ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠬᠤᠷᠠᠯ᠎ᠤᠨ 260 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄ 2019-10-30


ᠲᠥᠯᠥᠭᠡᠯᠡᠭᠴᠢ ᠲᠤᠤ ᠾᠤᠶ᠋ᠢ ᠰᠢᠶᠠ᠎ᠳᠤ᠄  
      ᠲᠠᠨ᠎ᠤ ᠳᠤᠷᠠᠳᠤᠭᠰᠠᠨ 《ᠲᠡᠮᠡᠭᠡᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠢ ᠪᠠᠶ᠋ᠢᠭᠤᠯᠬᠤ ᠲᠤᠬᠠᠶ ᠰᠠᠨᠠᠭᠤᠯᠭ᠎ᠠ》 ᠭᠡᠰᠡᠨ ᠰᠠᠨᠠᠯ᠎ᠢ ᠣᠯᠤᠭ᠋ᠠᠳ ᠣᠢ᠌ᠯᠠᠭ᠋ᠠᠯ᠎ᠠ᠂ ᠡᠳᠦᠭᠡ ᠬᠠᠷᠢᠭᠤᠯᠲᠠ ᠥᠭᠭᠦᠶ᠎ᠡ᠄
      ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ ᠪᠣᠯ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ᠎ᠪᠠᠷ ᠭᠣᠤᠯ ᠪᠣᠯᠭ᠋ᠠᠭᠰᠠᠨ᠂ ᠲᠡᠤᠬᠡ ᠰᠣᠶᠣᠯ᠎ᠤᠨ ᠡᠯᠪᠡᠭ ᠬᠤᠷᠠᠮᠳᠤᠯ᠎ᠲᠠᠢ᠂ ᠣᠷᠣᠰᠢᠨ   ᠦᠷᠭᠦᠯᠵᠢᠯᠡᠭᠰᠡᠨ ᠪᠠᠶ᠋ᠢᠳᠠᠯ᠎ᠨᠢ ᠰᠠᠶ᠋ᠢᠨ᠂ ᠴᠢᠬᠤᠯᠠ ᠦᠨ᠎ᠡ ᠥᠷᠲᠡᠭ᠎ᠲᠠᠢ ᠪᠥᠭᠡᠳ ᠢᠯᠡ ᠲᠣᠳᠣ ᠣᠨᠴᠠᠯᠢᠭ᠎ᠲᠠᠢ ᠰᠣᠶᠣᠯ᠎ᠤᠨ ᠬᠡᠯᠪᠡᠷᠢ ᠪᠠᠶ᠋ᠢᠳᠠᠯ᠎ᠳᠤ ᠪᠦᠬᠦᠯᠢ ᠴᠣᠭᠴᠠ ᠵᠢᠨ ᠴᠢᠨᠠᠷᠲᠠᠶ ᠬᠠᠮᠠᠭ᠋ᠠᠯᠠᠯᠲᠠ ᠬᠢᠬᠦ ᠵᠢᠨ ᠬᠠᠮᠲᠤ ᠰᠣᠶᠣᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ ᠪᠠᠶ᠋ᠢᠭᠤᠯᠤᠭᠰᠠᠨ ᠣᠨᠴᠠ ᠲᠣᠭᠲᠠᠭᠰᠠᠨ ᠣᠷᠣᠨ ᠪᠦᠰᠡ ᠪᠣᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠬᠦᠯᠢ ᠴᠣᠭᠴᠠ ᠵᠢᠨ ᠴᠢᠨᠠᠷᠲᠠᠶ ᠬᠠᠮᠠᠭ᠋ᠠᠯᠠᠯᠲᠠ ᠪᠠ ᠤᠯᠠᠮᠵᠢᠯᠠᠨ ᠵᠠᠯᠭ᠋ᠠᠮᠵᠢᠯᠠᠬᠤ ᠦᠷᠨᠢᠨ ᠬᠦᠭᠵᠢᠬᠦ ᠵᠢ ᠲᠦᠯᠬᠢᠨ ᠠᠬᠢᠭᠤᠯᠵᠤ᠂ ᠰᠣᠶᠣᠯ᠎ᠤᠨ ᠠᠮᠢ ᠠᠬᠤᠶ ᠵᠢᠨ ᠰᠢᠰᠲ᠋ᠧᠮ᠎ᠤᠨ ᠲᠡᠩᠴᠡᠭᠦᠷᠢ ᠪᠠ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠨ᠂ ᠦᠨᠳᠦᠰᠦᠲᠡᠨ᠎ᠤ   ᠢᠲᠡᠭᠡᠯ ᠵᠣᠷᠢᠭ ᠪᠠ ᠪᠦᠯᠬᠦᠮᠳᠡᠯ ᠨᠢᠭᠲᠠᠷᠠᠯ᠎ᠤᠨ ᠬᠦᠴᠦᠨ᠎ᠢ ᠴᠢᠩᠭ᠋ᠠᠳᠬᠠᠵᠤ᠂ ᠠᠵᠤ ᠠᠬᠤᠶ ᠨᠡᠶ᠋ᠢᠭᠡᠮ᠎ᠤᠨ ᠪᠦᠬᠦ ᠲᠠᠯ᠎ᠠ᠎ᠪᠠᠷ ᠵᠣᠬᠢᠴᠠᠩᠭᠤᠶ ᠬᠢᠭᠡᠳ ᠦᠷᠭᠦᠯᠵᠢᠯᠡᠨ ᠬᠦᠭᠵᠢᠬᠦ ᠵᠢ ᠠᠬᠢᠭᠤᠯᠬᠤ ᠵᠢᠨ ᠲᠥᠯᠥᠭᠡ᠂ 2007 ᠣᠨ᠎ᠠᠴᠠ ᠡᠬᠢᠯᠡᠨ ᠰᠣᠶᠣᠯ᠎ᠤᠨ ᠶᠠᠮᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠪᠡ᠃ ᠣᠳᠣᠬᠠᠨ ᠪᠣᠯᠲᠠᠯ᠎ᠠ᠂ ᠪᠦᠬᠦ ᠤᠯᠤᠰ᠎ᠲᠤ 21 ᠤᠯᠤᠰ᠎ᠤᠨ ᠲᠠᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠲᠤᠷᠰᠢᠯᠲᠠ ᠵᠢᠨ ᠣᠷᠣᠨ ᠪᠤᠶ᠃
     《ᠰᠣᠶᠣᠯ᠎ᠤᠨ ᠥᠪ ᠬᠥᠷᠥᠩᠭᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ [2005] 42 ᠳ᠋ᠤᠭ᠋ᠠᠷ ᠲᠣᠭ᠋ᠠᠲᠤ)᠂ 《ᠮᠠᠨ᠎ᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠬᠥᠷᠥᠩᠭᠡ ᠵᠢᠨ ᠬᠠᠮᠠᠭ᠋ᠠᠯᠠᠯᠲᠠ ᠵᠢᠨ ᠠᠵᠢᠯ᠎ᠢ ᠴᠢᠩᠭ᠋ᠠᠳᠬᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2005] 18 ᠳ᠋ᠤᠭ᠋ᠠᠷ ᠲᠣᠭ᠋ᠠᠲᠤ) ᠪᠣᠯᠤᠨ 《ᠤᠯᠤᠰ᠎ᠤᠨ 〈11 • 5〉 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠰᠣᠶᠣᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠲᠣᠪᠴᠢ》 ᠵᠢᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠦᠯᠦᠭᠡ᠂ ᠮᠠᠨ᠎ᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠢ ᠴᠢᠩᠭ᠋ᠠᠳᠬᠠᠨ᠂ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠰᠣᠶᠣᠯ ᠬᠢᠭᠡᠳ ᠠᠵᠤ ᠠᠬᠤᠶ ᠨᠡᠶ᠋ᠢᠭᠡᠮ᠎ᠤᠨ ᠪᠦᠬᠦ ᠲᠠᠯ᠎ᠠ᠎ᠪᠠᠷ ᠵᠣᠬᠢᠴᠠᠩᠭᠤᠶ᠎ᠪᠠᠷ ᠦᠷᠭᠦᠯᠵᠢᠯᠡᠨ ᠬᠥᠭᠵᠢᠬᠦ ᠵᠢ ᠠᠬᠢᠭᠤᠯᠬᠤ ᠵᠢᠨ ᠲᠤᠰᠠᠳᠠ᠂ ᠮᠠᠨ᠎ᠤ ᠲᠢᠩᠬᠢᠮ 2009 ᠣᠨ᠎ᠠᠴᠠ ᠡᠬᠢᠯᠡᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠪᠡ᠃ ᠮᠠᠨ᠎ᠤ ᠣᠷᠣᠨ 2009 ᠣᠨ᠂ 2010 ᠤᠨ ᠪᠣᠯᠤᠨ 2013 ᠣᠨ᠎ᠳᠤ ᠨᠡᠢ᠌ᠲᠡ 13 ᠪᠦᠯᠦᠭ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠢ ᠲᠤᠰ ᠲᠤᠰ ᠨᠡᠶ᠋ᠢᠲᠡᠯᠡᠵᠡᠶ᠂ ᠡᠭᠦᠨ᠎ᠳᠤ ᠠᠯᠠᠱ᠌ᠠ ᠠᠢ᠌ᠮᠠᠭ᠎ᠤᠨ ᠡᠵᠡᠨ᠎ᠡ ᠬᠤᠰᠢᠭᠤᠨ᠎ᠤ ᠲᠣᠷᠭᠤᠳ ᠮᠣᠨᠭ᠌ᠭᠤᠯ ᠦᠨᠳᠦᠰᠦᠲᠡᠨ᠎ᠤ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ ᠪᠠ ᠠᠯᠠᠱ᠌ᠠ ᠠᠢ᠌ᠮᠠᠭ᠎ᠤᠨ ᠠᠯᠠᠱ᠌ᠠ ᠵᠡᠭᠦᠨ ᠬᠣᠰᠢᠭᠤᠨ᠎ᠤ ᠠᠯᠠᠱ᠌ᠠ ᠬᠤᠱ᠌ᠤᠳ ᠮᠣᠩᠭᠣᠯ ᠦᠨᠳᠦᠰᠦᠲᠡᠨ᠎ᠤ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠢ ᠪᠠᠭᠲᠠᠭ᠋ᠠᠨ᠎ᠠ᠃ 2019 ᠣᠨ᠎ᠳᠤ᠂ ᠮᠠᠨ᠎ᠤ ᠲᠢᠩᠬᠢᠮ ᠳᠥᠷᠪᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠢ ᠭᠤᠶᠤᠴᠢᠯᠠᠨ ᠮᠡᠳᠡᠭᠦᠯᠬᠦ ᠵᠢ ᠵᠣᠬᠢᠶᠠᠨ ᠪᠠᠢ᠌ᠭᠤᠯᠵᠤ᠂ 《ᠬᠥᠮᠦᠨ᠎ᠢ ᠦᠵᠡᠬᠦ ᠪᠤᠳᠠᠰ᠎ᠢ ᠦᠵᠡᠬᠦ ᠠᠮᠢᠳᠤᠷᠠᠯ᠎ᠢ ᠦᠵᠡᠬᠦ》 ᠣᠢ᠌ᠯᠠᠭ᠋ᠠᠭᠳᠠᠬᠤᠨ᠎ᠢ ᠭᠦᠨᠵᠡᠭᠡᠶ᠋ᠢᠷᠡᠭᠦᠯᠵᠦ᠂ 《ᠥᠪ ᠬᠥᠷᠥᠩᠭᠡ ᠡᠯᠪᠡᠭ ᠪᠠᠶᠠᠯᠢᠭ᠂ ᠠᠭᠤᠷ ᠠᠮᠢᠰᠬᠤᠯ ᠭᠦᠨ ᠵᠤᠵᠠᠭ᠋ᠠᠨ᠂ ᠣᠨᠴᠠᠯᠢᠭ ᠢᠯᠡ ᠲᠣᠳᠣ᠂ ᠠᠷᠠᠳ ᠣᠯᠠᠨ ᠠᠰᠢᠭ ᠬᠦᠷᠲᠡᠬᠦ》 ᠭᠡᠳᠡᠭ ᠪᠦᠲᠦᠭᠡᠨ ᠪᠠᠶ᠋ᠢᠭᠤᠯᠤᠯᠲᠠ ᠵᠢᠨ ᠬᠠᠷᠠᠯᠲᠠ ᠵᠢ ᠪᠡᠶᠡᠯᠡᠭᠦᠯᠬᠦ ᠵᠢ ᠠᠬᠢᠭᠤᠯᠤᠨ᠎ᠠ᠃ ᠠᠯᠠᠱ᠌ᠠ ᠲᠡᠮᠡᠭᠡᠨ ᠰᠣᠶᠣᠯ᠎ᠤᠨ ᠰᠣᠶᠣᠯ᠎ᠤᠨ ᠣᠨᠴᠠᠯᠢᠭ᠂ ᠣᠯᠠᠨ ᠲᠦᠮᠡᠨ᠎ᠤ ᠰᠠᠭᠤᠷᠢ ᠪᠣᠯᠤᠨ ᠣᠷᠣᠨ ᠨᠤᠲᠤᠭ᠎ᠤᠨ ᠢᠳᠡᠪᠬᠢᠵᠢᠯ᠎ᠢ ᠪᠣᠳᠣᠯᠬᠢᠯᠠᠭ᠋ᠠᠳ᠂ ᠮᠠᠨ᠎ᠤ ᠲᠢᠩᠬᠢᠮ ᠲᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠥᠬᠥᠴᠡᠯ ᠪᠦᠷᠢᠳᠦᠭᠰᠡᠨ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠳᠤ ᠭᠤᠶᠤᠴᠢᠯᠠᠨ ᠮᠡᠳᠡᠭᠦᠯᠬᠦ ᠵᠢ ᠰᠠᠨᠠᠭᠤᠯᠤᠶ᠎ᠠ᠃
      ᠠᠯᠠᠱ᠌ᠠ ᠲᠡᠮᠡᠭᠡᠨ᠎ᠤ ᠵᠢᠭᠤᠯᠴᠢᠯᠠᠯ᠎ᠤᠨ ᠦᠢ᠍ᠯᠡᠰ ᠵᠶ᠋ᠡᠨ ᠬᠥᠭᠵᠢᠭᠦᠯᠬᠦ ᠴᠢᠬᠤᠯᠠ ᠶᠡᠬᠡ ᠠᠴᠢ ᠬᠣᠯᠪᠣᠭᠳᠠᠯ᠎ᠨᠢ᠄
      ᠨᠢᠭᠡᠳᠦᠭᠡᠷ᠎ᠲᠤ᠂ ᠲᠡᠮᠡᠭᠡᠨ ᠠᠵᠤ ᠦᠢ᠍ᠯᠡᠰ ᠪᠠ ᠡᠯᠡᠰᠦᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠳᠠᠯᠳᠠ ᠬᠦᠴᠦᠨ ᠪᠠ ᠣᠷᠣᠨ ᠵᠠᠶ ᠮᠠᠰᠢ ᠶᠡᠬᠡ ᠪᠠᠶ᠋ᠢᠨ᠎ᠠ᠃ ᠲᠡᠮᠡᠭᠡᠨ ᠨᠠᠭ᠋ᠠᠳᠤᠮ᠎ᠤᠨ ᠴᠤᠭᠯᠠᠭ᠋ᠠᠨ ᠵᠶ᠋ᠠᠷ ᠳᠠᠮᠵᠢᠨ᠂   ᠠᠯᠠᠱ᠌ᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠎ᠢ ᠳᠡᠯᠭᠡᠨ ᠦᠵᠡᠭᠦᠯᠵᠦ᠂ ᠲᠡᠮᠡᠭᠡᠨ ᠠᠵᠤ ᠦᠢ᠍ᠯᠡᠰ ᠪᠠ ᠡᠯᠡᠰᠦᠨ᠎ᠤ ᠠᠵᠤ ᠦᠢ᠍ᠯᠡᠰ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠢ ᠤᠯᠠᠮ ᠨᠢᠭᠡ ᠠᠯᠬᠤᠮ ᠲᠦᠷᠭᠡᠳᠬᠡᠬᠦ ᠵᠢᠨ ᠲᠥᠯᠥᠭᠡ ᠲᠠᠪᠴᠠᠩ ᠪᠠ ᠠᠵᠠ ᠲᠣᠬᠢᠶᠠᠯ᠎ᠢ ᠡᠭᠦᠳᠦᠨ᠎ᠡ᠃
      ᠬᠣᠶᠠᠳᠤᠭ᠋ᠠᠷ᠎ᠲᠤ᠂ ᠨᠠᠭ᠋ᠠᠳᠤᠮ᠎ᠨᠢ ᠮᠠᠯᠴᠢᠨ ᠲᠠᠷᠢᠶᠠᠴᠢᠨ᠎ᠤ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠬᠤ ᠵᠢᠨ ᠬᠠᠮᠲᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠪᠠ ᠨᠡᠶ᠋ᠢᠭᠡᠮ᠎ᠤᠨ ᠡᠶ᠎ᠡ ᠵᠣᠬᠢᠴᠠᠯ ᠲᠣᠭᠲᠠᠭᠤᠨ ᠪᠠᠶ᠋ᠢᠳᠠᠯ᠎ᠢ ᠠᠬᠢᠭᠤᠯᠵᠤ᠂ ᠬᠢᠯᠢ ᠬᠢᠵᠠᠭ᠋ᠠᠷ ᠭᠠᠵᠠᠷ᠎ᠤᠨ ᠴᠥᠭᠡᠨ ᠲᠣᠭ᠋ᠠᠲᠤ ᠦᠨᠳᠦᠰᠦᠲᠡᠨ᠎ᠤ ᠣᠷᠣᠨ ᠨᠤᠲᠤᠭ᠎ᠤᠨ ᠠᠵᠤ ᠠᠬᠤᠶ ᠵᠢᠨ ᠬᠥᠭᠵᠢᠯᠲᠡ ᠪᠠ ᠮᠠᠯᠴᠢᠨ ᠲᠠᠷᠢᠶᠠᠴᠢᠨ᠎ᠤ ᠠᠮᠢᠳᠤᠷᠠᠯ᠎ᠤᠨ ᠲᠦᠪᠰᠢᠨ᠎ᠢ ᠳᠡᠭᠡᠭᠰᠢᠯᠡᠭᠦᠯᠬᠦ᠎ᠳᠤ ᠠᠰᠢᠭᠲᠠᠶ ᠶᠤᠮ᠃
      ᠭᠤᠷᠪᠠᠳᠤᠭ᠋ᠠᠷ᠎ᠲᠤ᠂ ᠨᠠᠭ᠋ᠠᠳᠤᠮ ᠵᠶ᠋ᠠᠷ ᠲᠠᠮᠵᠢᠭᠤᠯᠵᠤ ᠬᠥᠮᠦᠰ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠤᠬᠠᠮᠰᠠᠷ᠎ᠢ ᠲᠡᠭᠡᠭᠰᠢᠯᠡᠭᠦᠯᠵᠦ ᠪᠣᠯᠤᠨ᠎ᠠ᠃ ᠨᠡᠭᠦᠳᠡᠯ ᠮᠠᠯᠵᠢᠯ᠎ᠤᠨ ᠰᠣᠶᠣᠯ᠎ᠳᠤ ᠣᠷᠴᠢᠨ ᠲᠣᠭᠣᠷᠢᠨ ᠎ᠢ ᠬᠠᠮᠠᠭ᠋ᠠᠯᠠᠬᠤ ᠤᠬᠠᠮᠰᠠᠷ ᠴᠢᠩᠭ᠎ᠠ ᠪᠠᠢ᠌ᠳᠠᠭ᠂ ᠨᠡᠭᠦᠳᠡᠯ ᠮᠠᠯᠵᠢᠯ᠎ᠤᠨ ᠦᠢ᠍ᠯᠡᠳᠪᠦᠷᠢᠯᠡᠯ ᠠᠮᠢᠳᠤᠷᠠᠯ ᠪᠣᠯ ᠡᠬᠡ ᠪᠠᠢ᠌ᠭ᠋ᠠᠯᠢ᠎ᠲᠠᠢ ᠡᠶ᠎ᠡ ᠵᠣᠬᠢᠴᠠᠯ᠎ᠲᠠᠢ᠎ᠪᠠᠷ ᠬᠠᠮᠲᠤ᠎ᠪᠠᠷ ᠠᠰᠢᠭ ᠬᠦᠷᠲᠡᠬᠦ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ ᠪᠣᠯᠤᠨ᠎ᠠ᠃ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠎ᠨᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠠᠴᠠ ᠰᠠᠯᠵᠤ ᠴᠢᠳᠠᠬᠤ ᠦᠭᠡᠶ᠂ ᠲᠡᠮᠡᠭᠡᠨ ᠰᠣᠶᠣᠯ᠎ᠤᠨ ᠬᠥᠭᠵᠢᠯᠲᠡ ᠪᠣᠯᠤᠨ ᠠᠵᠤ ᠦᠢ᠍ᠯᠡᠰ᠎ᠤᠨ ᠬᠥᠭᠵᠢᠯᠲᠡ᠎ᠨᠢ ᠪᠣᠬᠢᠷᠲᠤᠯ ᠦᠭᠡᠶ ᠬᠥᠭᠵᠢᠯᠲᠡ᠎ᠳᠤ ᠪᠦᠷᠢᠮᠦᠰᠦᠨ ᠠᠭᠤᠰᠤᠯᠴᠠᠵᠤ ᠴᠢᠳᠠᠨ᠎ᠠ᠃
      ᠡᠭᠦᠨ᠎ᠳᠤ ᠦᠨᠳᠦᠰᠦᠯᠡᠨ᠂ ᠮᠠᠨ᠎ᠤ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠠᠯᠠᠱ᠌ᠠ ᠠᠢ᠌ᠮᠠᠭ᠎ᠤᠨ ᠵᠠᠬᠢᠷᠭ᠎ᠠ᠎ᠲᠠᠢ ᠬᠠᠮᠲᠤᠷᠠᠨ ᠥᠪᠥᠷ ᠮᠣᠩᠭᠣᠯ᠎ᠤᠨ ᠲᠡᠮᠡᠭᠡᠨ ᠨᠠᠭ᠋ᠠᠳᠤᠮ ᠵᠢᠴᠢ ᠲᠦᠮᠡᠨ ᠲᠡᠮᠡᠭᠡᠨ᠎ᠤ ᠰᠣᠶᠣᠯ ᠵᠢᠭᠤᠯᠴᠢᠯᠠᠯ᠎ᠤᠨ ᠨᠠᠶ᠋ᠢᠷ᠎ᠢ ᠭᠣᠤᠯᠯᠠᠨ ᠡᠷᠬᠢᠯᠡᠵᠦ᠂ ᠲᠡᠮᠡᠭᠡᠨ ᠰᠣᠶᠣᠯ᠎ᠤᠨ ᠠᠭᠤᠯᠬᠤᠨ᠎ᠢ ᠲᠠᠰᠤᠷᠠᠯ ᠦᠭᠡᠢ   ᠪᠠᠶᠠᠯᠢᠭᠵᠢᠭᠤᠯᠪᠠ᠂ 2018 ᠣᠨ ᠪᠣᠯᠲᠠᠯ᠎ᠠ ᠨᠢᠭᠡᠨᠲᠡ ᠬᠣᠶᠠᠷ ᠬᠤᠭᠤᠴᠠᠭ᠎ᠠ ᠠᠮᠵᠢᠯᠲᠠᠲᠠᠶ ᠡᠷᠬᠢᠯᠡᠪᠡ᠃
      ᠠᠵᠢᠯᠯᠠᠭ᠎ᠠ᠎ᠨᠢ ᠣᠢ᠌ᠷ᠎ᠠ ᠬᠠᠪᠢ ᠭᠠᠵᠠᠷ ᠣᠷᠣᠨ᠎ᠤ᠎ᠬᠢᠨ᠎ᠤ ᠤᠷᠤᠯᠴᠠᠯᠭ᠎ᠠ ᠵᠢ ᠲᠠᠲᠠᠵᠤ᠂ ᠵᠢᠭᠤᠯᠴᠢᠯᠠᠯ᠎ᠤᠨ ᠦᠢ᠍ᠯᠡᠳᠬᠦᠨ ᠪᠣᠯᠤᠨ ᠲᠡᠮᠡᠭᠡᠨ᠎ᠤ ᠰᠣᠶᠣᠯ᠎ᠤᠨ ᠠᠵᠤ ᠦᠢ᠍ᠯᠡᠰ᠎ᠤᠨ ᠭᠠᠷᠭ᠋ᠠᠯᠲᠠ ᠪᠠ ᠦᠢ᠍ᠯᠡᠳᠦᠯᠴᠡᠯ᠎ᠢ   ᠪᠦᠷᠢᠯᠳᠦᠭᠦᠯᠪᠡ᠂ ᠲᠡᠮᠡᠭᠡᠨ᠎ᠤ ᠤᠯᠠᠮᠵᠢᠯᠠᠯᠲᠤ ᠰᠣᠶᠣᠯ᠎ᠤᠨ ᠬᠡᠷᠡᠭᠰᠡᠯ ᠵᠢᠴᠢ ᠪᠦᠲᠦᠭᠡᠭᠳᠡᠬᠦᠨ᠎ᠢ ᠲᠥᠪᠯᠡᠷᠡᠭᠦᠯᠦᠨ ᠳᠡᠯᠭᠡᠨ ᠦᠵᠡᠭᠦᠯᠬᠦ᠎ᠪᠠᠷ ᠳᠠᠮᠵᠢᠭᠤᠯᠤᠨ᠂ ᠲᠡᠮᠡᠭᠡᠨ ᠨᠣᠣᠰᠤᠨ᠎ᠤ ᠪᠠᠷᠠᠭ᠎ᠠ ᠲᠠᠸᠠᠷ᠎ᠢ ᠳᠡᠯᠭᠡᠨ ᠦᠵᠡᠭᠦᠯᠬᠦ᠂ ᠲᠡᠮᠡᠭᠡᠨ ᠠᠴᠢᠶᠠᠨ᠎ᠤ ᠪᠠᠭ᠋ᠠᠵᠢ ᠬᠡᠷᠡᠭᠰᠡᠯ᠎ᠢ ᠳᠡᠯᠭᠡᠨ ᠪᠣᠷᠣᠯᠠᠭᠤᠯᠬᠤ᠂ ᠢᠨᠭᠭᠡᠨ ᠰᠦᠨ᠎ᠤ ᠴᠠᠭ᠋ᠠᠨ ᠢᠳᠡᠭᠡᠨ᠎ᠢ ᠳᠡᠯᠭᠡᠨ ᠪᠣᠷᠣᠯᠠᠭᠤᠯᠬᠤ᠂ ᠲᠡᠮᠡᠭᠡᠨ ᠮᠢᠬᠠᠨ᠎ᠤ ᠪᠦᠲᠦᠭᠡᠭᠳᠡᠬᠦᠨ᠎ᠢ ᠳᠡᠯᠭᠡᠨ ᠪᠣᠷᠣᠯᠠᠭᠤᠯᠬᠤ᠂ ᠲᠡᠮᠡᠭᠡᠨ ᠶᠠᠰᠤᠨ᠎ᠤ ᠪᠦᠲᠦᠭᠡᠭᠳᠡᠬᠦᠨ᠎ᠢ ᠳᠡᠯᠭᠡᠨ ᠪᠣᠷᠣᠯᠠᠭᠤᠯᠬᠤ᠂ ᠡᠯᠡᠰᠦᠨ ᠠᠵᠤ ᠦᠢ᠍ᠯᠡᠰ᠎ᠤᠨ ᠪᠦᠲᠦᠭᠡᠭᠳᠡᠬᠦᠨ᠎ᠢ ᠳᠡᠯᠭᠡᠨ ᠪᠣᠷᠣᠯᠠᠭᠤᠯᠬᠤ ᠭᠡᠬᠦ ᠵᠡᠷᠭᠡ ᠵᠢ ᠪᠠᠭᠲᠠᠭ᠋ᠠᠭ᠋ᠠᠳ ᠰᠣᠶᠣᠯ᠎ᠤᠨ ᠨᠡᠷᠡᠲᠦ ᠲᠡᠮᠳᠡᠭ᠎ᠢ ᠡᠭᠦᠳᠴᠦ᠂ ᠪᠦᠲᠦᠭᠡᠭᠳᠡᠬᠦᠨ᠎ᠤ ᠱᠤᠭᠤᠮ᠎ᠢ ᠪᠠᠶᠠᠯᠢᠭᠵᠢᠭᠤᠯᠪᠠ᠃
      ᠲᠡᠮᠡᠭᠡᠨ ᠰᠣᠶᠣᠯ᠎ᠤᠨ ᠭᠣᠤᠯ ᠰᠡᠳᠦᠪᠲᠦ ᠵᠠᠮ ᠱᠤᠭᠤᠮ᠎ᠢ ᠤᠬᠠᠭᠤᠯᠬᠤ᠄ ᠵᠢᠭᠤᠯᠴᠢᠯᠠᠯ᠎ᠤᠨ ᠵᠠᠩᠭᠢᠯᠠᠭ᠎ᠠ ᠵᠢᠨ ᠴᠡᠭ᠄ ᠠᠯᠠᠱᠨ ᠠᠭᠤᠯᠠ ᠵᠢᠨ ᠪᠤᠶᠠᠨ ᠦᠨᠳᠦᠰᠦᠯᠡᠭᠴᠢ ᠰᠦᠮ᠎ᠡ — ᠮᠦᠷᠡᠨᠭᠣᠣᠯ ᠥᠷᠲᠡᠭᠡ — ᠦᠷᠡᠭᠳᠡᠭᠰᠡᠨ ᠪᠠᠭ᠋ᠠᠲᠤᠷᠴᠤᠳ᠎ᠤᠨ ᠣᠩᠭᠣᠨ᠎ᠤ ᠬᠦᠷᠢᠶᠡᠯᠡᠩ — ᠰᠦᠮᠡᠲᠦ ᠵᠢᠨ ᠠᠭᠤᠢ — ᠲᠡᠮᠡᠭᠡ ᠵᠢ ᠳᠠᠰᠬᠠᠨ ᠲᠡᠵᠢᠭᠡᠬᠦ ᠰᠠᠭᠤᠷᠢᠨ ᠭᠠᠵᠠᠷ — ᠰᠢᠷ᠎ᠠ ᠪᠦᠷᠢᠳᠦ — ᠠᠯᠠᠱ᠌ᠠ ᠴᠢᠨ ᠸᠠᠨᠭ᠌᠎ᠤᠨ ᠣᠷᠳᠣᠨ᠎ᠤ   ᠬᠠᠭᠤᠴᠢᠨ ᠪᠠᠭᠤᠷᠢ᠃ ᠡᠳᠡᠭᠡᠷ᠎ᠠᠴᠠ ᠵᠤᠭ᠋ᠠᠴᠠᠭᠰᠠᠳ ᠲᠥᠪᠡᠳ᠎ᠠᠴᠠ ᠤᠯᠠᠮᠵᠢᠯᠠᠭᠰᠠᠨ ᠪᠤᠳ᠋ᠳ᠋ᠾᠠ ᠵᠢᠨ ᠱᠠᠰᠢᠨ᠎ᠤ ᠰᠣᠶᠣᠯ᠎ᠢ ᠮᠡᠳᠡᠷᠡᠨ᠂ ᠬᠠᠳᠠᠨ ᠠᠭᠤᠢ ᠵᠢᠨ ᠤᠷᠠᠯᠢᠭ᠎ᠢ ᠣᠢ᠌ᠯᠠᠭ᠋ᠠᠵᠤ᠂ ᠲᠡᠮᠡᠭᠡ ᠵᠢ ᠲᠠᠰᠬᠠᠨ ᠲᠡᠵᠢᠭᠡᠬᠦ᠂ ᠣᠨᠭ᠌ᠭᠣᠨ ᠪᠤᠤᠷ᠎ᠠ ᠲᠠᠬᠢᠬᠤ ᠵᠢ ᠣᠯᠵᠤ ᠰᠣᠨᠢᠷᠬᠠᠬᠤ ᠪᠣᠯᠤᠨ᠎ᠠ᠂ ᠬᠤᠪᠢᠰᠬᠠᠯ᠎ᠤᠨ ᠲᠦᠯᠦᠭᠡ ᠪᠡᠶ᠎ᠡ ᠦᠷᠡᠭᠳᠡᠭᠰᠡᠨ ᠪᠠᠭ᠋ᠠᠲᠤᠷᠴᠤᠳ᠎ᠢ ᠰᠠᠨᠠᠭ᠋ᠠᠯᠵᠠᠬᠤ᠂ ᠣᠪᠣᠭ᠎ᠠ ᠲᠠᠬᠢᠵᠤ᠂ ᠲᠡᠮᠡᠭᠡ ᠤᠨᠤᠬᠤ ᠵᠢ ᠣᠢ᠌ᠯᠠᠭ᠋ᠠᠵᠤ ᠴᠢᠳᠠᠨ᠎ᠠ᠃
     2019 ᠣᠨ᠎ᠤ ᠡᠬᠢ᠎ᠪᠠᠷ ᠲᠡᠮᠡᠭᠡᠨ ᠰᠣᠶᠣᠯ᠎ᠤᠨ ᠵᠤᠭ᠋ᠠᠴᠠᠯ᠎ᠤᠨ ᠦᠵᠡᠮᠵᠢ ᠵᠢᠨ ᠣᠷᠣᠨ᠎ᠢ ᠨᠡᠭᠡᠭᠡᠨ ᠬᠥᠭᠵᠢᠭᠦᠯᠬᠦ ᠠᠵᠢᠯ ᠨᠢᠭᠡᠨᠲᠡ ᠠᠷᠠᠯᠵᠢᠶᠠᠴᠢᠨ ᠤᠷᠢᠵᠤ ᠡᠬᠢᠯᠡᠪᠡ᠂ ᠰᠦᠮᠡᠲᠦ ᠵᠢᠨ ᠲᠡᠮᠡᠭᠡᠨ᠎ᠤ ᠪᠣᠯᠪᠠᠰᠤᠷᠠᠯ᠎ᠤᠨ ᠲᠠᠯᠠᠪᠠᠶ᠂ ᠴᠠᠭ᠋ᠠᠨ ᠲᠡᠮᠡᠭᠡᠨ᠎ᠤ ᠰᠠᠭᠤᠷᠢᠨ ᠭᠠᠵᠠᠷ ᠪᠠ ᠰᠢᠯᠢᠭᠣᠣᠯ᠎ᠤᠨ ᠪᠤᠤᠷ᠎ᠠ ᠵᠢᠨ ᠲᠠᠯᠠᠪᠠᠶ᠎ᠪᠠᠷ ᠠᠵᠤ ᠦᠢ᠍ᠯᠡᠰ ᠵᠶ᠋ᠡᠨ ᠡᠬᠢᠯᠡᠭᠦᠯᠬᠦ ᠵᠣᠭᠰᠣᠴᠠ᠎ᠪᠠᠨ ᠪᠣᠯᠭ᠋ᠠᠨ᠎ᠠ᠂ ᠡᠭᠦᠨ᠎ᠤ ᠵᠡᠷᠭᠡᠴᠡᠭᠡ᠎ᠪᠠᠷ᠂ ᠡᠷᠭᠢᠨ ᠲᠣᠭᠣᠷᠢᠨ᠎ᠢ ᠲᠣᠬᠢᠷᠠᠭᠤᠯᠤᠯᠲᠠ᠎ᠲᠠᠢ ᠨᠡᠭᠡᠭᠡᠨ ᠬᠥᠭᠵᠢᠭᠦᠯᠬᠦ ᠵᠢ ᠳᠠᠪᠤᠰᠤᠨ ᠨᠠᠭᠤᠷ᠎ᠤᠨ ᠵᠤᠭ᠋ᠠᠴᠠᠯ᠂ ᠮᠣᠩᠭᠣᠯ ᠡᠮᠨᠡᠯᠭᠡ ᠵᠢᠨ ᠰᠤᠪᠢᠯᠠᠯᠲᠠ ᠵᠢᠨ ᠬᠦᠷᠢᠶᠡᠯᠡᠩ ᠵᠡᠷᠭᠡ ᠰᠣᠶᠣᠯ ᠵᠤᠭ᠋ᠠᠴᠠᠯ᠎ᠤᠨ ᠠᠵᠤ ᠦᠢ᠍ᠯᠡᠰ᠎ᠲᠠᠢ ᠤᠶᠠᠯᠳᠤᠭᠤᠯᠬᠤ ᠵᠢᠨ ᠬᠠᠮᠲᠤ᠎ᠳᠤ᠎ᠨᠢ ᠲᠡᠮᠡᠭᠡᠨ᠎ᠤ ᠨᠠᠭ᠋ᠠᠳᠤᠮ ᠵᠶ᠋ᠠᠷ ᠵᠢᠯ ᠪᠦᠷᠢ ᠵᠢᠨ ᠲᠦᠪᠯᠡᠷᠡᠯ᠎ᠲᠠᠢ ᠬᠦᠳᠡᠯᠭᠡᠭᠡᠨ᠎ᠤ ᠵᠢᠯ᠎ᠤᠨ ᠬᠤᠷᠠᠯ ᠪᠠ ᠲᠡᠮᠡᠭᠡᠨ᠎ᠤ ᠰᠣᠶᠣᠯ᠎ᠤᠨ ᠵᠤᠭ᠋ᠠᠴᠠᠯ᠎ᠤᠨ ᠭᠣᠣᠯ ᠣᠷᠭᠢᠯ ᠴᠠᠭ ᠪᠣᠯᠭ᠋ᠠᠵᠤ᠂ ᠤᠷᠲᠤᠳᠬᠠᠭᠰᠠᠨ ᠱᠤᠭᠤᠮ᠎ᠤᠨ ᠵᠤᠭ᠋ᠠᠴᠠᠯ᠎ᠤᠨ ᠥᠷᠲᠡᠭᠡ ᠵᠢ ᠪᠠᠶ᠋ᠢᠭᠤᠯᠵᠤ᠂ ᠰᠣᠶᠣᠯ ᠵᠤᠭ᠋ᠠᠴᠠᠯ᠎ᠤᠨ ᠦᠢ᠍ᠯᠡᠴᠢᠯᠡᠭᠡ᠎ᠲᠠᠢ ᠵᠣᠯᠭ᠋ᠠᠭᠤᠯᠤᠨ᠎ᠠ᠂ ᠡᠳᠡᠭᠡᠷ ᠪᠠᠢ᠌ᠭᠤᠯᠤᠯᠲᠠ᠎ᠨᠢ ᠦᠨᠡᠨ ᠬᠦ᠌ ᠪᠦᠲᠦᠬᠦ᠎ᠳᠤ ᠬᠦᠷᠪᠡᠯ ᠠᠯᠠᠱ᠌ᠠ ᠵᠢᠨ ᠰᠣᠶᠤᠯ ᠵᠢᠭᠤᠯᠴᠢᠯᠠᠯ᠎ᠤᠨ ᠪᠦᠲᠦᠭᠡᠨ ᠪᠠᠢ᠌ᠭᠤᠯᠤᠯᠲᠠ᠂   ᠮᠠᠯᠵᠢᠬᠤ ᠣᠷᠣᠨ᠎ᠤ ᠠᠵᠤ ᠠᠬᠤᠶ᠂ ᠠᠷᠠᠳ ᠲᠦᠮᠡᠨ᠎ᠤ ᠠᠵᠢᠯ ᠣᠯᠬᠤ ᠣᠷᠤᠯᠭ᠎ᠠ ᠨᠡᠮᠡᠭᠳᠡᠬᠦ ᠵᠢ ᠠᠬᠢᠭᠤᠯᠬᠤ᠎ᠳᠤ ᠯᠣᠲᠤ ᠶᠡᠬᠡ ᠦᠢ᠍ᠯᠡᠳᠦᠯ ᠦᠵᠡᠭᠦᠯᠦᠨ᠎ᠡ᠃
      ᠮᠠᠨ᠎ᠤ ᠣᠷᠣᠨ᠎ᠤ ᠵᠢᠭᠤᠯᠴᠢᠯᠠᠯ᠎ᠤᠨ ᠦᠢ᠍ᠯᠡᠰ᠎ᠢ ᠬᠠᠯᠠᠮᠵᠢᠯᠠᠨ ᠳᠡᠮᠵᠢᠭᠰᠡᠨ᠎ᠳᠤ ᠲᠠᠨᠢ ᠮᠠᠰᠢᠳᠠ ᠲᠠᠯᠠᠷᠬᠠᠵᠤ ᠪᠠᠶ᠋ᠢᠨ᠎ᠠ!
                                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

                                  ᠰᠣᠶᠣᠯ ᠪᠠ ᠵᠢᠭᠤᠯᠴᠢᠯᠠᠯ᠎ᠤᠨ ᠲᠢᠩᠬᠢᠮ                                                                                                          

                                        2019 ᠣᠨ᠎ᠤ 6 ᠰᠠᠷ᠎ᠠ ᠵᠢᠨ 28᠎ᠤ ᠡᠳᠦᠷ

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ 218 ᠳ᠋ᠤᠭ᠋ᠠᠷ ᠰᠠᠨᠠᠭᠤᠯᠭ᠎ᠠ ᠵᠢᠨ ᠲᠤᠬᠠᠢ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯ᠎ᠤᠨ 624 ᠳ᠋ᠣᠭᠡᠷ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 432 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 098 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 318 ᠳ᠋ᠤᠭ᠋ᠠᠷ ᠲᠣᠭ᠋ᠠᠲᠤ ᠰᠠᠨᠠᠭᠤᠯᠭ᠎ᠠ᠎ᠳᠤ ᠥᠭᠭᠦᠭᠰᠡᠨ ᠬᠠᠷᠢᠭᠤᠯᠲᠠ
 
            