ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 146 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄ 2019-10-28


ᠤᠷᠠᠨᠲᠤᠭᠤᠰ ᠲᠦᠯᠦᠭᠡᠯᠡᠭᠴᠢ ᠲᠠᠨ᠎ᠠ᠄
      ᠲᠠᠨ᠎ᠤ ᠳᠤᠷᠠᠳᠤᠭᠰᠠᠨ 《ᠤᠯᠠᠭ᠋ᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤᠨ᠎ᠤ ᠭᠠᠯᠲᠤ ᠠᠭᠤᠯᠠ ᠵᠢᠨ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠲᠤᠬᠠᠶ ᠰᠠᠨᠠᠭᠤᠯᠭ᠎ᠠ》 (146 ᠳ᠋ᠤᠭ᠋ᠠᠷ ᠲᠣᠭ᠋ᠠᠲᠤ) ᠵᠢᠨ ᠰᠠᠨᠠᠭᠤᠯᠭ᠎ᠠ᠎ᠪᠠᠷ ᠡᠳᠦᠭᠡ ᠳᠣᠤᠷᠠᠬᠢ ᠮᠡᠲᠦ ᠬᠠᠷᠢᠭᠤᠯᠲᠠ ᠥᠭᠬᠦᠶ᠎ᠡ᠄
      ᠨᠢᠭᠡ᠂ ᠭᠠᠯᠲᠤ ᠠᠭᠤᠯᠠ ᠵᠢᠨ ᠨᠤᠲᠤᠭ ᠪᠡᠯᠴᠢᠭᠡᠷ᠎ᠤᠨ ᠲᠥᠷᠥᠯ   ᠵᠦᠢ᠍ᠯ᠎ᠨᠢ 2014 ᠤᠨ᠎ᠤ 5 ᠳ᠋ᠤᠭ᠋ᠠᠷ ᠰᠠᠷ᠎ᠠ᠎ᠠᠴᠠ ᠡᠬᠢᠯᠡᠨ᠂ ᠥᠪᠥᠷ ᠮᠣᠩᠭᠣᠯ᠎ᠤᠨ   ᠵᠸᠩ ᠪᠸᠢ ᠹᠠᠩ ᠵᠢᠭᠤᠯᠴᠢᠯᠠᠯ᠎ᠤᠨ ᠰᠣᠶᠣᠯ᠎ᠤᠨ ᠬᠢᠵᠠᠭ᠋ᠠᠷᠲᠤ ᠺᠣᠮᠫᠠᠨᠢ᠎ᠠᠴᠠ ᠵᠠᠰᠠᠭ᠎ᠤᠨ ᠣᠷᠳᠣᠨ᠎ᠯᠤᠭ᠎ᠠ ᠪᠦᠬᠦᠯᠢ   ᠲᠠᠯ᠎ᠠ᠎ᠪᠠᠷ ᠨᠡᠭᠡᠭᠡᠨ ᠬᠥᠭᠵᠢᠭᠦᠯᠬᠦ ᠭᠡᠷ᠎ᠡ ᠲᠣᠭᠲᠠᠨ᠎ᠠ᠃ ᠲᠥᠷᠥᠯ ᠵᠦᠢ᠍ᠯ᠎ᠤᠨ ᠨᠡᠭᠡᠭᠡᠨ ᠬᠥᠭᠵᠢᠭᠦᠯᠬᠦ᠎ᠪᠠᠷ ᠲᠥᠯᠥᠪᠯᠡᠵᠦ ᠪᠠᠢ᠌ᠭ᠎ᠠ ᠣᠷᠣᠨ ᠪᠦᠰᠡ ᠵᠢᠨ ᠲᠠᠯᠠᠪᠠᠢ᠎ᠨᠢ 65.9 ᠲᠡᠭᠰᠢ ᠳᠥᠷᠪᠡᠯᠵᠢᠨ ᠺᠢᠯᠣᠮᠧᠲᠷ ᠪᠠᠶ᠋ᠢᠵᠤ᠂ ᠣᠳᠣᠬᠠᠨ᠎ᠳᠤ ᠨᠡᠶ᠋ᠢᠲᠡ 3.8 ᠳ᠋ᠦᠩᠰᠢᠭᠤᠷ ᠭᠠᠷᠤᠶ ᠲᠥᠭᠥᠷᠢᠭ᠎ᠤᠨ ᠪᠡᠯᠡ ᠮᠥᠩᠭᠥ ᠣᠷᠣᠭᠤᠯᠪᠠ᠃ ᠭᠠᠯᠲᠤ ᠠᠭᠤᠯᠠ ᠵᠢᠨ ᠮᠦᠽᠧᠶ᠂ ᠰᠢᠪᠠᠷ ᠤᠬᠢᠶᠠᠯᠭ᠎ᠠ ᠵᠢᠨ ᠣᠷᠳᠣᠨ᠂  《ᠭᠤᠷᠪᠠᠨ ᠲᠣᠮᠣ ᠡᠭᠦᠳᠡ ᠬᠣᠶᠠᠷ ᠵᠢᠭᠤᠯᠴᠢᠯᠠᠭᠴᠢᠳ》᠎ᠤᠨ ᠦᠢ᠍ᠯᠡᠴᠢᠯᠡᠬᠡᠨ᠎ᠤ ᠲᠥᠪ᠂ ᠵᠣᠴᠢᠳ᠎ᠤᠨ ᠪᠠᠭᠤᠳᠠᠯ᠂ ᠴᠠᠬᠠᠷ᠎ᠤᠨ ᠵᠠᠩ ᠠᠭ᠋ᠠᠯᠢ ᠵᠢᠨ ᠬᠦᠷᠢᠶᠡᠯᠡᠩ ᠵᠡᠷᠭᠡ ᠢᠵᠢ ᠪᠦᠷᠢᠳᠦᠭᠦᠯᠬᠦ ᠲᠥᠬᠥᠭᠡᠷᠦᠮᠵᠢ ᠵᠢ ᠪᠦᠲᠦᠭᠡᠨ ᠪᠠᠶ᠋ᠢᠭᠤᠯᠬᠤ᠎ᠪᠠᠷ ᠵᠢᠱ᠌ᠢᠵᠦ ᠪᠠᠶ᠋ᠢᠨ᠎ᠠ᠃ ᠡᠭᠦᠨ᠎ᠳᠤ 2014 ᠣᠨ᠎ᠠᠴᠠ 2017 ᠤᠨ᠎ᠤ 11 ᠰᠠᠷ᠎ᠠ ᠪᠣᠯᠲᠠᠯ᠎ᠠ ᠭᠣᠤᠯᠳᠠᠭᠤ   ᠲᠦᠷᠪᠡᠳᠦᠭᠡᠷ ᠨᠤᠸᠮᠷᠲᠤ ᠠᠭᠤᠯᠠ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠬᠢᠪᠡ᠃ ᠪᠠᠰᠠ 3 - 8 ᠳ᠋ᠤᠭ᠋ᠠᠷ ᠠᠭᠤᠯᠠ ᠵᠢᠨ ᠬᠠᠮᠢᠶ᠎ᠠ ᠪᠦᠬᠦᠢ ᠵᠠᠮᠴᠢ ᠲᠡᠮᠳᠡᠭ ᠵᠢᠴᠢ ᠬᠠᠮᠢᠶ᠎ᠠ ᠪᠦᠬᠦᠢ ᠭᠠᠵᠠᠷ ᠰᠢᠷᠣᠶ ᠵᠢ ᠲᠡᠭᠰᠢᠯᠡᠬᠦ ᠠᠵᠢᠯ ᠪᠠᠶ᠋ᠢᠨ᠎ᠠ᠃
      ᠬᠣᠶᠠᠷ᠂ ᠵᠢᠭᠤᠯᠴᠢᠯᠠᠯ᠎ᠤᠨ ᠡᠬᠢ ᠪᠠᠶᠠᠯᠢᠭ᠎ᠢ ᠵᠦᠶ ᠵᠣᠬᠢᠰᠲᠠᠶ ᠨᠡᠭᠡᠭᠡᠨ ᠬᠥᠭᠵᠢᠭᠦᠯᠵᠦ᠂   ᠦᠢ᠍ᠯᠡ ᠠᠵᠢᠯᠠᠭ᠎ᠠ ᠵᠢᠨ ᠶᠠᠪᠤᠴᠠ᠎ᠳᠤ ᠶᠠᠮᠠᠷ ᠨᠢᠭᠡᠨ ᠪᠦᠲᠦᠭᠡᠨ ᠪᠠᠶ᠋ᠢᠭᠤᠯᠤᠯᠲᠠ ᠪᠠ ᠪᠦᠲᠦᠭᠡᠯᠴᠢ ᠴᠢᠨᠠᠷᠲᠠᠶ ᠡᠪᠳᠡᠯᠡᠭᠡ ᠭᠠᠷᠬᠤ᠎ᠠᠴᠠ ᠵᠠᠶ᠋ᠢᠯᠠᠰᠬᠢᠬᠦ ᠵᠢᠨ ᠲᠥᠯᠥᠭᠡ᠂ 2018 ᠣᠨ᠎ᠳᠤ ᠪᠡᠭᠡᠵᠢᠩ᠎ᠤᠨ ᠵᠤᠤ ᠲᠦᠩ ᠺᠣᠮᠫᠠᠨᠢ ᠵᠢᠨ ᠳᠠᠬᠢᠨ ᠪᠠᠶ᠋ᠢᠭᠤᠯᠤᠭᠰᠠᠨ ᠵᠸᠩ   ᠪᠸᠢ ᠹᠠᠩ ᠺᠣᠮᠫᠠᠨᠢ᠎ᠠᠴᠠ ᠭᠠᠯᠲᠤ ᠠᠭᠤᠯᠠ ᠵᠢᠨ ᠲᠠᠯ᠎ᠠ ᠨᠤᠲᠤᠭ᠎ᠤᠨ ᠦᠵᠡᠮᠵᠢ ᠵᠢᠨ ᠣᠷᠣᠨ᠎ᠳᠤ ᠪᠦᠲᠦᠭᠡᠨ ᠪᠠᠶ᠋ᠢᠭᠤᠯᠤᠯᠲᠠ ᠬᠢᠬᠦ᠎ᠠᠴᠠ ᠡᠮᠦᠨᠡᠬᠢ ᠰᠠᠭᠤᠷᠢ ᠴᠢᠨᠠᠷᠲᠠᠶ ᠠᠵᠢᠯ᠎ᠢ ᠬᠢᠪᠡ᠄ 1. ᠦᠵᠡᠮᠵᠢ ᠵᠢᠨ ᠣᠷᠣᠨ᠎ᠤ ᠳᠣᠲᠣᠷᠠᠬᠢ ᠵᠠᠰᠠᠮᠠᠯ ᠵᠠᠮ᠎ᠤᠨ ᠵᠠᠮ ᠬᠠᠷᠢᠯᠴᠠᠭ᠎ᠠ ᠵᠢ 2018 ᠤᠨ᠎ᠤ 10 ᠰᠠᠷ᠎ᠠ᠎ᠳᠤ   ᠪᠠᠢ᠌ᠭᠤᠯᠵᠤ ᠳᠠᠭᠤᠰᠬᠠᠨ ᠲᠡᠷᠭᠡ ᠨᠡᠪᠲᠡᠷᠡᠭᠦᠯᠦᠨ᠎ᠡ᠃ 2. ᠦᠵᠡᠮᠵᠢ ᠵᠢᠨ ᠣᠷᠣᠨ᠎ᠤ ᠲᠥᠷᠥᠯ   ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠮᠡᠳᠡᠭᠦᠯᠦᠯᠲᠡ ᠵᠢᠨ ᠬᠦᠰᠦᠨᠦᠭᠲᠦ ᠵᠢ ᠴᠣᠬᠣᠯᠠᠪᠤᠷᠢᠯᠠᠨ ᠪᠠᠲᠤᠯᠠᠯᠲᠠ ᠣᠯᠪᠠ᠃ 3. ᠶᠡᠬᠡ ᠬᠡᠮᠵᠢᠶᠡᠨ᠎ᠤ ᠤᠬᠠᠭᠤᠯᠤᠨ ᠳᠡᠯᠭᠡᠷᠡᠭᠦᠯᠬᠦ ᠠᠵᠢᠯ᠎ᠢ ᠬᠢᠪᠡ᠂ ᠡᠭᠦᠨ᠎ᠳᠤ 2018 ᠤᠨ᠎ᠤ 8 ᠰᠠᠷ᠎ᠠ ᠵᠢᠨ 6᠎ᠤ ᠡᠳᠦᠷ — 8 ᠰᠠᠷ᠎ᠠ ᠵᠢᠨ 11᠎ᠤ ᠡᠳᠦᠷ᠎ᠤᠨ   ᠲᠤᠭ᠎ᠠ ᠪᠦᠷᠢᠳᠭᠡᠯ ᠵᠶ᠋ᠠᠷ ᠡᠳᠦᠷ   ᠪᠦᠷᠢ ᠳᠤᠮᠳᠠᠴᠢ ᠎ᠪᠠᠷ 5000 ᠭᠠᠷᠤᠶ ᠬᠥᠮᠦᠨ᠂ ᠣᠷᠭᠢᠯ ᠬᠡᠮᠵᠢᠭᠳᠡᠯ 8900 ᠭᠠᠷᠤᠶ ᠬᠥᠮᠦᠨ ᠪᠣᠶ᠃ 4. ᠦᠵᠡᠮᠵᠢ ᠵᠢᠨ ᠣᠷᠣᠨ᠎ᠤ ᠳᠣᠲᠣᠷᠠᠬᠢ ᠣᠷᠴᠢᠨ ᠲᠣᠭᠣᠷᠢᠨ᠎ᠢ ᠬᠦᠨᠳᠦ ᠨᠣᠴᠢᠲᠠᠶ ᠡᠪᠳᠡᠭᠰᠡᠨ ᠠᠯᠲᠠᠨ᠎ᠤ ᠠᠭᠤᠷᠬᠠᠶ᠎ᠳᠤ ᠬᠠᠮᠠᠭ᠋ᠠᠯᠠᠯᠲᠠ ᠵᠢᠨ ᠴᠢᠨᠠᠷᠲᠠᠶ ᠡᠭᠡᠭᠦᠯᠦᠨ ᠪᠥᠭᠯᠡᠯᠲᠡ ᠬᠢᠪᠡ᠃ 5. ᠥᠩᠭᠡᠷᠡᠭᠰᠡᠨ᠎ᠤ ᠪᠣᠶ ᠪᠦᠬᠦᠢ ᠰᠠᠭᠤᠷᠢ ᠲᠥᠬᠥᠭᠡᠷᠦᠮᠵᠢ ᠵᠢ ᠳᠡᠰ ᠳᠡᠪᠰᠢᠭᠦᠯᠦᠨ ᠥᠭᠡᠷᠡᠴᠢᠯᠡᠬᠦ ᠪᠠ ᠰᠡᠯᠪᠢᠨ ᠵᠠᠰᠠᠵᠤ ᠠᠷᠠᠴᠢᠯᠠᠨ   ᠬᠠᠮᠠᠭ᠋ᠠᠯᠠᠯᠲᠠ ᠬᠢᠭᠰᠡᠨ ᠪᠠᠢ᠌ᠨ᠎ᠠ᠃ 6. ᠵᠢᠭᠤᠯᠴᠢᠯᠠᠭᠴᠢᠳ ᠬᠡᠲᠦᠷᠬᠡᠢ ᠣᠯᠠᠨ᠂ ᠵᠣᠴᠢᠯᠠᠬᠤ ᠴᠢᠳᠠᠪᠤᠷᠢ᠎ᠨᠢ ᠪᠠᠰᠠ ᠬᠢᠵᠠᠭ᠋ᠠᠷ᠎ᠲᠠᠢ  ᠂ ᠦᠵᠡᠮᠵᠢ ᠵᠢᠨ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠵᠢᠨ ᠲᠥᠯᠥᠭᠡ᠂ ᠺᠣᠮᠫᠠᠨᠢ 2018 ᠤᠨ᠎ᠤ 8 ᠰᠠᠷ᠎ᠠ ᠵᠢᠨ 21᠎ᠤ ᠡᠳᠦᠷ ᠭᠠᠯᠲᠤ ᠠᠭᠤᠯᠠᠨ᠎ᠳᠤ   ᠪᠢᠲᠡᠭᠦᠮᠵᠢᠯᠡᠬᠦ ᠬᠠᠮᠢᠶᠠᠷᠤᠯᠲᠠ ᠶᠠᠪᠤᠭᠳᠠᠭᠤᠯᠵᠠᠢ᠃ 7. ᠶᠡᠬᠡ ᠬᠡᠮᠵᠢᠶᠡᠨ᠎ᠤ ᠭᠦᠨ ᠭᠦᠨᠵᠡᠭᠡᠶ ᠨᠠᠷᠢᠨ ᠨᠢᠮᠪᠠᠶ ᠪᠠᠶ᠋ᠢᠴᠠᠭ᠋ᠠᠨ ᠰᠤᠳᠤᠯᠬᠤ ᠠᠵᠢᠯ᠎ᠢ ᠬᠢᠵᠦ ᠦᠵᠡᠮᠵᠢ ᠵᠢᠨ ᠣᠷᠣᠨ᠎ᠤ ᠳᠣᠲᠣᠷᠠᠬᠢ ᠵᠢᠴᠢ ᠡᠷᠭᠢᠨ ᠲᠣᠭᠣᠷᠢᠨ᠎ᠤ ᠮᠠᠯᠵᠢᠬᠤ ᠣᠷᠣᠨ᠎ᠤ ᠶᠠᠳᠠᠭᠤ ᠵᠢ ᠲᠡᠳᠬᠦᠬᠦ ᠠᠵᠢᠯ᠎ᠳᠤ ᠢᠳᠡᠪᠬᠢᠲᠡᠢ ᠣᠷᠣᠯᠴᠠᠪᠠ᠃
      ᠭᠤᠷᠪᠠ᠂ ᠵᠸᠩ ᠪᠸᠢ ᠹᠠᠩ ᠺᠣᠮᠫᠠᠨᠢ ᠪᠡᠭᠡᠵᠢᠩ᠎ᠤᠨ ᠳ᠋ᠠ ᠶᠠᠨ ᡁᠢ ᠵᠢᠭᠤᠯᠴᠢᠯᠠᠯ᠎ᠤᠨ ᠵᠢᠷᠤᠭ ᠲᠥᠯᠥᠪᠯᠡᠭᠡᠨ᠎ᠤ ᠬᠦᠷᠢᠶᠡᠯᠡᠩ᠎ᠢ ᠤᠷᠢᠵᠤ᠂ ᠳᠣᠤᠷ᠎ᠠ ᠬᠠᠭ᠋ᠠᠰ ᠵᠢᠯ᠎ᠳᠤ 《ᠤᠯᠠᠭ᠋ᠠᠨᠬᠠᠳᠠ ᠭᠠᠯᠲᠤ ᠠᠭᠤᠯᠠ ᠵᠢᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠣᠷᠣᠨ᠎ᠤ ᠶᠡᠷᠦᠩᠬᠡᠶ   ᠲᠦᠯᠦᠪᠵᠢᠭᠦᠯᠭᠡ》 ᠵᠢ ᠨᠠᠶ᠋ᠢᠷᠠᠭᠤᠯᠤᠨ ᠵᠣᠬᠢᠶᠠᠭᠰᠠᠨ᠎ᠤ ᠳᠠᠷᠠᠭ᠎ᠠ᠂ ᠬᠣᠲᠠ ᠵᠢᠨ ᠵᠢᠭᠤᠯᠴᠢᠯᠠᠯ᠎ᠤᠨ ᠬᠥᠭᠵᠢᠭᠦᠯᠦᠯᠲᠡ ᠵᠢᠨ ᠵᠥᠪᠯᠡᠯ᠎ᠲᠠᠢ ᠢᠳᠡᠪᠬᠢᠲᠡᠢ ᠵᠣᠬᠢᠴᠠᠭᠤᠯᠤᠨ ᠬᠠᠮᠵᠢᠯᠴᠠᠵᠤ᠂ ᠬᠣᠲᠠ᠎ᠠᠴᠠ ᠠᠩᠬᠠᠨ᠎ᠤ ᠬᠢᠨᠠᠯᠲᠠ᠎ᠪᠠᠨ ᠬᠢᠭᠰᠡᠨ᠎ᠤ ᠳᠠᠷᠠᠭ᠎ᠠ᠂ ᠬᠣᠲᠠ ᠵᠢᠨ ᠵᠢᠭᠤᠯᠴᠢᠯᠠᠯ᠎ᠤᠨ ᠬᠥᠭᠵᠢᠭᠦᠯᠦᠯᠲᠡ ᠵᠢᠨ ᠵᠥᠪᠯᠡᠯ᠎ᠠᠴᠠ ᠥᠪᠡᠷᠲᠡᠭᠡᠨ ᠵᠠᠰᠠᠬᠤ ᠣᠷᠣᠨ᠎ᠤ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠬᠢᠨᠠᠨ ᠰᠢᠯᠭ᠋ᠠᠷᠠᠭᠤᠯᠵᠤ᠂ 2018 ᠤᠨ᠎ᠤ 11 ᠰᠠᠷ᠎ᠠ᠎ᠳᠤ   ᠬᠦᠬᠡᠬᠤᠲᠠ ᠵᠢᠨ ᠰᠢᠨ᠎ᠡ ᠬᠤᠲᠠ ᠵᠣᠴᠢᠳ᠎ᠤᠨ ᠪᠠᠭᠤᠳᠠᠯ᠎ᠳᠤ ᠬᠢᠨᠠᠨ ᠰᠢᠯᠭ᠋ᠠᠷᠠᠭᠤᠯᠤᠨ ᠪᠠᠲᠤᠯᠠᠭᠤᠯᠵᠤ᠂ ᠬᠣᠲᠠ ᠵᠢᠨ ᠵᠢᠭᠤᠯᠴᠢᠯᠠᠯ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠤᠳᠤᠷᠢᠳᠬᠤ ᠳᠤᠭᠤᠶ᠋ᠢᠯᠠᠩ᠎ᠠᠴᠠ ᠲᠥᠯᠥᠪᠵᠢᠭᠦᠯᠭᠡ ᠵᠢ ᠬᠢᠨᠠᠨ ᠬᠠᠷᠭᠤᠭᠤᠯᠤᠭᠰᠠᠨ ᠰᠠᠨᠠᠯ᠎ᠢ ᠬᠣᠲᠠ ᠵᠢᠨ ᠵᠠᠰᠠᠭ᠎ᠤᠨ ᠣᠷᠳᠣᠨ᠎ᠳᠤ ᠮᠡᠳᠡᠭᠦᠯᠦᠭᠡᠳ ᠨᠢᠭᠡᠨᠲᠡ ᠵᠥᠪᠰᠢᠶᠡᠷᠡᠪᠡ; ᠣᠷᠴᠢᠨ ᠠᠬᠤᠢ ᠵᠢᠨ ᠨᠥᠯᠥᠭᠡ ᠵᠢᠨ ᠦᠨᠡᠯᠡᠯᠲᠡ ᠵᠢᠨ ᠬᠢᠨᠠᠨ ᠲᠣᠭᠲᠠᠭ᠋ᠠᠯᠲᠠ ᠴᠤ᠌ ᠪᠠᠲᠤᠯᠠᠭᠳᠠᠭᠰᠠᠨ ᠪᠥᠭᠡᠳ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠨ ᠵᠢᠩᠬᠢᠨᠢ ᠴᠣᠬᠣᠯᠠᠪᠤᠷᠢ ᠵᠢ ᠣᠯᠪᠠ᠃
      ᠲᠦᠷᠪᠡ᠂ ᠬᠣᠲᠠ ᠵᠢᠨ ᠵᠠᠰᠠᠭ᠎ᠤᠨ ᠣᠷᠳᠣᠨ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠨ ᠵᠢᠩᠬᠢᠨᠢ ᠴᠣᠬᠣᠯᠠᠪᠤᠷᠢ ᠵᠢ ᠣᠯᠤᠭᠰᠠᠨ᠎ᠤ ᠳᠠᠷᠠᠭ᠎ᠠ᠂ 2019 ᠤᠨ᠎ᠳᠤ ᠵᠸᠩ ᠪᠸᠢ ᠹᠠᠩ ᠺᠣᠮᠫᠠᠨᠢ ᠵᠢᠨ ᠭᠠᠯᠲᠤ ᠠᠭᠤᠯᠠ ᠵᠢᠨ ᠲᠥᠷᠥᠯ ᠵᠦᠢ᠍ᠯ᠎ᠤᠨ ᠲᠠᠯ᠎ᠠ᠎ᠪᠠᠷ᠎ᠬᠢ ᠬᠠᠷᠠᠯᠲᠠ ᠪᠠ ᠲᠥᠯᠥᠪᠯᠡᠭᠡ ᠪᠣᠯ᠄ 1. ᠵᠠᠰᠠᠭ᠎ᠤᠨ ᠣᠷᠳᠣᠨ᠎ᠲᠠᠢ ᠬᠠᠮᠵᠢᠯᠴᠠᠨ ᠦᠵᠡᠮᠵᠢ ᠵᠢᠨ ᠣᠷᠣᠨ᠎ᠢ ᠬᠡᠷᠡᠭᠯᠡᠬᠦ᠎ᠳᠤ ᠬᠡᠷᠡᠭᠰᠡᠬᠦ ᠢᠵᠢ ᠪᠦᠷᠢᠳᠦᠭᠦᠯᠬᠦ ᠭᠠᠵᠠᠷ ᠰᠢᠷᠣᠶ ᠵᠢ ᠪᠣᠳᠠᠲᠠᠶ᠋ᠢᠵᠢᠭᠤᠯᠤᠨ᠎ᠠ᠃ 2. 2019 ᠤᠨ᠎ᠤ 6 ᠰᠠᠷ᠎ᠠ᠎ᠳᠤ ᠴᠡᠴᠡᠷᠯᠢᠭ ᠨᠡᠭᠡᠭᠡᠵᠦ ᠵᠣᠴᠢᠨ ᠤᠭᠲᠤᠬᠤ ᠵᠢ ᠦᠨᠡᠨ ᠬᠦ᠌ ᠪᠠᠲᠤᠯᠠᠨ᠎ᠠ᠃ 3. ᠴᠡᠴᠡᠷᠯᠢᠭ ᠨᠡᠭᠡᠭᠡᠬᠦ᠎ᠠᠴᠠ ᠡᠮᠦᠨᠡᠬᠢ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠪᠠ ᠢᠯᠭ᠋ᠠᠬᠤ ᠲᠡᠮᠳᠡᠭ᠎ᠤᠨ ᠰᠢᠰᠲ᠋ᠧᠮ᠂ ᠬᠥᠲᠥᠯᠥᠨ ᠦᠵᠡᠬᠦ ᠪᠠ ᠬᠥᠲᠥᠯᠥᠨ ᠦᠵᠡᠬᠦ ᠰᠢᠰᠲ᠋ᠧᠮ᠎ᠢ ᠪᠦᠬᠦᠨ᠎ᠢ ᠪᠡᠶᠡᠯᠡᠭᠦᠯᠦᠨ᠎ᠡ᠃ 4. ᠴᠡᠴᠡᠷᠯᠢᠭ ᠨᠡᠭᠡᠭᠡᠬᠦ᠎ᠠᠴᠠ ᠡᠮᠦᠨᠡᠬᠢ ᠡᠵᠡᠩᠨᠡᠨ ᠪᠣᠷᠣᠯᠠᠭᠤᠯᠵᠤ ᠤᠬᠠᠭᠤᠯᠤᠨ ᠳᠡᠯᠭᠡᠷᠡᠭᠦᠯᠬᠦ ᠠᠵᠢᠯ᠃ 5. ᠴᠡᠴᠡᠷᠯᠢᠭ ᠨᠡᠭᠡᠭᠡᠬᠦ᠎ᠠᠴᠠ ᠡᠮᠦᠨᠡᠬᠢ ᠠᠵᠢᠯᠲᠠᠨ ᠡᠯᠰᠡᠬᠦ ᠪᠣᠯᠪᠠᠰᠤᠷᠠᠭᠤᠯᠤᠯ᠎ᠤᠨ ᠠᠵᠢᠯ᠃ 6. ᠦᠵᠡᠮᠵᠢ ᠵᠢᠨ ᠣᠷᠣᠨ᠎ᠤ ᠳᠣᠲᠣᠷᠠᠬᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠮᠠᠯᠴᠢᠨ ᠲᠠᠷᠢᠶᠠᠴᠢᠳ᠎ᠢ ᠬᠠᠪᠰᠤᠷᠤᠨ ᠲᠡᠳᠬᠦᠬᠦ ᠠᠵᠢᠯ᠃ 7. ᠦᠵᠡᠮᠵᠢ ᠵᠢᠨ ᠣᠷᠣᠨ᠎ᠤ ᠳᠣᠲᠣᠷᠠᠬᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠮᠢ ᠠᠬᠤᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠳᠡᠭᠡᠭᠰᠢᠯᠡᠭᠦᠯᠬᠦ ᠠᠵᠢᠯ᠃
      ᠮᠠᠨ᠎ᠤ ᠣᠷᠣᠨ᠎ᠤ ᠵᠢᠭᠤᠯᠴᠢᠯᠠᠯ᠎ᠤᠨ ᠦᠢ᠍ᠯᠡᠰ᠎ᠢ ᠬᠠᠯᠠᠮᠵᠢᠯᠠᠨ ᠳᠡᠮᠵᠢᠭᠰᠡᠨ᠎ᠳᠤ ᠴᠢᠨᠢ ᠲᠤᠩ ᠲᠠᠯᠠᠷᠬᠠᠵᠤ ᠪᠠᠶ᠋ᠢᠨ᠎ᠠ!
                                                     
                              ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ

                              ᠰᠤᠶᠤᠯ ᠪᠠ ᠵᠢᠭᠤᠯᠴᠢᠯᠠᠯ᠎ᠤᠨ ᠲᠢᠩᠬᠢᠮ
                                              2019 ᠤᠨ᠎ᠤ06 ᠰᠠᠷ᠎ᠠ ᠵᠢᠨ 20᠎ᠤ ᠡᠲᠦᠷ

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 028 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠬᠤᠷᠠᠯ᠎ᠤᠨ 260 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 218 ᠳ᠋ᠤᠭ᠋ᠠᠷ ᠰᠠᠨᠠᠭᠤᠯᠭ᠎ᠠ ᠵᠢᠨ ᠲᠤᠬᠠᠢ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯ᠎ᠤᠨ 624 ᠳ᠋ᠣᠭᠡᠷ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 432 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
 
            