2 ᠳ᠋ᠤᠭ᠋ᠠᠷ ᠰᠠᠷ᠎ᠠ ᠵᠢᠨ 18 ᠤ ᠡᠳᠦᠷ᠎ᠤᠨ ᠦᠳᠡ ᠵᠢᠨ ᠡᠮᠦᠨ᠎ᠡ᠂ ᠤᠷᠳᠤ ᠴᠠᠭ᠋ᠠᠨ ᠬᠡᠷᠡᠮ ᠵᠡᠷᠭᠡ ᠭᠣᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠠᠬᠢᠭᠤᠯᠬᠤ ᠲᠤᠰᠬᠠᠢ ᠰᠡᠳᠦᠪᠲᠦ ᠸᠢᠳᠢᠤ᠋ ᠬᠤᠷᠠᠯ ᠪᠣᠯᠪᠠ᠃ ᠬᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠰᠢ ᠵᠢᠨ ᠫᠢᠩ ᠤᠨ ᠰᠣᠶᠣᠯ ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯ ᠪᠣᠯᠣᠨ ᠰᠣᠶᠣᠯ ᠤᠨ ᠥᠪ ᠢ ᠬᠠᠮᠠᠭ᠋ᠠᠯᠠᠵᠤ ᠠᠰᠢᠭᠯᠠᠬᠤ ᠠᠵᠢᠯ ᠤᠨ ᠡᠷᠴᠢᠮ ᠢ ᠬᠦᠴᠦᠯᠡᠨ ᠴᠢᠩᠭ᠋ᠠᠷᠠᠭᠤᠯᠵᠤ᠂ ᠤᠷᠳᠤ ᠴᠠᠭ᠋ᠠᠨ ᠬᠡᠷᠡᠮ ᠵᠡᠷᠭᠡ ᠭᠣᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯ ᠢ ᠬᠠᠮᠠᠭ᠋ᠠᠯᠠᠬᠤ ᠠᠵᠢᠯ ᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠢᠨᠵᠧᠨᠧᠷᠢᠩ ᠤᠨ ᠪᠦᠲᠦᠭᠡᠨ ᠪᠠᠢ᠌ᠭᠤᠯᠤᠯᠲᠠ ᠵᠢᠨ ᠲᠡᠦᠬᠡ ᠵᠢᠨ ᠳᠤᠷᠠᠰᠬᠠᠯᠲᠤ ᠵᠦᠢ᠍ᠯ ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠪᠠᠢ᠌ᠴᠠᠭ᠋ᠠᠬᠤ ᠳᠦᠷᠢᠮ᠎ᠢ ᠪᠤᠲᠠᠲᠠᠢ ᠪᠠᠷᠢᠵᠤ ᠴᠢᠩᠭ᠎ᠠ ᠠᠳᠬᠤᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠠᠩ ᠵᠢᠨ ᠬᠤᠷᠠᠯ ᠡᠷᠬᠢᠯᠡᠨ ᠶᠠᠷᠢᠶ᠎ᠠ ᠲᠠᠯᠪᠢᠪᠠ᠃ 
ᠬᠤᠷᠠᠯ᠎ᠠᠴᠠ ᠴᠢᠬᠤᠯᠠᠴᠢᠯᠠᠭᠰᠠᠨ᠎ᠨᠢ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠ ᠬᠣᠯᠪᠣᠭᠳᠠᠯ ᠪᠦᠬᠦᠢ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠤᠷᠳᠤ ᠴᠠᠭ᠋ᠠᠨ ᠬᠡᠷᠡᠮ ᠵᠡᠷᠭᠡ ᠭᠣᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠳᠤ ᠤᠯᠠᠨ ᠤᠳᠠᠭ᠎ᠠ ᠵᠢᠭ᠋ᠠᠪᠤᠷᠢ ᠴᠣᠬᠣᠯᠠᠪᠤᠷᠢ ᠥᠭᠴᠡᠢ᠃ ᠡᠨᠡ ᠵᠢᠯ᠎ᠤᠨ 3 ᠳ᠋ᠤᠭ᠋ᠠᠷ ᠰᠠᠷ᠎ᠠ ᠵᠢᠨ 1᠎ᠤ ᠡᠳᠦᠷ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠤᠯᠢ》 ᠵᠢ ᠡᠬᠢᠯᠡᠨ ᠬᠡᠷᠡᠭᠵᠢᠭᠦᠯᠬᠦ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ ᠲᠡᠦᠬᠡ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠰᠢᠭᠤᠷᠬᠠᠢ ᠡᠭᠦᠷᠭᠡᠯᠡᠨ᠂ 《ᠳᠥᠷᠪᠡ ᠵᠢ ᠬᠤᠪᠢᠷᠠᠭᠤᠯᠬᠤ》 ᠵᠡᠷᠭᠡ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠭᠰᠠᠨ ᠲᠡᠷᠢᠭᠦᠨ᠎ᠤ ᠲᠤᠷᠰᠢᠯᠭ᠎ᠠ ᠵᠢ ᠢᠳᠡᠪᠬᠢᠲᠡᠢ ᠰᠤᠷᠤᠯᠴᠠᠵᠤ᠂ ᠮᠠᠨ᠎ᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠠᠵᠢᠯ᠎ᠤᠨ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠭᠡᠪᠡ᠃
ᠬᠤᠷᠠᠯ᠎ᠠᠴᠠ ᠱᠠᠭ᠋ᠠᠷᠳᠠᠭᠰᠠᠨ᠎ᠨᠢ᠂ ᠬᠤᠷᠳᠤᠴᠠ᠎ᠪᠠᠨ ᠲᠦᠷᠭᠡᠳᠬᠡᠵᠦ᠂ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠪᠠᠢ᠌ᠴᠠᠭ᠋ᠠᠯᠲᠠ ᠵᠢᠨ ᠠᠵᠢᠯ᠎ᠢ ᠰᠠᠢ᠌ᠲᠤᠷ ᠬᠢᠵᠦ᠂ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠡᠬᠢ ᠡᠭᠦᠰᠦᠯ᠎ᠠᠴᠠ᠎ᠨᠢ ᠪᠣᠭᠣᠮᠲᠠ ᠵᠢ ᠰᠠᠢ᠌ᠲᠤᠷ ᠠᠳᠬᠤᠵᠤ᠂ ᠮᠡᠳᠡᠭᠦᠯᠦᠨ ᠵᠥᠪᠰᠢᠶᠡᠷᠡᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠬᠤ ᠬᠡᠷᠡᠭᠲᠡᠢ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠤᠷᠳᠤ ᠴᠠᠭ᠋ᠠᠨ ᠬᠡᠷᠡᠮ᠎ᠤᠨ ᠬᠠᠮᠠᠭ᠋ᠠᠯᠠᠯᠲᠠ ᠵᠢᠨ ᠬᠠᠲᠠᠭᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠢ ᠱᠠᠯᠠᠪᠳᠠᠭᠤᠯᠤᠨ ᠪᠠᠢ᠌ᠴᠠᠭ᠋ᠠᠬᠤ᠎ᠪᠠᠷ ᠠᠵᠠ ᠲᠣᠬᠢᠶᠠᠯ ᠵᠶ᠋ᠡᠨ ᠪᠣᠯᠭ᠋ᠠᠨ ᠡᠯ᠎ᠡ ᠲᠦᠷᠦᠯ᠎ᠤᠨ ᠠᠰᠠᠭᠤᠳᠠᠯ ᠪᠣᠯᠣᠨ ᠬᠡᠷᠡᠭ᠎ᠢ ᠪᠦᠬᠦ ᠲᠠᠯ᠎ᠠ᠎ᠪᠠᠷ ᠪᠠᠢ᠌ᠴᠠᠭ᠋ᠠᠨ ᠲᠣᠳᠣᠷᠬᠠᠢ᠌ᠯᠠᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠪᠣᠯᠣᠨ ᠰᠡᠯᠪᠢᠨ ᠵᠠᠰᠠᠬᠤ ᠲᠦᠷᠦᠯ ᠵᠦᠢ᠍ᠯ᠎ᠢ ᠰᠠᠢ᠌ᠲᠤᠷ ᠬᠡᠷᠡᠭᠵᠢᠭᠦᠯᠵᠦ᠂ ᠤᠬᠠᠭᠤᠯᠤᠨ ᠳᠡᠯᠭᠡᠨ ᠦᠵᠡᠭᠦᠯᠵᠦ ᠠᠰᠢᠭᠯᠠᠬᠤ ᠵᠢ ᠴᠢᠩᠭ᠋ᠠᠳᠬᠠᠵᠤ᠂ ᠪᠠᠲᠤᠯᠠᠪᠤᠷᠢ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ 《ᠤᠮᠠᠷᠠᠲᠤ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ》᠎ᠪᠠᠷ ᠬᠥᠲᠥᠯᠥᠮᠵᠢ ᠪᠣᠯᠭ᠋ᠠᠵᠤ᠂ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ᠎ᠤᠨ ᠪᠠᠢ᠌ᠴᠠᠭ᠋ᠠᠯᠲᠠ ᠵᠢ ᠲᠣᠭᠲᠠᠭᠤᠨ ᠵᠶ᠋ᠠᠷ ᠠᠬᠢᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠥᠯᠦᠪᠵᠢᠭᠦᠯᠭᠡ ᠵᠢ ᠨᠠᠢ᠌ᠷᠠᠭᠤᠯᠤᠨ ᠲᠣᠭᠲᠠᠭ᠋ᠠᠵᠤ ᠨᠡᠢ᠌ᠲᠡᠯᠡᠬᠦ ᠠᠵᠢᠯ᠎ᠢ ᠰᠠᠢ᠌ᠲᠤᠷ ᠬᠢᠵᠦ᠂ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠠᠰᠢᠭᠯᠠᠬᠤ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ ᠭᠡᠪᠡ᠃
ᠬᠤᠷᠠᠯ᠎ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ 《2025 ᠣᠨ᠎ᠤ ᠤᠷᠳᠤ ᠴᠠᠭ᠋ᠠᠨ ᠬᠡᠷᠡᠮ᠎ᠤᠨ ᠬᠠᠮᠠᠭ᠋ᠠᠯᠠᠯᠲᠠ ᠵᠢᠨ ᠠᠵᠢᠯ᠎ᠤᠨ ᠭᠣᠣᠯᠳᠠᠯᠭ᠎ᠠ》 ᠵᠢ ᠳᠠᠷᠤᠮᠠᠯᠯᠠᠨ ᠲᠠᠷᠬᠠᠭ᠋ᠠᠵᠠᠢ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠳᠠᠷᠤᠭ᠎ᠠ ᠼᠤᠤ ᠵᠢᠶᠠᠨ ᠧᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠪᠠᠢ᠌ᠴᠠᠭ᠋ᠠᠯᠲᠠ ᠵᠢᠨ ᠠᠵᠢᠯ ᠥᠷᠨᠢᠭᠦᠯᠦᠭᠰᠡᠨ ᠪᠠᠢ᠌ᠳᠠᠯ᠎ᠢ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠠᠩ ᠷᠦᠢ ᠤᠷᠳᠤ ᠴᠠᠭ᠋ᠠᠨ ᠬᠡᠷᠡᠮ ᠵᠡᠷᠭᠡ ᠭᠣᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠴᠢᠨᠠᠭᠰᠢᠳᠠ ᠠᠬᠢᠭᠤᠯᠬᠤ ᠲᠤᠬᠠᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠵᠡᠢ᠃ 
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ ᠵᠢᠴᠢ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠭᠣᠣᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃ ᠬᠥᠬᠡᠬᠣᠲᠠ᠂ ᠪᠤᠭᠤᠲᠤ ᠬᠤᠳᠠ᠂ ᠬᠢᠩᠭ᠋ᠠᠨ ᠠᠢ᠌ᠮᠠᠭ᠂ ᠤᠯᠠᠭ᠋ᠠᠨᠬᠠᠳᠠ ᠬᠤᠳᠠ᠂ ᠰᠢᠯᠢ ᠵᠢᠨ ᠭᠣᠣᠯ ᠠᠢ᠌ᠮᠠᠭ᠂ ᠤᠯᠠᠭ᠋ᠠᠨᠴᠠᠪ ᠬᠤᠳᠠ᠂ ᠣᠷᠳᠣᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ ᠵᠡᠷᠭᠡ ᠭᠣᠣᠯᠳᠠᠯᠭ᠎ᠠ᠎ᠲᠠᠢ ᠠᠢ᠌ᠮᠠᠭ ᠬᠤᠳᠠ ᠵᠢᠨ ᠵᠠᠬᠢᠷᠭ᠎ᠠ (ᠵᠠᠰᠠᠭ᠎ᠤᠨ ᠣᠷᠳᠣᠨ) ᠵᠢᠨ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠨ᠂ ᠡᠯ᠎ᠡ ᠠᠢ᠌ᠮᠠᠭ ᠬᠤᠳᠠ ᠵᠢᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠡᠢ᠍ᠢ᠍ᠳᠡ 200 ᠭᠠᠷᠤᠢ ᠬᠥᠮᠥᠨ ᠠᠢ᠌ᠮᠠᠭ ᠬᠤᠳᠠ ᠵᠢᠨ ᠬᠤᠪᠢᠶᠠᠷᠢ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠪᠠ᠃