ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠪᠤᠭᠤᠲᠤ ᠬᠣᠲᠠ ᠵᠢᠨ ᠳᠣᠯᠣᠳᠤᠭ᠋ᠠᠷ ᠬᠤᠭᠤᠴᠠᠭ᠋ᠠᠨ᠎ᠤ ᠨᠡᠭᠦᠲᠡᠯ ᠮᠠᠯᠵᠢᠯ᠎ᠤᠨ ᠰᠣᠶᠣᠯ ᠵᠢᠭᠤᠯᠴᠢᠯᠠᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠨᠡᠶᠢᠲᠡᠯᠡᠭᠰᠡᠨ ᠴᠠᠭ᠄ 2019-10-18

 
                                 

ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄
      《ᠳᠣᠯᠣᠳᠤᠭ᠋ᠠᠷ ᠬᠤᠭᠤᠴᠠᠭ᠋ᠠᠨ᠎ᠤ ᠨᠡᠭᠦᠳᠡᠯ ᠮᠠᠯᠵᠢᠯ᠎ᠤᠨ ᠰᠣᠶᠣᠯ ᠵᠢᠭᠤᠯᠴᠢᠯᠠᠯ᠎ᠤᠨ ᠨᠠᠢ᠌ᠷ᠎ᠢ ᠡᠷᠬᠢᠯᠡᠬᠦ ᠲᠤᠬᠠᠶ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠢᠭ᠋ᠠᠪᠤᠷᠢ ᠠᠪᠬᠤ ᠮᠡᠳᠡᠭᠦᠯᠦᠯᠲᠡ》 (ᠪᠤᠭᠤᠲᠤ ᠦᠰᠦᠭ [2019] 79 ᠳ᠋ᠤᠭᠡᠷ ᠲᠣᠭ᠋ᠠᠲᠤ) ᠵᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠎ᠢ ᠬᠦᠯᠢᠶᠠᠨ ᠭᠠᠷᠳᠠᠪᠠ᠃ 《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 (ᠥᠪᠥᠷ ᠨᠠᠮ ᠠᠯᠪᠠᠨ ᠲᠠᠷᠬᠠᠭ᠋ᠠᠭᠰᠠᠨ [2015] 45 ᠳ᠋ᠤᠭ᠋ᠠᠷ ᠲᠣᠭ᠋ᠠᠲᠤ) ᠵᠢᠨ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠳᠠᠯᠢᠳᠬᠠᠨ ᠰᠢᠯᠭ᠋ᠠᠷᠠᠭᠤᠯᠵᠤ ᠪᠠᠷᠢᠮᠵᠢᠶ᠎ᠠ᠎ᠳᠤ ᠬᠦᠷᠭᠡᠨ ᠰᠠᠶ᠋ᠢᠰᠢᠶᠠᠨ ᠬᠥᠬᠢᠭᠦᠯᠬᠦ ᠵᠢᠴᠢ ᠪᠠᠶᠠᠷ ᠳᠤᠷᠠᠰᠬᠠᠯ᠎ᠤᠨ ᠶᠠᠷᠢᠶᠠᠨ᠎ᠤ ᠲᠠᠪᠴᠠᠩ ᠦᠵᠡᠰᠬᠦᠯᠡᠩ᠎ᠤᠨ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠤᠨ ᠰᠤᠳᠤᠯᠤᠯᠲᠠ᠎ᠪᠠᠷ ᠳᠠᠮᠵᠢᠨ᠂ ᠲᠠᠨ ᠎ᠤ ᠬᠣᠲᠠ ᠵᠢᠨ ᠳᠣᠯᠣᠳᠤᠭ᠋ᠠᠷ ᠬᠤᠭᠤᠴᠠᠭ᠋ᠠᠨ᠎ᠤ ᠨᠡᠭᠦᠳᠡᠯ ᠮᠠᠯᠵᠢᠯ᠎ᠤᠨ ᠰᠣᠶᠣᠯ ᠵᠢᠭᠤᠯᠴᠢᠯᠠᠯ᠎ᠤᠨ ᠨᠠᠶ᠋ᠢᠷ ᠎ᠢ ᠡᠷᠬᠢᠯᠡᠬᠦ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠵᠦ᠂ ᠳᠠᠷᠬᠠᠨ ᠮᠤᠤᠮᠢᠩᠭ᠋ᠠᠨ ᠬᠣᠰᠢᠭᠤᠨ᠎ᠳᠤ ᠪᠠᠶ᠋ᠢᠷᠢᠯᠠᠭᠤᠯᠤᠨ᠎ᠠ᠃
      ᠡᠭᠦᠨ᠎ᠤ ᠳᠠᠭ᠋ᠠᠤ ᠳᠣᠤᠷᠠᠬᠢ ᠮᠡᠲᠦ ᠬᠡᠳᠦᠨ ᠰᠠᠨᠠᠯ᠎ᠢ ᠳᠤᠷᠠᠳᠬᠤ᠎ᠨᠢ᠄ ᠨᠢᠭᠡ᠎ᠳᠤ᠂ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠢᠵᠢ ᠪᠦᠷᠢᠳᠦᠭᠦᠯᠬᠦ ᠲᠣᠭᠲᠠᠭ᠋ᠠᠯ ᠎ᠢ ᠴᠢᠩᠭ᠎ᠠ ᠬᠡᠷᠡᠭᠵᠢᠭᠦᠯᠵᠦ ᠡᠯ᠎ᠡ ᠵᠦᠢ᠍ᠯ᠎ᠤᠨ ᠠᠵᠢᠯᠯᠠᠭ᠎ᠠ ᠥᠷᠨᠢᠭᠦᠯᠦᠨ᠎ᠡ; ᠬᠣᠶᠠᠷ᠎ᠲᠤ᠂ ᠲᠣᠭᠯᠠᠯᠲᠠ ᠭᠠᠷᠭ᠋ᠠᠬᠤ᠂ ᠳᠡᠯᠭᠡᠨ ᠦᠵᠡᠭᠦᠯᠬᠦ ᠵᠡᠷᠭᠡ ᠠᠵᠢᠯᠯᠠᠭ᠎ᠠ ᠵᠢᠨ ᠠᠭᠤᠯᠭ᠎ᠠ ᠵᠢ ᠴᠢᠩᠭ᠎ᠠ ᠬᠢᠨᠠᠨ ᠬᠠᠮᠢᠶᠠᠷᠴᠤ᠂ ᠦᠵᠡᠯ ᠤᠬᠠᠮᠰᠠᠷ᠎ᠤᠨ ᠬᠡᠯᠪᠡᠷᠢ ᠵᠢᠨ ᠪᠣᠭᠣᠮᠲᠠ ᠵᠢ ᠴᠢᠩᠭ᠎ᠠ ᠠᠳᠬᠤᠬᠤ ᠬᠡᠷᠡᠭᠲᠡᠶ; ᠭᠤᠷᠪᠠ᠎ᠳᠤ᠂ ᠭᠠᠯ ᠰᠡᠷᠭᠡᠶ᠋ᠢᠯᠡᠬᠦ᠂ ᠬᠦᠴᠦᠷᠬᠡᠭᠯᠡᠯ᠎ᠢ ᠰᠡᠷᠭᠡᠶ᠋ᠢᠯᠡᠬᠦ᠂ ᠭᠢᠰᠬᠢᠯᠡᠬᠦ ᠵᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠠᠵᠢᠯ᠎ᠢ ᠴᠢᠩᠭ᠎ᠠ ᠰᠠᠶ᠋ᠢᠲᠤᠷ ᠬᠢᠵᠦ᠂ ᠠᠵᠢᠯᠯᠠᠭ᠎ᠠ ᠵᠢᠨ ᠠᠮᠤᠷ ᠲᠦᠪᠰᠢᠨ᠎ᠢ ᠪᠠᠲᠤᠯᠠᠨ᠎ᠠ; ᠳᠥᠷᠪᠡ᠎ᠳᠤ᠂ ᠠᠵᠢᠯᠯᠠᠭ᠎ᠠ ᠳᠠᠭᠤᠰᠤᠭᠰᠠᠨ᠎ᠤ ᠳᠠᠷᠠᠭ᠋ᠠᠬᠢ 2 ᠰᠠᠷ᠎ᠠ ᠵᠢᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠶᠣᠰᠣᠯᠠᠯ᠎ᠢ ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠶ᠋ᠢᠯᠠᠩ᠎ᠳᠤ ᠲᠣᠰ ᠤᠳᠠᠭ᠋ᠠᠨ᠎ᠤ ᠠᠵᠢᠯᠯᠠᠭ᠎ᠠ ᠵᠢᠨ ᠳᠠᠩᠰᠠᠯᠠᠭᠤᠯᠤᠭᠰᠠᠨ ᠮᠡᠳᠡᠭᠦᠯᠦᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃

      ᠡᠭᠦᠨ᠎ᠤ᠎ᠳᠤ ᠲᠤᠯᠠ ᠲᠤᠰᠬᠠᠶ᠋ᠢᠯᠠᠨ ᠴᠣᠬᠣᠯᠠᠪᠤᠷᠢᠯᠠᠨ ᠬᠠᠷᠢᠭᠤᠯᠪᠠ᠃
 

          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ

                ᠶᠣᠰᠣᠯᠠᠯ᠎ᠢ ᠵᠢᠷᠤᠮᠵᠢᠭᠤᠯᠬᠤ ᠠᠵᠢᠯ ᠎ᠤᠨ ᠲᠤᠰᠬᠠᠶ ᠳᠤᠭᠤᠢ᠌ᠯᠠᠩ
 

                                             2019 ᠤᠨ ᠎ᠤ 7 ᠰᠠᠷ᠎ᠠ ᠵᠢᠨ 19᠎ᠤ ᠡᠳᠦᠷ  


ᠢᠷᠡᠯᠲᠡ᠄
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠶ᠋ᠢᠮᠠᠭ᠎ᠤᠨ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠨᠠᠶ᠋ᠢᠷ ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠣᠷᠳᠣᠰ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠣᠷᠳᠣᠰ᠎ᠤᠨ ᠲᠠᠯ᠎ᠠ ᠨᠤᠲᠤᠭ᠎ᠤᠨ ᠲᠣᠷᠭ᠋ᠠᠨ ᠵᠠᠮ᠎ᠤᠨ ᠰᠣᠶᠣᠯ ᠵᠢᠭᠤᠯᠴᠢᠯᠠᠯ᠎ᠤᠨ ᠨᠠᠶ᠋ᠢᠷ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠤᠯᠠᠭ᠋ᠠᠨᠴᠠᠪ ᠬᠣᠲᠠ᠎ᠯᠤᠭ᠎ᠠ ᠬᠠᠮᠲᠤᠪᠠᠷ ᠬᠣᠷᠢᠨ ᠶᠢᠰᠦᠳᠦᠭᠡᠷ ᠡᠭᠡᠯᠵᠢ ᠵᠢᠨ ᠵᠢᠭᠤᠯᠴᠢᠯᠠᠯ᠎ᠤᠨ ᠨᠠᠭ᠋ᠠᠳᠤᠮ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠦᠬᠠᠶ ᠬᠣᠲᠠ ᠵᠢᠨ 2019 ᠦᠬᠠᠶ ᠵᠢᠨ ᠡᠯᠡᠰᠦᠨ ᠴᠦᠯ᠎ᠤᠨ ᠦᠵᠦᠮ᠎ᠤᠨ ᠠᠷᠢᠬᠢ ᠵᠢᠨ ᠰᠣᠶᠣᠯ ᠵᠢᠭᠣᠯᠴᠢᠯᠡᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 146 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
 
            