ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠰᠢᠯᠢ ᠵᠢᠨ ᠭᠣᠤᠯ ᠠᠶ᠋ᠢᠮᠠᠭ᠎ᠤᠨ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠨᠠᠶ᠋ᠢᠷ ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠨᠡᠶᠢᠲᠡᠯᠡᠭᠰᠡᠨ ᠴᠠᠭ᠄ 2019-10-18


   

ᠰᠢᠯᠢ ᠵᠢᠨ ᠭᠣᠤᠯ ᠠᠶ᠋ᠢᠮᠠᠭ᠎ᠤᠨ ᠵᠠᠬᠢᠷᠭ᠎ᠠ᠄
     《ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠨᠠᠶ᠋ᠢᠷ ᠎ᠢ ᠡᠷᠬᠢᠯᠡᠬᠦ ᠲᠤᠬᠠᠶ ᠵᠢᠭ᠋ᠠᠪᠤᠷᠢ ᠠᠪᠬᠤ ᠮᠡᠳᠡᠭᠦᠯᠦᠯᠲᠡ》 (ᠰᠢᠯᠢ ᠵᠠᠬᠢᠷᠭ᠎ᠠ ᠲᠠᠷᠬᠠᠭ᠋ᠠᠭᠰᠠᠨ [2019] 81 ᠳ᠋ᠤᠭᠡᠷ ᠲᠣᠭ᠋ᠠᠲᠤ) ᠵᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠬᠦᠯᠢᠶᠡᠨ ᠭᠠᠷᠳᠠᠪᠠ᠃ 《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 (ᠥᠪᠥᠷ ᠨᠠᠮ ᠠᠯᠪᠠᠨ ᠲᠠᠷᠬᠠᠭ᠋ᠠᠭᠰᠠᠨ [2015] 45 ᠳ᠋ᠤᠭ᠋ᠠᠷ ᠲᠣᠭ᠋ᠠᠲᠤ) ᠵᠢᠨ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠳᠠᠯᠢᠳᠬᠠᠨ ᠰᠢᠯᠭ᠋ᠠᠷᠠᠭᠤᠯᠵᠤ ᠪᠠᠷᠢᠮᠵᠢᠶ᠎ᠠ᠎ᠳᠤ ᠬᠦᠷᠭᠡᠵᠦ ᠰᠠᠶ᠋ᠢᠰᠢᠶᠠᠨ ᠬᠥᠬᠢᠭᠦᠯᠬᠦ ᠵᠢᠴᠢ ᠪᠠᠶᠠᠷ ᠳᠤᠷᠠᠰᠬᠠᠯ᠎ᠤᠨ ᠶᠠᠷᠢᠶᠠᠨ᠎ᠤ ᠲᠠᠪᠴᠠᠩ ᠦᠵᠡᠭᠦᠯᠦᠯᠭᠡ ᠵᠢᠨ ᠬᠤᠷᠠᠯ᠎ᠤᠨ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠤᠨ ᠰᠤᠳᠤᠯᠤᠯᠲᠠ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ᠂ ᠲᠠᠨ ᠎ᠤ ᠠᠢ᠌ᠮᠠᠭ᠎ᠤᠨ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠨᠠᠶ᠋ᠢᠷ ᠎ᠢ ᠡᠷᠬᠢᠯᠡᠬᠦ ᠵᠢ ᠵᠦᠪᠰᠢᠶᠡᠷᠡᠪᠡ᠃
      ᠡᠭᠦᠨ᠎ᠤ ᠳᠠᠭ᠋ᠠᠤ ᠳᠣᠤᠷᠠᠬᠢ ᠮᠡᠲᠦ ᠬᠡᠳᠦᠨ ᠰᠠᠨᠠᠯ᠎ᠢ ᠳᠤᠷᠠᠳᠬᠤ᠎ᠨᠢ᠄ ᠨᠢᠭᠡ᠎ᠳᠤ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠦᠷᠢᠨ ᠲᠥᠬᠥᠷ ᠲᠣᠭᠲᠠᠭ᠋ᠠᠯ ᠎ᠢ ᠴᠢᠩᠭ᠎ᠠ ᠬᠡᠷᠡᠭᠵᠢᠭᠦᠯᠵᠦ᠂ ᠡᠯ᠎ᠡ ᠵᠦᠢ᠍ᠯ᠎ᠤᠨ ᠠᠵᠢᠯᠯᠠᠭ᠎ᠠ ᠵᠢ ᠦᠷᠨᠢᠭᠦᠯᠬᠦ ᠎ᠳᠤ ᠠᠷᠪᠢᠯᠠᠨ ᠭᠠᠮᠨᠠᠬᠤ ᠵᠢ ᠪᠠᠷᠢᠮᠲᠠᠯᠠᠬᠤ ᠬᠡᠷᠡᠭᠲᠡᠶ᠃ ᠬᠣᠶᠠᠷ᠎ᠲᠤ ᠤᠷᠠᠨ ᠰᠠᠶ᠋ᠢᠬᠠᠨ᠎ᠤ ᠲᠣᠭᠯᠠᠯᠲᠠ᠂ ᠦᠵᠡᠰᠬᠦᠯᠡᠩ ᠦᠵᠡᠭᠦᠯᠦᠯᠭᠡ ᠵᠡᠷᠭᠡ ᠠᠵᠢᠯᠯᠠᠭ᠎ᠠ ᠵᠢᠨ ᠠᠭᠤᠯᠭ᠎ᠠ ᠵᠢ ᠴᠢᠩᠭ᠎ᠠ ᠬᠢᠨᠠᠨ ᠬᠠᠮᠢᠶᠠᠷᠴᠤ᠂ ᠦᠵᠡᠯ ᠤᠬᠠᠮᠰᠠᠷ᠎ᠤᠨ ᠬᠡᠯᠪᠡᠷᠢ ᠵᠢᠨ ᠪᠣᠭᠣᠮᠲᠠ ᠵᠢ ᠴᠢᠩᠭ᠎ᠠ ᠠᠳᠬᠤᠬᠤ ᠬᠡᠷᠡᠭᠲᠡᠶ᠃ ᠭᠤᠷᠪᠠ᠎ᠳᠤ᠂ ᠭᠠᠯ ᠰᠡᠷᠭᠡᠶ᠋ᠢᠯᠡᠬᠦ᠂ ᠬᠦᠴᠦᠷᠬᠡᠭᠯᠡᠯ᠎ᠢ ᠰᠡᠷᠭᠡᠶ᠋ᠢᠯᠡᠬᠦ᠂ ᠭᠢᠰᠬᠢᠯᠡᠬᠦ ᠵᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠤ ᠬᠠᠮᠠᠭ᠋ᠠᠯᠠᠯᠲᠠ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠢ ᠴᠢᠩᠭ᠎ᠠ ᠰᠠᠶ᠋ᠢᠲᠤᠷ ᠬᠢᠵᠦ᠂ ᠠᠵᠢᠯᠯᠠᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠳᠥᠷᠪᠡ᠎ᠳᠤ᠂ ᠠᠵᠢᠯᠯᠠᠭ᠎ᠠ ᠳᠠᠭᠤᠰᠤᠭᠰᠠᠨ᠎ᠤ ᠳᠠᠷᠠᠭ᠋ᠠᠬᠢ 2 ᠰᠠᠷ᠎ᠠ ᠵᠢᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠶᠤᠰᠤᠯᠠᠯ᠎ᠢ ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠶ᠋ᠢᠯᠠᠩ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠲᠣᠬᠢᠷᠠᠭᠤᠯᠪᠠ)᠎ᠲᠤ ᠲᠣᠰ ᠤᠳᠠᠭ᠋ᠠᠨ᠎ᠤ ᠠᠵᠢᠯᠯᠠᠭ᠎ᠠ ᠵᠢᠨ ᠳ᠋ᠦᠩᠨᠡᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠲᠠᠪᠤ᠎ᠳᠤ᠂ ᠬᠣᠯᠪᠣᠭᠳᠠᠯ ᠪᠦᠬᠦᠢ ᠪᠠᠶᠠᠷ ᠳᠤᠷᠠᠰᠬᠠᠯ᠎ᠤᠨ ᠠᠵᠢᠯᠯᠠᠭ᠎ᠠ ᠵᠢ ᠳᠠᠬᠢᠨᠲᠠ ᠡᠷᠬᠢᠯᠡᠬᠦ᠎ᠳᠤ ᠬᠦᠷᠪᠡᠯ᠂ ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠲᠣᠭᠲᠠᠭ᠋ᠠᠯ ᠎ᠢ ᠴᠢᠩᠭ᠎ᠠ ᠪᠠᠷᠢᠮᠲᠠᠯᠠᠵᠤ᠂ ᠴᠠᠭ ᠬᠤᠭᠤᠴᠠᠭ᠎ᠠ ᠵᠢᠨ ᠱᠠᠭ᠋ᠠᠷᠳᠠᠯᠭ᠎ᠠ ᠶᠣᠰᠣᠭ᠋ᠠᠷ ᠴᠠᠭ ᠲᠤᠬᠠᠶ᠎ᠳᠤᠨᠢ ᠬᠣᠯᠪᠣᠭᠳᠠᠯ ᠪᠦᠬᠦᠢ ᠮᠠᠲ᠋ᠧᠷᠢᠶᠠᠯ᠎ᠢ ᠳᠡᠭᠡᠭᠰᠢ ᠮᠡᠳᠡᠭᠦᠯᠬᠦ ᠬᠡᠷᠡᠭᠲᠡᠶ᠃
    ᠡᠭᠦᠨ᠎ᠤ᠎ᠳᠤ ᠲᠤᠯᠠ ᠲᠤᠰᠬᠠᠶ᠋ᠢᠯᠠᠨ ᠴᠣᠬᠣᠯᠠᠪᠤᠷᠢᠯᠠᠨ ᠬᠠᠷᠢᠭᠤᠯᠪᠠ᠃
 

                        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ

                              ᠶᠣᠰᠣᠯᠠᠯ᠎ᠢ ᠵᠢᠷᠤᠮᠵᠢᠭᠤᠯᠬᠤ ᠠᠵᠢᠯ ᠎ᠤᠨ ᠲᠤᠰᠬᠠᠶ ᠳᠤᠭᠤᠢ᠌ᠯᠠᠩ
 

                                          2019 ᠤᠨ ᠎ᠤ 8 ᠰᠠᠷ᠎ᠠ ᠵᠢᠨ 12᠎ᠤᠨ ᠡᠳᠦᠷ    

ᠢᠷᠡᠯᠲᠡ᠄
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠣᠷᠳᠣᠰ᠎ᠤᠨ ᠲᠠᠯ᠎ᠠ ᠨᠤᠲᠤᠭ᠎ᠤᠨ ᠲᠣᠷᠭ᠋ᠠᠨ ᠵᠠᠮ᠎ᠤᠨ ᠰᠣᠶᠣᠯ ᠵᠢᠭᠤᠯᠴᠢᠯᠠᠯ᠎ᠤᠨ ᠨᠠᠶ᠋ᠢᠷ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠤᠯᠠᠭ᠋ᠠᠨᠴᠠᠪ ᠬᠣᠲᠠ᠎ᠯᠤᠭ᠎ᠠ ᠬᠠᠮᠲᠤᠪᠠᠷ ᠬᠣᠷᠢᠨ ᠶᠢᠰᠦᠳᠦᠭᠡᠷ ᠡᠭᠡᠯᠵᠢ ᠵᠢᠨ ᠵᠢᠭᠤᠯᠴᠢᠯᠠᠯ᠎ᠤᠨ ᠨᠠᠭ᠋ᠠᠳᠤᠮ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠦᠬᠠᠶ ᠬᠣᠲᠠ ᠵᠢᠨ 2019 ᠦᠬᠠᠶ ᠵᠢᠨ ᠡᠯᠡᠰᠦᠨ ᠴᠦᠯ᠎ᠤᠨ ᠦᠵᠦᠮ᠎ᠤᠨ ᠠᠷᠢᠬᠢ ᠵᠢᠨ ᠰᠣᠶᠣᠯ ᠵᠢᠭᠣᠯᠴᠢᠯᠡᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 146 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 028 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
 
            