
ᠣᠷᠳᠣᠰ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄
ᠲᠠᠨ᠎ᠤ ᠢᠷᠡᠭᠦᠯᠦᠭᠰᠡᠨ 《ᠠᠩᠬᠠᠳᠤᠭ᠋ᠠᠷ ᠬᠤᠭᠤᠴᠠᠭ᠋ᠠᠨ᠎ᠤ ᠣᠷᠳᠣᠰ᠎ᠤᠨ ᠲᠠᠯ᠎ᠠ ᠨᠤᠲᠤᠭ᠎ᠤᠨ ᠲᠣᠷᠭ᠋ᠠᠨ ᠵᠠᠮ᠎ᠤᠨ ᠰᠣᠶᠣᠯ ᠵᠢᠭᠤᠯᠴᠢᠯᠠᠯ᠎ᠤᠨ ᠨᠠᠢ᠌ᠷ᠎ᠢ ᠡᠷᠬᠢᠯᠡᠬᠦ ᠲᠤᠬᠠᠶ ᠵᠢᠭ᠋ᠠᠪᠤᠷᠢ ᠠᠪᠬᠤ ᠮᠡᠳᠡᠭᠦᠯᠦᠯᠲᠡ》 (ᠣᠷᠳᠣᠰ ᠬᠣᠳᠠ ᠵᠢᠨ ᠵᠠᠰᠠᠭ᠎ᠤᠨ ᠣᠷᠳᠣᠨ᠎ᠤ ᠪᠢᠴᠢᠭ ᠮᠠᠲᠸᠷᠢᠶᠠᠯ[2019] 36 ᠳ᠋ᠤᠭ᠋ᠠᠷ ᠲᠣᠭ᠋ᠠᠲᠤ) ᠵᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ᠎ᠢ ᠬᠦᠯᠢᠶᠡᠨ ᠭᠠᠷᠳᠠᠪᠠ᠃ 《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 (ᠥᠪᠥᠷ ᠨᠠᠮ ᠠᠯᠪᠠᠨ ᠲᠠᠷᠬᠠᠭ᠋ᠠᠭᠰᠠᠨ [2015] 45 ᠳ᠋ᠤᠭ᠋ᠠᠷ ᠲᠣᠭ᠋ᠠᠲᠤ) ᠵᠢᠨ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠳᠠᠯᠢᠳᠬᠠᠨ ᠰᠢᠯᠭ᠋ᠠᠷᠠᠭᠤᠯᠵᠤ ᠪᠠᠷᠢᠮᠵᠢᠶ᠎ᠠ᠎ᠳᠤ ᠬᠦᠷᠭᠡᠵᠣ᠂ ᠰᠠᠶ᠋ᠢᠰᠢᠶᠠᠨ ᠬᠥᠬᠢᠭᠦᠯᠬᠦ ᠵᠢ ᠵᠢᠷᠣᠮᠵᠢᠭᠣᠯᠬᠣ ᠵᠢᠴᠢ ᠪᠠᠶᠠᠷ ᠳᠤᠷᠠᠰᠬᠠᠯ᠎ᠤᠨ ᠶᠠᠷᠢᠶᠠᠨ᠎ᠤ ᠲᠠᠪᠴᠠᠩ᠎ᠤᠨ ᠦᠵᠡᠭᠦᠯᠦᠯᠭᠡ ᠵᠢᠨ ᠴᠤᠭᠯᠠᠭ᠋ᠠᠨ᠎ᠤ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠤᠨ ᠰᠤᠳᠤᠯᠤᠯᠲᠠ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ᠂ ᠲᠠᠨ ᠤ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠣᠷᠳᠣᠰ᠎ᠤᠨ ᠲᠠᠯ᠎ᠠ ᠨᠤᠲᠤᠭ᠎ᠤᠨ ᠲᠣᠷᠭ᠋ᠠᠨ ᠵᠠᠮ᠎ᠤᠨ ᠰᠣᠶᠣᠯ ᠵᠢᠭᠤᠯᠴᠢᠯᠠᠯ᠎ᠤᠨ ᠨᠠᠶ᠋ᠢᠷ᠎ᠢ ᠡᠷᠬᠢᠯᠡᠬᠦ ᠵᠢ ᠵᠦᠪᠰᠢᠶᠡᠷᠡᠪᠡ᠃
ᠡᠭᠦᠨ᠎ᠤ ᠳᠠᠭ᠋ᠠᠤ ᠳᠣᠤᠷᠠᠬᠢ ᠬᠡᠳᠣᠨ ᠰᠠᠨᠠᠯ᠎ᠢ ᠳᠣᠷᠠᠳᠬᠣᠨᠢ᠄ ᠨᠢᠭᠡ᠎ᠳᠤ᠂ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ ᠵᠢᠴᠢ ᠭᠦᠢ᠍ᠴᠡᠳᠭᠡᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠦᠷᠢᠨ ᠲᠥᠬᠥᠷ ᠳᠦᠷᠢᠮ ᠲᠣᠭᠲᠠᠭ᠋ᠠᠯ ᠢ ᠴᠢᠩᠭ᠎ᠠ ᠬᠡᠷᠡᠭᠵᠢᠭᠦᠯᠵᠦ᠂ ᠡᠯ᠎ᠡ ᠵᠦᠢ᠍ᠯ᠎ᠤᠨ ᠠᠵᠢᠯᠯᠠᠭ᠎ᠠ ᠪᠠᠨ ᠠᠷᠪᠢᠳᠡᠢ ᠭᠠᠮᠲᠠᠢ᠎ᠪᠠᠷ ᠡᠷᠬᠢᠯᠡᠬᠦ ᠬᠡᠷᠡᠭᠲᠡᠶ᠃ ᠬᠣᠶᠠᠷ᠎ᠲᠤ᠂ ᠤᠷᠠᠨ ᠰᠠᠶ᠋ᠢᠬᠠᠨ᠎ᠤ ᠲᠣᠭᠯᠠᠯᠲᠠ᠂ ᠦᠵᠡᠰᠬᠦᠯᠡᠩ ᠦᠵᠡᠭᠦᠯᠦᠯᠭᠡ ᠵᠡᠷᠭᠡ ᠠᠵᠢᠯᠯᠠᠭ᠎ᠠ ᠵᠢᠨ ᠠᠭᠤᠯᠭ᠎ᠠ ᠵᠢ ᠴᠢᠩᠭ᠎ᠠ ᠨᠢᠮᠪᠠᠢ ᠬᠢᠨᠠᠨ ᠬᠠᠮᠢᠶᠠᠷᠴᠤ᠂ ᠦᠵᠡᠯ ᠤᠬᠠᠮᠰᠠᠷ᠎ᠤᠨ ᠬᠡᠯᠪᠡᠷᠢ ᠵᠢᠨ ᠪᠣᠭᠣᠮᠲᠠ ᠵᠢ ᠴᠢᠩᠭ᠎ᠠ ᠠᠳᠬᠤᠬᠤ ᠬᠡᠷᠡᠭᠲᠡᠶ᠃ ᠭᠤᠷᠪᠠ᠎ᠳᠤ᠂ ᠭᠠᠯ᠎ᠢ ᠰᠡᠷᠭᠡᠶ᠋ᠢᠯᠡᠬᠦ᠂ ᠬᠦᠴᠦᠷᠬᠡᠭᠯᠡᠯ᠎ᠢ ᠰᠡᠷᠭᠡᠶ᠋ᠢᠯᠡᠬᠦ᠂ ᠭᠢᠰᠬᠢᠯᠡᠬᠦ ᠵᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠤ ᠬᠠᠮᠠᠭ᠋ᠠᠯᠠᠯᠲᠠ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠢ ᠨᠠᠷᠢᠨ ᠨᠢᠮᠪᠠᠢ ᠰᠠᠶ᠋ᠢᠲᠤᠷ ᠬᠢᠵᠦ᠂ ᠠᠵᠢᠯᠯᠠᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠳᠥᠷᠪᠡ᠎ᠳᠤ᠂ ᠠᠵᠢᠯᠯᠠᠭ᠎ᠠ ᠳᠠᠭᠤᠰᠤᠭᠰᠠᠨ᠎ᠤ ᠳᠠᠷᠠᠭ᠋ᠠᠬᠢ 2 ᠰᠠᠷ᠎ᠠ ᠵᠢᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠶᠣᠰᠣᠯᠠᠯ᠎ᠢ ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠶ᠋ᠢᠯᠠᠩ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠲᠣᠬᠢᠷᠠᠭᠤᠯᠪᠠ) ᠳᠤ ᠲᠣᠰ ᠤᠳᠠᠭ᠋ᠠᠨ᠎ᠤ ᠠᠵᠢᠯᠯᠠᠭ᠎ᠠ ᠵᠢᠨ ᠳ᠋ᠦᠩᠨᠡᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠲᠠᠪᠤ᠎ᠳᠤ᠂ ᠬᠣᠯᠪᠣᠭᠳᠠᠯ ᠪᠦᠬᠦᠢ ᠪᠠᠶᠠᠷ ᠳᠤᠷᠠᠰᠬᠠᠯ᠎ᠤᠨ ᠠᠵᠢᠯᠯᠠᠭ᠎ᠠ ᠵᠢ ᠳᠠᠬᠢᠨᠲᠠ ᠡᠷᠬᠢᠯᠡᠬᠦ᠎ᠳᠤ ᠬᠦᠷᠪᠡᠯ᠂ ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠲᠣᠭᠲᠠᠭ᠋ᠠᠯ ᠢ ᠴᠢᠩᠭ᠎ᠠ ᠦᠨᠳᠦᠰᠦᠯᠡᠵᠦ᠂ ᠴᠠᠭ ᠬᠤᠭᠤᠴᠠᠭ᠎ᠠ ᠵᠢᠨ ᠱᠠᠭ᠋ᠠᠷᠳᠠᠯᠭ᠎ᠠ ᠶᠣᠰᠣᠭ᠋ᠠᠷ ᠴᠠᠭ ᠲᠤᠬᠠᠶ᠎ᠳᠤᠨᠢ ᠬᠣᠯᠪᠣᠭᠳᠠᠯ ᠪᠦᠬᠦᠢ ᠮᠠᠲ᠋ᠧᠷᠢᠶᠠᠯ᠎ᠢ ᠳᠡᠭᠡᠭᠰᠢ ᠮᠡᠳᠡᠭᠦᠯᠬᠦ ᠬᠡᠷᠡᠭᠲᠡᠶ᠃
ᠡᠭᠦᠨ᠎ᠤ᠎ᠳᠤ ᠲᠤᠯᠠ ᠲᠤᠰᠬᠠᠶ᠋ᠢᠯᠠᠨ ᠴᠣᠬᠣᠯᠠᠪᠤᠷᠢᠯᠠᠨ ᠬᠠᠷᠢᠭᠤᠯᠪᠠ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ
ᠶᠣᠰᠣᠯᠠᠯ᠎ᠢ ᠵᠢᠷᠤᠮᠵᠢᠭᠣᠯᠬᠣ ᠠᠵᠢᠯ ᠤᠨ ᠲᠤᠰᠬᠠᠶ ᠳᠣᠭᠣᠢ᠌ᠯᠠᠩ
2019 ᠣᠨ᠎ᠤ 8 ᠰᠠᠷ᠎ᠠ ᠵᠢᠨ 12᠎ᠤᠨ ᠡ᠊ᠳᠤᠷ