ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 028 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄ 2019-10-28


ᠲᠥᠯᠥᠭᠡᠯᠡᠭᠴᠢ ᠵᠠᠩ ᠵᠢᠶᠦ᠋ᠨ ᠲᠤᠤ᠄
      ᠲᠠᠨ ᠎ᠤ ᠳᠤᠷᠠᠳᠤᠭᠰᠠᠨ 《〈ᠨᠤᠲᠤᠭ ᠤᠰᠤᠨ᠎ᠤ ᠰᠣᠶᠣᠯ᠎ᠢ ᠬᠠᠮᠠᠭ᠋ᠠᠯᠠᠬᠤ ᠬᠠᠤᠯᠢ〉 ᠪᠤᠶᠤ ᠳᠦᠷᠢᠮ᠎ᠢ ᠰᠤᠳᠤᠯᠤᠨ ᠲᠣᠭᠲᠠᠭ᠋ᠠᠬᠤ ᠲᠤᠬᠠᠶ ᠰᠠᠨᠠᠭᠤᠯᠭ᠎ᠠ》 ᠵᠢ ᠬᠤᠷᠢᠶᠠᠨ ᠣᠯᠪᠠ᠃ ᠲᠤᠰ ᠰᠠᠨᠠᠭᠤᠯᠭ᠎ᠠ ᠮᠠᠰᠢ ᠴᠢᠬᠤᠯᠠ ᠶᠤᠮ᠂ ᠨᠤᠲᠤᠭ ᠤᠰᠤᠨ᠎ᠤ ᠰᠣᠶᠣᠯ᠎ᠤᠨ ᠬᠠᠮᠠᠭ᠋ᠠᠯᠠᠯᠲᠠ᠎ᠨᠢ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ᠎ᠳᠤ ᠲᠦᠢ᠍ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃ ᠨᠤᠲᠤᠭ ᠤᠰᠤᠨ᠎ᠤ ᠰᠣᠶᠣᠯ᠎ᠳᠤ ᠠᠭᠤᠯᠤᠭᠳᠠᠵᠤ ᠪᠠᠢ᠌ᠭ᠎ᠠ ᠠᠭᠤᠯᠭ᠎ᠠ ᠪᠠᠶᠠᠯᠢᠭ᠂ ᠮᠠᠨ᠎ᠤ ᠲᠢᠩᠬᠢᠮ᠎ᠤᠨ ᠠᠵᠢᠯ᠎ᠤᠨ ᠬᠦᠷᠢᠶ᠎ᠡ ᠴᠠᠷᠠᠭ᠎ᠠ᠎ᠳᠤ ᠬᠣᠯᠪᠣᠭᠳᠠᠬᠤ᠎ᠨᠢ ᠲᠡᠭᠦᠨ᠎ᠤ ᠲᠤᠳᠤᠷᠠᠬᠢ ᠨᠢᠭᠡ ᠪᠠᠭ᠋ᠠᠬᠠᠨ ᠬᠡᠰᠡᠭ ᠪᠤᠯᠤᠨ᠎ᠠ᠃ ᠣᠳᠣ ᠮᠠᠨ᠎ᠤ ᠲᠢᠩᠬᠢᠮ᠎ᠤᠨ ᠠᠵᠢᠯ᠎ᠤᠨ ᠠᠭᠤᠯᠭ᠎ᠠ᠎ᠳᠤ ᠬᠣᠯᠪᠤᠭᠳᠠᠬᠤ ᠠᠭᠤᠯᠭ᠎ᠠ ᠎ᠳᠤ ᠳᠣᠤᠷᠠᠬᠢ ᠮᠡᠲᠦ ᠬᠠᠷᠢᠭᠤᠯᠲᠠ ᠥᠭᠬᠦᠶ᠎ᠡ᠄       ᠨᠢᠭᠡ᠂ ᠮᠠᠨ᠎ᠤ ᠲᠢᠩᠬᠢᠮ᠎ᠤᠨ ᠨᠤᠲᠤᠭ ᠤᠰᠤᠨ᠎ᠤ ᠰᠣᠶᠣᠯ᠎ᠤᠨ ᠠᠵᠢᠯ᠎ᠳᠤ ᠬᠣᠯᠪᠣᠭᠳᠠᠭᠰᠠᠨ ᠶᠡᠷᠦᠩᠬᠡᠶ ᠪᠠᠢ᠌ᠳᠠᠯ
      ᠨᠤᠲᠤᠭ ᠤᠰᠤᠨ᠎ᠤ ᠰᠣᠶᠣᠯ᠎ᠳᠤ ᠡᠷᠳᠡᠮᠲᠡᠳ᠎ᠤᠨ ᠠᠩᠭᠢᠯᠠᠯ ᠶᠣᠰᠣᠭ᠋ᠠᠷ ᠳᠥᠷᠪᠡᠨ ᠳᠠᠪᠬᠤᠷᠭ᠎ᠠ ᠵᠢ ᠪᠠᠭᠲᠠᠭ᠋ᠠᠬᠤ ᠬᠡᠷᠡᠭᠲᠡᠶ᠄ ᠪᠣᠳᠠᠰ᠎ᠤᠨ ᠲᠥᠯᠥᠪ᠎ᠤᠨ ᠰᠣᠶᠣᠯ᠎ᠤᠨ ᠳᠠᠪᠬᠤᠷᠭ᠎ᠠ᠂ ᠦᠢ᠍ᠯᠡ ᠠᠵᠢᠯᠯᠠᠭ᠎ᠠ ᠵᠢᠨ ᠰᠣᠶᠣᠯ᠎ᠤᠨ ᠳᠠᠪᠬᠤᠷᠭ᠎ᠠ ᠵᠡᠷᠭᠡ᠂ ᠳᠦᠷᠢᠮ᠎ᠤᠨ ᠰᠣᠶᠣᠯ᠎ᠤᠨ ᠳᠠᠪᠬᠤᠷᠭ᠎ᠠ᠂ ᠣᠶᠤᠨ᠎ᠤ ᠰᠣᠶᠣᠯ᠎ᠤᠨ ᠳᠠᠪᠬᠤᠷᠭ᠎ᠠ᠃ ᠪᠣᠳᠠᠲᠠᠶ᠎ᠪᠠᠷ ᠬᠡᠯᠡᠪᠡᠯ ᠬᠥᠳᠡᠭᠡ ᠲᠣᠰᠬᠣᠨ᠎ᠤ ᠠᠭᠤᠯᠠ ᠤᠰᠤ᠂ ᠬᠥᠳᠡᠭᠡ ᠲᠣᠰᠬᠣᠨ᠎ᠤ ᠰᠠᠭᠤᠷᠢᠰᠢᠯ᠂ ᠬᠥᠳᠡᠭᠡ ᠲᠣᠰᠬᠣᠨ᠎ᠤ ᠪᠠᠷᠢᠯᠭ᠎ᠠ᠂ ᠲᠣᠰᠬᠣᠨ᠎ᠤ ᠳᠦᠷᠢᠮ ᠠᠷᠠᠳ᠎ᠤᠨ ᠭᠡᠷ᠎ᠡ᠂ ᠠᠷᠠᠳ᠎ᠤᠨ ᠵᠠᠩ ᠵᠠᠩᠰᠢᠯ᠎ᠤᠨ ᠳᠠᠭ᠋ᠠᠤ ᠭᠠᠷ ᠤᠷᠠᠯᠠᠯ᠂ ᠰᠢ ᠵᠦᠴᠦᠭᠡ᠂ ᠤᠯᠠᠮᠵᠢᠯᠠᠯᠲᠤ ᠢᠳᠡᠭᠡᠨ ᠤᠮᠳᠠᠭ᠋ᠠᠨ᠂ ᠬᠤᠪᠴᠠᠰᠤ ᠵᠠᠰᠠᠯ ᠵᠡᠷᠭᠡ ᠵᠢ ᠪᠠᠭᠲᠠᠭ᠋ᠠᠵᠤ᠂ ᠨᠢᠭᠡ ᠨᠤᠲᠤᠭ᠎ᠤᠨ ᠬᠥᠮᠦᠰ᠎ᠤᠨ ᠰᠣᠶᠣᠯ᠎ᠤᠨ ᠬᠥᠭᠡᠭᠡᠴᠡᠯᠳᠦᠯ᠎ᠢ ᠨᠢᠭᠲᠠᠷᠠᠭᠤᠯᠵᠤ ᠪᠠᠢ᠌ᠳᠠᠭ᠃ ᠡᠳᠡᠭᠡᠷ ᠡᠯ᠎ᠡ ᠭᠠᠵᠠᠷ ᠣᠷᠣᠨ᠎ᠤ ᠭᠣᠤᠯ ᠡᠯᠧᠮᠧᠨ᠋ᠲ᠎ᠢ ᠢᠯᠡᠷᠡᠭᠦᠯᠵᠦ᠂ ᠳᠡᠯᠡᠬᠡᠶ ᠵᠢᠨ ᠡᠯ᠎ᠡ ᠵᠦᠢ᠍ᠯ᠎ᠤᠨ ᠤᠷᠤᠰᠬᠠᠯ᠎ᠤᠨ ᠨᠡᠶ᠋ᠢᠯᠡᠯᠲᠡ ᠳᠤᠮᠳᠠ ᠥᠪᠡᠷ᠎ᠤᠨ ᠥᠪᠡᠷᠮᠢᠴᠡ ᠲᠠᠲᠠᠬᠤ ᠬᠦᠴᠦᠨ ᠵᠶ᠋ᠠᠨ ᠠᠭ᠋ᠠᠵᠢᠮ ᠵᠶ᠋ᠠᠷ ᠬᠠᠲᠠᠭᠤᠵᠢᠭᠤᠯᠪᠠ᠃ ᠮᠠᠨ᠎ᠤ ᠲᠢᠩᠬᠢᠮ᠎ᠳᠤ ᠬᠣᠯᠪᠣᠭᠳᠠᠬᠤ ᠨᠤᠲᠤᠭ ᠤᠰᠤᠨ᠎ᠤ ᠰᠣᠶᠣᠯ᠎ᠤᠨ ᠠᠵᠢᠯ᠎ᠳᠤ ᠭᠣᠤᠯᠳᠠᠭᠤ᠄ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ᠂ ᠬᠥᠳᠡᠭᠡ ᠲᠣᠰᠬᠣᠨ᠎ᠳᠤ ᠬᠣᠯᠪᠣᠭᠳᠠᠬᠤ ᠡᠯ᠎ᠡ ᠵᠦᠢ᠍ᠯ᠎ᠤᠨ ᠣᠨᠴᠠᠯᠢᠭᠲᠤ ᠵᠢᠭᠤᠯᠴᠢᠯᠠᠯ᠂ ᠨᠤᠲᠤᠭ᠎ᠤᠨ ᠤᠷᠠᠯᠢᠭ᠂ ᠨᠤᠲᠤᠭ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ ᠵᠢᠨ ᠬᠥᠭᠵᠢᠯᠲᠡ ᠵᠡᠷᠭᠡ ᠪᠠᠭᠲᠠᠨ᠎ᠠ᠃ ᠣᠢ᠌ᠷ᠎ᠠ ᠵᠢᠨ ᠵᠢᠯ᠎ᠤᠨ ᠲᠤᠷᠰᠢ᠂ ᠮᠠᠨ᠎ᠤ ᠲᠢᠩᠬᠢᠮ ᠳᠡᠭᠡᠷ᠎ᠡ ᠳᠤᠷᠠᠳᠤᠭᠰᠠᠨ ᠠᠵᠢᠯ᠎ᠤᠨ ᠲᠠᠯ᠎ᠠ᠎ᠪᠠᠷ ᠴᠥᠮ ᠨᠡᠯᠢᠶᠡᠳ ᠶᠡᠬᠡ ᠠᠬᠢᠴᠠ᠎ᠲᠠᠢ ᠪᠣᠯᠪᠠ᠃
     (ᠨᠢᠭᠡ) ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠵᠤ ᠬᠠᠮᠠᠭ᠋ᠠᠯᠠᠬᠤ ᠵᠢ ᠢᠳᠡᠪᠬᠢᠲᠡᠢ ᠠᠬᠢᠭᠤᠯᠤᠨ᠎ᠠ᠃ ᠨᠢᠭᠡ᠎ᠳᠤ᠂ ᠨᠡᠷᠡᠰ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠨ᠎ᠠ᠃ ᠣᠳᠣᠬᠠᠨ ᠪᠣᠯᠲᠠᠯ᠎ᠠ᠂ ᠮᠠᠨ᠎ᠤ ᠣᠷᠣᠨ᠎ᠤ ᠳᠥᠷᠪᠡᠨ ᠱᠠᠲᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠷᠡᠰ᠎ᠤᠨ ᠵᠢᠭᠰᠠᠭ᠋ᠠᠯᠲᠠ ᠵᠢ ᠬᠠᠮᠠᠭ᠋ᠠᠯᠠᠬᠤ ᠰᠢᠰᠲ᠋ᠧᠮ ᠪᠠ ᠤᠯᠠᠮᠵᠢᠯᠠᠨ ᠵᠠᠯᠭ᠋ᠠᠮᠵᠢᠯᠠᠭᠴᠢ ᠵᠢᠨ ᠨᠡᠷᠡᠰ᠎ᠤᠨ ᠵᠢᠭᠰᠠᠭ᠋ᠠᠯᠲᠠ ᠵᠢ ᠮᠠᠭ᠋ᠠᠳᠯᠠᠨ ᠲᠣᠭᠲᠠᠭ᠋ᠠᠬᠤ ᠳᠦᠷᠢᠮ ᠦᠨᠳᠦᠰᠦᠨ᠎ᠳᠤ᠎ᠪᠠᠨ ᠪᠠᠶ᠋ᠢᠭᠤᠯᠤᠭᠳᠠᠵᠤ᠂ 《ᠬᠥᠮᠦᠨ ᠲᠥᠷᠥᠯᠬᠢᠲᠡᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠦᠯᠦᠭᠡᠯᠡᠭᠴᠢ ᠪᠦᠲᠦᠭᠡᠯ》 2 ᠵᠦᠢ᠍ᠯ᠂ ᠤᠯᠤᠰ᠎ᠤᠨ ᠲᠡᠰ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ 81 ᠪᠠᠢ᠌ᠵᠤ᠂ 89 ᠭᠠᠵᠠᠷ ᠪᠠᠶ᠋ᠢᠵᠤ᠂ ᠤᠯᠤᠰ᠎ᠤᠨ ᠲᠡᠰ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ 75 ᠪᠣᠶ; ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ 479 ᠪᠠᠢ᠌ᠵᠤ᠂ 704 ᠭᠠᠵᠠᠷ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ 885 ᠬᠥᠮᠦᠨ ᠪᠠᠶ᠋ᠢᠨ᠎ᠠ᠃ ᠬᠣᠶᠠᠷ᠎ᠲᠤ᠂ ᠠᠪᠤᠷᠠᠯᠲᠠ ᠵᠢᠨ ᠴᠢᠨᠠᠷᠲᠠᠶ ᠲᠡᠮᠳᠡᠭᠯᠡᠯ᠎ᠤᠨ ᠢᠨᠵᠧᠨᠧᠷᠢᠩ᠎ᠢ ᠯᠠᠪᠳᠠᠭᠤᠨ ᠵᠶ᠋ᠠᠷ ᠲᠦᠯᠬᠢᠨ ᠠᠬᠢᠭᠤᠯᠤᠨ᠎ᠠ᠃ 《ᠤᠯᠤᠰ᠎ᠤᠨ ᠲᠡᠰ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ ᠵᠢᠨ ᠵᠠᠪᠳᠤᠨ ᠠᠪᠤᠷᠠᠬᠤ ᠴᠢᠨᠠᠷᠲᠠᠶ ᠲᠡᠮᠳᠡᠭᠯᠡᠯ᠎ᠤᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ 70 ᠪᠦᠬᠦᠯᠢ ᠨᠠᠰᠤᠨ᠎ᠠᠴᠠ ᠳᠡᠭᠡᠭᠰᠢᠬᠢ ᠤᠯᠤᠰ᠎ᠤᠨ ᠲᠡᠰ᠎ᠤᠨ 18 ᠤᠯᠠᠮᠵᠢᠯᠠᠨ ᠵᠠᠯᠭ᠋ᠠᠮᠵᠢᠯᠠᠭᠴᠢ ᠵᠢᠨ ᠵᠠᠪᠳᠤᠨ ᠠᠪᠤᠷᠠᠬᠤ ᠴᠢᠨᠠᠷᠲᠠᠶ ᠲᠡᠮᠳᠡᠭᠯᠡᠯ᠎ᠢ ᠨᠢᠭᠡᠨᠲᠡ ᠪᠡᠶᠡᠯᠡᠭᠦᠯᠪᠡ᠃ 《ᠬᠣᠤᠰ ᠵᠠᠭᠤ ᠵᠢ ᠬᠠᠮᠠᠭ᠋ᠠᠯᠠᠬᠤ》 ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠢᠭᠡᠨᠲᠡ 75 ᠤᠰᠠᠳᠬᠤ ᠰᠢᠬᠠᠭᠰᠠᠨ ᠲᠥᠷᠥᠯ ᠵᠦᠢ᠍ᠯ᠎ᠤᠨ ᠦᠢ᠍ᠯᠡᠳᠦᠯᠭᠡ ᠵᠢᠨ ᠶᠠᠪᠤᠴᠠ ᠬᠢᠭᠡᠳ ᠨᠠᠰᠤ ᠠᠬᠠᠰᠢᠷᠠᠭᠰᠠᠨ ᠤᠯᠠᠮᠵᠢᠯᠠᠨ ᠤᠯᠠᠮᠵᠢᠯᠠᠭᠴᠢ ᠵᠢᠨ ᠠᠮᠠ᠎ᠪᠠᠷ ᠶᠠᠷᠢᠭᠰᠠᠨ ᠲᠡᠦᠬᠡ ᠵᠢᠨ ᠲᠤᠬᠠᠶ ᠪᠦᠬᠦ ᠲᠠᠯ᠎ᠠ ᠵᠢᠨ᠂ ᠰᠢᠰᠲ᠋ᠧᠮ᠎ᠲᠠᠢ᠂ ᠲᠤᠰᠬᠠᠶ ᠮᠡᠷᠭᠡᠵᠢᠯ᠎ᠤᠨ ᠴᠢᠨᠠᠷᠲᠠᠶ ᠲᠡᠮᠳᠡᠭᠯᠡᠯ  ᠎ᠢ ᠪᠡᠶᠡᠯᠡᠭᠦᠯᠪᠡ᠃ ᠭᠤᠷᠪᠠ᠎ᠳᠤ᠂ 《ᠣᠪᠣᠭ᠎ᠠ ᠳᠠᠬᠢᠬᠤ》 ᠲᠥᠷᠥᠯ ᠵᠦᠢ᠍ᠯ᠎ᠢ ᠨᠢᠭᠡᠨᠲᠡ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠨᠡᠷᠡᠰ᠎ᠲᠤ ᠣᠷᠣᠭᠤᠯᠵᠤ᠂ ᠪᠦᠬᠦ ᠣᠷᠣᠨ᠎ᠤ ᠡᠯ᠎ᠡ ᠭᠠᠵᠠᠷ᠎ᠤᠨ᠎ᠬᠢᠨ ᠵᠢᠯ ᠪᠦᠷᠢ ᠬᠣᠯᠪᠣᠭᠳᠠᠯ ᠪᠦᠬᠦᠢ ᠠᠷᠠᠳ᠎ᠤᠨ ᠵᠠᠩ ᠦᠢ᠍ᠯᠡ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠢᠳᠡᠪᠬᠢᠲᠡᠢ ᠤᠯᠠᠮᠵᠢᠯᠠᠪᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠤᠨ ᠣᠯᠠᠩᠬᠢ᠎ᠨᠢ ᠴᠥᠮ ᠨᠤᠲᠤᠭ ᠤᠰᠤᠨ᠎ᠤ ᠰᠣᠶᠣᠯ᠎ᠤᠨ ᠲᠥᠷᠥᠯ ᠵᠦᠢ᠍ᠯ᠎ᠲᠠᠢ ᠬᠣᠯᠪᠣᠭᠳᠠᠨ᠎ᠠ᠃
     (ᠬᠣᠶᠠᠷ) ᠦᠨᠳᠦᠰᠦᠲᠡᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠪᠠ ᠠᠰᠢᠭᠯᠠᠬᠤ ᠵᠢ ᠶᠡᠬᠡᠪᠡᠷ ᠴᠢᠩᠭ᠋ᠠᠳᠬᠠᠨ᠎ᠠ᠃ ᠨᠢᠭᠡ᠎ᠳᠤ᠂ ᠳᠠᠯᠠ ᠬᠠᠷ᠎ᠠ ᠠᠭᠤᠯᠠ ᠵᠢᠨ ᠶᠠᠫᠣᠨ᠎ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ᠎ᠤᠨ ᠬᠠᠭᠤᠴᠢᠨ ᠪᠠᠭᠤᠷᠢ ᠵᠡᠷᠭᠡ 36 ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠨᠢᠭᠡᠴᠢ ᠵᠢ ᠨᠠᠢ᠍ᠮᠠᠳᠤᠭ᠋ᠠᠷ ᠪᠦᠯᠦᠭ᠎ᠤᠨ ᠪᠦᠬᠦ ᠤᠯᠤᠰ᠎ᠠᠴᠠ ᠭᠣᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠨᠢᠭᠡᠴᠢ᠎ᠳᠤ ᠮᠡᠳᠡᠭᠦᠯᠬᠦ ᠠᠵᠢᠯ᠎ᠢ ᠪᠡᠶᠡᠯᠡᠭᠦᠯᠪᠡ᠃ ᠬᠣᠶᠠᠷ᠎ᠲᠤ᠂ ᠲᠦᠮᠡᠨ ᠭᠠᠵᠠᠷ᠎ᠤᠨ ᠴᠠᠢ ᠵᠢᠨ ᠵᠠᠮ᠎ᠢ ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠮᠡᠳᠡᠭᠦᠯᠬᠦ ᠠᠵᠢᠯ᠎ᠢ ᠶᠡᠬᠡᠪᠡᠷ ᠲᠦᠯᠬᠢᠨ ᠠᠬᠢᠭᠤᠯᠤᠨ᠎ᠠ᠃ ᠭᠤᠷᠪᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠲᠠᠢ ᠬᠠᠮᠵᠢᠯᠴᠠᠨ ᠲᠡᠤᠬᠡ ᠰᠣᠶᠣᠯ᠎ᠤᠨ ᠨᠡᠷᠡᠲᠦ ᠪᠠᠯᠭ᠋ᠠᠰᠤ ᠨᠡᠷᠡᠲᠦ ᠲᠣᠰᠬᠣᠨ᠎ᠢ ᠦᠨᠡᠯᠡᠨ ᠲᠣᠭᠲᠠᠭ᠋ᠠᠵᠤ ᠨᠤᠲᠠᠯᠠᠬᠤ ᠠᠵᠢᠯ᠎ᠢ ᠥᠷᠨᠢᠭᠦᠯᠦᠨ᠎ᠡ᠃ ᠳᠥᠷᠪᠡ᠎ᠳᠤ᠂ ᠦᠨᠳᠦᠰᠦᠨ ᠱᠠᠲᠤᠨ᠎ᠤ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠴᠢᠳᠠᠪᠤᠷᠢᠲᠠᠨ᠎ᠢ ᠪᠣᠯᠪᠠᠰᠤᠷᠠᠭᠤᠯᠬᠤ ᠠᠵᠢᠯ᠎ᠢ ᠴᠢᠩᠭ᠋ᠠᠳᠬᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠳᠤ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ᠂ ᠬᠠᠭᠤᠴᠢ ᠰᠣᠶᠣᠯ᠎ᠤᠨ ᠴᠢᠳᠠᠪᠤᠷᠢᠲᠠᠨ᠎ᠢ ᠢᠳᠡᠪᠬᠢᠲᠡᠶ᠎ᠪᠠᠷ ᠬᠥᠮᠦᠵᠢᠭᠦᠯᠵᠦ ᠥᠭᠭᠦᠨ᠎ᠡ᠃
     (ᠭᠤᠷᠪᠠ) ᠡᠯ᠎ᠡ ᠵᠦᠢ᠍ᠯ᠎ᠤᠨ ᠣᠨᠴᠠᠯᠢᠭᠲᠤ ᠬᠥᠳᠡᠭᠡ ᠲᠣᠰᠬᠣᠨ᠎ᠤ ᠵᠢᠭᠤᠯᠴᠢᠯᠠᠯ᠎ᠢ ᠢᠳᠡᠪᠬᠢᠲᠡᠢ ᠠᠬᠢᠭᠤᠯᠤᠨ᠎ᠠ᠃ ᠨᠢᠭᠡ᠎ᠳᠤ᠂ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠲᠤᠰᠬᠤᠨ᠎ᠤ ᠪᠠᠶ᠋ᠢᠳᠠᠯ᠎ᠢ ᠣᠶ᠋ᠢᠯᠠᠭ᠋ᠠᠬᠤ ᠪᠠ ᠬᠥᠳᠡᠭᠡ ᠲᠣᠰᠬᠣᠨ᠎ᠤ ᠵᠢᠭᠤᠯᠴᠢᠯᠠᠯ᠎ᠤᠨ ᠲᠤᠰᠬᠠᠶ ᠰᠡᠳᠦᠪᠲᠦ ᠪᠠᠶ᠋ᠢᠴᠠᠭ᠋ᠠᠨ ᠰᠤᠳᠤᠯᠤᠯᠲᠠ ᠵᠢ ᠪᠡᠶᠡᠯᠡᠭᠦᠯᠵᠦ᠂ 《ᠥᠪᠥᠷ ᠮᠣᠩᠭᠣᠯ᠎ᠤᠨ ᠬᠥᠳᠡᠭᠡ ᠲᠣᠰᠬᠣᠨ (ᠮᠠᠯᠵᠢᠬᠤ ᠣᠷᠣᠨ)᠎ᠤ ᠵᠢᠭᠤᠯᠴᠢᠯᠠᠯ᠎ᠤᠨ ᠣᠳᠣᠨ ᠲᠡᠰ᠎ᠤᠨ ᠬᠦᠯᠢᠶᠡᠨ ᠠᠪᠬᠤ ᠡᠷᠦᠬᠡ ᠵᠢ ᠰᠢᠯᠭ᠋ᠠᠨ ᠲᠣᠭᠲᠠᠭ᠋ᠠᠬᠤ ᠪᠠᠷᠢᠮᠵᠢᠶ᠎ᠠ》 ᠵᠢ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ ᠵᠶ᠋ᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠲᠣᠭᠲᠠᠭ᠋ᠠᠪᠠ᠃ ᠬᠣᠶᠠᠷ᠎ᠲᠤ᠂ 2018 ᠣᠨ ᠪᠥᠬᠥ ᠵᠢᠯ᠎ᠳᠤ 12849 ᠲᠦᠮᠡᠨ ᠲᠥᠭᠥᠷᠢᠭ᠎ᠤᠨ ᠪᠠᠯᠠ ᠣᠷᠣᠭᠤᠯᠵᠤ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠥᠭᠵᠢᠯᠲᠡ ᠵᠢ ᠲᠡᠳᠬᠦᠨ ᠳᠡᠮᠵᠢᠬᠦ᠎ᠳᠤ ᠬᠡᠷᠡᠭᠯᠡᠵᠦ᠂ 63 ᠲᠠᠪᠤᠨ ᠣᠳᠤᠨ ᠳᠡᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠦᠯᠢᠶᠡᠨ ᠠᠪᠬᠤ ᠡᠷᠦᠬᠡ ᠪᠠ 70 ᠵᠢᠭᠤᠯᠴᠢᠯᠠᠯ ᠵᠶ᠋ᠠᠷ ᠶᠠᠳᠠᠭᠤ ᠵᠢ ᠲᠡᠳᠬᠦᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠦᠨᠡᠯᠡᠨ ᠲᠣᠭᠲᠠᠭ᠋ᠠᠪᠠ᠃ ᠭᠤᠷᠪᠠ᠎ᠳᠤ᠂ ᠪᠦᠬᠦ ᠣᠷᠣᠨ᠎ᠤ ᠬᠥᠳᠡᠭᠡ ᠲᠣᠰᠬᠣᠨ᠎ᠤ ᠵᠢᠭᠤᠯᠴᠢᠯᠠᠯ᠎ᠤᠨ ᠪᠣᠯᠪᠠᠰᠤᠷᠠᠯ᠎ᠤᠨ ᠠᠩᠭᠢ ᠵᠢ 2 ᠬᠤᠭᠤᠴᠠᠭ᠎ᠠ ᠡᠷᠬᠢᠯᠡᠵᠦ᠂ ᠵᠢᠭᠤᠯᠴᠢᠯᠠᠯ᠎ᠤᠨ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠦᠨᠳᠦᠰᠦᠨ ᠱᠠᠲᠤᠨ᠎ᠳᠤ ᠪᠠᠭᠤᠯᠭ᠋ᠠᠵᠤ ᠬᠥᠳᠡᠭᠡ ᠲᠣᠰᠬᠣᠨ᠎ᠤ ᠵᠢᠭᠤᠯᠴᠢᠯᠠᠯ᠎ᠤᠨ ᠲᠤᠬᠠᠶ ᠵᠥᠪᠯᠡᠯᠭᠡ ᠥᠭᠬᠦ ᠪᠠ ᠲᠥᠯᠥᠪᠵᠢᠭᠦᠯᠦᠨ ᠵᠢᠯᠣᠭᠣᠳᠬᠤ ᠪᠣᠯᠪᠠᠰᠤᠷᠠᠯ᠎ᠢ 10 ᠭᠠᠷᠤᠶ ᠤᠳᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ᠎ᠤ ᠵᠢᠭᠤᠯᠴᠢᠯᠠᠯ᠎ᠤᠨ ᠬᠥᠭᠵᠢᠯᠲᠡ ᠵᠢᠨ ᠬᠦᠴᠢᠷ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠪᠡ᠃
     (ᠲᠦᠷᠪᠡ) ᠦᠨᠳᠦᠰᠦᠲᠡᠨ᠎ᠤ ᠤᠷᠠᠯᠢᠭ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠪᠠ ᠰᠢᠨ᠎ᠡ ᠵᠢ ᠡᠭᠦᠳᠬᠦ ᠵᠢ ᠰᠠᠶ᠋ᠢᠲᠤᠷ ᠬᠢᠬᠦ ᠬᠡᠷᠡᠭᠲᠡᠶ᠃ ᠨᠢᠭᠡ᠎ᠳᠤ᠂ ᠤᠯᠠᠭ᠋ᠠᠨᠮᠥ᠋ᠴᠢᠷ᠎ᠤᠨ ᠠᠵᠢᠯ᠎ᠢ ᠶᠡᠬᠡᠪᠡᠷ ᠴᠢᠩᠭ᠋ᠠᠳᠬᠠᠵᠤ᠂ ᠰᠢᠯᠢᠳᠡᠭ ᠤᠷᠠᠯᠢᠭ᠎ᠢ ᠮᠠᠯᠴᠢᠨ ᠲᠠᠷᠢᠶᠠᠴᠢᠨ ᠪᠠ ᠦᠨᠳᠦᠰᠦᠨ ᠱᠠᠲᠤᠨ᠎ᠤ ᠣᠯᠠᠨ ᠲᠦᠮᠡᠨ᠎ᠳᠤ ᠦᠢ᠍ᠯᠡᠴᠢᠯᠡᠭᠦᠯᠦᠨ᠎ᠡ᠃ ᠬᠣᠶᠠᠷ᠎ᠲᠤ᠂ ᠡᠯ᠎ᠡ ᠲᠥᠷᠥᠯ᠎ᠤᠨ ᠦᠨᠳᠦᠰᠦᠲᠡᠨ᠎ᠤ ᠤᠷᠠᠯᠢᠭ᠎ᠤᠨ ᠪᠦᠲᠦᠭᠡᠯ ᠭᠠᠷᠭ᠋ᠠᠬᠤ ᠵᠢ ᠵᠣᠷᠢᠭᠵᠢᠭᠤᠯᠵᠤ᠂ ᠦᠨᠳᠦᠰᠦᠲᠡᠨ᠎ᠤ ᠤᠳᠬ᠎ᠠ ᠤᠷᠠᠯᠢᠭ᠎ᠤᠨ ᠵᠠᠬ᠎ᠠ ᠳᠡᠯᠭᠡᠭᠦᠷ᠎ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠶ᠋ᠢᠷ᠂ ᠣᠷᠣᠨ ᠨᠤᠲᠤᠭ᠎ᠤᠨ ᠰᠢ ᠵᠦᠴᠦᠭᠡ ᠵᠢᠨ ᠦᠵᠡᠭᠦᠯᠦᠯᠭᠡ ᠲᠣᠭᠯᠠᠯᠲᠠ᠂ ᠪᠥᠬᠥ ᠣᠷᠣᠨ᠎ᠤ ᠱᠣᠭ ᠵᠦᠴᠦᠭᠡ ᠵᠢᠨ ᠤᠷᠤᠯᠳᠤᠭ᠋ᠠᠨ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠴᠥᠭᠡᠨ ᠲᠣᠭ᠋ᠠᠲᠤ ᠦᠨᠳᠦᠰᠦᠲᠡᠨ᠎ᠤ ᠳᠠᠭᠤᠤ ᠪᠥᠵᠢᠭ᠂ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠲᠥᠷᠥᠯ᠎ᠤᠨ ᠵᠦᠴᠦᠭᠡ (ᠲᠤᠭᠯᠠᠯᠲᠠ) ᠵᠢᠨ ᠵᠣᠷᠢᠯᠭ᠎ᠠ ᠵᠢ ᠵᠣᠬᠢᠶᠠᠨ ᠪᠦᠲᠦᠭᠡᠬᠦ᠂ ᠪᠣᠯᠪᠠᠰᠤᠷᠠᠬᠤ᠂ ᠲᠣᠭᠯᠠᠯᠲᠠ ᠪᠠ ᠤᠷᠤᠯᠳᠤᠭ᠋ᠠᠨ ᠵᠡᠷᠭᠡ ᠠᠵᠢᠯ᠎ᠢ ᠴᠢᠩᠭ᠋ᠠᠳᠬᠠᠪᠠ᠃ ᠭᠤᠷᠪᠠ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠤᠳᠬ᠎ᠠ ᠤᠷᠠᠯᠢᠭ᠎ᠤᠨ ᠬᠦᠷᠢᠶᠡᠯᠡᠩ᠎ᠤᠨ ᠪᠦᠯᠬᠦᠮ᠎ᠢ ᠵᠣᠬᠢᠶᠠᠨ ᠪᠠᠶ᠋ᠢᠭᠤᠯᠤᠨ ᠲᠠᠷᠢᠶᠠᠯᠠᠬᠤ ᠮᠠᠯᠵᠢᠬᠤ ᠣᠷᠣᠨ᠂ ᠦᠢ᠍ᠯᠡᠳᠪᠦᠷᠢ ᠠᠭᠤᠷᠬᠠᠶ᠂ ᠠᠵᠤ ᠠᠬᠤᠶ᠋ᠢᠯᠠᠯ᠂ ᠰᠤᠷᠭ᠋ᠠᠭᠤᠯᠢ᠂ ᠨᠡᠶ᠋ᠢᠭᠡᠮ ᠲᠣᠭᠣᠷᠢᠭ ᠵᠡᠷᠭᠡ᠂ ᠢᠯᠠᠩᠭᠤᠶ᠎ᠠ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭ᠋ᠠᠷ ᠣᠷᠣᠨ᠂ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ ᠪᠣᠯᠤᠨ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠴᠡᠷᠢᠭ ᠠᠩᠭᠢ᠂ ᠬᠠᠷᠠᠭᠤᠯ᠎ᠤᠨ ᠭᠠᠵᠠᠷ ᠵᠡᠷᠭᠡ ᠦᠨᠳᠦᠰᠦᠨ ᠱᠠᠲᠤᠨ᠎ᠳᠤ ᠣᠴᠢᠵᠤ 《ᠵᠠᠭᠤᠨ ᠪᠦᠯᠬᠦᠮ ᠮᠢᠩᠭ᠋ᠠᠨ ᠲᠠᠯᠠᠪᠠᠢ》 ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠭᠠᠷᠭ᠋ᠠᠬᠤ ᠠᠵᠢᠯᠯᠠᠭ᠎ᠠ ᠥᠷᠨᠢᠭᠦᠯᠪᠡ᠃
     (ᠲᠠᠪᠤ) ᠣᠯᠠᠨ ᠨᠡᠢ᠍ᠢ᠍ᠲᠡ ᠵᠢᠨ ᠦᠢ᠍ᠯᠡᠴᠢᠯᠡᠭᠡ᠎ᠪᠠᠷ ᠠᠷᠠᠳ᠎ᠲᠤ ᠠᠰᠢᠭ ᠬᠦᠷᠲᠡᠭᠡᠬᠦ ᠠᠵᠢᠯᠯᠠᠭ᠎ᠠ ᠵᠢ ᠲᠦᠯᠬᠢᠨ ᠠᠬᠢᠭᠤᠯᠤᠨ᠎ᠠ᠃ ᠨᠢᠭᠡ᠎ᠳᠤ᠂ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠥᠷᠨᠢᠭᠦᠯᠪᠡ᠃ ᠮᠠᠯᠴᠢᠨ ᠲᠠᠷᠢᠶᠠᠴᠢᠨ᠎ᠤ ᠤᠷᠠᠨ ᠰᠠᠶ᠋ᠢᠬᠠᠨ᠎ᠤ ᠲᠣᠭᠯᠠᠯᠲᠠ᠂ ᠠᠭᠤᠳᠠᠮ ᠲᠠᠯᠠᠪᠠᠢ ᠵᠢᠨ ᠪᠥᠵᠢᠭ᠎ᠤᠨ ᠤᠷᠤᠯᠳᠤᠭ᠋ᠠᠨ᠂ ᠪᠠᠷᠠᠭᠤᠨ ᠣᠷᠣᠨ᠎ᠤ ᠠᠷᠠᠳ᠎ᠤᠨ ᠳᠠᠭᠤᠤ ᠵᠢᠨ ᠴᠤᠭᠯᠠᠭ᠋ᠠᠨ ᠵᠡᠷᠭᠡ ᠵᠢ ᠵᠤᠬᠢᠶᠠᠨ ᠪᠠᠢ᠌ᠭᠤᠯᠵᠤ ᠴᠥᠭᠡᠨ ᠲᠣᠭ᠋ᠠᠲᠤ ᠦᠨᠳᠦᠰᠦᠲᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠪᠠ᠃ ᠬᠣᠶᠠᠷ᠎ᠲᠤ᠂ 《ᠬᠣᠶᠠᠷ ᠣᠷᠳᠣᠨ ᠨᠢᠭᠡ ᠦᠷᠲᠡᠭᠡ》 ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ 《ᠬᠣᠶᠠᠷ ᠣᠷᠳᠣᠨ ᠨᠢᠭᠡ ᠦᠷᠲᠡᠭᠡ》 ᠵᠢᠨ ᠦᠨᠳᠦᠰᠦᠨ ᠱᠠᠲᠤᠨ᠎ᠤ ᠨᠡᠶ᠋ᠢᠭᠡᠮ᠎ᠤᠨ   ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃
      ᠬᠣᠶᠠᠷ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠣᠭᠲᠠᠭ᠋ᠠᠭᠰᠠᠨ ᠪᠠᠢ᠌ᠳᠠᠯ
      ᠣᠳᠣᠬᠠᠨ᠎ᠳᠤ ᠨᠡᠶ᠋ᠢᠲᠡᠯᠡᠨ ᠬᠡᠷᠡᠭᠵᠢᠭᠦᠯᠵᠦ ᠪᠠᠢ᠌ᠭ᠎ᠠ ᠨᠤᠲᠤᠭ ᠤᠰᠤᠨ᠎ᠤ ᠰᠣᠶᠣᠯ᠎ᠤᠨ ᠬᠠᠮᠠᠭ᠋ᠠᠯᠠᠯᠲᠠ᠎ᠳᠤ ᠬᠣᠯᠪᠣᠭᠳᠠᠬᠤ ᠰᠣᠶᠣᠯ ᠪᠠ ᠵᠢᠭᠤᠯᠴᠢᠯᠠᠯ᠎ᠤᠨ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠭᠣᠤᠯᠳᠠᠭᠤ᠄ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ ᠵᠢ ᠪᠠᠲᠤᠯᠠᠬᠤ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠬᠠᠤᠯᠢ ᠵᠢ ᠬᠡᠷᠡᠭᠵᠢᠭᠦᠯᠬᠦ ᠳᠦᠷᠢᠮ》᠂ 《ᠲᠡᠤᠬᠡ ᠰᠣᠶᠣᠯ᠎ᠤᠨ ᠨᠡᠷᠡᠲᠦ ᠬᠣᠲᠠ ᠨᠡᠷᠡᠲᠦ ᠪᠠᠯᠭ᠋ᠠᠰᠤ ᠨᠡᠷᠡᠲᠦ ᠲᠣᠰᠬᠣᠨ᠎ᠢ ᠬᠠᠮᠠᠭ᠋ᠠᠯᠠᠬᠤ ᠳᠦᠷᠢᠮ》; ᠮᠠᠨ᠎ᠤ ᠣᠷᠣᠨ᠎ᠤ ᠨᠡᠶ᠋ᠢᠲᠡᠯᠡᠭᠰᠡᠨ᠎ᠨᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠍ᠢ᠍ᠲᠡ ᠵᠢᠨ ᠨᠣᠮ᠎ᠤᠨ ᠰᠠᠩ᠎ᠤᠨ ᠬᠠᠮᠢᠶᠠᠷᠤᠯᠲᠠ ᠵᠢᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠳᠦᠷᠢᠮ》 ᠵᠡᠷᠭᠡ ᠪᠣᠯᠤᠨ᠎ᠠ᠃ ᠨᠤᠲᠤᠭ ᠤᠰᠤᠨ᠎ᠤ ᠰᠣᠶᠣᠯ ᠪᠣᠯ ᠮᠠᠰᠢ ᠣᠯᠠᠨ ᠠᠭᠤᠯᠭ᠎ᠠ ᠵᠢ ᠬᠠᠮᠤᠷᠤᠭᠰᠠᠨ ᠤᠬᠠᠭᠳᠠᠬᠤᠨ ᠪᠣᠯᠬᠤ ᠤᠴᠢᠷ᠎ᠠᠴᠠ ᠨᠢᠭᠡᠳᠦᠯᠲᠡᠶ ᠬᠠᠤᠯᠢ ᠴᠠᠭ᠋ᠠᠵᠠ᠂ ᠳᠦᠷᠢᠮ ᠲᠣᠭᠲᠠᠭ᠋ᠠᠯ ᠲᠣᠭᠲᠠᠭ᠋ᠠᠬᠤ᠎ᠨᠢ ᠨᠡᠯᠢᠶᠡᠳ ᠶᠡᠬᠡ ᠬᠦᠴᠢᠷᠳᠡᠯ᠎ᠲᠠᠢ ᠶᠤᠮ᠃ ᠲᠡᠷᠡᠴᠢᠯᠡᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶ᠎ᠡ᠎ᠠᠴᠠ ᠨᠢᠭᠡᠨᠲᠡ ᠳᠠᠪᠠᠵᠤ᠂ ᠰᠢᠢ᠍ᠳᠪᠦᠷᠢᠯᠡᠬᠦ ᠨᠥᠬᠥᠴᠡᠯ᠎ᠢ ᠪᠦᠷᠢᠯᠳᠦᠭᠦᠯᠦᠭᠰᠡᠨ ᠦᠭᠡᠢ᠃ ᠲᠠᠷᠠᠭ᠋ᠠᠴᠢ ᠵᠢᠨ ᠠᠯᠬᠤᠮ᠎ᠳᠤ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠵᠦᠢ᠍ᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠨᠡᠶ᠋ᠢᠲᠡᠯᠡᠬᠦ ᠵᠢ ᠦᠷᠭᠦᠯᠵᠢᠯᠡᠨ ᠠᠬᠢᠭᠤᠯᠵᠤ᠂ ᠨᠤᠲᠤᠭ ᠤᠰᠤᠨ᠎ᠤ ᠰᠣᠶᠣᠯ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠵᠢᠱ᠌ᠢᠶᠡᠯᠡᠪᠡᠯ ᠣᠢ᠌ᠷ᠎ᠠ ᠵᠢᠨ ᠬᠤᠭᠤᠴᠠᠭ᠋ᠠᠨ᠎ᠳᠤ ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ 《ᠤᠯᠠᠭ᠋ᠠᠨᠮᠥ᠋ᠴᠢᠷ᠎ᠤᠨ ᠳᠦᠷᠢᠮ》᠎ᠢ ᠲᠦᠷᠭᠡᠨ ᠨᠡᠶ᠋ᠢᠲᠡᠯᠡᠬᠦ ᠵᠢ ᠢᠳᠡᠪᠬᠢᠲᠡᠢ ᠠᠬᠢᠭᠤᠯᠵᠤ ᠪᠠᠶ᠋ᠢᠨ᠎ᠠ᠃
   
                                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

                                ᠰᠣᠶᠣᠯ ᠪᠠ ᠵᠢᠭᠤᠯᠴᠢᠯᠠᠯ᠎ᠤᠨ ᠲᠢᠩᠬᠢᠮ
                                             2019 ᠣᠨ᠎ᠤ 6 ᠰᠠᠷ᠎ᠠ ᠵᠢᠨ 24᠎ᠤ ᠡᠳᠦᠷ

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠬᠤᠷᠠᠯ᠎ᠤᠨ 260 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 218 ᠳ᠋ᠤᠭ᠋ᠠᠷ ᠰᠠᠨᠠᠭᠤᠯᠭ᠎ᠠ ᠵᠢᠨ ᠲᠤᠬᠠᠢ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯ᠎ᠤᠨ 624 ᠳ᠋ᠣᠭᠡᠷ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 432 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 098 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
 
            