ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ 〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠬᠥᠭᠵᠢᠯᠲᠡ ᠵᠢᠨ ᠲᠥᠯᠥᠪᠵᠢᠭᠦᠯᠭᠡ》᠎ᠨᠢ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠪᠡ
ᠨᠡᠶᠢᠲᠡᠯᠡᠭᠰᠡᠨ ᠴᠠᠭ᠄ 2021-02-03

     1 ᠳ᠋ᠦ᠍ᠭᠡᠷ ᠰᠠᠷ᠎ᠠ ᠵᠢᠨ 27  ᠎ᠤ ᠡᠳᠦᠷ᠎ᠤᠨ ᠦᠳᠡ ᠵᠢᠨ ᠬᠣᠢ᠌ᠨ᠎ᠠ᠂ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ 《ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠥᠭᠵᠢᠯᠲᠡ ᠵᠢᠨ ᠲᠥᠯᠥᠪᠵᠢᠭᠦᠯᠭᠡ》 ᠵᠢ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ᠃



      ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ 《ᠲᠥᠯᠥᠪᠵᠢᠭᠦᠯᠭᠡ》 ᠵᠢᠨ ᠠᠭᠤᠯᠭ᠎ᠠ ᠵᠢᠨ ᠲᠤᠬᠠᠶ ᠨᠠᠢ᠌ᠷᠠᠭᠤᠯᠤᠨ ᠵᠣᠬᠢᠶᠠᠭᠰᠠᠨ ᠨᠢᠭᠡᠴᠢ ᠵᠢᠨ ᠬᠠᠷᠢᠭᠤ ᠮᠡᠳᠡᠭᠦᠯᠦᠯᠲᠡ ᠵᠢ ᠨᠠᠷᠢᠨ ᠬᠢᠨᠠᠮᠠᠭ᠋ᠠᠶ ᠰᠣᠨᠤᠰᠤᠭᠰᠠᠨ᠎ᠤ ᠵᠡᠷᠭᠡᠴᠡᠭᠡ᠎ᠪᠠᠷ ᠪᠠᠰᠠ ᠲᠤᠯᠭ᠋ᠠᠨ ᠠᠰᠠᠭᠤᠵᠤ ᠰᠢᠭᠦᠨ ᠦᠨᠡᠯᠡᠵᠡᠢ᠃ ᠣᠯᠠᠨ ᠵᠶ᠋ᠠᠷ ᠵᠶ᠋ᠠᠨ 《ᠲᠥᠯᠥᠪᠵᠢᠭᠦᠯᠭᠡ》᠎ᠨᠢ 《ᠤᠯᠤᠰ ᠠᠷᠠᠳ᠎ᠤᠨ ᠠᠵᠤ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠨᠡᠢ᠌ᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠠᠨᠠᠭᠤᠯᠭ᠎ᠠ》᠎ᠳᠤ ᠦᠨᠳᠦᠰᠦᠯᠡᠵᠦ᠂ ᠤᠯᠠᠭ᠋ᠠᠨᠴᠠᠪ ᠬᠣᠲᠠ ᠵᠢᠨ ᠨᠡᠢ᠌ᠭᠡᠮ ᠠᠵᠤ ᠠᠬᠤᠶ ᠵᠢᠨ ᠬᠥᠭᠵᠢᠯᠲᠡ ᠵᠢᠨ ᠪᠣᠳᠠᠲᠤ ᠪᠠᠢ᠌ᠳᠠᠯ᠎ᠳᠤ ᠰᠠᠭᠤᠷᠢᠯᠠᠨ᠂ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ᠎ᠳᠤ ᠲᠥᠯᠥᠪᠵᠢᠭᠦᠯᠭᠡ ᠬᠢᠪᠡ᠃ ᠪᠦᠲᠦᠴᠡ᠎ᠨᠢ ᠪᠦᠷᠢᠨ᠂ ᠠᠭᠤᠯᠭ᠎ᠠ᠎ᠨᠢ ᠭᠦᠢ᠍ᠴᠡᠳ᠂ ᠮᠠᠲ᠋ᠧᠷᠢᠶᠠᠯ᠎ᠨᠢ ᠪᠣᠳᠠᠲᠠᠶ᠂ ᠤᠷᠢᠳᠠᠴᠢ ᠴᠢᠨᠠᠷ ᠪᠠ ᠬᠡᠷᠡᠭᠵᠢᠭᠦᠯᠬᠦᠢ᠌ᠴᠡ ᠴᠢᠨᠠᠷ᠎ᠲᠠᠢ ᠭᠡᠮᠡᠨ ᠨᠣᠳ᠋ᠯᠠᠭ᠋ᠠᠳ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠳ 《ᠲᠥᠯᠥᠪᠵᠢᠭᠦᠯᠭᠡ》 ᠵᠢ ᠰᠠᠨᠠᠯ ᠨᠢᠭᠡᠲᠡᠶ ᠵᠥᠪᠰᠢᠶᠡᠷᠡᠪᠡ᠃ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠳᠤᠭᠤᠢ᠌ᠯᠠᠩ᠎ᠨᠢ ᠲᠤᠰᠬᠠᠶ ᠮᠡᠷᠭᠡᠵᠢᠯᠲᠡᠨ᠎ᠤ ᠰᠠᠨᠠᠯ ᠰᠠᠨᠠᠭᠤᠯᠭ᠎ᠠ ᠵᠢ ᠪᠦᠷᠢᠨ ᠭᠦᠢᠴᠡᠳ ᠰᠢᠩᠭᠡᠭᠡᠨ ᠠᠪᠴᠤ᠂ ᠲᠥᠯᠥᠪᠵᠢᠭᠦᠯᠭᠡ᠎ᠳᠤ ᠤᠯᠠᠮ ᠨᠢᠭᠡ ᠠᠯᠬᠤᠮ ᠵᠠᠰᠠᠪᠤᠷᠢ ᠬᠢᠵᠦ ᠲᠡᠭᠦᠯᠳᠡᠷᠵᠢᠭᠦᠯᠦᠨ᠎ᠡ ᠭᠡᠵᠦ ᠢᠯᠡᠷᠬᠡᠢ᠌ᠯᠡᠪᠡ᠃
     《ᠲᠥᠯᠥᠪᠵᠢᠭᠦᠯᠭᠡ》 ᠨᠠᠢ᠌ᠷᠠᠭᠤᠯᠤᠨ ᠵᠣᠬᠢᠶᠠᠵᠤ ᠰᠢᠯᠭ᠋ᠠᠷᠠᠭᠤᠯᠬᠤ ᠡᠭᠦᠷᠭᠡ ᠵᠢ ᠪᠡᠶᠡᠯᠡᠭᠦᠯᠦᠭᠰᠡᠨ᠎ᠨᠢ 《ᠠᠷᠪᠠᠨ ᠳᠥᠷᠪᠡᠳᠦᠭᠡᠷ ᠲᠠᠪᠤᠨ ᠵᠢᠯ》 ᠳᠣᠲᠤᠷ᠎ᠠ ᠤᠯᠠᠭ᠋ᠠᠨᠴᠠᠪ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠵᠢᠯᠣᠭᠣᠳᠬᠤ᠎ᠳᠤ ᠰᠠᠭᠤᠷᠢ ᠲᠠᠯᠪᠢᠪᠠ᠃

ᠢᠷᠡᠯᠲᠡ᠄ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠨᠠᠮ᠎ᠤᠨ ᠪᠠᠢ᠌ᠭᠤᠯᠤᠯᠲᠠ ᠵᠢᠨ ᠤᠶᠤᠨᠴᠢ ᠬᠡᠷᠡᠮ᠎ᠢ ᠴᠤᠭᠴᠠᠯᠠᠨ ᠪᠠᠢ᠌ᠭᠤᠯᠵᠤ ᠰᠤᠷᠤᠯᠴᠠᠯᠭ᠎ᠠ ᠵᠢ ᠨᠠᠩ ᠲᠥᠬᠥᠮ ᠲᠦᠳᠡ ᠪᠣᠯᠭ᠋ᠠᠪᠠ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠪᠠᠢ᠌ᠴᠠᠭ᠋ᠠᠨ ᠵᠢᠯᠣᠭᠣᠳᠪᠠ
ᠰᠣᠶᠣᠯ ᠵᠢᠭᠤᠯᠴᠢᠯᠠᠯᠲᠤ ᠳᠤᠮᠳᠠᠳᠤ ᠤᠯᠤᠰ᠎ᠤᠨ ᠠᠭᠤᠯᠵᠠᠯᠲᠠ ᠵᠢᠨ ᠲᠢᠩᠬᠢᠮ— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠸᠠᠩ ᠰᠢᠤᠸᠠᠢ ᠹᠸᠩ᠎ᠢ ᠲᠤᠰᠬᠠᠢ᠌ᠯᠠᠨ ᠰᠤᠷᠪᠤᠯᠵᠢᠯᠠᠪᠠ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠪᠥᠬᠥ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠰᠡᠷᠡᠮᠵᠢᠯᠡᠭᠦᠯᠬᠦ ᠬᠥᠮᠦᠵᠢᠯ᠎ᠤᠨ ᠸᠢᠳᠢᠤ᠋ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
2021 ᠣᠨ᠎ᠤ ᠬᠥᠬᠡᠬᠣᠲᠠ ᠵᠢᠨ ᠪᠠᠶᠠᠷ ᠳᠤᠷᠠᠰᠬᠠᠯ᠎ᠤᠨ ᠡᠳᠦᠷ ᠦᠵᠡᠮᠵᠢ ᠵᠢᠨ ᠣᠷᠣᠨ᠎ᠳᠤ《ᠵᠢᠷᠭᠤᠭ᠎ᠠ ᠵᠢ ᠣᠷᠣᠭᠤᠯᠬᠤ》ᠰᠢᠷᠢᠰ ᠠᠵᠢᠯᠯᠠᠭ᠎ᠠ ᠳᠠᠯᠠᠨ ᠬᠠᠷ᠎ᠠ ᠠᠭᠤᠯᠠ ᠵᠢᠨ ᠬᠤᠪᠢᠰᠬᠠᠯ᠎ᠤᠨ ᠰᠣᠶᠣᠯ᠎ᠤᠨ ᠴᠡᠴᠡᠷᠯᠢᠭ᠎ᠲᠤ ᠶᠠᠪᠤᠭᠳᠠᠪᠠ
 
            