ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠤᠷᠤᠯᠴᠠᠭᠴᠢ 《ᠰᠢᠯᠢᠳᠡᠭ ᠰᠠᠢ᠌ᠨ ᠳᠤᠷ᠎ᠠ ᠵᠢᠨ ᠲᠠᠢ᠌ᠯᠪᠤᠷᠢᠯᠠᠭᠴᠢ》 ᠵᠢᠨ ᠢᠷᠠᠭᠤ ᠠᠯᠳᠠᠷ᠎ᠢ ᠭᠥᠷᠳᠡᠪᠡ
ᠨᠡᠶᠢᠲᠡᠯᠡᠭᠰᠡᠨ ᠴᠠᠭ᠄ 2023-11-17


     11 ᠳ᠋ᠤᠭᠡᠷ ᠰᠠᠷ᠎ᠠ ᠵᠢᠨ 16᠎ᠤ ᠡᠳᠦᠷ᠂ ᠲᠥᠪ᠎ᠤᠨ ᠤᠬᠠᠭᠤᠯᠬᠤ ᠬᠡᠯᠲᠡᠰ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠾᠧᠨᠠᠨ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤᠷᠠᠨ ᠡᠷᠭᠢᠯᠡᠭᠰᠡᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠬᠤᠪᠢᠰᠬᠠᠯᠲᠤ ᠥᠯᠢᠭᠡᠷ᠎ᠤᠨ ᠲᠠᠢ᠌ᠯᠪᠤᠷᠢᠯᠠᠭᠴᠢ ᠵᠢᠨ ᠤᠷᠤᠯᠳᠤᠭ᠋ᠠᠨ ᠾᠧᠨᠠᠨ᠎ᠤ ᠰᠢᠨ ᠰᠢᠶᠠᠨ᠎ᠳᠤ ᠵᠢᠩᠬᠢᠨᠢ᠎ᠪᠠᠷ ᠥᠨᠳᠥᠷᠯᠡᠪᠡ᠃
      ᠲᠤᠰ ᠤᠳᠠᠭ᠋ᠠᠨ᠎ᠤ ᠤᠷᠤᠯᠳᠤᠭ᠋ᠠᠨ᠎ᠳᠤ ᠠᠩᠬᠠᠨ᠎ᠤ ᠤᠷᠤᠯᠳᠤᠭ᠋ᠠᠨ ᠪᠠ ᠰᠢᠢ᠍ᠳᠪᠦᠷᠢᠲᠦ ᠤᠷᠤᠯᠳᠤᠭ᠋ᠠᠨ ᠲᠣᠬᠢᠷᠠᠭᠤᠯᠵᠤ᠂ ᠲᠤᠰᠬᠠᠢ ᠮᠡᠷᠭᠡᠵᠢᠯ᠎ᠤᠨ ᠳᠤᠭᠤᠢ᠌ᠯᠠᠩ ᠪᠠ ᠰᠠᠢ᠌ᠨ ᠳᠤᠷ᠎ᠠ ᠵᠢᠨ ᠳᠤᠭᠤᠢ᠌ᠯᠠᠩ ᠭᠡᠵᠦ ᠬᠤᠪᠢᠶᠠᠵᠤ᠂ ᠡᠯ᠎ᠡ ᠳᠤᠭᠤᠢ᠌ᠯᠠᠩ᠎ᠤᠨ ᠡᠮᠦᠨ᠎ᠡ 30 ᠨᠡᠷᠡᠰ ᠤᠷᠤᠯᠴᠠᠭᠴᠢ ᠰᠢᠢ᠍ᠳᠪᠦᠷᠢᠲᠦ ᠤᠷᠤᠯᠳᠤᠭ᠋ᠠᠨ᠎ᠳᠤ ᠣᠷᠣᠵᠤ᠂ ᠰᠢᠢ᠍ᠳᠪᠦᠷᠢᠲᠦ ᠤᠷᠤᠯᠳᠤᠭ᠋ᠠᠨ᠎ᠤ ᠡᠯ᠎ᠡ ᠳᠤᠭᠤᠢ᠌ᠯᠠᠩ᠎ᠤᠨ ᠲᠦᠷᠦᠭᠦᠸ᠋ 10 ᠨᠡᠷᠡᠰ ᠤᠷᠤᠯᠴᠠᠭᠴᠢ᠎ᠳᠤ ᠲᠣᠰ ᠲᠣᠰ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠬᠤᠪᠢᠰᠬᠠᠯᠲᠤ ᠥᠯᠢᠭᠡᠷ᠎ᠤᠨ ᠲᠠᠢ᠌ᠯᠪᠤᠷᠢᠯᠠᠭᠴᠢ ᠵᠢᠨ ᠤᠷᠤᠯᠳᠤᠭ᠋ᠠᠨ᠎ᠤ 《ᠠᠯᠲᠠᠨ ᠮᠸᠳᠠᠯᠲᠤ ᠲᠠᠢ᠌ᠯᠪᠤᠷᠢᠯᠠᠭᠴᠢ》 ᠵᠢᠨ ᠢᠷᠠᠭᠤ ᠠᠯᠳᠠᠷ᠎ᠤᠨ ᠴᠣᠯᠠ᠂ 《ᠠᠯᠲᠠᠨ ᠮᠸᠳᠠᠯᠲᠤ ᠰᠠᠢ᠌ᠨ ᠳᠤᠷ᠎ᠠ ᠵᠢᠨ ᠲᠠᠢ᠌ᠯᠪᠤᠷᠢᠯᠠᠭᠴᠢ》 ᠵᠢᠨ ᠢᠷᠠᠭᠤ ᠠᠯᠳᠠᠷ᠎ᠤᠨ ᠴᠣᠯᠠ ᠣᠯᠭᠣᠵᠤ᠂ ᠡᠯ᠎ᠡ ᠳᠤᠭᠤᠢ᠌ᠯᠠᠩ᠎ᠤᠨ ᠪᠤᠰᠤᠳ 20 ᠤᠷᠤᠯᠴᠠᠭᠴᠢ᠎ᠳᠤ ᠲᠣᠰ ᠲᠣᠰ ᠪᠥᠬᠥ ᠤᠯᠤᠰ᠎ᠤᠨ ᠬᠤᠪᠢᠰᠬᠠᠯᠲᠤ ᠥᠯᠢᠭᠡᠷ᠎ᠤᠨ ᠲᠠᠢ᠌ᠯᠪᠤᠷᠢᠯᠠᠭᠴᠢ ᠵᠢᠨ ᠤᠷᠤᠯᠳᠤᠭ᠋ᠠᠨ᠎ᠤ 《ᠰᠢᠯᠢᠳᠡᠭ ᠲᠠᠢ᠌ᠯᠪᠤᠷᠢᠯᠠᠭᠴᠢ》 ᠵᠢᠨ ᠢᠷᠠᠭᠤ ᠠᠯᠳᠠᠷ᠎ᠤᠨ ᠴᠣᠯᠠ᠂ 《ᠰᠢᠯᠢᠳᠡᠭ ᠰᠠᠢ᠌ᠨ ᠳᠤᠷ᠎ᠠ ᠵᠢᠨ   ᠲᠠᠢ᠌ᠯᠪᠤᠷᠢᠯᠠᠭᠴᠢ》 ᠵᠢᠨ ᠢᠷᠠᠭᠤ ᠠᠯᠳᠠᠷ᠎ᠤᠨ ᠴᠣᠯᠠ ᠣᠯᠭᠣᠪᠠ᠃ ᠲᠤᠰ ᠤᠳᠠᠭ᠎ᠠ ᠵᠢᠨ ᠤᠷᠤᠯᠳᠤᠭ᠋ᠠᠨ᠎ᠳᠤ ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ ᠣᠷᠣᠯᠴᠠᠭᠰᠠᠳ ᠴᠤᠭᠯᠠᠷᠠᠵᠤ᠂ ᠲᠡᠳᠡ ᠭᠣᠢ᠌ᠳᠠ ᠰᠠᠢ᠌ᠬᠠᠨ ᠲᠠᠢ᠌ᠯᠪᠤᠷᠢᠯᠠᠯᠲᠠ᠎ᠪᠠᠷ ᠬᠤᠪᠢᠰᠬᠠᠯ᠎ᠤᠨ ᠦᠯᠢᠭᠡᠷ᠎ᠢ ᠦᠵᠡᠭᠴᠢᠳ᠎ᠤᠨ ᠡᠮᠦᠨ᠎ᠡ ᠠᠮᠢᠳᠤᠯᠢᠭ ᠵᠶ᠋ᠠᠷ ᠢᠯᠡᠷᠡᠭᠦᠯᠪᠡ᠃

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 9 ᠳ᠋ᠤᠭᠡᠷ ᠰᠠᠷ᠎ᠠ᠎ᠳᠤ ᠪᠥᠬᠥ ᠣᠷᠣᠨ᠎ᠤ ᠰᠤᠩᠭᠤᠨ ᠰᠢᠯᠭ᠋ᠠᠷᠠᠭᠤᠯᠬᠤ ᠤᠷᠤᠯᠳᠤᠭ᠋ᠠᠨ᠎ᠢ ᠡᠷᠭᠢᠯᠡᠵᠦ᠂ 3 ᠲᠤᠰᠬᠠᠢ ᠮᠡᠷᠭᠡᠵᠢᠯ᠎ᠤᠨ ᠲᠠᠢ᠌ᠯᠪᠤᠷᠢᠯᠠᠭᠴᠢ ᠪᠠ 3 ᠰᠠᠢ᠌ᠨ ᠳᠤᠷ᠎ᠠ ᠵᠢᠨ ᠲᠠᠢ᠌ᠯᠪᠤᠷᠢᠯᠠᠭᠴᠢ ᠵᠢ ᠰᠣᠩᠭᠣᠨ ᠭᠠᠷᠭ᠋ᠠᠵᠤ᠂ ᠨᠠᠮ᠎ᠤᠨ ᠲᠡᠦᠬᠡ ᠰᠤᠳᠤᠯᠬᠤ ᠲᠠᠰᠤᠭ᠂ ᠶᠡᠬᠡ ᠳᠡᠭᠡᠳᠦ ᠰᠤᠷᠭ᠋ᠠᠭᠤᠯᠢ᠂ ᠦᠵᠡᠰᠬᠦᠯᠡᠩ᠎ᠤᠨ ᠣᠷᠳᠣᠨ᠂ ᠨᠡᠢ᠌ᠭᠡᠮᠯᠢᠭ᠎ᠤᠨ ᠲᠤᠰᠬᠠᠢ ᠮᠡᠷᠭᠡᠵᠢᠯᠲᠡᠨ᠎ᠢ ᠤᠷᠢᠵᠤ ᠤᠷᠤᠯᠳᠤᠭ᠋ᠠᠨ᠎ᠳᠤ ᠣᠷᠣᠯᠴᠠᠭᠰᠠᠳ᠎ᠲᠤ ᠲᠤᠰᠬᠠᠢ ᠰᠡᠳᠦᠪᠲᠦ ᠬᠢᠴᠢᠶᠡᠯ ᠪᠠ ᠪᠣᠯᠪᠠᠰᠤᠷᠠᠯ ᠬᠦᠷᠲᠡᠭᠡᠪᠡ᠃ ᠮᠠᠨ᠎ᠤ ᠣᠷᠣᠨ᠎ᠤ ᠣᠷᠣᠯᠴᠠᠭᠰᠠᠳ ᠤᠷᠤᠯᠳᠤᠭ᠋ᠠᠨ᠎ᠳᠤ 《ᠴᠠᠭ ᠦᠶ᠎ᠡ ᠵᠢᠨ ᠦᠯᠢᠭᠡᠷ ᠳᠠᠭᠤᠷᠢᠶᠠᠯ ᠰᠦᠬᠡ ᠰᠠᠯᠬᠢᠨ᠎ᠢ ᠰᠡᠷᠭᠡᠢ᠌ᠯᠡᠵᠦ ᠡᠯᠡᠰᠦ ᠵᠢ ᠵᠠᠰᠠᠭᠰᠠᠨ᠎ᠨᠢ》᠂ 《ᠶᠤᠸᠠᠨ ᠯᠦᠩ ᠫᠢᠩ᠎ᠤᠨ ᠲᠠᠷᠢᠭᠰᠠᠨ 〈ᠶᠤᠸᠠᠨ ᠮᠸᠩ ᠲᠤᠲᠤᠷᠭ᠎ᠠ〉》᠂ 《ᠪᠦᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠰᠢᠰᠲᠸᠮ᠎ᠤᠨ ᠨᠢᠭᠡᠳᠦᠭᠡᠷ ᠳᠡᠰ᠎ᠤᠨ ᠪᠠᠭ᠋ᠠᠲᠤᠷ ᠵᠢᠱ᠌ᠢᠶᠡᠴᠢ᠂ ᠬᠡᠰᠡᠭ᠎ᠤᠨ ᠴᠠᠭᠳᠠᠭ᠎ᠠ ᠪᠤᠶᠠᠨ》 ᠵᠡᠷᠭᠡ ᠬᠥᠮᠥᠰ᠎ᠤᠨ ᠰᠡᠳᠬᠢᠯ᠎ᠢ ᠬᠥᠳᠡᠯᠭᠡᠮ᠎ᠡ ᠭᠣᠢ᠌ᠳᠠ ᠰᠠᠢ᠌ᠬᠠᠨ ᠦᠯᠢᠭᠡᠷ᠎ᠢ ᠲᠠᠢ᠌ᠯᠪᠤᠷᠢᠯᠠᠪᠠ᠂ ᠡᠭᠦᠨ᠎ᠳᠤ᠂ ᠥᠪᠥᠷ ᠮᠣᠩᠭᠣᠯ᠎ᠤᠨ ᠲᠦᠩᠯᠢᠶᠣᠣ ᠬᠤᠳᠠ᠎ᠠᠴᠠ ᠢᠷᠡᠭᠰᠡᠨ ᠵᠢᠶᠠᠩ ᠵᠢᠶᠠᠨ ᠢᠦᠢ ᠲᠤᠰ ᠤᠳᠠᠭ᠎ᠠ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠳᠤ ᠠᠮᠵᠢᠯᠲᠠ᠎ᠲᠠᠢ ᠣᠷᠣᠵᠤ᠂ 《ᠰᠢᠯᠢᠳᠡᠭ ᠰᠠᠢ᠌ᠨ ᠳᠤᠷ᠎ᠠ ᠵᠢᠨ ᠲᠠᠢ᠌ᠯᠪᠤᠷᠢᠯᠠᠭᠴᠢ》 ᠵᠢᠨ ᠢᠷᠠᠭᠤ ᠠᠯᠳᠠᠷ᠎ᠤᠨ ᠴᠣᠯᠠ ᠬᠦᠷᠲᠡᠵᠡᠢ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠰᠢᠨ᠎ᠡ ᠵᠢᠯ᠎ᠤᠨ ᠠᠮᠠᠷᠠᠯᠲᠠ ᠵᠢᠨ ᠠᠩᠬᠠᠨ᠎ᠤ ᠡᠳᠦᠷ 214.90 ᠲᠦᠮᠡᠨ ᠬᠥᠮᠥᠨ ᠲᠠᠨ᠎ᠢ ᠤᠷᠢᠵᠤ ᠥᠪᠥᠷ ᠮᠣᠩᠭᠣᠯ᠎ᠤᠨ ᠮᠥᠰᠥ ᠴᠠᠰᠤᠨ᠎ᠤ ᠭᠠᠢ᠌ᠬᠠᠮᠰᠢᠭᠲᠤ ᠪᠠᠷᠢᠯᠳᠤᠯᠭ᠎ᠠ ᠵᠢ ᠪᠡᠶᠡᠴᠢᠯᠡᠨ ᠣᠢ᠌ᠯᠠᠭ᠋ᠠᠶ᠎ᠠ
 
            