ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠦᠬᠠᠶ ᠬᠣᠲᠠ ᠵᠢᠨ 2019 ᠦᠬᠠᠶ ᠵᠢᠨ ᠡᠯᠡᠰᠦᠨ ᠴᠦᠯ᠎ᠤᠨ ᠦᠵᠦᠮ᠎ᠤᠨ ᠠᠷᠢᠬᠢ ᠵᠢᠨ ᠰᠣᠶᠣᠯ ᠵᠢᠭᠣᠯᠴᠢᠯᠡᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠨᠡᠶᠢᠲᠡᠯᠡᠭᠰᠡᠨ ᠴᠠᠭ᠄ 2019-10-18


   

ᠦᠬᠠᠶ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄
      ᠡᠷᠬᠢᠮ ᠬᠣᠲᠠ ᠵᠢᠨ 《2019 ᠦᠬᠠᠶ ᠵᠢᠨ ᠡᠯᠡᠰᠦᠨ ᠴᠦᠯ᠎ᠤᠨ ᠦᠵᠦᠮ᠎ᠤᠨ ᠠᠷᠢᠬᠢ ᠵᠢᠨ ᠰᠣᠶᠣᠯ ᠵᠢᠭᠤᠯᠴᠢᠯᠠᠯ᠎ᠤᠨ ᠪᠠᠶᠠᠷ᠎ᠢ ᠡᠷᠬᠢᠯᠡᠬᠦ ᠲᠤᠬᠠᠶ ᠵᠢᠭ᠋ᠠᠪᠤᠷᠢ ᠠᠪᠬᠤ ᠮᠡᠳᠡᠭᠦᠯᠦᠯᠲᠡ》 (ᠦᠬᠠᠶ ᠬᠣᠳᠠ ᠵᠢᠨ ᠵᠠᠰᠠᠭ᠎ᠤᠨ ᠣᠷᠳᠣᠨ᠎ᠤ ᠲᠠᠷᠬᠠᠭ᠋ᠠᠭᠰᠠᠨ [2019] 35 ᠳ᠋ᠤᠭ᠋ᠠᠷ ᠲᠣᠭ᠋ᠠᠲᠤ) ᠪᠠ ᠲᠣᠰ ᠦᠢ᠍ᠯᠡ ᠠᠵᠢᠯᠯᠠᠭ᠋ᠠᠨ᠎ᠤ ᠲᠣᠬᠠᠢ ᠬᠠᠮᠢᠶ᠎ᠠ ᠪᠦᠬᠦᠢ ᠮᠠᠲ᠋ᠧᠷᠢᠶᠠᠯ  ᠎ᠢ   ᠬᠦᠯᠢᠶᠡᠨ ᠭᠠᠷᠳᠠᠪᠠ᠃ 《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 (ᠥᠪᠥᠷ ᠨᠠᠮ ᠠᠯᠪᠠᠨ ᠲᠠᠷᠬᠠᠭ᠋ᠠᠭᠰᠠᠨ [2015] 45 ᠳ᠋ᠤᠭ᠋ᠠᠷ ᠲᠣᠭ᠋ᠠᠲᠤ) ᠵᠢᠨ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠳᠠᠯᠢᠳᠬᠠᠨ ᠰᠢᠯᠭ᠋ᠠᠷᠠᠭᠤᠯᠵᠤ ᠪᠠᠷᠢᠮᠵᠢᠶ᠎ᠠ᠎ᠳᠤ   ᠬᠦᠷᠭᠡᠵᠣ᠂ ᠰᠠᠶ᠋ᠢᠰᠢᠶᠠᠨ ᠬᠥᠬᠢᠭᠦᠯᠬᠦ ᠵᠢ ᠵᠢᠷᠣᠮᠵᠢᠭᠣᠯᠬᠣ ᠵᠢᠴᠢ ᠪᠠᠶᠠᠷ ᠳᠤᠷᠠᠰᠬᠠᠯ᠎ᠤᠨ ᠶᠠᠷᠢᠶᠠᠨ᠎ᠤ ᠲᠠᠪᠴᠠᠩ᠎ᠤᠨ ᠦᠵᠡᠭᠦᠯᠦᠯᠭᠡ ᠵᠢᠨ ᠴᠤᠭᠯᠠᠭ᠋ᠠᠨ᠎ᠤ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠤᠨ ᠰᠤᠳᠤᠯᠤᠯᠲᠠ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ᠂ ᠲᠠᠨ  ᠎ᠤ ᠬᠣᠲᠠ ᠵᠢᠨ 2019 ᠦᠬᠠᠶ ᠵᠢᠨ ᠡᠯᠡᠰᠦᠨ ᠴᠦᠯ᠎ᠤᠨ ᠦᠵᠦᠮ᠎ᠤᠨ ᠠᠷᠢᠬᠢ ᠵᠢᠨ ᠰᠣᠶᠣᠯ ᠵᠢᠭᠤᠯᠴᠢᠯᠠᠯ᠎ᠤᠨ ᠨᠠᠶ᠋ᠢᠷ ᠡᠷᠬᠢᠯᠡᠬᠦ ᠵᠢ   ᠵᠦᠪᠰᠢᠶᠡᠷᠡᠪᠡ᠃
      ᠡᠭᠦᠨ᠎ᠤ ᠳᠠᠭ᠋ᠠᠤ   ᠳᠣᠤᠷᠠᠬᠢ   ᠬᠡᠳᠣᠨ ᠰᠠᠨᠠᠯ᠎ᠢ   ᠳᠣᠷᠠᠳᠬᠣ᠎ᠨᠢ᠄ ᠨᠢᠭᠡ᠎ᠳᠤ᠂ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ ᠵᠢᠴᠢ   ᠭᠦᠢ᠍ᠴᠡᠳᠭᠡᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠦᠷᠢᠨ ᠲᠥᠬᠥᠷ ᠳᠦᠷᠢᠮ ᠲᠣᠭᠲᠠᠭ᠋ᠠᠯ  ᠎ᠢ ᠴᠢᠩᠭ᠎ᠠ ᠬᠡᠷᠡᠭᠵᠢᠭᠦᠯᠵᠦ  ᠂ ᠡᠯ᠎ᠡ   ᠵᠦᠢ᠍ᠯ᠎ᠤᠨ ᠠᠵᠢᠯᠯᠠᠭ᠎ᠠ ᠎ᠪᠠᠨ   ᠠᠷᠪᠢᠳᠡᠢ ᠭᠠᠮᠲᠠᠢ᠎ᠪᠠᠷ ᠦᠷᠨᠢᠭᠦᠯᠬᠦ ᠬᠡᠷᠡᠭᠲᠡᠶ᠃ ᠬᠣᠶᠠᠷ᠎ᠲᠤ  ᠂ ᠤᠷᠠᠨ ᠰᠠᠶ᠋ᠢᠬᠠᠨ᠎ᠤ ᠲᠣᠭᠯᠠᠯᠲᠠ᠂ ᠦᠵᠡᠰᠬᠦᠯᠡᠩ ᠦᠵᠡᠭᠦᠯᠦᠯᠭᠡ ᠵᠡᠷᠭᠡ ᠠᠵᠢᠯᠯᠠᠭ᠎ᠠ ᠵᠢᠨ ᠠᠭᠤᠯᠭ᠎ᠠ ᠵᠢ ᠴᠢᠩᠭ᠎ᠠ ᠬᠢᠨᠠᠨ ᠬᠠᠮᠢᠶᠠᠷᠴᠤ᠂ ᠦᠵᠡᠯ ᠤᠬᠠᠮᠰᠠᠷ᠎ᠤᠨ ᠬᠡᠯᠪᠡᠷᠢ ᠵᠢᠨ ᠪᠣᠭᠣᠮᠲᠠ ᠵᠢ ᠴᠢᠩᠭ᠎ᠠ ᠠᠳᠬᠤᠬᠤ ᠬᠡᠷᠡᠭᠲᠡᠶ᠃ ᠭᠤᠷᠪᠠ᠎ᠳᠤ ᠭᠠᠯ᠎ᠢ ᠰᠡᠷᠭᠡᠶ᠋ᠢᠯᠡᠬᠦ᠂ ᠬᠦᠴᠦᠷᠬᠡᠭᠯᠡᠯ᠎ᠢ ᠰᠡᠷᠭᠡᠶ᠋ᠢᠯᠡᠬᠦ᠂ ᠭᠢᠰᠬᠢᠯᠡᠬᠦ ᠵᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠤ ᠬᠠᠮᠠᠭ᠋ᠠᠯᠠᠯᠲᠠ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠢ ᠴᠢᠩᠭ᠎ᠠ ᠰᠠᠶ᠋ᠢᠲᠤᠷ ᠬᠢᠵᠦ᠂ ᠠᠵᠢᠯᠯᠠᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠳᠥᠷᠪᠡ᠎ᠳᠤ᠂ ᠠᠵᠢᠯᠯᠠᠭ᠎ᠠ ᠳᠠᠭᠤᠰᠤᠭᠰᠠᠨ᠎ᠤ ᠳᠠᠷᠠᠭ᠋ᠠᠬᠢ 2 ᠰᠠᠷ᠎ᠠ ᠵᠢᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ   ᠶᠣᠰᠣᠯᠡᠯ᠎ᠢ   ᠵᠢᠷᠤᠮᠵᠢᠭᠣᠯᠬᠣ ᠠᠵᠢᠯ᠎ᠤᠨ ᠲᠤᠰᠬᠠᠶ ᠳᠤᠭᠤᠶ᠋ᠢᠯᠠᠩ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠲᠣᠬᠢᠷᠠᠭᠤᠯᠪᠠ) ᠎ᠳᠤ ᠲᠣᠰ ᠤᠳᠠᠭ᠋ᠠᠨ᠎ᠤ ᠠᠵᠢᠯᠯᠠᠭ᠎ᠠ ᠵᠢᠨ ᠳ᠋ᠦᠩᠨᠡᠯᠲᠡ᠎ᠪᠠᠨ   ᠬᠦᠷᠭᠡᠨ ᠮᠡᠳᠡᠭᠦᠯᠬᠦ ᠬᠡᠷᠡᠭᠲᠡᠶ᠃
      ᠡᠭᠦᠨ᠎ᠤ᠎ᠳᠤ ᠲᠤᠯᠠ ᠲᠤᠰᠬᠠᠶ᠋ᠢᠯᠠᠨ ᠴᠣᠬᠣᠯᠠᠪᠤᠷᠢᠯᠠᠨ ᠬᠠᠷᠢᠭᠤᠯᠪᠠ  ᠃
 

                      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ

                            ᠶᠣᠰᠣᠯᠠᠯ᠎ᠢ ᠵᠢᠷᠣᠮᠵᠢᠭᠣᠯᠬᠣ ᠠᠵᠢᠯ  ᠎ᠤᠨ ᠲᠤᠰᠬᠠᠶ   ᠳᠣᠭᠣᠢ᠌ᠯᠠᠩ
 

                                             2019 ᠣᠨ᠎ᠤ 8 ᠰᠠᠷ᠎ᠠ ᠵᠢᠨ 15᠎ᠤ ᠡᠳᠦᠷ

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 146 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 028 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠬᠤᠷᠠᠯ᠎ᠤᠨ 260 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 218 ᠳ᠋ᠤᠭ᠋ᠠᠷ ᠰᠠᠨᠠᠭᠤᠯᠭ᠎ᠠ ᠵᠢᠨ ᠲᠤᠬᠠᠢ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯ᠎ᠤᠨ 624 ᠳ᠋ᠣᠭᠡᠷ ᠰᠠᠨᠠᠭᠤᠯᠭ᠎ᠠ ᠵᠢᠨ ᠲᠤᠬᠠᠶ ᠬᠠᠷᠢᠭᠤᠯᠲᠠ
 
            