
12 ᠳ᠋ᠤᠭ᠋ᠠᠷ ᠰᠠᠷ᠎ᠠ ᠵᠢᠨ 20᠎ᠤ ᠡᠳᠦᠷ᠂ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠬᠤᠷᠠᠯᠳᠤᠭᠤᠯᠤᠭᠰᠠᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ ᠬᠡᠷᠡᠭᠯᠡᠭᠡ ᠵᠢ ᠠᠬᠢᠭᠤᠯᠬᠤ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠳᠠᠷᠤᠭ᠎ᠠ ᠸᠠᠩ ᠾᠦᠢ ᠮᠢᠨ ᠬᠥᠬᠡᠬᠣᠲᠠ ᠵᠢᠨ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠷᠢᠰ ᠠᠵᠢᠯᠯᠠᠭ᠎ᠠ᠎ᠳᠤ ᠲᠠᠨᠢᠯᠴᠠᠭᠤᠯᠭ᠎ᠠ ᠬᠢᠪᠡ᠃
ᠬᠥᠬᠡᠬᠣᠲᠠ ᠵᠢᠨ ᠮᠥᠰᠥ ᠴᠠᠰᠤᠨ᠎ᠤ ᠡᠬᠢ ᠪᠠᠶᠠᠯᠢᠭ ᠡᠯᠪᠡᠭ ᠳᠡᠯᠪᠡᠭ᠂ ᠮᠥᠰᠥ ᠴᠠᠰᠤᠨ᠎ᠤ ᠲᠠᠯᠠᠪᠠᠢ ᠤᠯᠠᠨ᠂ ᠣᠷᠣᠨ ᠪᠠᠢ᠌ᠷᠢ ᠳᠠᠪᠠᠭᠤᠯᠢᠭ ᠰᠠᠢ᠌ᠨ᠂ ᠱ᠌ᠢ ᠵᠢᠶᠠ ᠵᠤᠸᠠᠩᠢ ᠭᠠᠷᠭ᠋ᠠᠪᠠᠯ ᠨᠡᠢ᠌ᠰᠯᠡᠯ ᠪᠡᠭᠡᠵᠢᠩ᠎ᠠᠴᠠ ᠬᠠᠮᠤᠭ᠎ᠤᠨ ᠣᠢ᠌ᠷ᠎ᠠ ᠪᠠᠢ᠌ᠭ᠎ᠠ ᠮᠤᠵᠢ ᠵᠢᠨ ᠲᠥᠪ ᠬᠤᠳᠠ ᠪᠣᠯᠬᠤ ᠪᠥᠭᠡᠳ ᠤᠮᠠᠷᠠᠲᠤ ᠣᠷᠣᠨ᠎ᠤ ᠴᠢᠬᠤᠯᠠ ᠵᠠᠮ ᠬᠠᠷᠢᠯᠴᠠᠭ᠋ᠠᠨ᠎ᠤ ᠬᠦᠢ᠍ᠰᠦ ᠪᠠ ᠵᠢᠭᠤᠯᠴᠢᠯᠠᠭᠴᠢᠳ᠎ᠢ ᠲᠥᠪᠯᠡᠷᠡᠭᠦᠯᠵᠦ ᠲᠠᠷᠬᠠᠭ᠋ᠠᠬᠤ ᠭᠠᠵᠠᠷ ᠪᠣᠯᠣᠨ᠎ᠠ᠃ ᠡᠨᠡ ᠡᠪᠦᠯ᠎ᠠᠴᠠ ᠡᠬᠢᠯᠡᠨ᠂ ᠮᠠᠨ᠎ᠤ ᠬᠣᠲᠠ 《ᠳᠠᠯᠠᠨ ᠬᠠᠷ᠎ᠠ ᠠᠭᠤᠯᠠᠨ᠎ᠳᠤ ᠴᠠᠰᠤ ᠪᠦᠵᠢᠵᠦ ᠴᠡᠯᠡᠭᠡᠷ ᠲᠠᠯ᠎ᠠ᠎ᠪᠠᠷ ᠪᠠᠶᠠᠰᠤᠯ᠎ᠲᠠᠢ ᠵᠤᠭ᠋ᠠᠴᠠᠬᠤ》 ᠭᠡᠬᠦ ᠭᠣᠣᠯ ᠰᠡᠳᠦᠪ᠎ᠤᠨ ᠲᠣᠭᠣᠷᠢᠨ᠎ᠳᠤ᠂ ᠬᠠᠲᠤᠨ ᠭᠣᠣᠯ᠂ ᠳᠠᠯᠠᠨ ᠬᠠᠷ᠎ᠠ ᠠᠭᠤᠯᠠ ᠪᠣᠯᠣᠨ ᠴᠡᠯᠡᠭᠡᠷ ᠲᠠᠯ᠎ᠠ ᠵᠢᠨ ᠮᠥᠰᠥ ᠴᠠᠰᠤᠨ᠎ᠤ ᠡᠬᠢ ᠪᠠᠶᠠᠯᠢᠭ ᠪᠣᠯᠣᠨ ᠰᠣᠶᠣᠯ᠎ᠤᠨ ᠡᠬᠢ ᠪᠠᠶᠠᠯᠢᠭ᠎ᠢ ᠠᠰᠢᠭᠯᠠᠨ᠂ ᠡᠪᠦᠯ᠎ᠤᠨ ᠤᠯᠠᠷᠢᠯ᠎ᠤᠨ ᠵᠢᠭᠤᠯᠴᠢᠯᠠᠯ ᠪᠣᠯᠣᠨ ᠴᠠᠭ᠋ᠠᠨ ᠰᠠᠷ᠎ᠠ᠂ ᠠᠷᠪᠠᠨ ᠲᠠᠪᠤᠨ᠎ᠤ ᠪᠠᠶᠠᠷ ᠵᠡᠷᠭᠡ ᠤᠯᠠᠮᠵᠢᠯᠠᠯᠲᠤ ᠪᠠᠶᠠᠷ ᠳᠤᠷᠠᠰᠬᠠᠯ᠎ᠤᠨ ᠡᠳᠦᠷ᠎ᠢ ᠬᠠᠷᠢᠯᠴᠠᠨ ᠤᠶᠠᠯᠳᠤᠭᠤᠯᠵᠤ᠂ 2022 ᠣᠨ᠎ᠤ 12 ᠳ᠋ᠤᠭ᠋ᠠᠷ ᠰᠠᠷ᠎ᠠ᠎ᠠᠴᠠ 2023 ᠣᠨ᠎ᠤ 2 ᠳ᠋ᠤᠭ᠋ᠠᠷ ᠰᠠᠷ᠎ᠠ ᠪᠣᠯᠲᠠᠯ᠎ᠠ᠂ ᠠᠭᠤᠯᠭ᠎ᠠ᠎ᠪᠠᠷ ᠪᠠᠶᠠᠯᠢᠭ᠂ ᠬᠡᠯᠪᠡᠷᠢ ᠮᠠᠶᠢᠭ᠎ᠨᠢ ᠣᠯᠠᠨ ᠶᠠᠩᠵᠤ ᠵᠢᠨ ᠭᠤᠷᠪᠠᠨ ᠲᠣᠮᠣ ᠭᠣᠣᠯ ᠰᠡᠳᠦᠪ᠎ᠲᠠᠢ 40 ᠭᠠᠷᠤᠢ ᠲᠥᠷᠥᠯ᠎ᠤᠨ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠷᠢᠰ ᠠᠵᠢᠯᠯᠠᠭ᠎ᠠ ᠵᠢ ᠦᠷᠨᠢᠭᠦᠯᠦᠨ᠎ᠡ᠃

ᠡᠨᠡ ᠭᠤᠷᠪᠠᠨ ᠶᠡᠬᠡ ᠭᠣᠣᠯ ᠰᠡᠳᠦᠪ ᠪᠣᠯ᠄
ᠨᠢᠭᠡ᠂ 《ᠷᠣᠮᠠᠨᠲ᠋ᠢᠭ ᠬᠦᠬᠡᠬᠤᠲᠠ》 ᠮᠥᠰᠥ ᠴᠠᠰᠤᠨ᠎ᠤ ᠨᠠᠭ᠋ᠠᠳᠤᠮ᠎ᠤᠨ ᠠᠵᠢᠯᠯᠠᠭ᠎ᠠ᠃

ᠬᠣᠶᠠᠷ᠂ 《ᠬᠦᠬᠡᠬᠤᠲᠠ ᠵᠢᠨ ᠦᠨᠦᠷ ᠠᠮᠲᠠ ᠳᠤᠮᠳᠠᠳᠤ ᠤᠯᠤᠰ᠎ᠤᠨ ᠤᠯᠠᠭ᠋ᠠᠨ》 ᠬᠦᠬᠡᠬᠤᠲᠠ ᠵᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ᠃
ᠭᠤᠷᠪᠠ᠂ 《ᠤᠷᠠᠨ ᠰᠠᠢ᠌ᠬᠠᠨ ᠵᠶ᠋ᠠᠷ ᠬᠥᠬᠡᠬᠣᠲᠠ ᠵᠢ ᠦᠵᠡᠬᠦ》 ᠤᠷᠠᠨ ᠰᠠᠢ᠌ᠬᠠᠨ᠎ᠤ ᠦᠪᠡᠳᠡᠭᠰᠢ ᠨᠠᠢ᠌ᠷ᠎ᠤᠨ ᠠᠵᠢᠯᠯᠠᠭ᠎ᠠ᠃
ᠡᠭᠦᠨ᠎ᠤ ᠬᠠᠮᠲᠤ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠿᠦ᠍ ᠢ ᠭᠤᠤᠯ᠎ᠤᠨ ᠳ᠋ᠦᠩ ᠾᠸ ᠬᠡᠰᠡᠭ᠎ᠤᠨ ᠮᠥᠰᠥ ᠴᠠᠰᠤᠨ᠎ᠤ ᠲᠠᠯᠠᠪᠠᠶ᠎ᠳᠤ 80 ᠡᠳᠦᠷ ᠣᠷᠴᠢᠮ᠎ᠤᠨ ᠬᠤᠭᠤᠴᠠᠭ᠎ᠠ᠎ᠲᠠᠢ 《ᠶᠢᠰᠦᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠣᠯᠠᠨ ᠨᠡᠶ᠋ᠢᠲᠡ ᠵᠢᠨ ᠮᠥᠰᠥ ᠴᠠᠰᠤᠨ᠎ᠤ ᠤᠯᠠᠷᠢᠯ》 ᠪᠠ ᠬᠥᠬᠡᠬᠣᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠤᠯᠠᠷᠢᠯ᠎ᠤᠨ ᠰᠢᠷᠢᠰ ᠪᠡᠶ᠎ᠡ ᠵᠢᠨ ᠲᠠᠮᠢᠷ᠎ᠤᠨ ᠬᠥᠳᠡᠯᠭᠡᠭᠡᠨ ᠥᠷᠨᠢᠭᠦᠯᠬᠦ᠎ᠪᠠᠷ ᠪᠣᠶ᠃ ᠡᠭᠦᠨ᠎ᠳᠤ ᠡᠷᠲᠡᠨ᠎ᠤ ᠬᠣᠲᠠ ᠴᠠᠢ᠌ᠵᠠ ᠵᠢᠨ ᠴᠠᠨᠠᠯᠠᠬᠤ ᠵᠠᠮ᠂ ᠵᠡᠭᠦᠳᠦ ᠵᠡᠷᠭᠡᠯᠭᠡᠨ ᠬᠡᠦᠬᠡᠳ᠎ᠤᠨ ᠴᠠᠰᠤᠨ᠎ᠤ ᠴᠡᠩᠭᠡᠯ᠎ᠤᠨ ᠬᠦᠷᠢᠶᠡᠯᠡᠩ᠂ ᠵᠠᠯᠠᠭᠤᠴᠤᠳ ᠪᠠᠭ᠋ᠠᠴᠤᠳ᠎ᠤᠨ ᠮᠥᠰᠥᠨ ᠪᠥᠮᠪᠥᠭᠡ ᠵᠢᠨ ᠢᠯᠡ ᠤᠷᠤᠯᠳᠤᠭ᠋ᠠᠨ ᠵᠡᠷᠭᠡ 8 ᠶᠡᠬᠡ ᠮᠥᠰᠥ ᠴᠠᠰᠤᠨ᠎ᠤ ᠵᠦᠢ᠍ᠯᠡᠰ᠎ᠢ ᠪᠡᠶᠡᠴᠢᠯᠡᠨ ᠣᠢ᠌ᠯᠠᠭ᠋ᠠᠬᠤ ᠠᠵᠢᠯᠯᠠᠭ᠎ᠠ ᠪᠠᠭᠲᠠᠬᠤ ᠵᠢᠨ ᠬᠠᠮᠲᠤ᠂ ᠡᠯ᠎ᠡ ᠬᠣᠰᠢᠭᠤ ᠰᠢᠶᠠᠨ ᠲᠣᠭᠣᠷᠢᠭ᠎ᠲᠤ ᠴᠥᠮ ᠰᠦᠢ᠍ᠳᠬᠡᠯ ᠥᠯᠥ ᠬᠤᠷᠢᠶᠠᠬᠤ ᠮᠥᠰᠥᠨ ᠲᠠᠯᠠᠪᠠᠶ ᠭᠠᠷᠭ᠋ᠠᠵᠤ ᠬᠣᠲᠠ ᠵᠢᠨ ᠠᠷᠠᠳ᠎ᠲᠤ ᠬᠡᠷᠡᠭᠯᠡᠭᠦᠯᠬᠦ᠎ᠪᠠᠷ ᠪᠣᠶ᠃ ᠡᠭᠦᠨ᠎ᠤ ᠬᠠᠮᠲᠤ᠂ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠪᠠᠰᠠ ᠪᠥᠬᠥ ᠬᠣᠲᠠ ᠵᠢᠨ ᠬᠡᠪᠴᠢᠶᠡᠨ᠎ᠳᠤ 500 ᠲᠦᠮᠡᠨ ᠲᠥᠭᠥᠷᠢᠭ᠎ᠤᠨ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠲᠡᠮᠳᠡᠭᠲᠦ ᠲᠠᠷᠬᠠᠭ᠋ᠠᠵᠤ᠂ ᠣᠯᠠᠨ ᠲᠦᠮᠡᠨ᠎ᠤ ᠪᠡᠶ᠎ᠡ ᠴᠢᠭᠢᠷᠠᠭᠵᠢᠭᠤᠯᠬᠤ᠎ᠳᠤ ᠲᠥᠬᠥᠮ ᠦᠵᠡᠭᠦᠯᠬᠦ ᠦᠢ᠍ᠯᠡᠴᠢᠯᠡᠭᠡ ᠬᠠᠩᠭ᠋ᠠᠨ᠎ᠠ᠃

ᠡᠯᠪᠡᠭ ᠪᠠᠶᠠᠯᠢᠭ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠡᠷᠬᠢᠯᠡᠬᠦ᠎ᠪᠠᠷ ᠳᠠᠮᠵᠢᠭᠤᠯᠵᠤ᠂ ᠬᠥᠬᠡᠬᠣᠲᠠ ᠵᠢᠨ ᠡᠪᠦᠯ᠎ᠤᠨ ᠤᠯᠠᠷᠢᠯ᠎ᠤᠨ 《ᠬᠦᠢ᠍ᠲᠡᠨ ᠡᠬᠢ ᠪᠠᠶᠠᠯᠢᠭ》᠎ᠤᠨ 《ᠢᠯᠴᠢ ᠵᠢᠨ ᠡᠨᠧᠷᠭᠢ》 ᠵᠢ ᠪᠠᠳᠠᠷᠠᠭᠤᠯᠵᠤ᠂ ᠬᠥᠬᠡᠬᠣᠲᠠ ᠵᠢᠨ ᠦᠷᠦᠭᠡᠨ᠎ᠤ ᠳᠣᠲᠣᠷᠠᠬᠢ ᠵᠢᠨ 《ᠬᠠᠯᠠᠭᠤᠯᠵᠤ》᠂ ᠦᠷᠦᠭᠡᠨ᠎ᠤ ᠭᠠᠳᠠᠨᠠᠬᠢ 《ᠭᠠᠯ》᠎ᠢ ᠬᠥᠭᠵᠢᠭᠡᠵᠦ᠂ ᠨᠡᠩ ᠤᠯᠠᠨ ᠵᠢᠭᠤᠯᠴᠢᠯᠠᠭᠴᠢᠳ᠎ᠲᠤ ᠦᠵᠡᠰᠬᠦᠯᠡᠩᠲᠦ ᠰᠠᠢ᠌ᠬᠠᠨ ᠬᠥᠬᠡᠬᠣᠲᠠ ᠵᠢᠨ ᠡᠪᠦᠯ᠎ᠤᠨ ᠤᠯᠠᠷᠢᠯ᠎ᠤᠨ ᠮᠥᠰᠥ ᠴᠠᠰᠤᠨ᠎ᠤ ᠬᠠᠯᠠᠭᠤᠨ ᠰᠡᠳᠬᠢᠯᠭᠡ ᠵᠢ ᠮᠡᠳᠡᠷᠡᠭᠦᠯᠬᠦ ᠵᠢ ᠬᠦᠰᠡᠵᠦ ᠪᠠᠢ᠌ᠨ᠎ᠠ!