ᠶᠡᠷᠦᠩᠬᠡᠶ ᠱᠦᠵᠢ ᠰᠢ ᠵᠢᠨ ᠫᠢᠩ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠤᠨ 2020 ᠣᠨ᠎ᠤ 4 ᠳ᠋ᠤᠭᠡᠷ ᠰᠠᠷ᠎ᠠ᠎ᠳᠤ ᠡᠦ ᠠᠨ ᠵᠧᠦ ᠵᠢᠨ ᠯᠢᠶᠣᠤ ᠵᠢᠨ ᠰᠤᠪᠤᠷᠭ᠎ᠠ ᠵᠢᠨ ᠬᠠᠮᠠᠭ᠋ᠠᠯᠠᠯᠲᠠ ᠵᠢᠨ ᠠᠵᠢᠯ᠎ᠳᠤ ᠥᠭᠭᠦᠭᠰᠡᠨ ᠴᠢᠬᠤᠯᠠ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠭᠦᠨᠵᠡᠭᠡᠶ ᠲᠤᠩᠭ᠋ᠠᠨ ᠪᠣᠳᠣᠯᠬᠢᠯᠠᠵᠤ᠂ ᠪᠥᠬᠥ ᠣᠷᠣᠨ᠎ᠤ ᠬᠠᠭᠤᠴᠢ ᠠᠵᠢᠯ᠎ᠤᠨ ᠰᠢᠰᠲ᠋ᠧᠮ᠎ᠤᠨ ᠰᠤᠷᠲᠠᠯ᠎ᠤᠨ ᠪᠠᠢ᠌ᠭᠤᠯᠤᠯᠲᠠ ᠵᠢ ᠤᠯᠠᠮ ᠴᠢᠨᠠᠭᠰᠢᠳᠠ ᠴᠢᠩᠭ᠋ᠠᠳᠬᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠢ ᠲᠠᠰᠤᠷᠠᠯᠲᠠ ᠥᠬᠡᠶ ᠴᠢᠩᠭ᠋ᠠᠳᠬᠠᠬᠤ ᠪᠠ ᠡᠭᠦᠷᠭᠡ ᠬᠠᠷᠢᠭᠤᠴᠠᠯᠭ᠎ᠠ᠎ᠪᠠᠨ ᠪᠠᠲᠤᠳᠬᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ 5 ᠳ᠋ᠤᠭ᠋ᠠᠷ ᠰᠠᠷ᠎ᠠ ᠵᠢᠨ 27᠎ᠤ ᠡᠳᠦᠷ ᠪᠥᠬᠥ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠰᠡᠷᠡᠮᠵᠢᠯᠡᠭᠦᠯᠬᠦ ᠬᠥᠮᠦᠵᠢᠯ᠎ᠤᠨ ᠸᠢᠳᠢᠣ᠋ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠳᠠᠷᠤᠭ᠎ᠠ ᠼᠤᠤ ᠵᠢᠶᠠᠨ ᠧᠨ ᠬᠤᠷᠠᠯ᠎ᠢ ᠡᠷᠭᠢᠯᠡᠪᠡ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠵᠢᠯ᠎ᠤᠨ ᠲᠤᠬᠠᠶ ᠭᠣᠤᠯ ᠥᠭᠦᠯᠡᠯᠲᠡ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢ᠌ᠯᠠᠭ᠋ᠠᠵᠤ᠂ ᠡᠦ ᠠᠨ ᠵᠧᠦ ᠵᠢᠨ ᠯᠢᠶᠣᠤ ᠵᠢᠨ ᠰᠤᠪᠤᠷᠭ᠎ᠠ ᠵᠢ ᠬᠠᠮᠠᠭ᠋ᠠᠯᠠᠨ ᠰᠡᠯᠪᠢᠵᠦ ᠵᠠᠰᠠᠭᠰᠠᠨ ᠠᠵᠢᠯ᠎ᠤᠨ ᠰᠤᠷᠭ᠋ᠠᠮᠵᠢ ᠵᠢ ᠭᠦᠨᠵᠡᠭᠡᠶ ᠰᠢᠩᠭᠡᠭᠡᠨ ᠠᠪᠴᠤ᠂ ᠮᠠᠨ᠎ᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤ ᠠᠵᠢᠯ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠨᠠᠷᠢᠨ ᠬᠢᠨᠠᠮᠠᠭ᠋ᠠᠶ ᠡᠷᠭᠢᠴᠡᠭᠦᠯᠦᠨ ᠪᠣᠳᠣᠯᠬᠢᠯᠠᠬᠤ ᠬᠡᠷᠡᠭᠲᠡᠶ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ᠎ᠳᠤ ᠡᠷᠬᠡᠪᠰᠢ ᠠᠵᠢᠯ᠎ᠤᠨ ᠰᠤᠷᠲᠠᠯ ᠵᠶ᠋ᠠᠨ ᠬᠤᠪᠢᠷᠠᠭᠤᠯᠵᠤ᠂ ᠦᠵᠡᠯ ᠰᠠᠨᠠᠭ᠎ᠠ ᠲᠠᠨᠢᠯᠲᠠ ᠪᠠ ᠠᠵᠢᠯ᠎ᠤᠨ ᠰᠤᠷᠲᠠᠯ᠎ᠤᠨ ᠲᠠᠯ᠎ᠠ᠎ᠪᠠᠷ ᠦᠨᠳᠦᠰᠦ ᠰᠤᠷᠪᠤᠯᠵᠢ ᠡᠷᠢᠵᠦ᠂ ᠴᠡᠭᠴᠡᠯᠡᠨ ᠰᠠᠢ᠌ᠵᠢᠷᠠᠭᠤᠯᠬᠤ ᠵᠢ ᠠᠳᠬᠤᠬᠤ ᠵᠢ ᠴᠢᠬᠤᠯᠠᠴᠢᠯᠠᠵᠤ᠂《ᠴᠢᠯᠠᠭᠤ ᠵᠢ ᠬᠢᠰᠬᠢᠪᠡᠯ ᠮᠥᠷ᠎ᠲᠠᠢ᠂ ᠲᠡᠮᠦᠷ᠎ᠢ ᠠᠳᠬᠤᠪᠠᠯ ᠤᠷᠤᠮ᠎ᠲᠠᠢ》ᠪᠠᠢ᠌ᠬᠤ ᠵᠣᠷᠢᠭ ᠰᠠᠨᠠᠭ᠎ᠠ᠎ᠪᠠᠷ ᠬᠠᠭᠤᠴᠢᠨ ᠠᠷᠬᠠᠭ᠎ᠢ ᠠᠷᠢᠯᠭ᠋ᠠᠵᠤ᠂ ᠠᠵᠢᠯ᠎ᠤᠨ ᠰᠤᠷᠲᠠᠯ ᠵᠶ᠋ᠠᠨ ᠬᠤᠪᠢᠷᠠᠭᠤᠯᠬᠤ ᠬᠡᠷᠡᠭᠲᠡᠢ; ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ᠎ᠳᠤ ᠡᠷᠬᠡᠪᠰᠢ ᠰᠢᠨᠵᠢᠯᠡᠬᠦ ᠤᠬᠠᠭ᠋ᠠᠨᠴᠢ ᠤᠢ᠍ᠢ᠍ᠯᠠᠭ᠋ᠠᠭᠳᠠᠬᠤᠨ᠎ᠢ ᠪᠤᠢ ᠪᠣᠯᠭ᠋ᠠᠵᠤ᠂《ᠬᠠᠮᠠᠭ᠋ᠠᠯᠠᠬᠤ᠎ᠪᠠᠷ ᠭᠣᠣᠯ ᠪᠤᠯᠭ᠋ᠠᠵᠤ᠂ ᠠᠪᠤᠷᠠᠬᠤ ᠵᠢ ᠲᠡᠷᠢᠭᠦᠨ᠎ᠳᠤ ᠲᠠᠯᠪᠢᠬᠤ᠂ ᠵᠦᠢ ᠵᠣᠬᠢᠰᠲᠠᠢ ᠠᠰᠢᠭᠯᠠᠵᠤ᠂ ᠬᠠᠮᠢᠶᠠᠷᠤᠯᠲᠠ ᠵᠢ ᠴᠢᠩᠭ᠋ᠠᠳᠬᠠᠬᠤ》ᠠᠵᠢᠯ᠎ᠤᠨ ᠴᠢᠭᠯᠡᠯᠲᠡ ᠵᠢ ᠢᠮᠠᠭᠲᠠ ᠪᠠᠷᠢᠮᠲᠠᠯᠠᠵᠤ᠂《ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ᠎ᠨᠢ ᠴᠦ᠍ ᠵᠠᠰᠠᠭ᠎ᠤᠨ ᠠᠵᠢᠯ᠎ᠤᠨ ᠠᠮᠵᠢᠯᠲᠠ ᠮᠥᠨ》ᠭᠡᠬᠦ ᠤᠢ᠍ᠢ᠍ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠬᠠᠮᠢᠶᠠᠷᠤᠯᠲᠠ ᠵᠢ ᠴᠢᠩᠭ᠋ᠠᠳᠬᠠᠬᠤ᠎ᠪᠠᠷ ᠬᠠᠮᠠᠭ᠋ᠠᠯᠠᠯᠲᠠ ᠵᠢᠨ ᠦᠨᠳᠦᠰᠦ ᠰᠠᠭᠤᠷᠢ ᠪᠤᠯᠭ᠋ᠠᠬᠤ ᠬᠡᠷᠡᠭᠲᠡᠢ; ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ᠎ᠳᠤ ᠡᠷᠬᠡᠪᠰᠢ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠲᠤᠯᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠵᠢ ᠪᠡᠶᠡᠯᠡᠭᠦᠯᠬᠦ ᠬᠡᠷᠡᠭᠲᠡᠢ; ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ᠎ᠳᠤ ᠡᠷᠬᠡᠪᠰᠢ ᠬᠠᠷᠢᠭᠤᠴᠠᠯᠭ᠎ᠠ ᠲᠤᠯᠭ᠋ᠠᠵᠤ ᠦᠷ᠎ᠡ ᠪᠦᠲᠦᠮᠵᠢ ᠵᠢ ᠠᠰᠠᠭᠤᠵᠤ᠂ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ ᠳ᠋ᠦᠩ᠎ᠢ ᠲᠥᠰᠦᠪ᠎ᠤᠨ ᠲᠤᠬᠢᠷᠠᠭᠤᠯᠤᠯᠳᠠ ᠪᠣᠯᠤᠨ ᠲᠦᠷᠦᠯ ᠵᠦᠢ᠍ᠯ᠎ᠤᠨ ᠬᠤᠪᠢᠶᠠᠷᠢᠯᠠᠯᠲᠠ᠎ᠲᠠᠢ ᠬᠣᠯᠪᠣᠵᠤ᠂ ᠵᠣᠭᠣᠰ ᠵᠠᠷᠤᠬᠤ᠎ᠳᠤ ᠡᠷᠬᠡᠪᠰᠢ ᠦᠷ᠎ᠡ ᠪᠦᠲᠦᠮᠵᠢ ᠵᠢ ᠠᠰᠠᠭᠤᠬᠤ᠂ ᠦᠷ᠎ᠡ ᠪᠦᠲᠦᠮᠵᠢ ᠦᠭᠡᠢ ᠪᠣᠯ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ ᠵᠢ ᠪᠡᠶᠡᠯᠡᠭᠦᠯᠵᠦ᠂ ᠡᠳ᠋᠎ᠤᠨ ᠵᠠᠰᠠᠭ᠎ᠤᠨ ᠲᠦᠷᠦ ᠵᠢᠨ ᠪᠤᠳᠤᠯᠭ᠎ᠠ ᠪᠣᠯᠤᠨ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠨᠡᠩ ᠬᠦᠴᠦ᠎ᠪᠠᠨ ᠲᠥᠪᠯᠡᠷᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠪᠦᠬᠦ ᠣᠷᠣᠨ᠎ᠤ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠬᠠᠭᠤᠴᠢ ᠠᠵᠢᠯ᠎ᠤᠨ ᠨᠢᠭᠡᠴᠢ᠎ᠨᠦᠭᠦᠳ ᠦᠵᠡᠯ ᠰᠠᠨᠠᠭ᠎ᠠ ᠲᠠᠨᠢᠯᠲᠠ ᠪᠣᠯᠤᠨ ᠤᠯᠤᠰ ᠲᠥᠷᠥ ᠵᠢᠨ ᠵᠣᠭᠰᠣᠴᠠ᠎ᠪᠠᠨ ᠲᠠᠰᠤᠷᠠᠯᠲᠠ ᠤᠢ᠍ᠭᠡᠢ ᠳᠡᠭᠡᠭᠰᠢᠯᠡᠭᠦᠯᠵᠦ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠴᠢᠩᠭ᠋ᠠᠳᠬᠠᠵᠤ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠵᠢᠯ᠎ᠢ ᠰᠠᠢ᠌ᠲᠤᠷ ᠬᠢᠬᠦ ᠵᠢᠨ ᠴᠢᠬᠤᠯᠠ ᠶᠡᠬᠡ ᠠᠴᠢ ᠬᠣᠯᠪᠣᠭᠳᠠᠯ ᠪᠣᠯᠤᠨ ᠲᠤᠯᠭ᠋ᠠᠷᠠᠵᠤ ᠪᠠᠢ᠌ᠭ᠎ᠠ ᠪᠠᠢ᠌ᠳᠠᠯ᠂ ᠦᠷᠢᠰᠦᠯᠳᠦᠭᠡᠨ᠎ᠢ ᠭᠦᠢᠴᠡᠳ ᠲᠣᠳᠣᠷᠬᠠᠶ ᠲᠠᠨᠢᠵᠤ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ ᠪᠣᠯ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠵᠢᠯ᠎ᠤᠨ ᠲᠡᠷᠢᠭᠦᠨ ᠴᠢᠬᠤᠯᠠ ᠡᠭᠦᠷᠭᠡ ᠪᠣᠯᠬᠤ ᠦᠵᠡᠯ ᠰᠠᠨᠠᠭ᠎ᠠ ᠤᠬᠠᠮᠰᠠᠷ᠎ᠢ ᠪᠠᠲᠤ ᠪᠡᠬᠢ ᠪᠣᠶ ᠪᠤᠯᠭ᠋ᠠᠵᠤ᠂ ᠣᠳᠣᠬᠢ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠠᠵᠢᠯ᠎ᠤᠨ ᠵᠢᠮ᠎ᠡ ᠬᠠᠤᠯᠢ ᠵᠢᠨ ᠰᠢᠨ᠎ᠡ ᠣᠨᠴᠠᠯᠢᠭ᠎ᠢ ᠰᠤᠳᠤᠯᠤᠨ ᠳ᠋ᠦᠩᠨᠡᠵᠦ᠂ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠯᠳᠦᠭᠦᠯᠵᠦ᠂ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠵᠣᠷᠢᠭ ᠰᠠᠨᠠᠭ᠎ᠠ᠎ᠪᠠᠷ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠪᠦᠬᠦ ᠲᠠᠯ᠎ᠠ᠎ᠪᠠᠷ ᠰᠠᠢ᠌ᠲᠤᠷ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠠᠵᠢᠯ᠎ᠤᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠵᠤ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠦᠢᠯᠡᠰ᠎ᠤᠨ ᠬᠥᠭᠵᠢᠯᠲᠡ ᠵᠢ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠢᠳᠡᠪᠬᠢᠲᠡᠢ᠎ᠪᠠᠷ ᠠᠭᠤᠰᠤᠯᠴᠠᠭᠤᠯᠬᠤ ᠪᠠ ᠦᠢᠯᠡᠴᠢᠯᠡᠭᠦᠯᠬᠦ ᠬᠡᠷᠡᠭᠲᠡᠶ ᠃
ᠬᠤᠷᠠᠯ᠎ᠠᠴᠠ ᠲᠠᠷᠠᠭ᠋ᠠᠴᠢ ᠵᠢᠨ ᠠᠯᠬᠤᠮ᠎ᠳᠤ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ ᠲᠤᠬᠠᠶ ᠳᠣᠤᠷᠠᠬᠢ ᠱᠠᠭ᠋ᠠᠷᠳᠠᠯᠭ᠎ᠠ ᠵᠢ ᠳᠤᠷᠠᠳᠪᠠ᠄ ᠨᠢᠭᠡ᠎ᠳᠤ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠤ ᠲᠠᠯ᠎ᠠ᠎ᠪᠠᠷ ᠬᠣᠷᠢᠭ᠎ᠠ ᠱᠤᠭᠤᠮ᠎ᠢ ᠰᠠᠬᠢᠬᠤ ᠬᠡᠷᠡᠭᠲᠡᠶ᠃ ᠠᠮᠤᠷ ᠲᠦᠪᠰᠢᠨ᠎ᠤ ᠬᠠᠷᠢᠭᠤᠴᠠᠯᠭ᠎ᠠ ᠵᠢ ᠴᠢᠩᠭ᠎ᠠ ᠨᠠᠢ᠍ᠳᠠᠪᠤᠷᠢᠵᠢᠭᠤᠯᠬᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠡᠨ ᠴᠢᠩᠭ᠋ᠠᠷᠠᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠳᠡᠭᠡᠭᠰᠢᠯᠡᠭᠦᠯᠬᠦ ᠬᠡᠷᠡᠭᠲᠡᠢ᠃ ᠬᠣᠶᠠᠷ᠎ᠲᠤ᠂ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠦᠵᠡᠯᠲᠡ᠎ᠪᠠᠨ ᠢᠳᠡᠪᠬᠢᠲᠡᠶ᠎ᠪᠠᠷ ᠬᠤᠪᠢᠷᠠᠭᠤᠯᠵᠤ᠂ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠰᠠᠢ᠌ᠲᠤᠷ ᠬᠢᠬᠦ ᠬᠡᠷᠡᠭᠲᠡᠶ᠃ ᠭᠤᠷᠪᠠ᠎ᠳᠤ᠂ ᠲᠡᠦᠬᠡ ᠵᠢᠨ ᠳᠤᠷᠠᠰᠬᠠᠯᠲᠤ ᠵᠦᠢ᠍ᠯ᠎ᠢ ᠠᠰᠢᠭᠯᠠᠬᠤ ᠲᠠᠯ᠎ᠠ᠎ᠪᠠᠷ᠎ᠬᠢ ᠠᠵᠢᠯ᠎ᠢ ᠰᠠᠢ᠌ᠲᠤᠷ ᠬᠢᠬᠦ ᠬᠡᠷᠡᠭᠲᠡᠢ᠃ ᠲᠣᠮᠣ ᠪᠠᠭᠤᠷᠢ ᠵᠢ ᠬᠠᠮᠠᠭ᠋ᠠᠯᠠᠬᠤ ᠪᠠ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠵᠤ᠂ ᠮᠦᠽᠧᠶ ᠵᠢᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠂ ᠰᠢᠷᠢᠰ ᠤᠬᠠᠭᠤᠯᠭ᠎ᠠ ᠪᠠ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠦᠷᠨᠢᠭᠦᠯᠬᠦ ᠬᠡᠷᠡᠭᠲᠡᠢ᠃ ᠳᠥᠷᠪᠡ᠎ᠳᠤ᠂ ᠬᠠᠭᠤᠴᠢ ᠰᠤᠳᠤᠯᠤᠯ᠎ᠤᠨ ᠲᠠᠯ᠎ᠠ᠎ᠪᠠᠷ ᠰᠢᠪᠲᠤᠯᠤᠯᠲᠠ ᠭᠠᠷᠭ᠋ᠠᠬᠤ ᠬᠡᠷᠡᠭᠲᠡᠶ᠃ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ᠎ᠢ ᠴᠢᠩᠭ᠋ᠠᠳᠬᠠᠵᠤ᠂ ᠬᠠᠭᠤᠴᠢ ᠰᠤᠳᠤᠯᠤᠯ᠎ᠤᠨ ᠡᠬᠢ ᠪᠠᠶᠠᠯᠢᠭ᠎ᠤᠨ ᠠᠰᠢᠭᠯᠠᠯᠲᠠ ᠵᠢ ᠰᠠᠢ᠌ᠲᠤᠷ ᠬᠢᠵᠦ᠂ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠢ ᠰᠤᠳᠤᠯᠤᠨ ᠲᠠᠢ᠌ᠯᠪᠤᠷᠢᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠲᠠᠪᠤ᠎ᠳᠤ᠂ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ ᠳᠡᠭᠡᠷ᠎ᠡ ᠬᠣᠷᠢᠭ᠎ᠠ ᠱᠤᠭᠤᠮ᠎ᠢ ᠰᠠᠬᠢᠬᠤ ᠬᠡᠷᠡᠭᠲᠡᠶ᠃ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ᠂ ᠮᠦᠽᠧᠶ ᠵᠢᠨ ᠳᠡᠯᠭᠡᠨ ᠦᠵᠡᠭᠦᠯᠬᠦ ᠦᠵᠡᠯ ᠤᠬᠠᠮᠰᠠᠷ᠎ᠤᠨ ᠬᠡᠯᠪᠡᠷᠢ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠰᠠᠭᠤᠳᠠᠯ ᠣᠷᠣᠰᠢᠵᠤ ᠪᠠᠢ᠌ᠭ᠎ᠠ ᠳᠡᠯᠭᠡᠨ ᠦᠵᠡᠭᠦᠯᠬᠦ ᠬᠥᠲᠥᠯᠪᠦᠷᠢ ᠪᠣᠯᠤᠨ ᠲᠠᠢ᠌ᠯᠪᠤᠷᠢᠯᠠᠬᠤ ᠦᠭᠡ ᠵᠢ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠶ᠃ ᠦᠨᠳᠦᠰᠦᠲᠡᠨ᠎ᠤ ᠠᠵᠢᠯ ᠪᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠰᠠᠢ᠌ᠲᠤᠷ ᠬᠢᠬᠦ ᠠᠵᠢᠯ ᠳᠤᠮᠳᠠᠬᠢ ᠮᠦᠽᠧᠢ ᠵᠢᠨ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠢᠮᠠᠭᠲᠠ ᠲᠤᠭᠤᠰᠢᠯᠠᠭᠤᠯᠵᠤ᠂ ᠮᠦᠽᠧᠢ ᠵᠢ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠬᠤ《ᠬᠥᠭᠥᠷᠭᠡ》ᠪᠣᠯᠭ᠋ᠠᠬᠤ ᠬᠡᠷᠡᠭᠲᠡᠢ᠃ 
ᠬᠤᠷᠠᠯ᠎ᠠᠴᠠ ᠪᠠᠰᠠ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠵᠣᠬᠢᠶᠠᠨ ᠪᠠᠢ᠌ᠭᠤᠯᠤᠨ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠢ᠎ᠠ᠂ ᠬᠥᠬᠡᠬᠣᠲᠠ᠂ ᠬᠢᠩᠭ᠋ᠠᠨ ᠠᠢ᠌ᠮᠠᠭ᠂ ᠤᠯᠠᠭ᠋ᠠᠨᠬᠠᠳᠠ ᠬᠤᠳᠠ᠂ ᠠᠯᠠᠱ᠌ᠠ ᠠᠢ᠌ᠮᠠᠭ᠂ ᠠᠤᠬᠠᠨ ᠬᠣᠰᠢᠭᠤ ᠲᠤᠰ ᠲᠤᠰ ᠡᠦ ᠠᠨ ᠵᠧᠦ ᠵᠢᠨ ᠯᠢᠶᠣᠤ ᠵᠢᠨ ᠰᠤᠪᠤᠷᠭ᠎ᠠ ᠵᠢ ᠬᠠᠮᠠᠭ᠋ᠠᠯᠠᠬᠤ ᠪᠠ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠤᠨ ᠲᠣᠭᠣᠷᠢᠨ᠎ᠳᠤ ᠦᠭᠡ ᠬᠡᠯᠡᠪᠡ ᠃
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠪᠠᠢ᠌ᠭᠤᠯᠭ᠎ᠠ ᠵᠢᠨ ᠪᠥᠬᠥ ᠠᠵᠢᠯᠲᠠᠨ᠂ ᠰᠢᠭᠤᠳ ᠬᠠᠷᠢᠶ᠎ᠠ ᠬᠠᠭᠤᠴᠢ ᠠᠵᠢᠯ᠎ᠤᠨ ᠨᠢᠭᠡᠴᠢ ᠵᠢᠨ ᠳᠤᠮᠳᠠᠬᠢ᠎ᠠᠴᠠ ᠳᠡᠭᠡᠭᠰᠢᠬᠢ ᠺᠠᠳ᠋ᠷᠴᠤᠳ ᠭᠣᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠤ᠂ ᠡᠯ᠎ᠡ ᠠᠢ᠌ᠮᠠᠭ ᠬᠣᠲᠠ ᠭᠣᠤᠯ ᠬᠤᠷᠠᠯ᠎ᠤᠨ ᠲᠠᠯᠠᠪᠠᠶ ᠵᠢᠨ ᠬᠤᠷᠠᠯ᠎ᠳᠤ ᠣᠷᠣᠯᠴᠠᠭᠰᠠᠳ᠎ᠲᠠᠢ ᠬᠠᠷᠢᠴᠠᠭᠤᠯᠤᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃