ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠ ᠶᠢᠰᠦᠳᠦᠭᠡᠷ ᠬᠤᠭᠤᠴᠠᠭ᠋ᠠᠨ᠎ᠤ ᠮᠥᠰᠥ ᠴᠠᠰᠤᠨ᠎ᠤ ᠨᠠᠢ᠌ᠷ ᠡᠬᠢᠯᠡᠪᠡ
ᠨᠡᠶᠢᠲᠡᠯᠡᠭᠰᠡᠨ ᠴᠠᠭ᠄ 2022-12-23

    12 ᠳ᠋ᠤᠭ᠋ᠠᠷ ᠰᠠᠷ᠎ᠠ ᠵᠢᠨ 22᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠ ᠶᠢᠰᠦᠳᠦᠭᠡᠷ ᠬᠤᠭᠤᠴᠠᠭ᠋ᠠᠨ᠎ᠤ ᠮᠥᠰᠥ ᠴᠠᠰᠤᠨ᠎ᠤ ᠨᠠᠭ᠋ᠠᠳᠤᠮ ᠬᠥᠯᠥᠨ ᠪᠣᠶ᠋ᠢᠷ᠎ᠤᠨ ᠬᠠᠢ᠌ᠯᠠᠷ ᠲᠣᠭᠣᠷᠢᠭ᠂ ᠬᠠᠭᠤᠴᠢᠨ ᠪᠠᠷᠭᠤ ᠬᠣᠰᠢᠭᠤ᠂ ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠳᠤ ᠵᠡᠷᠭᠡᠪᠡᠷ ᠡᠬᠢᠯᠡᠪᠡ᠃ ᠲᠣᠰ ᠤᠳᠠᠭ᠋ᠠᠨ᠎ᠤ ᠨᠠᠭ᠋ᠠᠳᠤᠮ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠬᠥᠯᠥᠨ ᠪᠣᠶ᠋ᠢᠷ ᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠥᠪᠥᠷ ᠮᠣᠩᠭᠣᠯ᠎ᠤᠨ ᠰᠸᠨ ᠭᠥᠩ ᠠᠵᠤ ᠦᠢ᠍ᠯᠡᠳᠪᠦᠷᠢ ᠵᠢᠨ ᠪᠦᠯᠦᠭᠯᠡᠯ ᠭᠣᠣᠯᠯᠠᠨ ᠡᠷᠬᠢᠯᠡᠵᠦ᠂ ᠬᠥᠯᠥᠨ ᠪᠣᠶ᠋ᠢᠷ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠬᠢᠭᠡᠳ ᠬᠣᠯᠪᠣᠭᠳᠠᠯ ᠪᠦᠬᠦᠢ ᠬᠣᠰᠢᠭᠤ ᠬᠣᠲᠠ ᠲᠣᠭᠣᠷᠢᠭ᠎ᠤᠨ᠎ᠬᠢᠨ ᠳᠠᠭ᠋ᠠᠭ᠋ᠠᠴᠢᠯᠠᠨ ᠡᠷᠭᠢᠯᠡᠵᠦ᠂ 《ᠤᠷᠤᠯᠳᠤᠭ᠋ᠠᠨ᠎ᠢ ᠰᠣᠨᠢᠷᠬᠠᠬᠤ᠂ ᠥᠩᠭᠡ ᠦᠵᠡᠮᠵᠢ ᠵᠢ ᠰᠣᠨᠢᠷᠬᠠᠬᠤ᠂ ᠰᠤᠨᠢᠷᠬᠠᠯᠲᠤ ᠪᠡᠶᠡᠴᠢᠯᠡᠨ ᠤᠢ᠌ᠯᠠᠭ᠋ᠠᠯᠲᠠ᠂ ᠰᠣᠶᠣᠯ᠎ᠢ ᠡᠳ᠋ᠯᠡᠬᠦ》᠎ᠪᠠᠷ ᠭᠣᠣᠯ ᠰᠡᠳᠦᠪ ᠪᠣᠯᠭ᠋ᠠᠨ᠂ 《ᠰᠢᠨ᠎ᠡ ᠴᠠᠭ ᠦᠶ᠎ᠡ ᠵᠢ ᠮᠠᠭᠲᠠᠨ ᠰᠠᠢ᠌ᠰᠢᠶᠠᠵᠤ᠂ ᠠᠷᠪᠠᠨ ᠲᠦᠷᠪᠡᠲᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠤᠯᠢᠮᠫᠢᠺ᠎ᠢ ᠪᠠᠶᠠᠷᠯᠠᠨ ᠤᠭᠲᠤᠨ᠂ ᠦᠵᠡᠰᠬᠦᠯᠡᠩᠲᠦ ᠰᠠᠢ᠌ᠬᠠᠨ ᠶᠡᠬᠡ ᠴᠠᠰᠤᠲᠤ ᠲᠠᠯ᠎ᠠ᠂   ᠤᠷᠭᠢᠯᠤᠮ᠎ᠠ ᠬᠠᠯᠠᠭᠤᠨ ᠮᠥᠰᠥ ᠴᠠᠰᠤᠨ᠎ᠤ ᠤᠯᠠᠷᠢᠯ》 ᠭᠡᠬᠦ ᠭᠣᠣᠯ ᠰᠡᠳᠦᠪ᠎ᠤᠨ ᠲᠣᠭᠣᠷᠢᠨ᠎ᠳᠤ ᠤᠷᠤᠯᠳᠤᠭ᠋ᠠᠨ᠂   ᠤᠷᠠᠯᠢᠭ ᠲᠣᠭᠯᠠᠯᠲᠠ᠂ ᠦᠵᠡᠰᠬᠦᠯᠡᠩ ᠵᠡᠷᠭᠡ ᠰᠢᠷᠢᠰ ᠠᠵᠢᠯᠯᠠᠭ᠎ᠠ ᠵᠢ ᠥᠷᠨᠢᠭᠦᠯᠵᠦ᠂ ᠮᠠᠨ᠎ᠤ ᠣᠷᠣᠨ᠎ᠤ ᠮᠥᠰᠥ ᠴᠠᠰᠤᠨ᠎ᠤ ᠵᠢᠭᠤᠯᠴᠢᠯᠠᠯ᠂ ᠮᠥᠰᠥ ᠴᠠᠰᠤᠨ᠎ᠤ ᠰᠣᠶᠣᠯ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠂ ᠣᠨᠴᠠᠯᠢᠭᠲᠤ ᠠᠮᠲᠠᠲᠤ ᠢᠳᠡᠭᠡᠨ᠎ᠤ ᠥᠪᠡᠷᠮᠢᠴᠡ ᠷᠢᠳᠢ ᠰᠢᠳᠢ ᠵᠢ ᠳᠡᠯᠭᠡᠨ ᠦᠵᠡᠭᠦᠯᠪᠡ  ᠃


      ᠡᠬᠢᠯᠡᠯᠲᠡ ᠵᠢᠨ ᠶᠣᠰᠣᠯᠠᠯ ᠳᠡᠭᠡᠷ᠎ᠡ ᠴᠠᠰᠤᠲᠤ ᠭᠠᠵᠠᠷ᠎ᠤᠨ ᠮᠣᠲ᠋ᠣᠷ᠎ᠤᠨ ᠲᠠᠯᠠᠪᠠᠢ᠎ᠳᠤ᠎ᠬᠢ ᠬᠡᠭᠡᠷ᠎ᠡ ᠵᠢᠨ ᠤᠷᠤᠯᠳᠤᠭ᠋ᠠᠨ᠂ 《ᠮᠥᠰᠥ ᠴᠠᠰᠤᠨ᠎ᠤ ᠲᠡᠭᠷᠢ ᠵᠢᠨ ᠵᠠᠮ ᠨᠢᠭᠤᠴᠠ ᠣᠷᠴᠢᠨ᠎ᠢ ᠬᠠᠢ᠌ᠨ ᠰᠦᠪᠡᠭᠴᠢᠯᠡᠬᠦ》 ᠥᠪᠡᠷᠲᠡᠭᠡᠨ ᠵᠢᠯᠤᠭᠣᠳᠬᠤ ᠵᠢᠭᠤᠴᠢᠯᠠᠯ᠎ᠤᠨ ᠮᠠᠰᠢᠨ ᠲᠡᠷᠭᠡᠨ᠎ᠤ ᠠᠩᠭᠢ ᠵᠢᠨ ᠲᠡᠷᠭᠡ ᠬᠥᠳᠡᠯᠬᠦ ᠶᠣᠰᠣᠯᠠᠯ᠂ ᠤᠯᠠᠨ ᠲᠦᠮᠡᠨ᠎ᠤ ᠮᠥᠰᠥ ᠴᠠᠰᠤᠨ᠎ᠤ ᠪᠡᠶᠡᠴᠢᠯᠡᠨ ᠤᠢ᠌ᠯᠠᠭ᠋ᠠᠯᠲᠠ ᠵᠡᠷᠭᠡ ᠤᠯᠠᠨ ᠵᠦᠢ᠍ᠯ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠶᠠᠪᠤᠭᠳᠠᠭᠤᠯᠵᠠᠢ᠃ ᠪᠦᠬᠦ ᠤᠯᠤᠰ᠎ᠤᠨ ᠡᠯ᠎ᠡ ᠭᠠᠵᠠᠷ᠎ᠤᠨ ᠮᠥᠰᠥ ᠴᠠᠰᠤᠨ᠎ᠤ ᠮᠠᠰᠢᠨ ᠲᠡᠷᠭᠡ᠂ ᠮᠣᠲ᠋ᠣᠷ᠎ᠤᠨ ᠲᠠᠮᠢᠷᠴᠢᠨ 100 ᠭᠠᠷᠤᠢ ᠲᠠᠲᠠᠵᠤ ᠢᠷᠡᠵᠡᠭᠡᠨ᠂ ᠡᠬᠢᠯᠡᠯᠲᠡ ᠵᠢᠨ ᠶᠣᠰᠣᠯᠠᠯ᠎ᠤᠨ ᠲᠣᠭᠯᠠᠯᠲᠠ ᠵᠢᠨ ᠮᠠᠰᠢᠨ ᠲᠡᠷᠭᠡ 200 ᠭᠠᠷᠤᠢ ᠪᠣᠯᠵᠤ᠂ ᠲᠤᠬᠠᠢ ᠵᠢᠨ ᠲᠠᠯᠠᠪᠠᠢ᠎ᠳᠤ ᠵᠢᠭᠤᠯᠴᠢᠯᠠᠭᠴᠢᠳ᠎ᠢ 1.2 ᠲᠦᠮᠡᠨ ᠬᠥᠮᠥᠨ ᠤᠳᠠᠭ᠎ᠠ ᠭᠥᠯᠢᠶᠡᠨ ᠠᠪᠤᠪᠠ᠃ ᠡᠭᠦᠨ᠎ᠳᠤ ᠶᠦᠨᠨᠠᠨ᠂ ᠭᠤᠸᠠᠩᠳᠦ᠋ᠩ᠂ ᠵᠢᠶᠠᠩᠰᠢ᠂ ᠵᠧᠵᠢᠶᠠᠩ᠂ ᠱᠠᠨᠳᠦ᠋ᠩ᠂ ᠵᠢᠶᠠᠩᠰᠤ᠂ ᠰᠢᠨᠵᠢᠶᠠᠩ ᠵᠡᠷᠭᠡ ᠠᠷᠪᠠ ᠭᠠᠷᠤᠢ ᠮᠤᠵᠢ ᠣᠷᠣᠨ᠎ᠠᠴᠠ ᠢᠷᠡᠭᠰᠡᠨ ᠭᠠᠳᠠᠷ ᠣᠷᠣᠨ᠎ᠤ ᠵᠢᠭᠤᠯᠴᠢᠯᠠᠭᠴᠢᠳ ᠨᠡᠢ᠍ᠢ᠍ᠳᠡ 2850 ᠬᠥᠮᠥᠨ ᠪᠠᠢ᠌ᠵᠤ᠂ ᠵᠢᠭᠤᠯᠴᠢᠯᠠᠯ᠎ᠤᠨ ᠲᠠᠸᠠᠷ ᠵᠢᠴᠢ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠨᠡᠢ᠍ᠢ᠍ᠳᠡ 3000 ᠭᠠᠷᠤᠢ ᠪᠣᠷᠣᠯᠠᠭᠤᠯᠤᠭᠰᠠᠨ ᠪᠠᠢ᠌ᠨ᠎ᠠ᠃


      ᠲᠤᠰ ᠡᠳᠦᠷ᠂ ᠠᠷᠪᠠ ᠶᠢᠰᠦᠳᠦᠭᠡᠷ ᠬᠤᠭᠤᠴᠠᠭ᠋ᠠᠨ᠎ᠤ ᠮᠥᠰᠥ ᠴᠠᠰᠤᠨ᠎ᠤ ᠨᠠᠭ᠋ᠠᠳᠤᠮ᠎ᠤᠨ ᠰᠢᠷᠢᠰ ᠠᠵᠢᠯᠯᠠᠭ᠎ᠠ—《ᠡᠳᠦᠷ ᠪᠦᠷᠢ ᠵᠢᠨ ᠮᠥᠰᠥ ᠴᠠᠰᠤᠨ᠎ᠤ ᠨᠠᠭ᠋ᠠᠳᠤᠮ》᠎ᠨᠢ ᠬᠠᠭᠤᠴᠢᠨ ᠪᠠᠷᠭᠤ ᠬᠣᠰᠢᠭᠤᠨ᠎ᠤ   ᠮᠡᠷᠭᠡᠯ ᠭᠣᠣᠯ᠎ᠤᠨ ᠦᠵᠡᠮᠵᠢ ᠵᠢᠨ ᠣᠷᠣᠨ᠎ᠳᠤ ᠶᠠᠪᠤᠭᠳᠠᠵᠤ᠂ ᠦᠨᠳᠦᠰᠦᠲᠡᠨ᠎ᠤ ᠰᠣᠶᠣᠯ᠎ᠤᠨ ᠦᠵᠡᠭᠦᠯᠭᠡ᠂ ᠮᠥᠰᠥ ᠴᠠᠰᠤᠨ᠎ᠤ ᠵᠤᠭ᠎ᠠ ᠴᠡᠩᠭᠡᠯ᠂ ᠦᠨᠳᠦᠰᠦᠲᠡᠨ᠎ᠤ ᠣᠨᠴᠠᠯᠢᠭᠲᠤ ᠠᠮᠲᠠᠲᠤ ᠢᠳᠡᠭᠡᠨ᠂ ᠪᠠᠷᠠᠭ᠎ᠠ ᠬᠤᠲᠠᠯᠲᠤᠭ᠎ᠠ ᠵᠡᠷᠭᠡ ᠲᠦᠷᠦᠯ ᠵᠦᠢ᠍ᠯ᠎ᠢ ᠨᠢᠭᠡ ᠴᠣᠭᠴᠠᠵᠢᠭᠤᠯᠵᠤ᠂ 《ᠡᠳᠦᠷ ᠪᠦᠷᠢ ᠵᠢᠨ ᠮᠥᠰᠥ ᠴᠠᠰᠤᠨ᠎ᠤ ᠨᠠᠭ᠋ᠠᠳᠤᠮ》᠎ᠨᠢ ᠲᠠᠯ᠎ᠠ ᠨᠤᠲᠤᠭ᠎ᠤᠨ ᠮᠥᠰᠥ ᠴᠠᠰᠤᠨ᠎ᠤ ᠴᠡᠩᠭᠡᠯ᠎ᠤᠨ ᠬᠥᠨᠳᠡᠢ ᠪᠣᠯᠤᠭᠰᠠᠨ ᠪᠠᠢ᠌ᠨ᠎ᠠ᠃


     12 ᠳ᠋ᠤᠭ᠋ᠠᠷ ᠰᠠᠷ᠎ᠠ ᠵᠢᠨ 22 ᠎ᠤᠨ ᠦᠳᠡ ᠵᠢᠨ ᠡᠮᠦᠨᠡᠬᠢ 10 ᠴᠠᠭ᠎ᠲᠤ᠂ ᠠᠷᠪᠠ ᠶᠢᠰᠦᠳᠦᠭᠡᠷ ᠬᠤᠭᠤᠴᠠᠭ᠋ᠠᠨ᠎ᠤ ᠮᠥᠰᠥ ᠴᠠᠰᠤᠨ᠎ᠤ ᠨᠠᠭ᠋ᠠᠳᠤᠮ᠎ᠤᠨ ᠰᠢᠷᠢᠰ ᠠᠵᠢᠯᠯᠠᠭ᠎ᠠ — ᠶᠢᠰᠦᠳᠦᠭᠡᠷ ᠬᠤᠭᠤᠴᠠᠭ᠋ᠠᠨ᠎ᠤ ᠣᠷᠴᠣᠨ᠎ᠤ ᠮᠥᠰᠥ ᠴᠠᠰᠤᠨ᠎ᠤ 《ᠰᠠᠷ᠎ᠠ》 ᠭᠠᠰᠢᠶᠠᠨ ᠨᠠᠭᠤᠷ᠎ᠤᠨ ᠬᠥᠪᠡᠭᠡᠨ᠎ᠳᠤ ᠡᠬᠢᠯᠡᠪᠡ᠃ ᠲᠣᠰ ᠤᠳᠠᠭ᠋ᠠᠨ᠎ᠤ ᠠᠵᠢᠯᠯᠠᠭ᠎ᠠ᠎ᠨᠢ 2023 ᠣᠨ᠎ᠤ 3 ᠰᠠᠷ᠎ᠠ ᠪᠣᠯᠲᠠᠯ᠎ᠠ ᠦᠷᠭᠦᠯᠵᠢᠯᠡᠨ᠎ᠡ᠂ ᠵᠢᠭᠤᠯᠴᠢᠯᠠᠭᠴᠢᠳ ᠠᠷᠠᠳ᠎ᠤᠨ ᠵᠠᠩ ᠦᠢᠯᠡ ᠵᠢᠨ ᠰᠣᠶᠣᠯ᠎ᠤᠨ ᠣᠢ᠌ᠯᠠᠭ᠋ᠠᠯᠲᠠ᠂ ᠣᠶ ᠰᠢᠭᠤᠢ ᠵᠢᠨ ᠠᠵᠤ ᠦᠢ᠍ᠯᠡᠳᠪᠦᠷᠢ ᠵᠢᠨ ᠰᠣᠶᠣᠯ᠎ᠤᠨ ᠣᠢ᠌ᠯᠠᠭ᠋ᠠᠯᠲᠠ᠂ ᠮᠥᠰᠥ ᠴᠠᠰᠤᠨ᠎ᠤ ᠰᠤᠳᠤᠯᠭ᠋ᠠᠨ᠎ᠤ ᠤᠬᠠᠭ᠋ᠠᠨ᠂ ᠵᠢᠭᠤᠯᠴᠢᠯᠠᠯ ᠵᠶ᠋ᠠᠷ ᠲᠠᠷᠢᠶᠠᠯᠠᠩ᠎ᠢ ᠲᠤᠰᠠᠯᠠᠬᠤ᠂ ᠮᠥᠰᠥ ᠴᠠᠰᠤᠨ᠎ᠤ ᠤᠷᠤᠯᠳᠤᠭ᠋ᠠᠨ᠂ ᠠᠮᠲᠠᠲᠤ ᠢᠳᠡᠭᠡᠨ ᠠᠮᠲᠠᠯᠠᠬᠤ ᠵᠡᠷᠭᠡ ᠣᠯᠠᠨ ᠵᠦᠢ᠍ᠯ᠎ᠤᠨ ᠣᠨᠴᠠᠯᠢᠭᠲᠤ ᠵᠢᠭᠤᠯᠴᠢᠯᠠᠯ᠎ᠤᠨ ᠵᠦᠢ᠍ᠯᠡᠰ᠎ᠲᠤ ᠣᠷᠣᠯᠴᠠᠵᠤ ᠪᠣᠯᠣᠨ᠎ᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠦᠨ ᠦᠵᠡᠰᠭᠦᠯᠡᠩ᠎ᠤᠨ ᠠᠮᠤᠷ ᠲᠦᠪᠰᠢᠨ ᠎ᠢ ᠪᠠᠲᠤᠯᠠᠨ᠎ᠠ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠮᠦᠽᠧᠢ ᠵᠢᠨ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠵᠢᠯᠯᠠᠭ᠋ᠠᠨ᠎ᠤ ᠪᠠᠢ᠌ᠳᠠᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠥᠪᠥᠷ ᠮᠣᠩᠭᠣᠯ᠎ᠤᠨ ᠤᠷᠤᠯᠴᠠᠭᠴᠢ 《ᠰᠢᠯᠢᠳᠡᠭ ᠰᠠᠢ᠌ᠨ ᠳᠤᠷ᠎ᠠ ᠵᠢᠨ ᠲᠠᠢ᠌ᠯᠪᠤᠷᠢᠯᠠᠭᠴᠢ》 ᠵᠢᠨ ᠢᠷᠠᠭᠤ ᠠᠯᠳᠠᠷ᠎ᠢ ᠭᠥᠷᠳᠡᠪᠡ
2024 ᠣᠨ᠎ᠤ ᠰᠢᠨ᠎ᠡ ᠵᠢᠯ᠎ᠤᠨ ᠠᠮᠠᠷᠠᠯᠲᠠ ᠵᠢᠨ ᠠᠩᠬᠠᠨ᠎ᠤ ᠡᠳᠦᠷ 214.90 ᠲᠦᠮᠡᠨ ᠬᠥᠮᠥᠨ ᠲᠠᠨ᠎ᠢ ᠤᠷᠢᠵᠤ ᠥᠪᠥᠷ ᠮᠣᠩᠭᠣᠯ᠎ᠤᠨ ᠮᠥᠰᠥ ᠴᠠᠰᠤᠨ᠎ᠤ ᠭᠠᠢ᠌ᠬᠠᠮᠰᠢᠭᠲᠤ ᠪᠠᠷᠢᠯᠳᠤᠯᠭ᠎ᠠ ᠵᠢ ᠪᠡᠶᠡᠴᠢᠯᠡᠨ ᠣᠢ᠌ᠯᠠᠭ᠋ᠠᠶ᠎ᠠ
 
            