
ᠬᠦᠨᠳᠦᠲᠦ ᠲᠥᠯᠥᠭᠡᠯᠡᠭᠴᠢ ᠪᠦᠷᠢᠨᠴᠢᠮᠡᠭ᠄
ᠲᠠᠨ᠎ᠤ ᠳᠤᠷᠠᠳᠤᠭᠰᠠᠨ 《ᠪᠥᠬᠥ ᠣᠷᠣᠨ᠎ᠤ ᠬᠤᠪᠢᠰᠬᠠᠯᠲᠤ ᠲᠡᠤᠬᠡ ᠵᠢ ᠰᠤᠳᠤᠯᠤᠨ ᠰᠤᠷᠤᠯᠴᠠᠬᠤ ᠵᠢᠴᠢ ᠬᠤᠪᠢᠰᠬᠠᠯᠲᠤ ᠲᠡᠤᠬᠡᠨ ᠭᠠᠵᠠᠷ᠎ᠤᠨ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠤᠶᠤ ᠬᠠᠮᠢᠶ᠎ᠠ ᠪᠦᠬᠦᠢ ᠵᠢᠯᠣᠭᠣᠳᠬᠤ ᠰᠠᠨᠠᠯ᠎ᠢ ᠨᠡᠶ᠋ᠢᠲᠡᠯᠡᠬᠦ ᠲᠤᠬᠠᠶ ᠰᠠᠨᠠᠭᠤᠯᠭ᠎ᠠ》 ᠵᠢ ᠬᠢᠨᠠᠮᠠᠭ᠋ᠠᠶ ᠰᠤᠳᠤᠯᠬᠤ᠎ᠪᠠᠷ ᠳᠠᠮᠵᠢᠨ᠂ ᠡᠳᠦᠭᠡ ᠳᠣᠤᠷᠠᠬᠢ ᠮᠡᠲᠦ ᠬᠠᠷᠢᠭᠤᠯᠲᠠ ᠥᠭᠬᠦ ᠰᠠᠨᠠᠯ᠎ᠢ ᠳᠤᠷᠠᠳᠶᠠ᠄
ᠤᠢ᠌ᠷ᠎ᠠ ᠵᠢᠨ ᠵᠢᠯ ᠤᠳᠲᠤ᠂ ᠮᠠᠨ᠎ᠤ ᠲᠢᠩᠬᠢᠮ ᠤᠯᠠᠭ᠋ᠠᠨᠬᠦᠤ ᠵᠢᠨ ᠠᠯᠪᠠᠯᠠᠵᠦ ᠪᠠᠢ᠌ᠭᠰᠠᠨ ᠬᠠᠭᠤᠴᠢᠨ ᠪᠠᠭᠤᠷᠢ᠂ 《5.1》 ᠬᠤᠷᠠᠯ᠎ᠤᠨ ᠰᠠᠭᠤᠷᠢᠨ ᠭᠠᠵᠠᠷ᠂ ᠮᠠᠨᠵᠤᠤᠷ᠎ᠤᠨ ᠣᠯᠠᠨ ᠤᠯᠤᠰ᠎ᠤᠨ ᠨᠢᠭᠤᠴᠠ ᠵᠠᠮ ᠬᠠᠷᠢᠯᠴᠠᠭ᠋ᠠᠨ᠎ᠤ ᠱᠤᠭᠤᠮ᠎ᠤᠨ ᠬᠥᠮᠦᠵᠢᠯ᠎ᠤᠨ ᠬᠤᠪᠢᠰᠬᠠᠯ᠎ᠤᠨ ᠰᠠᠭᠤᠷᠢᠨ ᠭᠠᠵᠠᠷ᠂ ᠶᠠᠨ ᠠᠨ᠎ᠤ ᠦᠨᠳᠦᠰᠦᠲᠡᠨ᠎ᠤ ᠳᠡᠭᠡᠳᠦ ᠰᠤᠷᠭ᠋ᠠᠭᠤᠯᠢ ᠵᠢᠨ ᠴᠸᠩᠴᠤᠸᠠᠨᠤ ᠳᠤᠷᠠᠰᠬᠠᠯ᠎ᠤᠨ ᠣᠷᠳᠣᠨ ᠵᠡᠷᠭᠡ ᠬᠤᠪᠢᠰᠬᠠᠯᠲᠤ ᠵᠤᠭ᠋ᠠᠴᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠰᠢᠭᠯᠡᠨ᠂ ᠮᠠᠨᠵᠤᠤᠷ ᠬᠣᠲᠠ᠂ ᠤᠯᠠᠭ᠋ᠠᠨᠬᠣᠲᠠ᠂ ᠦᠴᠤᠸᠠᠨ ᠰᠢᠶᠠᠨ᠂ ᠯᠢᠶᠠᠩᠴᠧᠩ ᠰᠢᠶᠠᠨ ᠵᠡᠷᠭᠡ ᠬᠤᠪᠢᠰᠬᠠᠯᠲᠤ ᠵᠤᠭ᠋ᠠᠴᠠᠯ᠎ᠤᠨ ᠨᠠᠷᠠᠲᠤ ᠬᠣᠲᠠ ᠵᠢ ᠭᠣᠤᠯᠳᠠᠯᠭ᠎ᠠ᠎ᠲᠠᠢ ᠪᠠᠢ᠌ᠭᠤᠯᠵᠤ᠂ ᠵᠢᠭᠤᠯᠴᠢᠯᠠᠯ᠎ᠤᠨ ᠬᠤᠪᠢᠰᠬᠠᠯᠲᠤ ᠲᠡᠤᠬᠡ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠵᠢᠭᠤᠯᠴᠢᠯᠠᠯ᠎ᠤᠨ ᠬᠤᠪᠢᠰᠬᠠᠯᠲᠤ ᠰᠣᠩᠭᠣᠳᠠᠭ ᠦᠵᠡᠮᠵᠢ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠤᠪᠢᠰᠬᠠᠯᠲᠤ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠶ ᠠᠭᠤᠳᠠᠯᠵᠤ᠂ ᠬᠦᠬᠡᠬᠤᠲᠠ ᠵᠢᠨ ᠬᠤᠪᠢᠰᠬᠠᠯᠲᠤ ᠵᠢᠭᠤᠯᠴᠢᠯᠠᠯ᠎ᠤᠨ ᠰᠢᠷᠢᠰ ᠦᠵᠡᠮᠵᠢ ᠵᠢᠨ ᠣᠷᠣᠨ᠂ ᠤᠯᠠᠭ᠋ᠠᠨᠬᠣᠲᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠶ᠋ᠢᠭᠤᠯᠤᠭᠳᠠᠭᠰᠠᠨ ᠳᠤᠷᠠᠰᠬᠠᠯ᠎ᠤᠨ ᠭᠠᠵᠠᠷ ᠵᠡᠷᠭᠡ ᠵᠢᠭᠤᠯᠴᠢᠯᠠᠯ᠎ᠤᠨ ᠬᠤᠪᠢᠰᠬᠠᠯᠲᠤ ᠰᠣᠩᠭᠣᠳᠠᠭ ᠦᠵᠡᠮᠵᠢ ᠵᠢᠨ ᠣᠷᠣᠨ᠎ᠤ ᠳᠡᠰ ᠳᠡᠪᠰᠢᠬᠦ ᠵᠢ ᠲᠦᠯᠬᠢᠨ ᠠᠬᠢᠭᠤᠯᠵᠤ᠂ ᠤᠯᠤᠰ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠵᠢᠭᠤᠯᠴᠢᠯᠠᠯ᠎ᠤᠨ ᠬᠤᠪᠢᠰᠬᠠᠯᠲᠤ ᠰᠣᠩᠭᠣᠳᠠᠭ ᠦᠵᠡᠮᠵᠢ ᠵᠢᠨ ᠣᠷᠣᠨ᠎ᠢ ᠢᠳᠡᠪᠬᠢᠲᠡᠶ᠎ᠪᠠᠷ ᠡᠭᠦᠳᠦᠨ ᠪᠠᠢ᠌ᠭᠤᠯᠵᠤ᠂ ᠮᠠᠨ᠎ᠤ ᠣᠷᠣᠨ᠎ᠤ ᠬᠤᠪᠢᠰᠬᠠᠯᠲᠤ ᠵᠢᠭᠤᠯᠴᠢᠯᠠᠯ᠎ᠤᠨ ᠠᠯᠳᠠᠷᠰᠢᠯ ᠪᠠ ᠲᠠᠲᠠᠬᠤ ᠬᠦᠴᠦᠨ᠎ᠢ ᠳᠡᠭᠡᠭᠰᠢᠯᠡᠬᠦᠯᠪᠡ᠃
ᠨᠢᠭᠡ᠂ ᠮᠠᠨ᠎ᠤ ᠣᠷᠣᠨ᠎ᠤ ᠬᠤᠪᠢᠰᠬᠠᠯᠲᠤ ᠵᠢᠭᠤᠯᠴᠢᠯᠠᠯ᠎ᠤᠨ ᠠᠵᠢᠯ᠎ᠢ ᠥᠷᠨᠢᠭᠦᠯᠦᠭᠰᠡᠨ ᠪᠠᠢ᠌ᠳᠠᠯ᠎ᠤᠨ ᠲᠤᠬᠠᠶ
2016 ᠣᠨ᠎ᠳᠤ᠂ ᠬᠦᠬᠡᠬᠤᠲᠠ ᠵᠢᠨ ᠬᠤᠪᠢᠰᠬᠠᠯᠲᠤ ᠵᠢᠭᠤᠯᠴᠢᠯᠠᠯ᠎ᠤᠨ ᠰᠢᠷᠢᠰ ᠦᠵᠡᠮᠵᠢ ᠵᠢᠨ ᠣᠷᠣᠨ ᠵᠡᠷᠭᠡ 8 ᠵᠢᠭᠤᠯᠴᠢᠯᠠᠯ᠎ᠤᠨ ᠦᠵᠡᠮᠵᠢ ᠵᠢᠨ ᠣᠷᠣᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠬᠠᠭᠤᠯᠬᠤ ᠬᠡᠯᠲᠡᠰ ᠵᠡᠷᠭᠡ 14 ᠶᠠᠮᠤᠨ ᠵᠥᠪᠯᠡᠯ᠎ᠤᠨ ᠬᠠᠮᠲᠤᠷᠠᠨ ᠨᠡᠶ᠋ᠢᠲᠡᠯᠡᠭᠰᠡᠨ 《ᠪᠦᠬᠦ ᠤᠯᠤᠰ ᠤᠨ ᠵᠢᠭᠤᠯᠴᠢᠯᠠᠯ᠎ᠤᠨ ᠬᠤᠪᠢᠰᠬᠠᠯᠲᠤ ᠰᠣᠩᠭᠣᠳᠠᠭ ᠦᠵᠡᠮᠵᠢ ᠵᠢᠨ ᠣᠷᠣᠨ᠎ᠤ ᠨᠡᠷᠡᠰ᠎ᠤᠨ ᠵᠢᠭᠰᠠᠭ᠋ᠠᠯᠲᠠ ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠎ᠤᠨ ᠨᠡᠶ᠋ᠢᠭᠡᠮ᠎ᠤᠨ ᠬᠦᠭᠵᠢᠯᠲᠡ ᠵᠢᠨ ᠵᠤᠷᠭ᠋ᠠᠨ᠎ᠤ ᠲᠠᠷᠬᠠᠭ᠋ᠠᠭᠰᠠᠨ [2016] 2662 ᠳ᠋ᠤᠭ᠋ᠠᠷ ᠲᠣᠭ᠋ᠠᠲᠤ)᠎ᠤᠨ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠭᠳᠠᠪᠠ᠃ ᠮᠠᠨ᠎ᠤ ᠲᠢᠩᠬᠢᠮ 《2016 — 2020 ᠤᠨ᠎ᠤ ᠪᠦᠬᠦ ᠤᠯᠤᠰ᠎ᠤᠨ ᠬᠤᠪᠢᠰᠬᠠᠯᠲᠤ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠬᠥᠲᠥᠯᠪᠦᠷᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ ᠤᠨ ᠦᠢ᠍ᠯᠡᠰ᠎ᠤᠨ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠬᠥᠭᠵᠢᠯᠲᠡ ᠵᠢᠨ ᠲᠥᠯᠥᠪᠵᠢᠭᠦᠯᠪᠡ》 ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠣᠶᠣᠯ ᠵᠢᠭᠤᠯᠴᠢᠯᠠᠯ᠎ᠤᠨ ᠦᠢ᠍ᠯᠡᠰ᠎ᠲᠤ᠎ᠬᠢ ᠴᠢᠬᠤᠯᠠ ᠵᠢᠭ᠋ᠠᠪᠤᠷᠢ ᠶᠣᠰᠣᠭ᠋ᠠᠷ 《ᠪᠦᠬᠦ ᠤᠯᠤᠰ᠎ᠤᠨ ᠬᠤᠪᠢᠰᠬᠠᠯᠲᠤ ᠵᠢᠭᠤᠯᠴᠢᠯᠠᠯ᠎ᠤᠨ ᠲᠦᠮᠡᠨ ᠭᠠᠵᠠᠷ᠎ᠤᠨ ᠠᠶᠠᠯᠠᠯ》᠎ᠤᠨ ᠥᠪᠥᠷ ᠮᠣᠩᠭᠣᠯ᠎ᠤᠨ ᠬᠤᠪᠢᠶᠠᠷᠢ ᠬᠤᠷᠠᠯ᠎ᠤᠨ ᠲᠠᠯᠠᠪᠠᠢ ᠵᠢᠨ ᠬᠦᠳᠡᠯᠭᠡᠭᠡᠨ᠎ᠢ ᠵᠠᠯᠭ᠋ᠠᠭ᠎ᠠ᠎ᠪᠠᠷ ᠥᠷᠨᠢᠭᠦᠯᠵᠦ᠂ ᠬᠦᠬᠡᠬᠤᠲᠠ ᠵᠢᠨ ᠤᠯᠠᠭ᠋ᠠᠨᠬᠦᠤ ᠵᠢᠨ ᠳᠤᠷᠠᠰᠬᠠᠯ᠎ᠤᠨ ᠣᠷᠳᠣᠨ — ᠲᠦᠮᠡᠳ ᠵᠡᠭᠦᠨ ᠬᠣᠰᠢᠭᠤᠨ᠎ᠤ ᠤᠯᠠᠭ᠋ᠠᠨᠬᠦᠤ ᠵᠢᠨ ᠬᠠᠭᠤᠴᠢᠨ ᠰᠠᠭᠤᠴᠠ — ᠦᠴᠤᠸᠠᠨ ᠰᠢᠶᠠᠨ᠎ᠤ ᠳᠠᠯᠠᠨ ᠬᠠᠷ᠎ᠠ ᠠᠭᠤᠯᠠ ᠵᠢᠨ ᠶᠠᠫᠣᠨ᠎ᠢ ᠡᠰᠡᠷᠭᠦᠴᠡᠬᠦ ᠰᠠᠭᠤᠷᠢᠨ ᠭᠠᠵᠠᠷ᠎ᠤᠨ ᠬᠠᠭᠤᠴᠢᠨ ᠪᠠᠭᠤᠷᠢ — ᠤᠯᠠᠭ᠋ᠠᠨᠬᠦᠤ ᠵᠢᠨ ᠬᠤᠪᠢᠰᠬᠠᠯ᠎ᠤᠨ ᠠᠵᠢᠯᠯᠠᠭ᠎ᠠ ᠵᠢᠨ ᠬᠠᠭᠤᠴᠢᠨ ᠪᠠᠭᠤᠷᠢ — ᠳᠠᠷᠬᠠᠨ ᠮᠤᠤᠮᠢᠩᠭ᠋ᠠᠨ ᠬᠣᠰᠢᠭᠤᠨ᠎ᠤ ᠪᠠᠲᠤᠬᠠᠭ᠋ᠠᠯᠭ᠎ᠠ ᠵᠢᠨ ᠶᠠᠫᠣᠨ᠎ᠢ ᠡᠰᠡᠷᠭᠦᠴᠡᠬᠦ ᠳᠤᠷᠠᠰᠬᠠᠯ᠎ᠤᠨ ᠣᠷᠳᠣᠨ — ᠪᠤᠭᠤᠲᠤ ᠵᠢᠨ ᠸᠠᠩ ᠷᠦᠸᠸ ᠹᠧᠶ ᠵᠢᠨ ᠳᠤᠷᠠᠰᠬᠠᠯ᠎ᠤᠨ ᠣᠷᠳᠣᠨ ᠵᠡᠷᠭᠡ 8 ᠵᠤᠷᠪᠤᠰ ᠬᠤᠪᠢᠰᠬᠠᠯᠲᠤ ᠵᠢᠭᠤᠯᠴᠢᠯᠠᠯ᠎ᠤᠨ ᠱᠤᠭᠤᠮ ᠪᠤᠯᠤᠨ ᠬᠦᠬᠡᠬᠤᠲᠠ ᠵᠢᠨ ᠤᠯᠠᠭ᠋ᠠᠨᠬᠦᠤ ᠵᠢᠨ ᠳᠤᠷᠠᠰᠬᠠᠯ᠎ᠤᠨ ᠣᠷᠳᠣᠨ ᠵᠡᠷᠭᠡ 20 ᠬᠤᠪᠢᠰᠬᠠᠯᠲᠤ ᠵᠢᠭᠤᠯᠴᠢᠯᠠᠯ᠎ᠤᠨ ᠭᠤᠤᠯᠳᠠᠯᠭ᠋ᠠᠲᠤ ᠦᠵᠡᠮᠵᠢ ᠵᠢᠨ ᠣᠷᠣᠨ᠎ᠢ ᠨᠡᠢ᠌ᠳᠡᠯᠡᠵᠦ᠂ ᠬᠤᠪᠢᠰᠬᠠᠯᠲᠤ ᠵᠢᠭᠤᠯᠴᠢᠯᠠᠯ᠎ᠤᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠲᠤᠰᠬᠠᠶ ᠭᠠᠯᠲᠤ ᠲᠡᠷᠭᠡ ᠵᠢ ᠨᠡᠪᠲᠡᠷᠡᠭᠦᠯᠵᠦ᠂ ᠳᠤᠮᠳᠠᠳᠤ ᠣᠷᠣᠰ᠎ᠤᠨ ᠬᠤᠪᠢᠰᠬᠠᠯᠲᠤ ᠵᠢᠭᠤᠯᠴᠢᠯᠠᠯ᠎ᠤᠨ ᠬᠥᠭᠵᠢᠯᠲᠡ ᠵᠢᠨ ᠶᠠᠷᠢᠶᠠᠨ᠎ᠤ ᠲᠠᠪᠴᠠᠩ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠤᠨ᠂ ᠵᠢᠭᠤᠯᠴᠢᠯᠠᠯ᠎ᠤᠨ ᠬᠥᠲᠥᠴᠢ ᠵᠢ ᠵᠣᠬᠢᠶᠠᠨ ᠪᠠᠢ᠌ᠭᠤᠯᠵᠤ ᠪᠥᠬᠥ ᠤᠯᠤᠰ᠎ᠤᠨ ᠬᠤᠪᠢᠰᠬᠠᠯᠲᠤ ᠦᠯᠢᠭᠡᠷ᠎ᠤᠨ ᠲᠠᠶ᠋ᠢᠯᠪᠤᠷᠢᠯᠠᠭᠴᠢ ᠵᠢᠨ ᠤᠷᠤᠯᠳᠤᠭ᠋ᠠᠨ᠎ᠳᠤ ᠣᠷᠣᠯᠴᠠᠭᠤᠯᠵᠤ᠂ ᠬᠤᠪᠢᠰᠬᠠᠯᠲᠤ ᠵᠢᠭᠤᠯᠴᠢᠯᠠᠯ᠎ᠤᠨ ᠦᠵᠡᠮᠵᠢ ᠵᠢᠨ ᠣᠷᠣᠨ᠎ᠠᠴᠠ ᠮᠠᠨ᠎ᠤ ᠣᠷᠣᠨ᠎ᠤ ᠭᠤᠤᠯᠳᠠᠯᠭ᠋ᠠᠲᠤ ᠲᠣᠭᠣᠷᠢᠭ ᠬᠦᠷᠬᠦ ᠤᠬᠠᠭᠤᠯᠭ᠎ᠠ ᠵᠢᠨ ᠳᠡᠪᠲᠡᠷ᠎ᠢ ᠨᠠᠶ᠋ᠢᠷᠠᠭᠤᠯᠤᠨ ᠵᠣᠬᠢᠶᠠᠵᠤ᠂ ᠬᠦᠬᠡᠬᠤᠲᠠ ᠵᠢᠨ ᠬᠤᠪᠢᠰᠬᠠᠯᠲᠤ ᠵᠢᠭᠤᠯᠴᠢᠯᠠᠯ᠎ᠤᠨ ᠵᠠᠮ ᠱᠤᠭᠤᠮ᠎ᠤᠨ ᠲᠥᠯᠥᠪᠵᠢᠭᠦᠯᠭᠡ ᠵᠢᠨ ᠲᠦᠰᠦᠯ᠎ᠢ ᠨᠠᠶ᠋ᠢᠷᠠᠭᠤᠯᠤᠨ ᠵᠤᠬᠢᠶᠠᠪᠠ᠃ ᠥᠪᠥᠷ ᠮᠣᠩᠭᠣᠯ᠎ᠤᠨ ᠬᠤᠪᠢᠰᠬᠠᠯᠲᠤ ᠵᠢᠭᠤᠯᠴᠢᠯᠠᠯ᠎ᠤᠨ ᠪᠦᠲᠦᠭᠡᠨ ᠪᠠᠶ᠋ᠢᠭᠤᠯᠤᠯᠲᠠ᠂ ᠬᠤᠪᠢᠰᠬᠠᠯᠲᠤ ᠵᠢᠭᠤᠯᠴᠢᠯᠠᠯ᠎ᠤᠨ ᠨᠡᠷᠡᠲᠦ ᠲᠡᠮᠳᠡᠭᠲᠦ ᠵᠢᠨ ᠤᠬᠠᠭᠤᠯᠭ᠎ᠠ᠂ ᠬᠤᠪᠢᠰᠬᠠᠯᠲᠤ ᠰᠤᠳᠤᠯᠭ᠋ᠠᠨ᠎ᠤ ᠲᠦᠰᠦᠯ᠎ᠳᠤ᠎ᠬᠢ ᠲᠦᠯᠬᠢᠴᠡ ᠵᠢ ᠦᠷᠬᠦᠯᠵᠢᠯᠡᠨ ᠠᠬᠢᠭᠤᠯᠤᠨ᠎ᠠ᠃
ᠬᠣᠶᠠᠷ᠂ ᠮᠠᠨ᠎ᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠵᠢᠯ᠎ᠢ ᠥᠷᠨᠢᠭᠦᠯᠦᠭᠰᠡᠨ ᠪᠠᠢ᠌ᠳᠠᠯ᠎ᠤᠨ ᠲᠤᠬᠠᠶ
ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠤᠷᠭ᠋ᠠᠨ ᠬᠥᠮᠦᠵᠢᠯ᠎ᠤᠨ ᠴᠢᠨᠠᠷ᠂ ᠦᠢ᠍ᠯᠡᠳᠦᠯᠭᠡ ᠵᠢᠨ ᠴᠢᠨᠠᠷ᠂ ᠠᠮᠤᠷ ᠲᠦᠪᠰᠢᠨ᠎ᠤ ᠴᠢᠨᠠᠷ᠂ ᠨᠡᠢ᠍ᠢ᠍ᠲᠡ ᠵᠢᠨ ᠠᠰᠠᠷᠠᠮᠵᠢ ᠵᠢᠨ ᠴᠢᠨᠠᠷ᠎ᠢ ᠪᠠᠷᠢᠮᠲᠠᠯᠠᠬᠤ ᠵᠠᠷᠴᠢᠮ᠎ᠤᠨ ᠶᠣᠰᠣᠭ᠋ᠠᠷ᠂ ᠮᠠᠨ᠎ᠤ ᠣᠷᠣᠨ᠎ᠤ ᠰᠤᠳᠤᠯᠤᠨ ᠰᠤᠷᠤᠯᠴᠠᠬᠤ ᠵᠢᠭᠤᠯᠴᠢᠯᠠᠯ᠎ᠨᠢ ᠠᠵᠢᠯᠯᠠᠬᠤ ᠠᠷᠭ᠎ᠠ ᠮᠠᠶᠢᠭ᠎ᠤᠨ ᠲᠠᠯ᠎ᠠ᠎ᠪᠠᠷ ᠭᠣᠤᠯᠳᠠᠭᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠵᠶ᠋ᠠᠷ ᠵᠢᠯᠣᠭᠣᠳᠤᠯᠭ᠎ᠠ ᠪᠣᠯᠭ᠋ᠠᠵᠤ᠂ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠢᠨ ᠬᠦᠳᠡᠯᠭᠡᠭᠡᠨ᠎ᠤ ᠳᠠᠯᠠᠪᠠᠢ᠎ᠳᠤ ᠲᠦᠰᠢᠭᠯᠡᠨ᠂ ᠰᠤᠷᠭ᠋ᠠᠭᠤᠯᠢ ᠵᠢᠨ ᠡᠷᠭᠢᠨ ᠲᠣᠭᠣᠷᠢᠨ᠎ᠤ ᠦᠵᠡᠮᠵᠢ ᠵᠢᠨ ᠣᠷᠣᠨ᠂ ᠦᠵᠡᠮᠵᠢ ᠵᠢᠨ ᠭᠠᠵᠠᠷ᠂ ᠣᠷᠳᠣᠨ ᠲᠠᠯᠠᠪᠠᠢ᠎ᠪᠠᠷ ᠭᠣᠤᠯ ᠪᠣᠯᠭ᠋ᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢ ᠵᠣᠬᠢᠶᠠᠨ ᠪᠠᠢ᠌ᠭᠤᠯᠵᠤ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠵᠢᠯᠯᠠᠭ᠎ᠠ ᠵᠢ ᠦᠷᠨᠢᠬᠦᠯᠵᠦ ᠪᠠᠢ᠌ᠨ᠎ᠠ᠃ ᠦᠢ᠍ᠷ᠎ᠠ ᠵᠢᠨ ᠵᠢᠯ ᠤᠳᠲᠤ᠂ ᠮᠠᠨ᠎ᠤ ᠣᠷᠣᠨ ᠪᠤᠭᠤᠲᠤ ᠬᠣᠲᠠ᠂ ᠬᠥᠯᠥᠨ ᠪᠣᠶ᠋ᠢᠷ ᠬᠣᠲᠠ᠂ ᠲᠦᠩᠯᠢᠶᠣᠤ ᠬᠣᠲᠠ ᠪᠣᠯᠤᠨ ᠤᠯᠠᠭ᠋ᠠᠨᠬᠠᠳᠠ ᠬᠣᠲᠠ᠎ᠳᠤ ᠨᠡᠶ᠋ᠢᠭᠡᠮ᠎ᠤᠨ ᠰᠤᠷᠭ᠋ᠠᠨ ᠬᠥᠮᠦᠵᠢᠯ᠎ᠤᠨ ᠵᠢᠱ᠌ᠢᠶ᠎ᠡ ᠦᠵᠡᠭᠦᠯᠬᠦ ᠴᠢᠨᠠᠷᠲᠠᠶ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠡᠯ᠎ᠡ ᠭᠠᠵᠠᠷ᠎ᠤᠨ᠎ᠬᠢᠨ᠎ᠤ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠬᠦᠳᠡᠯᠬᠡᠬᠡᠨ᠎ᠤ ᠲᠠᠯᠠᠪᠠᠢ᠎ᠪᠠᠷ ᠰᠠᠭᠤᠷᠢᠨ ᠭᠠᠵᠠᠷ ᠪᠣᠯᠭ᠋ᠠᠨ᠂ ᠣᠷᠣᠨ ᠨᠤᠲᠤᠭ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠰᠢᠭᠯᠡᠵᠦ᠂ ᠰᠤᠷᠭ᠋ᠠᠭᠤᠯᠢ ᠪᠣᠯᠤᠨ ᠰᠤᠷᠤᠭᠴᠢᠳ᠎ᠤᠨ ᠣᠨᠴᠠᠯᠢᠭ᠎ᠢ ᠤᠶᠠᠯᠳᠤᠭᠤᠯᠵᠤ᠂ ᠦᠢ᠍ᠯᠡᠳᠦᠯᠭᠡ ᠵᠢᠨ ᠣᠶ᠋ᠢᠯᠠᠭ᠋ᠠᠮᠵᠢ ᠵᠢᠨ ᠠᠭᠤᠯᠭ᠎ᠠ ᠵᠢ ᠪᠤᠷᠤᠭᠵᠢᠭᠤᠨ ᠪᠤᠯᠭ᠋ᠠᠨ᠂ ᠭᠠᠵᠠᠷ ᠣᠷᠣᠨ᠎ᠤ ᠣᠨᠴᠠᠯᠢᠭ᠎ᠲᠠᠢ ᠬᠢᠴᠢᠶᠡᠯ᠎ᠤᠨ ᠰᠢᠰᠲᠸᠮ᠎ᠢ ᠨᠡᠭᠡᠭᠡᠨ ᠬᠥᠭᠵᠢᠭᠦᠯᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ ᠱᠠᠭ᠋ᠠᠷᠳᠠᠵᠦ ᠪᠡᠯᠡ ᠣᠷᠣᠭᠤᠯᠤᠯᠲᠠ ᠵᠢᠨ ᠡᠷᠴᠢᠮ᠎ᠢ᠎ᠨᠢ ᠴᠢᠩᠭ᠋ᠠᠷᠠᠭᠤᠯᠤᠨ᠂ 《ᠪᠦᠬᠦ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠳᠤᠯᠤᠨ ᠰᠤᠷᠤᠯᠴᠠᠬᠤ ᠬᠤᠭᠤᠴᠠᠭ᠋ᠠᠨ᠎ᠤ ᠰᠤᠷᠭ᠋ᠠᠨ ᠬᠥᠮᠦᠵᠢᠯ᠎ᠤᠨ ᠤᠨᠴᠠᠯᠢᠭᠲᠤ ᠰᠠᠭᠤᠷᠢᠨ ᠭᠠᠵᠠᠷ (ᠪᠠᠭᠤᠴᠠ)》᠎ᠢ 13 ᠪᠠᠶ᠋ᠢᠭᠤᠯᠪᠠ᠃ ᠡᠭᠦᠨ᠎ᠤ ᠬᠠᠮᠲᠤ᠂ ᠪᠥᠬᠥ ᠣᠷᠣᠨ᠎ᠤ 70 ᠭᠠᠷᠤᠶ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠢᠨ ᠬᠦᠳᠡᠯᠭᠡᠭᠡᠨ᠎ᠤ ᠳᠠᠯᠠᠪᠠᠢ ᠲᠥᠪ᠎ᠤᠨ ᠬᠤᠨᠵᠢᠪᠤᠷᠢᠲᠤ ᠰᠤᠭᠤᠯᠤᠭ᠎ᠠ ᠵᠢᠨ ᠨᠡᠢ᠍ᠢ᠍ᠲᠡ ᠵᠢᠨ ᠠᠰᠠᠷᠠᠮᠵᠢ ᠵᠢᠨ ᠰᠠᠭᠤᠷᠢ ᠮᠥᠩᠭᠥ ᠵᠢᠨ ᠲᠣᠭᠲᠠᠮᠠᠯ ᠬᠤᠭᠤᠴᠠᠭ᠋ᠠᠲᠤ ᠲᠤᠰᠠᠯᠠᠮᠵᠢ ᠵᠢᠨ ᠮᠦᠡᠭᠬᠦᠨ᠎ᠳᠤ ᠲᠦᠰᠢᠭᠯᠡᠨ᠂ ᠵᠠᠷᠤᠳᠠᠯ᠎ᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠲᠤᠭᠲᠠᠭ᠋ᠠᠨ ᠡᠯ᠎ᠡ ᠵᠦᠢ᠍ᠯ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠵᠢᠯᠯᠠᠭ᠎ᠠ ᠵᠢ ᠦᠷᠨᠢᠬᠦᠯᠪᠡ᠃
ᠭᠤᠷᠪᠠ᠂ ᠲᠠᠷᠠᠭ᠋ᠠᠴᠢ ᠵᠢᠨ ᠠᠵᠢᠯ᠎ᠤᠨ ᠠᠷᠭ᠎ᠠ ᠬᠡᠮᠵᠢᠶ᠎ᠡ
(ᠨᠢᠭᠡ) ᠪᠥᠬᠥ ᠣᠷᠣᠨ᠎ᠤ ᠬᠤᠪᠢᠰᠬᠠᠯᠲᠤ ᠵᠢᠭᠤᠯᠴᠢᠯᠠᠯ᠎ᠤᠨ ᠦᠵᠡᠮᠵᠢ ᠵᠢᠨ ᠣᠷᠣᠨ᠎ᠳᠤ᠎ᠬᠢ ᠪᠡᠯᠡ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ 《ᠥᠪᠥᠷ ᠮᠣᠩᠭᠣᠯ᠎ᠤᠨ ᠬᠤᠪᠢᠰᠬᠠᠯᠲᠤ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠤᠯᠠᠮ ᠨᠢᠭᠡ ᠠᠯᠬᠤᠮ ᠰᠠᠢ᠌ᠵᠢᠷᠠᠭᠤᠯᠬᠤ ᠲᠤᠬᠠᠶ ᠵᠢᠯᠣᠭᠣᠳᠬᠤ ᠰᠠᠨᠠᠯ》᠎ᠢ ᠨᠠᠶ᠋ᠢᠷᠠᠭᠤᠯᠤᠨ ᠵᠤᠬᠢᠶᠠᠬᠤ᠎ᠪᠠᠷ ᠲᠦᠯᠦᠪᠯᠡᠵᠦ᠂ ᠮᠠᠨ᠎ᠤ ᠣᠷᠣᠨ᠎ᠤ ᠪᠥᠬᠥ ᠤᠯᠤᠰ᠎ᠤᠨ ᠵᠢᠭᠤᠯᠴᠢᠯᠠᠯ᠎ᠤᠨ ᠬᠤᠪᠢᠰᠬᠠᠯᠲᠤ ᠰᠣᠩᠭᠣᠳᠠᠭ ᠦᠵᠡᠮᠵᠢ ᠵᠢᠨ ᠣᠷᠣᠨ ᠵᠢᠴᠢ ᠬᠤᠪᠢᠰᠬᠠᠯᠲᠤ ᠬᠥᠮᠦᠵᠢᠯ᠎ᠤᠨ ᠰᠠᠭᠤᠷᠢᠨ ᠭᠠᠵᠠᠷ᠎ᠤᠨ ᠵᠢᠭᠤᠯᠴᠢᠯᠠᠯ᠎ᠤᠨ ᠦᠢ᠍ᠯᠡᠴᠢᠯᠡᠭᠡᠨ᠎ᠤ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠤᠪᠢᠰᠬᠠᠯ᠎ᠤᠨ ᠲᠡᠤᠬᠡ ᠰᠣᠶᠣᠯ᠎ᠤᠨ ᠥᠪ᠎ᠢ ᠪᠦᠲᠦᠮᠵᠢᠲᠡᠶ ᠬᠠᠮᠠᠭ᠋ᠠᠯᠠᠵᠤ᠂ ᠬᠤᠪᠢᠰᠬᠠᠯᠲᠤ ᠵᠢᠭᠤᠯᠴᠢᠯᠠᠯ᠎ᠢ ᠤᠬᠠᠭᠤᠯᠬᠤ ᠳᠡᠯᠭᠡᠨ ᠦᠵᠡᠭᠦᠯᠬᠦ ᠪᠠ ᠰᠤᠳᠤᠯᠬᠤ ᠴᠢᠳᠠᠪᠤᠷᠢ ᠵᠢ ᠴᠢᠩᠭ᠋ᠠᠷᠠᠭᠤᠯᠤᠨ᠂ ᠪᠦᠷᠢᠨ ᠲᠥᠬᠥᠷ ᠦᠢ᠍ᠯᠡᠴᠢᠯᠡᠭᠡᠨ᠎ᠤ ᠪᠡᠯᠡᠳᠬᠡᠮᠵᠢ ᠵᠢ ᠪᠦᠷᠢᠨᠰᠢᠭᠦᠯᠵᠦ᠂ ᠥᠷᠭᠡᠨ ᠣᠯᠠᠨ ᠠᠷᠠᠳ ᠲᠦᠮᠡᠨ᠎ᠤ ᠬᠤᠪᠢᠰᠬᠠᠯᠲᠤ ᠵᠢᠭᠤᠯᠴᠢᠯᠠᠯ᠎ᠳᠤ ᠣᠷᠣᠯᠴᠠᠬᠤ ᠢᠳᠡᠪᠬᠢᠵᠢᠯ ᠪᠠ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠂ ᠶᠡᠷᠦᠩᠬᠡᠶ᠋ᠢᠯᠡᠭᠰᠡᠨ ᠦᠷ᠎ᠡ ᠠᠰᠢᠭ᠎ᠢ ᠨᠠᠩ ᠳᠤᠪᠤᠢ᠌ᠮ᠎ᠠ ᠪᠣᠯᠭ᠋ᠠᠨ᠎ᠠ᠃ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 70 ᠵᠢᠯ᠎ᠤᠨ ᠤᠢ ᠵᠢᠨ ᠲᠣᠬᠢᠶᠠᠯ᠎ᠲᠠᠢ ᠤᠶᠠᠯᠳᠤᠭᠤᠯᠤᠨ᠂ ᠨᠢᠭᠡ ᠪᠦᠯᠦᠭ ᠬᠤᠪᠢᠰᠬᠠᠯᠲᠤ ᠵᠢᠭᠤᠯᠴᠢᠯᠠᠯ᠎ᠤᠨ ᠰᠤᠳᠤᠯᠤᠨ ᠰᠤᠷᠤᠯᠴᠠᠬᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠠᠶ᠋ᠢᠭᠤᠯᠵᠤ᠂ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠲᠠᠢ ᠬᠠᠮᠵᠢᠯᠴᠠᠨ ᠡᠬᠡ ᠣᠷᠣᠨᠴᠢ ᠦᠵᠡᠯ ᠤᠨ ᠰᠤᠷᠭ᠋ᠠᠨ ᠬᠥᠮᠦᠵᠢᠯ᠎ᠤᠨ ᠠᠵᠢᠯᠯᠠᠭ᠎ᠠ᠂ ᠬᠤᠪᠢᠰᠬᠠᠯᠲᠤ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠵᠢᠯᠯᠠᠭ᠎ᠠ ᠵᠢ ᠥᠷᠨᠢᠭᠦᠯᠦᠨ᠎ᠡ᠃
(ᠬᠣᠶᠠᠷ) ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠲᠤᠯᠤᠭ᠋ᠠᠢ᠌ᠯᠠᠨ 《ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠳᠤᠯᠤᠨ ᠰᠤᠷᠤᠯᠴᠠᠬᠤ ᠵᠢᠭᠤᠯᠴᠢᠯᠠᠯ᠎ᠢ ᠲᠦᠯᠬᠢᠨ ᠠᠬᠢᠭᠤᠯᠬᠤ ᠠᠵᠢᠯ᠎ᠤᠨ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠵᠢᠯ᠎ᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠂ ᠵᠢᠭ᠋ᠠᠨ ᠰᠤᠷᠭ᠋ᠠᠬᠤ ᠲᠥᠯᠥᠪᠯᠡᠭᠡ᠎ᠳᠤ ᠣᠷᠣᠭᠤᠯᠵᠤ᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠵᠣᠬᠢᠶᠠᠨ ᠪᠠᠢ᠌ᠭᠤᠯᠤᠯᠲᠠ᠂ ᠬᠠᠮᠢᠶᠠᠷᠤᠯᠲᠠ ᠵᠢ ᠵᠢᠷᠤᠮᠵᠢᠭᠤᠯᠤᠨ᠂ ᠵᠠᠷᠤᠳᠠᠯ ᠮᠦᠡᠭᠬᠦ ᠴᠤᠭᠯᠠᠭᠤᠯᠬᠤ ᠲᠤᠭᠲᠠᠯᠴᠠᠭ᠎ᠠ᠂ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠰᠢᠰᠲᠸᠮ ᠵᠢᠴᠢ ᠠᠭᠤᠯᠤᠭᠳᠠᠬᠤᠨ᠎ᠤ ᠬᠥᠭᠵᠢᠯᠲᠡ ᠵᠢᠨ ᠪᠠᠶ᠋ᠢᠭᠤᠯᠤᠯ ᠵᠡᠷᠭᠡ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠵᠦ᠂ ᠣᠷᠣᠨ ᠨᠤᠲᠤᠭ᠎ᠢ ᠵᠢᠯᠣᠭᠣᠳᠤᠨ ᠰᠤᠳᠤᠯᠤᠨ ᠰᠤᠷᠤᠯᠴᠠᠬᠤ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠡᠭᠭ᠋ᠠᠳᠬᠠᠨ᠎ᠠ᠃ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠢᠨ ᠬᠦᠳᠡᠯᠭᠡᠭᠡᠨ᠎ᠤ ᠲᠠᠯᠠᠪᠠᠢ ᠵᠢᠨ ᠬᠠᠮᠢᠶᠠᠷᠤᠭᠴᠢ᠂ ᠰᠤᠷᠭ᠋ᠠᠭᠤᠯᠢ ᠵᠢᠨ ᠵᠠᠬᠢᠷᠤᠯ᠂ ᠨᠢᠭᠡᠳᠦᠭᠡᠷ ᠹᠷᠣᠨᠲ᠎ᠤᠨ ᠪᠠᠭᠰᠢ ᠵᠢᠨ ᠪᠣᠯᠪᠠᠰᠤᠷᠠᠭᠤᠯᠤᠯ᠎ᠢ ᠴᠢᠩᠭ᠋ᠠᠷᠠᠭᠤᠯᠵᠤ᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠵᠢᠯ᠎ᠤᠨ ᠡᠩᠨᠡᠭᠡ ᠵᠢᠨ ᠬᠠᠮᠢᠶᠠᠷᠤᠯᠲᠠ ᠵᠢᠨ ᠬᠢᠷᠢ ᠬᠡᠮᠵᠢᠶ᠎ᠡ ᠪᠠ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠬᠦ ᠴᠢᠳᠠᠪᠤᠷᠢ ᠵᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠦᠨ᠂ ᠰᠤᠳᠤᠯᠤᠨ ᠰᠤᠷᠤᠯᠴᠠᠬᠤ ᠠᠵᠢᠯ᠎ᠤᠨ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠬᠦᠯᠦᠨ᠎ᠡ᠃ ᠰᠤᠷᠭ᠋ᠠᠭᠤᠯᠢ ᠵᠢ ᠵᠢᠯᠣᠭᠣᠳᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠢ ᠦᠷᠭᠡᠳᠭᠡᠵᠦ᠂ ᠬᠡᠪ ᠴᠢᠨᠠᠷ᠎ᠤᠨ ᠰᠤᠷᠭ᠋ᠠᠨ ᠬᠥᠮᠦᠵᠢᠯ ᠢ ᠦᠢ᠍ᠯᠡᠳᠦᠯᠭᠡᠵᠢᠬᠦᠯᠵᠦ᠂ ᠨᠡᠶ᠋ᠢᠭᠡᠮ᠎ᠤᠨ ᠰᠤᠷᠭ᠋ᠠᠨ ᠬᠥᠮᠦᠵᠢᠯ᠎ᠲᠠᠢ ᠵᠣᠯᠭ᠋ᠠᠭᠤᠯᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ᠎ᠨᠢ ᠪᠡᠶᠡᠯᠡᠭᠦᠯᠵᠦ᠂ ᠰᠤᠷᠤᠭᠴᠢᠳ᠎ᠤᠨ ᠵᠤᠷᠢᠯᠲᠠ ᠬᠦᠰᠡᠯᠡᠩ᠂ ᠢᠲᠡᠭᠡᠯ ᠪᠢᠰᠢᠷᠡᠯ᠎ᠢ ᠪᠠᠲᠤᠳᠬᠠᠵᠤ᠂ ᠡᠬᠡ ᠣᠷᠣᠨᠴᠢ ᠦᠵᠡᠯ᠎ᠤᠨ ᠬᠠᠶ᠋ᠢᠷ᠎ᠠ ᠰᠡᠳᠬᠢᠯᠭᠡ ᠵᠢ ᠬᠥᠮᠦᠵᠢᠭᠦᠯᠬᠦ᠂ ᠵᠠᠩ ᠮᠣᠷᠠᠯ᠎ᠤᠨ ᠪᠣᠯᠪᠠᠰᠤᠷᠠᠯ᠎ᠢ ᠴᠢᠩᠭ᠋ᠠᠳᠬᠠᠬᠤ᠂ ᠶᠡᠷᠦᠩᠬᠡᠢ᠌ᠯᠡᠭᠰᠡᠨ ᠬᠡᠪ ᠴᠢᠨᠠᠷ᠎ᠢ ᠳᠡᠭᠡᠭᠰᠢᠯᠡᠭᠦᠯᠬᠦ ᠰᠤᠷᠭ᠋ᠠᠨ ᠬᠥᠮᠦᠵᠢᠯ᠎ᠤᠨ ᠵᠣᠷᠢᠯᠭ᠎ᠠ᠎ᠳᠤ ᠬᠦᠷᠭᠡᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2019 ᠤᠨ᠎ᠤ 6 ᠰᠠᠷ᠎ᠠ ᠵᠢᠨ 20᠎ᠤ ᠡᠳᠦᠷ