ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠤᠯᠠᠭ᠋ᠠᠨᠴᠠᠪ ᠬᠣᠲᠠ᠎ᠯᠤᠭ᠎ᠠ ᠬᠠᠮᠲᠤᠪᠠᠷ ᠬᠣᠷᠢᠨ ᠶᠢᠰᠦᠳᠦᠭᠡᠷ ᠡᠭᠡᠯᠵᠢ ᠵᠢᠨ ᠵᠢᠭᠤᠯᠴᠢᠯᠠᠯ᠎ᠤᠨ ᠨᠠᠭ᠋ᠠᠳᠤᠮ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠨᠡᠶᠢᠲᠡᠯᠡᠭᠰᠡᠨ ᠴᠠᠭ᠄ 2019-10-18


   
   

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠄
      ᠲᠠᠨ᠎ᠤ ᠢᠷᠡᠭᠦᠯᠦᠭᠰᠡᠨ 《  ᠬᠣᠷᠢᠨ ᠶᠢᠰᠦᠳᠦᠭᠡᠷ ᠤᠳᠠᠭ᠋ᠠᠨ᠎ᠤ ᠵᠢᠭᠤᠯᠴᠢᠯᠠᠯ᠎ᠤᠨ ᠨᠠᠭ᠋ᠠᠳᠤᠮ᠎ᠢ ᠡᠷᠬᠢᠯᠡᠬᠦ ᠲᠤᠬᠠᠶ ᠵᠢᠭ᠋ᠠᠪᠤᠷᠢ ᠠᠪᠬᠤ ᠮᠡᠳᠡᠭᠦᠯᠦᠯᠲᠡ》 (ᠦᠪᠣᠷ ᠮᠣᠩᠭᠣᠯ᠎ᠤᠨ ᠰᠣᠶᠣᠯ ᠪᠡ ᠵᠢᠭᠣᠯᠴᠢᠯᠡᠯ᠎ᠤᠨ ᠲᠢᠩᠭᠢᠮ᠎ᠤᠨ ᠳᠣᠲᠣᠭ᠋ᠠᠳᠤ   ᠪᠢᠴᠢᠭ ᠮᠠᠲᠸᠷᠢᠶᠠᠯ [2019] 125 ᠳ᠋ᠤᠭ᠋ᠠᠷ ᠲᠣᠭ᠋ᠠᠲᠤ) ᠵᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ᠎ᠢ ᠬᠦᠯᠢᠶᠡᠨ ᠭᠠᠷᠳᠠᠪᠠ᠃ 《ᠪᠠᠶᠠᠷ ᠳᠤᠷᠠᠰᠬᠠᠯ᠎ᠤᠨ ᠡᠳᠦᠷ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 (ᠥᠪᠥᠷ ᠨᠠᠮ ᠠᠯᠪᠠᠨ ᠲᠠᠷᠬᠠᠭ᠋ᠠᠭᠰᠠᠨ [2015] 45 ᠳ᠋ᠤᠭ᠋ᠠᠷ ᠲᠣᠭ᠋ᠠᠲᠤ) ᠵᠢᠨ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠳᠠᠯᠢᠳᠬᠠᠨ ᠰᠢᠯᠭ᠋ᠠᠷᠠᠭᠤᠯᠵᠤ ᠪᠠᠷᠢᠮᠵᠢᠶ᠎ᠠ᠎ᠳᠤ ᠬᠦᠷᠭᠡᠵᠣ᠂ ᠰᠠᠶ᠋ᠢᠰᠢᠶᠠᠨ ᠬᠥᠬᠢᠭᠦᠯᠬᠦ ᠵᠢ ᠵᠢᠷᠤᠮᠵᠢᠭᠤᠯᠬᠤ ᠵᠢᠴᠢ ᠪᠠᠶᠠᠷ ᠳᠤᠷᠠᠰᠬᠠᠯ᠎ᠤᠨ   ᠶᠠᠷᠢᠶᠠᠨ᠎ᠤ ᠲᠠᠪᠴᠠᠩ  ᠎ᠤᠨ ᠦᠵᠡᠭᠦᠯᠦᠯᠭᠡ ᠵᠢᠨ ᠠᠵᠢᠯᠯᠠᠭ᠎ᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠰᠤᠳᠤᠯᠤᠯᠲᠠ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ᠂ ᠲᠠᠨ᠎ᠤ ᠲᠢᠩᠬᠢᠮ ᠬᠢᠭᠡᠳ ᠤᠯᠠᠭ᠋ᠠᠨᠴᠠᠪ ᠬᠣᠲᠠ ᠬᠠᠮᠲᠤᠪᠠᠷ ᠬᠣᠷᠢᠨ   ᠶᠢᠰᠦᠳᠦᠭᠡᠷ   ᠣᠳᠠᠭ᠋ᠠᠨ᠎ᠤ ᠵᠢᠭᠤᠯᠴᠢᠯᠠᠯ᠎ᠤᠨ ᠨᠠᠭ᠋ᠠᠳᠤᠮ᠎ᠢ   ᠳᠥᠷᠪᠡᠳ ᠬᠣᠰᠢᠭᠤᠨ᠎ᠳᠤ   ᠡᠷᠭᠢᠯᠡᠬᠦ ᠵᠢ ᠵᠦᠪᠰᠢᠶᠡᠷᠡᠪᠡ᠃
      ᠡᠭᠦᠨ᠎ᠤ ᠳᠠᠭ᠋ᠠᠤ ᠳᠣᠤᠷᠠᠬᠢ   ᠬᠡᠳᠦᠨ ᠰᠠᠨᠠᠯ᠎ᠢ   ᠳᠣᠷᠠᠳᠬᠣ᠎ᠨᠢ᠄ ᠨᠢᠭᠡ᠎ᠳᠤ᠂ ᠲᠥᠪ ᠬᠣᠷᠢᠶᠠᠨ᠎ᠤ   ᠨᠠᠢ᠍ᠮᠠᠨ ᠵᠤᠷᠪᠤᠰ ᠲᠣᠭᠲᠠᠭ᠋ᠠᠯ ᠵᠢᠴᠢ   ᠭᠦᠢ᠍ᠴᠡᠳᠭᠡᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠦᠷᠢᠨ ᠲᠥᠬᠥᠷ ᠳᠦᠷᠢᠮ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ ᠡᠯ᠎ᠡ   ᠵᠦᠢ᠍ᠯ᠎ᠤᠨ ᠠᠵᠢᠯᠯᠠᠭ᠎ᠠ ᠎ᠪᠠᠨ ᠠᠷᠪᠢᠳᠡᠢ ᠭᠠᠮᠲᠠᠢ᠎ᠪᠠᠷ ᠡᠷᠬᠢᠯᠡᠬᠦ ᠬᠡᠷᠡᠭᠲᠡᠶ᠃ ᠬᠣᠶᠠᠷ᠎ᠲᠤ᠂ ᠤᠷᠠᠨ ᠰᠠᠶ᠋ᠢᠬᠠᠨ᠎ᠤ ᠲᠣᠭᠯᠠᠯᠲᠠ᠂ ᠦᠵᠡᠰᠬᠦᠯᠡᠩ ᠦᠵᠡᠭᠦᠯᠦᠯᠭᠡ ᠵᠡᠷᠭᠡ ᠠᠵᠢᠯᠯᠠᠭ᠎ᠠ ᠵᠢᠨ ᠠᠭᠤᠯᠭ᠎ᠠ ᠵᠢ ᠴᠢᠩᠭ᠎ᠠ ᠬᠢᠨᠠᠨ ᠬᠠᠮᠢᠶᠠᠷᠴᠤ᠂ ᠦᠵᠡᠯ ᠤᠬᠠᠮᠰᠠᠷ᠎ᠤᠨ ᠬᠡᠯᠪᠡᠷᠢ ᠵᠢᠨ ᠪᠣᠭᠣᠮᠲᠠ ᠵᠢ ᠴᠢᠩᠭ᠎ᠠ ᠠᠳᠬᠤᠬᠤ ᠬᠡᠷᠡᠭᠲᠡᠶ᠃ ᠭᠤᠷᠪᠠ᠎ᠳᠤ᠂ ᠭᠠᠯ᠎ᠢ ᠰᠡᠷᠭᠡᠶ᠋ᠢᠯᠡᠬᠦ᠂ ᠬᠦᠴᠦᠷᠬᠡᠭᠯᠡᠯ᠎ᠢ ᠰᠡᠷᠭᠡᠶ᠋ᠢᠯᠡᠬᠦ᠂ ᠭᠢᠰᠬᠢᠯᠡᠬᠦ ᠵᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠤ ᠬᠠᠮᠠᠭ᠋ᠠᠯᠠᠯᠲᠠ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠢ ᠨᠠᠷᠢᠨ ᠨᠢᠮᠪᠠᠢ ᠰᠠᠶ᠋ᠢᠲᠤᠷ ᠬᠢᠵᠦ᠂ ᠠᠵᠢᠯᠯᠠᠭ᠎ᠠ ᠵᠢᠨ ᠠᠮᠤᠷ ᠲᠦᠪᠰᠢᠨ᠎ᠢ ᠦᠨᠡᠨ ᠬᠦ᠌   ᠪᠠᠲᠤᠯᠠᠬᠤ ᠬᠡᠷᠡᠭᠲᠡᠶ᠃ ᠳᠥᠷᠪᠡ᠎ᠳᠤ᠂ ᠠᠵᠢᠯᠯᠠᠭ᠎ᠠ ᠳᠠᠭᠤᠰᠤᠭᠰᠠᠨ᠎ᠤ ᠳᠠᠷᠠᠭ᠋ᠠᠬᠢ 2 ᠰᠠᠷ᠎ᠠ ᠵᠢᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ   ᠶᠣᠰᠣᠯᠠᠯ᠎ᠢ ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠶ᠋ᠢᠯᠠᠩ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠲᠣᠬᠢᠷᠠᠭᠤᠯᠪᠠ)᠎ᠳᠤ ᠲᠣᠰ ᠤᠳᠠᠭ᠋ᠠᠨ᠎ᠤ ᠠᠵᠢᠯᠯᠠᠭ᠎ᠠ ᠵᠢᠨ ᠳ᠋ᠦᠩᠨᠡᠯᠲᠡ᠎ᠪᠠᠨ ᠬᠦᠷᠭᠡᠨ ᠮᠡᠳᠡᠭᠦᠯᠬᠦ ᠬᠡᠷᠡᠭᠲᠡᠶ᠃ ᠲᠠᠪᠤ᠎ᠳᠤ  ᠂   ᠳᠠᠬᠢᠭ᠋ᠠᠳ ᠡᠢ᠌ᠮᠣᠷᠬᠦᠦ ᠬᠠᠮᠢᠶ᠎ᠠ ᠪᠦᠬᠦᠢ ᠪᠠᠶᠠᠷ ᠳᠣᠷᠠᠰᠬᠠᠯ᠎ᠢ   ᠪᠡᠯᠭᠡᠯᠡᠬᠦ ᠦᠢ᠍ᠯᠡ ᠠᠵᠢᠯᠯᠠᠭ᠎ᠠ   ᠬᠢᠬᠦ᠎ᠳᠤ ᠬᠦᠷᠪᠡᠯ᠂ ᠪᠠᠶᠠᠷ ᠳᠤᠷᠠᠰᠬᠠᠯ᠎ᠤᠨ ᠡᠳᠦᠷ᠎ᠢ ᠪᠡᠯᠭᠡᠯᠡᠬᠦ ᠬᠦᠳᠡᠯᠭᠡᠭᠡᠨ  ᠎ᠤ ᠬᠠᠮᠢᠶᠠᠷᠣᠯᠳᠠ ᠵᠢᠨ   ᠳᠦᠷᠢᠮ ᠲᠣᠭᠳᠠᠭ᠋ᠠᠯ᠎ᠢ ᠴᠢᠩᠭ᠎ᠠ   ᠪᠠᠷᠢᠮᠲᠡᠯᠡᠵᠣ᠂   ᠲᠣᠭᠳᠠᠭᠰᠠᠨ ᠴᠠᠭ ᠬᠤᠭᠤᠴᠠᠭ᠋ᠠᠨ᠎ᠤ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠴᠠᠭ ᠲᠤᠬᠠᠶ᠎ᠳᠤᠨᠢ ᠳᠡᠭᠡᠭᠰᠢ ᠮᠡᠳᠡᠭᠦᠯᠬᠦ ᠬᠡᠷᠡᠭᠲᠡᠶ᠃
      ᠡᠭᠦᠨ᠎ᠤ᠎ᠳᠤ ᠲᠤᠯᠠ ᠲᠤᠰᠬᠠᠶ᠋ᠢᠯᠠᠨ ᠴᠣᠬᠣᠯᠠᠪᠤᠷᠢᠯᠠᠨ ᠬᠠᠷᠢᠭᠤᠯᠪᠠ  ᠃
   

                    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ

                          ᠶᠣᠰᠣᠯᠠᠯ᠎ᠢ ᠵᠢᠷᠤᠮᠵᠢᠭᠤᠯᠬᠤ ᠠᠵᠢᠯ ᠎ᠤᠨ ᠲᠤᠰᠬᠠᠶ   ᠳᠣᠭᠣᠢ᠌ᠯᠠᠩ
   

                                                2019 ᠤᠨ᠎ᠤ  8 ᠰᠠᠷ᠎ᠠ ᠵᠢᠨ 13᠎ᠤ ᠡᠳᠦᠷ

ᠢᠷᠡᠯᠲᠡ᠄
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ 2019 ᠦᠬᠠᠶ ᠵᠢᠨ ᠡᠯᠡᠰᠦᠨ ᠴᠦᠯ᠎ᠤᠨ ᠦᠵᠦᠮ᠎ᠤᠨ ᠠᠷᠢᠬᠢ ᠵᠢᠨ ᠰᠣᠶᠣᠯ ᠵᠢᠭᠣᠯᠴᠢᠯᠡᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 146 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 028 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠬᠤᠷᠠᠯ᠎ᠤᠨ 260 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 218 ᠳ᠋ᠤᠭ᠋ᠠᠷ ᠰᠠᠨᠠᠭᠤᠯᠭ᠎ᠠ ᠵᠢᠨ ᠲᠤᠬᠠᠢ ᠬᠠᠷᠢᠭᠤᠯᠲᠠ
 
            