ᠶᠡᠬᠡ ᠴᠠᠰᠤᠨ᠎ᠤ ᠤᠯᠠᠷᠢᠯ᠎ᠳᠤ᠂ ᠬᠥᠯᠥᠨ ᠪᠤᠢ᠍ᠢ᠍ᠷ᠎ᠤᠨ ᠶᠡᠬᠡ ᠴᠠᠰᠤᠨ᠎ᠤ ᠲᠠᠯ᠎ᠠ ᠮᠥᠰᠥ᠎ᠨᠢ ᠲᠤᠩᠭ᠋ᠠᠯᠠᠭ ᠬᠠᠰ᠎ᠨᠢ ᠲᠤᠩᠭ᠋ᠠᠯᠠᠭ ᠪᠠᠢ᠌ᠵᠤ᠂ ᠶᠡᠬᠡ ᠬᠢᠩᠭ᠋ᠠᠨ ᠳᠠᠪᠠᠭ᠎ᠠ ᠵᠢᠨ ᠤᠢ ᠰᠢᠭᠤᠢ᠎ᠳᠤ ᠮᠥᠩᠭᠥᠨ ᠥᠩᠭᠡ᠎ᠪᠠᠷ ᠪᠠᠭᠯᠠᠭᠳᠠᠵᠤ᠂ ᠳᠥᠷᠪᠡᠳᠦᠭᠡᠷ ᠬᠥᠯᠥᠨ ᠪᠤᠢ᠍ᠢ᠍ᠷ᠎ᠤᠨ ᠮᠥᠰᠥ ᠴᠠᠰᠤᠨ᠎ᠤ ᠡᠳᠦᠷ ᠪᠣᠯᠵᠣᠭ᠎ᠠ ᠶᠣᠰᠣᠭ᠋ᠠᠷ ᠵᠶ᠋ᠠᠨ ᠬᠦᠷᠴᠦ ᠢᠷᠡᠪᠡ᠃ᠲᠦᠷᠦᠭᠦᠬᠡᠨ᠂ 2022 — 2023 ᠪᠠᠶᠠᠷ ᠪᠠᠶᠠᠰᠬᠤᠯᠠᠩᠲᠤ ᠮᠥᠰᠥ ᠴᠠᠰᠤᠨ᠎ᠤ ᠵᠢᠭᠤᠯᠴᠢᠯᠠᠯ᠎ᠤᠨ ᠤᠯᠠᠷᠢᠯ · ᠥᠪᠥᠷ ᠮᠣᠩᠭᠣᠯ᠎ᠤᠨ ᠮᠥᠰᠥ ᠴᠠᠰᠤᠨ᠎ᠤ ᠭᠣᠣᠯ ᠰᠡᠳᠦᠪᠲᠦ ᠠᠵᠢᠯᠯᠠᠭ᠎ᠠ ᠵᠢᠴᠢ ᠬᠥᠯᠥᠨ ᠪᠣᠶ᠋ᠢᠷ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠮᠥᠰᠥ ᠴᠠᠰᠤᠨ᠎ᠤ ᠰᠣᠶᠣᠯ᠎ᠤᠨ ᠲᠠᠮᠢᠷ᠎ᠤᠨ ᠬᠥᠳᠡᠯᠭᠡᠭᠡᠨ᠎ᠤ ᠵᠢᠭᠤᠯᠴᠢᠯᠠᠯ᠎ᠤᠨ ᠤᠯᠠᠷᠢᠯ 《ᠳᠤᠮᠳᠠᠳᠤ ᠤᠯᠤᠰ᠎ᠤᠨ ᠮᠥᠰᠥ ᠴᠠᠰᠤᠨ᠎ᠤ ᠬᠣᠲᠠ》 ᠵᠢᠨ ᠶᠠᠭᠰᠢ᠎ᠳᠤ ᠡᠬᠢᠯᠡᠪᠡ᠃ᠬᠣᠲᠠ ᠵᠢᠨ ᠨᠠᠮ᠎ᠤᠨ ᠬᠣᠷᠢᠶᠠᠨ᠎ᠤ ᠱᠦᠵᠢ ᠭᠣᠸ᠋ ᠷᠦᠨ ᠰᠢ ᠬᠤᠷᠠᠯ᠎ᠳᠤ ᠣᠷᠣᠯᠴᠠᠵᠤ ᠡᠬᠢᠯᠡᠭᠰᠡᠨ᠎ᠢ ᠵᠠᠷᠯᠠᠵᠤ᠂ ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠵᠢᠴᠢ ᠶᠦᠩ ᠴᠢᠶᠠᠨ ᠪᠠᠶᠠᠷ᠎ᠤᠨ ᠦᠭᠡ ᠬᠡᠯᠡᠵᠡᠢ;ᠬᠣᠲᠠ ᠵᠢᠨ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ᠂ ᠬᠣᠲᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠣᠶ ᠰᠢᠭᠤᠢ ᠵᠢᠨ ᠠᠵᠤ ᠦᠢ᠍ᠯᠡᠳᠪᠦᠷᠢ᠂ ᠠᠲᠠᠷ ᠬᠠᠭ᠋ᠠᠯᠪᠤᠷᠢᠯᠠᠯᠲᠠ ᠵᠢᠨ ᠪᠦᠯᠦᠭᠯᠡᠯ᠎ᠤᠨ ᠬᠠᠷᠢᠭᠤᠴᠠᠯᠭ᠋ᠠᠲᠠᠨ ᠨᠥᠬᠥᠳ ᠣᠷᠣᠯᠴᠠᠵᠠᠢ᠃
ᠬᠥᠯᠥᠨ ᠪᠤᠢ᠍ᠢ᠍ᠷ᠎ᠤᠨ ᠲᠡᠦᠬᠡ ᠵᠢᠨ ᠮᠦᠽᠧᠢ ᠵᠢᠨ ᠡᠮᠦᠨ᠎ᠡ ᠠᠭᠤᠳᠠᠮ ᠲᠠᠯᠠᠪᠠᠢ᠎ᠳᠠᠬᠢ ᠬᠥᠯᠥᠨ ᠪᠤᠢ᠍ᠢ᠍ᠷ ᠬᠤᠳᠠ ᠵᠢᠨ ᠲᠠᠪᠤᠳᠤᠭ᠋ᠠᠷ ᠬᠤᠭᠤᠴᠠᠭ᠋ᠠᠨ᠎ᠤ ᠴᠠᠰᠤᠨ ᠱᠤᠭᠤᠮᠠᠯ᠎ᠤᠨ ᠤᠷᠤᠯᠳᠤᠭ᠋ᠠᠨ᠎ᠤ ᠪᠦᠲᠦᠭᠡᠯ ᠤᠯᠠᠨ᠎ᠤ ᠮᠠᠭᠲᠠᠭ᠋ᠠᠯ ᠰᠠᠢ᠌ᠰᠢᠶᠠᠯ᠎ᠢ ᠣᠯᠵᠤ᠂ ᠪᠦᠬᠦ ᠤᠯᠤᠰ᠎ᠤᠨ 5 ᠮᠤᠵᠢ ᠵᠢᠨ 46 ᠤᠷᠤᠯᠳᠤᠭ᠋ᠠᠨ᠎ᠳᠤ ᠣᠷᠤᠯᠴᠠᠬᠤ ᠠᠩᠭᠢ ᠰᠢᠷᠦᠭᠦᠨ ᠥᠷᠢᠰᠦᠯᠳᠦᠵᠦ᠂ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠭᠰᠠᠨ 20 ᠪᠦᠯᠦᠭ ᠥᠨᠳᠥᠷ ᠲᠦᠪᠰᠢᠨ᠎ᠲᠠᠢ ᠴᠠᠰᠤᠨ ᠱᠤᠭᠤᠮᠠᠯ᠎ᠤᠨ ᠪᠦᠲᠦᠭᠡᠯ᠎ᠨᠢ《ᠵᠢᠷᠭᠤᠭ᠋ᠠᠨ ᠣᠷᠳᠣᠨ ᠨᠢᠭᠡ ᠨᠠᠭᠤᠷ》》᠎ᠤᠨ ᠰᠣᠶᠣᠯ ᠵᠤᠭ᠋ᠠᠴᠠᠯ᠎ᠤᠨ ᠠᠭᠤᠰᠤᠯᠴᠠᠭᠰᠠᠨ ᠵᠢᠱ᠌ᠢᠶ᠎ᠡ ᠦᠵᠡᠭᠦᠯᠬᠦ ᠣᠷᠣᠨ᠎ᠤ ᠦᠵᠡᠰᠬᠦᠯᠡᠩᠲᠦ ᠰᠠᠢ᠌ᠬᠠᠨ ᠦᠵᠡᠮᠵᠢ ᠪᠣᠯᠤᠭᠰᠠᠨ ᠪᠠᠢ᠌ᠨ᠎ᠠ᠃
ᠬᠥᠯᠥᠨ ᠪᠣᠶ᠋ᠢᠷ ᠬᠣᠲᠠ ᠵᠢᠨ ᠬᠡᠪᠴᠢᠶᠡᠨ᠎ᠤ ᠪᠦᠬᠦ ᠲᠠᠯ᠎ᠠ ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠬᠦ ᠵᠢ ᠪᠠᠷᠢᠮᠲᠠᠯᠠᠵᠤ᠂ ᠡᠪᠦᠯ᠎ᠤᠨ ᠤᠯᠠᠷᠢᠯ᠎ᠤᠨ ᠵᠤᠭ᠋ᠠᠴᠠᠯ᠎ᠢ ᠬᠥᠭᠵᠢᠶᠡᠨ᠎ᠲᠠᠢ ᠬᠢᠵᠦ᠂ 2022 2023 ᠣᠨ᠎ᠤ ᠡᠪᠦᠯ᠎ᠤᠨ ᠤᠯᠠᠷᠢᠯ᠎ᠤᠨ ᠵᠤᠭ᠋ᠠᠴᠠᠯ᠎ᠤᠨ ᠬᠥᠰᠢᠭᠡ ᠵᠢ ᠰᠡᠬᠦᠵᠦ᠂ ᠬᠥᠯᠥᠨ ᠪᠣᠶ᠋ᠢᠷ᠎ᠤᠨ ᠠᠮᠲᠠ ᠰᠢᠮᠲᠡ· ᠠᠮᠲᠠᠲᠤ ᠢᠳᠡᠭᠡᠨ᠎ᠤ ᠰᠣᠶᠣᠯ᠎ᠤᠨ ᠦᠵᠡᠰᠬᠦᠯᠡᠩ᠂ ᠪᠢ ᠬᠥᠯᠥᠨ ᠪᠣᠶ᠋ᠢᠷ᠎ᠤᠨ ᠶᠡᠬᠡ ᠴᠠᠰᠤᠲᠤ ᠬᠡᠭᠡᠷ᠎ᠡ ᠵᠢᠨ ᠳᠠᠭᠤᠤ ᠬᠥᠭᠵᠢᠮ᠎ᠤᠨ ᠦᠳᠡᠰᠢᠯᠡᠭᠡ ᠵᠡᠷᠭᠡ ᠵᠠᠭᠤᠨ ᠲᠠᠯᠠᠪᠠᠢ ᠤᠷᠠᠨ ᠰᠠᠢ᠌ᠬᠠᠨ᠎ᠤ ᠨᠡᠢ᠌ᠰᠯᠡᠯᠢ ᠴᠣᠭᠴᠠᠯᠠᠨ ᠪᠠᠶ᠋ᠢᠭᠤᠯᠬᠤ ᠤᠷᠠᠨ ᠰᠠᠢ᠌ᠬᠠᠨ᠎ᠤ ᠠᠷᠠᠳ᠎ᠲᠤ ᠠᠰᠢᠭ ᠬᠦᠷᠲᠡᠭᠡᠬᠦ ᠦᠵᠡᠭᠦᠯᠦᠯᠭᠡ ᠵᠢᠨ ᠲᠣᠭᠯᠠᠯᠲᠠ ᠪᠠ ᠮᠥᠰᠥ ᠴᠠᠰᠤᠨ᠎ᠤ ᠨᠠᠭ᠋ᠠᠳᠤᠮ᠂ ᠡᠪᠦᠯ᠎ᠤᠨ ᠤᠯᠠᠷᠢᠯ᠎ᠤᠨ ᠪᠠᠭ᠋ᠠᠲᠤᠷᠴᠤᠳ᠎ᠤᠨ ᠴᠤᠭᠯᠠᠭ᠋ᠠᠨ᠂ ᠬᠦᠢ᠍ᠲᠡᠨ ᠲᠤᠢ᠌ᠯ᠎ᠤᠨ ᠮᠠᠷᠠᠰᠤᠨᠤ ᠴᠤᠭᠯᠠᠭ᠋ᠠᠨ ᠵᠡᠷᠭᠡ ᠰᠣᠶᠣᠯ ᠲᠠᠮᠢᠷ᠎ᠤᠨ ᠠᠷᠠᠳ᠎ᠲᠤ ᠠᠰᠢᠭ ᠬᠦᠷᠲᠡᠭᠡᠬᠦ ᠵᠠᠭᠤᠨ ᠤᠷᠤᠯᠳᠤᠭ᠋ᠠᠨ᠎ᠤ ᠠᠵᠢᠯᠯᠠᠭ᠎ᠠ ᠵᠢ ᠥᠷᠨᠢᠭᠦᠯᠪᠡ᠃ ᠡᠳᠦᠷ ᠪᠦᠷᠢ ᠵᠢᠨ ᠮᠥᠰᠥ ᠴᠠᠰᠤᠨ᠎ᠤ ᠨᠠᠭ᠋ᠠᠳᠤᠮ᠎ᠳᠤ᠂ ᠪᠢ ᠲᠠᠯ᠎ᠠ ᠨᠤᠲᠤᠭ᠎ᠲᠤ ᠴᠠᠭ᠋ᠠᠨ ᠰᠠᠷ᠎ᠠ᠎ᠪᠠᠨ ᠪᠡᠯᠭᠡᠯᠡᠬᠦ ᠵᠡᠷᠭᠡ ᠰᠣᠶᠣᠯ ᠵᠤᠭ᠋ᠠᠴᠠᠯ᠎ᠤᠨ ᠰᠢᠨ᠎ᠡ ᠵᠢ ᠡᠭᠦᠳᠦᠭᠰᠡᠨ ᠪᠦᠲᠦᠭᠡᠭᠳᠡᠬᠦᠨ ᠵᠶ᠋ᠡᠷ ᠥᠷᠭᠡᠨ ᠤᠯᠠᠨ ᠬᠤᠳᠠ ᠵᠢᠨ ᠠᠷᠠᠳ ᠪᠣᠯᠣᠨ ᠵᠤᠭ᠋ᠠᠴᠠᠭᠰᠠᠳ᠎ᠲᠤ ᠮᠥᠰᠥ ᠴᠠᠰᠤᠨ᠎ᠤ ᠬᠡᠯᠪᠡᠷᠢ ᠵᠢᠨ ᠰᠢᠯᠦᠭ ᠪᠣᠯᠣᠨ ᠠᠯᠤᠰ᠎ᠤᠨ ᠠᠶᠠᠯᠠᠯ᠎ᠢ ᠪᠦᠲᠦᠭᠡᠵᠦ ᠥᠭᠬᠦ ᠪᠣᠯᠣᠨ᠎ᠠ᠃
ᠣᠢ᠌ᠯᠠᠭ᠋ᠠᠭᠰᠠᠨ ᠵᠶ᠋ᠠᠷ᠂ ᠬᠥᠯᠥᠨ ᠪᠣᠶ᠋ᠢᠷ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠮᠥᠰᠥ ᠴᠠᠰᠤᠨ᠎ᠤ ᠰᠣᠶᠣᠯ᠎ᠤᠨ ᠲᠠᠮᠢᠷ᠎ᠤᠨ ᠬᠥᠳᠡᠯᠭᠡᠭᠡᠨ᠎ᠤ ᠵᠢᠭᠤᠯᠴᠢᠯᠠᠯ᠎ᠤᠨ ᠤᠯᠠᠷᠢᠯ᠎ᠳᠤ ᠰᠢᠨ᠎ᠡ ᠴᠠᠭ ᠦᠶ᠎ᠡ ᠵᠢ ᠮᠠᠭᠲᠠᠨ ᠰᠠᠢ᠌ᠰᠢᠶᠠᠬᠤ᠂ ᠠᠷᠪᠠᠨ ᠳᠥᠷᠪᠡᠨ ᠡᠪᠦᠯ᠎ᠢ ᠪᠠᠶᠠᠷᠯᠠᠨ ᠤᠭᠲᠤᠬᠤ᠂ ᠦᠵᠡᠰᠬᠦᠯᠡᠩᠲᠦ ᠰᠠᠢ᠌ᠬᠠᠨ ᠴᠠᠰᠤᠲᠤ ᠲᠠᠯ᠎ᠠ᠂ ᠭᠠᠯ ᠬᠠᠯᠠᠭᠤᠨ ᠮᠥᠰᠥ ᠴᠠᠰᠤᠨ᠎ᠤ ᠤᠯᠠᠷᠢᠯ ᠵᠶ᠋ᠠᠷ ᠭᠣᠣᠯ ᠰᠡᠳᠦᠪ ᠪᠣᠯᠭ᠋ᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠲᠠᠢ ᠬᠠᠮᠲᠤ᠎ᠪᠠᠷ ᠭᠣᠣᠯᠯᠠᠨ ᠡᠷᠭᠢᠯᠡᠪᠡ᠃ᠲᠣᠰ ᠤᠳᠠᠭ᠋ᠠᠨ᠎ᠤ ᠠᠵᠢᠯᠯᠠᠭ᠎ᠠ᠎ᠨᠢ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠳᠥᠷᠪᠡᠨ ᠤᠯᠠᠷᠢᠯ᠎ᠤᠨ ᠥᠩᠭᠡ ᠦᠵᠡᠮᠵᠢ》 ᠵᠢᠨ ᠥᠪᠥᠷ ᠮᠣᠩᠭᠣᠯ᠎ᠤᠨ ᠡᠪᠦᠯ᠎ᠤᠨ ᠤᠯᠠᠷᠢᠯ᠎ᠤᠨ ᠵᠢᠭᠤᠯᠴᠢᠯᠠᠯ ᠪᠥᠬᠥ ᠲᠠᠯ᠎ᠠ᠎ᠪᠠᠷ ᠡᠬᠢᠯᠡᠭᠰᠡᠨ᠎ᠢ ᠬᠠᠷᠠᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠬᠦ᠎ᠳᠤ ᠬᠥᠯᠥᠨ ᠪᠣᠶ᠋ᠢᠷ᠎ᠤᠨ ᠠᠮᠢᠳᠤᠯᠢᠭ ᠦᠢ᠍ᠯᠡᠳᠦᠯᠭᠡ ᠵᠢ ᠬᠠᠩᠭ᠋ᠠᠭᠰᠠᠨ ᠪᠠᠢ᠌ᠨ᠎ᠠ᠃