ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠪᠣᠯ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠤᠯᠤᠨ᠎ᠠ᠃
(ᠨᠢᠭᠡ) ᠭᠣᠣᠯ ᠡᠭᠦᠷᠭᠡ ᠬᠠᠷᠢᠭᠤᠴᠠᠯᠭ᠎ᠠ ᠵᠢᠨ ᠡᠭᠦᠷᠭᠡ
1. ᠤᠳᠤᠷᠢᠳᠤᠮᠵᠢ ᠵᠢᠨ ᠴᠢᠨᠠᠷᠲᠠᠢ᠂ ᠲᠥᠯᠥᠭᠡᠯᠡᠬᠦ ᠴᠢᠨᠠᠷᠲᠠᠢ᠂ ᠵᠢᠱ᠌ᠢᠶ᠎ᠡ ᠦᠵᠡᠭᠦᠯᠬᠦ ᠴᠢᠨᠠᠷᠲᠠᠢ ᠨᠡᠢ᠌ᠭᠡᠮ᠎ᠤᠨ ᠰᠣᠶᠣᠯ ᠤᠷᠠᠯᠢᠭ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠦᠨ᠎ᠡ᠃
2. ᠣᠯᠠᠨ ᠨᠡᠶ᠋ᠢᠲᠡ ᠵᠢᠨ ᠰᠣᠶᠣᠯ᠂ ᠦᠨᠳᠦᠰᠦᠲᠡᠨ᠎ᠤ ᠠᠷᠠᠳ᠎ᠤᠨ ᠰᠣᠶᠣᠯ᠎ᠤᠨ ᠣᠨᠣᠯ᠎ᠤᠨ ᠰᠤᠳᠤᠯᠭ᠋ᠠᠨ ᠪᠠ ᠣᠯᠠᠨ ᠲᠦᠮᠡᠨ᠎ᠤ ᠤᠳᠬ᠎ᠠ ᠤᠷᠠᠯᠢᠭ᠎ᠤᠨ ᠪᠦᠲᠦᠭᠡᠯ᠎ᠤᠨ ᠵᠣᠬᠢᠶᠠᠨ ᠪᠦᠲᠦᠭᠡᠯᠭᠡ ᠵᠢ ᠥᠷᠨᠢᠭᠦᠯᠦᠨ᠎ᠡ᠃ ᠤᠯᠠᠨ ᠲᠦᠮᠡᠨ᠎ᠤ ᠰᠣᠶᠣᠯ᠎ᠤᠨ ᠰᠡᠳᠬᠦᠯ᠎ᠢ ᠨᠠᠢ᠌ᠷᠠᠭᠤᠯᠤᠨ ᠬᠡᠪᠯᠡᠭᠦᠯᠵᠦ᠂ ᠨᠡᠢ᠌ᠭᠡᠮ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠢ ᠥᠷᠨᠢᠭᠦᠯᠦᠨ᠎ᠡ᠃
3. ᠣᠯᠠᠨ ᠲᠦᠮᠡᠨ᠎ᠤ ᠰᠣᠶᠣᠯ ᠤᠷᠠᠯᠢᠭ᠎ᠤᠨ ᠪᠣᠯᠪᠠᠰᠤᠷᠠᠭᠤᠯᠤᠯ᠎ᠤᠨ ᠬᠠᠪᠰᠤᠷᠤᠨ ᠵᠢᠯᠤᠭᠣᠳᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
4. ᠰᠣᠶᠣᠯ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ ᠳᠡᠯᠭᠡᠨ ᠦᠨᠡᠯᠡᠬᠦ᠂ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠦᠨ᠎ᠡ᠃
5. ᠲᠤᠭ᠋ᠠᠵᠢᠭᠤᠯᠤᠭᠰᠠᠨ ᠰᠣᠶᠣᠯ᠎ᠤᠨ ᠣᠷᠳᠣᠨ᠎ᠤ ᠪᠦᠲᠦᠭᠡᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠳᠡᠯᠭᠡᠷᠡᠭᠦᠯᠬᠦ ᠠᠵᠢᠯ᠎ᠢ ᠡᠭᠦᠷᠭᠡᠯᠡᠨ᠎ᠡ᠃
6. ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
(ᠬᠣᠶᠠᠷ) ᠳᠣᠲᠣᠭ᠋ᠠᠳᠤ ᠪᠠᠢ᠌ᠭᠤᠯᠤᠮᠵᠢ
ᠡᠭᠦᠨ᠎ᠳᠤ ᠶᠡᠷᠦᠩᠬᠡᠢ᠌ᠯᠡᠭᠰᠡᠨ ᠠᠯᠪᠠᠨ ᠭᠡᠷ᠂ ᠨᠠᠮ᠎ᠤᠨ ᠠᠵᠢᠯ᠎ᠤᠨ ᠠᠯᠪᠠᠨ ᠭᠡᠷ (ᠠᠵᠢᠯᠲᠠᠨ᠎ᠤ ᠶᠠᠪᠤᠳᠠᠯ᠎ᠤᠨ ᠰᠠᠯᠠᠭ᠎ᠠ)᠂ ᠰᠤᠳᠤᠯᠭ᠋ᠠᠨ᠎ᠤ ᠬᠡᠯᠲᠡᠰ᠂ 《ᠬᠤᠨ ᠭᠠᠯᠠᠭᠤ》 ᠨᠠᠢ᠌ᠷᠠᠭᠤᠯᠬᠤ ᠬᠡᠯᠲᠡᠰ᠂ ᠣᠯᠠᠨ ᠲᠦᠮᠡᠨ᠎ᠤ ᠰᠣᠶᠣᠯ᠎ᠤᠨ ᠠᠵᠢᠯᠯᠠᠭ᠋ᠠᠨ᠎ᠤ ᠬᠡᠯᠲᠡᠰ᠂ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ᠎ᠤᠨ ᠬᠡᠯᠲᠡᠰ᠂ ᠪᠣᠯᠪᠠᠰᠤᠷᠠᠯ᠎ᠤᠨ ᠬᠡᠯᠲᠡᠰ ᠵᠡᠷᠭᠡ ᠵᠢᠩᠬᠢᠨᠢ ᠰᠠᠯᠠᠭ᠋ᠠᠨ᠎ᠤ ᠲᠠᠰ᠎ᠤᠨ ᠪᠠᠢ᠌ᠭᠤᠯᠤᠮᠵᠢ᠎ᠲᠠᠢ᠃
(ᠭᠤᠷᠪᠠ) ᠠᠵᠢᠯᠯᠠᠬᠤ ᠬᠠᠶᠢᠭ
ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠤᠯᠠᠨ ᠲᠦᠮᠡᠨ᠎ᠤ ᠤᠷᠠᠯᠢᠭ᠎ᠤᠨ ᠤᠷᠲᠤᠨ ᠭᠤᠳᠤᠮᠵᠢ ᠵᠢᠨ1 ᠳ᠋ᠦ᠍ᠭᠡᠷ ᠨᠣᠮᠧᠷᠲᠤ
(ᠳᠥᠷᠪᠡ) ᠠᠵᠢᠯᠯᠠᠬᠤ ᠴᠠᠭ
09᠄ 00 — 12᠄ 00; 13᠄ 30 — 17᠄ 30 (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ ᠠᠮᠠᠷᠠᠯᠲᠠ ᠵᠢᠨ ᠡᠳᠦᠷ᠎ᠠᠴᠠ ᠭᠠᠳᠠᠨ᠎ᠠ)
(ᠲᠠᠪᠤ) ᠬᠠᠷᠢᠯᠴᠠᠬᠤ ᠤᠲᠠᠰᠤ
0471-6913653
(ᠵᠢᠷᠭᠤᠭ᠎ᠠ) ᠬᠠᠷᠢᠭᠤᠴᠠᠯᠭ᠋ᠠᠲᠠᠨ
ᠭ᠋ᠸ ᠯᠢ ᠫᠢᠩ