ᠶᠡᠬᠡ ᠴᠠᠰᠤ ᠵᠢᠨ ᠤᠯᠠᠷᠢᠯ᠎ᠳᠤ᠂ ᠬᠥᠯᠥᠨ ᠪᠤᠢ᠍ᠢ᠍ᠷ᠎ᠤᠨ ᠲᠠᠯ᠎ᠠ ᠨᠤᠲᠤᠭ ᠮᠦᠰᠦ ᠴᠠᠰᠤᠨ᠎ᠳᠤ ᠬᠤᠴᠢᠭᠳᠠᠵᠤ᠂ ᠶᠡᠬᠡ ᠬᠢᠩᠭ᠋ᠠᠨ ᠳᠠᠪᠠᠭ᠎ᠠ ᠵᠢᠨ ᠤᠢ ᠰᠢᠭᠤᠢ ᠮᠥᠩᠭᠥᠨ ᠬᠤᠶᠠᠭ ᠵᠶ᠋ᠠᠷ ᠵᠤᠳᠤᠭᠯᠠᠵᠤ᠂ ᠳᠥᠷᠪᠡᠳᠦᠭᠡᠷ ᠤᠳᠠᠭ᠋ᠠᠨ᠎ᠤ ᠬᠥᠯᠥᠨ ᠪᠤᠢ᠍ᠢ᠍ᠷ᠎ᠤᠨ ᠮᠥᠰᠥ ᠴᠠᠰᠤᠨ᠎ᠤ ᠡᠳᠦᠷ ᠪᠣᠯᠵᠣᠭ᠎ᠠ ᠶᠣᠰᠣᠭ᠋ᠠᠷ ᠵᠶ᠋ᠠᠨ ᠬᠦᠷᠴᠦ ᠢᠷᠡᠪᠡ᠃ ᠲᠦᠷᠦᠭᠦᠬᠡᠨ᠎ᠳᠤ᠂ 2022 — 2023 ᠣᠨ᠎ᠤ ᠪᠠᠶᠠᠷ ᠪᠠᠶᠠᠰᠬᠤᠯᠠᠩᠲᠤ ᠮᠥᠰᠥ ᠴᠠᠰᠤᠨ᠎ᠤ ᠵᠢᠭᠤᠯᠴᠢᠯᠠᠯ᠎ᠤᠨ ᠤᠯᠠᠷᠢᠯ · ᠥᠪᠥᠷ ᠮᠣᠩᠭᠣᠯ᠎ᠤᠨ ᠮᠥᠰᠥ ᠴᠠᠰᠤᠨ᠎ᠤ ᠭᠣᠣᠯ ᠰᠡᠳᠦᠪᠲᠦ ᠠᠵᠢᠯᠯᠠᠭ᠎ᠠ ᠵᠢᠴᠢ ᠬᠥᠯᠥᠨ ᠪᠣᠶ᠋ᠢᠷ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠮᠥᠰᠥ ᠴᠠᠰᠤᠨ᠎ᠤ ᠰᠣᠶᠣᠯ᠎ᠤᠨ ᠲᠠᠮᠢᠷ᠎ᠤᠨ ᠬᠥᠳᠡᠯᠭᠡᠭᠡᠨ᠎ᠤ ᠵᠢᠭᠤᠯᠴᠢᠯᠠᠯ᠎ᠤᠨ ᠤᠯᠠᠷᠢᠯ 《ᠳᠤᠮᠳᠠᠳᠤ ᠤᠯᠤᠰ᠎ᠤᠨ ᠮᠥᠰᠥ ᠴᠠᠰᠤᠨ᠎ᠤ ᠬᠣᠲᠠ》 ᠶᠠᠭᠰᠢ᠎ᠳᠤ ᠡᠬᠢᠯᠡᠪᠡ᠃ ᠬᠣᠲᠠ ᠵᠢᠨ ᠨᠠᠮ᠎ᠤᠨ ᠬᠣᠷᠢᠶᠠᠨ᠎ᠤ ᠱᠦᠵᠢ ᠭᠣᠸ᠋ ᠿᠦᠨ ᠰᠢ ᠬᠤᠷᠠᠯ᠎ᠳᠤ ᠣᠷᠣᠯᠴᠠᠵᠤ᠂ ᠠᠵᠢᠯᠯᠠᠭ᠎ᠠ ᠵᠢᠨ ᠡᠬᠢᠯᠡᠭᠰᠡᠨ᠎ᠢ ᠵᠠᠷᠯᠠᠵᠤ᠂ ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠵᠢᠢ ᠶᠦᠩ ᠴᠢᠶᠠᠨ ᠪᠠᠶᠠᠷ᠎ᠤᠨ ᠦᠭᠡ ᠬᠡᠯᠡᠪᠡ; ᠬᠣᠲᠠ ᠵᠢᠨ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ᠂ ᠬᠣᠲᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠣᠶ ᠰᠢᠭᠤᠢ ᠵᠢᠨ ᠠᠵᠤ ᠦᠢ᠍ᠯᠡᠳᠪᠦᠷᠢ᠂ ᠠᠲᠠᠷ ᠬᠠᠭ᠋ᠠᠯᠪᠤᠷᠢᠯᠠᠯᠲᠠ ᠵᠢᠨ ᠪᠦᠯᠦᠭᠯᠡᠯ᠎ᠤᠨ ᠬᠠᠷᠢᠭᠤᠴᠠᠯᠭ᠋ᠠᠲᠠᠨ ᠨᠥᠬᠥᠳ ᠣᠷᠤᠯᠴᠠᠪᠠ᠃
\
ᠬᠥᠯᠥᠨ ᠪᠤᠢ᠍ᠢ᠍ᠷ᠎ᠤᠨ ᠲᠡᠦᠬᠡ ᠵᠢᠨ ᠮᠦᠽᠧᠢ ᠵᠢᠨ ᠡᠮᠦᠨ᠎ᠡ ᠠᠭᠤᠳᠠᠮ ᠲᠠᠯᠠᠪᠠᠢ᠎ᠳᠤ᠎ᠬᠢ ᠬᠥᠯᠥᠨ ᠪᠤᠢ᠍ᠢ᠍ᠷ ᠬᠤᠳᠠ ᠵᠢᠨ ᠲᠠᠪᠤᠳᠤᠭ᠋ᠠᠷ ᠬᠤᠭᠤᠴᠠᠭ᠋ᠠᠨ᠎ᠤ ᠴᠠᠰᠤᠨ ᠱᠤᠭᠤᠮᠠᠯ᠎ᠤᠨ ᠤᠷᠤᠯᠳᠤᠭ᠋ᠠᠨ᠎ᠤ ᠪᠦᠲᠦᠭᠡᠯ ᠤᠯᠠᠨ᠎ᠳᠤ ᠱᠠᠭᠰᠢᠭᠳᠠᠵᠤ᠂ ᠪᠦᠬᠦ ᠤᠯᠤᠰ᠎ᠤᠨ 5 ᠮᠤᠵᠢ ᠵᠢᠨ 46 ᠤᠷᠤᠯᠳᠤᠭ᠋ᠠᠨ᠎ᠳᠤ ᠣᠷᠤᠯᠴᠠᠬᠤ ᠠᠩᠭᠢ ᠰᠢᠷᠦᠭᠦᠨ ᠥᠷᠢᠰᠦᠯᠳᠦᠵᠦ᠂ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠭᠰᠠᠨ 20 ᠪᠦᠯᠦᠭ ᠥᠨᠳᠥᠷ ᠲᠦᠪᠰᠢᠨ᠎ᠲᠠᠢ ᠴᠠᠰᠤᠨ ᠱᠤᠭᠤᠮᠠᠯ᠎ᠤᠨ ᠪᠦᠲᠦᠭᠡᠯ᠎ᠨᠢ 《ᠵᠢᠷᠭᠤᠭ᠋ᠠᠨ ᠣᠷᠳᠣᠨ ᠨᠢᠭᠡ ᠨᠠᠭᠤᠷ》᠎ᠤᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠭᠰᠠᠨ ᠵᠢᠱ᠌ᠢᠶ᠎ᠡ ᠦᠵᠡᠭᠦᠯᠬᠦ ᠣᠷᠣᠨ᠎ᠤ ᠦᠵᠡᠰᠬᠦᠯᠡᠩᠲᠦ ᠰᠠᠢ᠌ᠬᠠᠨ ᠦᠵᠡᠮᠵᠢ ᠪᠣᠯᠤᠭᠰᠠᠨ ᠪᠠᠢ᠌ᠨ᠎ᠠ᠃
ᠬᠥᠯᠥᠨ ᠪᠣᠶ᠋ᠢᠷ ᠬᠣᠲᠠ ᠵᠢᠨ ᠬᠡᠪᠴᠢᠶᠡᠨ᠎ᠤ ᠪᠦᠬᠦ ᠲᠠᠯ᠎ᠠ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠬᠦ ᠵᠢ ᠪᠠᠷᠢᠮᠲᠠᠯᠠᠵᠤ᠂ ᠡᠪᠦᠯ᠎ᠤᠨ ᠤᠯᠠᠷᠢᠯ᠎ᠤᠨ ᠵᠢᠭᠤᠯᠴᠢᠯᠠᠯ᠎ᠢ ᠬᠥᠭᠵᠢᠶᠡᠨ ᠨᠠᠷᠭᠢᠶᠠᠨ᠎ᠲᠠᠢ ᠬᠢᠵᠦ᠂ 2022 — 2023 ᠣᠨ᠎ᠤ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠬᠥᠰᠢᠭᠡ ᠵᠢ ᠰᠡᠬᠦᠵᠦ᠂ ᠬᠥᠯᠥᠨ ᠪᠣᠶ᠋ᠢᠷ᠎ᠤᠨ ᠦᠨᠦᠷ ᠠᠮᠲᠠ · ᠠᠮᠲᠠᠲᠤ ᠢᠳᠡᠭᠡᠨ᠎ᠤ ᠰᠣᠶᠣᠯ᠎ᠤᠨ ᠦᠵᠡᠰᠬᠦᠯᠡᠩ᠂ ᠪᠢ ᠬᠥᠯᠥᠨ ᠪᠣᠶ᠋ᠢᠷ᠎ᠤᠨ ᠶᠡᠬᠡ ᠴᠠᠰᠤᠲᠤ ᠬᠡᠭᠡᠷ᠎ᠡ ᠵᠢᠨ ᠳᠠᠭᠤᠤ ᠬᠥᠭᠵᠢᠮ᠎ᠤᠨ ᠦᠳᠡᠰᠢᠯᠡᠭᠡ᠎ᠳᠤ ᠬᠠᠢ᠌ᠷᠠᠲᠠᠢ ᠵᠡᠷᠭᠡ ᠵᠠᠭᠤᠨ ᠲᠠᠯᠠᠪᠠᠢ ᠤᠷᠠᠨ ᠰᠠᠢ᠌ᠬᠠᠨ᠎ᠤ ᠬᠣᠲᠠ ᠵᠢ ᠴᠣᠭᠴᠠᠯᠠᠨ ᠪᠠᠶ᠋ᠢᠭᠤᠯᠬᠤ ᠤᠷᠠᠨ ᠰᠠᠢ᠌ᠬᠠᠨ᠎ᠤ ᠠᠷᠠᠳ᠎ᠲᠤ ᠠᠰᠢᠭ ᠬᠦᠷᠲᠡᠭᠡᠬᠦ ᠦᠵᠡᠭᠦᠯᠭᠡ ᠵᠢᠨ ᠲᠣᠭᠯᠠᠯᠲᠠ ᠪᠠ ᠮᠥᠰᠥ ᠴᠠᠰᠤᠨ᠎ᠤ ᠨᠠᠭ᠋ᠠᠳᠤᠮ᠂ ᠡᠪᠦᠯ᠎ᠤᠨ ᠤᠯᠠᠷᠢᠯ᠎ᠤᠨ ᠪᠠᠭ᠋ᠠᠲᠤᠷᠴᠤᠳ᠎ᠤᠨ ᠴᠤᠭᠯᠠᠭ᠋ᠠᠨ᠂ ᠬᠦᠢ᠍ᠲᠡᠨ ᠲᠤᠢ᠌ᠯ᠎ᠤᠨ ᠮᠠᠷᠠᠰᠤᠨᠤ ᠴᠤᠭᠯᠠᠭ᠋ᠠᠨ ᠵᠡᠷᠭᠡ ᠰᠣᠶᠣᠯ ᠲᠠᠮᠢᠷ᠎ᠤᠨ ᠠᠷᠠᠳ᠎ᠲᠤ ᠠᠰᠢᠭ ᠬᠦᠷᠲᠡᠭᠡᠬᠦ ᠵᠠᠭᠤᠨ ᠤᠷᠤᠯᠳᠤᠭ᠋ᠠᠨ᠎ᠤ ᠠᠵᠢᠯᠯᠠᠭ᠎ᠠ ᠵᠢᠴᠢ ᠡᠳᠦᠷ ᠪᠦᠷᠢ ᠵᠢᠨ ᠮᠥᠰᠥ ᠴᠠᠰᠤᠨ᠎ᠤ ᠨᠠᠭ᠋ᠠᠳᠤᠮ᠂ ᠲᠠᠯ᠎ᠠ ᠨᠤᠲᠤᠭ᠎ᠲᠤ ᠴᠠᠭ᠋ᠠᠨ ᠰᠠᠷ᠎ᠠ᠎ᠪᠠᠨ ᠪᠡᠯᠭᠡᠯᠡᠬᠦ ᠵᠡᠷᠭᠡ ᠰᠣᠶᠣᠯ ᠵᠢᠭᠤᠯᠴᠢᠯᠠᠯ᠎ᠤᠨ ᠰᠢᠨ᠎ᠡ ᠵᠢ ᠡᠭᠦᠳᠦᠭᠰᠡᠨ ᠪᠦᠲᠦᠭᠡᠭᠳᠡᠬᠦᠨ ᠵᠶ᠋ᠡᠷ ᠥᠷᠭᠡᠨ ᠤᠯᠠᠨ ᠬᠤᠳᠠ ᠵᠢᠨ ᠠᠷᠠᠳ ᠪᠣᠯᠣᠨ ᠵᠢᠭᠤᠯᠴᠢᠯᠠᠭᠴᠢᠳ᠎ᠲᠤ ᠮᠥᠰᠥ ᠴᠠᠰᠤᠨ᠎ᠤ ᠬᠡᠯᠪᠡᠷᠢ ᠵᠢᠨ ᠭᠠᠢ᠌ᠬᠠᠮᠰᠢᠭᠲᠤ ᠠᠶᠠᠯᠠᠯ᠎ᠢ ᠪᠦᠲᠦᠭᠡᠵᠦ ᠥᠭᠬᠦ ᠪᠣᠯᠣᠨ᠎ᠠ᠃
ᠣᠢ᠌ᠯᠠᠭ᠋ᠠᠭᠰᠠᠨ ᠵᠶ᠋ᠠᠷ᠂ ᠬᠥᠯᠥᠨ ᠪᠣᠶ᠋ᠢᠷ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠮᠥᠰᠥ ᠴᠠᠰᠤᠨ᠎ᠤ ᠰᠣᠶᠣᠯ ᠲᠠᠮᠢᠷ᠎ᠤᠨ ᠬᠥᠳᠡᠯᠭᠡᠭᠡᠨ᠎ᠤ ᠵᠢᠭᠤᠯᠴᠢᠯᠠᠯ᠎ᠤᠨ ᠤᠯᠠᠷᠢᠯ᠎ᠳᠤ ᠰᠢᠨ᠎ᠡ ᠴᠠᠭ ᠦᠶ᠎ᠡ ᠵᠢ ᠮᠠᠭᠲᠠᠨ ᠰᠠᠢ᠌ᠰᠢᠶᠠᠬᠤ᠂ ᠠᠷᠪᠠᠨ ᠳᠥᠷᠪᠡᠨ ᠡᠪᠦᠯ᠎ᠢ ᠪᠠᠶᠠᠷᠯᠠᠨ ᠤᠭᠲᠤᠬᠤ᠂ ᠦᠵᠡᠰᠬᠦᠯᠡᠩᠲᠦ ᠰᠠᠢ᠌ᠬᠠᠨ ᠴᠠᠰᠤᠲᠤ ᠲᠠᠯ᠎ᠠ᠂ ᠣᠷᠭᠢᠯᠤᠮ᠎ᠠ ᠬᠠᠯᠠᠭᠤᠨ ᠮᠥᠰᠥ ᠴᠠᠰᠤᠨ᠎ᠤ ᠤᠯᠠᠷᠢᠯ ᠵᠶ᠋ᠠᠷ ᠭᠣᠣᠯ ᠰᠡᠳᠦᠪ ᠪᠣᠯᠭ᠋ᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠲᠠᠢ ᠬᠠᠮᠲᠤ᠎ᠪᠠᠷ ᠭᠣᠣᠯᠯᠠᠨ ᠡᠷᠭᠢᠯᠡᠪᠡ᠃ ᠲᠣᠰ ᠤᠳᠠᠭ᠋ᠠᠨ᠎ᠤ ᠠᠵᠢᠯᠯᠠᠭ᠎ᠠ᠎ᠨᠢ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠂ ᠳᠥᠷᠪᠡᠨ ᠤᠯᠠᠷᠢᠯ᠎ᠤᠨ ᠥᠩᠭᠡ ᠦᠵᠡᠮᠵᠢ》 ᠵᠢᠨ ᠥᠪᠥᠷ ᠮᠣᠩᠭᠣᠯ᠎ᠤᠨ ᠡᠪᠦᠯ᠎ᠤᠨ ᠤᠯᠠᠷᠢᠯ᠎ᠤᠨ ᠵᠢᠭᠤᠯᠴᠢᠯᠠᠯ ᠪᠥᠬᠥ ᠲᠠᠯ᠎ᠠ᠎ᠪᠠᠷ ᠡᠬᠢᠯᠡᠭᠰᠡᠨ᠎ᠢ ᠬᠠᠷᠠᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠬᠦ᠎ᠳᠤ ᠬᠥᠯᠥᠨ ᠪᠣᠶ᠋ᠢᠷ᠎ᠤᠨ ᠠᠮᠢᠳᠤᠯᠢᠭ ᠦᠢ᠍ᠯᠡᠳᠦᠯᠭᠡ ᠵᠢ ᠬᠠᠩᠭ᠋ᠠᠭᠰᠠᠨ ᠪᠠᠢ᠌ᠨ᠎ᠠ᠃