ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠦᠬᠦ ᠣᠷᠣᠨ᠎ᠤ 《ᠡᠷᠲᠡᠨ ᠡᠳᠦᠭᠡ ᠵᠢᠨ ᠰᠣᠩᠭᠣᠳᠠᠭ ᠵᠣᠬᠢᠶᠠᠯ᠎ᠢ ᠤᠩᠰᠢᠵᠤ ᠳᠤᠮᠳᠠᠳᠤ ᠵᠢᠨ ᠰᠣᠶᠣᠯ᠎ᠢ ᠤᠯᠠᠮᠵᠢᠯᠠᠶ᠎ᠠ》 ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠯ᠎ᠡ ᠦᠨᠳᠦᠰᠦᠲᠡᠨ᠎ᠤ ᠵᠠᠯᠠᠭᠤᠴᠤᠳ ᠪᠠᠭ᠋ᠠᠴᠤᠳ ᠰᠢᠯᠦᠭ ᠤᠶᠠᠩᠭ᠋ᠠᠯᠠᠬᠤ ᠰᠣᠯᠢᠯᠴᠠᠭ᠋ᠠᠨ᠎ᠤ ᠠᠵᠢᠯᠯᠠᠭ᠎ᠠ ᠬᠢᠩᠭ᠋ᠠᠨ ᠠᠢ᠌ᠮᠠᠭ᠎ᠤᠨ ᠤᠯᠠᠭ᠋ᠠᠨᠬᠣᠲᠠ᠎ᠳᠤ ᠤᠷᠤᠭᠰᠢᠲᠠᠢ ᠶᠠᠪᠤᠭᠳᠠᠪᠠ
ᠨᠡᠶᠢᠲᠡᠯᠡᠭᠰᠡᠨ ᠴᠠᠭ᠄ 2024-08-20


     2024 ᠣᠨ᠎ᠤ 8 ᠳ᠋ᠤᠭ᠋ᠠᠷ ᠰᠠᠷ᠎ᠠ ᠵᠢᠨ 1᠎ᠠᠴᠠ 2᠎ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠲᠤᠯᠭᠤᠷ ᠪᠢᠴᠢᠭ ᠴᠤᠭᠯᠠᠭᠤᠯᠬᠤ ᠰᠤᠳᠤᠯᠭ᠋ᠠᠨ᠎ᠤ ᠲᠠᠰᠤᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠤᠨ ᠨᠡᠢ᠌ᠭᠡᠮᠯᠢᠭ᠂ ᠬᠢᠩᠭ᠋ᠠᠨ ᠠᠢ᠌ᠮᠠᠭ᠎ᠤᠨ ᠦᠨᠳᠦᠰᠦᠲᠡᠨ᠎ᠤ ᠬᠡᠷᠡᠭ ᠡᠷᠬᠢᠯᠡᠬᠦ ᠬᠣᠷᠢᠶ᠎ᠠ ᠵᠢᠨ ᠬᠠᠮᠲᠤᠷᠠᠨ ᠡᠷᠬᠢᠯᠡᠭᠰᠡᠡ ᠪᠦᠬᠦ ᠣᠷᠣᠨ᠎ᠤ 《ᠡᠷᠲᠡᠨ ᠡᠳᠦᠭᠡ ᠵᠢᠨ ᠰᠣᠩᠭᠣᠳᠠᠭ ᠵᠣᠬᠢᠶᠠᠯ᠎ᠢ ᠤᠩᠰᠢᠵᠤ ᠳᠤᠮᠳᠠᠳᠤ ᠵᠢᠨ ᠰᠣᠶᠣᠯ᠎ᠢ ᠤᠯᠠᠮᠵᠢᠯᠠᠶ᠎ᠠ》 ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ   ᠡᠯ᠎ᠡ ᠦᠨᠳᠦᠰᠦᠲᠡᠨ᠎ᠤ ᠵᠠᠯᠠᠭᠤᠴᠤᠳ ᠪᠠᠭ᠋ᠠᠴᠤᠳ᠎ᠤᠨ ᠰᠢᠯᠦᠭ ᠤᠶᠠᠩᠭ᠋ᠠᠯᠠᠬᠤ ᠰᠣᠯᠢᠯᠴᠠᠭ᠋ᠠᠨ᠎ᠤ ᠠᠵᠢᠯᠯᠠᠭ᠎ᠠ ᠵᠢᠴᠢ 《ᠨᠠᠮ ᠵᠶ᠋ᠠᠨ ᠮᠠᠭᠲᠠᠨ   ᠤᠶᠠᠩᠭ᠋ᠠᠯᠠᠵᠤ ᠡᠬᠡ ᠤᠯᠤᠰ ᠵᠶ᠋ᠠᠨ ᠳᠠᠭᠤᠯᠠᠨ ᠮᠠᠭᠲᠠᠵᠤ   ᠨᠤᠲᠤᠭ ᠤᠰᠤ᠎ᠪᠠᠨ ᠤᠶᠠᠩᠭ᠋ᠠᠯᠠᠨ ᠮᠠᠭᠲᠠᠬᠤ》 ᠶᠢᠰᠦᠳᠦᠭᠡᠷ ᠬᠤᠭᠤᠴᠠᠭ᠋ᠠᠨ᠎ᠤ ᠪᠦᠬᠦ ᠣᠷᠣᠨ᠎ᠤ ᠪᠠᠭ᠋ᠠᠴᠤᠳ ᠬᠡᠦᠬᠡᠳ᠎ᠤᠨ ᠰᠢᠯᠦᠭ ᠤᠶᠠᠩᠭ᠋ᠠᠯᠠᠨ ᠤᠩᠰᠢᠬᠤ ᠠᠵᠢᠯᠯᠠᠭ᠎ᠠ ᠬᠢᠩᠭ᠋ᠠᠨ ᠠᠢ᠌ᠮᠠᠭ᠎ᠤᠨ ᠤᠯᠠᠭ᠋ᠠᠨᠬᠣᠲᠠ᠎ᠳᠤ ᠤᠷᠤᠭᠰᠢᠲᠠᠢ ᠶᠠᠪᠤᠭᠳᠠᠪᠠ᠃ ᠡᠬᠢᠯᠡᠯᠲᠡ ᠵᠢᠨ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠤᠨ ᠨᠠᠮ᠎ᠤᠨ ᠶᠡᠷᠦᠩᠬᠡᠢ ᠡᠭᠦᠷ᠎ᠤᠨ ᠱᠦᠵᠢ᠂ ᠨᠣᠮ᠎ᠤᠨ ᠰᠠᠩ᠎ᠤᠨ ᠳᠠᠷᠤᠭ᠎ᠠ ᠾᠧ ᠶᠠ ᠷᠦᠢ᠂ ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠠᠢ᠌ᠮᠠᠭ᠎ᠤᠨ ᠦᠨᠳᠦᠰᠦᠲᠡᠨ᠎ᠤ ᠬᠡᠷᠡᠭ ᠡᠷᠭᠢᠯᠡᠬᠦ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠮᠠ ᠴᠧᠩ ᠵᠢᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠲᠤᠯᠭᠤᠷ ᠪᠢᠴᠢᠭ ᠡᠯᠰᠡᠬᠦ ᠰᠤᠳᠤᠯᠭ᠋ᠠᠨ᠎ᠤ ᠲᠠᠰᠤᠭ᠎ᠤᠨ ᠳᠡᠳ᠋ ᠳᠠᠷᠤᠭ᠎ᠠ ᠯᠢ ᠯᠢ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ᠃ ᠲᠣᠰ ᠤᠳᠠᠭ᠋ᠠᠨ᠎ᠤ ᠠᠵᠢᠯᠯᠠᠭ᠎ᠠ᠎ᠳᠤ ᠪᠥᠬᠥ ᠣᠷᠣᠨ᠎ᠤ ᠡᠯ᠎ᠡ ᠠᠢ᠌ᠮᠠᠭ ᠬᠣᠲᠠ ᠵᠢᠨ 500 ᠭᠠᠷᠤᠢ ᠵᠠᠯᠠᠭᠤᠴᠤᠳ ᠪᠠᠭ᠋ᠠᠴᠤᠳ ᠨᠡᠷ᠎ᠡ ᠮᠡᠳᠡᠭᠦᠯᠵᠦ ᠣᠷᠣᠯᠴᠠᠭᠰᠠᠨ ᠪᠥᠭᠡᠳ ᠡᠴᠦᠰ᠎ᠲᠤ᠎ᠪᠠᠨ 77 ᠣᠷᠤᠯᠴᠠᠭᠴᠢ ᠵᠢ ᠰᠣᠩᠭᠣᠨ ᠲᠤᠬᠠᠢ ᠵᠢᠨ ᠲᠠᠯᠠᠪᠤᠷ᠎ᠲᠤ ᠢᠷᠡᠭᠦᠯᠵᠦ ᠤᠷᠠᠨ ᠤᠩᠰᠢᠯᠭ᠎ᠠ ᠵᠢᠨ ᠰᠣᠯᠢᠯᠴᠠᠭ᠎ᠠ ᠬᠢᠵᠡᠢ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠶᠡᠷᠦ ᠪᠤᠰᠤ ᠵᠢᠨ ᠬᠦᠷ ᠬᠥᠭᠵᠢᠶᠡᠨ᠎ᠲᠠᠢ ᠪᠠᠢ᠌ᠵᠤ᠂ ᠵᠠᠯᠠᠭᠤᠴᠤᠳ ᠪᠠᠭ᠋ᠠᠴᠤᠳ ᠣᠷᠭᠢᠯᠤᠮ᠎ᠠ ᠬᠠᠯᠠᠭᠤᠨ ᠰᠡᠳᠬᠢᠯᠭᠡ᠎ᠲᠠᠢ ᠤᠷᠠᠨ ᠤᠩᠰᠢᠯᠭ᠎ᠠ᠎ᠪᠠᠷ ᠵᠶ᠋ᠠᠨ ᠬᠥᠮᠥᠰ᠎ᠤᠨ ᠰᠡᠳᠬᠢᠯ᠎ᠢ ᠳᠣᠭᠳᠤᠯᠤᠭᠤᠯᠵᠠᠢ᠃

      ᠲᠤᠰ ᠤᠳᠠᠭ᠎ᠠ ᠵᠢᠨ ᠠᠵᠢᠯᠯᠠᠭ᠎ᠠ᠎ᠨᠢ ᠰᠢᠯᠦᠭ ᠤᠶᠠᠩᠭ᠋ᠠᠯᠠᠬᠤ ᠬᠡᠯᠪᠡᠷᠢ᠎ᠪᠠᠷ ᠵᠠᠯᠠᠭᠤᠴᠤᠳ ᠪᠠᠭ᠋ᠠᠴᠤᠳ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠴᠠᠭ᠋ᠠᠰᠢᠳᠠ ᠪᠠᠲᠤᠳᠬᠠᠵᠤ᠂ ᠨᠠᠮ ᠪᠣᠯᠣᠨ ᠤᠯᠤᠰ᠎ᠤᠨ ᠲᠤᠬᠠᠢ ᠬᠠᠢ᠌ᠷ᠎ᠠ ᠰᠡᠳᠬᠢᠯᠭᠡ ᠵᠢ ᠴᠢᠩᠭ᠋ᠠᠳᠬᠠᠨ᠂ ᠨᠠᠮ ᠪᠣᠯᠣᠨ ᠤᠯᠤᠰ᠎ᠤᠨ ᠲᠡᠦᠬᠡ ᠵᠢᠨ ᠬᠥᠭᠵᠢᠯᠲᠡ ᠵᠢᠨ ᠠᠬᠢᠴᠠ ᠵᠢ ᠨᠡᠩ ᠭᠦᠨᠵᠡᠭᠡᠢ ᠣᠢ᠌ᠯᠠᠭ᠋ᠠᠭᠤᠯᠵᠤ᠂ ᠰᠣᠩᠭᠣᠳᠠᠭ ᠵᠣᠬᠢᠶᠠᠯ᠎ᠢ ᠤᠶᠠᠩᠭ᠋ᠠᠯᠠᠨ ᠤᠩᠰᠢᠬᠤ᠎ᠪᠠᠷ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠬᠤ ᠵᠢ ᠵᠣᠷᠢᠭᠰᠠᠨ ᠶᠤᠮ᠃ ᠬᠣᠢ᠌ᠰᠢᠳᠠ ᠡᠢ᠌ᠮᠦᠷᠬᠦᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠵᠠᠯᠠᠭᠤᠴᠤᠳ ᠪᠠᠭ᠋ᠠᠴᠤᠳ᠎ᠲᠤ ᠥᠪᠡᠷ᠎ᠢ᠎ᠪᠠᠨ ᠣᠯᠠᠨ᠎ᠳᠤ ᠦᠵᠡᠭᠦᠯᠬᠦ᠂ ᠥᠪᠡᠷ᠎ᠢ᠎ᠪᠠᠨ ᠢᠯᠠᠨ ᠳᠠᠪᠠᠬᠤ ᠲᠠᠪᠴᠠᠩ ᠬᠠᠩᠭ᠋ᠠᠨ᠂ ᠥᠷᠭᠡᠨ ᠣᠯᠠᠨ ᠵᠠᠯᠠᠭᠤᠴᠤᠳ ᠪᠠᠭ᠋ᠠᠴᠤᠳ᠎ᠤᠨ ᠰᠠᠢ᠌ᠨ ᠰᠠᠢ᠌ᠬᠠᠨ ᠤᠩᠰᠢᠯᠭ᠎ᠠ ᠵᠢᠨ ᠳᠠᠳᠬᠠᠯ᠎ᠲᠠᠢ ᠪᠣᠯᠬᠤ᠎ᠳᠤ ᠬᠦᠴᠦᠨ ᠨᠡᠮᠡᠷᠢᠯᠡᠨ᠎ᠡ ᠭᠡᠵᠡᠢ᠃ ᠢᠷᠡᠭᠡᠳᠦᠢ᠎ᠳᠤ ᠨᠡᠩ ᠣᠯᠠᠨ ᠵᠠᠯᠠᠭᠤᠴᠤᠳ ᠪᠠᠭ᠋ᠠᠴᠤᠳ ᠰᠢᠯᠦᠭ ᠳᠠᠭᠤᠯᠠᠯ᠎ᠳᠤ ᠬᠠᠢ᠌ᠷᠠᠲᠠᠢ ᠪᠣᠯᠵᠤ᠂ ᠡᠷᠲᠡᠨ ᠡᠳᠦᠭᠡ ᠵᠢᠨ ᠰᠣᠩᠭᠣᠳᠠᠭ ᠪᠦᠲᠦᠭᠡᠯ᠎ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠵᠢᠨ ᠰᠣᠶᠣᠯ᠎ᠢ   ᠦᠨᠢ ᠡᠭᠦᠷᠢᠳᠡ ᠳᠠᠭᠤᠷᠢᠰᠤᠭᠤᠯᠤᠨ᠎ᠠ᠃



ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ
          
ᠬᠠᠮᠢᠶ᠎ᠡ ᠪᠦᠬᠦᠢ ᠰᠣᠨᠢᠨ
ᠤᠷᠳᠤ ᠴᠠᠭ᠋ᠠᠨ ᠬᠡᠷᠡᠮ ᠵᠡᠷᠭᠡ ᠭᠣᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠠᠬᠢᠭᠤᠯᠬᠤ ᠲᠤᠰᠬᠠᠢ ᠰᠡᠳᠦᠪᠲᠦ ᠸᠢᠳᠢᠤ᠋ ᠬᠤᠷᠠᠯ ᠪᠣᠯᠪᠠ
ᠪᠣᠯᠪᠠᠰᠤᠷᠠᠯ᠎ᠢ ᠣᠷᠣᠭᠤᠯᠵᠤ ᠠᠪᠤᠪᠠ! ᠲᠥᠪ᠎ᠤᠨ ᠰᠢ ᠵᠦᠴᠦᠭᠡ ᠵᠢᠨ ᠳᠡᠭᠡᠳᠦ ᠰᠤᠷᠭ᠋ᠠᠭᠤᠯᠢ ᠵᠢᠨ ᠫᠷᠤᠹᠧᠰᠰᠤᠷ ᠭᠠᠵᠠᠷ᠎ᠲᠤ᠎ᠨᠢ ᠬᠢᠴᠢᠶᠡᠯᠯᠡᠪᠡ
ᠲᠢᠩᠬᠢᠮ᠎ᠤᠨ ᠲᠡᠳ᠋ ᠳᠠᠷᠣᠭ᠎ᠠ ᠢᠤᠢ ᡁᠢ ᠬᠦᠸᠸ ᠣᠷᠳᠣᠰ ᠬᠣᠳᠠ᠎ᠳᠤ ᠬᠦᠷᠴᠤ ᠳᠣᠬᠠᠢ ᠵᠢᠨ ᠭᠠᠵᠠᠷ᠎ᠤᠨ ᠵᠢᠭᠣᠯᠴᠢᠯᠠᠯ᠎ᠤᠨ ᠬᠦᠭᠵᠢᠯᠳᠡ ᠵᠢ ᠪᠠᠢ᠌ᠴᠠᠭ᠋ᠠᠨ ᠰᠣᠳᠣᠯᠪᠠ
2019 ᠤᠨ᠎ᠤ 《ᠲᠤᠮᠳᠠᠲᠤ ᠤᠯᠤᠰ᠎ᠤᠨ ᠵᠢᠭᠤᠯᠴᠢᠯᠠᠯ᠎ᠤᠨ ᠡᠲᠦᠷ》᠎ᠤᠨ ᠦᠪᠦᠷ ᠮᠤᠩᠭᠤᠯ᠎ᠳᠤ᠎ᠬᠢ ᠬᠤᠪᠢᠶᠠᠷᠢ ᠲᠠᠯᠠᠪᠠᠢ ᠵᠢᠨ ᠠᠵᠢᠯᠯᠠᠭ᠎ᠠ ᠪᠤᠯᠬᠤ ᠷᠠᠰᠢᠶᠠᠨ᠎ᠤ ᠬᠢᠩᠭ᠋ᠠᠨ ᠬᠤᠷᠴᠠ ᠤᠯᠠᠭ᠋ᠠᠨ ᠴᠡᠴᠡᠭ᠎ᠤᠨ ᠨᠠᠢ᠌ᠷ ᠦᠪᠡᠳᠡᠭᠰᠢ ᠶᠡᠬᠡ᠎ᠪᠠᠷ ᠡᠬᠢᠯᠡᠪᠡ
《ᠦᠵᠡᠰᠭᠦᠯᠡᠩᠲᠤ ᠰᠠᠢ᠌ᠬᠠᠨ ᠦᠪᠦᠷ ᠮᠤᠩᠭᠤᠯ》 2019 ᠤᠨ᠎ᠤ ᠪᠡᠭᠡᠵᠢᠩ᠎ᠤᠨ ᠲᠡᠯᠡᠬᠡᠢ ᠵᠢᠨ ᠦᠵᠡᠰᠭᠦᠯᠡᠩ᠎ᠤᠨ ᠴᠤᠭᠯᠠᠭ᠋ᠠᠨ᠎ᠤ 《ᠦᠪᠦᠷ ᠮᠤᠩᠭᠤᠯ᠎ᠤᠨ ᠭᠤᠤᠯ ᠰᠡᠳᠤᠪᠲᠤ ᠠᠵᠢᠯᠯᠠᠭ᠎ᠠ ᠵᠢᠨ ᠡᠳᠦᠷ》 ᠲᠢᠩᠬᠢᠮ᠎ᠤᠨ ᠳᠠᠷᠤᠭ᠎ᠠ ᠡᠾᠸ ᡁᠢ ᠯᠢᠶᠠᠩ ᠭᠤᠤᠯ ᠠᠭᠤᠯᠭ᠎ᠠ ᠵᠢᠨ ᠲᠠᠨᠢᠯᠴᠠᠭᠤᠯᠬᠤ ᠬᠤᠷᠠᠯ ᠬᠢᠭᠰᠡᠨ ᠪᠠᠢ᠌ᠨ᠎ᠠ
 
            