2 ᠳ᠋ᠤᠭ᠋ᠠᠷ ᠰᠠᠷ᠎ᠠ ᠵᠢᠨ 17᠎ᠤ ᠡᠳᠦᠷ᠂ ᠲᠥᠪ᠎ᠤᠨ ᠰᠢ ᠵᠦᠴᠦᠭᠡ ᠵᠢᠨ ᠳᠡᠭᠡᠳᠦ ᠰᠤᠷᠭ᠋ᠠᠭᠤᠯᠢ ᠵᠢᠨ ᠳᠠᠭᠤᠯᠠᠯᠳᠤ ᠵᠦᠴᠦᠭᠡ ᠵᠢᠨ ᠰᠠᠯᠪᠤᠷᠢ ᠵᠢᠨ ᠳᠡᠳ᠋ ᠫᠷᠤᠹᠸᠰᠰᠤᠷ ᠪᠠᠢ ᠱᠦᠸᠸ (ᠪᠠᠷᠠᠭᠤᠨᠳᠡᠬᠢ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭ᠋ᠠᠨᠮᠥ᠋ᠴᠢᠷ᠎ᠲᠤ ᠤᠯᠠᠭ᠋ᠠᠨᠮᠥ᠋ᠴᠢᠷ᠎ᠤᠨ ᠭᠡᠰᠢᠭᠦᠳ᠎ᠢ ᠵᠢᠯᠣᠭᠣᠳᠤᠨ ᠠᠮᠢ ᠦᠭᠡᠢ ᠪᠣᠳᠠᠰ᠎ᠤᠨ ᠪᠣᠯᠪᠠᠰᠤᠷᠠᠯ ᠬᠢᠯᠭᠡᠵᠦ ᠪᠠᠢ᠌ᠭ᠎ᠠ᠎ᠨᠢ᠃ 2 ᠳ᠋ᠤᠭ᠋ᠠᠷ ᠰᠠᠷ᠎ᠠ ᠵᠢᠨ 14᠎ᠤ ᠡᠳᠦᠷ᠎ᠠᠴᠠ ᠡᠬᠢᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭ᠋ᠠᠨᠮᠥ᠋ᠴᠢᠷ 2025 ᠣᠨ᠎ᠤ ᠰᠢ ᠵᠦᠴᠦᠭᠡ ᠵᠢᠨ ᠲᠣᠭᠯᠠᠯᠲᠠ ᠵᠢᠨ ᠪᠣᠯᠪᠠᠰᠤᠷᠠᠯ᠎ᠤᠨ ᠠᠩᠭᠢ ᠵᠢᠨ ᠬᠣᠶᠠᠳᠤᠭ᠋ᠠᠷ ᠪᠦᠯᠦᠭ᠎ᠤᠨ ᠪᠣᠯᠪᠠᠰᠤᠷᠠᠭᠤᠯᠤᠯ᠎ᠢ ᠡᠬᠢᠯᠡᠭᠦᠯᠪᠡ᠃ ᠲᠡᠷᠡ᠎ᠪᠠᠷ ᠲᠥᠪ᠎ᠤᠨ ᠰᠢ ᠵᠦᠴᠦᠭᠡ ᠵᠢᠨ ᠳᠡᠭᠡᠳᠦ ᠰᠤᠷᠭ᠋ᠠᠭᠤᠯᠢ ᠵᠢᠨ ᠳᠠᠭᠤᠷᠢ ᠵᠢᠨ ᠰᠠᠯᠪᠤᠷᠢ ᠵᠢᠨ ᠳᠡᠳ᠋ ᠫᠷᠤᠹᠸᠰᠰᠤᠷ ᠪᠠᠢ ᠱᠦᠸᠸ ᠵᠢ ᠲᠤᠰᠬᠠᠢ᠌ᠯᠠᠨ ᠤᠷᠢᠵᠤ ᠤᠯᠠᠭ᠋ᠠᠨᠮᠥ᠋ᠴᠢᠷ᠎ᠤᠨ 21 ᠭᠡᠰᠢᠭᠦᠨ᠎ᠳᠤ 10 ᠡᠳᠦᠷ᠎ᠤᠨ ᠬᠤᠭᠤᠴᠠᠭ᠎ᠠ᠎ᠲᠠᠢ ᠬᠢᠴᠢᠶᠡᠯ ᠣᠷᠣᠨ᠎ᠠ᠃



《ᠤᠯᠠᠭ᠋ᠠᠨᠮᠥ᠋ᠴᠢᠷ᠎ᠤᠨ ᠭᠡᠰᠢᠭᠦᠳ ᠰᠢ ᠵᠦᠴᠦᠭᠡ ᠵᠢᠨ ᠲᠣᠭᠯᠠᠯᠲᠠ ᠵᠢᠨ ᠲᠤᠰᠬᠠᠢ ᠮᠡᠷᠭᠡᠵᠢᠯ᠎ᠤᠨ ᠮᠡᠳᠡᠯᠭᠡ ᠪᠠ ᠤᠷ᠎ᠠ ᠮᠡᠷᠭᠡᠵᠢᠯ᠎ᠢ ᠰᠢᠰᠲ᠋ᠧᠮ᠎ᠲᠠᠢ ᠰᠤᠷᠤᠯᠴᠠᠵᠤ᠂ ᠤᠷᠠᠯᠢᠭ᠎ᠤᠨ ᠴᠢᠳᠠᠪᠤᠷᠢ᠎ᠪᠠᠨ ᠪᠥᠬᠥ ᠲᠠᠯ᠎ᠠ᠎ᠪᠠᠷ ᠳᠡᠭᠡᠭᠰᠢᠯᠡᠭᠦᠯᠬᠦ ᠵᠢ ᠪᠣᠲᠠᠲᠠᠢ᠌ᠵᠢᠭᠤᠯᠤᠨᠠ᠃ ᠡᠭᠦᠨ᠎ᠤ ᠬᠠᠮᠲᠤ ᠪᠠᠰᠠ 〈ᠨᠢᠭᠡ ᠵᠦᠢ᠍ᠯ᠎ᠳᠤ ᠮᠡᠷᠭᠡᠰᠢᠵᠦ ᠤᠯᠠᠨ ᠵᠦᠢ᠍ᠯ᠎ᠳᠤ ᠴᠢᠳᠠᠪᠤᠷᠢᠵᠢᠬᠤ〉 ᠪᠠᠢ᠌ᠭᠤᠯᠤᠯᠲᠠ ᠵᠢ ᠴᠢᠩᠭ᠋ᠠᠳᠬᠠᠬᠤ ᠴᠢᠬᠤᠯᠠ ᠠᠷᠭ᠎ᠠ ᠬᠡᠮᠵᠢᠶ᠎ᠡ ᠮᠦᠨ᠃ ᠰᠢ ᠵᠦᠴᠦᠭᠡ ᠵᠢᠨ ᠲᠣᠭᠯᠠᠯᠲᠠ ᠵᠢ ᠰᠤᠷᠤᠯᠴᠠᠪᠠᠯ ᠲᠤᠭᠯᠠᠭᠴᠢᠳ ᠨᠡᠩ ᠤᠯᠠᠨ ᠤᠷᠠᠯᠢᠭ᠎ᠤᠨ ᠢᠯᠡᠳᠬᠡᠬᠦ ᠬᠡᠯᠪᠡᠷᠢ ᠵᠢ ᠡᠵᠡᠮᠰᠢᠵᠦ᠂ ᠡᠭᠦᠨ᠎ᠤ ᠤᠯᠠᠮ᠎ᠠᠴᠠ ᠲᠠᠢ᠌ᠰᠠᠨ ᠳᠡᠭᠡᠷ᠎ᠡ ᠨᠡᠩ ᠤᠯᠠᠨ ᠡᠰᠢᠲᠦ ᠤᠷᠠᠯᠢᠭ᠎ᠤᠨ ᠷᠢᠳᠢ ᠰᠢᠳᠢ ᠵᠢ ᠢᠯᠡᠷᠡᠭᠦᠯᠵᠦ᠂ ᠤᠯᠠᠨ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠤᠶᠤᠨ᠎ᠤ ᠰᠣᠶᠣᠯ᠎ᠤᠨ ᠬᠡᠷᠡᠭᠴᠡᠭᠡ ᠵᠢ ᠨᠡᠩ ᠰᠠᠢ᠌ᠨ ᠬᠠᠩᠭ᠋ᠠᠵᠤ ᠴᠢᠳᠠᠨ᠎ᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭ᠋ᠠᠨᠮᠥ᠋ᠴᠢᠷ᠎ᠤᠨ ᠳᠠᠷᠤᠭ᠎ᠠ ᠰᠢᠩ ᠯᠢ ᠯᠢ ᠲᠠᠨᠢᠯᠴᠠᠭᠤᠯᠪᠠ᠃


ᠪᠣᠯᠪᠠᠰᠤᠷᠠᠯ᠎ᠳᠤ ᠣᠷᠣᠯᠴᠠᠭᠰᠠᠨ ᠭᠡᠰᠢᠭᠦᠳ ᠴᠦ᠍ ᠣᠷᠭᠢᠯᠤᠮ᠎ᠠ ᠬᠠᠯᠠᠭᠤᠨ ᠰᠡᠳᠬᠢᠯᠭᠡ᠂ ᠢᠳᠡᠪᠬᠢᠲᠡᠢ ᠣᠪᠣᠷ ᠵᠶ᠋ᠠᠷ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠪᠣᠯᠪᠠᠰᠤᠷᠠᠯ᠎ᠳᠤ ᠣᠷᠣᠯᠴᠠᠵᠤ᠂ ᠥᠪᠡᠷ᠎ᠤᠨ ᠰᠢ ᠵᠦᠴᠦᠭᠡ ᠵᠢᠨ ᠲᠣᠭᠯᠠᠯᠲᠠ ᠵᠢᠨ ᠬᠢᠷᠢ ᠬᠡᠮᠵᠢᠶ᠎ᠡ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢ ᠵᠦᠴᠦᠭᠡ ᠵᠢᠨ ᠲᠠᠢ᠌ᠰᠠᠨ ᠳᠡᠭᠡᠷ᠎ᠡ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ ᠭᠡᠵᠦ ᠢᠯᠡᠳᠬᠡᠵᠡᠭᠡᠪᠡ᠃

