ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠦᠨ ᠦᠵᠡᠰᠭᠦᠯᠡᠩ᠎ᠤᠨ ᠠᠮᠤᠷ ᠲᠦᠪᠰᠢᠨ ᠎ᠢ ᠪᠠᠲᠤᠯᠠᠨ᠎ᠠ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠮᠦᠽᠧᠢ ᠵᠢᠨ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠵᠢᠯᠯᠠᠭ᠋ᠠᠨ᠎ᠤ ᠪᠠᠢ᠌ᠳᠠᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄ 2023-08-26


     8 ᠳ᠋ᠤᠭ᠋ᠠᠷ ᠰᠠᠷ᠎ᠠ ᠵᠢᠨ 16᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠤᠪᠴᠢᠶᠠᠨ᠎ᠤ ᠮᠦᠽᠧᠢ ᠵᠢᠨ ᠭᠠᠵᠠᠷ ᠥᠪᠥᠷ ᠮᠣᠩᠭᠣᠯ᠎ᠤᠨ ᠮᠦᠽᠧᠢ᠂ ᠬᠥᠬᠡᠬᠣᠲᠠ ᠵᠢᠨ ᠮᠦᠽᠧᠢ ᠵᠢᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠠᠵᠢᠯᠯᠠᠭ᠋ᠠᠨ᠎ᠤ ᠪᠠᠢ᠌ᠳᠠᠯ᠎ᠳᠤ ᠪᠠᠢ᠌ᠴᠠᠭ᠋ᠠᠨ ᠰᠤᠳᠤᠯᠤᠯᠲᠠ ᠬᠢᠪᠡ᠃ ᠲᠤᠰ ᠤᠳᠠᠭ᠋ᠠᠨ᠎ᠤ ᠪᠠᠢ᠌ᠴᠠᠭ᠋ᠠᠨ ᠰᠤᠳᠤᠯᠤᠯᠲᠠ᠎ᠨᠢ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠤᠪᠴᠢᠶᠠᠨ᠎ᠤ 《ᠮᠦᠽᠧᠢ ᠵᠢᠨ ᠵᠤᠨ᠎ᠤ ᠠᠮᠠᠷᠠᠯᠲᠠ ᠵᠡᠷᠭᠡ ᠪᠠᠶᠠᠷ ᠳᠤᠷᠠᠰᠬᠠᠯ᠎ᠤᠨ ᠡᠳᠦᠷ᠎ᠤᠨ ᠦᠢ᠍ᠯᠡᠴᠢᠯᠡᠭᠡᠨ᠎ᠤ ᠠᠵᠢᠯ᠎ᠢ ᠴᠢᠩᠭ᠋ᠠᠳᠬᠠᠬᠤ ᠲᠤᠬᠠᠢ ᠮᠡᠳᠡᠭᠳᠡᠯ》᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠤᠪᠴᠢᠶᠠᠨ᠎ᠤ   ᠶᠠᠪᠤᠳᠠᠯ᠎ᠤᠨ ᠬᠤᠷᠠᠯ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠲᠠᠪᠤᠷᠢᠵᠢᠭᠤᠯᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠢ ᠪᠠᠷᠢᠮᠲᠠᠯᠠᠨ᠂ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠴᠢᠩᠭ᠋ᠠᠳᠬᠠᠨ᠂ ᠭᠥᠯᠢᠶᠡᠨ ᠠᠪᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠵᠦ᠂ ᠮᠦᠽᠧᠢ ᠵᠢᠨ ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠴᠢᠳᠠᠮᠵᠢ ᠵᠢ ᠤᠯᠠᠮ ᠨᠢᠭᠡ ᠠᠯᠬᠤᠮ ᠪᠠᠳᠠᠷᠠᠭᠤᠯᠤᠨ᠂ ᠥᠷᠭᠡᠨ ᠣᠯᠠᠨ ᠲᠦᠮᠡᠨ᠎ᠤ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠢ᠌ᠲᠤᠷ   ᠬᠠᠩᠭ᠋ᠠᠬᠤ ᠵᠢᠨ ᠲᠦᠯᠦᠭᠡ ᠶᠤᠮ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠤᠷᠢᠳ ᠬᠣᠵᠢᠳ ᠥᠪᠥᠷ ᠮᠣᠩᠭᠣᠯ᠎ᠤᠨ ᠮᠦᠽᠧᠢ᠂ ᠬᠥᠬᠡᠬᠣᠲᠠ ᠵᠢᠨ ᠮᠦᠽᠧᠢ᠎ᠳᠤ ᠬᠦᠷᠴᠦ ᠲᠤᠬᠠᠢ ᠵᠢᠨ ᠭᠠᠵᠠᠷ᠎ᠲᠤ᠎ᠨᠢ ᠰᠢᠨᠵᠢᠯᠡᠨ ᠪᠠᠢ᠌ᠴᠠᠭ᠋ᠠᠵᠤ᠂ ᠠᠮᠤᠷ ᠲᠦᠪᠰᠢᠨ᠎ᠤ ᠪᠠᠢ᠌ᠴᠠᠭ᠋ᠠᠯᠲᠠ ᠵᠢᠨ ᠬᠠᠭ᠋ᠠᠯᠲᠠ᠂ ᠠᠮᠤᠷ ᠲᠦᠪᠰᠢᠨ᠎ᠤ ᠰᠡᠷᠭᠡᠢ᠌ᠯᠡᠯᠲᠡ᠂ ᠭᠠᠯ ᠤᠨᠲᠠᠷᠠᠭ᠋ᠠᠬᠤ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠢ᠌ᠳᠠᠯ᠎ᠢ ᠪᠠᠢ᠌ᠴᠠᠭ᠋ᠠᠨ ᠦᠵᠡᠵᠦ᠂ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠲᠣᠭᠣᠷᠢᠨ ᠪᠠᠢ᠌ᠴᠠᠭ᠋ᠠᠭᠰᠠᠨ ᠲᠡᠮᠳᠡᠭᠯᠡᠯ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ ᠵᠢᠴᠢ ᠬᠢᠨᠠᠨ ᠡᠵᠡᠮᠳᠡᠵᠦ ᠠᠵᠢᠯᠯᠠᠭᠤᠯᠤᠭᠰᠠᠨ ᠪᠠᠢ᠌ᠳᠠᠯ᠎ᠢ ᠪᠠᠢ᠌ᠴᠠᠭ᠋ᠠᠵᠤ᠂ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠤ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠵᠢᠭᠤᠯᠴᠢᠯᠠᠭᠴᠢᠳ᠎ᠢ ᠬᠦᠯᠢᠶᠡᠨ ᠠᠪᠤᠭᠰᠠᠨ᠂ ᠤᠷᠤᠰᠬᠠᠯ᠎ᠤᠨ ᠬᠡᠮᠵᠢᠶ᠎ᠡ ᠵᠢ ᠬᠢᠵᠠᠭ᠋ᠠᠷᠯᠠᠭᠰᠠᠨ ᠪᠠᠢ᠌ᠳᠠᠯ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠲᠠᠯ᠎ᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠴᠠᠢ᠃



      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠠᠰᠠ ᠥᠪᠥᠷ ᠮᠣᠩᠭᠣᠯ᠎ᠤᠨ ᠮᠦᠽᠧᠢ ᠵᠢᠨ ᠲᠤᠭ᠋ᠠᠵᠢᠭᠤᠯᠤᠭᠰᠠᠨ ᠦᠵᠡᠭᠦᠯᠭᠡ ᠵᠢᠨ ᠲᠢᠩᠬᠢᠮ᠎ᠤᠨ ᠪᠠᠢ᠌ᠭᠤᠯᠤᠯᠲᠠ ᠪᠣᠯᠣᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠤ ᠨᠡᠭᠡᠭᠡᠨ ᠬᠥᠭᠵᠢᠭᠦᠯᠦᠯᠲᠡ ᠵᠢᠨ ᠲᠤᠷᠰᠢᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠠᠵᠢᠯ᠎ᠢ ᠲᠣᠬᠢᠷᠠᠭᠤᠯᠤᠨ ᠵᠢᠯᠤᠭᠤᠳᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠤᠷᠤᠯᠴᠠᠭᠴᠢ 《ᠰᠢᠯᠢᠳᠡᠭ ᠰᠠᠢ᠌ᠨ ᠳᠤᠷ᠎ᠠ ᠵᠢᠨ ᠲᠠᠢ᠌ᠯᠪᠤᠷᠢᠯᠠᠭᠴᠢ》 ᠵᠢᠨ ᠢᠷᠠᠭᠤ ᠠᠯᠳᠠᠷ᠎ᠢ ᠭᠥᠷᠳᠡᠪᠡ
2024 ᠣᠨ᠎ᠤ ᠰᠢᠨ᠎ᠡ ᠵᠢᠯ᠎ᠤᠨ ᠠᠮᠠᠷᠠᠯᠲᠠ ᠵᠢᠨ ᠠᠩᠬᠠᠨ᠎ᠤ ᠡᠳᠦᠷ 214.90 ᠲᠦᠮᠡᠨ ᠬᠥᠮᠥᠨ ᠲᠠᠨ᠎ᠢ ᠤᠷᠢᠵᠤ ᠥᠪᠥᠷ ᠮᠣᠩᠭᠣᠯ᠎ᠤᠨ ᠮᠥᠰᠥ ᠴᠠᠰᠤᠨ᠎ᠤ ᠭᠠᠢ᠌ᠬᠠᠮᠰᠢᠭᠲᠤ ᠪᠠᠷᠢᠯᠳᠤᠯᠭ᠎ᠠ ᠵᠢ ᠪᠡᠶᠡᠴᠢᠯᠡᠨ ᠣᠢ᠌ᠯᠠᠭ᠋ᠠᠶ᠎ᠠ
 
            