12 ᠳ᠋ᠤᠭ᠋ᠠᠷ ᠰᠠᠷ᠎ᠠ ᠵᠢᠨ 29᠎ᠤ ᠡᠳᠦᠷ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠳᠥᠷᠪᠡᠳᠦᠭᠡᠷ ᠪᠦᠯᠦᠭ᠎ᠤᠨ 19 ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠤᠨ ᠨᠡᠷᠡᠰ᠎ᠢ ᠨᠡᠢ᠌ᠲᠡᠯᠡᠪᠡ᠃ ᠯᠢᠶᠣᠤ ᠵᠢᠨ ᠳᠡᠭᠡᠳᠦ ᠨᠡᠢ᠌ᠰᠯᠡᠯ᠎ᠤᠨ ᠪᠠᠭᠤᠷᠢ ᠡᠭᠦᠨ᠎ᠳᠤ ᠰᠤᠩᠭᠤᠭᠳᠠᠭᠰᠠᠨ ᠪᠠᠢ᠌ᠨ᠎ᠠ᠃ ᠡᠨᠡ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠤᠪᠴᠢᠶᠠᠨ᠎ᠳᠤ ᠨᠡᠷᠡᠢ᠌ᠳᠦᠭᠳᠡᠭᠰᠡᠨ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠠᠩᠬᠠᠳᠠᠭᠴᠢ ᠴᠡᠴᠡᠷᠯᠢᠭ ᠪᠠᠢ᠌ᠵᠤ᠂ ᠥᠪᠥᠷ ᠮᠣᠩᠭᠣᠯ᠎ᠤᠨ ᠲᠣᠰ ᠬᠦᠷᠢᠶᠡᠨ᠎ᠳᠤ᠎ᠬᠢ ᠲᠡᠭ ᠪᠠᠢ᠌ᠭᠰᠠᠨ ᠪᠠᠢ᠌ᠳᠠᠯ᠎ᠢ ᠥᠭᠡᠷᠡᠴᠢᠯᠡᠭᠰᠡᠨ ᠪᠠᠢ᠌ᠨ᠎ᠠ᠃

ᠯᠢᠶᠣᠤ ᠵᠢᠨ ᠳᠡᠭᠡᠳᠦ ᠨᠡᠢ᠌ᠰᠯᠡᠯ᠎ᠤᠨ ᠪᠠᠭᠤᠷᠢ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠭ᠋ᠠᠷᠢᠨ ᠵᠡᠭᠦᠨ ᠬᠣᠰᠢᠭᠤᠨ᠎ᠤ ᠯᠢᠨᠳᠦ᠋ᠩ ᠪᠠᠯᠭ᠋ᠠᠰᠤᠨ᠎ᠳᠤ ᠪᠠᠢ᠌ᠵᠤ᠂ ᠨᠡᠶ᠋ᠢᠲᠡ ᠵᠢᠨ ᠣᠨ ᠲᠣᠭ᠋ᠠᠯᠠᠯ᠎ᠤᠨ 918 ᠣᠨ᠎ᠳᠤ ᠪᠠᠢ᠌ᠭᠤᠯᠤᠭᠳᠠᠵᠤ᠂ ᠡᠬᠢᠨ᠎ᠳᠤ᠎ᠪᠠᠨ ᠬᠠᠭ᠋ᠠᠨ᠎ᠤ ᠨᠡᠢ᠌ᠰᠯᠡᠯ ᠭᠡᠵᠦ ᠪᠠᠢ᠌ᠪᠠ᠂ 926 ᠣᠨ᠎ᠳᠤ ᠥᠷᠭᠡᠳᠬᠡᠨ ᠪᠠᠢ᠌ᠭᠤᠯᠵᠤ᠂ 938 ᠣᠨ᠎ᠳᠤ ᠳᠡᠭᠡᠳᠦ ᠨᠡᠢ᠌ᠰᠯᠡᠯ ᠭᠡᠵᠦ ᠥᠭᠡᠷᠡᠴᠢᠯᠡᠨ᠂ ᠯᠢᠶᠣᠤ ᠵᠢᠨ ᠲᠠᠪᠤᠨ ᠨᠡᠢ᠌ᠰᠯᠡᠯ᠎ᠤᠨ ᠲᠡᠷᠢᠭᠦᠨ ᠪᠣᠯᠵᠤ᠂ 5 ᠲᠡᠭᠰᠢ ᠳᠥᠷᠪᠡᠯᠵᠢᠨ ᠺᠢᠯᠣᠮᠧᠲᠷ ᠭᠠᠵᠠᠷ ᠡᠵᠡᠯᠡᠵᠦ ᠪᠠᠢ᠌ᠪᠠ᠃1961 ᠣᠨ᠎ᠳᠤ ᠲᠦᠷᠦ ᠵᠢᠨ ᠶᠠᠪᠤᠳᠠᠯ᠎ᠤᠨ ᠬᠣᠷᠢᠶ᠎ᠠ ᠠᠩᠬᠠᠨ᠎ᠤ ᠪᠦᠯᠦᠭ᠎ᠤᠨ ᠪᠦᠬᠦ ᠤᠯᠤᠰ᠎ᠤᠨ ᠭᠣᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠨᠢᠭᠡᠴᠢ᠎ᠪᠠᠷ ᠨᠡᠷᠡᠯᠡᠭᠳᠡᠪᠡ ᠃
2010 ᠣᠨ᠎ᠠᠴᠠ ᠨᠠᠭ᠋ᠠᠰᠢ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠭᠠᠵᠠᠷ ᠪᠣᠯᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ᠎ᠠᠴᠠ ᠬᠠᠮᠲᠤᠷᠠᠨ ᠪᠦᠷᠢᠯᠳᠦᠭᠰᠡᠨ ᠯᠢᠶᠣᠤ ᠵᠢᠨ ᠳᠡᠭᠡᠳᠦ ᠨᠡᠢ᠌ᠰᠯᠡᠯ᠎ᠤᠨ ᠬᠠᠭᠤᠴᠢ ᠰᠤᠳᠤᠯᠤᠯ᠎ᠤᠨ ᠠᠩᠭᠢ ᠤᠷᠢᠳ ᠬᠣᠵᠢᠳ 15 ᠪᠠᠭᠤᠷᠢ ᠵᠢ ᠰᠤᠳᠤᠯᠵᠤ ᠂ ᠬᠠᠭ᠋ᠠᠨ᠎ᠤ ᠬᠤᠳᠠ ᠵᠢᠨ ᠵᠡᠭᠦᠨᠰᠢ ᠴᠢᠭᠯᠡᠭᠰᠡᠨ ᠲᠡᠩᠭᠡᠯᠢᠭ᠎ᠤᠨ ᠱᠤᠭᠤᠮ᠎ᠤᠨ ᠪᠠᠢ᠌ᠷᠢᠯᠠᠭᠤᠯᠤᠯᠲᠠ ᠵᠢᠴᠢ ᠯᠢᠶᠣᠤ ᠵᠢᠨ ᠳᠡᠭᠡᠳᠦ ᠨᠡᠢ᠌ᠰᠯᠡᠯ᠎ᠤᠨ ᠣᠷᠳᠣᠨ᠎ᠤ ᠣᠨᠣᠪᠴᠢᠲᠠᠢ ᠣᠷᠣᠨ ᠪᠠᠢ᠌ᠷᠢ ᠪᠣᠯᠣᠨ ᠬᠡᠪᠴᠢᠶ᠎ᠡ ᠵᠢ ᠢᠯᠡᠷᠡᠭᠦᠯᠦᠨ ᠨᠤᠲᠠᠯᠠᠵᠤ᠂ ᠪᠤᠷᠬᠠᠨ᠎ᠤ ᠱᠠᠰᠢᠨ᠎ᠤ ᠱᠤᠭᠤᠮᠠᠯ᠎ᠤᠨ ᠬᠦᠷᠦᠭ᠂ ᠬᠢᠳᠠᠨ ᠦᠰᠦᠭ᠎ᠤᠨ ᠬᠥᠰᠢᠶᠡᠨ᠎ᠤ ᠬᠡᠰᠡᠭ ᠵᠡᠷᠭᠡ 2 ᠲᠦᠮᠡ ᠭᠠᠷᠤᠢ ᠬᠣᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠢᠯᠡᠷᠡᠭᠦᠯᠵᠦ᠂ ᠨᠡᠢ᠍ᠢ᠍ᠳᠡ 2500 ᠭᠠᠷᠤᠢ ᠪᠦᠯᠦᠭ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠡᠮᠬᠢᠯᠡᠵᠦ᠂ 20 ᠭᠠᠷᠤᠢ ᠡᠷᠳᠡᠮ ᠰᠢᠨᠵᠢᠯᠡᠭᠡᠨ᠎ᠤ ᠥᠭᠦᠯᠡᠯ ᠨᠡᠢ᠌ᠲᠡᠯᠡᠭᠦᠯᠵᠡᠢ᠃ 2013 ᠣᠨ᠎ᠳᠤ᠂ ᠯᠢᠶᠣᠤ ᠵᠢᠨ ᠳᠡᠭᠡᠳᠦ ᠨᠡᠢ᠌ᠰᠯᠡᠯ᠎ᠤᠨ ᠬᠠᠭ᠋ᠠᠨ᠎ᠤ ᠬᠤᠳᠠ ᠵᠢᠨ ᠰᠢ ᠱᠠᠨ ᠫᠦᠸᠸ ᠪᠤᠷᠬᠠᠨ᠎ᠤ ᠰᠦᠮ᠎ᠡ ᠵᠢᠨ ᠪᠠᠭᠤᠷᠢ ᠵᠢᠨ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠨᠢ 《2012 ᠣᠨ᠎ᠤ ᠪᠦᠬᠦ ᠤᠯᠤᠰ᠎ᠤᠨ ᠠᠷᠪᠠᠨ ᠶᠡᠬᠡ ᠬᠠᠭᠤᠴᠢ ᠰᠤᠳᠤᠯᠤᠯ᠎ᠤᠨ ᠰᠢᠨ᠎ᠡ ᠢᠯᠡᠷᠡᠭᠦᠯᠦᠯᠲᠡ》᠎ᠪᠠᠷ ᠦᠨᠡᠯᠡᠭᠳᠡᠪᠡ᠃ 2017 ᠣᠨ᠎ᠳᠤ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠭᠠᠵᠠᠷ ᠪᠠᠭ᠋ᠠᠷᠢᠨ ᠵᠡᠭᠦᠨ ᠬᠣᠰᠢᠭᠤᠨ᠎ᠳᠤ 《ᠬᠢᠳᠠᠨ ᠰᠣᠶᠣᠯ᠎ᠤᠨ ᠰᠤᠳᠤᠯᠭ᠋ᠠᠨ᠎ᠤ ᠰᠠᠭᠤᠷᠢᠨ ᠭᠠᠵᠠᠷ》᠎ᠢ ᠪᠠᠢ᠌ᠭᠤᠯᠪᠠ᠃

ᠯᠢᠶᠣᠤ ᠵᠢᠨ ᠳᠡᠭᠡᠳᠦ ᠨᠡᠢ᠌ᠰᠯᠡᠯ᠎ᠤᠨ ᠮᠦᠽᠧᠢ
ᠯᠢᠶᠣᠤ ᠵᠢᠨ ᠳᠡᠭᠡᠳᠦ ᠨᠡᠢ᠌ᠰᠯᠡᠯ ᠤᠨ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ
ᠪᠠᠭᠤᠷᠢ ᠵᠢᠨ ᠴᠡᠴᠡᠷᠯᠢᠭ᠎ᠢ 2013 ᠣᠨ᠎ᠤ 12 ᠳ᠋ᠤᠭ᠋ᠠᠷ ᠰᠠᠷ᠎ᠠ᠎ᠳᠤ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠥᠪᠰᠢᠶᠡᠷᠡᠵᠦ ᠲᠥᠷᠥᠯ ᠵᠦᠢ᠍ᠯ ᠲᠤᠭᠲᠠᠭ᠋ᠠᠪᠠ᠃ ᠣᠲᠣ ᠨᠢᠭᠡᠨᠲᠡ ᠶᠡᠷᠦᠩᠬᠡᠢ᠌ᠯᠡᠭᠰᠡᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠣᠭᠣᠷᠢᠭ (ᠯᠢᠶᠤᠤ ᠵᠢᠨ ᠳᠡᠭᠡᠳᠦ ᠨᠡᠢ᠌ᠰᠯᠡᠯ᠎ᠤᠨ ᠮᠦᠽᠧᠢ᠂ ᠵᠢᠭᠤᠯᠴᠢᠯᠠᠭᠴᠢᠳ᠎ᠤᠨ ᠦᠢ᠍ᠯᠡᠴᠢᠯᠡᠭᠡᠨ᠎ᠤ ᠲᠥᠪ ᠪᠠᠭᠲᠠᠨ᠎ᠠ)᠂ ᠴᠡᠴᠡᠷᠯᠢᠭ᠎ᠤᠨ ᠭᠣᠣᠯ ᠡᠭᠦᠳᠡ ᠵᠢᠨ ᠲᠣᠭᠣᠷᠢᠭ (ᠴᠢᠶᠠᠨ ᠳ᠋ᠧ ᠮᠧᠨ ᠲᠠᠯᠠᠪᠠᠶ)᠂ ᠬᠠᠭ᠋ᠠᠨ᠎ᠤ ᠬᠣᠲᠠ ᠵᠢᠨ ᠪᠠᠭᠤᠷᠢ ᠵᠢᠨ ᠦᠵᠡᠭᠦᠯᠭᠡ ᠵᠢᠨ ᠲᠣᠭᠣᠷᠢᠭ (ᠬᠣᠲᠠ ᠵᠢᠨ ᠬᠡᠷᠡᠮ᠎ᠢ ᠲᠣᠭᠣᠷᠢᠭᠰᠠᠨ ᠦᠵᠡᠭᠦᠯᠭᠡ ᠵᠢᠨ ᠪᠦᠰᠡ ᠪᠠᠭᠲᠠᠨ᠎ᠠ) ᠪᠣᠯᠣᠨ ᠪᠠᠷᠠᠭᠤᠨ ᠬᠣᠲᠠ ᠵᠢᠨ ᠬᠡᠷᠡᠮ᠎ᠤᠨ ᠭᠠᠳᠠᠨᠠᠬᠢ ᠪᠦᠰᠡᠯᠢᠭ ᠴᠡᠴᠡᠷᠯᠢᠭ (ᠯᠢᠶᠤᠤ ᠵᠢᠨ ᠰᠣᠶᠣᠯ᠎ᠤᠨ ᠦᠵᠡᠭᠦᠯᠭᠡ ᠵᠢᠨ ᠲᠣᠭᠣᠷᠢᠭ᠂ ᠬᠠᠭᠤᠴᠢ ᠰᠤᠳᠤᠯᠤᠯ ᠬᠢᠭᠡᠳ ᠢᠯᠡᠷᠡᠭᠦᠯᠦᠯᠲᠡ ᠵᠢᠨ ᠠᠵᠢᠯᠯᠠᠭ᠋ᠠᠨ᠎ᠤ ᠲᠣᠭᠣᠷᠢᠭ᠂ ᠣᠯᠠᠨ ᠨᠡᠶ᠋ᠢᠲᠡ ᠵᠢᠨ ᠵᠤᠭ᠎ᠠ ᠴᠡᠩᠭᠡᠯ᠎ᠤᠨ ᠲᠣᠭᠣᠷᠢᠭ ᠪᠠᠭᠲᠠᠨ᠎ᠠ)᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠂ ᠰᠤᠷᠭ᠋ᠠᠨ ᠬᠥᠮᠦᠵᠢᠯ᠂ ᠰᠡᠯᠡᠭᠦᠴᠡᠯ ᠵᠢᠭᠤᠯᠴᠢᠯᠠᠯ᠂ ᠰᠣᠶᠣᠯ ᠵᠤᠭ᠎ᠠ ᠴᠡᠩᠭᠡᠯ ᠵᠡᠷᠭᠡ ᠤᠯᠠᠨ ᠴᠢᠳᠠᠮᠵᠢ ᠵᠢ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠴᠢᠨᠠᠷᠲᠠᠢ ᠬᠤᠳᠠ ᠵᠢᠨ ᠰᠣᠶᠣᠯ᠎ᠤᠨ ᠴᠡᠴᠡᠷᠯᠢᠭ ᠪᠣᠯᠵᠤ᠂ ᠲᠤᠬᠠᠢ ᠵᠢᠨ ᠭᠠᠵᠠᠷ᠎ᠤᠨ ᠰᠣᠶᠣᠯ ᠢᠷᠭᠡᠨᠰᠢᠯ᠂ ᠠᠮᠢ ᠠᠬᠤᠢ ᠵᠢᠨ ᠣᠷᠴᠢᠨ ᠲᠣᠭᠣᠷᠢᠨ᠎ᠢ ᠪᠦᠲᠦᠮᠵᠢᠲᠡᠢ ᠰᠠᠢ᠌ᠵᠢᠷᠠᠭᠤᠯᠵᠤ ᠰᠣᠶᠣᠯ ᠵᠢᠭᠤᠯᠴᠢᠯᠠᠯ ᠪᠣᠯᠣᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠤᠭᠰᠠᠨ ᠪᠠᠢ᠌ᠨ᠎ᠠ᠃