ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ2019 ᠣᠨ᠎ᠤ ᠠᠵᠢᠯ᠎ᠤᠨ ᠳ᠋ᠦᠩᠨᠡᠯᠲᠡ
ᠨᠡᠶᠢᠲᠡᠯᠡᠭᠰᠡᠨ ᠴᠠᠭ᠄ 2020-04-01


ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠡᠯ᠎ᠡ ᠠᠶ᠋ᠢᠮᠠᠭ ᠬᠣᠲᠠ ᠵᠢᠴᠢ ᠮᠠᠨᠵᠤᠤᠷ ᠬᠣᠲᠠ᠂ ᠡᠷᠢᠶᠡᠨ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ᠂᠂ ᠠᠯᠪᠠᠨ ᠭᠡᠷ᠂ ᠡᠯ᠎ᠡ ᠰᠢᠭᠤᠳ ᠬᠠᠷᠢᠶ᠎ᠠ ᠨᠢᠭᠡᠴᠢ᠎ᠳᠤ᠄
     《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠠᠵᠢᠯ᠎ᠤᠨ ᠳ᠋ᠦᠩᠨᠡᠯᠲᠡ》 ᠵᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠵᠶ᠋ᠠᠷ ᠨᠢᠭᠡᠨᠲᠡ ᠰᠤᠳᠤᠯᠤᠨ ᠪᠠᠲᠤᠯᠠᠭ᠋ᠠᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠵᠣᠬᠢᠶᠠᠨ ᠪᠠᠶ᠋ᠢᠭᠤᠯᠤᠨ   ᠰᠤᠷᠤᠯᠴᠠᠭᠤᠯᠤᠭ᠋ᠠᠷᠠᠢ᠃
                              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ

                              ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
                                   

                                 2019 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ
   

      ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠠᠵᠢᠯ᠎ᠤᠨ ᠳ᠋ᠦᠩᠨᠡᠯᠲᠡ
     2019 ᠣᠨ᠎ᠠᠴᠠ ᠨᠠᠭ᠋ᠠᠰᠢ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠲᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂   ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠂ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠢᠳᠡᠪᠬᠢᠲᠡᠶ ᠠᠬᠢᠭᠤᠯᠵᠤ᠂ ᠡᠯ᠎ᠡ ᠲᠦᠷᠦᠯ᠎ᠤᠨ ᠠᠵᠢᠯ ᠢᠯᠡᠳᠲᠡ ᠦᠷ᠎ᠡ ᠪᠦᠲᠦᠮᠵᠢ ᠤᠯᠪᠠ᠃


      ᠨᠢᠭᠡ᠂ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠤ ᠪᠤᠳᠤᠯᠭ᠎ᠠ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠲᠠᠪᠦᠷᠢᠵᠢᠭᠤᠯᠪᠠ
      ᠨᠢᠭᠡ᠎ᠳᠤ᠂ ᠪᠠᠶ᠋ᠢᠭᠤᠯᠤᠮᠵᠢ ᠵᠢ ᠥᠭᠡᠷᠡᠴᠢᠯᠡᠬᠦ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ 《ᠭᠤᠷᠪᠠ ᠵᠢ ᠲᠣᠭᠲᠠᠭ᠋ᠠᠬᠤ》 ᠣᠷᠣᠨ ᠲᠣᠭ᠎ᠠ᠂ ᠡᠭᠦᠷᠭᠡ ᠴᠢᠳᠠᠪᠤᠷᠢ ᠵᠢᠨ ᠲᠣᠬᠢᠷᠠᠭᠤᠯᠤᠯᠲᠠ᠂ ᠠᠵᠢᠯᠲᠠᠨ᠎ᠢ ᠰᠢᠯᠵᠢᠭᠦᠯᠦᠨ ᠬᠠᠷᠢᠶᠠᠯᠠᠭᠤᠯᠬᠤ ᠪᠠ ᠺᠠᠳ᠋ᠷ᠎ᠢ ᠳᠣᠭᠢᠷᠠᠭᠤᠯᠬᠤ ᠵᠡᠷᠭᠡ ᠡᠯ᠎ᠡ ᠵᠦᠢ᠍ᠯ᠎ᠤᠨ ᠠᠵᠢᠯ᠎ᠢ   ᠴᠠᠭ ᠲᠤᠬᠠᠢ᠎ᠳᠤ᠎ᠨᠢ ᠪᠡᠶᠡᠯᠡᠭᠦᠯᠵᠦ᠂ ᠰᠢᠯᠢᠳᠡᠭᠵᠢᠭᠦᠯᠦᠨ ᠬᠠᠮᠵᠢᠯᠴᠠᠭᠤᠯᠬᠤ ᠥᠨᠳᠥᠷ ᠪᠦᠲᠦᠮᠵᠢᠲᠡᠶ ᠡᠭᠦᠷᠭᠡ ᠴᠢᠳᠠᠪᠤᠷᠢ ᠵᠢᠨ ᠰᠢᠰᠲ᠋ᠧᠮᠵᠢ ᠵᠢ ᠠᠩᠬ᠎ᠠ ᠠᠯᠬᠤᠮ ᠪᠠᠢ᠌ᠭᠤᠯᠪᠠ᠃ ᠬᠣᠶᠠᠷ᠎ᠲᠤ ᠬᠦᠨᠳᠦ ᠶᠡᠬᠡ ᠠᠶᠤᠯ ᠲᠦᠭᠰᠢᠭᠦᠷᠢ ᠵᠢ ᠪᠦᠬᠦ ᠬᠦᠴᠦᠨ ᠵᠶ᠋ᠠᠷ ᠵᠶ᠋ᠠᠨ ᠰᠡᠷᠭᠡᠶ᠋ᠢᠯᠡᠨ ᠠᠷᠢᠯᠭ᠋ᠠᠪᠠ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠶᠤᠯᠭᠦᠶ   ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ ᠎ᠢ ᠬᠡᠷᠡᠭᠵᠢᠭᠦᠯᠬᠦ ᠨᠠᠷᠢᠨ ᠲᠦᠷᠢᠮ᠎ᠢ ᠲᠣᠭᠲᠠᠭ᠋ᠠᠵᠤ᠂ ᠰᠣᠶᠣᠯ ᠪᠠ ᠵᠢᠭᠤᠯᠴᠢᠯᠠᠯ᠎ᠤᠨ ᠬᠡᠪᠴᠢᠶᠡᠨ᠎ᠳᠤ᠎ᠬᠢ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠵᠠᠰᠠᠨ ᠨᠠᠢ᠌ᠷᠠᠭᠤᠯᠵᠤ᠂ 《ᠦᠪᠡᠳᠡᠭᠰᠢ ᠶᠡᠬᠡ ᠪᠠᠶᠠᠷ᠎ᠢ ᠤᠭᠲᠤᠬᠤ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠪᠠᠲᠤᠯᠠᠬᠤ》 ᠠᠶᠤᠯᠭᠦᠶ ᠵᠢᠨ ᠶᠡᠬᠡ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠭᠤᠷᠪᠠ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠪᠦᠬᠦ ᠬᠦᠴᠦᠨ ᠵᠶ᠋ᠠᠷ ᠠᠬᠢᠭᠤᠯᠪᠠ᠃ ᠰᠣᠶᠣᠯ ᠪᠠ ᠵᠢᠭᠤᠯᠴᠢᠯᠠᠯ ᠵᠶ᠋ᠠᠷ ᠶᠠᠳᠠᠭᠤ ᠵᠢ ᠲᠡᠳᠬᠦᠬᠦ ᠵᠢ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠲᠥᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠤᠰᠬᠠᠶ ᠲᠣᠭᠣᠷᠢᠨ ᠪᠠᠶ᠋ᠢᠴᠠᠭ᠋ᠠᠯᠲᠠ ᠵᠢᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠪᠠ᠃ ᠠᠶ᠋ᠢᠮᠠᠭ ᠬᠣᠲᠠ ᠵᠢ ᠵᠢᠯᠣᠭᠣᠳᠴᠤ ᠵᠢᠭᠤᠯᠴᠢᠯᠠᠯ᠎ᠤᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠲᠦᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠬᠥᠳᠡᠭᠡ ᠲᠣᠰᠬᠣᠨ᠎ᠤ ᠵᠢᠭᠤᠯᠴᠢᠯᠠᠯ᠎ᠢ ᠬᠦᠭᠵᠢᠭᠦᠯᠦᠨ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠬᠤ ᠵᠢ ᠲᠡᠮᠵᠢᠪᠡ᠃ ᠪᠡᠭᠡᠵᠢᠩ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠎ᠲᠠᠢ ᠶᠠᠳᠠᠭᠤ ᠵᠢ ᠲᠡᠳᠬᠦᠬᠦ ᠬᠠᠮᠵᠢᠯᠴᠠᠭ᠎ᠠ ᠵᠢᠨ ᠪᠦᠳᠦᠭᠦᠪᠴᠢ ᠵᠥᠪᠯᠡᠯᠴᠡᠭᠡᠷ ᠲᠣᠭᠲᠠᠵᠤ᠂ ᠤᠯᠠᠭ᠋ᠠᠨᠬᠣᠲᠠ᠎ᠳᠤ ᠪᠥᠬᠥ ᠣᠷᠣᠨ᠎ᠤ ᠵᠢᠭᠤᠯᠴᠢᠯᠠᠯ ᠵᠶ᠋ᠠᠷ ᠶᠠᠳᠠᠭᠤ ᠵᠢ   ᠲᠡᠳᠬᠦᠬᠦ ᠠᠬᠤᠶ ᠲᠠᠯᠠᠪᠠᠶ ᠵᠢᠨ ᠬᠤᠷᠠᠯ ᠪᠠ ᠪᠡᠭᠡᠵᠢᠩ᠎ᠤᠨ ᠰᠣᠶᠣᠯ ᠵᠢᠭᠤᠯᠴᠢᠯᠠᠯ᠎ᠤᠨ ᠬᠠᠮᠲᠤᠷᠠᠯᠴᠠᠭ᠎ᠠ ᠵᠢ ᠠᠬᠢᠭᠤᠯᠬᠤ ᠲᠠᠪᠴᠠᠩ᠎ᠤᠨ ᠶᠡᠬᠡ ᠬᠤᠷᠠᠯ᠎ᠢ ᠡᠷᠭᠢᠯᠡᠪᠡ᠃ ᠲᠦᠷᠪᠡ᠎ᠳᠤ᠂ ᠠᠮᠢ ᠠᠬᠤᠶ ᠵᠢᠨ ᠣᠷᠴᠢᠨ ᠨᠥᠬᠥᠴᠡᠯ᠎ᠢ ᠴᠡᠭᠴᠡᠯᠡᠨ ᠵᠠᠰᠠᠬᠤ ᠠᠵᠢᠯ᠎ᠢ ᠭᠦᠨᠵᠡᠭᠡᠶ ᠥᠷᠨᠢᠭᠦᠯᠪᠡ᠃ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠳᠠᠯᠠᠵᠤ᠂ ᠪᠥᠬᠥ ᠣᠷᠣᠨ᠎ᠤ ᠨᠤᠲᠤᠭ ᠪᠡᠯᠴᠢᠭᠡᠷ᠎ᠤᠨ ᠲᠥᠷᠥᠯ᠎ᠤᠨ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠲᠣᠭᠲᠠᠭ᠋ᠠᠯ᠎ᠢ ᠵᠥᠷᠢᠴᠡᠨ ᠨᠤᠲᠤᠭ ᠪᠡᠯᠴᠢᠭᠡᠷ᠎ᠢ ᠡᠵᠡᠯᠡᠭᠰᠡᠨ ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠵᠤ᠂   ᠨᠢᠭᠡᠨᠲᠡ 32 ᠦᠵᠡᠮᠵᠢ ᠵᠢᠨ ᠣᠷᠣᠨ᠎ᠢ ᠴᠡᠭᠴᠡᠯᠡᠨ ᠰᠠᠶ᠋ᠢᠵᠢᠷᠠᠭᠤᠯᠵᠤ ᠳᠠᠭᠤᠰᠬᠠᠪᠠ᠃ ᠠᠶ᠋ᠢᠮᠠᠭ ᠬᠣᠲᠠ ᠵᠢ ᠵᠢᠯᠣᠭᠣᠳᠤᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ   ᠨᠠᠢ᠌ᠷᠠᠭᠤᠯᠤᠨ ᠵᠣᠬᠢᠶᠠᠪᠠ᠃ 《ᠭᠤᠷᠪᠠᠨ ᠨᠠᠭᠤᠷ》᠎ᠤᠨ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠬᠠᠮᠵᠢᠯᠴᠠᠨ ᠥᠷᠨᠢᠭᠦᠯᠪᠡ᠃ ᠲᠠᠪᠤ᠎ᠳᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠦᠷᠭᠦᠯᠵᠢᠯᠡᠨ ᠭᠦᠨᠵᠡᠭᠡᠶ᠋ᠢᠷᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ ᠪᠠ ᠰᠣᠶᠣᠯ ᠪᠠ ᠵᠢᠭᠤᠯᠴᠢᠯᠠᠯ᠎ᠤᠨ ᠵᠠᠬ᠎ᠠ ᠲᠡᠯᠭᠡᠭᠦᠷ᠎ᠤᠨ ᠡᠮᠬᠢ ᠳᠢᠭᠯᠢᠮ᠎ᠢ ᠵᠠᠰᠠᠬᠤ ᠵᠢ ᠬᠠᠮᠲᠤᠪᠠᠷ ᠪᠠᠶ᠋ᠢᠷᠢᠯᠠᠭᠤᠯᠵᠤ᠂ ᠬᠠᠮᠲᠤᠪᠠᠷ ᠠᠬᠢᠭᠤᠯᠬᠤ ᠵᠢ ᠪᠠᠷᠢᠮᠲᠠᠯᠠᠵᠤ᠂ ᠪᠥᠬᠥ ᠣᠷᠣᠨ᠎ᠳᠤ 《ᠬᠠᠷ᠎ᠠ ᠵᠢᠭᠤᠯᠴᠢᠯᠠᠯ》᠂ ᠭᠠᠲᠠᠭ᠋ᠠᠲᠤ ᠤᠯᠤᠰ᠎ᠤᠨ ᠲᠣᠭ᠂ ᠤᠯᠤᠰ᠎ᠤᠨ ᠰᠦᠯᠳᠡ ᠵᠢ ᠡᠯᠭᠦᠭᠦ᠂ ᠬᠠᠤᠯᠢ ᠪᠤᠰᠤ ᠱᠠᠰᠢᠨ ᠰᠤᠷᠲᠠᠬᠤᠨ᠎ᠤ ᠬᠡᠪᠯᠡᠭᠳᠡᠬᠦᠨ᠂ ᠰᠤᠷᠭ᠋ᠠᠭᠤᠯᠢ ᠵᠢᠨ ᠬᠦᠷᠢᠶᠡᠨ᠎ᠤ ᠡᠷᠬᠢᠨ ᠲᠤᠭᠤᠷᠢᠨ᠎ᠤ ᠰᠣᠶᠣᠯ᠎ᠤᠨ ᠵᠠᠬ᠎ᠠ ᠳᠡᠯᠭᠡᠭᠦᠷ ᠵᠡᠷᠭᠡ ᠵᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ   ᠪᠠᠢ᠌ᠷᠢᠯᠠᠭᠤᠯᠤᠨ ᠥᠷᠨᠢᠭᠦᠯᠪᠡ᠃ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠠᠰᠠᠭ ᠵᠠᠬᠢᠷᠭ᠋ᠠᠨ᠎ᠤ ᠬᠠᠤᠯᠢ ᠵᠢᠨ ᠬᠡᠷᠡᠭ᠎ᠢ ᠬᠢᠨᠠᠮᠠᠭ᠋ᠠᠶ ᠡᠮᠬᠢᠯᠡᠵᠦ᠂ ᠬᠡᠷᠡᠭ᠎ᠤᠨ ᠰᠦᠪᠡᠭᠴᠢ ᠵᠢ ᠬᠠᠮᠢᠶ᠎ᠠ ᠪᠥᠬᠥᠶ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠰᠢᠯᠵᠢᠭᠦᠯᠦᠨ ᠲᠤᠰᠢᠶᠠᠵᠤ   ᠰᠢᠢ᠍ᠳᠪᠦᠷᠢᠯᠡᠭᠦᠯᠪᠡ᠃


      ᠬᠣᠶᠠᠷ᠂ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠢᠳᠡᠪᠬᠢᠲᠡᠶ ᠠᠬᠢᠭᠤᠯᠪᠠ
     (ᠨᠢᠭᠡ) ᠤᠷᠠᠯᠢᠭ᠎ᠤᠨ ᠵᠤᠬᠢᠶᠠᠨ ᠪᠦᠲᠦᠭᠡᠯᠭᠡ ᠵᠢᠴᠢ ᠲᠤᠭᠯᠠᠯᠲᠠ᠃ ᠨᠢᠭᠡ᠎ᠳᠤ ᠤᠯᠠᠭ᠋ᠠᠨᠮᠥ᠋ᠴᠢᠷ᠎ᠤᠨ ᠠᠵᠢᠯ ᠦᠢ᠍ᠯᠡᠰ ᠡᠷᠡᠭᠦᠯ ᠵᠶ᠋ᠠᠷ ᠬᠥᠭᠵᠢᠪᠡ᠃ 《ᠤᠯᠠᠭ᠋ᠠᠨᠮᠥ᠋ᠴᠢᠷ᠎ᠤᠨ ᠲᠦᠷᠢᠮ》᠎ᠢ ᠨᠡᠶ᠋ᠢᠲᠡᠯᠡᠵᠦ᠂ 2019 ᠣᠨ᠎ᠤ 11 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠪᠡ᠃ 《ᠤᠯᠠᠭ᠋ᠠᠨᠮᠥ᠋ᠴᠢᠷ᠎ᠤᠨ   ᠦᠢ᠍ᠯᠡᠰ᠎ᠤᠨ ᠬᠥᠭᠵᠢᠯᠲᠡ ᠵᠢᠨ ᠤᠷᠲᠤᠪᠲᠤᠷ ᠪᠠ ᠣᠷᠳᠣ ᠬᠤᠭᠤᠴᠠᠭ᠋ᠠᠨ᠎ᠤ ᠬᠥᠭᠵᠢᠯᠲᠡ ᠵᠢᠨ ᠲᠦᠯᠦᠪᠵᠢᠭᠦᠯᠭᠡ》᠂ 《ᠤᠯᠠᠭ᠋ᠠᠨᠮᠥ᠋ᠴᠢᠷ᠎ᠤᠨ ᠰᠠᠭᠤᠷᠢ ᠲᠥᠬᠥᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠨᠠᠶ᠋ᠢᠷᠠᠭᠤᠯᠤᠨ ᠵᠣᠬᠢᠶᠠᠵᠤ᠂ ᠬᠣᠰᠢᠭᠤ ᠰᠢᠶᠠᠨ᠎ᠤ ᠤᠯᠠᠭ᠋ᠠᠨᠮᠥ᠋ᠴᠢᠷ᠎ᠤᠨ ᠰᠠᠭᠤᠷᠢ ᠲᠥᠬᠥᠭᠡᠷᠦᠮᠵᠢ ᠵᠢᠨ ᠪᠠᠷᠢᠮᠵᠢᠶᠠᠵᠢᠭᠤᠯᠤᠯᠲᠠ ᠵᠢᠨ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ ᠬᠡᠰᠡᠭ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠤᠯᠠᠭ᠋ᠠᠨᠮᠥ᠋ᠴᠢᠷ᠎ᠲᠤ ᠨᠡᠶ᠋ᠢᠲᠡ ᠵᠢᠨ ᠪᠡᠰᠡᠷᠡᠭ ᠮᠠᠰᠢᠨ ᠲᠡᠷᠭᠡ ᠲᠣᠬᠢᠷᠠᠭᠤᠯᠵᠤ ᠥᠭᠴᠡᠶ᠃ ᠡᠯ᠎ᠡ ᠭᠠᠵᠠᠷ᠎ᠤᠨ ᠤᠯᠠᠭ᠋ᠠᠨᠮᠥ᠋ᠴᠢᠷ᠎ᠤᠨ ᠰᠢᠯᠢᠳᠡᠭ ᠤᠯᠠᠮᠵᠢᠯᠠᠯ᠎ᠢ ᠢᠳᠡᠪᠬᠢᠲᠡᠶ ᠪᠠᠳᠠᠷᠠᠭᠤᠯᠵᠤ᠂ ᠵᠣᠬᠢᠶᠠᠨ ᠪᠦᠲᠦᠭᠡᠬᠦ᠂ ᠲᠣᠭᠯᠠᠬᠤ᠂ ᠤᠬᠠᠭᠤᠯᠬᠤ᠂ ᠤᠯᠠᠮᠵᠢᠯᠠᠬᠤ᠂ ᠰᠢᠨ᠎ᠡ ᠵᠢ ᠡᠭᠦᠳᠬᠦ᠂ ᠬᠠᠪᠰᠤᠷᠤᠨ ᠵᠢᠯᠤᠭᠤᠳᠬᠤ᠂ ᠦᠢ᠍ᠯᠡᠴᠢᠯᠡᠬᠦ ᠡᠭᠦᠷᠭᠡ ᠴᠢᠳᠠᠪᠤᠷᠢ᠎ᠪᠠᠨ ᠨᠠᠷᠢᠨ ᠬᠢᠨᠠᠮᠠᠭ᠋ᠠᠶ ᠭᠦᠢ᠍ᠴᠡᠳᠬᠡᠵᠦ᠂ ᠪᠥᠬᠥ ᠵᠢᠯ᠎ᠳᠤ ᠦᠨᠳᠦᠰᠦᠨ ᠱᠠᠲᠤᠨ᠎ᠳᠤ ᠭᠦᠨᠵᠡᠭᠡᠶ᠋ᠢᠷᠡᠨ 8756 ᠲᠠᠯᠠᠪᠤᠷ ᠲᠣᠭᠯᠠᠯᠲᠠ ᠭᠠᠷᠭ᠋ᠠᠪᠠ᠃ 2019 ᠣᠨ᠎ᠤ 6 ᠰᠠᠷ᠎ᠠ᠎ᠳᠤ᠂ ᠤᠯᠠᠭ᠋ᠠᠨᠮᠥ᠋ᠴᠢᠷ᠎ᠤᠨ ᠰᠣᠯᠢᠯᠴᠠᠭ᠎ᠠ ᠲᠣᠭᠯᠠᠯᠲᠠ ᠵᠢᠨ ᠰᠠᠷ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ 8 ᠰᠠᠷ᠎ᠠ᠎ᠳᠤ᠂ ᠠᠯᠠᠱ᠌ᠠ ᠵᠡᠭᠦᠨ ᠬᠣᠰᠢᠭᠤᠨ᠎ᠳᠤ ᠨᠠᠢ᠍ᠮᠠᠳᠤᠭ᠋ᠠᠷ ᠬᠤᠭᠤᠴᠠᠭ᠋ᠠᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠪᠠᠶᠠᠷ᠎ᠢ ᠡᠷᠭᠢᠯᠡᠪᠡ᠃ 11 ᠳ᠋ᠦ᠍ᠭᠡᠷ ᠰᠠᠷ᠎ᠠ᠎ᠳᠤ᠂ ᠪᠥᠬᠥ ᠣᠷᠣᠨ᠎ᠤ ᠰᠢᠯᠢᠳᠡᠭ ᠤᠯᠠᠭ᠋ᠠᠨᠮᠥ᠋ᠴᠢᠷ᠎ᠢ ᠴᠤᠭᠯᠠᠭᠤᠯᠵᠤ ᠬᠥᠬᠡᠬᠣᠲᠠ᠎ᠳᠤ ᠲᠤᠭᠤᠷᠢᠵᠤ ᠳᠡᠯᠭᠡᠨ ᠦᠵᠡᠭᠦᠯᠬᠦ ᠪᠠ ᠬᠠᠷᠢᠭᠤ ᠮᠡᠳᠡᠭᠦᠯᠦᠯᠲᠡ ᠵᠢᠨ ᠲᠣᠭᠯᠠᠯᠲᠠ ᠥᠷᠨᠢᠭᠦᠯᠵᠦ᠂ ᠦᠨᠳᠦᠰᠦᠨ ᠱᠠᠲᠤᠨ᠎ᠤ ᠣᠯᠠᠨ ᠲᠦᠮᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠪᠠ᠃ ᠬᠣᠶᠠᠷ᠎ᠲᠤ ᠤᠷᠠᠯᠢᠭ᠎ᠤᠨ ᠵᠣᠬᠢᠶᠠᠨ ᠪᠦᠲᠦᠭᠡᠬᠦ ᠲᠣᠭᠯᠠᠯᠲᠠ ᠡᠳᠦᠷ ᠢᠷᠡᠬᠦᠶ᠎ᠡ ᠴᠡᠴᠡᠭᠯᠡᠨ ᠬᠥᠭᠵᠢᠪᠡ᠃ ᠥᠪᠥᠷ ᠮᠣᠩᠭᠣᠯ᠎ᠤᠨ ᠲᠠᠶ᠋ᠢᠰᠠᠨ᠎ᠤ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠲᠣᠭᠲᠠᠭ᠋ᠠᠵᠤ᠂ ᠥᠪᠥᠷ ᠮᠣᠩᠭᠣᠯ᠎ᠤᠨ ᠲᠠᠶ᠋ᠢᠰᠠᠨ᠎ᠤ ᠤᠷᠠᠯᠢᠭ᠎ᠤᠨ ᠰᠣᠳᠣᠨ ᠪᠦᠲᠦᠭᠡᠯ᠎ᠤᠨ ᠢᠨᠵᠸᠨ᠋ᠸᠷᠢᠩ᠎ᠢ ᠭᠦᠨᠵᠡᠭᠡᠢ ᠬᠡᠷᠡᠭᠵᠢᠭᠦᠯᠵᠦ᠂ ᠪᠥᠵᠢᠭᠲᠦ ᠵᠦᠴᠦᠭᠡ 《ᠲᠡᠮᠡᠭᠡᠨ   ᠵᠢᠩ ᠎ᠤᠨ ᠵᠠᠮ》᠂ ᠶᠠᠷᠢᠶᠠᠲᠤ ᠵᠦᠴᠦᠭᠡ 《ᠬᠤᠷᠤᠭᠤᠨ ᠲᠠᠮᠠᠭ᠎ᠠ》᠂ ᠮᠣᠩᠭᠣᠯ ᠵᠦᠴᠦᠭᠡ 《ᠤᠯᠠᠭ᠋ᠠᠨᠮᠥ᠋ᠴᠢᠷ᠎ᠤᠨ ᠷᠠᠰᠢ》᠂ ᠪᠡᠭᠡᠵᠢᠩ   ᠰᠢ 《ᠳ᠋ᠠ ᠱᠧᠩ ᠺᠦᠶ》 ᠵᠡᠷᠭᠡ ᠨᠢᠭᠡ ᠪᠦᠯᠦᠭ ᠰᠣᠳᠣᠨ ᠵᠦᠴᠦᠭᠡ ᠵᠢ ᠵᠣᠬᠢᠶᠠᠨ ᠪᠦᠲᠦᠭᠡᠵᠡᠢ᠃ ᠰᠢᠨ᠎ᠡ᠎ᠪᠠᠷ ᠵᠤᠬᠢᠶᠠᠨ ᠪᠠᠢ᠌ᠭᠤᠯᠤᠭᠰᠠᠨ ᠦᠨᠳᠦᠰᠦᠲᠡᠨ᠎ᠤ ᠪᠥᠵᠢᠭᠲᠦ ᠵᠦᠴᠦᠭᠡ 《ᠲᠠᠯ᠎ᠠ ᠨᠤᠲᠤᠭ᠎ᠤᠨ   ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠤ》᠎ᠨᠢ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠷᠠᠯᠢᠭ᠎ᠤᠨ ᠨᠠᠶ᠋ᠢᠷ᠎ᠲᠤ ᠣᠷᠣᠯᠴᠠᠭᠰᠠᠨ ᠪᠥᠭᠡᠳ    《ᠸᠸᠨ ᠬᠤᠸᠠ》 ᠲᠣᠮᠣ ᠱᠠᠩᠨᠠᠯ᠎ᠢ ᠬᠦᠷᠲᠡᠭᠰᠡᠨ᠎ᠨᠢ ᠥᠪᠥᠷ ᠮᠣᠩᠭᠣᠯ᠎ᠤᠨ ᠲᠣᠰ ᠬᠦᠷᠢᠶ᠎ᠡ ᠬᠡᠪᠴᠢᠶᠡᠨ᠎ᠳᠤ ᠠᠩᠬ᠎ᠠ ᠤᠲᠠᠭ᠎ᠠ ᠬᠦᠷᠲᠡᠵᠦ ᠪᠠᠢ᠌ᠭ᠎ᠠ ᠱᠠᠩᠨᠠᠯ ᠶᠤᠮ᠃ ᠪᠥᠵᠢᠭ 《ᠬᠠᠷ᠎ᠠ ᠲᠣᠷᠭ᠋ᠠᠨ ᠬᠠᠨᠵᠢᠶᠠᠷ》᠎ᠨᠢ ᠳᠤᠮᠳᠠᠳᠤ ᠤᠯᠤᠰ᠎ᠤᠨ ᠪᠦᠵᠢᠭ᠎ᠤᠨ 《ᠪᠠᠳᠮ᠎ᠠ ᠱᠠᠩᠨᠠᠯ》᠎ᠤᠨ ᠦᠨᠳᠦᠰᠦᠲᠡᠨ᠎ᠤ ᠠᠷᠠᠳ᠎ᠤᠨ ᠪᠥᠵᠢᠭ᠎ᠤᠨ ᠠᠯᠲᠠᠨ ᠱᠠᠩᠨᠠᠯ᠎ᠢ ᠭᠥᠷᠳᠡᠪᠡ᠃ ᠪᠥᠵᠢᠭᠲᠦ ᠵᠦᠴᠦᠭᠡ 《ᠮᠣᠷᠢᠲᠤ ᠴᠡᠷᠢᠭ》᠎ᠢ 《ᠪᠠᠷᠠᠭᠤᠨ ᠣᠷᠣᠨ ᠵᠢᠴᠢ ᠴᠥᠭᠡᠨ ᠲᠣᠭ᠋ᠠᠲᠤ ᠦᠨᠳᠦᠰᠦᠲᠡᠨ᠎ᠤ ᠣᠷᠣᠨ᠎ᠤ ᠤᠷᠠᠯᠢᠭ᠎ᠤᠨ ᠵᠣᠬᠢᠶᠠᠨ ᠪᠦᠲᠦᠭᠡᠯᠭᠡ ᠵᠢ ᠳᠡᠭᠡᠭᠰᠢᠯᠡᠭᠦᠯᠬᠦ ᠲᠥᠯᠥᠪᠯᠡᠭᠡ》᠎ᠳᠤ ᠣᠷᠣᠭᠤᠯᠪᠠ᠃ 《ᠲᠠᠯ᠎ᠠ ᠨᠤᠲᠤᠭ᠎ᠤᠨ ᠤᠳᠬ᠎ᠠ ᠤᠷᠠᠯᠢᠭ᠎ᠤᠨ ᠡᠳᠦᠷ ᠪᠦᠷᠢ ᠲᠣᠭᠯᠠᠯᠲᠠ ᠭᠠᠷᠭ᠋ᠠᠬᠤ》 ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠡᠯ᠎ᠡ ᠱᠠᠲᠤᠨ᠎ᠤ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠢ ᠵᠣᠬᠢᠶᠠᠨ ᠪᠠᠶ᠋ᠢᠭᠤᠯᠤᠨ ᠦᠨᠳᠦᠰᠦᠨ ᠱᠠᠲᠤᠨ᠎ᠳᠤ ᠭᠦᠨᠵᠡᠭᠡᠶ᠋ᠢᠷᠡᠨ ᠲᠦᠮᠡ ᠭᠠᠷᠤᠶ ᠲᠠᠯᠠᠪᠤᠷ ᠲᠣᠭᠯᠠᠯᠲᠠ ᠭᠠᠷᠭ᠋ᠠᠵᠤ᠂ ᠬᠥᠬᠡᠬᠣᠲᠠ᠎ᠳᠤ 《ᠲᠠᠯ᠎ᠠ ᠨᠤᠲᠤᠭ᠎ᠤᠨ ᠳᠠᠭᠤᠤ ᠬᠥᠭᠵᠢᠮ᠎ᠤᠨ ᠭᠠᠷᠠᠭ᠎ᠤᠨ ᠰᠡᠭᠦᠯᠴᠢ》 ᠵᠢᠨ   ᠲᠤᠭᠯᠠᠯᠲᠠ ᠵᠢ 30 ᠲᠠᠯᠠᠪᠤᠷ ᠤᠳᠠᠭ᠎ᠠ ᠡᠷᠬᠢᠯᠡᠪᠡ᠃ ᠭᠤᠷᠪᠠ᠎ᠳᠤ᠂ 《ᠥᠪᠥᠷ ᠮᠣᠩᠭᠣᠯ᠎ᠤᠨ ᠳᠠᠭᠤᠤ ᠬᠥᠭᠵᠢᠮ》 ᠨᠠᠷᠠᠲᠤ ᠲᠥᠷᠥᠯ ᠲᠡᠮᠳᠡᠭᠲᠦ ᠵᠢ ᠡᠭᠦᠳᠦᠨ ᠪᠠᠶ᠋ᠢᠭᠤᠯᠬᠤ ᠵᠢ ᠠᠬᠢᠭᠤᠯᠪᠠ᠃ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠳᠠᠭᠤᠤ ᠬᠥᠭᠵᠢᠮ᠎ᠢ ᠤᠯᠠᠮᠵᠢᠯᠠᠨ ᠬᠥᠭᠵᠢᠭᠦᠯᠬᠦ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠠᠩᠬᠠᠳᠤᠭ᠋ᠠᠷ ᠬᠤᠭᠤᠴᠠᠭ᠋ᠠᠨ᠎ᠤ 《ᠦᠪᠦᠷ ᠮᠣᠩᠭᠣᠯ᠎ᠤᠨ ᠳᠠᠭᠤᠤ ᠬᠥᠭᠵᠢᠮ᠎ᠤᠨ ᠨᠠᠶ᠋ᠢᠷ》᠂ ᠭᠤᠷᠪᠠᠳᠤᠭ᠋ᠠᠷ ᠬᠤᠭᠤᠴᠠᠭ᠋ᠠᠨ᠎ᠤ 《ᠲᠠᠯ᠎ᠠ ᠨᠤᠲᠤᠭ᠎ᠤᠨ ᠠᠯᠲᠠᠨ ᠨᠠᠮᠤᠷ》   ᠲᠠᠭᠤᠤ ᠵᠢᠨ ᠤᠷᠤᠯᠳᠤᠭ᠋ᠠᠨ᠂ ᠠᠩᠬᠠᠳᠤᠭ᠋ᠠᠷ ᠬᠤᠭᠤᠴᠠᠭ᠋ᠠᠨ᠎ᠤ ᠮᠣᠷᠢᠨ ᠬᠤᠭᠤᠷ᠎ᠤᠨ ᠤᠷᠠᠯᠢᠭ᠎ᠤᠨ ᠨᠠᠶ᠋ᠢᠷ ᠵᠡᠷᠭᠡ ᠠᠯᠢ ᠣᠯᠠᠨ ᠳᠠᠭᠤᠤ ᠬᠥᠭᠵᠢᠮ᠎ᠤᠨ ᠠᠵᠢᠯᠯᠠᠭ᠎ᠠ ᠵᠢ ᠵᠠᠯᠭ᠋ᠠᠭ᠎ᠠ᠎ᠪᠠᠷ ᠡᠷᠭᠢᠯᠡᠵᠦ᠂ 《ᠥᠪᠥᠷ ᠮᠣᠩᠭᠣᠯ᠎ᠤᠨ ᠳᠠᠭᠤᠤ ᠬᠥᠭᠵᠢᠮ》 ᠨᠠᠷᠠᠲᠤ ᠲᠥᠷᠥᠯ ᠲᠡᠮᠳᠡᠭᠲᠦ ᠵᠢᠨ ᠨᠥᠯᠥᠭᠡᠯᠡᠬᠦ ᠬᠦᠴᠦᠨ ᠡᠳᠦᠷ ᠢᠷᠡᠬᠦᠶ᠎ᠡ ᠲᠣᠪᠣᠶ᠋ᠢᠮ᠎ᠠ ᠪᠣᠯᠪᠠ᠃ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠲᠢᠩᠬᠢᠮ᠎ᠤᠨ ᠲ᠋ᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠡᠮᠦᠨᠡᠬᠢ ᠬᠤᠭᠤᠴᠠᠭ᠋ᠠᠨ᠎ᠤ ᠲᠥᠯᠥᠪᠯᠡᠭᠡ ᠵᠢ ᠢᠳᠡᠪᠬᠢᠲᠡᠶ᠎ᠪᠠᠷ   ᠦᠷᠨᠢᠭᠦᠯᠪᠡ᠃ 《ᠥᠪᠥᠷ ᠮᠣᠩᠭᠣᠯ᠎ᠤᠨ ᠠᠷᠠᠳ᠎ᠤᠨ ᠳᠠᠭᠤᠤ ᠵᠢᠨ ᠶᠡᠬᠡ ᠲᠣᠯᠢ》 ᠨᠠᠶ᠋ᠢᠷᠠᠭᠤᠯᠬᠤ ᠠᠵᠢᠯ ᠵᠢᠩᠬᠢᠨᠢ᠎ᠪᠠᠷ ᠡᠬᠢᠯᠡᠪᠡ᠃ ᠲᠦᠷᠪᠡ᠎ᠳᠤ᠂ ᠴᠢᠬᠤᠯᠠ ᠶᠡᠬᠡ ᠤᠷᠠᠯᠢᠭ᠎ᠤᠨ ᠠᠵᠢᠯᠯᠠᠭ᠎ᠠ᠎ᠳᠤ ᠢᠳᠡᠪᠬᠢᠲᠡᠶ ᠤᠷᠤᠯᠴᠠᠪᠠ᠃ ᠳᠤᠮᠳᠠᠳᠤ ᠤᠯᠤᠰ᠎ᠤᠨ ᠣᠯᠠᠨ ᠤᠯᠤᠰ᠎ᠤᠨ ᠮᠣᠩᠭᠣᠯ ᠪᠥᠵᠢᠭ᠎ᠤᠨ ᠤᠷᠠᠯᠢᠭ᠎ᠤᠨ ᠦᠵᠡᠭᠦᠯᠦᠯᠭᠡ ᠵᠢᠨ ᠲᠣᠭᠯᠠᠯᠲᠠ ᠵᠢᠨ ᠠᠵᠢᠯᠯᠠᠭ᠎ᠠ  ᠂ ᠣᠯᠠᠨ ᠤᠯᠤᠰ᠎ᠤᠨ ᠨᠠᠶ᠋ᠢᠷᠠᠯ ᠳᠠᠭᠤᠤ ᠵᠢᠨ ᠭᠠᠷᠠᠭ᠎ᠤᠨ ᠠᠵᠢᠯᠯᠠᠭ᠎ᠠ ᠵᠢ ᠡᠷᠭᠢᠯᠡᠵᠦ᠂ ᠪᠥᠬᠥ ᠤᠯᠤᠰ᠎ᠤᠨ ᠪᠣᠳᠠᠲᠤ ᠰᠡᠳᠦᠪᠲᠦ ᠲᠠᠶ᠋ᠢᠰᠠᠨ᠎ᠤ ᠤᠷᠠᠯᠢᠭ᠎ᠤᠨ ᠪᠦᠲᠦᠭᠡᠯ ᠵᠢᠴᠢ ᠪᠥᠬᠥ ᠣᠷᠣᠨ᠎ᠤ ᠰᠣᠳᠣᠨ ᠵᠦᠴᠦᠭᠡ ᠵᠢᠨ ᠦᠵᠡᠭᠦᠯᠦᠯᠭᠡ ᠵᠢᠨ ᠲᠣᠭᠯᠠᠯᠲᠠ᠂ ᠬᠣᠶᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠮᠣᠩᠭᠣᠯ ᠬᠡᠯᠡᠨ᠎ᠤ ᠰᠢ ᠵᠦᠴᠦᠭᠡ ᠵᠢᠨ ᠦᠵᠡᠭᠦᠯᠦᠯᠭᠡ ᠵᠢᠨ ᠲᠣᠭᠯᠠᠯᠲᠠ ᠵᠢ ᠡᠷᠭᠢᠯᠡᠪᠡ᠃ ᠪᠡᠭᠡᠵᠢᠩ᠎ᠤᠨ ᠳᠡᠯᠡᠬᠡᠶ ᠵᠢᠨ ᠴᠡᠴᠡᠷᠯᠢᠭ᠎ᠤᠨ ᠮᠡᠷᠭᠡᠵᠢᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠲᠡᠯᠭᠡᠨ ᠦᠵᠡᠭᠦᠯᠦᠯᠭᠡ ᠵᠢᠨ ᠲᠣᠭᠯᠠᠯᠲᠠ᠂ ᠪᠥᠬᠥ ᠤᠯᠤᠰ᠎ᠤᠨ ᠲᠠᠶ᠋ᠢᠰᠠᠨ᠎ᠤ ᠤᠷᠠᠯᠢᠭ᠎ᠤᠨ ᠰᠢᠯᠢᠳᠡᠭ ᠵᠦᠴᠦᠭᠡ ᠵᠢᠴᠢ ᠦᠨᠳᠦᠰᠦᠲᠡᠨ᠎ᠤ   ᠲᠠᠭᠤᠯᠯᠠᠲᠤ ᠵᠦᠴᠦᠭᠡ ᠵᠢᠨ ᠦᠵᠡᠭᠦᠯᠦᠯᠭᠡ ᠵᠢᠨ ᠲᠣᠭᠯᠠᠯᠲᠠ᠂ ᠪᠥᠬᠥ ᠤᠯᠤᠰ᠎ᠤᠨ ᠦᠨᠳᠦᠰᠦᠨ ᠱᠠᠲᠤᠨ᠎ᠤ ᠬᠦᠷᠢᠶᠡᠯᠡᠩ ᠪᠦᠯᠬᠦᠮ᠎ᠤᠨ ᠰᠢ ᠲᠠᠭᠤᠤᠷᠢᠯᠢᠬ᠎ᠤᠨ ᠬᠠᠮᠲᠤᠷᠠᠭᠰᠠᠨ ᠲᠣᠭᠯᠠᠯᠲᠠ᠂ 2019 ᠣᠨ᠎ᠤ ᠰᠢ ᠲᠠᠭᠤᠤᠷᠢᠯᠢᠬ᠎ᠤᠨ ᠵᠠᠭᠤᠨ ᠰᠢ (ᠺᠦᠨᠱ᠌ᠠᠨ) ᠵᠢᠨ ᠦᠪᠡᠳᠡᠭᠰᠢ ᠶᠣᠰᠣᠯᠠᠯ᠂ ᠲᠠᠪᠤᠳᠤᠭ᠋ᠠᠷ ᠬᠤᠭᠤᠴᠠᠭ᠋ᠠᠨ᠎ᠤ ᠪᠠᠷᠠᠭᠤᠨ ᠣᠷᠣᠨ᠎ᠤ ᠨᠠᠶ᠋ᠢᠷᠠᠯ ᠬᠥᠭᠵᠢᠮ᠎ᠤᠨ ᠭᠠᠷᠠᠭ᠂ ᠬᠣᠷᠢᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠱᠠᠩᠬᠠᠶ ᠵᠢᠨ ᠣᠯᠠᠨ ᠤᠯᠤᠰ᠎ᠤᠨ ᠤᠷᠠᠯᠢᠭ᠎ᠤᠨ ᠨᠠᠶ᠋ᠢᠷ ᠵᠡᠷᠭᠡ ᠤᠯᠤᠰ᠎ᠤᠨ ᠳᠣᠲᠣᠭ᠋ᠠᠳᠤ ᠵᠢᠨ ᠴᠢᠬᠤᠯᠠ ᠶᠡᠬᠡ ᠤᠷᠠᠯᠢᠭ᠎ᠤᠨ ᠠᠵᠢᠯᠯᠠᠭ᠎ᠠ᠎ᠳᠤ ᠵᠣᠬᠢᠶᠠᠨ ᠪᠠᠶ᠋ᠢᠭᠤᠯᠤᠨ ᠣᠷᠣᠯᠴᠠᠪᠠ᠃
     (ᠬᠣᠶᠠᠷ) ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ᠃ ᠨᠢᠭᠡ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ 《ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠬᠠᠤᠯᠢ》 ᠪᠠ 《ᠣᠯᠠᠨ ᠨᠡᠶ᠋ᠢᠲᠡ ᠵᠢᠨ ᠨᠣᠮ᠎ᠤᠨ ᠰᠠᠩ᠎ᠤᠨ ᠬᠠᠤᠯᠢ》 ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠥᠪᠥᠷ ᠮᠣᠩᠭᠣᠯ᠎ᠤᠨ ᠣᠯᠠᠨ ᠲᠦᠮᠡᠨ᠎ᠤ ᠤᠷᠠᠯᠢᠭ᠎ᠤᠨ ᠣᠷᠳᠣᠨ᠎ᠤ ᠰᠢᠨ᠎ᠡ ᠣᠷᠳᠣᠨ᠎ᠤ ᠪᠥᠲᠥᠭᠡᠨ ᠪᠠᠶ᠋ᠢᠭᠤᠯᠤᠯᠲᠠ ᠵᠢ ᠬᠠᠮᠵᠢᠯᠴᠠᠨ ᠰᠠᠶ᠋ᠢᠲᠤᠷ ᠬᠢᠵᠦ᠂ 2018 ᠣᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠢ᠌ᠳᠠᠪᠤᠷᠢᠵᠢᠭᠤᠯᠬᠤ ᠵᠢ ᠢᠳᠡᠪᠬᠢᠲᠡᠶ ᠠᠬᠢᠭᠤᠯᠪᠠ᠃ ᠵᠢᠭᠤᠯᠴᠢᠯᠠᠯ᠎ᠤᠨ ᠭᠠᠵᠠᠷ᠎ᠤᠨ ᠵᠣᠷᠯᠣᠩ᠎ᠤᠨ ᠪᠥᠲᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠭᠤᠷᠪᠠᠳᠠᠬᠢ ᠡᠲᠡᠭᠡᠳ᠎ᠲᠤ ᠨᠠᠶ᠋ᠢᠳᠠᠨ 2015 — 2017 ᠣᠨ᠎ᠤ ᠪᠥᠲᠥᠭᠡᠨ ᠪᠠᠶ᠋ᠢᠭᠤᠯᠤᠭᠰᠠᠨ ᠵᠢᠭᠤᠯᠴᠢᠯᠠᠯ᠎ᠤᠨ ᠭᠠᠵᠠᠷ᠎ᠤᠨ ᠵᠣᠷᠯᠣᠩ᠎ᠤᠨ ᠬᠠᠮᠢᠶᠠᠷᠤᠯᠲᠠ ᠬᠡᠷᠡᠭᠯᠡᠯᠲᠡ ᠵᠢᠨ ᠪᠠᠶ᠋ᠢᠳᠠᠯ᠎ᠢ ᠣᠶ᠋ᠢᠯᠠᠭ᠋ᠠᠬᠤ ᠪᠠᠶ᠋ᠢᠴᠠᠭ᠋ᠠᠯᠲᠠ ᠬᠢᠵᠦ᠂ 2018 ᠣᠨ᠎ᠳᠤ ᠵᠢᠭᠤᠯᠴᠢᠯᠠᠯ᠎ᠤᠨ ᠭᠠᠵᠠᠷ᠎ᠤᠨ ᠵᠣᠷᠯᠣᠩ ᠪᠠᠶ᠋ᠢᠭᠤᠯᠬᠤ᠎ᠳᠤ ᠰᠢᠯᠭ᠋ᠠᠨ ᠠᠪᠬᠤ ᠪᠠ ᠵᠡᠷᠭᠡ ᠳᠡᠰ᠎ᠤᠨ ᠦᠨᠡᠯᠡᠯᠲᠡ ᠲᠤᠭᠲᠠᠭ᠋ᠠᠯᠲᠠ ᠬᠢᠪᠠ᠃ 2019 ᠣᠨ᠎ᠤ ᠪᠥᠬᠥ ᠣᠷᠣᠨ᠎ᠤ ᠵᠢᠭᠤᠯᠴᠢᠯᠠᠯ᠎ᠤᠨ ᠭᠠᠵᠠᠷ᠎ᠤᠨ ᠵᠣᠷᠯᠣᠩ᠎ᠤᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠪᠠ᠃ ᠬᠣᠶᠠᠷ᠎ᠲᠤ ᠤᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠡᠯᠪᠡᠭ ᠪᠠᠶᠠᠯᠢᠭ ᠪᠤᠯᠪᠠ᠃ ᠪᠥᠬᠥ ᠣᠷᠣᠨ᠎ᠤ ᠣᠯᠠᠨ ᠲᠦᠮᠡᠨ᠎ᠤ ᠣᠳᠣᠨ ᠱᠠᠩᠨᠠᠯ᠎ᠤᠨ ᠰᠢᠯᠢᠳᠡᠭ ᠫᠷᠤᠭ᠌ᠷᠠᠮ᠎ᠤᠨ ᠲᠣᠭᠣᠷᠢᠨ ᠲᠣᠭᠯᠠᠬᠤ ᠠᠵᠢᠯᠯᠠᠭ᠎ᠠ᠂ ᠬᠣᠶᠠᠳᠤᠭ᠋ᠠᠷ ᠬᠤᠭᠤᠴᠠᠭ᠋ᠠᠨ᠎ᠤ ᠮᠠᠯᠴᠢᠨ ᠲᠠᠷᠢᠶᠠᠴᠢᠨ᠎ᠤ ᠤᠷᠠᠨ ᠰᠠᠶ᠋ᠢᠬᠠᠨ᠎ᠤ ᠬᠠᠮᠲᠤᠷᠠᠭᠰᠠᠨ ᠲᠣᠭᠯᠠᠯᠲᠠ᠂ ᠲᠠᠪᠤᠲᠤᠭ᠋ᠠᠷ ᠬᠤᠭᠤᠴᠠᠭ᠋ᠠᠨ᠎ᠤ 《ᠪᠠᠬᠠᠷᠠᠯᠲᠤ ᠤᠷᠠᠳ》 ᠪᠠᠷᠠᠭᠤᠨ ᠣᠷᠣᠨ᠎ᠤ ᠠᠷᠠᠳ᠎ᠤᠨ ᠳᠠᠭᠤᠤ ᠵᠢᠨ ᠴᠤᠭᠯᠠᠭ᠋ᠠᠨ᠂ 《  ᠨᠠᠬᠢᠯᠵᠠᠭ᠋ᠠᠨ ᠤᠶᠠᠩᠭ᠋ᠠᠲᠤ ᠤᠮᠠᠷᠠᠲᠤ ᠬᠢᠯᠢ》 ᠪᠥᠬᠥ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠠᠭᠤᠳᠠᠮ ᠲᠠᠯᠠᠪᠠᠶ ᠵᠢᠨ ᠪᠥᠵᠢᠭ᠎ᠤᠨ ᠤᠷᠤᠯᠳᠤᠭ᠋ᠠᠨ᠂ 《ᠪᠢ ᠡᠬᠡ ᠤᠯᠤᠰ᠎ᠲᠠᠢ᠎ᠪᠠᠨ》 ᠪᠥᠬᠥ ᠣᠷᠣᠨ᠎ᠤ ᠭᠤᠷᠪᠠᠳᠤᠭ᠋ᠠᠷ ᠬᠤᠭᠤᠴᠠᠭ᠋ᠠᠨ᠎ᠤ ᠨᠠᠶ᠋ᠢᠷᠠᠯ ᠳᠠᠭᠤᠤ ᠵᠢᠨ ᠤᠷᠠᠯᠢᠭ᠎ᠤᠨ ᠨᠠᠶ᠋ᠢᠷ ᠵᠡᠷᠭᠡ ᠠᠯᠢ ᠣᠯᠠᠨ ᠵᠢᠱ᠌ᠢᠶᠡᠴᠢ ᠴᠢᠨᠠᠷᠲᠠᠶ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠡᠷᠬᠢᠯᠡᠪᠡ᠃   ᠮᠠᠩᠬᠠᠨ ᠠᠶᠠᠯᠭᠤᠲᠤ ᠡᠯᠭᠦᠭᠡ ᠳᠠᠭᠤᠤ 《ᠰᠠᠢ᠍ᠢ᠍ᠨ ᠰᠠᠶ᠋ᠢᠬᠠᠨ ᠭᠡᠷ ᠣᠷᠣᠨ᠎ᠤ ᠬᠠᠶ᠋ᠢᠷ᠎ᠠ ᠰᠡᠳᠬᠢᠯᠭᠡ ᠵᠤᠵᠠᠭ᠋ᠠᠨ》᠂   ᠬᠤᠯᠪᠤᠭ᠎ᠠ 《ᠨᠠᠶ᠋ᠢᠷ ᠨᠠᠭ᠋ᠠᠳᠤᠮ》᠎ᠨᠢ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠤᠯᠠᠨ ᠲᠦᠮᠡᠨ᠎ᠤ ᠤᠳᠤᠨ ᠱᠠᠩᠨᠠᠯ᠎ᠤᠨ ᠲᠤᠬᠠᠢ ᠵᠢᠨ ᠲᠠᠯᠠᠪᠠᠢ ᠵᠢᠨ ᠰᠢᠢ᠍ᠳᠪᠦᠷᠢᠲᠦ ᠤᠷᠤᠯᠳᠤᠭ᠋ᠠᠨ᠎ᠳᠤ ᠣᠷᠣᠵᠤ᠂ ᠪᠠᠢ᠌ᠷᠢ ᠡᠵᠡᠯᠡᠭᠰᠡᠨ ᠱᠠᠩᠨᠠᠯ ᠣᠯᠵᠠᠢ᠃ 《ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 70 ᠵᠢᠯ᠎ᠤᠨ ᠣᠶ ᠵᠢ ᠪᠡᠯᠭᠡᠯᠡᠬᠦ》 ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠂ 《ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠤᠨ ᠰᠢᠷᠢᠰ ᠦᠵᠡᠰᠬᠦᠯᠡᠩ᠂ ᠥᠪᠥᠷ ᠮᠣᠩᠭᠣᠯ᠎ᠤᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠬᠥᠭᠵᠢᠯᠲᠡ ᠵᠢᠨ ᠣᠨᠣᠯᠵᠢᠬᠤᠨ᠎ᠢ   ᠦᠢ᠍ᠯᠡᠳᠦᠯᠭᠡᠵᠢᠭᠦᠯᠬᠦ ᠭᠣᠤᠯ ᠰᠡᠳᠦᠪᠲᠦ ᠵᠢᠷᠤᠭ᠎ᠤᠨ ᠦᠵᠡᠰᠬᠦᠯᠡᠩ᠂ 《ᠰᠤᠭᠲᠤᠭᠤᠷᠠᠮ᠎ᠠ   ᠰᠠᠢ᠌ᠬᠠᠨ ᠲᠠᠯ᠎ᠠ ᠨᠤᠲᠤᠭ᠂ ᠦᠵᠡᠰᠬᠦᠯᠡᠩᠲᠦ ᠭᠤᠸ᠎ᠠ ᠤᠮᠠᠷᠠᠲᠤ ᠬᠢᠯᠢ》 ᠪᠥᠬᠥ ᠣᠷᠣᠨ᠎ᠤ ᠤᠷᠠᠨ ᠪᠢᠴᠢᠯᠭᠡ᠂ ᠭᠣᠷ ᠰᠡᠶ᠋ᠢᠯᠦᠮᠡᠯ᠎ᠤᠨ ᠪᠦᠲᠦᠭᠡᠯ᠎ᠤᠨ ᠦᠵᠡᠰᠬᠦᠯᠡᠩ᠎ᠢ ᠡᠷᠭᠢᠯᠡᠪᠡ᠃ ᠭᠤᠷᠪᠠ᠎ᠳᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠮᠵᠢᠯᠲᠠ ᠪᠦᠲᠦᠮᠵᠢ ᠲᠠᠰᠤᠷᠠᠯᠲᠠ ᠥᠬᠡᠶ ᠳᠡᠭᠡᠭᠰᠢᠯᠡᠪᠡ᠃ ᠤᠯᠠᠨ ᠨᠡᠶ᠋ᠢᠲᠡ ᠵᠢᠨ ᠰᠣᠶᠣᠯ᠎ᠤᠨ ᠬᠠᠮᠢᠶᠠᠷᠤᠯᠲᠠ᠂ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ᠂   ᠰᠤᠶᠤᠯ᠎ᠤᠨ ᠦᠷᠳᠡᠭᠡ ᠵᠢᠨ ᠳᠠᠷᠤᠭ᠎ᠠ ᠵᠢᠨ ᠪᠣᠯᠪᠠᠰᠤᠷᠠᠯ ᠵᠡᠷᠭᠡ ᠰᠢᠷᠢᠰ ᠪᠣᠯᠪᠠᠰᠤᠷᠠᠯ᠎ᠤᠨ ᠠᠩᠬᠢ ᠵᠢ ᠵᠣᠬᠢᠶᠠᠨ ᠪᠠᠢ᠌ᠭᠤᠯᠵᠤ᠂ ᠤᠯᠠᠨ ᠨᠡᠶ᠋ᠢᠲᠡ ᠵᠢᠨ ᠰᠣᠶᠣᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠪᠡ᠃ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠬᠤᠳᠠᠯᠳᠤᠨ ᠠᠪᠬᠤ ᠵᠢ ᠢᠳᠡᠪᠬᠢᠲᠡᠶ ᠠᠬᠢᠭᠤᠯᠵᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠨᠡᠶ᠋ᠢᠲᠡ ᠵᠢᠨ ᠠᠰᠠᠷᠠᠮᠵᠢ ᠵᠢᠨ ᠰᠣᠶᠣᠯ᠎ᠤᠨ ᠠᠵᠢᠯ᠎ᠤᠨ ᠪᠠᠢ᠌ᠷᠢ ᠬᠤᠳᠠᠯᠳᠤᠨ ᠠᠪᠬᠤ ᠦᠢ᠍ᠯᠡᠴᠢᠯᠡᠭᠡᠨ᠎ᠤ ᠥᠭᠡᠷᠡᠴᠢᠯᠡᠯᠲᠡ ᠵᠢᠨ ᠲᠤᠷᠰᠢᠯᠲᠠ ᠵᠢ ᠦᠷᠭᠦᠯᠵᠢᠯᠡᠨ ᠦᠷᠨᠢᠭᠦᠯᠪᠡ᠃ ᠤᠯᠠᠨ ᠨᠡᠶ᠋ᠢᠲᠡ ᠵᠢᠨ ᠰᠣᠶᠣᠯ᠎ᠤᠨ ᠪᠠᠶ᠋ᠢᠭᠤᠯᠤᠮᠵᠢ ᠵᠢᠨ ᠬᠠᠤᠯᠢ ᠵᠢᠨ ᠬᠥᠮᠦᠨ᠎ᠤ ᠪᠦᠲᠦᠴᠡ ᠵᠢᠨ ᠦᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠦᠨ  ᠂ ᠪᠦᠬᠦ ᠣᠷᠣᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠳᠤ ᠰᠦᠢ᠍ᠳᠬᠡᠯ ᠬᠤᠷᠢᠶᠠᠬᠤ ᠦᠭᠡᠶ᠎ᠪᠠᠷ ᠪᠡᠯᠡ ᠮᠥᠩᠭᠥ ᠵᠢ ᠴᠢᠯᠥᠭᠡᠲᠡᠶ ᠨᠡᠭᠡᠭᠡᠭᠰᠡᠨ᠂ 《ᠰᠢ ᠵᠦᠴᠦᠭᠡ ᠵᠢ ᠬᠥᠳᠡᠭᠡ ᠲᠣᠰᠬᠣᠨ᠎ᠳᠤ ᠣᠷᠣᠭᠤᠯᠬᠤ》 ᠪᠡᠯᠡ ᠮᠥᠩᠭᠥ ᠵᠢ ᠬᠡᠷᠡᠭᠯᠡᠭᠰᠡᠨ ᠪᠠᠶ᠋ᠢᠳᠠᠯ᠎ᠳᠤ ᠠᠮᠵᠢᠯᠲᠠ ᠪᠦᠲᠦᠮᠵᠢ ᠵᠢᠨ ᠦᠨᠡᠯᠡᠯᠲᠡ ᠵᠢ ᠥᠷᠨᠢᠭᠦᠯᠪᠡ᠃ ᠲᠦᠷᠪᠡ᠎ᠳᠤ ᠰᠣᠶᠣᠯ᠎ᠤᠨ ᠰᠠᠢ᠍ᠢ᠍ᠨ ᠳᠤᠷ᠎ᠠ ᠵᠢᠨ   ᠦᠢ᠍ᠯᠡᠴᠢᠯᠡᠭᠡ ᠵᠢ ᠶᠡᠬᠡ᠎ᠪᠠᠷ ᠲᠦᠯᠬᠢᠨ ᠠᠬᠢᠭᠤᠯᠪᠠ᠃ 《ᠨᠡᠷᠡᠨ ᠬᠡᠷᠡᠯ ᠢᠨᠵᠧᠨᠧᠷᠢᠩ》᠂ 《ᠬᠦᠰᠡᠯ ᠵᠡᠭᠦᠳᠦ᠎ᠪᠠᠨ ᠲᠡᠷᠭᠡᠯᠰᠢᠭᠦᠯᠬᠦ ᠢᠨᠵᠧᠨᠧᠷᠢᠩ》᠂ 《ᠬᠠᠪᠤᠷ᠎ᠤᠨ ᠬᠣᠷ᠎ᠠ ᠢᠨᠵᠧᠨᠧᠷᠢᠩ》᠎ᠤᠨ 2019 ᠣᠨ᠎ᠤ ᠰᠣᠶᠣᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠪᠠᠢ᠌ᠷᠢᠯᠠᠭᠤᠯᠤᠨ ᠥᠷᠨᠢᠭᠦᠯᠪᠡ᠃ ᠭᠤᠸᠠᠩᠳᠦ᠋ᠩ ᠮᠤᠵᠢ᠂ ᠵᠧᠵᠢᠶᠠᠩ ᠮᠤᠵᠢ ᠵᠢᠨ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷᠠᠴᠤᠳ ᠤᠷᠢᠳ ᠬᠣᠵᠢᠳ ᠥᠪᠥᠷ ᠮᠣᠩᠭᠣᠯ᠎ᠳᠤ ᠢᠷᠡᠵᠦ᠂ ᠤᠯᠠᠭ᠋ᠠᠨᠬᠣᠲᠠ᠂ ᠷᠠᠰᠢᠶᠠᠨ ᠬᠣᠲᠠ᠂ ᠬᠠᠶ᠋ᠢᠯᠠᠷ ᠲᠣᠭᠣᠷᠢᠭ᠂ ᠡᠸᠡᠩᠬᠢ ᠬᠣᠰᠢᠭᠤ᠂ ᠡᠷᠭᠦᠨ᠎ᠡ ᠬᠣᠲᠠ᠎ᠳᠤ ᠲᠣᠬᠣᠨᠢᠭᠤᠯᠬᠤ ᠲᠣᠭᠯᠠᠯᠲᠠ ᠭᠠᠷᠭ᠋ᠠᠪᠠ᠃ ᠬᠥᠯᠥᠨ ᠪᠣᠶ᠋ᠢᠷ ᠬᠣᠲᠠ ᠵᠢᠨ ᠰᠣᠶᠣᠯ᠎ᠤᠨ ᠰᠠᠶ᠋ᠢᠨ ᠳᠤᠷ᠎ᠠ ᠵᠢᠨ ᠠᠵᠢᠯᠯᠠᠭᠴᠢ ᠵᠢ ᠵᠣᠬᠢᠶᠠᠨ ᠪᠠᠶ᠋ᠢᠭᠤᠯᠤᠨ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠳᠤ ᠤᠴᠢᠵᠤ ᠰᠠᠶ᠋ᠢᠨ ᠳᠤᠷ᠎ᠠ ᠵᠢᠨ   ᠦᠢ᠍ᠯᠡᠴᠢᠯᠡᠭᠡ ᠦᠷᠨᠢᠭᠦᠯᠪᠡ  ᠃
     (ᠭᠤᠷᠪᠠ) ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠪᠠ᠃ ᠨᠢᠭᠡ᠎ᠳᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠪᠡ᠃ 《ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠥᠭᠡᠷᠡᠴᠢᠯᠡᠯᠲᠡ ᠵᠢᠨ ᠲᠤᠬᠠᠶ ᠰᠠᠨᠠᠯ᠎ᠤᠳ》᠂ 《ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠢᠨᠵᠧᠨᠧᠷᠢᠩ (2018 — 2022 ᠤᠨ)᠎ᠢ ᠬᠡᠷᠡᠭᠵᠢᠭᠦᠯᠬᠦ ᠲᠤᠬᠠᠶ ᠰᠠᠨᠠᠯ》᠎ᠢ ᠲᠤᠭᠤᠰᠢᠯᠠᠭᠤᠯᠤᠨ   ᠨᠠᠢ᠌ᠳᠠᠪᠤᠷᠢᠵᠢᠭᠤᠯᠪᠠ  ᠃ ᠬᠠᠮᠪᠤ ᠵᠢᠨ ᠪᠠᠭᠤᠷᠢ᠂ ᠮᠠ ᠽᠦᠩ ᠱᠠᠨ ᠠᠭᠤᠯᠠ ᠵᠢᠨ ᠣᠩᠭᠣᠨ᠎ᠤ ᠰᠦᠷᠦᠭ᠂ ᠬᠥᠨᠳᠡᠯᠡᠨ ᠵᠣᠤ᠂ ᠴᠠᠭ᠋ᠠᠨ ᠰᠤᠪᠤᠷᠭ᠎ᠠ ᠵᠢᠨ ᠭᠠᠯᠲᠤ ᠲᠡᠷᠭᠡᠨ ᠥᠷᠲᠡᠭᠡ ᠵᠢᠨ ᠬᠠᠭᠤᠴᠢᠨ ᠪᠠᠭᠤᠷᠢ ᠵᠡᠷᠭᠡ 8 ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠢ ᠨᠠᠢ᠍ᠮᠠᠳᠤᠭ᠋ᠠᠷ ᠪᠦᠯᠦᠭ ᠤᠯᠤᠰ᠎ᠤᠨ ᠭᠣᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ᠎ᠪᠠᠷ ᠰᠣᠩᠭᠣᠪᠠ᠃ ᠯᠢᠶᠣᠤ ᠤᠯᠤᠰ᠎ᠤᠨ ᠲᠡᠭᠡᠲᠦ ᠨᠡᠶ᠋ᠢᠰᠯᠡᠯ ᠪᠣᠯᠤᠨ ᠳᠡᠭᠡᠳᠦᠰ᠎ᠤᠨ ᠣᠩᠭᠣᠨ᠎ᠤ ᠪᠠᠭᠤᠷᠢ᠂ ᠬᠤᠩᠱ᠌ᠠᠨ᠎ᠤ ᠪᠠᠭᠤᠷᠢ ᠵᠢᠨ ᠰᠦᠷᠦᠭ᠂ ᠮᠤᠨᠢ ᠠᠭᠤᠯᠠ ᠵᠢᠨ ᠬᠠᠲᠠᠨ ᠰᠡᠶ᠋ᠢᠯᠦᠮᠡᠯ᠎ᠤᠨ ᠭᠣᠤᠯᠳᠠᠯᠭ᠎ᠠ᠎ᠲᠠᠢ ᠰᠣᠶᠣᠯ᠎ᠤᠨ ᠪᠠᠭᠤᠷᠢ ᠵᠢ ᠳᠡᠯᠡᠬᠡᠶ ᠵᠢᠨ ᠰᠣᠶᠣᠯ᠎ᠤᠨ ᠥᠪ ᠵᠶ᠋ᠠᠷ ᠮᠡᠳᠡᠭᠦᠯᠬᠦ ᠵᠢ ᠢᠳᠡᠪᠬᠢᠲᠡᠶ᠎ᠪᠠᠷ ᠲᠦᠯᠬᠢᠨ ᠠᠬᠢᠭᠤᠯᠪᠠ᠃ ᠤᠷᠲᠤ ᠴᠠᠭ᠋ᠠᠨ ᠬᠡᠷᠡᠮ᠎ᠤᠨ ᠭᠣᠤᠯᠳᠠᠯᠭ᠎ᠠ᠎ᠲᠠᠢ ᠲᠦᠭᠰᠢᠭᠦᠷᠢᠲᠦ ᠪᠠᠢ᠌ᠳᠠᠯ᠎ᠳᠤ ᠠᠶᠤᠯ᠎ᠠᠴᠠ ᠠᠪᠤᠷᠠᠨ ᠬᠠᠮᠠᠭ᠋ᠠᠯᠠᠬᠤ ᠠᠵᠢᠯ ᠎ᠢ ᠵᠣᠬᠢᠶᠠᠨ ᠪᠠᠢ᠌ᠭᠤᠯᠪᠠ᠃ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠵᠢ ᠤᠷᠢᠵᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠᠷᠢᠯᠭ᠎ᠠ ᠵᠢᠨ   ᠵᠦᠢ᠍ᠯᠡᠰ᠎ᠤᠨ ᠲᠥᠰᠦᠯ   ᠲᠥᠰᠦᠪ᠎ᠲᠤ ᠬᠢᠨᠠᠨ ᠲᠣᠭᠲᠠᠭ᠋ᠠᠯᠲᠠ ᠬᠢᠪᠡ᠃ ᠲᠣᠭᠣᠷᠢᠮ᠎ᠤᠨ ᠭᠠᠵᠠᠷ ᠣᠷᠣᠨ᠎ᠤ ᠬᠤᠪᠢᠰᠬᠠᠯ᠎ᠤᠨ ᠰᠣᠶᠣᠯ᠎ᠤᠨ ᠦᠵᠡᠰᠬᠦᠯᠡᠩ ᠎ᠤᠨ ᠬᠥᠲᠥᠯᠪᠦᠷᠢ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠪᠡ᠃ ᠯᠢᠶᠤᠤ ᠤᠯᠤᠰ᠎ᠤᠨ ᠲᠡᠭᠡᠲᠦ ᠨᠡᠶ᠋ᠢᠰᠯᠡᠯ᠎ᠤᠨ ᠪᠠᠭᠤᠷᠢ ᠵᠢᠨ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ᠎ᠢ ᠦᠷᠭᠦᠯᠵᠢᠯᠡᠨ ᠲ᠋ᠦᠯᠬᠢᠨ ᠠᠬᠢᠭᠤᠯᠵᠤ᠂ ᠲᠣᠮᠣ ᠬᠡᠯᠪᠡᠷᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠠᠮᠵᠢᠯᠴᠠᠨ ᠬᠠᠭᠤᠴᠢ ᠰᠤᠳᠤᠯᠤᠯ᠎ᠤᠨ 60 ᠭᠠᠷᠤᠢ ᠲᠥᠷᠥᠯ ᠵᠦᠢ᠍ᠯ᠎ᠢ ᠦᠷᠨᠢᠭᠦᠯᠪᠡ᠃ ᠬᠣᠶᠠᠷ᠎ᠲᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠱᠠᠯᠠᠪᠳᠠᠭᠤᠯᠤᠨ ᠪᠠᠶ᠋ᠢᠴᠠᠭ᠋ᠠᠯᠲᠠ ᠵᠢ ᠦᠷᠨᠢᠭᠦᠯᠪᠡ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠬᠢᠭᠡᠳ ᠠᠮᠤᠷ ᠲᠦᠪᠰᠢᠨ᠎ᠤ ᠠᠵᠢᠯ᠎ᠤᠨ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠶ᠋ᠢᠭᠤᠯᠪᠠ᠃ ᠪᠥᠬᠥ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠲᠡᠤᠬᠡ ᠵᠢᠨ ᠳᠤᠷᠠᠰᠬᠠᠯᠲᠤ   ᠵᠦᠢ᠍ᠯᠡᠰ᠎ᠤᠨ ᠠᠮᠤᠷ ᠲᠦᠪᠰᠢᠨ᠎ᠤ ᠮᠡᠳᠡᠭᠡ ᠵᠠᠩᠭᠢᠵᠢᠯᠲᠠ ᠵᠢᠨ ᠬᠢᠨᠠᠯᠲᠠ ᠬᠠᠮᠢᠶᠠᠷᠣᠯᠲᠠ ᠵᠢᠨ ᠲᠠᠪᠴᠠᠩ᠎ᠤᠨ ᠪᠠᠶ᠋ᠢᠭᠤᠯᠤᠯᠲᠠ ᠵᠢ ᠠᠬᠢᠭᠤᠯᠵᠤ᠂ ᠪᠥᠬᠥ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ᠂ ᠳᠠᠩᠰᠠᠯᠠᠭᠤᠯᠤᠭᠰᠠᠨ ᠮᠦᠽᠧᠶ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠠᠵᠢᠯ᠎ᠢ ᠰᠢᠮᠳᠠᠭᠤᠯᠤᠨ ᠪᠠᠶ᠋ᠢᠴᠠᠭ᠋ᠠᠵᠤ᠂ ᠡᠯ᠎ᠡ ᠲᠥᠷᠥᠯ᠎ᠤᠨ ᠠᠮᠤᠷ ᠲᠦᠪᠰᠢᠨ᠎ᠤ ᠬᠡᠮ ᠰᠣᠭᠣᠭ᠎ᠢ 577 ᠢᠯᠡᠷᠡᠭᠦᠯᠵᠦ᠂ 454 ᠭᠠᠵᠠᠷ᠎ᠢ ᠰᠢᠮᠳᠠᠭᠤᠯᠤᠨ ᠴᠡᠭᠴᠡᠯᠡᠨ ᠰᠠᠶ᠋ᠢᠵᠢᠷᠠᠭᠤᠯᠪᠠ᠃ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠵᠢ ᠬᠠᠮᠲᠤᠷᠠᠨ ᠥᠷᠨᠢᠭᠦᠯᠵᠦ᠂ 5 ᠬᠡᠷᠡᠭ᠎ᠢ ᠳᠠᠩᠰᠠᠯᠠᠵᠤ᠂ 5 ᠬᠡᠷᠡᠭ᠎ᠢ ᠢᠯᠡᠷᠡᠭᠦᠯᠦᠨ᠂ 23 ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ 116 ᠲᠡᠤᠬᠡ ᠵᠢᠨ ᠳᠤᠷᠠᠰᠬᠠᠯᠲᠤ ᠵᠦᠢ᠍ᠯ᠎ᠢ ᠨᠡᠬᠡᠮᠵᠢᠯᠡᠨ ᠬᠤᠷᠢᠶᠠᠪᠠ  ᠃ ᠭᠤᠷᠪᠠ᠎ᠳᠤ᠂ ᠮᠦᠽᠧᠶ ᠵᠢᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠪᠠ᠃ ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠮᠦᠽᠧᠶ᠂ ᠬᠢᠳᠠᠨ ᠯᠢᠶᠣᠤ ᠤᠯᠤᠰ᠎ᠤᠨ ᠮᠦᠽᠧᠶ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠮᠦᠽᠧᠶ ᠵᠡᠷᠭᠡ ᠣᠨᠴᠠᠯᠢᠭᠲᠤ ᠮᠦᠽᠧᠶ ᠵᠢᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠪᠦᠬᠦ ᠣᠷᠣᠨ᠎ᠤ 3D ᠲᠣᠭ᠋ᠠᠴᠢᠯᠠᠭᠰᠠᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠡᠭᠦᠯᠡᠨ ᠲᠠᠪᠴᠠᠩ᠎ᠢ ᠠᠩᠬ᠎ᠠ ᠠᠯᠬᠤᠮ ᠪᠠᠶ᠋ᠢᠭᠤᠯᠪᠠ᠃  《ᠲᠠᠭᠤᠤ ᠤᠶᠠᠩᠭ᠎ᠠ ᠮᠡᠲᠦ ᠤᠨ ᠰᠠᠷ᠎ᠠ  ᠂ ᠲᠤᠷᠠᠳᠬᠠᠯ ᠬᠦᠪᠦᠷᠡᠭᠦᠯᠬᠦ ᠬᠤᠷᠢᠨ ᠵᠢᠯ— ᠥᠪᠥᠷ ᠮᠣᠩᠭᠣᠯ᠎ᠤᠨ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠯᠲᠠ ᠵᠢᠨ ᠬᠤᠷᠢᠨ ᠵᠢᠯ᠎ᠤᠨ ᠲᠤᠰᠬᠠᠢ ᠦᠵᠡᠰᠭᠦᠯᠡᠩ》᠂ 《  ᠪᠦᠰᠡᠨ ᠲᠤᠲᠤᠷᠠᠬᠢ ᠤᠷᠴᠢᠯᠠᠩ ᠶᠢᠷᠲᠢᠨᠴᠦ —   ᠲᠤᠮᠲᠠᠲᠤ ᠤᠯᠤᠰ ᠎ᠤᠨ ᠡᠷᠲᠡᠨ ᠎ᠤ ᠤᠮᠠᠷᠠᠲᠤ ᠵᠢᠨ ᠨᠡᠭᠦᠲᠡᠯᠴᠢᠨ ᠦᠨᠲᠦᠰᠦᠲᠡᠨ ᠎ᠤ ᠵᠠᠰᠠᠯ ᠴᠢᠮᠡᠭᠯᠡᠯ ᠎ᠤᠨ ᠦᠵᠡᠰᠭᠦᠯᠡᠩ》 《ᠳᠠᠯᠠᠨ ᠬᠠᠷ᠎ᠠ ᠠᠭᠤᠯᠠ ᠵᠢᠨ ᠶᠠᠫᠣᠨ᠎ᠢ ᠡᠰᠡᠷᠭᠦᠴᠡᠬᠦ ᠰᠠᠭᠤᠷᠢᠨ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠵᠡᠭᠦᠯᠦᠯᠭᠡ》 ᠵᠡᠷᠭᠡ ᠠᠯᠢ ᠤᠯᠠᠨ ᠰᠣᠳᠣᠨ ᠦᠵᠡᠰᠬᠦᠯᠡᠩ᠎ᠢ ᠲᠥᠰᠦᠪᠯᠡᠨ ᠭᠠᠷᠭ᠋ᠠᠵᠠᠢ᠃ 《ᠨᠠᠢ᠍ᠮᠠᠨ ᠮᠤᠵᠢ ᠣᠷᠣᠨ᠎ᠤ 〈ᠲᠦᠮᠡᠨ ᠭᠠᠵᠠᠷ᠎ᠤᠨ ᠴᠠᠢ ᠵᠢᠨ ᠵᠠᠮ〉᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠲᠤᠷᠠᠭᠰᠠᠨ ᠦᠵᠡᠭᠦᠯᠦᠯᠭᠡ》 ᠵᠢ ᠣᠷᠣᠭᠤᠯᠤᠨ ᠠᠪᠴᠢᠷᠠᠵᠤ᠂ ᠮᠣᠩᠭᠣᠯ ᠤᠯᠤᠰ᠎ᠲᠤ ᠬᠦᠷᠴᠦ 《ᠶᠡᠬᠡ ᠯᠢᠶᠤᠤ᠎ᠤᠨ ᠬᠢᠳᠠᠨ — ᠥᠪᠥᠷ ᠮᠣᠩᠭᠣᠯ᠎ᠤᠨ ᠯᠢᠶᠣᠤ ᠤᠯᠤᠰ᠎ᠤᠨ ᠦᠶ᠎ᠡ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠭᠦᠯᠦᠯᠭᠡ》 ᠵᠢ ᠡᠷᠬᠢᠯᠡᠪᠡ᠃ ᠥᠪᠥᠷ ᠮᠣᠩᠭᠣᠯ᠎ᠤᠨ ᠮᠦᠽᠧᠶ᠎ᠤᠨ ᠦᠵᠡᠭᠦᠯᠦᠯᠭᠡ  ᠎ᠨᠢ 《ᠲᠡᠭᠷᠢᠯᠢᠭ ᠮᠣᠩᠭᠣᠯ》 2018 ᠣᠨ᠎ᠤ ᠪᠥᠬᠥ ᠤᠯᠤᠰ᠎ᠤᠨ ᠮᠦᠽᠧᠶ ᠵᠢᠨ ᠠᠷᠪᠠᠨ ᠶᠡᠬᠡ ᠦᠵᠡᠭᠦᠯᠦᠯᠭᠡ ᠵᠢᠨ ᠰᠣᠳᠣᠨ ᠱᠠᠩᠨᠠᠯ᠎ᠢ ᠭᠥᠷᠳᠡᠪᠡ᠃ 《ᠠᠶᠠᠯᠠᠨ ᠪᠠᠢ᠌ᠭ᠎ᠠ   ᠮᠦᠽᠸᠢ》᠂ 《ᠪᠠᠶᠠᠷ ᠪᠠᠶᠠᠰᠬᠤᠯᠠᠩᠲᠤ ᠬᠢᠴᠢᠶᠡᠯ᠎ᠤᠨ ᠲᠠᠩᠬᠢᠮ》 ᠵᠡᠷᠭᠡ ᠠᠭᠤᠯᠭ᠎ᠠ ᠪᠠᠶᠠᠯᠢᠭ᠂ ᠤᠯᠠᠨ ᠶᠠᠩᠵᠤ ᠵᠢᠨ ᠨᠡᠶ᠋ᠢᠭᠡᠮ᠎ᠤᠨ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠡᠷᠬᠢᠯᠡᠪᠡ᠃
     (ᠳᠥᠷᠪᠡ) ᠪᠣᠳᠠᠰ᠎ᠤᠨ ᠪᠤᠰᠤ ᠰᠤᠶᠤᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ   ᠲᠠᠯ᠎ᠠ᠎ᠪᠠᠷ᠃ ᠨᠢᠭᠡ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠤᠨ   ᠵᠦᠢ᠍ᠯᠡᠰ᠎ᠤᠨ ᠬᠠᠮᠠᠭ᠋ᠠᠯᠠᠯᠲᠠ ᠵᠢ ᠦᠷᠭᠦᠯᠵᠢᠯᠡᠨ ᠠᠬᠢᠭᠤᠯᠪᠠ᠃ 《ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠦᠷᠢᠮ》᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠦᠨᠳᠦᠰᠦᠨ ᠱᠠᠲᠤᠨ᠎ᠳᠤ ᠭᠦᠨᠵᠡᠭᠡᠶ᠋ᠢᠷᠡᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠪᠠᠢ᠌ᠳᠠᠯ᠎ᠤᠨ ᠪᠠᠶ᠋ᠢᠴᠠᠭ᠋ᠠᠨ ᠰᠤᠳᠤᠯᠤᠯᠲᠠ ᠵᠢ ᠥᠷᠨᠢᠭᠦᠯᠪᠡ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠳᠤ ᠪᠣᠳᠠᠰ᠎ᠤᠨ ᠪᠤᠰᠤ ᠥᠪ ᠬᠥᠷᠥᠩᠭᠡ ᠵᠢᠨ ᠡᠬᠢ ᠪᠠᠶᠠᠯᠢᠭ᠎ᠢ ᠨᠦᠬᠦᠪᠦᠷᠢᠯᠡᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂   ᠵᠢᠩᠭ᠋ᠠᠷ ᠵᠡᠷᠭᠡ ᠲᠥᠷᠥᠯ ᠵᠦᠢ᠍ᠯ᠎ᠢ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠤᠶᠤᠯ᠎ᠤᠨ ᠦᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ ᠵᠶ᠋ᠠᠷ ᠢᠳᠡᠪᠬᠢᠲᠠᠢ᠎ᠪᠠᠷ ᠮᠡᠳᠡᠭᠦᠯᠪᠡ  ᠃ ᠤᠯᠤᠰ᠎ᠤᠨ ᠲᠠᠰ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠤᠨ4 ᠵᠠᠯᠭ᠋ᠠᠮᠵᠢᠯᠠᠭᠴᠢ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ 25 ᠲᠥᠷᠥᠯ ᠵᠦᠢ᠍ᠯ᠎ᠳᠤ ᠠᠪᠤᠷᠠᠯᠳᠠ ᠵᠢᠨ ᠴᠢᠨᠠᠷᠲᠠᠶ ᠲᠡᠮᠳᠡᠭᠯᠡᠯ ᠬᠢᠪᠠ᠃ 《ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠲᠥᠯᠥᠪᠵᠢᠭᠦᠯᠭᠡ》 ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠲᠤᠭᠤᠷᠪᠢᠵᠤ᠂ ᠣᠷᠳᠣᠰ ᠬᠣᠲᠠ ᠵᠢ ᠤᠯᠤᠰ᠎ᠤᠨ ᠲᠠᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ ᠵᠶ᠋ᠠᠷ ᠮᠡᠳᠡᠭᠦᠯᠬᠦ ᠵᠢ ᠢᠲᠡᠪᠬᠢᠲᠠᠢ᠎ᠪᠠᠷ ᠲᠠᠨᠢᠯᠴᠠᠭᠤᠯᠪᠠ᠃ ᠬᠣᠶᠠᠷ᠎ᠲᠤ ᠤᠯᠠᠮᠵᠢᠯᠠᠨ ᠵᠠᠯᠭ᠋ᠠᠮᠵᠢᠯᠠᠬᠤ ᠠᠮᠢᠵᠢᠷᠠᠯ᠎ᠤᠨ ᠬᠦᠴᠦᠨ ᠲᠠᠰᠤᠷᠠᠯᠲᠠ ᠦᠭᠡᠢ ᠴᠢᠩᠭ᠋ᠠᠷᠠᠪᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠵᠢᠨ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠵᠢᠨ ᠡᠭᠦᠷᠭᠡ ᠬᠠᠷᠢᠭᠤᠴᠠᠯᠭ᠎ᠠ᠎ᠪᠠᠨ   ᠭᠦᠢ᠍ᠴᠡᠳᠬᠡᠭᠰᠡᠨ ᠪᠠᠶ᠋ᠢᠳᠠᠯ᠎ᠳᠤ ᠲᠤᠰᠬᠠᠶ ᠲᠦᠷᠦᠯ ᠎ᠤᠨ ᠪᠠᠶ᠋ᠢᠴᠠᠭ᠋ᠠᠯᠲᠠ ᠬᠢᠪᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠰᠠᠢ᠍ᠢ᠍ᠨ ᠳᠤᠷ᠎ᠠ ᠵᠢᠨ ᠠᠵᠢᠯᠯᠠᠭᠴᠢ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠤᠬᠠᠶ᠋ᠢᠯᠠᠭᠰᠠᠨ ᠠᠵᠢᠯ᠎ᠤᠨ ᠠᠵᠢᠯᠳᠠᠨ᠂ ᠦᠨᠳᠦᠰᠦᠨ ᠱᠠᠲᠤᠨ᠎ᠤ ᠪᠣᠳᠠᠰ᠎ᠤᠨ ᠪᠤᠰᠤ   ᠰᠤᠶᠤᠯ᠎ᠤᠨ ᠥᠪ᠎ᠤᠨ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠠᠵᠢᠯᠳᠠᠨ᠎ᠳᠤ ᠲᠤᠰᠬᠠᠶ ᠪᠣᠯᠪᠠᠰᠤᠷᠠᠯ ᠥᠷᠨᠢᠭᠦᠯᠪᠡ᠃ ᠶᠡᠬᠡ ᠳᠡᠭᠡᠳᠦ ᠰᠤᠷᠭ᠋ᠠᠭᠤᠯᠢ ᠵᠢᠨ ᠡᠷᠳᠡᠮ ᠰᠢᠨᠵᠢᠯᠡᠭᠡᠨ ᠪᠠ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ   ᠠᠰᠢᠭᠯᠠᠨ᠂   ᠪᠤᠳᠠᠰ᠎ᠤᠨ ᠪᠤᠰᠤ ᠰᠤᠶᠤᠯ᠎ᠤᠨ ᠦᠪ᠎ᠤᠨ ᠵᠠᠯᠭ᠋ᠠᠮᠵᠢᠯᠠᠭᠴᠢ ᠵᠢᠨ ᠰᠤᠳᠤᠯᠤᠨ ᠰᠤᠷᠤᠯᠴᠠᠬᠤ ᠪᠠ ᠪᠣᠯᠪᠠᠰᠤᠷᠠᠭᠤᠯᠬᠤ ᠠᠵᠢᠯᠯᠠᠭ᠎ᠠ ᠵᠢ ᠦᠷᠨᠢᠭᠦᠯᠵᠤ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠵᠠᠯᠭ᠋ᠠᠮᠵᠢᠯᠠᠭᠴᠢ ᠵᠢᠨ ᠲᠣᠰ ᠭᠠᠵᠠᠷ ᠣᠷᠣᠨ᠂ ᠲᠣᠰ ᠦᠨᠳᠦᠰᠦᠲᠡᠨ᠎ᠤ ᠰᠣᠶᠣᠯ᠎ᠤᠨ ᠤᠯᠠᠮᠵᠢᠯᠠᠯ᠎ᠤᠨ ᠲᠠᠨᠢᠨ ᠮᠡᠳᠡᠬᠦᠢ ᠪᠠ ᠤᠯᠠᠮᠵᠢᠯᠠᠯᠲᠤ ᠤᠷ᠎ᠠ ᠮᠡᠷᠭᠡᠵᠢᠯ᠎ᠢ ᠡᠵᠡᠮᠰᠢᠬᠦ ᠬᠡᠮᠵᠢᠶ᠎ᠡ ᠵᠢ ᠳᠡᠭᠡᠭᠰᠢᠯᠡᠭᠦᠯᠪᠡ᠃ ᠤᠯᠠᠮᠵᠢᠯᠠᠯᠲᠤ ᠭᠠᠷ ᠤᠷᠠᠯᠠᠯ᠎ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ ᠮᠤᠩᠭᠤᠯ ᠦᠨᠳᠦᠰᠦᠲᠡᠨ᠎ᠤ ᠠᠷᠠᠰᠤᠨ ᠤᠷᠠᠯᠠᠯ ᠵᠡᠷᠭᠡ 12 ᠤᠯᠠᠮᠵᠢᠯᠠᠯᠲᠤ ᠭᠠᠷ ᠤᠷᠠᠯᠠᠯ᠎ᠤᠨ ᠲᠥᠷᠥᠯ ᠵᠦᠢ᠍ᠯ᠎ᠢ ᠭᠤᠤᠯᠳᠠᠯᠭ᠎ᠠ᠎ᠲᠠᠢ ᠲᠡᠳᠬᠦᠵᠦ᠂ ᠮᠣᠩᠭᠣᠯ ᠦᠨᠳᠦᠰᠦᠲᠡᠨ᠎ᠤ ᠬᠠᠳᠬᠤᠮᠠᠯ᠎ᠤᠨ ᠲᠥᠷᠥᠯ ᠵᠦᠢ᠍ᠯ᠎ᠢ ᠭᠤᠷᠪᠠᠨ ᠵᠢᠯ᠎ᠳᠤ ᠬᠥᠭᠵᠢᠭᠦᠯᠦᠨ ᠮᠠᠨᠳᠤᠭᠤᠯᠬᠤ ᠵᠢᠴᠢ ᠵᠢᠯ ᠲᠤᠷᠰᠢ ᠵᠢᠨ ᠠᠵᠢᠯᠯᠠᠭ᠋ᠠᠨ᠎ᠤ ᠲᠥᠯᠥᠪᠯᠡᠭᠡ ᠵᠢ ᠲᠣᠭᠲᠠᠭ᠋ᠠᠵᠤ᠂ ᠤᠯᠠᠮᠵᠢᠯᠠᠯᠲᠤ ᠭᠠᠷ ᠤᠷᠠᠯᠠᠯ᠎ᠤᠨ ᠠᠵᠤ ᠠᠬᠤᠶ᠋ᠢᠯᠠᠯ ᠪᠣᠯᠤᠨ ᠠᠵᠢᠯ ᠡᠷᠬᠢᠯᠡᠭᠰᠡᠳ᠎ᠤᠨ ᠭᠠᠷ ᠤᠷᠠᠯᠠᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦᠨ ᠨᠡᠮᠡᠷᠢᠯᠡᠪᠡ᠃ ᠭᠤᠷᠪᠠ᠎ᠳᠤ᠂ ᠤᠬᠠᠭᠤᠯᠤᠨ ᠳᠡᠯᠭᠡᠨ ᠦᠵᠡᠭᠦᠯᠬᠦ ᠪᠠ ᠰᠣᠯᠢᠯᠴᠠᠬᠤ ᠵᠢ ᠴᠢᠩᠭ᠋ᠠᠳᠬᠠᠪᠠ᠃ ᠰᠣᠶᠣᠯ ᠪᠠ ᠪᠠᠶ᠋ᠢᠭ᠋ᠠᠯᠢ ᠵᠢᠨ ᠥᠪ᠎ᠤᠨ ᠡᠳᠦᠷ᠂ ᠲᠠᠯ᠎ᠠ ᠨᠤᠲᠤᠭ᠎ᠤᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠡᠳᠦᠷ᠎ᠢ ᠠᠰᠢᠭᠯᠠᠵᠤ᠂ ᠪᠠᠶᠠᠯᠢᠭ ᠰᠠᠶ᠋ᠢᠬᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠬᠠᠭᠤᠯᠭ᠎ᠠ ᠦᠵᠡᠭᠦᠯᠦᠯᠭᠡ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠮᠣᠩᠭᠣᠯ ᠮᠣᠷᠢᠨ᠎ᠤ ᠪᠤᠳᠠᠰ᠎ᠤᠨ ᠪᠤᠰᠤ ᠰᠤᠶᠤᠯ᠎ᠤᠨ ᠦᠪ᠎ᠤᠨ ᠦᠵᠡᠰᠬᠦᠯᠡᠩ᠂ 《ᠡᠵᠢ ᠵᠢᠨ ᠲᠠᠭᠤᠯᠠᠯ》 ᠥᠪᠥᠷ ᠮᠣᠩᠭᠣᠯ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠵᠠᠯᠭ᠋ᠠᠮᠵᠢᠯᠠᠭᠴᠢᠳ᠎ᠤᠨ ᠦᠷ᠎ᠡ ᠪᠦᠲᠦᠭᠡᠯ᠎ᠢ ᠰᠤᠳᠤᠯᠤᠨ ᠪᠦᠲᠦᠭᠡᠬᠦ ᠦᠵᠡᠭᠦᠯᠦᠯᠭᠡ᠂ 《ᠦᠵᠡᠰᠭᠦᠯᠡᠩᠲᠦ ᠰᠠᠢ᠌ᠬᠠᠨ ᠲ᠋ᠤᠮᠳᠠᠳᠤ · ᠲᠠᠯ᠎ᠠ ᠨᠤᠲᠤᠭ᠎ᠤᠨ   ᠬᠤᠪᠴᠠᠯᠠᠭ᠎ᠠ》 ᠮᠣᠩᠭᠣᠯ ᠬᠤᠪᠴᠠᠰᠤ ᠵᠠᠰᠠᠯ᠎ᠤᠨ ᠦᠵᠡᠭᠦᠯᠦᠯᠭᠡ ᠵᠢ ᠡᠷᠬᠢᠯᠡᠵᠦ᠂ ᠳᠤᠮᠳᠠᠳᠤ ᠤᠯᠤᠰ᠎ᠤᠨ ᠭᠠᠷ ᠤᠷᠠᠯᠠᠯ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠶᠡᠬᠡ ᠬᠤᠷᠠᠯ᠎ᠢ ᠳᠠᠭ᠋ᠠᠭ᠋ᠠᠴᠢᠯᠠᠨ ᠡᠷᠬᠢᠯᠡᠪᠡ᠃ ᠲᠠᠶ᠋ᠢᠸᠠᠨ ᠬᠣᠭᠣᠯᠠᠶ ᠵᠢᠨ ᠬᠣᠶᠠᠷ ᠲᠠᠯ᠎ᠠ ᠵᠢᠨ 《ᠬᠠᠮᠲᠤᠪᠠᠷ ᠤᠯᠠᠮᠵᠢᠯᠠᠨ  ᠂ ᠬᠠᠮᠲᠤᠪᠠᠷ ᠮᠠᠨᠲᠤᠭᠤᠯᠬᠤ  》 ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠬᠤ ᠪᠠ ᠬᠠᠮᠠᠭ᠋ᠠᠯᠠᠬᠤ ᠶᠠᠷᠢᠯᠴᠠᠭ᠋ᠠᠨ᠎ᠤ ᠠᠵᠢᠯᠯᠠᠭ᠎ᠠ᠂ 《ᠤᠶᠤᠨ ᠰᠠᠨᠠᠭ᠋ᠠᠨ᠎ᠤ ᠭᠡᠷ ᠣᠷᠣᠨ ᠵᠶ᠋ᠠᠨ ᠰᠠᠬᠢᠨ ᠪᠠᠷᠠᠯᠠᠬᠤ》 ᠲᠠᠶ᠋ᠢᠸᠠᠨ ᠬᠣᠭᠣᠯᠠᠶ ᠵᠢᠨ ᠬᠣᠶᠠᠷ ᠲᠠᠯ᠎ᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠠᠷ᠎ᠠ ᠵᠢᠴᠢ 《ᠦᠵᠡᠰᠬᠦᠯᠡᠩᠲᠦ ᠰᠠᠶ᠋ᠢᠬᠠᠨ ᠳᠤᠮᠳᠠᠳᠤ ᠵᠢᠨ ᠠᠶᠠᠯᠠᠯ》 ᠲᠤᠮᠤ ᠬᠡᠯᠪᠡᠷᠢ ᠵᠢᠨ ᠨᠡᠶ᠋ᠢᠲᠡ ᠵᠢᠨ ᠠᠰᠠᠷᠠᠮᠵᠢ ᠵᠢᠨ ᠰᠣᠯᠢᠯᠴᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃
     (ᠲᠠᠪᠤ) ᠰᠣᠶᠣᠯ ᠵᠢᠭᠤᠯᠴᠢᠯᠠᠯ᠎ᠤᠨ ᠠᠵᠤ ᠦᠢ᠍ᠯᠡᠰ᠃ ᠨᠢᠭᠡ᠎ᠳᠤ᠂ ᠠᠵᠤ ᠦᠢ᠍ᠯᠡᠰ᠎ᠤᠨ ᠲᠦᠷᠦ ᠵᠢᠨ ᠪᠤᠳᠤᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠪᠡ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠰᠠᠨᠠᠯ》᠎ᠤᠨ ᠵᠣᠷᠢᠭ ᠰᠠᠨᠠᠭ᠎ᠠ ᠵᠢ ᠢᠳᠡᠪᠬᠢᠲᠡᠶ ᠨᠠᠢ᠌ᠲᠠᠪᠤᠷᠢᠵᠢᠭᠤᠯᠵᠤ  ᠂ 《ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ》᠎ᠢ ᠲᠣᠭᠲᠠᠭ᠋ᠠᠵᠤ᠂ 《ᠦᠨᠳᠦᠰᠦᠲᠡᠨ᠎ᠤ ᠤᠯᠠᠮᠵᠢᠯᠠᠯᠲᠤ ᠭᠠᠷ ᠤᠷᠠᠯᠠᠯ᠎ᠢ ᠤᠯᠠᠮᠵᠢᠯᠠᠨ ᠵᠠᠯᠭ᠋ᠠᠮᠵᠢᠯᠠᠬᠤ ᠪᠠ ᠰᠣᠶᠣᠯ ᠵᠢᠭᠤᠯᠴᠢᠯᠠᠯ᠎ᠤᠨ ᠲᠠᠸᠠᠷ᠎ᠤᠨ ᠰᠢᠨ᠎ᠡ ᠵᠢ ᠡᠭᠦᠳᠬᠦ ᠵᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠠᠨᠠᠯ》᠂ 《ᠮᠣᠩᠭᠣᠯ ᠦᠨᠲᠦᠰᠦᠲᠡᠨ᠎ᠤ ᠬᠤᠪᠴᠠᠰᠤ ᠵᠠᠰᠠᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠂ 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠢᠭᠡᠯᠡᠯᠭᠡ ᠵᠢᠨ ᠲᠥᠷᠥᠯ ᠵᠦᠢ᠍ᠯ᠎ᠤᠨ ᠳᠠᠮ ᠬᠦᠤ ᠮᠥᠩᠭᠥ ᠥᠭᠬᠦ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠵᠣᠬᠢᠶᠠᠨ ᠪᠠᠶ᠋ᠢᠭᠤᠯᠤᠨ ᠲᠤᠭᠤᠷᠪᠢᠵᠤ᠂ ᠠᠷᠠᠳ᠎ᠠᠴᠠ ᠡᠵᠡᠩᠨᠡᠭᠰᠡᠨ ᠰᠣᠶᠣᠯ ᠪᠠ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠬᠦ ᠠᠵᠢᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢᠨ ᠣᠷᠴᠢᠨ ᠨᠦᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠬᠣᠶᠠᠷ᠎ᠲᠤ ᠰᠣᠶᠣᠯ ᠵᠢᠭᠤᠯᠴᠢᠯᠠᠯ ᠮᠥᠩᠭᠥᠨ ᠭᠦᠢ᠍ᠯᠭᠡᠭᠡᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠪᠡ᠃ ᠳᠤᠮᠳᠠᠳᠤ ᠤᠯᠤᠰ᠎ᠤᠨ ᠪᠠᠩᠬᠢ᠎ᠲᠠᠢ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠠᠢ᠌ᠯᠲᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠪᠤᠭᠤᠲᠤ ᠵᠢᠨ ᠬᠤᠳᠠᠯᠳᠤᠭ᠋ᠠᠨ᠎ᠤ ᠪᠠᠩᠬᠢ᠂ ᠳᠤᠮᠳᠠᠳᠤ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠬᠦᠭᠵᠢᠯᠲᠡ ᠵᠢᠨ ᠪᠠᠩᠬᠢ ᠵᠡᠷᠭᠡ ᠣᠯᠠᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠯᠤᠭ᠎ᠠ ᠬᠠᠮᠲᠤᠷᠠᠯᠴᠠᠵᠤ᠂ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠵᠠᠮ᠂ ᠣᠯᠠᠨ ᠡᠰᠢᠵᠢᠭᠰᠡᠨ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠵᠢᠨ ᠠᠷᠭ᠎ᠠ ᠵᠠᠮ᠎ᠢ ᠪᠠᠶ᠋ᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠬᠤ᠎ᠳᠤ ᠬᠦᠴᠢᠷᠲᠡᠶ᠂ ᠪᠠᠯᠠ ᠲᠣᠬᠢᠷᠠᠭᠤᠯᠬᠤ᠎ᠳᠤ ᠦᠨᠡᠲᠡᠶ ᠪᠠᠶ᠋ᠢᠬᠤ ᠠᠰᠠᠭᠤᠳᠠᠯ᠎ᠢ ᠢᠳᠡᠪᠬᠢᠲᠡᠶ ᠰᠢᠢ᠍ᠳᠪᠦᠷᠢᠯᠡᠪᠡ᠃ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠰᠣᠯᠢᠯᠴᠠᠨ ᠵᠤᠯᠭ᠋ᠠᠭᠤᠯᠬᠤ ᠬᠤᠷᠠᠯ ᠵᠢᠴᠢ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠪᠠᠯᠠ ᠣᠷᠣᠭᠤᠯᠵᠤ ᠪᠠᠯᠠ ᠳᠣᠭᠢᠷᠠᠭᠤᠯᠬᠤ ᠲᠦᠷᠦᠯ ᠵᠦᠢ᠍ᠯ᠎ᠤᠨ ᠵᠣᠯᠭ᠋ᠠᠭᠤᠯᠬᠤ ᠬᠤᠷᠠᠯ᠎ᠢ ᠡᠷᠭᠢᠯᠡᠵᠦ᠂ ᠴᠢᠨᠠᠷ ᠰᠠᠶ᠋ᠢᠲᠠᠶ ᠰᠣᠶᠣᠯ ᠪᠠ ᠵᠢᠭᠤᠯᠴᠢᠯᠠᠯ᠎ᠤᠨ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠳᠥᠯᠭᠢᠨ ᠠᠬᠢᠭᠤᠯᠪᠠ᠃ ᠭᠤᠷᠪᠠ᠎ᠳᠤ ᠰᠣᠶᠣᠯ᠎ᠤᠨ ᠪᠦᠲᠦᠭᠡᠯᠴᠢ ᠠᠵᠤ ᠦᠢ᠍ᠯᠡᠰ᠎ᠢ ᠬᠦᠭᠵᠢᠭᠦᠯᠪᠡ᠃ ᠥᠪᠥᠷ ᠮᠣᠩᠭᠣᠯ᠎ᠤᠨ ᠠᠩᠬᠠᠳᠤᠭ᠋ᠠᠷ ᠬᠤᠭᠤᠴᠠᠭ᠋ᠠᠨ᠎ᠤ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠂ ᠵᠢᠭᠤᠯᠴᠢᠯᠠᠯ᠎ᠤᠨ ᠲᠠᠸᠠᠷ᠎ᠤᠨ ᠳᠡᠯᠭᠡᠨ ᠦᠵᠡᠭᠦᠯᠦᠯᠭᠡ ᠪᠠ ᠤᠯᠠᠮᠵᠢᠯᠠᠯᠲᠤ ᠮᠣᠩᠭᠣᠯ ᠭᠡᠷ᠎ᠤᠨ ᠦᠵᠡᠰᠬᠦᠯᠡᠩ᠎ᠢ ᠵᠣᠬᠢᠶᠠᠨ ᠪᠠᠶ᠋ᠢᠭᠤᠯᠤᠨ ᠡᠷᠬᠢᠯᠡᠪᠡ᠃ ᠥᠪᠥᠷ ᠮᠣᠩᠭᠣᠯ᠎ᠤᠨ ᠮᠦᠽᠧᠶ ᠵᠢᠨ 《ᠲᠠᠯ᠎ᠠ ᠨᠤᠲᠤᠭ᠎ᠤᠨ ᠴᠠᠢ ᠵᠢᠨ ᠵᠠᠮ》᠎ᠤᠨ ᠰᠢᠷᠢᠰ ᠰᠣᠶᠣᠯ᠎ᠤᠨ ᠡᠭᠦᠳᠦᠯᠲᠡ ᠵᠢᠨ ᠦᠢ᠍ᠯᠡᠳᠭᠦᠨ ᠲ᠋ᠤᠮᠳᠠᠳᠤ ᠤᠯᠤᠰ᠎ᠤᠨ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠤ ᠠᠯᠲᠠᠨ ᠱᠠᠩᠨᠠᠯ᠎ᠢ ᠭᠥᠷᠳᠡᠪᠡ᠃ ᠵᠢᠨᠢᠩ᠎ᠤᠨ ᠳᠠᠶ᠋ᠢᠯᠠᠯᠳᠤᠭ᠋ᠠᠨ᠎ᠤ ᠬᠤᠪᠢᠰᠬᠠᠯᠲᠤ ᠳᠤᠷᠠᠰᠬᠠᠯ᠎ᠤᠨ ᠬᠦᠷᠢᠶᠡᠯᠡᠩ᠎ᠤᠨ ᠰᠢᠷᠢᠰ ᠰᠣᠶᠣᠯ᠎ᠤᠨ ᠡᠭᠦᠳᠦᠯᠲᠡ ᠵᠢᠨ ᠦᠢ᠍ᠯᠡᠳᠭᠦᠨ᠂   ᠭᠡᠷᠡᠯ ᠎ᠤᠨ ᠠᠷᠠᠰᠤᠨ ᠤᠷᠠᠯᠠᠯ — ᠤᠯᠠᠭ᠋ᠠᠨᠮᠥ᠋ᠴᠢᠷ ᠵᠡᠷᠭᠡ᠎ᠨᠢ ᠪᠥᠬᠥ ᠤᠯᠤᠰ᠎ᠤᠨ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠰᠣᠶᠣᠯ᠎ᠤᠨ ᠡᠭᠦᠳᠦᠯᠲᠡ ᠵᠢᠨ ᠰᠢᠯᠢᠳᠡᠭ ᠪᠦᠲᠦᠭᠡᠭᠳᠡᠬᠦᠨ᠎ᠤ ᠨᠡᠷᠡᠰ᠎ᠲᠤ ᠰᠣᠩᠭᠣᠭᠳᠠᠪᠠ᠃ 《ᠲᠠᠯ᠎ᠠ ᠨᠤᠲᠤᠭ᠎ᠤᠨ ᠳᠤᠷᠠᠰᠤᠮᠵᠢ》 ᠰᠢᠷᠢᠰ   ᠠᠵᠢᠯᠯᠠᠭ᠋ᠠᠨ ᠵᠡᠷᠭᠡ 20 ᠵᠦᠢ᠍ᠯ᠎ᠤᠨ ᠵᠢᠭᠤᠯᠴᠢᠯᠠᠯ᠎ᠤᠨ ᠲᠠᠸᠠᠷ ᠳᠤᠮᠳᠠᠳᠤ ᠤᠯᠤᠰ᠎ᠤᠨ ᠣᠨᠴᠠᠯᠢᠭ᠎ᠲᠠᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠤ ᠠᠯᠲᠠᠨ᠂ ᠮᠥᠩᠭᠥᠨ᠂ ᠵᠡᠰ ᠱᠠᠩᠨᠠᠯ᠎ᠢ ᠭᠥᠷᠳᠡᠪᠡ᠃ ᠳᠥᠷᠪᠡ᠎ᠳᠤ᠂ ᠡᠯ᠎ᠡ ᠲᠥᠷᠥᠯ᠎ᠤᠨ ᠦᠵᠡᠰᠬᠦᠯᠡᠩ᠎ᠳᠤ ᠢᠳᠡᠪᠬᠢᠲᠡᠢ ᠤᠷᠤᠯᠴᠠᠪᠠ᠃ ᠳᠤᠮᠳᠠᠳᠤ ᠮᠣᠩᠭᠣᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠥᠪᠥᠷ ᠮᠣᠩᠭᠣᠯ᠎ᠤᠨ ᠣᠨᠴᠠᠯᠢᠭᠲᠤ ᠵᠢᠭᠤᠯᠴᠢᠯᠠᠯ᠎ᠤᠨ ᠲᠠᠸᠠᠷ᠎ᠤᠨ ᠦᠵᠡᠰᠬᠦᠯᠡᠩ᠂ ᠥᠪᠥᠷ ᠮᠣᠩᠭᠣᠯ ᠾᠧᠪᠧᠶ ᠯᠢᠶᠣᠤᠨᠢᠩ᠎ᠤᠨ ᠰᠣᠶᠣᠯ᠎ᠤᠨ ᠠᠵᠤ ᠦᠢ᠍ᠯᠡᠰ᠎ᠤᠨ ᠦᠵᠡᠰᠬᠦᠯᠡᠩ᠂ ᠠᠯᠠᠱ᠌ᠠ ᠵᠢᠨ ᠪᠠᠭ᠋ᠠᠲᠤᠷᠴᠤᠳ᠎ᠤᠨ ᠴᠤᠭᠯᠠᠭ᠋ᠠᠨ᠎ᠤ ᠣᠨᠴᠠᠯᠢᠭᠲᠤ ᠰᠣᠶᠣᠯ᠎ᠤᠨ ᠲᠠᠸᠠᠷ᠎ᠤᠨ ᠦᠵᠡᠰᠬᠦᠯᠡᠩ᠎ᠢ ᠵᠣᠬᠢᠶᠠᠨ ᠪᠠᠶ᠋ᠢᠭᠤᠯᠤᠨ ᠡᠷᠬᠢᠯᠡᠪᠡ᠃ ᠪᠦᠯᠬᠦᠮ ᠵᠣᠬᠢᠶᠠᠨ ᠪᠠᠶ᠋ᠢᠭᠤᠯᠵᠤ ᠳᠤᠮᠳᠠᠳᠤ ᠤᠯᠤᠰ᠎ᠤᠨ ᠣᠯᠠᠨ ᠤᠯᠤᠰ᠎ᠤᠨ ᠺᠠᠷᠲ᠋ᠣᠨ ᠲᠣᠭᠯᠠᠭ᠋ᠠᠮ᠎ᠤᠨ ᠦᠵᠡᠰᠬᠦᠯᠡᠩ᠂ ᠳᠤᠮᠳᠠᠳᠤ ᠤᠯᠤᠰ᠎ᠤᠨ ᠲᠢᠶᠠᠨᠵᠢᠨ᠎ᠤ ᠵᠢᠭᠤᠯᠴᠢᠯᠠᠯ᠎ᠤᠨ ᠠᠵᠤ ᠦᠢ᠍ᠯᠡᠰ᠎ᠤᠨ ᠦᠵᠡᠰᠬᠦᠯᠡᠩ᠂ ᠱᠠᠨᠳᠦ᠋ᠩ᠎ᠤᠨ ᠣᠯᠠᠨ ᠤᠯᠤᠰ᠎ᠤᠨ ᠰᠣᠶᠣᠯ᠎ᠤᠨ ᠠᠵᠤ ᠦᠢ᠍ᠯᠡᠰ᠎ᠤᠨ ᠦᠵᠡᠰᠬᠦᠯᠡᠩ᠎ᠤᠨ ᠴᠤᠭᠯᠠᠭ᠋ᠠᠨ᠂ ᠳᠤᠮᠳᠠᠳᠤ ᠤᠯᠤᠰ (ᠱᠧᠨᠵᠧᠨ)᠎ᠤᠨ ᠣᠯᠠᠨ ᠤᠯᠤᠰ᠎ᠤᠨ ᠰᠣᠶᠣᠯ᠎ᠤᠨ ᠠᠵᠤ ᠦᠢ᠍ᠯᠡᠰ᠎ᠤᠨ ᠦᠵᠡᠰᠬᠦᠯᠡᠩ᠎ᠤᠨ ᠴᠤᠭᠯᠠᠭ᠋ᠠᠨ᠂ ᠳᠤᠮᠳᠠᠳᠤ ᠤᠯᠤᠰ (ᠪᠡᠭᠡᠵᠢᠩ)᠎ᠤᠨ ᠣᠯᠠᠨ ᠤᠯᠤᠰ᠎ᠤᠨ ᠰᠣᠶᠣᠯ᠎ᠤᠨ ᠪᠦᠲᠦᠭᠡᠯᠴᠢ ᠠᠵᠤ   ᠦᠢ᠍ᠯᠡᠰ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠣᠷᠣᠯᠴᠠᠪᠠ᠃

     (ᠵᠢᠷᠭᠤᠭ᠎ᠠ) ᠡᠬᠢ ᠪᠠᠶᠠᠯᠢᠭ᠎ᠤᠨ ᠨᠡᠭᠡᠭᠡᠨ ᠠᠰᠢᠭᠯᠠᠯᠲᠠ᠃ ᠨᠢᠭᠡ᠎ᠳᠤ᠂ ᠪᠦᠬᠦ ᠣᠷᠣᠨ ᠪᠦᠰᠡ ᠵᠢᠨ ᠵᠢᠭᠤᠯᠴᠢᠯᠠᠯ᠎ᠢ ᠢᠳᠡᠪᠬᠢᠲᠡᠢ ᠬᠦᠭᠵᠢᠭᠦᠯᠪᠡ᠃ ᠮᠠᠨᠵᠤᠤᠷ ᠬᠣᠲᠠ ᠤᠯᠤᠰ᠎ᠤᠨ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠠᠮᠵᠢᠯᠲᠠ᠎ᠲᠠᠢ ᠡᠭᠦᠳᠦᠨ ᠪᠠᠶ᠋ᠢᠭᠤᠯᠪᠠ᠃ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠵᠣᠬᠢᠶᠠᠨ ᠪᠠᠢ᠌ᠭᠤᠯᠵᠤ ᠨᠠᠢ᠌ᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ ᠡᠬᠢᠯᠡᠭᠦᠯᠪᠡ᠃ ᠤᠯᠠᠭ᠋ᠠᠨᠬᠠᠳᠠ ᠬᠣᠲᠠ᠂ ᠣᠷᠳᠣᠰ ᠬᠣᠲᠠ᠎ᠪᠠᠷ ᠲᠤᠷᠰᠢᠬᠤ ᠴᠡᠭ ᠪᠣᠯᠭ᠋ᠠᠵᠤ᠂ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠶ᠋ᠢᠳᠡᠮ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠦᠷᠨᠢᠭᠦᠯᠵᠡᠢ᠃ ᠤᠯᠠᠭ᠋ᠠᠨᠬᠣᠲᠠ ᠷᠠᠰᠢᠶᠠᠨ ᠬᠠᠢ᠌ᠯᠠᠷ ᠮᠠᠨᠵᠤᠤᠷ᠂ ᠬᠠᠳᠤᠨ ᠭᠣᠣᠯ᠎ᠤᠨ 〈〈几〉〉 ᠦᠰᠦᠭᠲᠦ ᠪᠤᠯᠤᠩ᠂ ᠪᠡᠭᠡᠵᠢᠩ ᠲᠢᠶᠠᠨᠵᠢᠨ ᠾᠧᠪᠧᠢ ᠵᠢ ᠲᠣᠭᠣᠷᠢᠭᠰᠠᠨ ᠭᠤᠷᠪᠠᠨ ᠬᠡᠰᠡᠭ ᠣᠷᠣᠨ ᠪᠠ G7 ᠤᠯᠤᠰ᠎ᠤᠨ ᠦᠵᠡᠮᠵᠢ ᠵᠢᠨ ᠵᠠᠮ᠎ᠤᠨ ᠵᠢᠭᠤᠯᠴᠢᠯᠠᠯ᠎ᠤᠨ ᠲᠦᠯᠦᠪᠵᠢᠭᠦᠯᠦᠨ ᠨᠠᠢ᠌ᠷᠠᠭᠤᠯᠬᠤ ᠠᠵᠢᠯ᠎ᠢ ᠡᠬᠢᠯᠡᠭᠦᠯᠪᠡ᠃ ᠬᠣᠶᠠᠷ᠎ᠲᠤ᠂ ᠦᠵᠡᠮᠵᠢ ᠵᠢᠨ ᠣᠷᠣᠨ᠎ᠤ ᠶᠠᠰᠤ ᠴᠢᠨᠠᠷ᠎ᠤᠨ ᠳᠡᠭᠡᠭᠰᠢᠯᠡᠯᠲᠡ ᠵᠢ ᠠᠬᠢᠭᠤᠯᠵᠠᠢ᠃ ᠠᠯᠠᠱ᠌ᠠ ᠠᠶ᠋ᠢᠮᠠᠭ᠎ᠤᠨ ᠲᠣᠣᠷᠠᠢ ᠵᠢᠨ ᠣᠶ ᠵᠢᠨ ᠵᠢᠭᠤᠯᠴᠢᠯᠠᠯ᠎ᠤᠨ ᠣᠷᠣᠨ᠎ᠢ ᠤᠯᠤᠰ᠎ᠤᠨ 5A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠪᠣᠯᠭ᠋ᠠᠵᠤ ᠲᠡᠪᠰᠢᠭᠦᠯᠪᠡ᠃ ᠬᠥᠯᠥᠨ ᠪᠣᠶ᠋ᠢᠷ᠎ᠤᠨ ᠲᠠᠯ᠎ᠠ ᠨᠤᠲᠤᠭ — ᠮᠡᠷᠭᠡᠯ ᠭᠣᠤᠯ᠎ᠤᠨ ᠦᠵᠡᠮᠵᠢ ᠵᠢᠨ ᠣᠷᠣᠨ᠎ᠨᠢ ᠦᠵᠡᠮᠵᠢ ᠵᠢᠨ ᠣᠷᠣᠨ᠎ᠤ ᠦᠵᠡᠮᠵᠢ ᠵᠢᠨ ᠶᠠᠰᠤ ᠴᠢᠨᠠᠷ᠎ᠤᠨ ᠬᠢᠨᠠᠨ ᠰᠢᠯᠭ᠋ᠠᠷᠠᠭᠤᠯᠤᠯᠲᠠ᠎ᠪᠠᠷ ᠲᠠᠮᠵᠢᠭ᠋ᠠᠳ ᠤᠯᠤᠰ᠎ᠤᠨ 5A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠡᠭᠦᠳᠦᠨ ᠪᠠᠶ᠋ᠢᠭᠤᠯᠬᠤ ᠪᠡᠯᠡᠳᠬᠡᠯ ᠨᠡᠷᠡᠰ᠎ᠲᠤ ᠰᠣᠩᠭᠣᠭᠳᠠᠪᠠ᠃ ᠬᠥᠬᠡᠬᠣᠲᠠ ᠵᠢᠨ ᠮᠸᠨᠭ ᠼᠤᠤ · ᠼᠤᠤ ᠪᠥᠸᠧ ᠶᠤᠸᠠᠨ ᠵᠡᠷᠭᠡ 7 ᠦᠵᠡᠮᠵᠢ ᠵᠢᠨ ᠣᠷᠣᠨ᠎ᠢ ᠤᠯᠤᠰ᠎ᠤᠨ 4A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠠᠷ ᠦᠨᠡᠯᠡᠨ ᠲᠣᠭᠲᠠᠭ᠋ᠠᠪᠠ᠂ ᠵᠢᠶᠠ ᠯᠢ ᠭ᠋ᠸᠨᠭ ᠦᠷᠡᠭᠳᠡᠭᠰᠡᠨ ᠪᠠᠭ᠋ᠠᠲᠤᠷ᠎ᠤᠨ ᠳᠤᠷᠠᠰᠬᠠᠯ᠎ᠤᠨ ᠣᠷᠳᠣᠨ ᠵᠡᠷᠭᠡ 5 ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ 3A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠠᠷ ᠦᠨᠡᠯᠡᠨ ᠲᠣᠭᠲᠠᠭ᠋ᠠᠪᠠ᠃ A ᠲᠡᠰ᠎ᠤᠨ 93 ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠳᠠᠬᠢᠨ ᠬᠢᠨᠠᠵᠤ᠂ ᠠᠰᠠᠭᠤᠳᠠᠯ᠎ᠲᠠᠢ ᠪᠠᠢ᠌ᠭ᠎ᠠ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠲᠣᠰ ᠲᠣᠰ ᠰᠢᠢ᠍ᠳᠪᠦᠷᠢᠯᠡᠵᠡᠢ᠃ ᠭᠤᠷᠪᠠ᠎ᠳᠤ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠵᠠᠢ᠃ ᠤᠯᠠᠭ᠋ᠠᠨᠴᠠᠪ ᠬᠣᠲᠠ ᠵᠡᠷᠭᠡ 4 ᠠᠶ᠋ᠢᠮᠠᠭ ᠬᠣᠲᠠ᠂ 10 ᠬᠣᠰᠢᠭᠤ ᠰᠢᠶᠠᠨ᠎ᠢ ᠵᠢᠯᠣᠭᠣᠳᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠪᠠ᠃ 16 ᠰᠣᠶᠣᠯ ᠵᠢᠭᠤᠯᠴᠢᠯᠠᠯ᠎ᠤᠨ ᠣᠨᠴᠠᠯᠢᠭᠲᠤ ᠵᠢᠵᠢᠭ ᠪᠠᠯᠭ᠋ᠠᠰᠤ᠂ 21 ᠬᠥᠳᠡᠭᠡ ᠲᠣᠰᠬᠣᠨ᠎ᠤ ᠵᠢᠭᠤᠯᠴᠢᠯᠠᠯ᠎ᠤᠨ ᠲᠦᠪᠯᠡᠷᠡᠭᠰᠡᠨ ᠣᠷᠣᠨ ᠪᠠ 96 ᠵᠢᠭᠤᠯᠴᠢᠯᠠᠯ ᠵᠶ᠋ᠠᠷ ᠶᠠᠳᠠᠭᠤ ᠵᠢ ᠲᠡᠳᠬᠦᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠭᠣᠣᠯᠳᠠᠯᠭ᠎ᠠ᠎ᠲᠠᠢ ᠲᠡᠳᠬᠦᠪᠡ᠃ ᠲᠠᠪᠤᠨ ᠣᠳᠣᠨ ᠲᠠᠰ ᠪᠣᠯᠬᠤ ᠭᠡᠵᠦ ᠭᠤᠶᠤᠴᠢᠯᠠᠨ ᠮᠡᠳᠡᠭᠦᠯᠦᠭᠰᠡᠨ ᠪᠥᠬᠥ ᠣᠷᠣᠨ᠎ᠤ ᠬᠥᠳᠡᠭᠡ ᠲᠣᠰᠬᠣᠨ (ᠮᠠᠯᠵᠢᠬᠤ ᠣᠷᠣᠨ)᠎ᠤ ᠵᠢᠭᠤᠯᠴᠢᠯᠠᠯ᠎ᠤᠨ ᠦᠢ᠍ᠯᠡᠴᠢᠯᠡᠭᠴᠢ ᠡᠷᠦᠬᠡ᠎ᠳᠤ ᠠᠩᠬᠠᠨ᠎ᠤ ᠦᠨᠡᠯᠡᠯᠲᠡ ᠪᠠ ᠲᠤᠬᠠᠶ ᠵᠢᠨ ᠭᠠᠵᠠᠷ᠎ᠲᠤ᠎ᠨᠢ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠢ᠌ᠭᠤᠯᠪᠠ᠃ ᠲᠦᠷᠪᠡ᠎ᠳᠤ᠂ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠬᠥᠭᠵᠢᠯᠲᠡ ᠵᠢ   ᠠᠬᠢᠭᠤᠯᠵᠠᠢ᠃ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ᠎ᠢ ᠨᠠᠶ᠋ᠢᠷᠠᠭᠤᠯᠤᠨ ᠵᠣᠬᠢᠶᠠᠪᠠ᠃ ᠪᠦᠬᠦ ᠣᠷᠣᠨ᠎ᠤ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠤᠬᠠᠢ ᠵᠢᠨ ᠲᠠᠯᠠᠪᠠᠢ ᠵᠢᠨ ᠬᠤᠷᠠᠯ᠎ᠢ ᠬᠤᠷᠠᠯᠳᠤᠭᠤᠯᠪᠠ᠃ 10 ᠵᠤᠷᠪᠤᠰ ᠬᠤᠪᠢᠰᠬᠠᠯ᠎ᠤᠨ ᠳᠤᠷᠠᠰᠬᠠᠯᠲᠤ ᠰᠣᠳᠣᠨ ᠵᠢᠭᠤᠯᠴᠢᠯᠠᠯ᠎ᠤᠨ ᠱᠤᠭᠤᠮ᠎ᠢ ᠨᠡᠶ᠋ᠢᠲᠡᠯᠡᠪᠡ᠃ ᠪᠥᠬᠥ ᠣᠷᠣᠨ᠎ᠤ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠲᠠᠶ᠋ᠢᠯᠪᠤᠷᠢᠯᠠᠭᠴᠢ ᠵᠢ ᠵᠣᠬᠢᠶᠠᠨ ᠪᠠᠶ᠋ᠢᠭᠤᠯᠤᠨ ᠪᠣᠯᠪᠠᠰᠤᠷᠠᠭᠤᠯᠪᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠶ᠋ᠢᠭᠤᠯᠤᠭᠳᠠᠭᠰᠠᠨ ᠳᠤᠷᠠᠰᠬᠠᠯ᠎ᠤᠨ ᠭᠠᠵᠠᠷ᠎ᠤᠨ ᠲᠠᠶ᠋ᠢᠯᠪᠤᠷᠢᠯᠠᠭᠴᠢ ᠯᠢ ᠰᠧ ᠢᠦᠶ᠂ ᠷᠦᠩ ᠰᠢᠤᠸᠠᠢ ᠯᠢᠶᠠᠨ᠂ ᠤᠯᠠᠭ᠋ᠠᠨᠬᠦᠤ ᠵᠢᠨ ᠳᠤᠷᠠᠰᠬᠠᠯ᠎ᠤᠨ ᠣᠷᠳᠣᠨ᠎ᠤ ᠲᠠᠶ᠋ᠢᠯᠪᠤᠷᠢᠯᠠᠭᠴᠢ ᠠᠨ ᠰᠢᠤᠸᠠᠢ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠤᠪᠢᠰᠬᠠᠯ᠎ᠤᠨ ᠥᠯᠢᠭᠡᠷ᠎ᠤᠨ ᠲᠠᠶ᠋ᠢᠯᠪᠤᠷᠢᠯᠠᠭᠴᠢ ᠵᠢᠨ ᠤᠷᠤᠯᠳᠤᠭ᠋ᠠᠨ᠎ᠳᠤ ᠲᠣᠰ ᠲᠣᠰ ᠠᠯᠲᠠᠨ ᠮᠸᠲᠠᠯᠲᠤ ᠲᠠᠢ᠌ᠯᠪᠤᠷᠢᠯᠠᠭᠴᠢ ᠪᠠ ᠰᠢᠯᠢᠳᠡᠭ ᠲᠠᠶ᠋ᠢᠯᠪᠤᠷᠢᠯᠠᠭᠴᠢ᠎ᠪᠠᠷ ᠴᠤᠯᠠᠯᠠᠭᠳᠠᠪᠠ᠃ ᠲᠠᠪᠤ᠎ᠳᠤ᠂ ᠵᠢᠭᠤᠯᠴᠢᠯᠠᠯ᠎ᠤᠨ ᠳᠦᠷᠢ ᠲᠥᠷᠬᠦ ᠵᠢ ᠤᠬᠠᠭᠤᠯᠤᠨ ᠲᠡᠯᠭᠡᠷᠡᠭᠦᠯᠵᠡᠢ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ᠎ᠲᠠᠢ ᠭᠦᠨᠵᠡᠭᠡᠶ ᠬᠠᠮᠲᠤᠷᠠᠯᠴᠠᠵᠤ᠂ ᠰᠣᠶᠤᠯ ᠪᠠ ᠵᠢᠭᠤᠯᠴᠢᠯᠠᠯ᠎ᠤᠨ ᠭᠣᠤᠯ ᠰᠡᠳᠦᠪᠲᠦ ᠤᠬᠠᠭᠤᠯᠭ᠎ᠠ ᠵᠢ ᠥᠷᠨᠢᠭᠦᠯᠪᠡ᠃ ᠪᠡᠭᠡᠵᠢᠩ᠂ ᠰᠢ ᠠᠨ᠂ ᠭᠤᠸᠠᠩᠳᠦ᠋ᠩ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠣᠭ᠎ᠠ ᠵᠢᠨ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠪᠦᠯᠬᠦᠮ ᠪᠠᠶ᠋ᠢᠭᠤᠯᠵᠤ ᠣᠷᠣᠯᠴᠠᠪᠠ᠃ 《72 ᠴᠠᠭ ᠥᠪᠥᠷ ᠮᠣᠩᠭᠣᠯ᠎ᠳᠤ》᠂ 《ᠮᠣᠷᠢ ᠤᠨᠤᠵᠤ ᠲᠠᠯ᠎ᠠ ᠨᠤᠲᠤᠭ ᠵᠶ᠋ᠠᠷ ᠵᠤᠭ᠋ᠠᠴᠠᠶ᠎ᠠ》᠂ 《ᠪᠠᠭ᠋ᠠᠴᠤᠳ᠎ᠤᠨ ᠨᠠᠭ᠋ᠠᠳᠤᠮ》᠂ 《ᠤᠯᠠᠭ᠋ᠠᠨᠮᠥ᠋ᠴᠢᠷ   ᠲᠠᠨ᠎ᠢ ᠲᠠᠭ᠋ᠠᠭᠤᠯᠤᠨ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ ᠵᠶ᠋ᠠᠷ ᠵᠢᠭᠤᠯᠴᠢᠯᠠᠭᠤᠯᠤᠶ᠎ᠠ》᠂ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠪᠦᠲᠦᠭᠡᠭᠳᠡᠬᠦᠨ᠎ᠤ ᠵᠠᠮ ᠱᠤᠭᠤᠮ᠎ᠢ ᠨᠡᠶ᠋ᠢᠲᠡᠯᠡᠬᠦ ᠬᠤᠷᠠᠯ ᠵᠡᠷᠭᠡ ᠰᠢᠷᠢᠰ ᠭᠣᠤᠯ ᠰᠡᠳᠦᠪᠲᠦ ᠲᠠᠨᠢᠯᠴᠠᠭᠤᠯᠭ᠎ᠠ ᠵᠢᠨ ᠬᠦᠳᠡᠯᠭᠡᠭᠡᠨ᠎ᠢ ᠲᠦᠰᠦᠪᠯᠡᠨ ᠬᠢᠵᠡᠢ᠃ 《ᠲᠦᠮᠡᠨ ᠭᠠᠵᠠᠷ᠎ᠤᠨ ᠴᠠᠶ ᠵᠢᠨ ᠵᠠᠮ》 ᠨᠡᠢ᠌ᠯᠡᠭᠦᠯᠦᠨ ᠡᠵᠡᠨᠭᠨᠡᠵᠦ ᠪᠣᠷᠣᠯᠠᠭᠤᠯᠬᠤ ᠵᠢ ᠳᠡᠯᠭᠡᠷᠡᠭᠦᠯᠬᠦ ᠬᠦᠳᠡᠯᠭᠡᠭᠡᠨ᠂ 《ᠮᠣᠷᠢᠨ ᠨᠢᠷᠤᠭᠤᠨ ᠳᠡᠭᠡᠷᠡᠬᠢ ᠥᠪᠥᠷ ᠮᠣᠩᠭᠣᠯ》 ᠥᠪᠥᠷ ᠮᠣᠩᠭᠣᠯ᠎ᠤᠨ ᠠᠳᠤᠭᠤᠨ ᠰᠣᠶᠣᠯ᠎ᠤᠨ ᠵᠢᠭᠤᠯᠴᠢᠯᠠᠯ᠎ᠤᠨ ᠭᠣᠤᠯ ᠰᠡᠳᠦᠪᠲᠦ ᠡᠵᠡᠩᠨᠡᠨ ᠪᠣᠷᠣᠯᠠᠭᠤᠯᠤᠯᠲᠠ ᠵᠡᠷᠭᠡ ᠵᠢᠭᠤᠯᠴᠢᠯᠠᠯ᠎ᠤᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠪᠥᠸᠧ ᠤᠣ ᠣᠯᠠᠨ ᠤᠯᠤᠰ᠎ᠤᠨ ᠵᠢᠭᠤᠯᠴᠢᠯᠠᠯ᠎ᠤᠨ ᠱᠠᠩᠨᠠᠯ᠎ᠢ ᠭᠥᠷᠳᠡᠪᠡ᠃ ᠵᠢᠷᠭᠤᠭ᠎ᠠ᠎ᠳᠤ᠂ 《ᠥᠪᠥᠷ ᠮᠣᠩᠭᠣᠯ᠎ᠤᠨ ᠦᠨᠦᠷ ᠠᠮᠲᠠ》 ᠨᠠᠷᠠᠲᠤ ᠲᠥᠷᠥᠯ ᠲᠡᠮᠳᠡᠭᠲᠦ ᠵᠢ ᠵᠣᠬᠢᠶᠠᠵᠠᠢ᠃ ᠣᠷᠣᠨ ᠨᠤᠲᠤᠭ᠎ᠤᠨ ᠣᠨᠴᠠᠯᠢᠭ᠎ᠲᠠᠢ ᠠᠮᠲᠠᠲᠤ ᠢᠳᠡᠭᠡᠨ᠎ᠤ IP᠎ᠢ ᠭᠦᠨᠵᠡᠭᠡᠢ᠌ᠷᠡᠨ ᠠᠭᠤᠳᠠᠯᠵᠤ᠂ ᠪᠤᠭᠤᠲᠤ ᠵᠢᠨ 9 ᠠᠮᠲᠠ᠂ ᠬᠥᠬᠡᠬᠣᠲᠠ ᠵᠢᠨ ᠤᠯᠠᠮᠵᠢᠯᠠᠯᠲᠤ 10 ᠠᠮᠲᠠ᠂ ᠤᠯᠠᠭ᠋ᠠᠨᠴᠠᠪ᠎ᠤᠨ ᠰᠣᠩᠭᠣᠳᠠᠭ 10 ᠠᠮᠲᠠ᠂ ᠣᠷᠳᠣᠰ᠎ᠤᠨ ᠳᠤᠯᠠᠭ᠋ᠠᠴᠠᠭᠤᠯᠬᠤ 10 ᠠᠮᠲᠠ᠂ ᠠᠯᠠᠱ᠌ᠠ ᠵᠢᠨ ᠦᠨᠭᠭᠡ ᠮᠢᠷᠠᠯᠵᠠᠭᠰᠠᠨ 14 ᠠᠮᠲᠠ ᠵᠡᠷᠭᠡ ᠵᠢ ᠵᠠᠯᠭ᠋ᠠᠭ᠎ᠠ᠎ᠪᠠᠷ ᠰᠠᠨᠠᠭ᠋ᠠᠴᠢᠯᠠᠨ ᠭᠠᠷᠭ᠋ᠠᠪᠠ᠃ 《ᠥᠪᠥᠷ ᠮᠣᠩᠭᠣᠯ᠎ᠤᠨ ᠦᠨᠦᠷ ᠠᠮᠲᠠ》 ᠣᠯᠠᠨ ᠤᠯᠤᠰ᠎ᠤᠨ ᠮᠣᠩᠭᠣᠯ ᠬᠣᠭᠣᠯᠠ ᠵᠢᠨ ᠪᠦᠲᠦᠭᠡᠯᠴᠢ ᠤᠷᠤᠯᠳᠤᠭ᠋ᠠᠨ᠎ᠢ ᠡᠷᠭᠢᠯᠡᠪᠡ᠃ 《ᠥᠪᠥᠷ ᠮᠣᠩᠭᠣᠯ᠎ᠤᠨ ᠦᠨᠦᠷ ᠠᠮᠲᠠ》 ᠣᠷᠣᠨ᠎ᠤ ᠳᠣᠲᠣᠷ᠎ᠠ ᠭᠠᠳᠠᠨᠠᠬᠢ ᠴᠢᠬᠤᠯᠠ ᠶᠡᠬᠡ ᠦᠵᠡᠭᠦᠯᠦᠯᠭᠡ ᠦᠵᠡᠰᠭᠦᠯᠡᠨᠭ᠎ᠤᠨ ᠴᠤᠭᠯᠠᠭ᠋ᠠᠨ᠎ᠳᠤ ᠣᠯᠠᠨᠲᠠ ᠣᠷᠣᠯᠴᠠᠵᠤ᠂ ᠤᠯᠠᠭ᠋ᠠᠨᠪᠠᠭ᠋ᠠᠲᠤᠷ᠂ ᠪᠸᠯᠦᠷᠦ᠋ᠰ᠂ ᠠᠦ᠋ᠰᠲᠷᠢᠶ᠎ᠠ᠎ᠳᠤ ᠬᠦᠷᠴᠦ ᠤᠬᠠᠭᠤᠯᠤᠨ ᠳᠡᠯᠭᠡᠷᠡᠭᠦᠯᠪᠡ᠃ ᠳᠣᠯᠣᠭ᠎ᠠ᠎ᠳᠤ᠂ ᠵᠢᠭᠤᠯᠴᠢᠯᠠᠯ᠎ᠤᠨ ᠪᠠᠶᠠᠷ ᠳᠤᠷᠠᠰᠬᠠᠯ᠎ᠤᠨ ᠠᠵᠢᠯᠯᠠᠭ᠎ᠠ ᠦᠷᠨᠢᠭᠦᠯᠵᠡᠢ᠃ ᠥᠪᠥᠷ ᠮᠣᠩᠭᠣᠯ᠎ᠤᠨ ᠵᠢᠭᠤᠯᠴᠢᠯᠠᠯ᠎ᠤᠨ ᠨᠠᠶ᠋ᠢᠷ ᠨᠠᠭ᠋ᠠᠳᠤᠮ᠂ ᠮᠥᠰᠥ ᠴᠠᠰᠤᠨ᠎ᠤ ᠨᠠᠶ᠋ᠢᠷ ᠨᠠᠭ᠋ᠠᠳᠤᠮ᠂ ᠮᠣᠩᠭᠣᠯ ᠬᠤᠪᠴᠠᠰᠤ ᠵᠠᠰᠠᠯ᠎ᠤᠨ ᠤᠷᠠᠯᠢᠭ᠎ᠤᠨ ᠨᠠᠶ᠋ᠢᠷ᠂ ᠷᠠᠰᠢᠶᠠᠨ᠎ᠤ ᠳ᠋ᠦ᠋ ᠵᠢᠤᠸᠠᠨ (ᠬᠤᠷᠴᠠ ᠤᠯᠠᠭ᠋ᠠᠨ ᠴᠡᠴᠡᠭ) ᠨᠠᠶ᠋ᠢᠷ᠂ ᠲᠠᠯ᠎ᠠ ᠨᠤᠲᠤᠭ᠎ᠤᠨ ᠲᠣᠷᠭ᠋ᠠᠨ᠎ᠤ ᠵᠠᠮ᠎ᠤᠨ ᠰᠣᠶᠤᠯ ᠵᠢᠭᠤᠯᠴᠢᠯᠠᠯ᠎ᠤᠨ ᠨᠠᠶ᠋ᠢᠷ᠂ ᠦᠬᠠᠶ ᠵᠢᠨ ᠣᠯᠠᠨ ᠤᠯᠤᠰ᠎ᠤᠨ ᠦᠵᠦᠮ᠎ᠤᠨ ᠠᠷᠢᠬᠢᠨ᠎ᠤ ᠨᠠᠶ᠋ᠢᠷ᠂ ᠲᠣᠣᠷᠠᠢ ᠵᠢᠨ ᠠᠮᠢ ᠠᠬᠤᠢ ᠵᠢᠨ ᠵᠢᠭᠤᠯᠴᠢᠯᠠᠯ᠎ᠤᠨ ᠨᠠᠶ᠋ᠢᠷ᠂ ᠴᠡᠴᠡᠭ᠎ᠤᠨ ᠤᠯᠠᠷᠢᠯ᠎ᠤᠨ ᠵᠢᠭᠤᠯᠴᠢᠯᠠᠯ᠎ᠤᠨ ᠡᠬᠢᠯᠡᠯᠲᠡ ᠵᠢᠨ ᠶᠣᠰᠣᠯᠠᠯ ᠵᠡᠷᠭᠡ ᠲᠡᠮᠳᠡᠭᠲᠦ ᠪᠠᠶᠠᠷ ᠳᠤᠷᠠᠰᠬᠠᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠡᠷᠬᠢᠯᠡᠪᠡ᠃ ᠬᠠᠷᠠᠮᠥ᠋ᠷᠡᠨ ᠮᠤᠵᠢ᠂ ᠾᠸᠪᠸᠢ ᠮᠤᠵᠢ ᠵᠢᠨ ᠵᠢᠭᠤᠯᠴᠢᠯᠠᠯ᠎ᠤᠨ ᠬᠥᠭᠵᠢᠯᠲᠡ ᠵᠢᠨ ᠶᠡᠬᠡ ᠬᠤᠷᠠᠯ᠂ 《9+10》 ᠣᠷᠣᠨ ᠪᠦᠰᠡ ᠵᠢᠨ ᠵᠢᠭᠤᠯᠴᠢᠯᠠᠯ᠎ᠤᠨ ᠬᠠᠮᠲᠤᠷᠠᠯᠴᠠᠭ᠎ᠠ ᠰᠣᠯᠢᠯᠴᠠᠭ᠋ᠠᠨ᠎ᠤ ᠬᠤᠷᠠᠯ᠂ 2019 ᠣᠨ᠎ᠤ ᠳᠤᠮᠳᠠᠳᠤ ᠤᠯᠤᠰ᠎ᠤᠨ ᠬᠣᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠢ ᠳᠡᠯᠭᠡᠷᠡᠭᠦᠯᠬᠦ ᠬᠣᠯᠪᠣᠭ᠋ᠠᠨ᠎ᠤ ᠶᠡᠬᠡ ᠬᠤᠷᠠᠯ᠎ᠢ ᠵᠣᠬᠢᠶᠠᠨ ᠪᠠᠶ᠋ᠢᠭᠤᠯᠤᠨ ᠣᠷᠣᠯᠴᠠᠪᠠ᠃
     (ᠳᠣᠯᠣᠭ᠎ᠠ) ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠃ ᠨᠢᠭᠡ᠎ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠢᠳᠡᠪᠬᠢᠲᠡᠶ ᠰᠢᠯᠢᠳᠡᠭᠵᠢᠭᠦᠯᠵᠡᠢ᠃ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠵᠦ᠂ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠪᠥᠬᠥ ᠲᠠᠯ᠎ᠠ᠎ᠪᠠᠷ ᠲᠠᠷᠤᠨ ᠬᠠᠰᠤᠵᠤ᠂ ᠬᠢᠨᠠᠨ ᠵᠥᠪᠰᠢᠶᠡᠷᠡᠬᠦ ᠵᠦᠢ᠍ᠯᠡᠰ᠎ᠢ ᠳᠦᠷᠢᠮᠵᠢᠭᠦᠯᠦᠨ᠂ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠪᠡ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠠᠨᠢᠵᠤ ᠠᠪᠤᠭᠰᠠᠨ 33 ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ ᠪᠦᠬᠦᠨ ᠵᠶ᠋ᠡᠷ ᠵᠶ᠋ᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠳᠤ ᠣᠷᠤᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠲᠥᠪᠯᠡᠷᠡᠭᠦᠯᠦᠨ ᠭᠦᠢ᠍ᠴᠡᠳᠭᠡᠬᠦ ᠵᠢ ᠪᠡᠶᠡᠯᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠬᠦᠴᠦᠲᠡᠶ ᠳᠡᠭᠡᠭᠰᠢᠯᠡᠭᠦᠯᠪᠡ᠃ ᠬᠣᠶᠠᠷ᠎ᠲᠤ᠂ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ   ᠶᠠᠪᠤᠭᠳᠠᠭᠤᠯᠪᠠ᠃ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠨᠢᠭᠡᠴᠢ᠂ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠬᠤ ᠠᠵᠢᠯ᠎ᠢ ᠢᠳᠡᠪᠬᠢᠲᠡᠶ ᠠᠬᠢᠭᠤᠯᠵᠠᠢ᠂ ᠥᠪᠥᠷ ᠮᠣᠩᠭᠣᠯ ᠪᠠᠭᠤᠳᠠᠯ ᠵᠡᠷᠭᠡ 4 ᠵᠢᠭᠤᠯᠴᠢᠯᠠᠯ᠎ᠤᠨ ᠠᠵᠤ ᠠᠬᠤᠶ᠋ᠢᠯᠠᠯ ᠲᠦᠷᠦᠭᠦᠤ ᠪᠦᠯᠦᠭ᠎ᠤᠨ ᠪᠥᠬᠥ ᠤᠯᠤᠰ᠎ᠤᠨ ᠪᠣᠯᠪᠠᠰᠤᠨ ᠵᠢᠱ᠌ᠢᠶ᠎ᠡ ᠦᠵᠡᠭᠦᠯᠬᠦ ᠨᠢᠭᠡᠴᠢ ᠵᠢ ᠪᠠᠶ᠋ᠢᠭᠤᠯᠬᠤ ᠴᠤᠪᠤᠷᠠᠯ᠎ᠳᠤ ᠣᠷᠣᠪᠠ᠃ ᠪᠥᠬᠥ ᠤᠯᠤᠰ᠎ᠤᠨ 《ᠪᠣᠯᠪᠠᠰᠤᠨ ᠵᠢᠭᠤᠯᠴᠢᠯᠠᠯ · ᠳᠤᠮᠳᠠᠳᠤ ᠤᠯᠤᠰ᠎ᠲᠤ ᠬᠤᠪᠢ ᠨᠡᠮᠡᠶ᠎ᠡ — ᠵᠠᠭᠤᠨ ᠬᠣᠲᠠ ᠮᠢᠩᠭ᠋ᠠᠨ ᠦᠵᠡᠮᠵᠢ ᠬᠦᠳᠡᠯᠦᠯᠴᠡᠯ᠎ᠡ》 ᠡᠬᠢᠯᠡᠯᠲᠡ ᠵᠢᠨ ᠶᠣᠰᠣᠯᠠᠯ᠎ᠢ ᠡᠷᠬᠢᠯᠡᠪᠡ᠂ ᠮᠠᠨᠵᠤᠤᠷ ᠪᠣᠭᠣᠮᠲᠠ ᠵᠢᠨ ᠤᠯᠤᠰ᠎ᠤᠨ ᠵᠢᠭᠤᠯᠴᠢᠯᠠᠯ ᠵᠡᠷᠭᠡ 4 ᠵᠢᠭᠤᠯᠴᠢᠯᠠᠯ᠎ᠤᠨ ᠠᠵᠤ ᠠᠬᠤᠶ᠋ᠢᠯᠠᠯ ᠥᠪᠡᠷᠲᠡᠭᠡᠨ ᠵᠠᠰᠠᠬᠤ ᠣᠷᠣᠨ᠎ᠤ 《ᠵᠠᠯᠠᠭᠤᠴᠤᠳ᠎ᠤᠨ ᠪᠣᠯᠪᠠᠰᠤᠨ ᠨᠡᠷᠡᠮᠵᠢᠲᠦ》᠎ᠪᠠᠷ ᠦᠨᠡᠯᠡᠭᠳᠡᠪᠡ᠃ ᠪᠥᠬᠥ ᠣᠷᠣᠨ᠎ᠤ ᠵᠢᠭᠤᠯᠴᠢᠯᠠᠯ᠎ᠤᠨ ᠬᠥᠲᠥᠴᠢ ᠪᠠ ᠵᠣᠴᠢᠳ᠎ᠤᠨ ᠪᠠᠭᠤᠳᠠᠯ᠎ᠤᠨ ᠦᠢ᠍ᠯᠡᠴᠢᠯᠡᠭᠡᠨ᠎ᠤ ᠤᠷ᠎ᠠ ᠮᠡᠷᠭᠡᠰᠢᠯ᠎ᠤᠨ ᠤᠷᠤᠯᠳᠤᠭ᠋ᠠᠨ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠥᠯᠥᠭᠡᠯᠡᠭᠴᠢ ᠰᠣᠩᠭᠣᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠤᠷᠤᠯᠳᠤᠭ᠋ᠠᠨ᠎ᠳᠤ ᠲᠣᠮᠢᠯᠠᠨ ᠣᠷᠤᠯᠴᠠᠭᠤᠯᠵᠠᠢ᠂ ᠤᠷᠤᠯᠳᠤᠭ᠋ᠠᠨ᠎ᠳᠤ ᠣᠷᠤᠯᠴᠠᠭᠰᠠᠨ ᠸᠠᠩ ᠽᠢ ᠰᠢᠤᠸᠠᠨ ᠪᠥᠬᠥ ᠤᠯᠤᠰ᠎ᠤᠨ ᠮᠥᠩᠭᠥᠨ ᠲᠡᠮᠳᠡᠭᠲᠦ ᠵᠢᠭᠤᠯᠴᠢᠯᠠᠯ᠎ᠤᠨ ᠬᠥᠲᠥᠴᠢ ᠵᠢᠨ ᠴᠣᠯᠠ ᠣᠯᠪᠠ᠃ ᠣᠳᠣᠨ ᠲᠡᠰ᠎ᠤᠨ ᠵᠣᠴᠢᠳ᠎ᠤᠨ ᠪᠠᠭᠤᠳᠠᠯ᠎ᠢ ᠦᠨᠡᠯᠡᠨ ᠲᠣᠭᠲᠠᠭ᠋ᠠᠬᠤ ᠠᠵᠢᠯ᠎ᠢ ᠦᠷᠨᠢᠭᠦᠯᠦᠭᠡᠳ ᠳᠥᠷᠪᠡᠨ ᠣᠳᠣᠨ ᠲᠡᠰ᠎ᠤᠨ ᠵᠢᠭᠤᠯᠴᠢᠯᠠᠯ᠎ᠤᠨ ᠪᠠᠭᠤᠳᠠᠯ 1 ᠵᠢ ᠦᠨᠡᠯᠡᠨ ᠲᠣᠭᠲᠠᠭ᠋ᠠᠵᠤ᠂ ᠣᠳᠣᠨ ᠲᠡᠰ᠎ᠤᠨ ᠵᠢᠭᠤᠯᠴᠢᠯᠠᠯ᠎ᠤᠨ ᠠᠷᠠᠳ᠎ᠤᠨ ᠪᠠᠭᠤᠳᠠᠯ 6 ᠵᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠵᠡᠢ᠃ ᠭᠤᠷᠪᠠ᠎ᠳᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠦᠷᠨᠢᠭᠦᠯᠵᠡᠢ᠃ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠴᠡᠭᠴᠡᠯᠡᠨ ᠵᠠᠰᠠᠬᠤ ᠠᠵᠢᠯᠯᠠᠭ᠎ᠠ ᠪᠠ ᠠᠮᠤᠷ ᠲᠦᠪᠰᠢᠨ ᠦᠢ᠍ᠯᠡᠳᠪᠦᠷᠢᠯᠡᠯ᠎ᠤᠨ ᠲᠧᠯᠸᠢᠰ ᠤᠲᠠᠰᠤᠨ᠎ᠤ ᠬᠤᠷᠠᠯ᠎ᠢ ᠬᠤᠷᠠᠯᠳᠤᠭᠤᠯᠵᠤ᠂ ᠪᠥᠬᠥ ᠣᠷᠣᠨ᠎ᠤ A ᠲᠠᠰ᠎ᠤᠨ ᠦᠵᠡᠮᠵᠢ ᠵᠢᠨ ᠣᠷᠣᠨ᠂ ᠣᠳᠣᠨ ᠲᠠᠰ᠎ᠤᠨ ᠵᠣᠴᠢᠳ᠎ᠤᠨ ᠪᠠᠭᠤᠳᠠᠯ᠂ ᠵᠢᠭᠤᠯᠴᠢᠯᠠᠯ᠎ᠤᠨ ᠬᠣᠷᠢᠶ᠎ᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠᠢ᠌ᠭᠤᠯᠭ᠎ᠠ᠂ ᠰᠣᠶᠣᠯ ᠴᠡᠩᠭᠡᠯ᠎ᠤᠨ ᠭᠠᠵᠠᠷ ᠲᠠᠯᠠᠪᠤᠷ᠎ᠲᠤ 60 ᠭᠠᠷᠤᠶ ᠤᠳᠠᠭ᠋ᠠᠨ᠎ᠤ ᠠᠮᠤᠷ ᠲᠦᠪᠰᠢᠨ᠎ᠤ ᠪᠠᠢ᠌ᠴᠠᠭ᠋ᠠᠯᠲᠠ ᠬᠢᠵᠦ᠂ ᠰᠣᠶᠣᠯ ᠪᠠ ᠵᠢᠭᠤᠯᠴᠢᠯᠠᠯ᠎ᠤᠨ ᠭᠠᠵᠠᠷ ᠲᠠᠯᠠᠪᠤᠷ᠎ᠤᠨ ᠠᠮᠤᠷ ᠲᠦᠪᠰᠢᠨ ᠦᠢ᠍ᠯᠡᠳᠪᠦᠷᠢᠯᠡᠯ᠎ᠤᠨ ᠪᠠᠢ᠌ᠴᠠᠭ᠋ᠠᠯᠲᠠ ᠪᠦᠬᠦᠨ᠎ᠢ ᠬᠠᠮᠤᠷᠬᠤ ᠵᠢ ᠪᠡᠶᠡᠯᠡᠭᠦᠯᠪᠡ᠃ ᠲᠦᠷᠪᠡ᠎ᠳᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠵᠡᠢ᠃ ᠭᠠᠳᠠᠭ᠋ᠠᠳᠤ ᠤᠯᠤᠰ᠎ᠤᠨ ᠤᠯᠤᠰ᠎ᠤᠨ ᠲᠣᠭ᠂ ᠤᠯᠤᠰ᠎ᠤᠨ ᠰᠦᠯᠳᠡ ᠵᠢ ᠡᠯᠭᠦᠭᠰᠡᠨ᠂ ᠲᠠᠯ᠎ᠠ ᠨᠤᠲᠤᠭ᠎ᠤᠨ ᠠᠮᠢ ᠠᠬᠤᠶ ᠵᠢᠨ ᠣᠷᠴᠢᠨ᠎ᠢ ᠡᠪᠳᠡᠭᠰᠡᠨ᠂ ᠬᠠᠤᠯᠢ ᠪᠤᠰᠤ ᠱᠠᠰᠢᠨ ᠰᠤᠷᠲᠠᠬᠤᠨ᠎ᠤ ᠬᠡᠪᠯᠡᠭᠳᠡᠬᠦᠨ᠂ ᠰᠤᠷᠭ᠋ᠠᠭᠤᠯᠢ ᠵᠢᠨ ᠬᠦᠷᠢᠶᠡᠨ᠎ᠤ ᠡᠷᠬᠢᠨ ᠲᠣᠭᠣᠷᠢᠨ᠎ᠤ ᠰᠣᠶᠣᠯ᠎ᠤᠨ ᠲᠠᠯᠠᠪᠤᠷ ᠭᠠᠵᠠᠷ ᠭᠡᠬᠦ ᠵᠡᠷᠭᠡ ᠵᠢ ᠴᠡᠭᠴᠡᠯᠡᠬᠦ᠂ 《ᠬᠠᠷ᠎ᠠ ᠵᠢᠭᠤᠯᠴᠢᠯᠠᠯ》 ᠵᠡᠷᠭᠡ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠰᠠᠮᠠᠭᠤᠨ ᠪᠠᠢ᠌ᠳᠠᠯ᠎ᠢ ᠵᠠᠰᠠᠬᠤ ᠠᠵᠢᠯᠯᠠᠭ᠎ᠠ ᠵᠢ ᠵᠠᠯᠭ᠋ᠠᠯᠳᠤᠭ᠎ᠠ᠎ᠪᠠᠷ ᠦᠷᠨᠢᠭᠦᠯᠵᠦ᠂ ᠵᠠᠭ᠋ᠠᠯᠳᠤᠬᠤ ᠪᠠ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠢᠯᠡ ᠪᠣᠯᠭ᠋ᠠᠨ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠲᠤ ᠰᠣᠯᠪᠢᠴᠠᠭ᠎ᠠ᠎ᠪᠠᠷ ᠬᠠᠤᠯᠢ ᠬᠡᠷᠡᠭᠵᠢᠭᠦᠯᠦᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠭᠤᠷᠪᠠᠳᠠᠬᠢ ᠡᠲᠡᠭᠡᠳ᠎ᠲᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠲᠤ 《ᠨᠢᠭᠤᠴᠠ ᠬᠡᠯᠪᠡᠷᠢ》᠎ᠪᠠᠷ ᠳᠠᠯᠳᠠᠭᠤᠷ ᠰᠤᠷᠪᠤᠯᠵᠢᠯᠠᠬᠤ ᠵᠢ ᠨᠠᠢ᠌ᠳᠠᠵᠤ ᠬᠢᠯᠭᠡᠨ᠂ ᠵᠠᠬ᠎ᠠ ᠳᠡᠯᠭᠡᠭᠦᠷ᠎ᠤᠨ ᠰᠠᠮᠠᠭᠤᠨ ᠦᠵᠡᠭᠳᠡᠯ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠵᠦ᠂ ᠭᠣᠤᠯᠳᠠᠯᠭ᠎ᠠ᠎ᠲᠠᠢ ᠭᠡᠮᠲᠦ ᠬᠡᠷᠡᠭ᠎ᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠰᠢᠢ᠍ᠳᠪᠦᠷᠢᠯᠡᠭᠦᠯᠪᠡ᠃
     (ᠨᠠᠢ᠍ᠮᠠ) ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠃ ᠨᠢᠭᠡ᠎ᠳᠤ᠂ ᠲᠤᠮᠤ ᠬᠡᠯᠪᠡᠷᠢ ᠵᠢᠨ ᠤᠯᠠᠨ ᠤᠯᠤᠰ᠎ᠤᠨ ᠬᠦᠳᠡᠯᠭᠡᠭᠡᠨ᠎ᠢ ᠡᠷᠬᠢᠯᠡᠵᠡᠢ᠃ ᠳᠥᠷᠪᠡᠳᠦᠭᠡᠷ ᠬᠤᠭᠤᠴᠠᠭ᠋ᠠᠨ᠎ᠤ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠵᠢᠭᠤᠯᠴᠢᠯᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠢ ᠳᠠᠭ᠋ᠠᠭ᠋ᠠᠨ ᠡᠷᠬᠢᠯᠡᠪᠡ᠃ 《ᠲᠦᠮᠡᠨ ᠭᠠᠵᠠᠷ᠎ᠤᠨ ᠴᠠᠢ ᠵᠢᠨ ᠵᠠᠮ》 ᠣᠯᠠᠨ ᠤᠯᠤᠰ᠎ᠤᠨ ᠵᠢᠭᠤᠯᠴᠢᠯᠠᠯ᠎ᠤᠨ ᠬᠣᠯᠪᠣᠭ᠋ᠠᠨ᠎ᠤ ᠠᠵᠢᠯ᠎ᠤᠨ ᠬᠤᠷᠠᠯ ᠪᠠ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠣᠷᠣᠰ ᠮᠣᠩᠭᠣᠯ ᠭᠤᠷᠪᠠᠨ ᠤᠯᠤᠰ ᠲᠠᠪᠤᠨ ᠭᠠᠵᠠᠷ᠎ᠤᠨ ᠬᠣᠯᠪᠤᠭ᠋ᠠᠲᠤ ᠬᠤᠷᠠᠯᠳᠤᠭ᠋ᠠᠨ᠎ᠢ ᠬᠤᠷᠠᠯᠳᠤᠭᠤᠯᠪᠠ᠃ ᠳᠤᠮᠳᠠᠳᠤ ᠮᠣᠩᠭᠣᠯ᠎ᠤᠨ ᠦᠵᠡᠰᠬᠦᠯᠡᠩ ᠬᠤᠳᠠᠯᠳᠤᠭ᠋ᠠᠨ᠎ᠤ ᠡᠬᠢᠯᠡᠯᠲᠡ ᠵᠢᠨ ᠶᠣᠰᠣᠯᠠᠯ᠎ᠤᠨ ᠲᠣᠭᠯᠠᠯᠲᠠ ᠵᠢ ᠳᠠᠭ᠋ᠠᠭ᠋ᠠᠨ ᠡᠷᠭᠢᠯᠡᠪᠡ᠃ ᠣᠯᠠᠨ ᠤᠯᠤᠰ᠎ᠤᠨ ᠮᠣᠩᠭᠣᠯ ᠪᠥᠵᠢᠭ᠎ᠤᠨ ᠲᠣᠭᠯᠠᠯᠲᠠ ᠵᠢᠨ ᠦᠵᠡᠭᠦᠯᠦᠯᠭᠡ᠂ ᠥᠪᠥᠷ ᠮᠣᠩᠭᠣᠯ᠎ᠤᠨ ᠣᠯᠠᠨ ᠤᠯᠤᠰ᠎ᠤᠨ ᠨᠠᠢ᠌ᠷᠠᠯ ᠳᠠᠭᠤᠤ ᠵᠢᠨ ᠭᠠᠷᠠᠭ᠎ᠤᠨ ᠬᠦᠳᠡᠯᠭᠡᠭᠡᠨ᠂ 《ᠲᠦᠮᠡᠨ ᠭᠠᠵᠠᠷ᠎ᠤᠨ ᠴᠠᠶ ᠵᠢᠨ ᠵᠠᠮ》 ᠰᠣᠶᠣᠯ ᠵᠢᠭᠤᠯᠴᠢᠯᠠᠯ᠎ᠤᠨ ᠦᠵᠡᠰᠬᠦᠯᠡᠩ ᠭᠡᠬᠦ ᠵᠡᠷᠭᠡ ᠬᠦᠳᠡᠯᠭᠡᠭᠡᠨ᠎ᠢ ᠡᠷᠭᠢᠯᠡᠪᠡ᠃ ᠮᠣᠩᠭᠣᠯ ᠤᠯᠤᠰ᠎ᠲᠤ ᠬᠦᠷᠴᠦ 《ᠳᠤᠮᠳᠠᠳᠤ ᠤᠯᠤᠰ᠎ᠢ ᠣᠢ᠌ᠯᠠᠭ᠋ᠠᠵᠤ ᠮᠡᠳᠡᠶ᠎ᠡ》 ᠳᠤᠮᠳᠠᠳᠤ ᠮᠣᠩᠭᠣᠯ᠎ᠤᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 70 ᠵᠢᠯ᠎ᠤᠨ ᠣᠶ ᠵᠢ ᠳᠤᠷᠠᠰᠬᠠᠬᠤ ᠰᠢᠷᠢᠰ ᠰᠣᠶᠣᠯ᠎ᠤᠨ ᠠᠵᠢᠯᠯᠠᠭ᠎ᠠ ᠵᠢ ᠡᠷᠭᠢᠯᠡᠪᠡ᠃ ᠬᠣᠶᠠᠷ᠎ᠲᠤ᠂ ᠰᠣᠶᠣᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠵᠠᠢ᠃ 6 ᠤᠷᠠᠯᠢᠭ᠎ᠤᠨ ᠪᠦᠯᠬᠦᠮ ᠳᠤᠭᠤᠢ᠌ᠯᠠᠨᠭ᠌᠎ᠢ ᠡᠨᠡᠳᠬᠡᠭ᠂ ᠪᠦᠲ᠋ᠠᠨ᠂᠎ᠲᠠᠢ ᠤᠯᠤᠰ᠂ ᠶᠠᠫᠣᠨ᠂ ᠡᠸᠽᠢᠤᠫᠢᠶ᠎ᠠ᠂ ᠷᠦᠸᠠᠨᠳᠠ᠂ ᠰᠸᠢᠢ᠍ᠱᠸᠯ᠂ ᠮᠠᠦ᠋ᠷᠢᠲ᠋ᠠᠨᠢᠶ᠎ᠠ᠂ ᠲᠦᠨᠢᠰ ᠵᠡᠷᠭᠡ 9 ᠤᠯᠤᠰ᠎ᠲᠤ ᠤᠷᠢᠳ ᠬᠣᠵᠢᠳ ᠲᠣᠮᠢᠯᠠᠨ ᠶᠠᠪᠤᠭᠤᠯᠵᠤ 《ᠪᠠᠶᠠᠷᠲᠤ ᠴᠠᠭ᠋ᠠᠨ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠪᠡ᠃ ᠲᠠᠨᠽᠠᠨᠢᠶ᠎ᠠ ᠵᠢᠨ ᠳᠤᠮᠳᠠᠳᠤ ᠤᠯᠤᠰ᠎ᠤᠨ ᠰᠣᠶᠣᠯ᠎ᠤᠨ ᠲᠥᠪ᠎ᠯᠦᠭᠡ ᠬᠠᠮᠲᠤᠷᠠᠯᠴᠠᠭ᠋ᠠᠳ 《ᠦᠵᠡᠰᠬᠦᠯᠡᠩᠲᠦ ᠰᠠᠶ᠋ᠢᠬᠠᠨ ᠮᠢᠨᠦ ᠨᠤᠲᠤᠭ》 ᠲᠠᠨᠽᠠᠨᠢᠶ᠎ᠠ · ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠵᠢᠯ᠎ᠤᠨ ᠠᠵᠢᠯᠯᠠᠭ᠎ᠠ ᠵᠢ ᠥᠷᠨᠢᠭᠦᠯᠪᠡ᠃ 20 ᠭᠠᠷᠤᠶ ᠤᠯᠤᠰ ᠬᠢᠭᠡᠳ ᠭᠠᠵᠠᠷ ᠣᠷᠣᠨ᠎ᠤ ᠤᠷᠠᠯᠢᠭᠴᠢᠳ᠎ᠤᠨ ᠪᠦᠯᠬᠦᠮ ᠳᠤᠭᠤᠶ᠋ᠢᠯᠠᠩ ᠳᠤᠮᠳᠠᠳᠤ ᠤᠯᠤᠰ᠎ᠲᠤ ᠢᠷᠡᠵᠦ ᠰᠣᠯᠢᠯᠴᠠᠭ᠎ᠠ ᠬᠢᠬᠦ ᠪᠣᠯᠤᠨ ᠲᠣᠭᠯᠠᠯᠲᠠ ᠭᠠᠷᠭ᠋ᠠᠬᠤ ᠵᠢ᠎ᠨᠢ ᠬᠦᠯᠢᠶᠡᠨ ᠠᠪᠴᠠᠶ᠃ ᠭᠤᠷᠪᠠ᠎ᠳᠤ᠂ ᠬᠢᠯᠢ ᠵᠢᠨ ᠭᠠᠳᠠᠨ᠎ᠠ ᠡᠵᠡᠩᠨᠡᠨ ᠪᠣᠷᠤᠯᠠᠭᠤᠯᠵᠤ ᠲᠡᠯᠭᠡᠷᠡᠭᠦᠯᠬᠦ ᠠᠵᠢᠯ᠎ᠢ ᠭᠦᠨᠵᠡᠢ᠌ᠭᠡᠢ᠌ᠷᠡᠭᠦᠯᠵᠡᠢ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠪᠦᠯᠬᠦᠮ ᠳᠤᠭᠤᠶ᠋ᠢᠯᠠᠩ᠎ᠢ ᠳᠠᠭ᠋ᠠᠵᠤ ᠯᠠᠤᠰ᠂ ᠺᠠᠮᠪᠣᠵᠠ᠎ᠳᠤ ᠬᠦᠷᠴᠦ ᠳᠤᠮᠳᠠᠳᠤ ᠯᠠᠤᠰ᠂ ᠳᠤᠮᠳᠠᠳᠤ ᠺᠠᠮᠪᠣᠵᠠ ᠵᠢᠨ ᠰᠣᠶᠣᠯ ᠵᠢᠭᠤᠯᠴᠢᠯᠠᠯ᠎ᠤᠨ ᠵᠢᠯ᠎ᠤᠨ ᠠᠵᠢᠯᠯᠠᠭ᠎ᠠ᠎ᠳᠤ ᠣᠷᠤᠯᠴᠠᠵᠠᠢ᠂ ᠭ᠋ᠸᠷᠮᠠᠨ᠂ ᠠᠷᠠᠪ᠎ᠤᠨ ᠬᠣᠯᠪᠣᠭ᠋ᠠᠲᠤ ᠠᠬᠠᠮᠠᠳᠳᠦ ᠤᠯᠤᠰ᠂ ᠶᠠᠫᠣᠨ᠂ ᠠᠩᠭ᠍ᠯᠢ ᠵᠢᠴᠢ ᠲᠠᠶ᠋ᠢᠸᠠᠨ᠂ ᠰᠢᠶᠠᠩᠭ᠋ᠠᠩ᠎ᠳᠤ ᠡᠷᠬᠢᠯᠡᠭᠰᠡᠨ ᠵᠢᠭᠤᠯᠴᠢᠯᠠᠯ᠎ᠤᠨ ᠦᠵᠡᠰᠬᠦᠯᠡᠩ ᠪᠠ ᠠᠷᠠᠯᠵᠢᠶᠠᠨ᠎ᠤ ᠴᠤᠭᠯᠠᠭ᠋ᠠᠨ᠎ᠳᠤ ᠣᠷᠣᠯᠴᠠᠪᠠ᠃ ᠶᠠᠫᠣᠨ᠂ ᠺᠣᠷᠢᠶᠠ᠂ ᠰᠢᠩᠭ᠋ᠠᠫᠣᠷ᠂ ᠮᠣᠩᠭᠣᠯ ᠪᠣᠯᠤᠨ ᠰᠢᠶᠠᠩᠭ᠋ᠠᠩ ᠵᠡᠷᠭᠡ ᠤᠯᠤᠰ ᠪᠣᠯᠤᠨ ᠭᠠᠵᠠᠷ ᠣᠷᠣᠨ᠎ᠳᠤ ᠥᠪᠥᠷ ᠮᠤᠨᠭ᠌ᠭᠤᠯ᠎ᠤᠨ ᠰᠣᠶᠣᠯ ᠵᠢᠭᠤᠯᠴᠢᠯᠠᠯ᠎ᠤᠨ ᠡᠵᠡᠩᠨᠡᠨ ᠪᠣᠷᠤᠯᠠᠭᠤᠯᠵᠤ ᠳᠡᠯᠭᠡᠷᠡᠭᠦᠯᠬᠦ ᠲᠥᠪ ᠪᠠᠶ᠋ᠢᠭᠤᠯᠪᠠ᠃ ᠠᠶ᠋ᠢᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠂ ᠠᠵᠤ ᠠᠬᠤᠶ᠋ᠢᠯᠠᠯ᠎ᠤᠨ ᠲᠥᠯᠥᠭᠡᠯᠡᠭᠴᠢ ᠵᠢ ᠵᠣᠬᠢᠶᠠᠨ ᠪᠠᠢ᠌ᠭᠤᠯᠤᠭ᠋ᠠᠳ ᠶᠠᠫᠣᠨ᠂ ᠺᠣᠷᠢᠶᠠ᠂ ᠰᠢᠩᠭ᠋ᠠᠫᠣᠷ᠂ ᠮᠣᠩᠭᠣᠯ᠂   ᠪᠸᠯᠤᠷᠦ᠋ᠰ᠂ ᠠᠦ᠋ᠰᠲᠷᠢᠶ᠎ᠠ ᠵᠡᠷᠭᠡ ᠵᠣᠷᠴᠢᠭᠴᠢ ᠵᠢᠨ ᠡᠬᠢ ᠰᠤᠷᠪᠤᠯᠵᠢ᠎ᠪᠠᠷ ᠴᠢᠬᠤᠯᠠ ᠤᠯᠤᠰ ᠣᠷᠣᠨ᠎ᠳᠤ ᠬᠦᠷᠴᠦ ᠵᠢᠭᠤᠯᠴᠢᠯᠠᠯ᠎ᠤᠨ ᠡᠵᠡᠩᠨᠡᠨ ᠪᠣᠷᠣᠯᠠᠭᠤᠯᠤᠯᠲᠠ ᠳᠡᠯᠭᠡᠷᠡᠭᠦᠯᠦᠯᠲᠡ ᠵᠢᠨ ᠠᠵᠢᠯᠯᠠᠭ᠎ᠠ ᠵᠢ ᠥᠷᠨᠢᠭᠦᠯᠪᠡ᠃ ᠳᠥᠷᠪᠡ᠎ᠳᠤ᠂ ᠬᠢᠯᠢ ᠵᠢᠨ ᠵᠢᠭᠤᠯᠴᠢᠯᠠᠯ᠎ᠢ ᠶᠡᠬᠡ᠎ᠪᠠᠷ ᠬᠦᠭᠵᠢᠭᠦᠯᠵᠡᠢ᠃ ᠮᠠᠨᠵᠤᠤᠷ᠎ᠤᠨ ᠬᠢᠯᠢ ᠵᠢᠨ ᠵᠢᠭᠤᠯᠴᠢᠯᠠᠯ᠎ᠤᠨ ᠲᠤᠷᠰᠢᠯᠲᠠ ᠵᠢᠨ ᠣᠷᠣᠨ᠎ᠢ ᠵᠣᠬᠢᠴᠠᠭᠤᠯᠤᠨ ᠠᠬᠢᠭᠤᠯᠬᠤ ᠤᠳᠤᠷᠢᠳᠬᠤ ᠲᠤᠭᠤᠢ᠌ᠯᠠᠨᠭ᠌ ᠪᠠᠶ᠋ᠢᠭᠤᠯᠵᠤ᠂ ᠮᠠᠨᠵᠤᠤᠷ᠎ᠤᠨ ᠬᠢᠯᠢ ᠵᠢᠨ ᠵᠢᠭᠤᠯᠴᠢᠯᠠᠯ᠎ᠤᠨ ᠲᠤᠷᠰᠢᠯᠲᠠ ᠵᠢᠨ ᠣᠷᠣᠨ᠎ᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠮᠠᠨᠵᠤᠤᠷ᠎ᠤᠨ ᠪᠣᠭᠣᠮᠲᠠ ᠵᠢᠨ ᠪᠦᠯᠬᠦᠮ᠎ᠤᠨ ᠵᠢᠭᠤᠯᠴᠢᠯᠠᠯ᠎ᠤᠨ ᠸᠢᠰᠠ᠂ ᠬᠢᠯᠢ ᠵᠢᠨ ᠵᠢᠭᠤᠯᠴᠢᠯᠠᠯ ᠣᠨᠳᠣᠣ ᠭᠠᠵᠠᠷ᠎ᠲᠤ ᠦᠨᠡᠮᠯᠡᠯ ᠭᠦᠢ᠍ᠴᠡᠳᠬᠡᠬᠦ᠂ ᠬᠢᠯᠢ᠎ᠪᠠᠷ ᠣᠷᠣᠵᠤ ᠭᠠᠷᠬᠤ ᠦᠨᠡᠮᠯᠡᠯ᠎ᠢ ᠬᠢᠨᠠᠨ ᠵᠦᠪᠰᠢᠶᠡᠷᠡᠬᠦ᠂ ᠭᠠᠳᠠᠭ᠋ᠠᠳᠤ ᠤᠯᠤᠰ᠎ᠤᠨ ᠬᠥᠮᠦᠨ᠎ᠤ ᠸᠢᠰᠠ ᠪᠠ ᠣᠷᠤᠨᠭ᠌ᠨᠠᠬᠤ ᠵᠥᠪᠰᠢᠶᠡᠷᠡᠯ᠎ᠢ ᠬᠢᠨᠠᠨ ᠵᠥᠪᠰᠢᠶᠡᠷᠡᠬᠦ᠂ ᠬᠢᠯᠢ ᠵᠢᠨ ᠠᠷᠠᠳ ᠬᠠᠷᠢᠯᠴᠠᠨ ᠮᠠᠢ᠌ᠮᠠᠢ᠌ᠯᠠᠵᠤ ᠬᠤᠳᠠᠯᠳᠤᠭ᠋ᠠᠯᠠᠬᠤ ᠵᠡᠷᠭᠡ ᠠᠯᠢ ᠣᠯᠠᠨ ᠠᠰᠢᠭᠲᠠᠢ ᠰᠠᠢ᠌ᠨ ᠲᠥᠷᠥ ᠵᠢᠨ ᠪᠣᠳᠣᠯᠭ᠎ᠠ ᠵᠢ ᠵᠠᠯᠭ᠋ᠠᠭ᠎ᠠ᠎ᠪᠠᠷ ᠬᠡᠷᠡᠭᠵᠢᠭᠦᠯᠵᠡᠢ᠂ ᠬᠢᠯᠢ ᠵᠢᠨ ᠵᠢᠭᠤᠯᠴᠢᠯᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ ᠥᠭᠡᠷᠡᠴᠢᠯᠡᠯᠲᠡ ᠰᠢᠨ᠎ᠡ ᠡᠭᠦᠳᠦᠯᠲᠡ᠎ᠨᠢ ᠴᠢᠬᠤᠯᠠ ᠶᠡᠬᠡ ᠰᠢᠪᠲᠤᠯᠤᠯᠲᠠ᠎ᠲᠠᠢ ᠪᠣᠯᠪᠠ᠃ ᠪᠦᠬᠦ ᠤᠯᠤᠰ᠎ᠤᠨ ᠬᠢᠯᠢ ᠵᠢᠨ ᠵᠢᠭᠤᠯᠴᠢᠯᠠᠯ᠎ᠤᠨ ᠠᠵᠢᠯ᠎ᠤᠨ ᠬᠤᠷᠠᠯᠳᠤᠭ᠋ᠠᠨ᠎ᠢ   ᠳᠠᠭ᠋ᠠᠭ᠋ᠠᠵᠤ ᠬᠢᠵᠡᠢ᠃
      ᠪᠥᠬᠥ ᠪᠥᠮᠪᠥᠷᠴᠡᠭ᠎ᠤᠨ ᠠᠵᠤ ᠠᠬᠤᠶ ᠪᠠᠭᠤᠷᠠᠬᠤ ᠳᠠᠷᠤᠯᠲᠠ ᠲᠠᠰᠤᠷᠠᠯᠲᠠ ᠥᠬᠡᠶ ᠨᠡᠮᠡᠭᠳᠡᠵᠦ ᠪᠠᠶ᠋ᠢᠭ᠎ᠠ ᠠᠬᠤᠶ ᠪᠠᠢ᠌ᠳᠠᠯ ᠳᠣᠤᠷ᠎ᠠ᠂ ᠪᠥᠬᠥ ᠣᠷᠣᠨ᠎ᠤ ᠵᠢᠭᠤᠯᠴᠢᠯᠠᠯ᠎ᠳᠤ ᠬᠦᠯᠢᠶᠡᠨ ᠠᠪᠤᠭᠰᠠᠨ ᠬᠥᠮᠦᠨ᠎ᠤ ᠲᠣᠭ᠎ᠠ ᠪᠠ ᠵᠢᠭᠤᠯᠴᠢᠯᠠᠯ᠎ᠤᠨ ᠣᠷᠤᠯᠭ᠎ᠠ ᠬᠣᠤᠰ ᠨᠡᠮᠡᠭᠳᠡᠯ᠎ᠢ ᠪᠡᠶᠡᠯᠡᠭᠦᠯᠪᠡ᠃ 2019 ᠣᠨ᠎ᠳᠤ᠂ ᠪᠥᠬᠥ ᠣᠷᠣᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠢᠭᠤᠯᠴᠢᠯᠠᠭᠴᠢᠳ᠎ᠢ 19512.48 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 10.05% ᠨᠡᠮᠡᠭᠳᠡᠪᠡ; ᠵᠢᠭᠤᠯᠴᠢᠯᠠᠯ᠎ᠤᠨ ᠦᠢ᠍ᠯᠡᠰ᠎ᠤᠨ ᠶᠡᠷᠦᠨᠭᠬᠡᠢ ᠣᠷᠣᠯᠭ᠎ᠠ 4651.49 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 12.01% ᠨᠡᠮᠡᠭᠳᠡᠪᠡ᠃


      ᠭᠤᠷᠪᠠ᠂ ᠰᠣᠶᠣᠯ ᠪᠠ ᠵᠢᠭᠤᠯᠴᠢᠯᠠᠯ᠎ᠤᠨ ᠰᠢᠰᠲ᠋ᠧᠮ ᠦᠪᠡᠷ᠎ᠤᠨ ᠪᠡᠶ᠎ᠡ ᠵᠢᠨ ᠪᠦᠲᠦᠭᠡᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠴᠢᠨᠭ᠌ᠭ᠋ᠠᠳᠬᠠᠵᠠᠢ
     (ᠨᠢᠭᠡ) ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ᠃ ᠨᠢᠭᠡ᠎ᠳᠤ᠂ ᠣᠨᠣᠯ ᠵᠶ᠋ᠠᠷ ᠵᠡᠪᠰᠡᠭᠯᠡᠬᠦ ᠵᠢ ᠲᠠᠰᠤᠷᠠᠯᠲᠠ ᠥᠬᠡᠶ ᠴᠢᠨᠭ᠌ᠭ᠋ᠠᠳᠬᠠᠪᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠢ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ᠎ᠤᠨ ᠰᠤᠷᠤᠯᠴᠠᠯᠭ᠎ᠠ ᠵᠢᠨ ᠨᠢᠭᠡᠳᠦᠭᠡᠷ ᠭᠣᠣᠯ ᠰᠡᠳᠦᠪ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠂ ᠰᠣᠶᠣᠯ ᠪᠠ ᠵᠢᠭᠤᠯᠴᠢᠯᠠᠯ᠎ᠤᠨ ᠲᠤᠬᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠤᠨ ᠲᠣᠭᠣᠷᠢᠨ᠎ᠳᠤ᠂ ᠲᠤᠰᠬᠠᠢ ᠰᠡᠳᠦᠪ ᠬᠤᠪᠢᠶᠠᠨ ᠬᠠᠮᠲᠤ ᠵᠢᠨ ᠰᠤᠷᠤᠯᠴᠠᠯᠭ᠎ᠠ ᠰᠤᠳᠤᠯᠤᠨ   ᠶᠠᠷᠢᠯᠴᠠᠬᠤ ᠠᠵᠢᠯ᠎ᠢ ᠥᠷᠨᠢᠭᠦᠯᠪᠡ᠃ 《ᠦᠵᠡᠯ ᠰᠠᠨᠠᠭ᠎ᠠ᠎ᠪᠠᠨ ᠳᠠᠬᠢᠨᠲᠠ ᠴᠢᠯᠥᠭᠡᠯᠡᠵᠦ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠲᠤᠲᠠᠶ ᠬᠡᠷᠡᠭᠵᠢᠭᠦᠯᠵᠦ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ》 ᠶᠡᠬᠡ ᠰᠤᠷᠤᠯᠴᠠᠯᠭ᠎ᠠ ᠶᠡᠬᠡ ᠶᠠᠷᠢᠯᠴᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠦᠷᠨᠢᠭᠦᠯᠦᠭᠰᠡᠨ ᠪᠦᠭᠡᠳ ᠰᠤᠷᠲᠠᠯ ᠤᠬᠠᠭᠤᠯᠭ᠎ᠠ ᠦᠵᠡᠯ ᠰᠠᠨᠠᠭ᠋ᠠᠨ᠎ᠤ ᠹᠷᠣᠨᠲ 《ᠬᠥᠯ᠎ᠤᠨ ᠬᠦᠴᠦ᠂ ᠬᠠᠷᠠᠴᠠ᠂ ᠲᠠᠷᠢᠬᠢᠨ᠎ᠤ ᠬᠦᠴᠦ᠂ ᠪᠢᠷ᠎ᠤᠨ ᠬᠦᠴᠦ》 ᠬᠥᠮᠦᠵᠢᠯ ᠦᠢ᠍ᠯᠡᠳᠦᠯᠭᠡ ᠵᠢᠨ ᠠᠵᠢᠯ᠎ᠢ ᠴᠢᠨᠭ᠌ᠭ᠋ᠠᠷᠠᠭᠤᠯᠵᠠᠢ᠃ 《ᠰᠤᠷᠤᠯᠴᠠᠯᠭ᠎ᠠ ᠵᠢᠨ ᠬᠢᠴᠢᠶᠡᠯ᠎ᠤᠨ ᠲᠠᠩᠬᠢᠮ》᠂ 《ᠲᠠᠯ᠎ᠠ ᠨᠤᠲᠤᠭ᠎ᠤᠨ ᠶᠠᠷᠢᠶᠠᠨ᠎ᠤ ᠲᠠᠪᠴᠠᠩ》᠂ 《ᠦᠵᠡᠰᠬᠦᠯᠡᠩ᠎ᠤᠨ ᠬᠦᠷᠢᠶᠡᠯᠡᠩ᠎ᠤᠨ ᠶᠠᠷᠢᠶᠠᠨ᠎ᠤ ᠲᠠᠪᠴᠠᠩ》 ᠵᠡᠷᠭᠡ ᠰᠤᠷᠤᠯᠴᠠᠬᠤ ᠠᠴᠢᠶᠠᠯᠠᠪᠤᠷᠢ ᠵᠢ ᠠᠰᠢᠭᠯᠠᠨ᠂ ᠡᠯ᠎ᠡ ᠲᠦᠷᠦᠯ᠎ᠤᠨ ᠲᠤᠰᠬᠠᠶ ᠰᠡᠳᠦᠪᠲᠦ ᠮᠡᠳᠡᠭᠦᠯᠦᠯᠲᠡ ᠵᠢᠨ ᠬᠤᠷᠠᠯ ᠪᠠ ᠲᠠᠶ᠋ᠢᠯᠤᠮᠵᠢ ᠬᠢᠴᠢᠶᠡᠯ᠎ᠢ 20 ᠭᠠᠷᠤᠶ ᠤᠳᠠᠭ᠎ᠠ ᠡᠷᠭᠢᠯᠡᠪᠡ᠃ ᠨᠠᠮ᠎ᠤᠨ ᠭᠡᠰᠢᠭᠦᠨ ᠺᠠᠳ᠋ᠷᠴᠤᠳ᠎ᠢ ᠳᠠᠶ᠋ᠢᠴᠢᠯᠠᠨ 《ᠰᠤᠷᠤᠯᠴᠠᠯᠭ᠎ᠠ ᠬᠦᠴᠦᠷᠬᠡᠭ ᠤᠯᠤᠰ》 APP ᠲᠠᠪᠴᠠᠩ᠎ᠢ ᠬᠡᠷᠡᠭᠯᠡᠵᠦ ᠥᠪᠡᠰᠦᠪᠡᠨ ᠰᠤᠷᠤᠯᠴᠠᠭᠤᠯᠪᠠ᠂ ᠰᠤᠷᠤᠯᠴᠠᠯᠭ᠎ᠠ ᠵᠢᠨ ᠦᠷ᠎ᠡ ᠪᠦᠲᠦᠮᠵᠢ ᠢᠯᠡᠳᠲᠡ ᠲᠡᠭᠡᠭᠰᠢᠯᠡᠵᠡᠢ᠃ ᠬᠣᠶᠠᠷ᠎ᠲᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠴᠢᠨᠭ᠌ᠭ᠋ᠠᠳᠬᠠᠵᠠᠢ᠃ 《ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠬᠦ ᠠᠷᠭ᠎ᠠ》 ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ 《1+7》 ᠵᠢᠨ ᠲᠦᠷᠢᠮ᠎ᠤᠨ ᠰᠢᠰᠲ᠋ᠧᠮᠵᠢ ᠵᠢ ᠲᠡᠭᠦᠯᠳᠡᠷᠵᠢᠭᠦᠯᠪᠡ᠃ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯ ᠬᠤᠷᠠᠯᠳᠤᠭᠤᠯᠵᠤ᠂ ᠡᠯ᠎ᠡ ᠲᠤᠬᠠᠶ᠋ᠢᠯᠠᠭᠰᠠᠨ ᠠᠵᠢᠯ᠎ᠤᠨ ᠬᠦᠷᠢᠶᠡᠨ᠎ᠳᠠᠬᠢ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠰᠣᠨᠣᠰᠴᠤ᠂ ᠨᠡᠶ᠋ᠢᠭᠡᠮ᠎ᠤᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ ᠪᠠ ᠦᠵᠡᠯ ᠤᠬᠠᠮᠰᠠᠷ᠎ᠤᠨ ᠬᠡᠯᠪᠡᠷᠢ᠎ᠳᠤ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠪᠠ᠃ ᠴᠢᠬᠤᠯᠠ ᠶᠡᠬᠡ ᠰᠣᠶᠣᠯ ᠪᠠ ᠵᠢᠭᠤᠯᠴᠢᠯᠠᠯ᠎ᠤᠨ ᠠᠵᠢᠯᠯᠠᠭ᠎ᠠ ᠵᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠲᠣᠭᠲᠠᠴᠠ ᠵᠢ ᠪᠦᠲᠦᠮᠵᠢᠲᠡᠢ ᠳᠦᠷᠢᠮᠵᠢᠭᠦᠯᠵᠦ᠂ ᠤᠷᠠᠯᠢᠭ᠎ᠤᠨ ᠵᠣᠬᠢᠶᠠᠨ ᠪᠦᠲᠦᠭᠡᠯᠭᠡ᠂ ᠦᠵᠡᠰᠬᠦᠯᠡᠩ ᠦᠵᠡᠭᠦᠯᠦᠯᠭᠡ᠂ ᠲᠠᠶ᠋ᠢᠯᠤᠮᠵᠢ ᠶᠠᠷᠢᠶᠠᠨ᠎ᠤ ᠲᠠᠪᠴᠠᠩ᠂ ᠰᠣᠶᠣᠯ᠎ᠤᠨ ᠵᠠᠬ᠎ᠠ ᠳᠡᠯᠭᠡᠭᠦᠷ᠂ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠭᠠᠳᠠᠭ᠋ᠠᠳᠤ᠎ᠲᠠᠢ ᠰᠣᠯᠢᠯᠴᠠᠭ᠎ᠠ ᠬᠢᠬᠦ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠤᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠪᠠ᠃ ᠢᠨᠲ᠋ᠧᠷ ᠰᠦᠯᠵᠢᠶ᠎ᠡ ᠵᠢᠨ ᠨᠠᠵᠠᠭ᠋ᠠᠶ ᠲᠠᠯ᠎ᠠ ᠵᠢᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠠᠮᠢᠶᠠᠷᠤᠨ ᠡᠵᠡᠮᠳᠡᠬᠦ ᠵᠢ ᠬᠢᠨᠠᠮᠠᠭ᠋ᠠᠶ ᠰᠠᠶ᠋ᠢᠲᠤᠷ ᠠᠳᠬᠤᠵᠤ᠂ ᠤᠯᠠᠭ᠋ᠠᠨᠪᠤᠲᠤᠩ ᠦᠵᠡᠮᠵᠢ ᠵᠢᠨ ᠣᠷᠣᠨ᠎ᠤ ᠲᠣᠰᠬᠣᠨ᠎ᠤ ᠠᠷᠠᠳ ᠪᠠ ᠵᠢᠭᠤᠯᠴᠢᠯᠠᠯ᠎ᠤᠨ ᠺᠣᠮᠫᠠᠨᠢ ᠵᠢᠨ ᠬᠣᠭᠣᠷᠣᠨᠳᠣ ᠮᠥᠷᠭᠥᠯᠳᠦᠭᠡᠨ ᠭᠠᠷᠴᠤ᠂ ᠭᠠᠳᠠᠷ ᠣᠷᠣᠨ᠎ᠤ ᠵᠢᠭᠤᠯᠴᠢᠯᠠᠯ᠎ᠤᠨ ᠲᠡᠷᠭᠡ ᠬᠥᠰᠬᠡ ᠳᠣᠯᠣᠨᠨᠠᠭᠤᠷ ᠰᠢᠶᠠᠨ᠎ᠳᠤ ᠨᠤᠲᠤᠭ ᠪᠡᠯᠴᠢᠭᠡᠷ᠎ᠢ ᠵᠣᠷᠢᠭᠤᠳᠠ ᠲᠠᠷᠤᠭᠰᠠᠨ ᠵᠡᠷᠭᠡ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠴᠠᠭ ᠲᠤᠬᠠᠶ᠎ᠳᠤ᠎ᠨᠢ ᠥᠨᠳᠥᠷ ᠪᠦᠲᠦᠮᠵᠢᠲᠡᠶ ᠰᠢᠢ᠍ᠳᠪᠦᠷᠢᠯᠡᠭᠡᠳ ᠶᠠᠷᠢᠶ᠎ᠠ ᠬᠡᠯᠡᠯᠴᠡᠭᠡᠨ᠎ᠤ ᠢᠲᠡᠭᠡᠯ ᠵᠥᠪᠰᠢᠶᠡᠯ᠎ᠢ ᠣᠯᠪᠠ᠃ ᠭᠤᠷᠪᠠ᠎ᠳᠤ᠂ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠦᠷᠨᠢᠭᠦᠯᠵᠡᠢ᠃ ᠪᠥᠬᠥ ᠨᠠᠮ᠎ᠳᠤ 《ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ ᠥᠷᠨᠢᠭᠦᠯᠬᠦ ᠲᠤᠬᠠᠶ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠵᠢ ᠭᠣᠤᠯ ᠰᠢᠵᠢᠮ ᠵᠶ᠋ᠡᠨ ᠪᠣᠯᠭ᠋ᠠᠨ ᠢᠮᠠᠭᠲᠠ ᠲᠤᠭᠤᠰᠢᠯᠠᠭᠤᠯᠬᠤ ᠵᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠂ ᠪᠠᠶ᠋ᠢᠴᠠᠭ᠋ᠠᠨ ᠰᠤᠳᠤᠯᠤᠯᠲᠠ᠂ ᠠᠰᠠᠭᠤᠳᠠᠯ᠎ᠢ ᠪᠠᠶ᠋ᠢᠴᠠᠭ᠋ᠠᠨ ᠦᠵᠡᠬᠦ᠂ ᠴᠡᠭᠴᠡᠯᠡᠨ ᠰᠠᠶ᠋ᠢᠵᠢᠷᠠᠭᠤᠯᠵᠤ ᠨᠠᠢ᠌ᠳᠠᠪᠤᠷᠢᠵᠢᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠪᠠ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠠᠮᠲᠤ ᠵᠢᠨ ᠰᠤᠷᠤᠯᠴᠠᠯᠭ᠎ᠠ ᠵᠢ 7 ᠤᠳᠠᠭ᠎ᠠ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠡᠮᠦᠨ᠎ᠡ ᠬᠣᠢ᠌ᠨ᠎ᠠ 4 ᠤᠳᠠᠭ᠎ᠠ ᠬᠤᠷᠠᠯᠳᠤᠭᠤᠯᠵᠤ᠂ 170 ᠭᠠᠷᠤᠶ ᠬᠥᠮᠦᠨ ᠤᠳᠠᠭ᠎ᠠ ᠦᠨᠳᠦᠰᠦᠨ ᠱᠠᠲᠤᠨ᠎ᠳᠤ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠲᠠ ᠬᠢᠵᠦ ᠰᠤᠷᠤᠯᠴᠠᠭᠰᠠᠨ ᠣᠯᠤᠯᠲᠠ᠂ ᠰᠤᠳᠤᠯᠤᠨ ᠶᠠᠷᠢᠯᠴᠠᠭᠰᠠᠨ ᠮᠠᠲᠸᠷᠢᠶᠠᠯ᠂ ᠪᠠᠶ᠋ᠢᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠵᠢ 300 ᠭᠠᠷᠤᠶ ᠪᠢᠴᠢᠪᠡ᠂ ᠡᠯ᠎ᠡ ᠲᠥᠷᠥᠯ᠎ᠤᠨ ᠰᠠᠨᠠᠭᠤᠯᠭ᠎ᠠ ᠰᠠᠨᠠᠯ᠎ᠢ 323 ᠴᠤᠭᠯᠠᠭᠤᠯᠵᠤ᠂ 39 ᠲᠤᠰᠬᠠᠶ ᠴᠡᠭᠴᠡᠯᠡᠨ ᠵᠠᠰᠠᠬᠤ ᠲᠥᠰᠦᠯ᠎ᠢ ᠲᠣᠭᠲᠠᠭ᠋ᠠᠪᠠ᠃ ᠰᠤᠷᠤᠯᠴᠠᠬᠤ᠎ᠪᠠᠷ ᠰᠤᠳᠤᠯᠤᠯᠲᠠ ᠵᠢ ᠠᠬᠢᠭᠤᠯᠵᠤ᠂ ᠰᠤᠳᠤᠯᠬᠤ᠎ᠪᠠᠷ ᠪᠠᠶ᠋ᠢᠴᠠᠭ᠋ᠠᠯᠲᠠ ᠵᠢ ᠠᠬᠢᠭᠤᠯᠵᠤ᠂ ᠪᠠᠶ᠋ᠢᠴᠠᠭ᠋ᠠᠬᠤ ᠎ᠪᠠᠷ ᠥᠭᠡᠷᠡᠴᠢᠯᠡᠯᠲᠡ ᠵᠢ ᠠᠬᠢᠭᠤᠯᠵᠤ᠂   ᠰᠤᠷᠤᠯᠴᠠᠬᠤ ᠪᠠ ᠬᠢᠬᠦ ᠵᠢ ᠤᠶᠠᠯᠳᠤᠭᠤᠯᠬᠤ᠂ ᠪᠠᠢ᠌ᠴᠠᠭ᠋ᠠᠬᠤ ᠪᠠ ᠵᠠᠰᠠᠬᠤ ᠵᠢ ᠨᠡᠪᠲᠡᠷᠡᠭᠦᠯᠵᠦ᠂ ᠤᠨᠤᠯ᠎ᠤᠨ ᠰᠤᠷᠤᠯᠴᠠᠯᠭ᠎ᠠ᠎ᠳᠤ ᠣᠯᠤᠯᠲᠠ᠎ᠲᠠᠢ᠂ ᠦᠵᠡᠯ ᠰᠠᠨᠠᠭ᠎ᠠ ᠤᠯᠤᠰ ᠲᠦᠷᠦ ᠠᠷᠢᠭᠤᠳᠬᠠᠭᠳᠠᠬᠤ᠂ ᠠᠵᠢᠯ ᠬᠢᠵᠦ ᠦᠢ᠍ᠯᠡᠰ ᠪᠤᠰᠬᠠᠬᠤ᠎ᠳᠤ ᠵᠣᠷᠢᠭᠲᠠᠢ᠎ᠪᠠᠷ ᠬᠠᠷᠢᠭᠤᠴᠠᠯᠭ᠎ᠠ᠎ᠪᠠᠨ ᠡᠭᠦᠷᠭᠡᠯᠡᠬᠦ᠂ ᠠᠷᠠᠳ᠎ᠲᠤ ᠦᠢ᠍ᠯᠡᠴᠢᠯᠡᠵᠦ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠂ ᠲᠥᠪ ᠭᠣᠣᠯᠴᠢ ᠠᠷᠢᠭᠤᠨ ᠴᠢᠭᠴᠢ ᠬᠡᠪ ᠳᠠᠭᠤᠷᠢᠶᠠᠯ ᠪᠣᠯᠬᠤ ᠬᠠᠷᠠᠯᠲᠠ᠎ᠳᠤ ᠦᠨᠡᠨ ᠬᠦ᠌ ᠬᠦᠷᠴᠡᠢ᠃ ᠲᠦᠷᠪᠡ᠎ᠳᠤ᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠴᠢᠨᠭ᠌ᠭ᠋ᠠᠳᠬᠠᠵᠠᠢ᠃ ᠨᠠᠮ᠎ᠤᠨ ᠠᠵᠢᠯ᠎ᠤᠨ ᠬᠤᠷᠠᠯᠳᠤᠭ᠋ᠠᠨ᠎ᠢ ᠬᠤᠷᠠᠯᠳᠤᠭᠤᠯᠵᠤ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠬᠢᠨᠠᠨ ᠰᠢᠯᠭ᠋ᠠᠬᠤ ᠭᠦᠢ᠍ᠴᠡᠳᠭᠡᠯ ᠨᠣᠷᠮ᠎ᠠ ᠵᠢᠴᠢ ᠦᠨᠡᠯᠡᠬᠦ ᠠᠷᠭ᠎ᠠ ᠵᠢ ᠲᠡᠭᠦᠯᠳᠡᠷᠵᠢᠭᠦᠯᠪᠡ᠃ 《ᠨᠠᠮ᠎ᠤᠨ ᠡᠭᠦᠷ᠎ᠤᠨ ᠠᠵᠢᠯ᠎ᠤᠨ ᠲᠦᠷᠢᠮ》᠎ᠢ ᠴᠢᠩᠭ᠎ᠠ ᠨᠠᠶ᠋ᠢᠳᠠᠪᠤᠷᠢᠵᠢᠭᠤᠯᠵᠤ᠂ ᠪᠠᠶ᠋ᠢᠭᠤᠯᠭ᠎ᠠ ᠵᠢᠨ ᠨᠠᠮ᠎ᠤᠨ ᠡᠭᠦᠷ 15 ᠵᠢ ᠵᠣᠬᠢᠶᠠᠨ ᠪᠠᠶ᠋ᠢᠭᠤᠯᠵᠤ᠂ ᠨᠠᠮ᠎ᠤᠨ ᠡᠭᠦᠷ᠎ᠤᠨ ᠱᠦᠵᠢ᠂ ᠭᠡᠰᠢᠭᠦᠨ᠎ᠢ ᠪᠦᠷᠢᠨ ᠭᠦᠢ᠍ᠴᠡᠳ ᠲᠣᠬᠢᠷᠠᠭᠤᠯᠵᠤ᠂ ᠰᠢᠨ᠎ᠡ᠎ᠪᠠᠷ ᠲᠣᠮᠢᠯᠠᠭᠳᠠᠭᠰᠠᠨ ᠨᠠᠮ᠎ᠤᠨ ᠡᠭᠦᠷ᠎ᠤᠨ ᠱᠦᠵᠢ᠂ ᠰᠠᠬᠢᠯᠭ᠎ᠠ ᠪᠠᠲᠤ ᠪᠠᠶ᠋ᠢᠴᠠᠭ᠋ᠠᠬᠤ ᠭᠡᠰᠢᠭᠦᠨ᠎ᠢ ᠵᠣᠬᠢᠶᠠᠨ ᠪᠠᠶ᠋ᠢᠭᠤᠯᠤᠨ ᠲᠤᠰᠬᠠᠶ ᠰᠡᠳᠦᠪᠲᠦ ᠲᠠᠳᠬᠠᠯᠵᠢᠭᠤᠯᠤᠯ ᠪᠣᠯᠪᠠᠰᠤᠷᠠᠭᠤᠯᠤᠯ ᠬᠢᠪᠡ᠃ ᠨᠠᠮ᠎ᠤᠨ ᠡᠭᠦᠷ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ   ᠪᠡᠶᠡᠯᠡᠭᠦᠯᠵᠦ᠂ 《ᠭᠤᠷᠪᠠᠨ ᠬᠤᠷᠠᠯ ᠨᠢᠭᠡ ᠬᠢᠴᠢᠶᠡᠯ》᠎ᠤᠨ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ 《ᠨᠠᠮ᠎ᠤᠨ ᠲᠣᠭ᠎ᠢ ᠭᠢᠯᠠᠯᠵᠠᠭᠤᠯᠵᠤ · ᠡᠯᠡᠰᠦᠨ ᠴᠥᠯ᠎ᠢ ᠦᠨᠭᠭᠡᠯᠡᠬᠦ》 ᠠᠯᠪᠠᠨ ᠵᠢᠷᠤᠮ᠎ᠤᠨ ᠮᠣᠳᠣ ᠳᠠᠷᠢᠬᠤ ᠬᠦᠳᠡᠯᠭᠡᠭᠡᠨ ᠵᠡᠷᠭᠡ ᠠᠯᠢ ᠣᠯᠠᠨ ᠠᠭᠤᠯᠭ᠎ᠠ ᠪᠠᠶᠠᠯᠢᠭ᠂ ᠠᠷᠪᠢᠨ ᠬᠡᠯᠪᠡᠷᠢ ᠵᠢᠨ ᠨᠠᠮ᠎ᠤᠨ ᠡᠳᠦᠷ᠎ᠤᠨ ᠭᠣᠤᠯ ᠰᠡᠳᠦᠪᠲᠦ ᠠᠵᠢᠯᠯᠠᠭ᠎ᠠ ᠵᠢ ᠦᠷᠨᠢᠭᠦᠯᠪᠡ᠃ 《ᠲᠤᠯᠤᠭ᠋ᠠᠨ ᠰᠠᠷ᠎ᠠ ᠵᠢᠨ ᠨᠢᠭᠡᠨ》᠎ᠤ ᠬᠤᠭᠤᠴᠠᠭ᠋ᠠᠨ᠎ᠳᠤ᠂ 2018 — 2019 ᠣᠨ᠎ᠤ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠳᠤᠮᠳᠠ ᠰᠢᠯᠢᠳᠡᠭ ᠠᠮᠵᠢᠯᠲᠠ ᠣᠯᠤᠭᠰᠠᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠡᠪ ᠬᠠᠮᠲᠤ ᠨᠠᠮ᠎ᠤᠨ ᠭᠡᠰᠢᠭᠦᠨ᠎ᠢ ᠶᠡᠬᠡ᠎ᠪᠠᠷ ᠬᠥᠬᠢᠭᠦᠯᠦᠨ ᠰᠠᠶ᠋ᠢᠰᠢᠶᠠᠪᠠ᠃ ᠥᠪᠥᠷ ᠮᠣᠩᠭᠣᠯ᠎ᠤᠨ ᠮᠦᠽᠧᠢ᠂ ᠥᠪᠥᠷ ᠮᠣᠩᠭᠣᠯ᠎ᠤᠨ ᠨᠣᠮ᠎ᠤᠨ ᠰᠠᠩ ᠵᠡᠷᠭᠡ 2 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ 4 ᠡᠪ ᠬᠠᠮᠲᠤ ᠨᠠᠮ᠎ᠤᠨ ᠭᠡᠰᠢᠭᠦᠨ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠣᠷᠢᠶᠠᠨ᠎ᠤ ᠬᠥᠬᠢᠭᠦᠯᠦᠯ᠎ᠢ ᠣᠯᠵᠠᠢ᠃ ᠡᠪ ᠬᠠᠮᠲᠤ ᠵᠠᠯᠠᠭᠤᠴᠤᠳ᠎ᠤᠨ ᠡᠪᠯᠡᠯ᠂ ᠠᠵᠢᠯᠴᠢᠨ᠎ᠤ ᠡᠪᠯᠡᠯ᠎ᠤᠨ ᠠᠵᠢᠯ ᠴᠢᠩᠭ᠋ᠠᠷᠠᠪᠠ᠃ ᠲᠠᠪᠤ᠎ᠳᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠠᠵᠢᠯ᠎ᠢ ᠭᠦᠨᠵᠡᠭᠡᠶ ᠥᠷᠨᠢᠭᠦᠯᠪᠡ᠃ ᠨᠠᠮ᠎ᠤᠨ ᠰᠤᠷᠲᠠᠯ ᠪᠠ ᠠᠷᠢᠭᠤᠨ ᠴᠢᠭᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯᠳᠤᠭ᠋ᠠᠨ᠎ᠢ ᠬᠤᠷᠠᠯᠳᠤᠭᠤᠯᠪᠠ᠃ 《ᠲᠦᠷᠪᠡᠨ ᠨᠣᠶᠠᠨ》᠎ᠤ ᠠᠰᠠᠭᠤᠳᠠᠯ ᠪᠠ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠲᠤᠪᠤᠢ᠍ᠢ᠍ᠮ᠎ᠠ ᠠᠰᠠᠭᠤᠳᠠᠯ᠎ᠢ ᠴᠡᠭᠴᠡᠯᠡᠨ ᠵᠠᠰᠠᠵᠤ᠂ ᠪᠠᠶ᠋ᠢᠭᠤᠯᠭ᠎ᠠ ᠵᠢᠨ ᠤᠯᠤᠰ ᠲᠦᠷᠦ ᠵᠢᠨ ᠠᠮᠢ ᠠᠬᠤᠶ ᠵᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠵᠢ ᠭᠦᠨᠵᠡᠭᠡᠶ ᠦᠷᠨᠢᠭᠦᠯᠦᠭᠡᠳ ᠨᠡᠢ᠍ᠢ᠍ᠳᠡ 1000 ᠭᠠᠷᠤᠶ 《ᠳᠦᠷᠪᠡᠨ ᠨᠣᠶᠠᠨ》᠎ᠤ ᠠᠰᠠᠭᠤᠳᠠᠯ᠎ᠢ ᠪᠠᠶ᠋ᠢᠴᠠᠭ᠋ᠠᠨ ᠡᠷᠢᠵᠦ᠂ ᠰᠢᠯᠲᠠᠭ᠋ᠠᠨ᠎ᠢ ᠭᠦᠨᠵᠡᠭᠡᠶ ᠵᠠᠳᠠᠯᠤᠨ ᠰᠢᠨᠵᠢᠯᠡᠵᠦ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠲᠤᠰ ᠲᠤᠰ ᠲᠣᠭᠲᠠᠭ᠋ᠠᠪᠠ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ᠎ᠬᠢ ᠠᠰᠠᠭᠤᠳᠠᠯ᠂ 《ᠪᠤᠯᠬᠢ ᠭᠦᠨ ᠤᠬᠠᠭ᠋ᠠᠨ᠂ ᠪᠦᠯᠦᠭᠯᠡᠬᠦ ᠰᠣᠶᠤᠯ》᠎ᠤᠨ ᠠᠰᠠᠭᠤᠳᠠᠯ᠂ ᠤᠯᠠᠨ ᠲᠦᠮᠡᠨ᠎ᠤ ᠠᠰᠢᠭ ᠲᠤᠰᠠ ᠵᠢ ᠬᠠᠢ᠌ᠬᠤᠷᠬᠤ ᠦᠭᠡᠢ ᠬᠣᠬᠢᠷᠠᠭᠤᠯᠤᠭᠰᠠᠨ ᠠᠰᠠᠭᠤᠳᠠᠯ᠂ ᠤᠳᠤᠷᠢᠳᠬᠤ ᠺᠠᠳ᠋ᠷᠴᠤᠳ ᠬᠣᠪᠣᠷ ᠨᠠᠨᠳᠢᠨ ᠣᠨᠴᠠ ᠭᠠᠷᠤᠯᠲᠠ ᠣᠨᠴᠠᠭ᠋ᠠᠢ ᠡᠬᠢ ᠪᠠᠶᠠᠯᠢᠭ᠎ᠢ ᠠᠰᠢᠭᠯᠠᠨ ᠬᠤᠪᠢ ᠵᠢᠨ ᠠᠰᠢᠭ ᠣᠯᠭᠤᠬᠤ ᠠᠰᠠᠭᠤᠳᠠᠯ ᠵᠡᠷᠭᠡ ᠰᠢᠷᠢᠰ ᠲᠤᠰᠬᠠᠶ ᠴᠡᠭᠴᠡᠯᠡᠨ ᠵᠠᠰᠠᠬᠤ ᠠᠵᠢᠯ᠎ᠢ ᠪᠠᠶ᠋ᠢᠷᠢᠯᠠᠭᠤᠯᠤᠨ ᠦᠷᠨᠢᠭᠦᠯᠦᠭᠰᠡᠨ ᠪᠥᠭᠡᠳ ᠠᠰᠠᠭᠤᠳᠠᠯ᠎ᠢ ᠢᠯᠡᠷᠡᠭᠦᠯᠬᠦ᠎ᠳᠤ ᠴᠢᠭᠯᠡᠭᠦᠯᠦᠨ ᠲᠤᠰᠬᠠᠶ ᠰᠡᠳᠦᠪᠲᠦ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠬᠢᠪᠡ᠃ 《ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠂ 《ᠰᠠᠨᠠᠭ᠋ᠠᠰᠢᠷᠠᠨ ᠵᠣᠪᠠᠨᠢᠬᠤ ᠤᠬᠠᠮᠰᠠᠷ ᠵᠶ᠋ᠠᠨ ᠴᠢᠩᠭ᠋ᠠᠳᠬᠠᠵᠤ᠂ ᠠᠶᠤᠯ ᠲᠦᠭᠰᠢᠭᠦᠷᠢᠲᠦ ᠥᠷᠢᠰᠥᠯᠳᠦᠭᠡᠨ᠎ᠢ ᠰᠡᠷᠭᠡᠶ᠋ᠢᠯᠡᠬᠦ》᠂ 《ᠪᠣᠯᠬᠢ ᠭᠦᠨ ᠤᠬᠠᠭ᠋ᠠᠨ᠂ ᠪᠦᠯᠦᠭᠯᠡᠬᠦ ᠰᠣᠶᠣᠯ》 ᠵᠡᠷᠭᠡ ᠵᠢᠨ ᠲᠣᠭᠤᠷᠢᠨ᠎ᠳᠤ ᠠᠯᠢ ᠣᠯᠠᠨ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃
     (ᠬᠣᠶᠠᠷ) ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ᠃ ᠨᠢᠭᠡ᠎ᠳᠤ᠂ ᠺᠠᠳ᠋ᠷ᠎ᠤᠨ ᠠᠵᠢᠯ᠎ᠢ ᠴᠢᠩᠭ᠋ᠠᠳᠬᠠᠪᠠ᠃ ᠰᠢᠨ᠎ᠡ ᠴᠠᠭ ᠦᠶ᠎ᠡ ᠵᠢᠨ ᠰᠠᠢ᠍ᠢ᠍ᠨ ᠺᠠᠳ᠋ᠷ᠎ᠤᠨ ᠪᠠᠷᠢᠮᠵᠢᠶ᠎ᠠ ᠵᠢ ᠪᠠᠷᠢᠮᠲᠠᠯᠠᠵᠤ᠂ ᠲᠢᠩᠬᠢᠮ᠎ᠤᠨ ᠪᠠᠶ᠋ᠢᠭᠤᠯᠭ᠎ᠠ ᠪᠠ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠺᠠᠳ᠋ᠷ᠎ᠲᠤ ᠲᠤᠬᠢᠷᠠᠭᠤᠯᠤᠯᠳᠠ ᠬᠢᠵᠦ   ᠪᠠᠢ᠌ᠷᠢᠯᠠᠭᠤᠯᠪᠠ᠃ 《ᠠᠯᠪᠠᠲᠠᠨ᠎ᠤ ᠲᠤᠰᠢᠶᠠᠯ ᠬᠢᠭᠡᠳ ᠲᠤᠰᠢᠶᠠᠯ᠎ᠤᠨ ᠳᠡᠰ᠎ᠢ ᠵᠡᠷᠭᠡ᠎ᠪᠠᠷ ᠶᠠᠪᠤᠭᠤᠯᠬᠤ ᠲᠣᠭᠲᠠᠭ᠋ᠠᠯ》᠎ᠢ ᠴᠢᠩᠭ᠎ᠠ ᠨᠠᠢ᠌ᠳᠠᠪᠤᠷᠢᠵᠢᠭᠤᠯᠵᠤ᠂ ᠪᠠᠶ᠋ᠢᠭᠤᠯᠭ᠎ᠠ ᠵᠢᠨ ᠠᠯᠪᠠᠲᠠᠨ᠎ᠤ ᠲᠤᠰᠢᠶᠠᠯ᠎ᠤᠨ ᠳᠡᠰ᠎ᠢ ᠢᠵᠢ ᠪᠦᠷᠢᠳᠦᠭᠦᠯᠦᠨ ᠰᠢᠯᠵᠢᠭᠦᠯᠬᠦ ᠪᠠ ᠳᠡᠰ ᠳᠡᠪᠰᠢᠭᠦᠯᠪᠡ᠃ ᠲᠢᠩᠬᠢᠮ᠎ᠤᠨ ᠪᠠᠶ᠋ᠢᠭᠤᠯᠭ᠎ᠠ ᠵᠢᠨ ᠭᠠᠵᠠᠷ᠎ᠤᠨ ᠲᠡᠰ᠎ᠤᠨ ᠺᠠᠳ᠋ᠷ᠎ᠤᠨ ᠠᠵᠢᠯᠲᠠᠨ᠎ᠤ ᠶᠠᠪᠤᠳᠠᠯ᠎ᠤᠨ ᠳᠠᠩᠰᠠ ᠡᠪᠬᠡᠮᠡᠯ᠎ᠢ ᠳᠠᠬᠢᠨ ᠬᠢᠨᠠᠨ ᠬᠠᠷᠭᠤᠭᠤᠯᠵᠤ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠰᠠᠯᠠᠭ᠋ᠠᠨ᠎ᠤ ᠲᠡᠰ᠎ᠤᠨ ᠲᠤᠰᠢᠶᠠᠯ᠎ᠤᠨ ᠲᠣᠭ᠎ᠠ ᠪᠠ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ᠎ᠢ ᠳᠦᠷᠢᠮᠵᠢᠭᠦᠯᠪᠡ᠃ ᠬᠣᠶᠠᠷ᠎ᠲᠤ᠂ ᠴᠢᠳᠠᠪᠤᠷᠢᠲᠠᠨ᠎ᠤ ᠠᠵᠢᠯ᠎ᠢ ᠰᠠᠶ᠋ᠢᠲᠤᠷ ᠬᠢᠵᠠᠢ᠃ ᠶᠡᠬᠡ ᠳᠡᠭᠡᠳᠦ ᠰᠤᠷᠭ᠋ᠠᠭᠤᠯᠢ᠂ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠲᠠᠢ ᠬᠠᠮᠲᠤᠷᠠᠯᠴᠠᠵᠤ᠂ 《ᠭᠠᠳᠠᠭᠰᠢ ᠬᠦᠷᠭᠡᠬᠦ》᠂ 《ᠤᠷᠢᠵᠤ ᠣᠷᠣᠭᠤᠯᠬᠤ》 ᠪᠠ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠬᠠᠶ᠋ᠢᠯᠠᠭᠰᠠᠨ ᠠᠵᠢᠯ᠎ᠤᠨ ᠬᠦᠷᠢᠶ᠎ᠡ ᠴᠠᠷ᠎ᠠ ᠬᠤᠪᠢᠶᠠᠨ ᠰᠣᠶᠣᠯ ᠪᠠ ᠵᠢᠭᠤᠯᠴᠢᠯᠠᠯ᠎ᠤᠨ ᠰᠢᠰᠲᠸᠮ᠎ᠤᠨ ᠺᠠᠳ᠋ᠷ ᠠᠵᠢᠯᠲᠠᠨ ᠠᠵᠢᠯᠴᠢᠨ᠎ᠢ ᠪᠣᠯᠪᠠᠰᠤᠷᠠᠭᠤᠯᠵᠠᠢ᠂ ᠨᠡᠶ᠋ᠢᠲᠡ 51 ᠡᠯ᠎ᠡ ᠲᠥᠷᠥᠯ᠎ᠤᠨ ᠪᠣᠯᠪᠠᠰᠤᠷᠠᠭᠤᠯᠤᠯ᠎ᠤᠨ ᠠᠩᠭᠢ ᠵᠢ 4700 ᠭᠠᠷᠤᠶ ᠬᠥᠮᠦᠨ ᠤᠳᠠᠭ᠎ᠠ ᠡᠷᠭᠢᠯᠡᠵᠦ᠂ ᠰᠣᠶᠣᠯ ᠪᠠ ᠵᠢᠭᠤᠯᠴᠢᠯᠠᠯ᠎ᠤᠨ ᠰᠢᠰᠲᠸᠮ᠎ᠤᠨ ᠺᠠᠳ᠋ᠷ ᠠᠵᠢᠯᠲᠠᠨ ᠠᠵᠢᠯᠴᠢᠨ᠎ᠤ ᠣᠨᠣᠯ᠎ᠤᠨ ᠬᠢᠷᠢ ᠬᠡᠮᠵᠢᠶ᠎ᠡ ᠪᠠ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠪᠡ᠃ 2019 ᠣᠨ᠎ᠤ ᠪᠥᠬᠥ ᠣᠷᠣᠨ᠎ᠤ ᠤᠷᠠᠯᠢᠭ᠂ ᠨᠣᠮ ᠪᠢᠴᠢᠭ᠂ ᠣᠯᠠᠨ ᠲᠦᠮᠡᠨᠴᠢ ᠰᠣᠶᠤᠯ ᠤᠷᠠᠯᠢᠭ᠂ ᠰᠣᠶᠣᠯ ᠦᠵᠡᠰᠬᠦᠯᠡᠩ᠎ᠤᠨ ᠰᠢᠷᠢᠰ ᠲᠤᠰᠬᠠᠶ ᠮᠡᠷᠭᠡᠵᠢᠯ᠎ᠤᠨ ᠠᠵᠢᠯᠲᠠᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠵᠤ ᠠᠵᠢᠯ᠎ᠤᠨ ᠪᠠᠢ᠌ᠷᠢᠨ᠎ᠳᠤ ᠡᠯᠰᠡᠬᠦ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠭᠤᠷᠪᠠ᠎ᠳᠤ᠂ ᠺᠠᠳ᠋ᠷ᠎ᠤᠨ ᠬᠠᠮᠢᠶᠠᠷᠤᠯᠲᠠ ᠵᠢ ᠴᠢᠨᠭ᠌ᠭ᠋ᠠᠳᠬᠠᠵᠠᠢ᠃ ᠤᠳᠤᠷᠢᠳᠬᠤ ᠺᠠᠳ᠋ᠷ᠎ᠤᠨ ᠬᠤᠪᠢ ᠬᠥᠮᠦᠨ᠎ᠤ ᠤᠴᠢᠷ ᠶᠠᠪᠤᠳᠠᠯ ᠵᠶ᠋ᠠᠨ ᠮᠡᠳᠡᠭᠦᠯᠬᠦ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠵᠣᠬᠢᠶᠠᠨ ᠪᠠᠶ᠋ᠢᠭᠤᠯᠤᠯᠲᠠ ᠵᠢᠨ᠎ᠬᠢᠨ᠎ᠨᠢ ᠤᠳᠤᠷᠢᠳᠬᠤ ᠺᠠᠳ᠋ᠷ᠎ᠤᠨ ᠬᠤᠪᠢ ᠬᠥᠮᠦᠨ᠎ᠤ ᠤᠴᠢᠷ ᠶᠠᠪᠤᠳᠠᠯ ᠵᠶ᠋ᠠᠨ ᠮᠡᠳᠡᠭᠦᠯᠦᠭᠰᠡᠨ ᠪᠠᠶ᠋ᠢᠳᠠᠯ᠎ᠢ ᠵᠣᠬᠢᠶᠠᠨ ᠪᠠᠶ᠋ᠢᠭᠤᠯᠤᠯᠲᠠ᠎ᠲᠠᠢ᠎ᠪᠠᠷ ᠪᠠᠶ᠋ᠢᠴᠠᠭ᠋ᠠᠨ ᠬᠠᠷᠭᠤᠭᠤᠯᠵᠤ᠂ ᠱᠠᠭ᠋ᠠᠷᠳᠠᠯᠭ᠎ᠠ ᠶᠣᠰᠣᠭ᠋ᠠᠷ ᠬᠤᠪᠢ ᠬᠥᠮᠦᠨ᠎ᠤ ᠤᠴᠢᠷ ᠶᠠᠪᠤᠳᠠᠯ ᠵᠶ᠋ᠠᠨ ᠡᠰᠡ ᠮᠡᠳᠡᠭᠦᠯᠦᠭᠰᠡᠨ ᠺᠠᠳ᠋ᠷ᠎ᠲᠠᠢ ᠪᠣᠯᠵᠣᠨ ᠶᠠᠷᠢᠯᠴᠠᠬᠤ᠂ ᠰᠡᠷᠡᠮᠵᠢᠯᠡᠭᠦᠯᠦᠨ ᠢᠳᠬᠠᠬᠤ ᠵᠡᠷᠭᠡ ᠵᠣᠬᠢᠶᠠᠨ ᠪᠠᠶ᠋ᠢᠭᠤᠯᠤᠯᠲᠠ ᠵᠢᠨ ᠰᠢᠢ᠍ᠳᠪᠦᠷᠢᠯᠡᠯᠲᠡ ᠥᠭᠪᠡ᠃ ᠪᠠᠶ᠋ᠢᠭᠤᠯᠭ᠎ᠠ ᠵᠢᠨ ᠭᠠᠵᠠᠷ ᠬᠡᠯᠳᠡᠰ᠎ᠤᠨ ᠬᠢᠨᠠᠨ ᠰᠢᠯᠭ᠋ᠠᠬᠤ ᠠᠷᠭ᠎ᠠ ᠵᠢ ᠲᠣᠭᠲᠠᠭ᠋ᠠᠵᠤ᠂ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠤᠨ᠎ᠬᠢᠨ᠎ᠢ ᠬᠢᠨᠠᠨ ᠰᠢᠯᠭ᠋ᠠᠬᠤ ᠵᠢ ᠬᠡᠷᠡᠭᠵᠢᠭᠦᠯᠬᠦ ᠲᠥᠰᠦᠯ᠎ᠢ ᠲᠡᠭᠦᠯᠳᠡᠷᠵᠢᠭᠦᠯᠵᠦ᠂ ᠺᠠᠳ᠋ᠷ᠎ᠢ ᠬᠢᠨᠠᠨ ᠰᠢᠯᠭ᠋ᠠᠵᠤ ᠦᠨᠡᠯᠡᠬᠦ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠳᠥᠷᠪᠡ᠎ᠳᠤ᠂ ᠠᠮᠠᠷᠠᠯᠲᠠ᠎ᠪᠠᠷ ᠳᠠᠷᠬᠠᠯᠠᠭᠳᠠᠭᠰᠠᠳ ᠪᠠ ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠢ ᠰᠠᠶ᠋ᠢᠲᠤᠷ ᠬᠢᠵᠠᠢ᠃ ᠠᠮᠠᠷᠠᠯᠲᠠ᠎ᠪᠠᠷ   ᠳᠠᠷᠬᠠᠯᠠᠭᠳᠠᠭᠰᠠᠳ ᠪᠠ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠤᠯᠤᠰ ᠲᠦᠷᠦ ᠵᠢᠨ ᠬᠠᠷᠠᠭ᠋ᠠᠯᠵᠠᠯ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠮᠠᠷᠠᠯᠲᠠ᠎ᠪᠠᠷ ᠳᠠᠷᠬᠠᠯᠠᠭᠳᠠᠭᠰᠠᠳ ᠪᠠ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠲᠤ ᠨᠠᠮ᠎ᠤᠨ ᠰᠣᠨᠢᠨ ᠰᠡᠳᠬᠦᠯ ᠵᠠᠬᠢᠶᠠᠯᠠᠨ ᠥᠭᠴᠦ᠂ ᠤᠯᠤᠰ ᠲᠦᠷᠦ ᠵᠢᠨ   ᠰᠤᠷᠤᠯᠴᠠᠯᠭ᠎ᠠ ᠵᠢᠨ ᠮᠠᠲ᠋ᠧᠷᠢᠶᠠᠯ ᠎ᠢ ᠲᠠᠷᠬᠠᠭ᠋ᠠᠵᠤ ᠦᠭᠭᠦᠨ᠂ ᠠᠮᠠᠷᠠᠯᠲᠠ᠎ᠪᠠᠷ ᠳᠠᠷᠬᠠᠯᠠᠭᠳᠠᠭᠰᠠᠳ ᠪᠠ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠰᠤᠪᠢᠯᠠᠯᠲᠠ ᠵᠢᠨ ᠵᠠᠷᠤᠳᠠᠯ᠎ᠤᠨ ᠪᠠᠷᠢᠮᠵᠢᠶ᠎ᠠ ᠬᠢᠭᠡᠳ ᠡᠮ ᠡᠮᠨᠡᠯᠭᠡ ᠵᠢᠨ ᠬᠠᠷᠠᠭ᠋ᠠᠯᠵᠠᠯ᠎ᠢ ᠳᠡᠭᠡᠭᠰᠢᠯᠡᠭᠦᠯᠪᠡ᠃ ᠠᠭᠤᠯᠭ᠎ᠠ ᠪᠠᠶᠠᠯᠢᠭ᠂ ᠬᠡᠯᠪᠡᠷᠢ ᠠᠷᠪᠢᠨ ᠲᠣᠬᠣᠨᠢᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠮᠠᠷᠠᠯᠲᠠ᠎ᠪᠠᠷ ᠳᠠᠷᠬᠠᠯᠠᠭᠳᠠᠭᠰᠠᠳ ᠪᠠ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠲᠤ ᠪᠡᠶ᠎ᠡ ᠵᠢᠨ ᠪᠠᠶ᠋ᠢᠴᠠᠭ᠋ᠠᠯᠲᠠ ᠵᠢᠨ ᠺᠠᠷᠲ ᠵᠣᠬᠢᠶᠠᠵᠤ᠂ ᠨᠠᠮ᠎ᠤᠨ ᠬᠠᠶ᠋ᠢᠷ᠎ᠠ ᠬᠠᠯᠠᠮᠵᠢ ᠵᠢ ᠠᠬᠠᠮᠠᠳ ᠺᠠᠳ᠋ᠷᠴᠤᠳ᠎ᠤᠨ ᠭᠠᠷ᠎ᠲᠤ ᠴᠠᠭ ᠳᠠᠷᠤᠢ᠎ᠳᠤ᠎ᠨᠢ ᠬᠦᠷᠭᠡᠵᠡᠶ᠃
     (ᠭᠤᠷᠪᠠ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠲᠤᠯᠠᠭ᠎ᠠ᠃ ᠨᠢᠭᠡ᠎ᠳᠤ᠂ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠪᠠ᠃ ᠲᠥᠪ᠎ᠤᠨ 《ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠵᠢᠯ》᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠤᠰᠬᠠᠶ ᠵᠦᠢ᠍ᠯ᠎ᠤᠨ ᠲᠣᠭᠲᠠᠴᠠ ᠵᠢ ᠪᠠᠢ᠌ᠭᠤᠯᠵᠤ᠂ ᠪᠢᠴᠢᠭ ᠮᠠᠲ᠋ᠧᠷᠢᠶᠠᠯ᠎ᠢ ᠶᠡᠬᠡ᠎ᠪᠠᠷ ᠴᠣᠮᠬᠠᠳᠬᠠᠵᠤ᠂ ᠪᠠᠶ᠋ᠢᠴᠠᠭ᠋ᠠᠨ ᠰᠤᠳᠤᠯᠤᠯᠲᠠ᠎ᠪᠠᠨ ᠰᠠᠢ᠌ᠵᠢᠷᠠᠭᠤᠯᠤᠨ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠳᠦᠷᠢᠮᠵᠢᠭᠦᠯᠵᠦ᠂ ᠵᠢᠯ᠎ᠤᠨ ᠳᠠᠷᠤᠭ᠋ᠠᠰᠤ ᠵᠢ ᠬᠥᠩᠭᠡᠷᠡᠭᠦᠯᠬᠦ ᠬᠠᠷᠠᠯᠲᠠ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ 《ᠦᠨᠡᠨᠴᠢ ᠰᠢᠳᠤᠷᠭᠤ᠎ᠪᠠᠷ ᠰᠤᠷᠤᠯᠴᠠᠵᠤ ᠰᠢᠷᠭ᠋ᠠᠭᠤ ᠰᠤᠳᠤᠯᠬᠤ᠂ ᠲᠦᠷᠭᠡᠨ ᠣᠨᠣᠪᠴᠢᠲᠠᠶ ᠨᠠᠷᠢᠨ ᠪᠣᠳᠠᠲᠠᠶ ᠪᠠᠶ᠋ᠢᠬᠤ》 ᠰᠤᠷᠲᠠᠯ᠎ᠢ ᠶᠡᠬᠡ᠎ᠪᠠᠷ ᠰᠠᠨᠠᠭ᠋ᠠᠴᠢᠯᠠᠵᠤ᠂ ᠪᠠᠶ᠋ᠢᠭᠤᠯᠭ᠎ᠠ᠎ᠳᠤ 《ᠶᠠᠪᠤᠳᠠᠯ ᠪᠦᠬᠦᠨ᠎ᠢ ᠳᠠᠷᠤᠶ᠋ᠢᠬᠠᠨ ᠭᠦᠢ᠍ᠴᠡᠳᠭᠡᠬᠦ᠂ ᠬᠦᠮᠦᠨ ᠪᠦᠬᠦᠨ ᠬᠠᠳᠠᠭ᠋ᠠᠰᠤ ᠬᠠᠳᠠᠬᠤ᠂ ᠨᠢᠭᠡ ᠪᠣᠯᠭ᠋ᠠᠨ ᠵᠣᠷᠢᠭᠲᠠᠶ ᠡᠭᠦᠷᠭᠡᠯᠡᠬᠦ》 ᠠᠵᠢᠯ᠎ᠤᠨ ᠠᠭᠤᠷ ᠠᠮᠢᠰᠬᠤᠯ᠎ᠢ ᠢᠳᠡᠪᠬᠢᠲᠡᠶ ᠪᠦᠷᠢᠯᠳᠦᠭᠦᠯᠵᠦ᠂ ᠪᠠᠶ᠋ᠢᠭᠤᠯᠭ᠎ᠠ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠬᠣᠶᠠᠷ᠎ᠲᠤ᠂ ᠳᠦᠷᠢᠮ ᠲᠣᠭᠲᠠᠭ᠋ᠠᠯ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠡᠢ᠃ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠠ ᠬᠣᠯᠪᠣᠭᠳᠠᠯ ᠪᠥᠬᠥᠶ ᠵᠠᠰᠠᠭ ᠵᠠᠬᠢᠷᠭ᠋ᠠᠨ᠎ᠤ ᠲᠦᠷᠢᠮ ᠲᠣᠭᠲᠠᠭ᠋ᠠᠯ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠠᠵᠢᠯ᠎ᠤᠨ ᠲᠠᠰ ᠳᠠᠷᠠᠭ᠋ᠠᠯᠠᠯ》᠂ 《ᠳᠦᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》᠂ 《ᠭᠡᠷ᠎ᠡ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ   ᠲᠣᠭᠲᠠᠭ᠋ᠠᠵᠤ᠂ 《ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠷᠡᠭ ᠵᠥᠪᠯᠡᠵᠦ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠦᠷᠢᠮ》 ᠪᠠ 《ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ 〈ᠭᠤᠷᠪᠠᠨ ᠴᠢᠬᠤᠯᠠ ᠨᠢᠭᠡ ᠶᠡᠬᠡ〉 ᠬᠡᠷᠡᠭ ᠶᠠᠪᠤᠳᠠᠯ᠎ᠳᠤ ᠬᠠᠮᠲᠤ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠦᠷᠢᠮ》 ᠵᠡᠷᠭᠡ ᠪᠠᠢ᠌ᠭᠤᠯᠭ᠎ᠠ ᠵᠢᠨ ᠠᠵᠢᠯ᠎ᠤᠨ ᠲᠦᠷᠢᠮ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠳᠦᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠪᠠ᠃ ᠭᠤᠷᠪᠠ᠎ᠳᠤ᠂ ᠡᠳ᠋᠎ᠤᠨ ᠶᠠᠪᠤᠳᠠᠯ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠴᠢᠨᠭ᠌ᠭ᠋ᠠᠳᠬᠠᠵᠠᠢ᠃ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠰᠠᠯᠠᠭ᠎ᠠ ᠮᠥᠴᠢᠷ᠎ᠤᠨ ᠲᠥᠷᠥᠯ ᠵᠦᠢ᠍ᠯ᠎ᠳᠤ ᠠᠮᠵᠢᠯᠲᠠ ᠪᠦᠲᠦᠮᠵᠢ ᠵᠢᠨ ᠬᠠᠷᠠᠯᠲᠠ ᠵᠢ ᠬᠢᠨᠠᠨ ᠬᠠᠷᠭᠤᠭᠤᠯᠬᠤ᠂ ᠳᠤᠮᠳᠠᠬᠢ ᠬᠤᠭᠤᠴᠠᠭ᠋ᠠᠨ᠎ᠤ ᠬᠢᠨᠠᠨ ᠡᠵᠡᠮᠳᠡᠬᠦ ᠪᠠ ᠰᠡᠭᠦᠯᠴᠢ ᠵᠢᠨ ᠬᠤᠭᠤᠴᠠᠭ᠋ᠠᠨ᠎ᠤ ᠥᠪᠡᠰᠦᠪᠡᠨ ᠦᠨᠡᠯᠡᠬᠦ ᠠᠵᠢᠯ᠎ᠢ ᠦᠷᠨᠢᠭᠦᠯᠪᠡ᠃ ᠵᠣᠬᠢᠶᠠᠨ ᠪᠠᠶ᠋ᠢᠭᠤᠯᠤᠯᠲᠠ ᠰᠢᠭᠤᠳ ᠬᠠᠷᠢᠶ᠎ᠠ ᠨᠢᠭᠡᠴᠢ ᠵᠢᠨ ᠠᠵᠤ ᠠᠬᠤᠢ ᠵᠢᠨ ᠬᠠᠷᠢᠭᠤᠴᠠᠯᠭ᠎ᠠ᠎ᠳᠤ ᠳᠣᠲᠣᠭ᠋ᠠᠳᠤ ᠵᠢᠨ ᠬᠢᠨᠠᠨ ᠪᠣᠳᠣᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠲᠠᠢ ᠬᠠᠮᠵᠢᠯᠴᠠᠨ 2018 ᠣᠨ᠎ᠤ ᠰᠠᠯᠠᠭ᠎ᠠ ᠮᠥᠴᠢᠷ᠎ᠤᠨ ᠵᠠᠷᠤᠳᠠᠯ᠎ᠤᠨ ᠲᠥᠰᠦᠪ᠎ᠢ ᠭᠦᠢ᠍ᠴᠡᠳᠭᠡᠭᠰᠡᠨ ᠪᠠᠶ᠋ᠢᠳᠠᠯ᠎ᠤᠨ ᠬᠢᠨᠠᠨ ᠪᠤᠳᠤᠯᠲᠠ ᠵᠢ ᠪᠡᠶᠡᠯᠡᠭᠦᠯᠵᠦ᠂ ᠲᠢᠩᠬᠢᠮ᠎ᠤᠨ ᠪᠠᠶ᠋ᠢᠭᠤᠯᠭ᠎ᠠ ᠵᠢᠨ 《ᠠᠯᠪᠠᠨ᠎ᠤ ᠭᠤᠷᠪᠠᠨ ᠵᠠᠷᠤᠳᠠᠯ》 ᠪᠠ ᠬᠤᠷᠠᠯ ᠪᠣᠯᠪᠠᠰᠤᠷᠠᠭᠤᠯᠤᠯ᠎ᠤᠨ ᠵᠠᠷᠤᠳᠠᠯ᠎ᠤᠨ ᠲᠤᠰᠬᠠᠶ ᠬᠢᠨᠠᠨ ᠪᠣᠳᠤᠯᠲᠠ ᠵᠢ ᠪᠡᠶᠡᠯᠡᠭᠦᠯᠵᠡᠢ᠃ ᠰᠣᠶᠣᠯ ᠪᠠ ᠵᠢᠭᠤᠯᠴᠢᠯᠠᠯ᠎ᠤᠨ ᠲᠢᠩᠬᠢᠮ᠎ᠢ ᠪᠠᠶ᠋ᠢᠭᠤᠯᠤᠭᠰᠠᠨ᠎ᠤ ᠳᠠᠷᠠᠭ᠋ᠠᠬᠢ ᠪᠠᠶ᠋ᠢᠭᠤᠯᠭ᠎ᠠ ᠵᠢᠨ ᠡᠳ᠋᠎ᠤᠨ ᠶᠠᠪᠤᠳᠠᠯ᠂   ᠡᠳ᠋ ᠬᠥᠷᠥᠩᠭᠡ ᠵᠢ ᠳᠠᠩᠰᠠ ᠨᠡᠶ᠋ᠢᠯᠡᠭᠦᠯᠬᠦ ᠠᠵᠢᠯ᠎ᠢ ᠠᠮᠵᠢᠯᠲᠠ᠎ᠲᠠᠢ ᠪᠡᠶᠡᠯᠡᠭᠦᠯᠪᠡ᠃ ᠳᠥᠷᠪᠡ᠎ᠳᠤ᠂ ᠪᠦᠷᠢᠳᠬᠡᠨ ᠵᠠᠳᠠᠯᠬᠤ ᠠᠵᠢᠯ᠎ᠢ ᠰᠠᠶ᠋ᠢᠲᠤᠷ ᠬᠢᠵᠠᠢ᠃ ᠡᠩ᠎ᠤᠨ ᠵᠢᠭᠤᠯᠴᠢᠯᠠᠯ᠎ᠤᠨ ᠲᠣᠭ᠎ᠠ ᠪᠦᠷᠢᠳᠬᠡᠯ᠎ᠤᠨ ᠠᠵᠢᠯ᠎ᠢ ᠥᠷᠨᠢᠭᠦᠯᠵᠦ᠂ ᠰᠠᠷ᠎ᠠ᠂ ᠤᠯᠠᠷᠢᠯ᠂ ᠵᠢᠯ᠎ᠤᠨ ᠤᠯᠤᠰ᠎ᠤᠨ ᠳᠣᠲᠤᠭ᠋ᠠᠳᠤ ᠵᠢᠨ ᠵᠢᠭᠤᠯᠴᠢᠯᠠᠯ᠎ᠤᠨ ᠦᠯᠢᠭᠡᠷ ᠠᠪᠴᠤ ᠪᠠᠶ᠋ᠢᠴᠠᠭ᠋ᠠᠯᠲᠠ ᠬᠢᠬᠦ᠂ ᠬᠥᠳᠡᠭᠡ ᠲᠣᠰᠬᠣᠨ᠎ᠤ ᠵᠢᠭᠤᠯᠴᠢᠯᠠᠯ᠂ ᠦᠪᠡᠷ ᠵᠶ᠋ᠠᠨ ᠮᠠᠰᠢᠨ ᠵᠢᠯᠣᠭᠣᠳᠴᠤ ᠵᠢᠭᠤᠯᠴᠢᠯᠠᠬᠤ ᠪᠠ ᠭᠠᠳᠠᠭᠰᠢ ᠭᠠᠷᠴᠤ ᠵᠢᠭᠤᠯᠴᠢᠯᠠᠬᠤ ᠬᠦᠰᠡᠯ᠎ᠤᠨ ᠲᠤᠰᠬᠠᠶ ᠵᠦᠢ᠍ᠯ᠎ᠤᠨ ᠪᠠᠢ᠌ᠴᠠᠭ᠋ᠠᠯᠲᠠ᠂ ᠬᠣᠨᠤᠭ ᠪᠠᠭᠤᠳᠠᠯ᠎ᠤᠨ ᠦᠢ᠍ᠯᠡᠰ ᠵᠢᠴᠢ ᠵᠢᠭᠤᠯᠴᠢᠯᠠᠯ᠎ᠤᠨ ᠠᠵᠢᠯ ᠡᠷᠬᠢᠯᠡᠭᠰᠡᠳ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠦᠷᠨᠢᠭᠦᠯᠪᠡ᠃ ᠨᠢᠭᠡ ᠡᠳᠦᠷ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠪᠠᠶ᠋ᠢᠴᠠᠭ᠋ᠠᠯᠲᠠ ᠪᠠ ᠠᠮᠠᠷᠠᠯᠲᠠ ᠵᠢᠨ ᠡᠳᠦᠷ᠎ᠤᠨ ᠵᠢᠭᠤᠯᠴᠢᠯᠠᠯ᠎ᠤᠨ ᠲᠣᠭ᠎ᠠ ᠪᠦᠷᠢᠳᠬᠡᠯ᠎ᠤᠨ ᠠᠵᠢᠯ᠎ᠢ ᠥᠷᠨᠢᠭᠦᠯᠪᠡ᠃ ᠰᠣᠶᠣᠯ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠭ᠎ᠠ ᠪᠦᠷᠢᠳᠬᠡᠯ᠎ᠤᠨ ᠠᠵᠢᠯ᠎ᠢ ᠥᠷᠨᠢᠭᠦᠯᠵᠦ᠂ ᠪᠦᠬᠦ ᠣᠷᠣᠨ᠎ᠤ 《ᠭᠤᠷᠪᠠᠨ ᠣᠷᠳᠣᠨ》᠎ᠤ ᠪᠦᠲᠦᠭᠡᠨ ᠪᠠᠶ᠋ᠢᠭᠤᠯᠤᠯᠲᠠ ᠵᠢᠨ ᠤᠯᠠᠷᠢᠯ᠎ᠤᠨ ᠮᠡᠳᠡᠭᠦᠯᠦᠯᠲᠡ ᠵᠢᠨ ᠠᠵᠢᠯ᠎ᠢ ᠪᠡᠶᠡᠯᠡᠭᠦᠯᠪᠡ᠃ ᠲᠠᠪᠤ᠎ᠳᠤ᠂ ᠠᠮᠤᠷ ᠲᠦᠪᠰᠢᠨ ᠦᠢ᠍ᠯᠡᠳᠪᠦᠷᠢᠯᠡᠯ᠎ᠤᠨ ᠪᠠᠶ᠋ᠢᠴᠠᠭ᠋ᠠᠯᠲᠠ ᠵᠢ ᠴᠢᠨᠭ᠌ᠳᠠᠯᠠᠵᠠᠢ᠃ 《ᠤᠳᠤᠷᠢᠳᠬᠤ ᠺᠠᠳ᠋ᠷᠴᠤᠳ᠎ᠤᠨ ᠠᠮᠤᠷ ᠲᠦᠪᠰᠢᠨ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠬᠦ ᠨᠠᠷᠢᠨ ᠳᠦᠷᠢᠮ》᠎ᠢ ᠲᠣᠭᠲᠠᠭ᠋ᠠᠵᠤ᠂ 《ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠮᠡᠳᠡᠭᠦᠯᠬᠦ᠂ ᠶᠡᠬᠡ ᠪᠠᠶᠠᠷ᠎ᠢ ᠤᠭᠲᠤᠬᠤ》 ᠭᠠᠯ ᠰᠡᠷᠭᠡᠢ᠌ᠯᠡᠬᠦ ᠠᠮᠤᠷ ᠲᠦᠪᠰᠢᠨ᠎ᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠲᠤᠰᠬᠠᠢ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠣᠶᠣᠯ᠎ᠤᠨ ᠲᠣᠮᠣ ᠠᠰᠠᠷ᠂ ᠺᠢᠨᠣ᠋ ᠲᠢᠶᠠᠲᠷ᠂ ᠮᠦᠽᠧᠶ᠂ ᠨᠣᠮ᠎ᠤᠨ ᠰᠠᠩ᠂ ᠦᠵᠡᠰᠬᠦᠯᠡᠩ᠎ᠤᠨ ᠣᠷᠳᠣᠨ᠂ ᠰᠣᠶᠣᠯ᠎ᠤᠨ ᠣᠷᠳᠣᠨ ᠵᠡᠷᠭᠡ ᠲᠠᠯᠠᠪᠤᠷ᠎ᠲᠤ ᠠᠮᠤᠷ ᠲᠦᠪᠰᠢᠨ ᠦᠢ᠍ᠯᠡᠳᠪᠦᠷᠢᠯᠡᠯ᠂ ᠭᠠᠯ ᠰᠡᠷᠭᠡᠢ᠌ᠯᠡᠬᠦ ᠠᠮᠤᠷ ᠲᠦᠪᠰᠢᠨ᠂ ᠠᠶᠤᠯᠲᠠᠶ ᠬᠢᠮᠢ ᠵᠢᠨ ᠪᠣᠳᠠᠰ᠎ᠤᠨ ᠠᠶᠤᠯ ᠦᠭᠡᠢ ᠶᠡᠬᠡ ᠪᠠᠢ᠌ᠴᠠᠭ᠋ᠠᠯᠲᠠ ᠪᠠ 《ᠡᠷᠭᠢᠵᠦ ᠬᠠᠷᠠᠬᠤ》 ᠠᠵᠢᠯ᠎ᠢ ᠥᠷᠨᠢᠭᠦᠯᠵᠦ᠂ ᠠᠮᠤᠷ ᠲᠦᠪᠰᠢᠨ᠎ᠤ ᠳᠠᠯᠳᠠ ᠭᠡᠮ᠎ᠢ ᠠᠷᠢᠯᠭ᠋ᠠᠪᠠ᠃ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠬᠤᠯᠤᠭ᠋ᠠᠨ᠎ᠠ ᠵᠢᠨ ᠬᠢᠵᠢᠭ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠤᠨ ᠬᠤᠷᠠᠯ᠎ᠢ ᠬᠤᠷᠠᠯᠳᠤᠭᠤᠯᠪᠠ᠃
     2019 ᠣᠨ᠎ᠠᠴᠠ ᠨᠠᠭ᠋ᠠᠰᠢᠬᠢ ᠰᠣᠶᠣᠯ ᠪᠠ ᠵᠢᠭᠤᠯᠴᠢᠯᠠᠯ᠎ᠤᠨ ᠠᠵᠢᠯ᠎ᠢ ᠡᠷᠭᠢᠴᠡᠭᠦᠯᠦᠨ ᠳ᠋ᠦᠨᠭᠨᠡᠪᠡᠯ᠂ ᠬᠡᠳᠦᠶ᠋ᠢᠪᠡᠷ ᠡᠯ᠎ᠡ ᠲᠠᠯ᠎ᠠ᠎ᠳᠤ ᠴᠥᠮ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠤᠭᠰᠠᠨ ᠪᠣᠯᠪᠠᠴᠤ ᠬᠥᠭᠵᠢᠯᠲᠡ ᠵᠢᠨ ᠲᠡᠩᠴᠡᠭᠦᠷᠢ ᠦᠭᠡᠢ᠂ ᠭᠦᠢ᠍ᠴᠡᠳ ᠦᠭᠡᠢ ᠪᠠᠶ᠋ᠢᠬᠤ ᠠᠰᠠᠭᠤᠳᠠᠯ ᠮᠥᠨ ᠯᠡ ᠣᠷᠣᠰᠢᠭᠰᠠᠭ᠋ᠠᠷ ᠪᠠᠶ᠋ᠢᠨ᠎ᠠ᠃ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠪᠠᠶ᠋ᠢᠭᠤᠯᠤᠮᠵᠢ ᠲᠣᠭᠲᠠᠴᠠ ᠵᠢ ᠪᠠᠰᠠ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶ᠋ᠢᠨ᠎ᠠ; ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠰᠢᠨ᠎ᠡ ᠵᠢ ᠡᠭᠦᠳᠬᠦ ᠡᠷᠴᠢᠮ ᠬᠦᠷᠦᠯᠴᠡᠬᠦ ᠦᠭᠡᠢ᠂ ᠦᠨᠳᠦᠷᠴᠡ᠎ᠲᠠᠢ ᠠᠪᠠᠴᠤ ᠤᠷᠬᠢᠯ ᠳᠤᠲᠠᠵᠤ ᠪᠠᠢ᠌ᠭ᠎ᠠ ᠠᠰᠠᠭᠤᠳᠠᠯ ᠮᠥᠨ ᠯᠡ ᠣᠷᠣᠰᠢᠭᠰᠠᠭ᠋ᠠᠷ ᠪᠠᠶ᠋ᠢᠨ᠎ᠠ; ᠴᠢᠨᠠᠷ ᠰᠠᠶ᠋ᠢᠲᠠᠶ ᠵᠢᠭᠤᠯᠴᠢᠯᠠᠯ᠎ᠤᠨ ᠬᠠᠩᠭ᠋ᠠᠯᠭ᠎ᠠ᠎ᠨᠢ ᠵᠢᠭᠤᠯᠴᠢᠯᠠᠯ᠎ᠤᠨ ᠬᠡᠷᠡᠭᠯᠡᠭᠡ ᠵᠢᠨ ᠲᠠᠰ ᠳᠡᠪᠰᠢᠬᠦ᠎ᠲᠠᠢ ᠬᠠᠷᠠᠬᠠᠨ ᠲᠣᠬᠢᠷᠠᠯᠴᠠᠬᠤ ᠥᠬᠡᠶ; ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠬᠡᠮᠵᠢᠶ᠎ᠡ ᠵᠢ ᠳᠡᠭᠡᠭᠰᠢᠯᠡᠭᠦᠯᠬᠦ ᠴᠢᠬᠤᠯᠠᠲᠠᠶ ᠪᠠᠶ᠋ᠢᠵᠤ᠂ ᠦᠨᠳᠦᠰᠦᠨ ᠱᠠᠲᠤᠨ᠎ᠤ ᠤᠯᠠᠨ ᠨᠡᠶ᠋ᠢᠲᠡ ᠵᠢᠨ ᠰᠣᠶᠣᠯ᠎ᠤᠨ ᠬᠠᠩᠭ᠋ᠠᠯᠭ᠎ᠠ ᠪᠠ ᠬᠡᠷᠡᠭᠴᠡᠭᠡ ᠪᠠᠰᠠ ᠪᠦᠷᠢᠮᠦᠰᠦᠨ ᠲᠣᠬᠢᠷᠠᠯᠴᠠᠬᠤ ᠦᠭᠡᠢ ᠪᠠᠶ᠋ᠢᠨ᠎ᠠ; ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠨᠭ᠌ᠭ᠋ᠠᠳᠬᠠᠬᠤ ᠬᠡᠷᠡᠭᠲᠡᠢ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠴᠢᠬᠤᠯᠠᠲᠠᠶ ᠪᠠᠶ᠋ᠢᠨ᠎ᠠ; ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠨᠭᠬᠡᠢ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠬᠦᠨᠵᠡᠭᠡᠢ᠌ᠷᠡᠭᠦᠯᠦᠨ ᠠᠬᠢᠭᠤᠯᠬᠤ ᠴᠢᠬᠤᠯᠠᠲᠠᠢ ᠪᠠᠶ᠋ᠢᠨ᠎ᠠ; ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠪᠠᠶ᠋ᠢᠳᠠᠯ ᠲᠡᠶ᠋ᠢᠮᠦ ᠰᠠᠢ᠍ᠢ᠍ᠨ ᠪᠢᠰᠢ; ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢᠨ ᠥᠷᠭᠡᠴᠡ ᠪᠠ ᠭᠦᠨᠴᠡ ᠵᠢ ᠪᠠᠰᠠ ᠲᠡᠯᠡᠷᠡᠭᠦᠯᠬᠦ ᠴᠢᠬᠤᠯᠠᠲᠠᠢ; ᠬᠢᠯᠢ᠎ᠳᠤ ᠣᠷᠣᠬᠤ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠤᠯᠠᠮ ᠨᠢᠭᠡ ᠠᠯᠬᠤᠮ ᠬᠦᠭᠵᠢᠭᠡᠵᠦ ᠳᠡᠭᠡᠭᠰᠢᠯᠡᠭᠦᠯᠬᠦ ᠴᠢᠬᠤᠯᠠᠲᠠᠶ ᠪᠠᠶ᠋ᠢᠨ᠎ᠠ᠃ ᠡᠳᠡᠭᠡᠷ ᠠᠰᠠᠭᠤᠳᠠᠯ᠎ᠢ 2020 ᠣᠨ᠎ᠤ ᠠᠵᠢᠯ᠎ᠤᠨ ᠳᠤᠮᠳᠠ ᠭᠣᠣᠯᠳᠠᠯᠭ᠎ᠠ᠎ᠲᠠᠢ ᠠᠬᠢᠭᠤᠯᠬᠤ ᠴᠢᠬᠤᠯᠠᠲᠠᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2020 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠭᠤᠤᠯᠳᠠᠯᠭ᠎ᠠ
2020 ᠤᠨ᠎ᠤ ᠵᠠᠰᠠᠬ᠎ᠤᠨ ᠤᠷᠳᠤᠨ᠎ᠤ ᠠᠵᠢᠯ᠎ᠤᠨ ᠢᠯᠡᠳᠬᠡᠯ᠎ᠤᠨ ᠳᠤᠬᠠᠢ ᠰᠢᠢ᠍ᠳᠪᠦᠷᠢ
2020 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ᠎ᠤᠨ ᠮᠡᠳᠡᠭᠦᠯᠦᠯᠲᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2021 ᠣᠨ᠎ᠤ ᠠᠵᠢᠯ᠎ᠤᠨ ᠳ᠋ᠦᠩᠨᠡᠯᠲᠡ
 
            