ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2021 ᠣᠨ᠎ᠤ ᠪᠥᠬᠥ ᠣᠷᠣᠨ᠎ᠤ ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠰᠣᠶᠣᠯ᠎ᠤᠨ ᠠᠵᠢᠯᠯᠠᠭ᠎ᠠ ᠵᠢ ᠡᠬᠢᠯᠡᠭᠦᠯᠬᠦ᠎ᠪᠠᠷ ᠪᠣᠶ
ᠨᠡᠶᠢᠲᠡᠯᠡᠭᠰᠡᠨ ᠴᠠᠭ᠄ 2021-02-01

     2021 ᠣᠨ᠎ᠤ ᠴᠠᠭ᠋ᠠᠨ ᠰᠠᠷ᠎ᠠ ᠤᠳᠠᠯ ᠥᠬᠡᠶ ᠬᠦᠷᠴᠦ ᠢᠷᠡᠬᠦ ᠲᠠᠰᠢᠷᠠᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠬᠡᠪᠴᠢᠶᠡᠨ᠎ᠳᠤ ᠰᠦᠯᠵᠢᠶᠡᠨ ᠳᠡᠭᠡᠷᠡᠬᠢ ᠡᠯᠪᠡᠭ ᠪᠠᠶᠠᠯᠢᠭ ᠰᠣᠶᠣᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠣᠯᠠᠨ ᠶᠠᠩᠵᠤ ᠬᠡᠯᠪᠡᠷᠢ ᠵᠢᠨ᠂ ᠰᠢᠨ᠎ᠡ ᠠᠭᠤᠯᠭ᠎ᠠ ᠪᠥᠬᠥᠶ ᠰᠣᠶᠣᠯ᠎ᠤᠨ ᠠᠵᠢᠯᠯᠠᠭ᠎ᠠ ᠪᠠ ᠤᠷᠠᠨ ᠰᠠᠢ᠌ᠬᠠᠨ᠎ᠤ ᠲᠣᠭᠯᠠᠯᠲᠠ᠎ᠪᠠᠷ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠣᠯᠠᠨ ᠲᠦᠮᠡᠨ᠎ᠤ ᠪᠠᠶᠠᠷ᠎ᠤᠨ ᠡᠳᠦᠷ᠎ᠤᠨ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ ᠬᠥᠭᠵᠢᠭᠡᠵᠦ᠂ ᠭᠦᠨ ᠵᠤᠵᠠᠭ᠋ᠠᠨ ᠪᠠᠶᠠᠷ᠎ᠤᠨ ᠡᠳᠦᠷ᠎ᠤᠨ ᠰᠣᠶᠣᠯ᠎ᠤᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃



     2021 ᠣᠨ᠎ᠤ ᠪᠥᠬᠥ ᠣᠷᠣᠨ᠎ᠤ ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠰᠣᠶᠣᠯ᠎ᠤᠨ ᠠᠵᠢᠯᠯᠠᠭ᠎ᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠪᠠ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠰᠢᠨ᠎ᠡ ᠠᠶᠠᠯᠠᠯ᠎ᠢ ᠡᠬᠢᠯᠡᠭᠦᠯᠬᠦ ᠭᠣᠤᠯ ᠰᠡᠳᠦᠪ᠎ᠲᠠᠢ ᠨᠢᠭᠲᠠ ᠤᠶᠠᠯᠳᠤᠭᠤᠯᠵᠤ᠂ ᠤᠯᠠᠮᠵᠢᠯᠠᠯᠲᠤ ᠪᠠᠶᠠᠷ᠎ᠤᠨ ᠡᠳᠦᠷ᠎ᠤᠨ ᠭᠦᠨ ᠵᠤᠵᠠᠭ᠋ᠠᠨ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠶ ᠠᠭᠤᠳᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤ ᠪᠡᠬᠢ ᠪᠤᠢ ᠪᠤᠯᠭ᠋ᠠᠵᠤ᠂ ᠨᠢᠭᠡᠳᠦᠯᠲᠡᠶ ᠰᠦᠯᠵᠢᠶᠡᠨ᠎ᠤ ᠲᠠᠪᠴᠠᠩ᠎ᠢ ᠪᠠᠢ᠌ᠭᠤᠯᠵᠤ᠂ ᠡᠭᠦᠨ᠎ᠤ ᠳᠠᠭ᠋ᠠᠤ ᠲᠢᠭ᠋ ᠲᠤᠭ᠂ ᠬᠤᠷᠳᠤᠨ ᠭᠠᠷ᠂ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ ᠵᠡᠷᠭᠡ ᠢᠨᠲ᠋ᠧᠷ ᠰᠦᠯᠵᠢᠶᠡᠨ᠎ᠤ ᠰᠢᠨ᠎ᠡ ᠵᠠᠭᠤᠴᠢᠯᠠᠭᠤᠷ᠎ᠤᠨ ᠳᠠᠪᠠᠭᠤᠯᠢᠭ ᠎ᠢ ᠭᠦᠢ᠍ᠴᠡᠳ ᠠᠰᠢᠭᠯᠠᠨ᠂ ᠴᠠᠭ ᠦᠶ᠎ᠡ ᠵᠢᠨ ᠵᠣᠷᠢᠭ ᠰᠠᠨᠠᠭ᠎ᠠ ᠪᠠ ᠰᠣᠶᠣᠯ᠎ᠤᠨ ᠠᠭᠤᠯᠤᠭᠳᠠᠬᠤᠨ ᠵᠶ᠋ᠠᠷ ᠪᠠᠶᠠᠯᠢᠭ ᠰᠦᠯᠵᠢᠶᠡᠨ ᠳᠡᠭᠡᠷᠡᠬᠢ ᠰᠣᠶᠣᠯ᠎ᠤᠨ ᠠᠵᠢᠯᠯᠠᠭ᠎ᠠ ᠵᠢ ᠳᠡᠯᠭᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ᠎ᠳᠤ ᠬᠦᠴᠦᠨ ᠴᠢᠳᠠᠯ ᠵᠶ᠋ᠠᠨ ᠪᠠᠲᠤᠳᠬᠠᠨ᠎ᠠ᠃



      ᠠᠵᠢᠯᠯᠠᠭ᠎ᠠ ᠵᠢᠨ ᠭᠣᠤᠯ ᠠᠭᠤᠯᠭ᠎ᠠ᠎ᠳᠤ᠄ 1 ᠳ᠋ᠤᠭᠡᠷ ᠰᠠᠷ᠎ᠠ ᠵᠢᠨ 30  ᠎ᠤ ᠡᠳᠦᠷ᠂ ᠰᠦᠯᠵᠢᠶᠡᠨ ᠳᠡᠭᠡᠷᠡᠬᠢ ᠤᠯᠠᠭ᠋ᠠᠨᠮᠥ᠋ᠴᠢᠷ᠎ᠤᠨ ᠴᠠᠭ᠋ᠠᠨ ᠰᠠᠷ᠎ᠠ ᠵᠢᠨ ᠡᠬᠢᠯᠡᠯᠲᠡ ᠵᠢᠨ ᠶᠣᠰᠣᠯᠠᠯ᠎ᠢ ᠶᠠᠪᠤᠭᠳᠠᠭᠤᠯᠵᠤ᠂ ᠳᠠᠯᠠᠳ ᠬᠣᠰᠢᠭᠤᠨ᠎ᠤ ᠤᠯᠠᠭ᠋ᠠᠨᠮᠥ᠋ᠴᠢᠷ ᠳᠠᠭᠤᠤ ᠪᠥᠵᠢᠭ᠂ ᠳᠠᠭᠤᠷᠢᠯᠢᠭ᠂ ᠣᠷᠣᠨ ᠨᠤᠲᠤᠭ᠎ᠤᠨ ᠰᠢ ᠵᠡᠷᠭᠡ ᠲᠤᠰᠬᠠᠶ ᠲᠠᠯᠠᠪᠠᠶ ᠵᠢᠨ ᠰᠦᠯᠵᠢᠶᠡᠨ᠎ᠤ ᠦᠳᠡᠰᠢᠯᠡᠭᠡ ᠪᠡᠯᠡᠳᠬᠡᠬᠦ ᠵᠢᠨ ᠬᠠᠮᠲᠤ ᠪᠥᠬᠥ ᠣᠷᠣᠨ᠎ᠤ ᠤᠯᠠᠭ᠋ᠠᠨᠮᠥ᠋ᠴᠢᠷ᠎ᠢ ᠲᠥᠯᠥᠭᠡᠯᠡᠨ ᠰᠦᠯᠵᠢᠶᠡᠨ᠎ᠤ ᠬᠡᠯᠪᠡᠷᠢ᠎ᠪᠠᠷ ᠠᠷᠠᠳ ᠣᠯᠠᠨ᠎ᠳᠤ ᠴᠠᠭ᠋ᠠᠨ ᠰᠠᠷ᠎ᠠ ᠵᠢᠨ ᠮᠡᠨᠳᠦᠴᠢᠯᠡᠯ ᠬᠦᠷᠭᠡᠵᠦ᠂ ᠥᠷᠭᠡᠨ ᠣᠯᠠᠨ ᠦᠵᠡᠭᠴᠢᠳ᠎ᠢ ᠬᠡᠷ᠎ᠠᠴᠠ᠎ᠪᠠᠨ ᠭᠠᠷᠬᠤ ᠥᠬᠡᠶ᠎ᠪᠠᠷ ᠰᠦᠯᠵᠢᠶᠡᠨ ᠳᠡᠭᠡᠷ᠎ᠡ ᠴᠠᠭ᠋ᠠᠨ ᠰᠠᠷ᠎ᠠ ᠵᠢᠨ ᠦᠪᠡᠳᠡᠭᠰᠢ ᠨᠠᠢ᠌ᠷ᠎ᠢ ᠰᠤᠨᠢᠷᠬᠠᠭᠤᠯᠤᠨ᠎ᠠ᠃ ᠪᠥᠬᠥ ᠣᠷᠣᠨ᠎ᠤ ᠡᠯ᠎ᠡ ᠤᠯᠠᠭ᠋ᠠᠨᠮᠥ᠋ᠴᠢᠷ᠎ᠢ ᠵᠣᠬᠢᠶᠠᠨ ᠪᠠᠢ᠌ᠭᠤᠯᠤᠨ《ᠤᠯᠠᠭ᠋ᠠᠨᠮᠥ᠋ᠴᠢᠷ᠎ᠤᠨ᠎ᠬᠢᠨ》ᠪᠢᠴᠢᠯ ᠬᠢᠴᠢᠶᠡᠯ᠎ᠤᠨ ᠤᠷᠠᠯᠢᠭ᠎ᠤᠨ ᠪᠣᠯᠪᠠᠰᠤᠷᠠᠭᠤᠯᠤᠯ ᠪᠠ ᠤᠷᠠᠯᠢᠭ᠎ᠤᠨ ᠰᠣᠯᠢᠯᠴᠠᠭ᠋ᠠᠨ᠎ᠤ ᠠᠵᠢᠯᠯᠠᠭ᠎ᠠ ᠥᠷᠨᠢᠭᠦᠯᠵᠦ᠂ ᠴᠠᠭ᠋ᠠᠨ ᠰᠠᠷ᠎ᠠ ᠵᠢᠨ ᠰᠣᠶᠣᠯ᠎ᠤᠨ ᠢᠨᠲ᠋ᠧᠷ ᠰᠦᠯᠵᠢᠶᠡᠨ᠎ᠤ ᠰᠢᠨ᠎ᠡ ᠵᠢᠯ ᠵᠶ᠋ᠡᠨ ᠪᠡᠯᠭᠡᠯᠡᠬᠦ ᠠᠵᠢᠯᠯᠠᠭ᠎ᠠ ᠵᠢᠨ ᠨᠠᠷᠠᠲᠤ ᠲᠥᠷᠥᠯ ᠲᠡᠮᠳᠡᠭᠲᠦ ᠵᠢ ᠡᠭᠦᠳᠦᠨ᠎ᠡ᠃ ᠰᠦᠯᠵᠢᠶᠡᠨ ᠳᠡᠭᠡᠷᠡᠬᠢ《ᠰᠢᠨ᠎ᠡ ᠵᠢᠯ᠎ᠢ ᠤᠭᠲᠤᠵᠤ   ᠴᠠᠭ᠋ᠠᠨ ᠰᠠᠷ᠎ᠠ᠎ᠪᠠᠨ ᠪᠡᠯᠭᠡᠯᠡᠬᠦ》ᠠᠷᠠᠳ᠎ᠲᠤ ᠠᠰᠢᠭ ᠬᠦᠷᠲᠡᠭᠡᠬᠦ ᠰᠢᠷᠢᠰ ᠲᠣᠭᠯᠠᠯᠲᠠ ᠵᠢᠨ ᠠᠵᠢᠯᠯᠠᠭ᠎ᠠ ᠵᠢ ᠥᠷᠨᠢᠭᠦᠯᠵᠦ᠂ ᠰᠢᠨ᠎ᠡ ᠴᠠᠭ ᠦᠶ᠎ᠡ ᠵᠢᠨ ᠴᠠᠭ᠋ᠠᠨ ᠰᠠᠷ᠎ᠠ ᠵᠢᠨ ᠠᠭᠤᠷ ᠠᠮᠢᠰᠬᠤᠯ᠎ᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠨᠢᠭᠲᠠ ᠬᠤᠯᠪᠤᠨ᠎ᠠ᠃ ᠰᠦᠯᠵᠢᠶᠡᠨ ᠳᠡᠭᠡᠷ᠎ᠡ ᠲᠥᠪᠯᠡᠷᠡᠭᠦᠯᠦᠨ ᠲᠠᠨᠢᠯᠴᠠᠭᠤᠯᠬᠤ ᠪᠠ ᠰᠦᠯᠵᠢᠶᠡᠨ ᠭᠠᠳᠠᠨ᠎ᠠ ᠲᠠᠷᠬᠠᠭ᠋ᠠᠨ ᠪᠣᠷᠣᠯᠠᠭᠤᠯᠬᠤ ᠵᠢ ᠬᠠᠷᠢᠯᠴᠠᠨ ᠤᠶᠠᠯᠳᠤᠭᠤᠯᠵᠤ᠂ 2021 ᠣᠨ᠎ᠤ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠯ᠎ᠤᠨ ᠪᠠᠷᠠᠭ᠎ᠠ ᠵᠢᠨ ᠦᠵᠡᠭᠦᠯᠦᠯᠭᠡ ᠵᠢᠴᠢ ᠪᠣᠳᠠᠰ᠎ᠤᠨ ᠪᠤᠰᠤ ᠰᠣᠶᠣᠯ᠎ᠤᠨ ᠥᠪ ᠵᠶ᠋ᠡᠷ ᠶᠠᠳᠠᠭᠤ ᠵᠢ ᠲᠡᠳᠬᠦᠬᠦ ᠪᠦᠲᠦᠭᠡᠭᠳᠡᠬᠦᠨ᠎ᠤ ᠳᠡᠯᠭᠡᠨ ᠦᠵᠡᠭᠦᠯᠬᠦ ᠳᠡᠯᠭᠡᠨ ᠪᠣᠷᠣᠯᠠᠭᠤᠯᠬᠤ ᠴᠤᠭᠯᠠᠭ᠋ᠠᠨ᠎ᠢ ᠡᠷᠭᠢᠯᠡᠨ᠎ᠡ᠃ 2021 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠤ ᠦᠳᠡᠰᠢ ᠵᠢ ᠰᠦᠯᠵᠢᠶᠡᠨ ᠳᠡᠭᠡᠷ᠎ᠡ ᠦᠵᠡᠭᠦᠯᠦᠨ ᠰᠤᠨᠢᠷᠬᠠᠭᠤᠯᠬᠤ ᠠᠵᠢᠯᠯᠠᠭ᠎ᠠ ᠵᠢ ᠥᠷᠨᠢᠭᠦᠯᠵᠦ᠂ ᠰᠦᠯᠵᠢᠶᠡᠨ ᠳᠡᠭᠡᠷ᠎ᠡ ᠲᠠ ᠨᠠᠷ᠎ᠲᠤ ᠬᠥᠳᠡᠭᠡ ᠲᠣᠰᠬᠣᠨ᠎ᠤ ᠦᠳᠡᠰᠢ ᠵᠢ ᠰᠣᠨᠢᠷᠬᠠᠭᠤᠯᠵᠤ᠂ ᠨᠤᠲᠤᠭ᠎ᠤᠨ ᠮᠥᠷᠥᠭᠡᠳᠦᠯ᠎ᠳᠤ ᠤᠮᠪᠠᠭᠤᠯᠤᠨ᠂ ᠴᠠᠭ᠋ᠠᠨ ᠰᠠᠷ᠎ᠠ ᠵᠢᠨ ᠪᠠᠶᠠᠷ ᠴᠡᠩᠭᠡᠯ᠎ᠢ ᠮᠡᠳᠡᠷᠡᠭᠦᠯᠦᠨ᠂ ᠰᠢᠨ᠎ᠡ ᠵᠢᠯ᠎ᠢ ᠤᠭᠲᠤᠬᠤ ᠪᠤᠯᠤᠨ᠎ᠠ᠃
      ᠡᠭᠦᠨ᠎ᠤ ᠬᠠᠮᠲᠤ᠂ ᠥᠪᠥᠷ ᠮᠣᠩᠭᠣᠯ᠎ᠤᠨ ᠰᠣᠶᠣᠯ᠎ᠤᠨ ᠡᠭᠦᠯᠡ ᠲᠠᠪᠴᠠᠩ᠂ ᠡᠯ᠎ᠡ ᠣᠯᠠᠨ ᠨᠡᠢ᠌ᠲᠡ ᠵᠢᠨ ᠨᠣᠮ᠎ᠤᠨ ᠰᠠᠩ᠂ ᠰᠣᠶᠣᠯ᠎ᠤᠨ ᠣᠷᠳᠣᠨ᠎ᠤ ᠰᠦᠯᠵᠢᠶ᠎ᠡ ᠪᠠ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ ᠵᠡᠷᠭᠡ ᠲᠠᠪᠴᠠᠩ ᠵᠶ᠋ᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠴᠠᠭ᠋ᠠᠨ ᠰᠠᠷ᠎ᠠ᠂ ᠥᠯᠵᠡᠢ᠌ᠲᠦ ᠡᠳᠦᠷ᠎ᠤᠨ ᠣᠯᠠᠨ ᠲᠦᠮᠡᠨᠴᠢ ᠴᠢᠨᠠᠷᠲᠠᠶ ᠭᠣᠤᠯ ᠰᠡᠳᠦᠪᠲᠦ ᠰᠣᠶᠣᠯ᠎ᠤᠨ ᠠᠵᠢᠯᠯᠠᠭ᠎ᠠ ᠵᠢ ᠥᠷᠨᠢᠭᠦᠯᠵᠦ᠂ ᠡᠭᠦᠨ ᠵᠶ᠋ᠡᠷ ᠳᠠᠮᠵᠢᠭᠤᠯᠤᠨ ᠪᠠᠶᠠᠷ᠎ᠤᠨ ᠡᠳᠦᠷ᠎ᠤᠨ ᠬᠤᠭᠤᠴᠠᠭ᠋ᠠᠨ ᠎ᠳᠤ᠎ᠬᠢ ᠣᠯᠠᠨ ᠲᠦᠮᠡᠨ᠎ᠤ ᠣᠶᠤᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠵᠤ᠂ ᠡᠷᠡᠭᠦᠯ ᠥᠭᠡᠳᠡᠷᠬᠡᠭ᠂ ᠡᠯᠪᠡᠭ ᠪᠠᠶᠠᠯᠢᠭ ᠣᠯᠠᠨ ᠨᠡᠢ᠌ᠲᠡ ᠵᠢᠨ ᠰᠣᠶᠣᠯ᠎ᠤᠨ ᠪᠦᠲᠦᠭᠡᠭᠳᠡᠬᠦᠨ ᠪᠠ ᠦᠢᠯᠡᠴᠢᠯᠡᠭᠡ ᠵᠢ ᠡᠳ᠋ᠯᠡᠭᠦᠯᠬᠦ ᠪᠣᠯᠤᠨ᠎ᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ 〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠬᠥᠭᠵᠢᠯᠲᠡ ᠵᠢᠨ ᠲᠥᠯᠥᠪᠵᠢᠭᠦᠯᠭᠡ》᠎ᠨᠢ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠨᠠᠮ᠎ᠤᠨ ᠪᠠᠢ᠌ᠭᠤᠯᠤᠯᠲᠠ ᠵᠢᠨ ᠤᠶᠤᠨᠴᠢ ᠬᠡᠷᠡᠮ᠎ᠢ ᠴᠤᠭᠴᠠᠯᠠᠨ ᠪᠠᠢ᠌ᠭᠤᠯᠵᠤ ᠰᠤᠷᠤᠯᠴᠠᠯᠭ᠎ᠠ ᠵᠢ ᠨᠠᠩ ᠲᠥᠬᠥᠮ ᠲᠦᠳᠡ ᠪᠣᠯᠭ᠋ᠠᠪᠠ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠪᠠᠢ᠌ᠴᠠᠭ᠋ᠠᠨ ᠵᠢᠯᠣᠭᠣᠳᠪᠠ
ᠰᠣᠶᠣᠯ ᠵᠢᠭᠤᠯᠴᠢᠯᠠᠯᠲᠤ ᠳᠤᠮᠳᠠᠳᠤ ᠤᠯᠤᠰ᠎ᠤᠨ ᠠᠭᠤᠯᠵᠠᠯᠲᠠ ᠵᠢᠨ ᠲᠢᠩᠬᠢᠮ— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠸᠠᠩ ᠰᠢᠤᠸᠠᠢ ᠹᠸᠩ᠎ᠢ ᠲᠤᠰᠬᠠᠢ᠌ᠯᠠᠨ ᠰᠤᠷᠪᠤᠯᠵᠢᠯᠠᠪᠠ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠪᠥᠬᠥ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠰᠡᠷᠡᠮᠵᠢᠯᠡᠭᠦᠯᠬᠦ ᠬᠥᠮᠦᠵᠢᠯ᠎ᠤᠨ ᠸᠢᠳᠢᠤ᠋ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
 
            