠴᠢᠨᠠᠷ᠎ᠲᠤ ᠶᠡᠷᠦ᠎ᠨᠢ ᠮᠠᠷᠭᠤᠭ᠋ᠠᠨ᠎ᠲᠠᠢ ᠪᠠᠢ᠌ᠪᠠ᠃
2019 — 2020 ᠣᠨ᠎ᠳᠤ᠂ ᠲᠣᠰ ᠪᠠᠭᠤᠷᠢ᠎ᠨᠢ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠰᠠᠨᠠᠭ᠋ᠠᠴᠢᠯᠠᠭ᠎ᠠ᠎ᠠᠴᠠ᠎ᠪᠠᠨ ᠨᠡᠭᠡᠭᠡᠨ ᠮᠠᠯᠲᠠᠬᠤ ᠬᠠᠭᠤᠴᠢ ᠰᠤᠳᠤᠯᠤᠯ᠎ᠤᠨ ᠲᠥᠷᠥᠯ ᠵᠦᠢᠯ᠎ᠢ ᠭᠤᠶᠤᠴᠢᠯᠠᠨ ᠮᠡᠳᠡᠭᠦᠯᠪᠡ᠃ ᠬᠣᠶᠠᠷ ᠵᠢᠯ᠎ᠤᠨ ᠬᠡᠭᠡᠷ᠎ᠡ ᠵᠢᠨ ᠬᠠᠭᠤᠴᠢ ᠰᠤᠳᠤᠯᠤᠯ᠎ᠤᠨ ᠠᠵᠢᠯ ᠵᠶ᠋ᠠᠷ ᠳᠡᠮᠵᠢᠨ᠂ ᠪᠠᠭᠤᠷᠢ ᠵᠢᠨ ᠪᠠᠷᠢᠯᠭ᠎ᠠ ᠵᠢᠨ ᠪᠦᠲᠦᠴᠡ ᠵᠢ ᠲᠤᠳᠤᠷᠬᠠᠢ᠌ᠯᠠᠵᠠᠢ᠂ ᠳᠣᠲᠣᠷ᠎ᠠ ᠭᠠᠳᠠᠨ᠎ᠠ ᠲᠠᠬᠢᠯ᠎ᠤᠨ ᠮᠠᠨᠳᠠᠯ᠂ ᠳᠣᠲᠣᠷ᠎ᠠ ᠨᠠᠢ᠌ᠷᠠᠯᠲᠤ ᠲᠥᠪ᠂ ᠳᠣᠲᠣᠷ᠎ᠠ ᠲᠦᠪ᠂ ᠭᠠᠳᠠᠷ ᠲᠦᠪ᠂ ᠭᠠᠳᠠᠷ ᠨᠠᠢ᠌ᠷᠠᠯᠲᠤ ᠲᠥᠪ ᠵᠡᠷᠭᠡ ᠲᠠᠪᠤᠨ ᠬᠡᠰᠡᠭ ᠵᠶ᠋ᠡᠷ ᠪᠦᠷᠢᠯᠳᠦᠵᠦ᠂ ᠪᠠᠭᠤᠷᠢ ᠵᠢᠨ ᠡᠵᠡᠯᠡᠬᠦ ᠲᠠᠯᠠᠪᠠᠶ᠎ᠨᠢ 7620 ᠲᠡᠭᠰᠢ ᠳᠥᠷᠪᠡᠯᠵᠢᠨ ᠮᠧᠲᠷ᠎ᠲᠤ ᠬᠦᠷᠴᠡᠶ; ᠪᠠᠭᠤᠷᠢ ᠵᠢᠨ ᠰᠢᠨᠵᠢ ᠴᠢᠨᠠᠷ᠎ᠢ ᠤᠮᠠᠷᠠᠲᠤ ᠸᠧᠶ ᠤᠯᠤᠰ᠎ᠤᠨ ᠮᠤᠨᠢ ᠠᠭᠤᠯᠠ ᠵᠢᠨ ᠬᠠᠭ᠋ᠠᠨ᠎ᠤ ᠤᠭᠰᠠᠭ᠋ᠠᠨ᠎ᠤ ᠲᠩᠷᠢ ᠲᠠᠬᠢᠬᠤ ᠪᠠᠭᠤᠷᠢ ᠭᠡᠳᠡᠭ᠎ᠢ ᠮᠠᠭ᠋ᠠᠳᠯᠠᠨ ᠲᠤᠭᠲᠠᠭ᠋ᠠᠵᠤ᠂ ᠡᠨᠡ᠎ᠨᠢ ᠸᠧᠶ ᠤᠯᠤᠰ ᠵᠢᠨ ᠤᠯᠤᠰ ᠡᠮᠦᠨᠡᠲᠦ ᠤᠮᠠᠷᠠᠲᠤ ᠲᠥᠷᠥ ᠵᠢᠨ ᠦᠶ᠎ᠡ ᠵᠢᠨ ᠬᠠᠭ᠋ᠠᠨ᠎ᠤ ᠤᠭᠰᠠᠭ᠋ᠠᠨ᠎ᠤ ᠲᠩᠷᠢ ᠲᠠᠬᠢᠬᠤ ᠪᠠᠭᠤᠷᠢ ᠵᠢᠨ ᠬᠣᠭᠣᠰᠣᠨ᠎ᠢ ᠨᠥᠬᠥᠪᠥᠷᠢᠯᠡᠵᠦ᠂ ᠡᠷᠲᠡᠨ᠎ᠤ ᠨᠡᠭᠦᠳᠡᠯᠴᠢᠨ ᠦᠨᠳᠦᠰᠦᠲᠡᠨ ᠬᠢᠭᠡᠳ ᠲᠠᠷᠢᠶᠠᠯᠠᠬᠤ ᠦᠨᠳᠦᠰᠦᠲᠡᠨ᠎ᠤ ᠬᠣᠭᠣᠷᠣᠨᠳᠣᠬᠢ ᠰᠣᠶᠣᠯ᠎ᠤᠨ ᠰᠣᠯᠢᠯᠴᠠᠭ᠎ᠠ ᠪᠠ ᠠᠭᠤᠰᠤᠯᠴᠠᠯ᠎ᠤᠨ ᠠᠮᠢᠳᠤᠯᠢᠭ ᠪᠣᠳᠠᠲᠤ ᠪᠣᠳᠠᠰ᠎ᠤᠨ ᠭᠡᠷᠡᠴᠢ ᠪᠣᠯᠪᠠ᠃ 10 ᠳ᠋ᠤᠭ᠋ᠠᠷ ᠰᠠᠷ᠎ᠠ ᠵᠢᠨ 29 ᠤ ᠡᠳᠦᠷ᠂《ᠳᠤᠮᠳᠠᠳᠤ ᠤᠯᠤᠰ ᠠᠩᠬ᠎ᠠ ᠤᠳᠠᠭ᠎ᠠ ᠤᠮᠠᠷᠠᠲᠤ ᠸᠧᠶ ᠤᠯᠤᠰ᠎ᠤᠨ ᠬᠠᠭ᠋ᠠᠨ᠎ᠤ ᠤᠭᠰᠠᠭ᠋ᠠᠨ᠎ᠤ ᠲᠩᠷᠢ ᠳᠠᠬᠢᠬᠤ ᠪᠠᠭᠤᠷᠢ ᠵᠢ ᠢᠯᠡᠷᠡᠭᠦᠯᠪᠡ》ᠭᠡᠵᠦ ᠪᠠᠶ ᠳ᠋ᠦ᠋ ᠵᠢᠨ ᠨᠡᠷᠡᠰ᠎ᠤᠨ ᠵᠢᠭᠰᠠᠭ᠋ᠠᠯᠲᠠ ᠵᠢᠨ ᠵᠢᠷᠭᠤᠳᠤᠭ᠋ᠠᠷ᠎ᠲᠤ ᠣᠷᠣᠵᠠᠶ᠃ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠭᠠᠵᠠᠷ ᠬᠠᠩᠭ᠋ᠠᠪᠠ)
ᠳᠣᠯᠣᠭ᠎ᠠ᠂《ᠥᠪᠥᠷ ᠮᠣᠩᠭᠣᠯ ᠵᠶ᠋ᠠᠷ ᠰᠠᠭ᠋ᠠᠳ ᠦᠭᠡᠢ ᠵᠢᠭᠤᠯᠴᠢᠯᠠᠬᠤ》ᠠᠵᠢᠯᠯᠠᠭ᠎ᠠ ᠵᠢ ᠪᠥᠬᠥ ᠤᠯᠤᠰ᠎ᠤᠨ ᠲᠠᠪᠤᠨ ᠮᠤᠵᠢ ᠬᠣᠲᠠ᠎ᠳᠤ ᠠᠮᠵᠢᠯᠲᠠ᠎ᠲᠠᠢ ᠡᠷᠭᠢᠯᠡᠪᠡ᠃


8 ᠳ᠋ᠤᠭ᠋ᠠᠷ ᠰᠠᠷ᠎ᠠ ᠵᠢᠨ 11 ᠤ ᠡᠳᠦᠷ᠎ᠠᠴᠠ 16 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠨᠠᠨᠵᠢᠩ᠂ ᠰᠦᠵᠧᠦ᠂ ᠬᠠᠩᠵᠧᠦ᠂ ᠱᠧᠨᠵᠧᠨ᠂ ᠭᠤᠸᠠᠩᠵᠧᠦ ᠵᠡᠷᠭᠡ ᠲᠠᠪᠤᠨ ᠬᠣᠲᠠ᠎ᠳᠤ ᠰᠣᠶᠣᠯ ᠵᠢᠭᠤᠯᠴᠢᠯᠠᠯ᠎ᠢ ᠤᠬᠠᠭᠤᠯᠤᠨ ᠳᠡᠯᠭᠡᠷᠡᠭᠦᠯᠬᠦ ᠰᠢᠷᠢᠰ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ᠂ ᠵᠠᠩ ᠸᠧᠨ ᠵᠢᠶᠦ᠋ᠨ᠂ ᠬᠥᠬᠡᠮᠥ᠋ᠷᠡᠨ᠎ᠤ ᠭᠤᠷᠪᠠᠯᠵᠢᠨ ᠬᠣᠢ᠌ᠭ ᠪᠣᠯᠤᠨ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ᠎ᠤᠨ ᠭᠠᠵᠠᠷ ᠣᠷᠣᠨ᠎ᠤ ᠰᠣᠶᠣᠯ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ ᠠᠵᠢᠯᠯᠠᠭ᠎ᠠ᠎ᠳᠤ ᠣᠷᠣᠯᠴᠠᠵᠠᠶ᠃
ᠲᠣᠰ ᠠᠵᠢᠯᠯᠠᠭ᠎ᠠ᠎ᠳᠤ ᠬᠥᠬᠡᠮᠥ᠋ᠷᠡᠨ᠎ᠤ ᠭᠤᠷᠪᠠᠯᠵᠢᠨ ᠬᠣᠢ᠌ᠭ ᠪᠣᠯᠤᠨ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ᠎ᠤᠨ ᠭᠠᠵᠠᠷ ᠣᠷᠣᠨ᠎ᠤ 360 ᠭᠠᠷᠤᠶ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ ᠪᠣᠯᠤᠨ ᠰᠣᠨᠢᠨ ᠮᠡᠳᠡᠭᠡᠨ᠎ᠤ ᠵᠠᠭᠤᠴᠢᠯᠠᠭᠤᠷ ᠣᠷᠣᠯᠴᠠᠵᠤ᠂ ᠨᠡᠢ᠌ᠲᠡ 34 ᠲᠤᠰᠬᠠᠶ ᠣᠷᠣᠨ ᠬᠣᠲᠠ ᠵᠢᠨ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ ᠲᠤᠬᠠᠶ ᠵᠢᠨ ᠲᠠᠯᠠᠪᠠᠶ᠎ᠳᠤ ᠲᠣᠰ ᠲᠣᠰ ᠵᠢᠭᠤᠯᠴᠢᠯᠠᠯ᠎ᠤᠨ ᠨᠡᠭᠡᠭᠡᠨ ᠬᠥᠭᠵᠢᠭᠦᠯᠦᠯᠲᠡ ᠵᠢ ᠭᠦᠨᠵᠡᠭᠡᠢ᠌ᠷᠡᠭᠦᠯᠬᠦ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠠᠶ᠃ ᠠᠵᠢᠯᠯᠠᠭ᠋ᠠᠨ᠎ᠤ ᠵᠣᠷᠢᠯᠭ᠎ᠠ᠎ᠨᠢ ᠬᠥᠬᠡᠮᠥ᠋ᠷᠡᠨ᠎ᠤ ᠭᠤᠷᠪᠠᠯᠵᠢᠨ ᠬᠣᠢ᠌ᠭ ᠪᠣᠯᠤᠨ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ᠎ᠤᠨ ᠭᠠᠵᠠᠷ ᠣᠷᠣᠨ᠎ᠤ ᠰᠣᠶᠣᠯ ᠵᠢᠭᠤᠯᠴᠢᠯᠠᠯ᠎ᠤᠨ ᠬᠦᠷᠢᠶᠡᠨ ᠳᠤ᠎ᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠬᠤ᠎ᠪᠠᠷ ᠬᠠᠮᠲᠤ᠎ᠪᠠᠷ ᠴᠢᠷᠮᠠᠢ᠌ᠵᠤ᠂ ᠵᠢᠭᠤᠯᠴᠢᠯᠠᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠬᠠᠮᠲᠤᠷᠠᠯᠴᠠᠨ ᠨᠡᠭᠡᠭᠡᠨ ᠬᠥᠭᠵᠢᠭᠦᠯᠬᠦ᠂ ᠵᠢᠭᠤᠯᠴᠢᠯᠠᠭᠴᠢᠳ᠎ᠢ ᠬᠠᠷᠢᠯᠴᠠᠨ ᠬᠦᠷᠭᠡᠬᠦ ᠪᠠ ᠠᠰᠢᠭ ᠲᠤᠰᠠ ᠵᠢ ᠬᠠᠮᠲᠤ᠎ᠪᠠᠷ ᠭᠥᠷᠳᠡᠬᠦ ᠵᠢ ᠪᠡᠶᠡᠯᠡᠭᠦᠯᠬᠦ ᠶᠠᠪᠤᠳᠠᠯ ᠪᠣᠯᠤᠨ᠎ᠠ᠃ ᠮᠠᠨ᠎ᠤ ᠣᠷᠣᠨ᠎ᠤ ᠰᠣᠶᠣᠯ ᠪᠠ ᠵᠢᠭᠤᠯᠴᠢᠯᠠᠯ᠎ᠢ ᠲᠦᠷᠭᠡᠪᠴᠢᠯᠡᠨ ᠰᠡᠷᠭᠦᠭᠡᠬᠦ ᠵᠢ ᠠᠬᠢᠭᠤᠯᠬᠤ ᠵᠢᠨ ᠬᠠᠮᠲᠤ ᠴᠢᠨᠠᠷ ᠰᠠᠢ᠌ᠲᠠᠶ ᠬᠥᠭᠵᠢᠯᠲᠡ ᠵᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠣᠯᠤᠨ ᠡᠯ᠎ᠡ ᠠᠢ᠌ᠮᠠᠭ ᠬᠣᠲᠠ ᠵᠢᠷᠤᠭ ᠪᠢᠴᠢᠭ᠂ ᠳᠠᠭᠤᠤ ᠬᠥᠭᠵᠢᠮ ᠪᠠ ᠤᠬᠠᠭᠤᠯᠭ᠎ᠠ ᠵᠢᠨ ᠲᠦᠷᠰᠦ ᠰᠢᠩᠭᠡᠭᠡᠯᠲᠡ ᠵᠡᠷᠭᠡ ᠣᠯᠠᠨ ᠬᠡᠯᠪᠡᠷᠢ᠎ᠪᠠᠷ ᠳᠠᠮᠵᠢᠭᠤᠯᠤᠨ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠥᠪᠡᠷᠮᠢᠴᠡ ᠣᠨᠴᠠᠯᠢᠭ ᠪᠦᠬᠦᠢ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠂ ᠣᠯᠠᠨ ᠡᠰᠢᠲᠦ ᠰᠣᠶᠣᠯ ᠪᠠ ᠰᠤᠶᠤᠯᠵᠢᠭᠤᠨ ᠪᠦᠲᠦᠭᠡᠭᠳᠡᠬᠦᠨ᠂ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ᠂ ᠳᠥᠭᠥᠮ ᠳᠥᠲᠡ ᠵᠠᠮ ᠬᠠᠷᠢᠯᠴᠠᠭ᠎ᠠ ᠪᠠ ᠡᠯᠪᠡᠭ ᠪᠠᠶᠠᠯᠢᠭ ᠵᠢᠭᠤᠯᠴᠢᠯᠠᠯ᠎ᠤᠨ ᠵᠠᠮ ᠱᠤᠭᠤᠮ᠎ᠢ ᠢᠳᠡᠪᠬᠢᠲᠡᠶ ᠲᠠᠨᠢᠯᠴᠠᠭᠤᠯᠵᠤ᠂ ᠬᠥᠬᠡᠮᠥ᠋ᠷᠡᠨ᠎ᠤ ᠭᠤᠷᠪᠠᠯᠵᠢᠨ ᠬᠣᠢ᠌ᠭ ᠪᠠ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ᠎ᠤᠨ ᠭᠠᠵᠠᠷ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠤ ᠠᠬᠤᠢ᠌ᠯᠠᠯ᠎ᠯᠤᠭ᠎ᠠ ᠵᠢᠨ ᠬᠠᠮᠲᠤᠷᠠᠯᠴᠠᠭ᠎ᠠ᠎ᠳᠤ ᠰᠠᠭᠤᠷᠢ ᠲᠠᠯᠪᠢᠭᠰᠠᠨ ᠪᠠᠢ᠌ᠨ᠎ᠠ᠃ ᠡᠯ᠎ᠡ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠠᠵᠤ ᠠᠬᠤᠢ᠌ᠯᠠᠯ ᠢᠳᠡᠪᠬᠢᠲᠡᠶ ᠵᠥᠪᠳᠡᠯᠴᠡᠨ ᠭᠦᠨᠵᠡᠭᠡᠶ ᠰᠣᠯᠢᠯᠴᠠᠵᠤ᠂ ᠵᠢᠭᠤᠯᠴᠢᠯᠠᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠵᠢᠭᠤᠯᠴᠢᠯᠠᠯ᠎ᠤᠨ ᠬᠥᠭᠵᠢᠯᠲᠡ᠎ᠠᠴᠠ ᠬᠠᠮᠲᠤ᠎ᠪᠠᠷ ᠠᠰᠢᠭ ᠭᠥᠷᠳᠡᠬᠦ ᠲᠤᠬᠠᠶ ᠬᠥᠬᠡᠮᠥ᠋ᠷᠡᠨ᠎ᠤ ᠭᠤᠷᠪᠠᠯᠵᠢᠨ ᠬᠣᠢ᠌ᠭ ᠪᠠ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ᠎ᠤᠨ ᠭᠠᠵᠠᠷ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠤ ᠠᠬᠤᠢ᠌ᠯᠠᠯ᠎ᠲᠠᠢ ᠥᠷᠭᠡᠨ ᠳᠡᠯᠭᠡᠷ ᠬᠠᠮᠲᠤ ᠵᠢᠨ ᠲᠠᠨᠢᠯᠲᠠ᠎ᠲᠠᠢ ᠪᠣᠯᠪᠠ᠃ ᠲᠣᠰ ᠤᠳᠠᠭ᠋ᠠᠨ᠎ᠤ ᠠᠵᠢᠯᠯᠠᠭ᠎ᠠ ᠵᠢᠨ ᠬᠠᠮᠤᠭ᠎ᠤᠨ ᠶᠡᠬᠡ ᠬᠢᠯᠠᠰ ᠴᠡᠭ ᠪᠣᠯ《ᠤᠯᠠᠭ᠋ᠠᠨᠮᠥ᠋ᠴᠢᠷ ᠲᠠᠨ᠎ᠢ ᠳᠠᠭ᠋ᠠᠭᠤᠯᠤᠨ ᠥᠪᠥᠷ ᠮᠣᠩᠭᠣᠯ ᠵᠶ᠋ᠠᠷ ᠲᠠᠪᠠᠲᠠᠢ ᠵᠢᠭᠤᠯᠴᠢᠯᠠᠶ᠎ᠠ》ᠬᠢᠯᠪᠢᠭᠡᠨ ᠲᠤᠭᠯᠠᠯᠲᠠ ᠵᠢᠨ ᠳᠡᠯᠭᠡᠷᠡᠭᠦᠯᠦᠯᠲᠡ ᠵᠢᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ ᠦᠵᠡᠭᠴᠢᠳ᠎ᠲᠠᠢ ᠬᠠᠮᠲᠤ ᠮᠡᠳᠡᠯᠭᠡ ᠵᠢᠨ ᠠᠰᠠᠭᠤᠯᠲᠠ ᠬᠠᠷᠢᠭᠤᠯᠲᠠ᠂ ᠦᠨᠳᠦᠰᠦᠲᠡᠨ᠎ᠤ ᠳᠠᠭᠤᠤ ᠪᠥᠵᠢᠭ᠎ᠤᠨ ᠲᠣᠭᠯᠠᠯᠲᠠ᠂ ᠥᠪᠥᠷ ᠮᠣᠩᠭᠣᠯ᠎ᠤᠨ ᠤᠨᠴᠠᠯᠢᠬᠳᠤ ᠲᠣᠭᠯᠠᠭ᠋ᠠᠮ ᠵᠡᠷᠭᠡ ᠬᠡᠯᠪᠡᠷᠢ᠎ᠪᠠᠷ ᠬᠠᠷᠢᠯᠴᠠᠨ ᠬᠦᠲᠡᠯᠦᠯᠴᠡᠬᠦ ᠵᠢᠨ ᠬᠠᠮᠲᠤ ᠥᠪᠥᠷ ᠮᠣᠩᠭᠣᠯ᠎ᠤᠨ ᠦᠵᠡᠮᠵᠢ ᠵᠢᠨ ᠣᠷᠣᠨ᠎ᠤ ᠪᠢᠯᠧᠲ᠂ ᠰᠣᠶᠣᠯ ᠪᠠ ᠵᠢᠭᠤᠯᠴᠢᠯᠠᠯ᠎ᠤᠨ ᠳᠤᠷᠠᠰᠬᠠᠯ᠎ᠤᠨ ᠪᠣᠳᠠᠰ ᠪᠠ ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠪᠠ᠂ ᠡᠭᠦᠨ᠎ᠠᠴᠠ ᠭᠠᠲᠠᠨ᠎ᠠ - ᠪᠠᠰᠠ ᠥᠪᠥᠷ ᠮᠣᠩᠭᠣᠯ᠎ᠤᠨ ᠠᠮᠲᠠᠲᠤ ᠢᠳᠡᠭᠡᠨ ᠣᠨᠴᠠ ᠭᠠᠷᠤᠯᠲᠠ ᠵᠢ ᠠᠵᠢᠯᠯᠠᠭ᠋ᠠᠨ᠎ᠤ ᠲᠤᠬᠠᠶ ᠵᠢᠨ ᠲᠠᠯᠠᠪᠠᠶ᠎ᠳᠤ ᠠᠪᠴᠢᠷᠠᠵᠤ᠂ ᠣᠷᠣᠨ᠎ᠤ ᠭᠠᠳᠠᠨᠠᠬᠢ ᠵᠢᠭᠤᠯᠴᠢᠯᠠᠭᠴᠢᠳ᠎ᠲᠤ ᠦᠨ᠎ᠡ ᠲᠥᠯᠥᠪᠦᠷᠢ ᠥᠬᠡᠶ᠎ᠪᠠᠷ ᠠᠮᠰᠠᠭᠤᠯᠤᠨ᠂ ᠲᠤᠬᠠᠶ ᠵᠢᠨ ᠭᠠᠵᠠᠷ᠎ᠤᠨ ᠠᠷᠠᠳ ᠤᠳ ᠦᠨᠲᠦᠷ ᠦᠨᠡᠯᠡᠯᠲᠡ ᠦᠭᠴᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠮᠠᠰᠢᠲᠠ ᠬᠦᠰᠡᠵᠦ ᠡᠷᠡᠮᠡᠯᠵᠡᠭᠦᠯᠦᠭᠰᠡᠨ ᠪᠠᠢ᠌ᠨ᠎ᠠ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠭᠠᠳᠠᠭ᠋ᠠᠳᠤ᠎ᠲᠠᠢ ᠰᠤᠯᠢᠯᠴᠠᠬᠤ ᠪᠠ ᠬᠠᠮᠲᠤᠷᠠᠨ ᠠᠵᠢᠯᠯᠠᠬᠤ ᠭᠠᠵᠠᠷ ᠬᠠᠩᠭ᠋ᠠᠪᠠ)
ᠨᠠᠢᠮᠠ᠂ 2020 ᠣᠨ᠎ᠤ ᠤᠯᠠᠮᠵᠢᠯᠠᠯᠲᠤ ᠭᠠᠷ ᠤᠷᠠᠯᠠᠯ᠂ ᠰᠤᠶᠤᠯ ᠵᠢᠭᠤᠯᠴᠢᠯᠠᠯ᠎ᠤᠨ ᠰᠤᠳᠤᠨ ᠪᠦᠲᠦᠭᠡᠯ᠎ᠤᠨ ᠦᠵᠡᠰᠭᠦᠯᠡᠩ ᠪᠠ ᠰᠣᠳᠣᠨ ᠲᠣᠭᠯᠠᠯᠲᠠ᠂ ᠰᠤᠶᠤᠯᠵᠢᠭᠤᠨ ᠪᠦᠲᠦᠭᠡᠭᠳᠡᠭᠦᠨ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠦᠵᠡᠮᠵᠢ ᠵᠢᠨ ᠣᠷᠣᠨ᠎ᠳᠤ ᠤᠷᠤᠭᠤᠯᠬᠤ ᠰᠢᠷᠢᠰ ᠠᠵᠢᠯᠯᠠᠭ᠎ᠠ ᠵᠢᠨ ᠨᠥᠯᠥᠭᠡ ᠥᠷᠭᠡᠨ ᠳᠡᠯᠭᠡᠷ


6 ᠳ᠋ᠤᠭ᠋ᠠᠷ ᠰᠠᠷ᠎ᠠ᠎ᠠᠴᠠ 10 ᠳ᠋ᠤᠭ᠋ᠠᠷ ᠰᠠᠷ᠎ᠠ ᠪᠣᠯᠲᠠᠯ᠎ᠠ᠂ ᠤᠷᠢᠳ ᠡᠮᠦᠨ᠎ᠡ ᠪᠠᠢ᠌ᠭ᠎ᠠ ᠥᠬᠡᠶ ᠬᠢᠵᠢᠭ᠎ᠤᠨ ᠪᠠᠢ᠌ᠳᠠᠯ ᠪᠣᠯᠤᠨ ᠰᠣᠶᠣᠯ ᠪᠠ ᠵᠢᠭᠤᠯᠴᠢᠯᠠᠯ᠎ᠤᠨ ᠠᠵᠤ ᠦᠢᠯᠡᠰ᠎ᠤᠨ ᠠᠵᠢᠯ ᠦᠢᠯᠡᠳᠪᠦᠷᠢᠯᠡᠯ ᠵᠶ᠋ᠡᠨ ᠰᠡᠷᠭᠦᠭᠡᠬᠦ ᠪᠠᠴᠢᠮ ᠬᠡᠷᠡᠭᠴᠡᠭᠡ᠎ᠳᠤ ᠬᠠᠨᠳᠤᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠨᠠᠷᠢᠨ ᠨᠢᠮᠪᠠᠶ ᠵᠣᠬᠢᠶᠠᠨ ᠪᠠᠢ᠌ᠭᠤᠯᠤᠨ᠂ ᠤᠨᠤᠴᠢᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠷᠢᠳ ᠬᠣᠵᠢᠳ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠮᠵᠢᠯᠠᠯᠲᠤ ᠭᠠᠷ ᠤᠷᠠᠯᠠᠯ᠂ ᠰᠤᠶᠤᠯ ᠵᠢᠭᠤᠯᠴᠢᠯᠠᠯ᠎ᠤᠨ ᠰᠤᠳᠤᠨ ᠪᠦᠲᠦᠭᠡᠯ᠎ᠤᠨ ᠦᠵᠡᠰᠭᠦᠯᠡᠩ ᠪᠠ ᠰᠣᠳᠣᠨ ᠲᠣᠭᠯᠠᠯᠲᠠ᠂ ᠰᠤᠶᠤᠯᠵᠢᠭᠤᠨ ᠪᠦᠲᠦᠭᠡᠭᠳᠡᠭᠦᠨ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠦᠵᠡᠮᠵᠢ ᠵᠢᠨ ᠣᠷᠣᠨ᠎ᠳᠤ ᠤᠷᠤᠭᠤᠯᠬᠤ ᠰᠢᠷᠢᠰ ᠠᠵᠢᠯᠯᠠᠭ᠎ᠠ ᠵᠢ ᠦᠷᠨᠢᠭᠦᠯᠪᠡ᠃
ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ᠎ᠠᠴᠠ ᠡᠬᠢᠯᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠨᠢᠭᠡᠳᠦᠯᠲᠡᠶ ᠲᠦᠯᠦᠪᠵᠢᠭᠦᠯᠦᠨ᠂ ᠥᠨᠳᠥᠷ ᠪᠦᠲᠦᠮᠵᠢᠲᠡᠶ ᠠᠬᠢᠭᠤᠯᠵᠤ᠂ ᠬᠣᠤᠰ ᠠᠮᠠᠷᠠᠯᠲᠠ ᠵᠢᠨ ᠡᠳᠦᠷ ᠪᠠ ᠪᠠᠶᠠᠷ ᠳᠤᠷᠠᠰᠬᠠᠯ᠎ᠤᠨ ᠡᠳᠦᠷ᠎ᠢ ᠠᠰᠢᠭᠯᠠ ᠰᠣᠳᠣᠨ ᠲᠣᠭᠯᠠᠯᠲᠠ᠂ ᠰᠤᠶᠤᠯᠵᠢᠭᠤᠨ ᠪᠦᠲᠦᠭᠡᠭᠳᠡᠭᠦᠨ ᠪᠠ ᠪᠣᠳᠠᠰ᠎ᠤᠨ ᠪᠤᠰᠤ ᠰᠣᠶᠣᠯ᠎ᠤᠨ ᠥᠪ ᠦᠵᠡᠮᠵᠢ ᠵᠢᠨ ᠣᠷᠣᠨ᠎ᠳᠤ ᠤᠷᠤᠬᠤ ᠠᠵᠢᠯᠯᠠᠭ᠎ᠠ ᠵᠢ ᠦᠷᠭᠦᠯᠵᠢᠯᠡᠨ ᠦᠷᠨᠢᠭᠦᠯᠵᠦ᠂ ᠪᠦᠬᠦ ᠣᠷᠣᠨ᠎ᠤ ᠤᠷᠠᠯᠢᠭ᠎ᠤᠨ ᠪᠦᠯᠬᠦᠮ᠂ ᠤᠯᠠᠭ᠋ᠠᠨᠮᠥ᠋ᠴᠢᠷ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠭᠴᠢ᠂ ᠰᠣᠶᠣᠯ ᠪᠠ ᠵᠢᠭᠤᠯᠴᠢᠯᠠᠯ᠎ᠤᠨ ᠠᠵᠤ ᠠᠬᠤᠢ᠌ᠯᠠᠯ《ᠠᠷᠠᠳ ᠲᠦᠮᠡᠨ ᠵᠶ᠋ᠡᠷ ᠭᠣᠤᠯ ᠪᠣᠯᠭ᠋ᠠᠬᠤ》ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠦᠨᠳᠦᠰᠦᠨ ᠱᠠᠲᠤ ᠪᠠ ᠣᠯᠠᠨ ᠲᠦᠮᠡᠨ᠎ᠤ ᠳᠤᠮᠳᠠ ᠬᠦᠨᠵᠡᠭᠡᠢ᠌ᠷᠡᠨ᠂ ᠠᠷᠠᠳ ᠲᠤ ᠬᠦᠷᠭᠡᠬᠦ ᠲᠤᠭᠯᠠᠯᠲᠠ᠂ ᠠᠷᠠᠳ ᠲᠦᠮᠡᠨ᠎ᠳᠤ ᠦᠢᠯᠡᠴᠢᠯᠡᠬᠦ 1067 ᠲᠠᠯᠠᠪᠤᠷ ᠠᠵᠢᠯᠯᠠᠭ᠎ᠠ ᠵᠣᠬᠢᠶᠠᠨ ᠪᠠᠢ᠌ᠭᠤᠯᠪᠠ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠤᠷᠠᠯᠢᠭ᠎ᠤᠨ ᠪᠦᠯᠬᠦᠮ ᠶᠡᠬᠡ ᠵᠤᠤ ᠲᠠᠯᠠᠪᠠᠢ᠂ ᠷᠤ᠌ ᠢ ᠠᠭᠤᠳᠠᠮ ᠲᠠᠯᠠᠪᠠᠶ᠂ ᠣᠪᠣᠭ᠎ᠠ ᠲᠤᠰᠬᠤᠨ᠂ ᠵᠣᠣ ᠵᠢᠶᠦ᠋ᠨ ᠮᠦᠽᠧᠶ ᠵᠡᠷᠭᠡ ᠭᠠᠵᠠᠷ᠎ᠲᠤ ᠲᠣᠭᠯᠠᠯᠲᠠ᠂ ᠦᠵᠡᠰᠬᠦᠯᠡᠩ 131 ᠤᠳᠠᠭ᠎ᠠ ᠶᠠᠪᠤᠭᠳᠠᠭᠤᠯᠵᠤ᠂ ᠡᠯ᠎ᠡ ᠠᠢ᠌ᠮᠠᠭ ᠬᠣᠲᠠ ᠵᠢᠨ᠎ᠬᠢᠨ ᠦᠵᠡᠮᠵᠢ ᠵᠢᠨ ᠣᠷᠣᠨ᠎ᠳᠤ᠎ᠪᠠᠨ 936 ᠲᠠᠯᠠᠪᠠᠶ ᠦᠵᠡᠭᠦᠯᠦᠯᠭᠡ ᠵᠣᠬᠢᠶᠠᠨ ᠪᠠᠢ᠌ᠭᠤᠯᠤᠨ ᠦᠷᠨᠢᠭᠦᠯᠪᠡ᠃ ᠪᠦᠬᠦ ᠤᠷᠤᠨ᠎ᠤ ᠤᠯᠠᠮᠵᠢᠯᠠᠯᠲᠤ ᠭᠠᠷ ᠤᠷᠠᠯᠠᠯ ᠪᠠ ᠰᠤᠶᠤᠯ ᠵᠢᠭᠤᠯᠴᠢᠯᠠᠯ᠎ᠤᠨ ᠰᠤᠳᠤᠨ ᠪᠦᠲᠦᠭᠡᠯ᠎ᠤᠨ ᠦᠵᠡᠰᠭᠦᠯᠡᠩᠳᠤ ᠰᠤᠶᠤᠯ ᠪᠠ ᠵᠢᠭᠤᠯᠴᠢᠯᠠᠯ᠎ᠤᠨ ᠰᠤᠶᠤᠯᠵᠢᠭᠤᠨ ᠪᠦᠲᠦᠭᠡᠭᠳᠡᠭᠦᠨ ᠲᠠᠸᠠᠷ5000 ᠭᠠᠷᠤᠶ ᠵᠦᠢᠯ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ 35 ᠵᠢ ᠴᠤᠭᠯᠠᠷᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠣᠭᠣᠷᠢᠨ ᠦᠵᠡᠬᠦ ᠬᠥᠮᠦᠨ᠎ᠤ ᠲᠣᠭ᠎ᠠ 350 ᠭᠠᠷᠤᠶ ᠲᠦᠮᠡᠨ ᠬᠥᠮᠦᠨ ᠤᠳᠠᠭ᠎ᠠ᠎ᠳᠤ ᠬᠦᠷᠴᠡᠶ᠃ ᠬᠣᠶᠠᠷ ᠵᠦᠢᠯ᠎ᠤᠨ ᠠᠵᠢᠯᠯᠠᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠪᠠ ᠣᠯᠠᠨ ᠲᠦᠮᠡᠨ᠎ᠤ ᠦᠨᠲᠦᠷ ᠦᠨᠡᠯᠡᠯᠲᠡ ᠵᠢ ᠣᠯᠵᠤ᠂ ᠣᠯᠠᠨ ᠲᠦᠮᠡᠨ ᠢᠳᠡᠪᠬᠢᠲᠡᠶ ᠣᠷᠣᠯᠴᠠᠵᠤ᠂ ᠬᠥᠮᠦᠰ᠎ᠤᠨ ᠬᠦᠷᠢᠶᠡᠯᠡᠯ᠎ᠢ ᠣᠯᠵᠤ᠂ ᠭᠣᠤᠯ ᠬᠥᠭ ᠠᠶᠠᠰ᠎ᠢ ᠴᠤᠤᠷᠢᠶᠠᠲᠤᠭᠤᠯᠬᠤ᠂ ᠢᠳᠡᠪᠬᠢ ᠬᠦᠴᠦᠨ᠎ᠢ ᠨᠢᠭᠲᠠᠷᠠᠭᠤᠯᠬᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢ ᠠᠬᠢᠭᠤᠯᠬᠤ ᠵᠣᠷᠢᠯᠭ᠎ᠠ᠎ᠳᠤ ᠬᠦᠷᠴᠦ᠂ ᠪᠣᠳᠠᠲᠤ ᠦᠷ᠎ᠡ ᠪᠦᠲᠦᠮᠵᠢ ᠣᠯᠵᠠᠶ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠤ ᠦᠢᠯᠡᠰ᠎ᠤᠨ ᠬᠥᠭᠵᠢᠯᠲᠡ ᠵᠢᠨ ᠭᠠᠵᠠᠷ ᠬᠠᠩᠭ᠋ᠠᠪᠠ)
ᠶᠢᠰᠦ᠂ ᠪᠥᠬᠥ ᠤᠷᠤᠨ ᠪᠦᠰᠡ ᠵᠢᠨ ᠵᠢᠭᠤᠯᠴᠢᠯᠠᠯ᠎ᠨᠢ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠥᠷᠭᠡᠳᠬᠡᠬᠦ ᠰᠢᠨ᠎ᠡ ᠬᠥᠳᠡᠯᠭᠡᠭᠦᠷ ᠪᠣᠯᠪᠠ


12 ᠳ᠋ᠤᠭ᠋ᠠᠷ ᠰᠠᠷ᠎ᠠ ᠵᠢᠨ 4᠎ᠤ ᠡᠳᠦᠷ᠂ ᠰᠣᠶᠣᠯ ᠪᠠ ᠵᠢᠭᠤᠯᠴᠢᠯᠠᠯ᠎ᠤᠨ ᠶᠠᠮᠤᠨ 97 ᠬᠣᠶᠠᠳᠤᠭ᠋ᠠᠷ ᠪᠦᠯᠦᠭ᠎ᠤᠨ ᠤᠯᠤᠰ᠎ᠤᠨ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠤ ᠨᠡᠷᠡᠰ᠎ᠢ ᠨᠡᠢ᠌ᠲᠡᠯᠡᠵᠦ᠂ ᠮᠠᠨ᠎ᠤ ᠣᠷᠣᠨ᠎ᠤ ᠣᠷᠳᠣᠰ ᠬᠣᠲᠠ ᠵᠢᠨ ᠬᠢᠶ᠎ᠠ ᠪᠠᠭᠰᠢ ᠲᠣᠭᠣᠷᠢᠭ᠂ ᠰᠢᠯᠢ ᠵᠢᠨ ᠭᠣᠤᠯ ᠠᠢ᠌ᠮᠠᠭ᠎ᠤᠨ ᠡᠷᠢᠶᠡᠨ ᠬᠣᠲᠠ ᠵᠢᠭᠰᠠᠭ᠋ᠠᠭᠳᠠᠪᠠ᠃ 2019 ᠣᠨ᠎ᠤ 9 ᠳ᠋ᠦ᠍ᠭᠡᠷ ᠰᠠᠷ᠎ᠠ᠎ᠳᠤ ᠮᠠᠨᠵᠤᠤᠷ ᠬᠣᠲᠠ ᠲᠦᠷᠦᠭᠦᠦ ᠪᠦᠯᠦᠭ᠎ᠤᠨ ᠤᠯᠤᠰ᠎ᠤᠨ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠠᠮᠵᠢᠯᠲᠠ᠎ᠲᠠᠢ ᠡᠭᠦᠳᠦᠨ ᠪᠠᠢ᠌ᠭᠤᠯᠤᠭᠰᠠᠨ᠎ᠠᠴᠠ ᠨᠠᠭ᠋ᠠᠰᠢ᠂ ᠮᠠᠨ᠎ᠤ ᠣᠷᠣᠨ᠎ᠤ ᠤᠯᠤᠰ᠎ᠤᠨ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ 3 ᠪᠣᠯᠵᠣ ᠨᠡᠮᠡᠭᠳᠡᠨ᠂ ᠪᠥᠬᠥ ᠣᠷᠣᠨ ᠪᠦᠰᠡ ᠵᠢᠨ ᠵᠢᠭᠤᠯᠴᠢᠯᠠᠯ᠎ᠢ ᠡᠭᠦᠳᠦᠨ ᠪᠠᠢ᠌ᠭᠤᠯᠬᠤ ᠠᠵᠢᠯ ᠰᠢᠨ᠎ᠡ ᠰᠢᠪᠲᠤᠯᠤᠯᠲᠠ᠎ᠲᠠᠢ ᠪᠣᠯᠪᠠ᠃
ᠣᠷᠳᠣᠰ ᠬᠣᠲᠠ ᠵᠢᠨ ᠬᠢᠶ᠎ᠠ ᠪᠠᠭᠰᠢ ᠲᠣᠭᠣᠷᠢᠭ ᠪᠥᠬᠥ ᠬᠣᠲᠠ ᠵᠢ ᠪᠦᠷᠢᠨ ᠪᠦᠲᠦᠨ ᠵᠢᠭᠤᠯᠴᠢᠯᠠᠯ᠎ᠤᠨ ᠵᠣᠷᠢᠭᠰᠠᠨ ᠭᠠᠵᠠᠷ ᠪᠣᠯᠭ᠋ᠠᠨ ᠪᠥᠲᠥᠭᠡᠨ ᠪᠠᠢ᠌ᠭᠤᠯᠤᠨ᠂《ᠬᠣᠲᠠ ᠪᠣᠯ ᠳᠠᠷᠤᠶ ᠦᠵᠡᠮᠵᠢ ᠵᠢᠨ ᠣᠷᠣᠨ᠂ ᠵᠢᠭᠤᠯᠴᠢᠯᠠᠯ ᠪᠣᠯ ᠳᠠᠷᠤᠶ ᠠᠮᠢᠳᠤᠷᠠᠯ》ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠳᠣᠪᠣᠢ᠌ᠯᠭ᠋ᠠᠵᠤ᠂ ᠪᠥᠬᠥ ᠣᠷᠣᠨ ᠪᠦᠰᠡ ᠵᠢᠨ ᠵᠢᠭᠤᠯᠴᠢᠯᠠᠯ ᠬᠢᠭᠡᠳ ᠬᠣᠲᠠ ᠵᠢᠨ ᠬᠥᠭᠵᠢᠯᠲᠡ ᠬᠠᠷᠢᠯᠴᠠᠨ ᠠᠭᠤᠰᠤᠯᠴᠠᠭᠰᠠᠨ᠂ ᠬᠠᠷᠢᠯᠴᠠᠨ ᠠᠬᠢᠭᠤᠯᠤᠭᠰᠠᠨ ᠬᠥᠭᠵᠢᠯᠲᠡ ᠵᠢᠨ ᠪᠠᠢ᠌ᠷᠢᠰᠢᠯ᠎ᠢ ᠪᠣᠶ ᠪᠣᠯᠭ᠋ᠠᠪᠠ᠃ ᠡᠷᠢᠶᠡᠨ ᠬᠣᠲᠠ ᠪᠣᠭᠣᠮᠲᠠ ᠵᠢᠨ ᠳᠠᠪᠠᠭᠤᠯᠢᠭ᠎ᠲᠤ᠎ᠪᠠᠨ ᠰᠠᠭᠤᠷᠢᠯᠠᠵᠤ᠂ ᠬᠢᠯᠢ ᠬᠢᠵᠠᠭ᠋ᠠᠷ᠎ᠤᠨ ᠣᠨᠴᠠᠯᠢᠭᠲᠤ ᠰᠣᠶᠣᠯ ᠪᠠ ᠵᠢᠭᠤᠯᠴᠢᠯᠠᠯ᠎ᠤᠨ ᠠᠵᠤ ᠦᠢᠯᠡᠰ᠎ᠢ ᠬᠦᠴᠦᠯᠡᠨ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠪᠥᠬᠥ ᠣᠷᠣᠨ ᠪᠦᠰᠡ ᠵᠢᠨ ᠵᠢᠭᠤᠯᠴᠢᠯᠠᠯ᠎ᠢ ᠡᠭᠦᠳᠦᠨ ᠪᠠᠢ᠌ᠭᠤᠯᠬᠤ ᠵᠢ ᠠᠵᠤ ᠦᠢᠯᠡᠰ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠬᠤ ᠬᠦᠴᠦᠷᠬᠡᠭ ᠶᠡᠬᠡ ᠲᠦᠯᠬᠢᠴᠡ ᠬᠦᠴᠦᠨ ᠪᠣᠯᠭ᠋ᠠᠵᠤ᠂ ᠵᠢᠭᠤᠯᠴᠢᠯᠠᠯ᠎ᠤᠨ ᠦᠢᠯᠡᠰ᠎ᠤᠨ ᠬᠠᠮᠢᠶᠠᠷᠤᠯᠲᠠ ᠵᠢᠨ ᠲᠤᠭᠲᠠᠴᠠ ᠵᠢᠨ ᠰᠢᠨ᠎ᠡ ᠡᠭᠦᠲᠦᠯᠲᠡ ᠵᠢ ᠲᠦᠷᠭᠡᠳᠬᠡᠵᠦ᠂ ᠵᠢᠭᠤᠯᠴᠢᠯᠠᠯ᠎ᠤᠨ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠪᠥᠬᠥ ᠬᠦᠴᠦᠨ ᠵᠶ᠋ᠡᠷ ᠳᠥᠯᠭᠢᠨ ᠠᠬᠢᠭᠤᠯᠪᠠ᠃ ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠢ᠌ᠭᠤᠯᠬᠤ ᠠᠵᠢᠯ᠎ᠢ ᠡᠮᠬᠢ ᠴᠡᠭᠴᠡ᠎ᠲᠠᠢ ᠠᠬᠢᠭᠤᠯᠵᠤ᠂ ᠬᠣᠶᠠᠷ ᠪᠦᠯᠦᠭ ᠬᠤᠪᠢᠶᠠᠨ ᠬᠢᠩᠭ᠋ᠠᠨ ᠠᠢ᠌ᠮᠠᠭ᠎ᠤᠨ ᠷᠠᠰᠢᠶᠠᠨ ᠬᠣᠲᠠ ᠵᠡᠷᠭᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ 15 ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠰᠢᠯᠭ᠋ᠠᠨ ᠮᠠᠭ᠋ᠠᠳᠯᠠᠨ ᠲᠣᠭᠲᠠᠭ᠋ᠠᠪᠠ᠃ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠨᠢ ᠪᠥᠬᠥ ᠣᠷᠣᠨ ᠪᠦᠰᠡ ᠵᠢᠨ ᠣᠷᠣᠰᠢᠨ ᠲᠤᠭᠲᠠᠨᠢᠬᠤ᠎ᠳᠤ ᠲᠣᠬᠢᠷᠠᠮᠵᠢᠲᠠᠶ᠂ ᠦᠢᠯᠡᠰ ᠪᠣᠰᠬᠠᠬᠤ᠎ᠳᠤ ᠲᠣᠬᠢᠷᠠᠮᠵᠢᠲᠠᠶ᠂ ᠵᠢᠭᠤᠯᠴᠢᠯᠠᠬᠤ᠎ᠳᠤ ᠲᠣᠬᠢᠷᠠᠮᠵᠢᠲᠠᠶ ᠪᠠᠢ᠌ᠬᠤ ᠬᠠᠷᠠᠯᠲᠠ ᠵᠢᠨ ᠲᠣᠭᠣᠷᠢᠨ᠎ᠳᠤ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠣᠨᠴᠠᠯᠢᠭᠲᠤ ᠪᠠᠯᠭ᠋ᠠᠰᠤ᠂ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠣᠲᠠ ᠬᠥᠳᠡᠭᠡ ᠵᠢᠨ ᠪᠦᠬᠦᠯᠢ ᠴᠣᠭᠴᠠ ᠵᠢᠨ ᠳᠦᠷᠢ ᠲᠥᠷᠬᠦ᠂ ᠪᠥᠬᠥ ᠣᠷᠣᠨ ᠪᠦᠰᠡ ᠵᠢᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠢ ᠴᠢᠩᠭ᠋ᠠᠳᠬᠠᠨ᠂ ᠮᠠᠨ᠎ᠤ ᠣᠷᠣᠨ᠎ᠤ ᠣᠨᠴᠠᠯᠢᠭ ᠵᠶ᠋ᠠᠷ ᠢᠯᠡ ᠲᠣᠳᠣ ᠵᠢᠭᠤᠯᠴᠢᠯᠠᠯ᠎ᠤᠨ ᠵᠣᠷᠢᠭᠰᠠᠨ ᠭᠠᠵᠠᠷ᠎ᠢ ᠴᠢᠷᠮᠠᠢ᠌ᠨ ᠪᠠᠢ᠌ᠭᠤᠯᠵᠤ᠂ ᠲᠡᠭᠡᠲᠦ ᠬᠡᠮᠵᠢᠶ᠎ᠡ᠎ᠪᠠᠷ ᠠᠬᠢᠭᠤᠯᠬᠤ᠂ ᠬᠣᠲᠠ ᠬᠥᠳᠡᠭᠡ ᠬᠣᠯᠪᠣᠭ᠋ᠠᠯᠠᠨ ᠬᠥᠳᠡᠯᠦᠯᠴᠡᠬᠦ᠂ ᠬᠠᠮᠲᠤ᠎ᠪᠠᠷ ᠪᠠᠢ᠌ᠭᠤᠯᠤᠨ ᠬᠠᠮᠲᠤ᠎ᠪᠠᠷ ᠬᠦᠷᠲᠡᠬᠦ᠂ ᠲᠣᠭᠲᠠᠴᠠ ᠵᠢᠨ ᠰᠢᠨᠡᠴᠢᠯᠡᠯᠲᠡ ᠪᠤᠯᠤᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠬᠤ ᠲᠠᠯ᠎ᠠ᠎ᠪᠠᠷ ᠨᠡᠢ᠌ᠲᠡᠯᠢᠭ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢᠯᠡᠳᠦᠯ᠎ᠢ ᠪᠠᠳᠠᠷᠠᠭᠤᠯᠪᠠ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠭᠠᠵᠠᠷ ᠬᠠᠩᠭ᠋ᠠᠪᠠ)
ᠠᠷᠪᠠ᠂ ᠣᠷᠳᠣᠰ ᠬᠣᠲᠠ᠂ ᠬᠥᠬᠡᠬᠣᠲᠠ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠤᠲᠠ᠂ ᠲᠤᠷᠰᠢᠯᠲᠠ ᠵᠢᠨ ᠬᠣᠲᠠ ᠵᠢᠨ ᠴᠣᠯᠠ ᠭᠥᠷᠳᠡᠪᠡ


12 ᠳ᠋ᠤᠭ᠋ᠠᠷ ᠰᠠᠷ᠎ᠠ ᠵᠢᠨ 29 ᠤ ᠡᠳᠦᠷ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠬᠣᠷᠢᠶ᠎ᠠ᠂ ᠡᠳ᠋᠎ᠤᠨ ᠵᠠᠰᠠᠭ᠎ᠤᠨ ᠶᠠᠮᠤᠨ ᠬᠠᠮᠲᠤᠷᠠᠨ ᠠᠩᠬᠠᠳᠠᠭᠴᠢ ᠪᠦᠯᠦᠭ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠣᠲᠠ᠂ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠤᠷᠰᠢᠯᠲᠠ ᠵᠢᠨ ᠬᠣᠲᠠ ᠵᠢᠨ ᠨᠡᠷᠡᠰ᠎ᠢ ᠨᠡᠢ᠌ᠲᠡᠯᠡᠪᠡ᠃ ᠣᠷᠳᠣᠰ ᠬᠣᠲᠠ᠂ ᠬᠥᠬᠡᠬᠣᠲᠠ ᠲᠣᠰ ᠲᠣᠰ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠤᠲᠠ᠂ ᠲᠤᠷᠰᠢᠯᠲᠠ ᠵᠢᠨ ᠬᠣᠲᠠ ᠵᠢᠨ ᠨᠡᠷᠡᠰ᠎ᠲᠤ ᠰᠣᠩᠭᠣᠭᠳᠠᠪᠠ᠃
ᠣᠢ᠌ᠷ᠎ᠠ ᠵᠢᠨ ᠵᠢᠯ᠎ᠤᠨ ᠲᠤᠷᠰᠢ᠂ ᠮᠠᠨ᠎ᠤ ᠣᠷᠣᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠰᠢᠨ᠎ᠡ ᠬᠠᠨᠳᠤᠰᠢ᠎ᠳᠤ ᠵᠣᠬᠢᠴᠠᠭᠤᠯᠤᠨ᠂ ᠬᠠᠩᠭ᠋ᠠᠯᠭ᠎ᠠ ᠬᠡᠷᠡᠭᠴᠡᠭᠡ ᠵᠢᠨ ᠬᠣᠶᠠᠷ ᠲᠠᠯ᠎ᠠ᠎ᠠᠴᠠ ᠬᠦᠴᠦᠯᠡᠵᠦ᠂ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢᠨ ᠰᠢᠨ᠎ᠡ ᠠᠷᠭ᠎ᠠ ᠬᠡᠮᠵᠢᠶ᠎ᠡ ᠵᠢ ᠲᠠᠰᠤᠷᠠᠯᠲᠠ ᠥᠬᠡᠶ ᠬᠡᠷᠡᠭᠵᠢᠭᠦᠯᠦᠨ᠂ ᠬᠡᠷᠡᠭᠯᠡᠭᠡᠨ᠎ᠤ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠦᠢᠯᠡᠳᠬᠦᠨ ᠪᠠ ᠦᠢᠯᠡᠴᠢᠯᠡᠭᠡᠨ᠎ᠤ ᠬᠠᠩᠭ᠋ᠠᠯᠭ᠎ᠠ ᠵᠢ ᠪᠠᠶᠠᠯᠢᠭᠵᠢᠭᠤᠯᠤᠨ᠂ ᠬᠡᠷᠡᠭᠯᠡᠭᠡᠨ᠎ᠤ ᠳᠠᠯᠳᠠ ᠬᠦᠴᠦᠨ᠎ᠢ ᠬᠥᠭᠵᠢᠭᠡᠵᠦ᠂ ᠠᠭᠤᠰᠤᠯᠴᠠᠨ ᠬᠠᠮᠵᠢᠯᠴᠠᠨ ᠬᠥᠭᠵᠢᠬᠦ ᠵᠢ ᠠᠬᠢᠭᠤᠯᠤᠨ᠂ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢ ᠪᠦᠲᠦᠮᠵᠢᠲᠡᠶ ᠬᠥᠲᠥᠯᠦᠨ ᠵᠢᠯᠣᠭᠣᠳᠬᠤ ᠪᠠ ᠥᠷᠭᠡᠳᠬᠡᠵᠦ᠂ ᠮᠠᠨ᠎ᠤ ᠣᠷᠣᠨ᠎ᠤ ᠠᠵᠤ ᠠᠬᠤᠢ᠌ᠴᠢᠯᠠᠭᠰᠠᠨ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠂ ᠠᠷᠠᠳ ᠣᠯᠠᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ ᠵᠡᠷᠭᠡ ᠲᠠᠯ᠎ᠠ᠎ᠪᠠᠷ ᠢᠳᠡᠪᠬᠢᠲᠡᠶ ᠦᠢᠯᠡᠳᠦᠯ ᠦᠵᠡᠭᠦᠯᠪᠡ᠃ ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠣᠷᠣᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠬᠤ ᠪᠤᠯᠤᠨ ᠰᠣᠶᠣᠯ ᠪᠠ ᠵᠢᠭᠤᠯᠴᠢᠯᠠᠯ᠎ᠤᠨ ᠰᠡᠷᠭᠦᠯᠲᠡ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢᠨ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢᠨ ᠰᠢᠨ᠎ᠡ ᠠᠵᠢᠯᠯᠠᠭ᠎ᠠ ᠵᠢ ᠥᠷᠨᠢᠭᠦᠯᠵᠦ᠂ ᠬᠡᠷᠡᠭᠯᠡᠭᠡ ᠵᠢᠨ ᠪᠦᠲᠦᠮᠵᠢᠲᠡᠶ ᠬᠠᠩᠭ᠋ᠠᠯᠭ᠎ᠠ ᠵᠢ ᠥᠷᠭᠡᠳᠬᠡᠵᠦ᠂ ᠰᠣᠶᠣᠯ ᠪᠠ ᠵᠢᠭᠤᠯᠴᠢᠯᠠᠯ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠶᠡᠬᠡ ᠬᠦᠴᠦᠨ ᠵᠶ᠋ᠠᠷ ᠠᠬᠢᠭᠤᠯᠵᠤ᠂ ᠰᠣᠶᠣᠯ ᠪᠠ ᠵᠢᠭᠤᠯᠴᠢᠯᠠᠯ ᠠᠭᠤᠰᠤᠯᠴᠠᠭᠰᠠᠨ ᠬᠡᠷᠡᠭᠯᠡᠭᠡ ᠵᠢᠨ ᠰᠢᠨ᠎ᠡ ᠪᠠᠢ᠌ᠷᠢᠰᠢᠯ᠎ᠢ ᠪᠠᠢ᠌ᠭᠤᠯᠤᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢᠨ ᠠᠵᠤ ᠠᠬᠤᠢ᠌ᠴᠢᠯᠠᠭᠰᠠᠨ ᠨᠡᠢ᠌ᠭᠡᠮ᠎ᠤᠨ ᠬᠥᠭᠵᠢᠯᠲᠡ᠎ᠳᠤ ᠦᠵᠡᠭᠦᠯᠬᠦ ᠬᠤᠪᠢ ᠨᠡᠮᠡᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠎ᠢ ᠨᠡᠮᠡᠭᠳᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠤ ᠦᠢᠯᠡᠰ᠎ᠤᠨ ᠬᠥᠭᠵᠢᠯᠲᠡ ᠵᠢᠨ ᠭᠠᠵᠠᠷ ᠬᠠᠩᠭ᠋ᠠᠪᠠ)