ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2019 《ᠤᠪᠤᠭ᠋ᠠᠨ᠎ᠳᠠᠬᠢ ᠠᠭᠤᠯᠵᠠᠯᠲᠠ》 ᠭᠣᠤᠯ ᠰᠡᠳᠦᠪᠲᠦ ᠠᠵᠢᠯᠯᠠᠭ᠎ᠠ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠨᠡᠶᠢᠲᠡᠯᠡᠭᠰᠡᠨ ᠴᠠᠭ᠄ 2019-10-18


 


ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄
     《〈ᠨᠢᠭᠡ ᠪᠦᠰᠡ ᠨᠢᠭᠡ ᠵᠠᠮ · ᠤᠪᠤᠭ᠋ᠠᠨ᠎ᠳᠠᠬᠢ ᠠᠭᠤᠯᠵᠠᠯᠲᠠ〉ᠭᠣᠤᠯ ᠰᠡᠳᠦᠪᠲᠦ ᠠᠵᠢᠯᠯᠠᠭ᠎ᠠ ᠡᠷᠬᠢᠯᠡᠬᠦ ᠲᠤᠬᠠᠶ ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠢᠭ᠋ᠠᠪᠤᠷᠢ ᠠᠪᠬᠤ ᠮᠡᠳᠡᠭᠦᠯᠦᠯᠲᠡ》 (ᠵᠠᠰᠠᠭ ᠲᠠᠷᠬᠠᠭ᠋ᠠᠭᠰᠠᠨ [2019] 76 ᠳ᠋ᠤᠭ᠋ᠠᠷ ᠲᠣᠭ᠋ᠠᠲᠤ)   ᠵᠢ ᠬᠦᠯᠢᠶᠡᠨ ᠭᠠᠷᠳᠠᠪᠠ᠃ 《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 (ᠥᠪᠥᠷ ᠨᠠᠮ ᠠᠯᠪᠠᠨ ᠲᠠᠷᠬᠠᠭ᠋ᠠᠭᠰᠠᠨ [2015] 45 ᠳ᠋ᠤᠭ᠋ᠠᠷ ᠲᠣᠭ᠋ᠠᠲᠤ) ᠵᠢᠨ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠳᠠᠯᠢᠳᠬᠠᠨ ᠰᠢᠯᠭ᠋ᠠᠷᠠᠭᠤᠯᠵᠤ ᠪᠠᠷᠢᠮᠵᠢᠶ᠎ᠠ᠎ᠳᠤ ᠬᠦᠷᠭᠡᠨ ᠬᠥᠬᠢᠭᠦᠯᠦᠨ ᠰᠠᠶ᠋ᠢᠰᠢᠶᠠᠬᠤ ᠵᠢᠴᠢ ᠪᠠᠶᠠᠷ ᠳᠤᠷᠠᠰᠬᠠᠯ᠎ᠤᠨ ᠶᠠᠷᠢᠶᠠᠨ᠎ᠤ ᠲᠠᠪᠴᠠᠩ ᠎ᠤᠨ ᠦᠵᠡᠭᠦᠯᠦᠯᠭᠡ ᠵᠢᠨ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠤᠨ ᠰᠤᠳᠤᠯᠤᠯᠲᠠ᠎ᠪᠠᠷ ᠳᠠᠮᠵᠢᠨ᠂ ᠲᠠᠨ ᠎ᠤ ᠬᠣᠲᠠ ᠵᠢᠨ 2019 《ᠤᠪᠤᠭ᠋ᠠᠨ᠎ᠳᠠᠬᠢ ᠠᠭᠤᠯᠵᠠᠯᠲᠠ》 ᠭᠣᠤᠯ ᠰᠡᠳᠦᠪᠲᠦ ᠠᠵᠢᠯᠯᠠᠭ᠎ᠠ ᠡᠷᠬᠢᠯᠡᠬᠦ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠵᠦ᠂ ᠡᠷᠬᠢᠯᠡᠬᠦ ᠭᠠᠵᠠᠷ᠎ᠨᠢ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠠᠭᠤᠯᠠ ᠵᠢᠭᠤᠯᠴᠢᠯᠠᠯ᠎ᠤᠨ ᠵᠢᠵᠢᠭ ᠪᠠᠯᠭ᠋ᠠᠰᠤ ᠪᠣᠯᠤᠨ᠎ᠠ᠃ ᠭᠡᠪᠡᠴᠦ ᠲᠣᠰ ᠭᠣᠤᠯ ᠰᠡᠳᠦᠪᠲᠦ ᠠᠵᠢᠯᠯᠠᠭ᠎ᠠ ᠵᠢ 《ᠨᠢᠭᠡ ᠪᠦᠰᠡ ᠨᠢᠭᠡ ᠵᠠᠮ》 ᠵᠶ᠋ᠠᠷ ᠨᠡᠷᠡᠯᠡᠬᠦ ᠥᠬᠡᠶ᠂ ᠬᠡᠷᠪᠡ ᠦᠨᠡᠨ ᠬᠦ᠌ 《ᠨᠢᠭᠡ ᠪᠦᠰᠡ ᠨᠢᠭᠡ ᠵᠠᠮ》 ᠵᠶ᠋ᠠᠷ ᠨᠡᠷᠡᠯᠡᠬᠦ ᠴᠢᠬᠤᠯᠠᠲᠠᠶ ᠪᠣᠯ ᠶᠠᠷᠢᠶᠠᠨ᠎ᠤ ᠲᠠᠪᠴᠠᠩ᠎ᠤᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠢᠨᠠᠨ   ᠵᠦᠪᠰᠢᠶᠡᠷᠡᠭᠦᠯᠬᠦ ᠭᠠᠷᠳᠠᠮ᠎ᠢ ᠴᠢᠩᠭ᠎ᠠ ᠭᠦᠢ᠍ᠴᠡᠳᠭᠡᠬᠦ ᠬᠡᠷᠡᠭᠲᠡᠶ᠃
      ᠡᠭᠦᠨ᠎ᠤ ᠳᠠᠭ᠋ᠠᠤ ᠳᠣᠤᠷᠠᠬᠢ ᠮᠡᠲᠦ ᠬᠡᠳᠦᠨ ᠰᠠᠨᠠᠯ᠎ᠢ ᠳᠤᠷᠠᠳᠬᠤ᠎ᠨᠢ᠄ ᠨᠢᠭᠡ᠎ᠳᠤ᠂ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠢᠵᠢ   ᠪᠦᠷᠢᠨ ᠲᠣᠭᠲᠠᠭ᠋ᠠᠯ ᠎ᠢ ᠴᠢᠩᠭ᠎ᠠ ᠬᠡᠷᠡᠭᠵᠢᠭᠦᠯᠵᠦ ᠡᠯ᠎ᠡ ᠵᠦᠢ᠍ᠯ᠎ᠤᠨ ᠠᠵᠢᠯᠯᠠᠭ᠎ᠠ ᠎ᠪᠠᠨ ᠥᠷᠨᠢᠭᠦᠯᠦᠨ᠎ᠡ; ᠬᠣᠶᠠᠷ᠎ᠲᠤ᠂ ᠲᠣᠭᠯᠠᠯᠲᠠ ᠭᠠᠷᠭ᠋ᠠᠬᠤ᠂ ᠳᠡᠯᠭᠡᠨ ᠦᠵᠡᠭᠦᠯᠬᠦ ᠵᠡᠷᠭᠡ ᠠᠵᠢᠯᠯᠠᠭ᠎ᠠ ᠵᠢᠨ ᠠᠭᠤᠯᠭ᠎ᠠ ᠵᠢ ᠴᠢᠩᠭ᠎ᠠ ᠬᠢᠨᠠᠨ ᠬᠠᠮᠢᠶᠠᠷᠴᠤ᠂ ᠦᠵᠡᠯ ᠤᠬᠠᠮᠰᠠᠷ᠎ᠤᠨ ᠬᠡᠯᠪᠡᠷᠢ ᠵᠢᠨ ᠪᠣᠭᠣᠮᠲᠠ ᠵᠢ ᠴᠢᠩᠭ᠎ᠠ ᠠᠳᠬᠤᠬᠤ ᠬᠡᠷᠡᠭᠲᠡᠶ; ᠭᠤᠷᠪᠠ᠎ᠳᠤ᠂ ᠭᠠᠯ ᠰᠡᠷᠭᠡᠶ᠋ᠢᠯᠡᠬᠦ᠂ ᠬᠦᠴᠦᠷᠬᠡᠭᠯᠡᠯ᠎ᠢ ᠰᠡᠷᠭᠡᠶ᠋ᠢᠯᠡᠬᠦ᠂ ᠭᠢᠰᠬᠢᠯᠡᠬᠦ ᠵᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠠᠵᠢᠯ᠎ᠢ ᠴᠢᠩᠭ᠎ᠠ ᠰᠠᠶ᠋ᠢᠲᠤᠷ ᠬᠢᠵᠦ᠂ ᠠᠵᠢᠯᠯᠠᠭ᠎ᠠ ᠵᠢᠨ ᠠᠮᠤᠷ ᠲᠦᠪᠰᠢᠨ᠎ᠢ ᠪᠠᠲᠤᠯᠠᠨ᠎ᠠ; ᠳᠥᠷᠪᠡ᠎ᠳᠤ ᠠᠵᠢᠯᠯᠠᠭ᠎ᠠ ᠳᠠᠭᠤᠰᠤᠭᠰᠠᠨ᠎ᠤ ᠳᠠᠷᠠᠭ᠋ᠠᠬᠢ 2 ᠰᠠᠷ᠎ᠠ ᠵᠢᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠶᠣᠰᠣᠯᠠᠯ᠎ᠢ ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠶ᠋ᠢᠯᠠᠩ᠎ᠳᠤ ᠲᠣᠰ ᠤᠳᠠᠭ᠋ᠠᠨ᠎ᠤ ᠠᠵᠢᠯᠯᠠᠭ᠎ᠠ ᠵᠢᠨ ᠳᠠᠩᠰᠠᠯᠠᠭᠤᠯᠤᠭᠰᠠᠨ ᠮᠡᠳᠡᠭᠦᠯᠦᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃
    ᠡᠭᠦᠨ᠎ᠤ ᠲᠤᠯᠠ᠎ᠳᠤ ᠲᠤᠰᠬᠠᠶ᠋ᠢᠯᠠᠨ ᠴᠣᠬᠣᠯᠠᠪᠤᠷᠢᠯᠠᠨ ᠬᠠᠷᠢᠭᠤᠯᠪᠠ
             

                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ                                 ᠶᠣᠰᠣᠯᠠᠯ᠎ᠢ ᠵᠢᠷᠤᠮᠵᠢᠭᠤᠯᠬᠤ ᠠᠵᠢᠯ ᠎ᠤᠨ ᠲᠤᠰᠬᠠᠶ ᠳᠤᠭᠤᠢ᠌ᠯᠠᠩ
                                               

                                          2019 ᠤᠨ ᠎ᠤ 7 ᠰᠠᠷ᠎ᠠ ᠵᠢᠨ 8᠎ᠤ ᠡᠳᠦᠷ

ᠢᠷᠡᠯᠲᠡ᠄
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠳᠣᠯᠣᠳᠤᠭ᠋ᠠᠷ ᠬᠤᠭᠤᠴᠠᠭ᠋ᠠᠨ᠎ᠤ ᠨᠡᠭᠦᠲᠡᠯ ᠮᠠᠯᠵᠢᠯ᠎ᠤᠨ ᠰᠣᠶᠣᠯ ᠵᠢᠭᠤᠯᠴᠢᠯᠠᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠰᠢᠯᠢ ᠵᠢᠨ ᠭᠣᠤᠯ ᠠᠶ᠋ᠢᠮᠠᠭ᠎ᠤᠨ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠨᠠᠶ᠋ᠢᠷ ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠣᠷᠳᠣᠰ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠣᠷᠳᠣᠰ᠎ᠤᠨ ᠲᠠᠯ᠎ᠠ ᠨᠤᠲᠤᠭ᠎ᠤᠨ ᠲᠣᠷᠭ᠋ᠠᠨ ᠵᠠᠮ᠎ᠤᠨ ᠰᠣᠶᠣᠯ ᠵᠢᠭᠤᠯᠴᠢᠯᠠᠯ᠎ᠤᠨ ᠨᠠᠶ᠋ᠢᠷ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠤᠯᠠᠭ᠋ᠠᠨᠴᠠᠪ ᠬᠣᠲᠠ᠎ᠯᠤᠭ᠎ᠠ ᠬᠠᠮᠲᠤᠪᠠᠷ ᠬᠣᠷᠢᠨ ᠶᠢᠰᠦᠳᠦᠭᠡᠷ ᠡᠭᠡᠯᠵᠢ ᠵᠢᠨ ᠵᠢᠭᠤᠯᠴᠢᠯᠠᠯ᠎ᠤᠨ ᠨᠠᠭ᠋ᠠᠳᠤᠮ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠦᠬᠠᠶ ᠬᠣᠲᠠ ᠵᠢᠨ 2019 ᠦᠬᠠᠶ ᠵᠢᠨ ᠡᠯᠡᠰᠦᠨ ᠴᠦᠯ᠎ᠤᠨ ᠦᠵᠦᠮ᠎ᠤᠨ ᠠᠷᠢᠬᠢ ᠵᠢᠨ ᠰᠣᠶᠣᠯ ᠵᠢᠭᠣᠯᠴᠢᠯᠡᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
 
            