ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠪᠠᠢ᠌ᠴᠠᠭ᠋ᠠᠨ ᠵᠢᠯᠣᠭᠣᠳᠪᠠ
ᠨᠡᠶᠢᠲᠡᠯᠡᠭᠰᠡᠨ ᠴᠠᠭ᠄ 2021-02-07

     2 ᠳ᠋ᠤᠭ᠋ᠠᠷ ᠰᠠᠷ᠎ᠠ ᠵᠢᠨ 3  ᠎ᠤ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠥᠷᠢᠯᠳᠦᠬᠦᠨ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠤᠪᠴᠢᠶᠠᠨ᠎ᠤ ᠳᠠᠷᠤᠭ᠎ᠠ ᠼᠤᠤ ᠵᠢᠶᠠᠨ ᠧᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠤᠪᠴᠢᠶᠠᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠪᠠ ᠬᠠᠭᠤᠴᠢ ᠰᠤᠳᠤᠯᠤᠯ᠎ᠤᠨ ᠭᠠᠵᠠᠷ᠎ᠤᠨ ᠬᠠᠮᠢᠶ᠎ᠠ ᠪᠥᠬᠥᠶ ᠨᠥᠬᠥᠳ᠎ᠢ ᠳᠠᠭ᠋ᠠᠭᠤᠯᠤᠨ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠳᠠᠪᠠᠭ᠋ᠠᠨ᠎ᠤ ᠠᠮᠠ ᠰᠢ ᠵᠢᠨ ᠲᠠᠢ᠌ᠰᠠ᠂ ᠤᠰᠤᠲᠤ ᠵᠣᠣ᠎ᠳᠤ ᠬᠦᠷᠴᠦ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠲᠥᠷᠥᠯ ᠵᠦᠢ᠍ᠯ᠎ᠤᠨ ᠬᠡᠷᠡᠭᠵᠢᠬᠦᠯᠦᠯᠲᠡ ᠪᠠ ᠠᠮᠤᠷ ᠲᠦᠪᠰᠢᠨ᠎ᠤ ᠪᠠᠢ᠌ᠳᠠᠯ᠎ᠢ ᠪᠠᠢ᠌ᠴᠠᠭ᠋ᠠᠨ ᠵᠢᠯᠣᠭᠣᠳᠪᠠ  ᠃



      ᠲᠣᠪᠴᠢᠶᠠᠨ ᠳᠠᠷᠤᠭ᠎ᠠ ᠼᠤᠤ ᠵᠢᠶᠠᠨ ᠧᠨ᠂ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠰᠠᠯᠠᠭ᠎ᠠ ᠮᠥᠴᠢᠷ ᠪᠣᠯᠤᠨ ᠣᠷᠣᠨ ᠨᠤᠲᠤᠭ᠎ᠤᠨ ᠵᠠᠰᠠᠭ᠎ᠤᠨ ᠣᠷᠳᠣᠨ ᠶᠡᠷᠦᠩᠬᠡᠶ ᠱᠦᠵᠢ ᠰᠢ ᠵᠢᠨ ᠫᠢᠩ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂《ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤ᠎ᠨᠢ ᠴᠦ᠍ ᠵᠠᠰᠠᠭ᠎ᠤᠨ ᠠᠵᠢᠯ᠎ᠤᠨ ᠠᠮᠵᠢᠯᠲᠠ ᠮᠥᠨ》 ᠭᠡᠬᠦ ᠣᠨᠣᠯᠵᠢᠬᠤᠨ᠎ᠢ ᠪᠣᠶ ᠪᠣᠯᠭ᠋ᠠᠵᠤ᠂《ᠬᠠᠮᠠᠭ᠋ᠠᠯᠠᠬᠤ᠎ᠪᠠᠷ ᠭᠣᠤᠯ ᠪᠣᠯᠭ᠋ᠠᠬᠤ᠂ ᠠᠪᠤᠷᠬᠠᠤ ᠵᠢ ᠲᠡᠷᠢᠭᠦᠨ᠎ᠳᠤ ᠲᠠᠯᠪᠢᠬᠤ᠂ ᠵᠦᠶ ᠵᠣᠬᠢᠰᠲᠠᠶ ᠠᠰᠢᠭᠯᠠᠬᠤ᠂ ᠬᠠᠮᠢᠶᠠᠷᠤᠯᠲᠠ᠎ᠪᠠᠨ ᠴᠢᠩᠭ᠋ᠠᠳᠬᠠᠬᠤ》 ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠵᠢᠯ᠎ᠤᠨ ᠴᠢᠭᠯᠡᠯᠲᠡ ᠵᠢ ᠪᠠᠷᠢᠮᠲᠠᠯᠠᠵᠤ᠂ ᠭᠣᠤᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤ ᠢᠨᠵᠧᠨᠧᠷᠢᠩ᠎ᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥᠯ ᠵᠦᠢ᠍ᠯ᠎ᠢ ᠬᠡᠷᠡᠭᠵᠢᠭᠦᠯᠬᠦ ᠠᠬᠢᠴᠠ ᠵᠢ ᠲᠦᠷᠭᠡᠳᠬᠡᠵᠦ᠂ ᠡᠳ᠋᠎ᠤᠨ ᠵᠠᠰᠠᠭ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠢᠳᠡᠪᠬᠢᠲᠡᠶ ᠵᠣᠬᠢᠴᠠᠭᠤᠯᠵᠤ᠂ ᠵᠠᠩᠬᠢᠯᠭ᠎ᠠ ᠵᠢᠨ ᠴᠠᠭ ᠬᠤᠭᠤᠴᠠᠭ᠎ᠠ ᠵᠢ ᠲᠣᠳᠣᠷᠬᠠᠢ᠌ᠯᠠᠵᠤ ᠲᠤᠰᠬᠠᠶ ᠪᠠᠯᠠ ᠮᠥᠩᠭᠥ ᠵᠢᠨ ᠬᠡᠷᠡᠭᠯᠡᠯᠲᠡ ᠵᠢ   ᠪᠤᠳᠠᠳᠠᠢ᠌ᠵᠢᠭᠤᠯᠵᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠶ  ; ᠴᠠᠭ᠋ᠠᠨ ᠰᠠᠷ᠎ᠠ᠂ ᠴᠠᠭ᠋ᠠᠨ ᠰᠠᠷ᠎ᠠ ᠵᠢᠨ ᠠᠷᠪᠠᠨ ᠲᠠᠪᠤᠨ᠎ᠤ ᠪᠠᠶᠠᠷ ᠵᠡᠷᠭᠡ ᠪᠠᠶᠠᠷ᠎ᠤᠨ ᠡᠳᠦᠷ ᠤᠢ᠌ᠷᠠᠳᠴᠤ ᠪᠠᠢ᠌ᠭ᠎ᠠ ᠲᠠᠰᠢᠷᠠᠮ ᠵᠶ᠋ᠠᠷ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ᠎ᠨᠢ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠠᠵᠢᠯ᠎ᠢ ᠵᠠᠪᠠᠯ ᠰᠠᠢ᠌ᠲᠤᠷ ᠬᠢᠵᠦ᠂ ᠲᠣᠭᠣᠷᠢᠨ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠠᠮᠤᠷ ᠲᠦᠪᠰᠢᠨ᠎ᠤ ᠰᠡᠷᠭᠡᠢ᠌ᠯᠡᠯᠲᠡ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃



      ᠣᠢ᠌ᠷ᠎ᠠ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠎ᠨᠢ ᠬᠥᠬᠡᠬᠣᠲᠠ ᠵᠢᠨ ᠭᠣᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠥᠷᠥᠯ ᠵᠦᠢ᠍ᠯ᠎ᠤᠨ ᠬᠡᠷᠡᠭᠵᠢᠬᠦᠯᠦᠯᠲᠡ᠂ ᠲᠤᠰᠬᠠᠶ ᠪᠡᠯᠡ ᠮᠥᠩᠭᠥ   ᠵᠢᠨ ᠪᠤᠳᠠᠳᠠᠢ᠌ᠵᠢᠭᠤᠯᠤᠯᠲᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠶᠤᠯ ᠦᠭᠡᠶ ᠵᠡᠷᠭᠡ ᠪᠠᠢ᠌ᠳᠠᠯ᠎ᠳᠤ ᠪᠠᠢ᠌ᠴᠠᠭ᠋ᠠᠯᠲᠠ ᠬᠢᠵᠦ ᠬᠢᠨᠠᠨ ᠵᠢᠯᠣᠭᠣᠳᠴᠤ ᠪᠠᠢ᠌ᠨ᠎ᠠ  ᠃   ᠳᠠᠷᠠᠭ᠋ᠠᠴᠢ ᠵᠢᠨ ᠠᠯᠬᠤᠮ᠎ᠳᠤ᠂ ᠪᠦᠬᠦ ᠣᠷᠣᠨ᠎ᠤ ᠬᠡᠪᠴᠢᠶᠡᠨ᠎ᠳᠤ ᠦᠷᠭᠦᠯᠵᠢᠯᠡᠨ ᠲᠦᠯᠬᠢᠨ ᠠᠬᠢᠭᠤᠯᠬᠤ ᠪᠣᠯᠤᠨ᠎ᠠ᠃


ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠣᠶᠣᠯ ᠵᠢᠭᠤᠯᠴᠢᠯᠠᠯᠲᠤ ᠳᠤᠮᠳᠠᠳᠤ ᠤᠯᠤᠰ᠎ᠤᠨ ᠠᠭᠤᠯᠵᠠᠯᠲᠠ ᠵᠢᠨ ᠲᠢᠩᠬᠢᠮ— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠸᠠᠩ ᠰᠢᠤᠸᠠᠢ ᠹᠸᠩ᠎ᠢ ᠲᠤᠰᠬᠠᠢ᠌ᠯᠠᠨ ᠰᠤᠷᠪᠤᠯᠵᠢᠯᠠᠪᠠ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠪᠥᠬᠥ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠰᠡᠷᠡᠮᠵᠢᠯᠡᠭᠦᠯᠬᠦ ᠬᠥᠮᠦᠵᠢᠯ᠎ᠤᠨ ᠸᠢᠳᠢᠤ᠋ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
2021 ᠣᠨ᠎ᠤ ᠬᠥᠬᠡᠬᠣᠲᠠ ᠵᠢᠨ ᠪᠠᠶᠠᠷ ᠳᠤᠷᠠᠰᠬᠠᠯ᠎ᠤᠨ ᠡᠳᠦᠷ ᠦᠵᠡᠮᠵᠢ ᠵᠢᠨ ᠣᠷᠣᠨ᠎ᠳᠤ《ᠵᠢᠷᠭᠤᠭ᠎ᠠ ᠵᠢ ᠣᠷᠣᠭᠤᠯᠬᠤ》ᠰᠢᠷᠢᠰ ᠠᠵᠢᠯᠯᠠᠭ᠎ᠠ ᠳᠠᠯᠠᠨ ᠬᠠᠷ᠎ᠠ ᠠᠭᠤᠯᠠ ᠵᠢᠨ ᠬᠤᠪᠢᠰᠬᠠᠯ᠎ᠤᠨ ᠰᠣᠶᠣᠯ᠎ᠤᠨ ᠴᠡᠴᠡᠷᠯᠢᠭ᠎ᠲᠤ ᠶᠠᠪᠤᠭᠳᠠᠪᠠ
ᠪᠠᠶᠠᠷ ᠪᠠᠶᠠᠰᠬᠤᠯᠠᠩᠲᠤ ᠮᠥᠰᠥ ᠴᠠᠰᠤᠨ᠎ᠤ ᠵᠢᠭᠤᠯᠴᠢᠯᠠᠯ᠎ᠤᠨ ᠤᠯᠠᠷᠢᠯ · ᠥᠪᠥᠷ ᠮᠣᠩᠭᠣᠯ᠎ᠤᠨ ᠮᠥᠰᠥ ᠴᠠᠰᠤᠨ᠎ᠤ ᠭᠣᠣᠯ ᠰᠡᠳᠦᠪᠲᠦ ᠠᠵᠢᠯᠯᠠᠭ᠎ᠠ ᠵᠢᠴᠢ ᠬᠥᠯᠥᠨ ᠪᠣᠶ᠋ᠢᠷ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠮᠥᠰᠥ ᠴᠠᠰᠤᠨ᠎ᠤ ᠰᠣᠶᠣᠯ᠎ᠤᠨ ᠲᠠᠮᠢᠷ᠎ᠤᠨ ᠬᠥᠳᠡᠯᠭᠡᠭᠡᠨ᠎ᠤ ᠵᠢᠭᠤᠯᠴᠢᠯᠠᠯ᠎ᠤᠨ ᠤᠯᠠᠷᠢᠯ ᠶᠠᠭᠰᠢ᠎ᠳᠤ ᠬᠥᠳᠡᠯᠦᠨ᠎ᠡ
ᠯᠢᠶᠣᠤ ᠵᠢᠨ ᠳᠡᠭᠡᠳᠦ ᠨᠡᠢ᠌ᠰᠯᠡᠯ᠎ᠤᠨ ᠪᠠᠭᠤᠷᠢ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠲᠤ ᠰᠤᠩᠭᠤᠭᠳᠠᠪᠠ
 
            