ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠨᠠᠮ᠎ᠤᠨ ᠪᠠᠢ᠌ᠭᠤᠯᠤᠯᠲᠠ ᠵᠢᠨ ᠤᠶᠤᠨᠴᠢ ᠬᠡᠷᠡᠮ᠎ᠢ ᠴᠤᠭᠴᠠᠯᠠᠨ ᠪᠠᠢ᠌ᠭᠤᠯᠵᠤ ᠰᠤᠷᠤᠯᠴᠠᠯᠭ᠎ᠠ ᠵᠢ ᠨᠠᠩ ᠲᠥᠬᠥᠮ ᠲᠦᠳᠡ ᠪᠣᠯᠭ᠋ᠠᠪᠠ
ᠨᠡᠶᠢᠲᠡᠯᠡᠭᠰᠡᠨ ᠴᠠᠭ᠄ 2021-02-04

      ᠣᠢ᠌ᠷ᠎ᠠ᠎ᠳᠤ᠂ ᠨᠠᠮ᠎ᠤᠨ ᠣᠨᠣᠯ ᠪᠠ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ ᠤᠬᠠᠭᠤᠯᠵᠤ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠦᠨ᠂ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠳᠤ ᠣᠷᠣᠯᠴᠠᠬᠤ ᠢᠳᠡᠪᠬᠢᠵᠢᠯ᠎ᠢ ᠳᠡᠭᠡᠭᠰᠢᠯᠡᠭᠦᠯᠵᠦ᠂ ᠨᠠᠮ᠎ᠤᠨ ᠪᠠᠢ᠌ᠭᠤᠯᠤᠯᠲᠠ ᠵᠢᠨ ᠰᠤᠷᠤᠯᠴᠠᠯᠭ᠎ᠠ ᠵᠢ ᠡᠳᠦᠷ ᠲᠤᠲᠤᠮ᠎ᠤᠨ ᠠᠵᠢᠯ ᠠᠮᠢᠳᠤᠷᠠᠯ᠎ᠳᠤ ᠠᠭᠤᠰᠤᠯᠴᠠᠭᠤᠯᠬᠤ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠲᠣᠭ᠋ᠠᠴᠢᠯᠠᠭᠰᠠᠨ ᠮᠡᠷᠭᠡᠵᠢᠯ ᠪᠠ ᠲᠠᠪᠴᠠᠩ᠎ᠢ ᠠᠰᠢᠭᠯᠠᠵᠤ᠂ ᠣᠷᠳᠣᠨ᠎ᠤ ᠨᠢᠭᠡᠳᠦᠭᠡᠷ ᠳᠠᠪᠬᠤᠷᠯᠢᠭ᠎ᠤᠨ ᠶᠡᠬᠡ ᠲᠢᠩᠬᠢᠮ᠎ᠳᠤ ᠨᠠᠷᠢᠨ ᠨᠢᠮᠪᠠᠶ ᠵᠢᠷᠤᠵᠤ ᠲᠥᠯᠥᠪᠯᠡᠭᠰᠡᠨ 《ᠨᠠᠮ᠎ᠤᠨ ᠪᠠᠢ᠌ᠭᠤᠯᠤᠯᠲᠠ ᠵᠢᠨ ᠤᠶᠤᠨᠴᠢ ᠬᠡᠷᠡᠮ》  ᠎ᠢ ᠪᠠᠢ᠌ᠭᠤᠯᠪᠠ᠃



      ᠡᠨᠡ ᠬᠦ᠌ 《ᠨᠠᠮ᠎ᠤᠨ ᠪᠠᠢ᠌ᠭᠤᠯᠤᠯᠲᠠ ᠵᠢᠨ ᠤᠶᠤᠨᠴᠢ ᠬᠡᠷᠡᠮ》᠎ᠨᠢ 《ᠨᠠᠮ᠎ᠤᠨ ᠣᠶᠤᠨᠴᠢ ᠪᠠᠢ᠌ᠭᠤᠯᠤᠯᠲᠠ》᠂ 《ᠬᠤᠪᠢᠰᠬᠠᠯ᠎ᠤᠨ ᠣᠷᠣᠨ ᠵᠠᠢ》᠂ 《ᠳᠠᠭᠤᠲᠤ ᠤᠩᠰᠢᠯᠭ᠎ᠠ》 ᠵᠢ ᠨᠢᠭᠡ ᠴᠤᠬ᠍ᠴᠠᠵᠢᠭᠤᠯᠵᠤ᠂ ᠺᠣᠳ᠋ ᠰᠢᠷᠪᠢᠪᠡᠯ ᠳᠠᠷᠤᠢ ᠬᠠᠮᠢᠶ᠎ᠠ ᠪᠦᠬᠦᠢ 《ᠬᠤᠪᠢᠰᠬᠠᠯ᠎ᠤᠨ ᠨᠣᠮ ᠪᠢᠴᠢᠭ》᠂ 《ᠬᠤᠪᠢᠰᠬᠠᠯ᠎ᠤᠨ ᠰᠣᠩᠭᠣᠳᠠᠭ ᠳᠠᠭᠤᠤ》 ᠵᠢ ᠬᠦᠯᠢᠶᠡᠨ ᠰᠣᠨᠣᠰᠴᠤ᠂ 《ᠬᠤᠪᠢᠰᠬᠠᠯ᠎ᠤᠨ ᠺᠢᠨᠣ᠋》 ᠵᠢ ᠬᠦᠯᠢᠶᠡᠨ ᠦᠵᠡᠵᠦ᠂ ᠴᠠᠭ᠋ᠠᠰᠤᠨ ᠬᠡᠪᠯᠡᠯ᠎ᠤᠨ ᠨᠣᠮ ᠪᠢᠴᠢᠭ ᠤᠩᠰᠢᠬᠤ᠎ᠠᠴᠠ ᠨᠡᠩ ᠳᠥᠭᠥᠮ ᠳᠥᠲᠡ   ᠪᠤᠯᠵᠤ᠂ ᠨᠠᠮ᠎ᠤᠨ ᠭᠡᠰᠢᠭᠦᠨ ᠺᠠᠳ᠋ᠷ ᠪᠣᠯᠤᠨ ᠤᠯᠠᠨ ᠲᠦᠮᠡᠨ ᠴᠠᠭ ᠢᠮᠠᠭᠲᠠ ᠭᠠᠷ ᠤᠲᠠᠰᠤ᠎ᠪᠠᠷ ᠵᠶ᠋ᠠᠨ ᠨᠠᠮ᠎ᠤᠨ ᠤᠨᠤᠯ ᠪᠣᠯᠤᠨ ᠨᠠᠮ᠎ᠤᠨ ᠱᠤᠭᠤᠮ ᠴᠢᠭᠯᠡᠯᠲᠡ ᠲᠦᠷᠦ ᠵᠢᠨ ᠪᠤᠳᠤᠯᠭ᠎ᠠ ᠵᠢ ᠣᠢ᠌ᠯᠠᠭ᠋ᠠᠵᠤ᠂ ᠨᠠᠮ᠎ᠤᠨ ᠲᠡᠦᠬᠡ ᠪᠣᠯᠤᠨ ᠢᠷᠠᠭᠤ ᠠᠯᠳᠠᠷᠲᠤ ᠤᠯᠠᠮᠵᠢᠯᠠᠯ᠎ᠢ ᠰᠤᠷᠤᠯᠴᠠᠵᠤ ᠴᠢᠳᠠᠬᠤ ᠪᠤᠯᠵᠠᠢ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠪᠠᠢ᠌ᠴᠠᠭ᠋ᠠᠨ ᠵᠢᠯᠣᠭᠣᠳᠪᠠ
ᠰᠣᠶᠣᠯ ᠵᠢᠭᠤᠯᠴᠢᠯᠠᠯᠲᠤ ᠳᠤᠮᠳᠠᠳᠤ ᠤᠯᠤᠰ᠎ᠤᠨ ᠠᠭᠤᠯᠵᠠᠯᠲᠠ ᠵᠢᠨ ᠲᠢᠩᠬᠢᠮ— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠸᠠᠩ ᠰᠢᠤᠸᠠᠢ ᠹᠸᠩ᠎ᠢ ᠲᠤᠰᠬᠠᠢ᠌ᠯᠠᠨ ᠰᠤᠷᠪᠤᠯᠵᠢᠯᠠᠪᠠ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠪᠥᠬᠥ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠰᠡᠷᠡᠮᠵᠢᠯᠡᠭᠦᠯᠬᠦ ᠬᠥᠮᠦᠵᠢᠯ᠎ᠤᠨ ᠸᠢᠳᠢᠤ᠋ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
2021 ᠣᠨ᠎ᠤ ᠬᠥᠬᠡᠬᠣᠲᠠ ᠵᠢᠨ ᠪᠠᠶᠠᠷ ᠳᠤᠷᠠᠰᠬᠠᠯ᠎ᠤᠨ ᠡᠳᠦᠷ ᠦᠵᠡᠮᠵᠢ ᠵᠢᠨ ᠣᠷᠣᠨ᠎ᠳᠤ《ᠵᠢᠷᠭᠤᠭ᠎ᠠ ᠵᠢ ᠣᠷᠣᠭᠤᠯᠬᠤ》ᠰᠢᠷᠢᠰ ᠠᠵᠢᠯᠯᠠᠭ᠎ᠠ ᠳᠠᠯᠠᠨ ᠬᠠᠷ᠎ᠠ ᠠᠭᠤᠯᠠ ᠵᠢᠨ ᠬᠤᠪᠢᠰᠬᠠᠯ᠎ᠤᠨ ᠰᠣᠶᠣᠯ᠎ᠤᠨ ᠴᠡᠴᠡᠷᠯᠢᠭ᠎ᠲᠤ ᠶᠠᠪᠤᠭᠳᠠᠪᠠ
ᠪᠠᠶᠠᠷ ᠪᠠᠶᠠᠰᠬᠤᠯᠠᠩᠲᠤ ᠮᠥᠰᠥ ᠴᠠᠰᠤᠨ᠎ᠤ ᠵᠢᠭᠤᠯᠴᠢᠯᠠᠯ᠎ᠤᠨ ᠤᠯᠠᠷᠢᠯ · ᠥᠪᠥᠷ ᠮᠣᠩᠭᠣᠯ᠎ᠤᠨ ᠮᠥᠰᠥ ᠴᠠᠰᠤᠨ᠎ᠤ ᠭᠣᠣᠯ ᠰᠡᠳᠦᠪᠲᠦ ᠠᠵᠢᠯᠯᠠᠭ᠎ᠠ ᠵᠢᠴᠢ ᠬᠥᠯᠥᠨ ᠪᠣᠶ᠋ᠢᠷ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠮᠥᠰᠥ ᠴᠠᠰᠤᠨ᠎ᠤ ᠰᠣᠶᠣᠯ᠎ᠤᠨ ᠲᠠᠮᠢᠷ᠎ᠤᠨ ᠬᠥᠳᠡᠯᠭᠡᠭᠡᠨ᠎ᠤ ᠵᠢᠭᠤᠯᠴᠢᠯᠠᠯ᠎ᠤᠨ ᠤᠯᠠᠷᠢᠯ ᠶᠠᠭᠰᠢ᠎ᠳᠤ ᠬᠥᠳᠡᠯᠦᠨ᠎ᠡ
 
            