ᠲᠥᠯᠥᠭᠡᠯᠡᠭᠴᠢ ᠸᠠᠩ ᠢᠦᠶ ᠹᠸᠢ᠎ᠳᠤ᠄
ᠲᠠᠨ᠎ᠤ ᠳᠤᠷᠠᠳᠤᠭᠰᠠᠨ 《ᠤᠯᠠᠭ᠋ᠠᠨᠬᠠᠳᠠ ᠬᠤᠲᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠢ᠍ᠯᠡᠰ᠎ᠤᠨ ᠬᠥᠭᠵᠢᠯᠲᠡ ᠵᠢ ᠳᠡᠮᠵᠢᠬᠦ ᠲᠤᠬᠠᠢ ᠰᠠᠨᠠᠭᠤᠯᠭ᠎ᠠ》 ᠵᠢ ᠣᠯᠵᠤ ᠣᠶ᠋ᠢᠯᠠᠭ᠋ᠠᠪᠠ᠃ ᠤᠳᠤ ᠳᠣᠤᠷᠠᠬᠢ ᠮᠡᠲᠦ ᠬᠠᠷᠢᠭᠤᠯᠲᠠ ᠥᠭᠭᠦᠶ᠎ᠡ᠄
ᠪᠣᠳᠠᠰ᠎ᠤᠨ ᠪᠤᠰᠤ ᠰᠣᠶᠣᠯ᠎ᠤᠨ ᠥᠪ ᠪᠣᠯ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠪᠡ᠃ ᠶᠡᠷᠦᠩᠬᠡᠶ ᠱᠦᠵᠢ ᠡᠯ᠎ᠡ ᠭᠠᠵᠠᠷ᠎ᠲᠤ ᠰᠢᠨᠵᠢᠯᠡᠨ ᠪᠠᠢ᠌ᠴᠠᠭ᠋ᠠᠯᠲᠠ ᠬᠢᠬᠦ ᠪᠠ ᠴᠢᠬᠤᠯᠠ ᠶᠡᠬᠡ ᠲᠥᠷᠥ ᠵᠢᠨ ᠶᠠᠪᠤᠳᠠᠯ᠎ᠤᠨ ᠠᠵᠢᠯᠯᠠᠭ᠎ᠠ ᠳᠤᠮᠳᠠ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠨ ᠤᠳᠠᠭ᠎ᠠ ᠪᠠᠶ᠋ᠢᠴᠠᠭ᠋ᠠᠨ ᠰᠤᠳᠤᠯᠵᠤ᠂ ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠳᠤᠮᠳᠠᠳᠤ ᠤᠯᠤᠰ᠎ᠤᠨ ᠦᠯᠢᠭᠡᠷ᠎ᠢ ᠶᠠᠷᠢᠵᠤ᠂ ᠳᠤᠮᠳᠠᠳᠤ ᠤᠯᠤᠰ᠎ᠤᠨ ᠴᠤᠭ ᠵᠢᠪᠬᠤᠭ᠎ᠠ ᠵᠢ ᠢᠯᠡᠷᠡᠭᠦᠯᠪᠡ᠃ ᠮᠠᠨ᠎ᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ ᠡᠯᠪᠡᠭ᠂ ᠣᠨᠴᠠᠯᠢᠭ ᠢᠯᠡ ᠲᠣᠳᠣ᠂ ᠥᠷᠲᠡᠭ ᠲᠤᠪᠤᠢ᠌ᠮ᠎ᠠ᠂ ᠪᠦᠬᠦ ᠤᠯᠤᠰ ᠢᠯᠠᠩᠭᠤᠶ᠎ᠠ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠤ ᠪᠤᠳᠠᠰ᠎ᠤᠨ ᠪᠤᠰᠤ ᠰᠣᠶᠣᠯ᠎ᠤᠨ ᠦᠪ᠎ᠤᠨ ᠲᠤᠲᠤᠷ᠎ᠠ ᠴᠢᠬᠤᠯᠠ ᠪᠠᠶ᠋ᠢᠷᠢ ᠰᠠᠭᠤᠷᠢ᠎ᠲᠠᠢ ᠶᠤᠮ᠃ 2019 ᠣᠨ᠎ᠤ 7 ᠳ᠋ᠤᠭ᠋ᠠᠷ ᠰᠠᠷ᠎ᠠ ᠵᠢᠨ 15᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠤᠯᠠᠭ᠋ᠠᠨᠬᠠᠳᠠ ᠬᠤᠲᠠ᠎ᠳᠤ ᠰᠢᠨᠵᠢᠯᠡᠨ ᠪᠠᠢ᠌ᠴᠠᠭ᠋ᠠᠯᠲᠠ ᠬᠢᠬᠦ᠎ᠳᠤ᠎ᠪᠠᠨ ᠭᠡᠰᠡᠷ᠎ᠤᠨ ᠲᠥᠷᠥᠯ ᠵᠦᠢ᠍ᠯ᠎ᠤᠨ ᠲᠥᠯᠥᠭᠡᠯᠡᠭᠴᠢ ᠴᠢᠨᠠᠷᠲᠠᠶ ᠤᠯᠠᠮᠵᠢᠯᠠᠭᠴᠢ ᠵᠢ ᠬᠦᠯᠢᠶᠡᠨ ᠠᠪᠴᠤ ᠠᠭᠤᠯᠵᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠣᠶᠣᠯ᠎ᠤᠨ ᠬᠠᠮᠠᠭ᠋ᠠᠯᠠᠯᠲᠠ ᠪᠣᠯᠤᠨ ᠵᠠᠯᠭ᠋ᠠᠮᠵᠢᠯᠠᠯᠲᠠ ᠵᠢ ᠴᠢᠬᠤᠯᠠᠴᠢᠯᠠᠬᠤ᠂ ᠨᠠᠮ᠎ᠤᠨ ᠲᠥᠪ ᠬᠤᠷᠢᠶ᠎ᠠ᠎ᠠᠴᠠ ᠪᠣᠳᠠᠰ᠎ᠤᠨ ᠪᠤᠰᠤ ᠰᠣᠶᠣᠯ᠎ᠤᠨ ᠥᠪ᠎ᠢ ᠲᠡᠮᠵᠢᠨ ᠲᠡᠳᠬᠦᠵᠦ᠂ ᠤᠯᠠᠮᠵᠢᠯᠠᠨ ᠵᠠᠯᠭ᠋ᠠᠮᠵᠢᠯᠠᠭᠴᠢ ᠵᠢ ᠰᠠᠶ᠋ᠢᠲᠤᠷ ᠬᠦᠮᠦᠵᠢᠭᠦᠯᠵᠦ᠂ ᠦᠶ᠎ᠡ ᠦᠶ᠎ᠡ ᠵᠢᠨ᠎ᠬᠢᠨ ᠵᠠᠯᠭ᠋ᠠᠮᠵᠢᠯᠠᠨ ᠤᠯᠠᠮᠵᠢᠯᠠᠬᠤ ᠠᠵᠢᠯ᠎ᠢ ᠰᠠᠢ᠌ᠳᠤᠷ ᠳᠡᠮᠵᠢᠨ ᠳᠤᠰᠠᠯᠠᠨ᠎ᠠ ᠭᠡᠵᠦ ᠲᠤᠲᠤᠷᠬᠠᠢ ᠳᠤᠷᠠᠳᠪᠠ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯ᠎ᠢ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠪᠠ ᠵᠠᠰᠠᠭ᠎ᠤᠨ ᠣᠷᠳᠣᠨ᠎ᠤ ᠣᠨ᠎ᠤ ᠠᠵᠢᠯ᠎ᠤᠨ ᠢᠯᠡᠳᠬᠡᠯ᠎ᠳᠤ ᠣᠷᠤᠭᠤᠯᠵᠤ᠂ ᠭᠣᠤᠯ ᠬᠠᠷᠢᠭᠤᠴᠠᠯᠭ᠋ᠠᠲᠠᠨ ᠨᠥᠬᠥᠳ ᠤᠯᠠᠨ ᠤᠳᠠᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠠᠯᠭ᠋ᠠᠮᠵᠢᠯᠠᠯᠲᠠ ᠵᠢᠨ ᠲᠣᠭᠣᠷᠢᠨ᠎ᠳᠤ ᠪᠠᠶ᠋ᠢᠴᠠᠭ᠋ᠠᠨ ᠰᠤᠳᠤᠯᠤᠯᠲᠠ ᠥᠷᠨᠢᠭᠦᠯᠬᠦ ᠵᠢᠨ ᠬᠠᠮᠲᠤ ᠵᠢᠭ᠋ᠠᠪᠤᠷᠢ ᠴᠤᠬᠤᠯᠪᠤᠷᠢ ᠥᠭᠪᠡ᠃
ᠤᠯᠠᠭ᠋ᠠᠨᠬᠠᠳᠠ ᠬᠣᠲᠠ ᠥᠨᠢ ᠤᠳᠠᠭ᠋ᠠᠨ ᠲᠡᠦᠬᠡ᠎ᠲᠠᠢ᠂ ᠰᠣᠶᠣᠯ᠎ᠤᠨ ᠰᠠᠭᠤᠷᠢ ᠭᠦᠨ ᠵᠤᠵᠠᠭ᠋ᠠᠨ᠃ ᠣᠢ᠌ᠷ᠎ᠠ ᠵᠢᠨ ᠵᠢᠯ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠣᠣᠯ ᠰᠡᠳᠦᠪᠲᠦ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ ᠪᠣᠯᠤᠨ ᠰᠣᠶᠣᠯ᠎ᠤᠨ ᠠᠵᠤ ᠦᠢ᠍ᠯᠡᠰ᠎ᠤᠨ ᠲᠥᠷᠥᠯ ᠵᠦᠢ᠍ᠯ ᠴᠦ᠍ ᠠᠯᠬᠤᠮ ᠠᠯᠬᠤᠮ ᠵᠶ᠋ᠠᠷ ᠬᠥᠭᠵᠢᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ᠂ ᠰᠣᠶᠣᠯ᠎ᠤᠨ ᠠᠵᠤ ᠦᠢ᠍ᠯᠡᠰ ᠵᠡᠷᠭᠡ ᠲᠠᠯ᠎ᠠ᠎ᠪᠠᠷ ᠤᠯᠠᠭ᠋ᠠᠨᠬᠠᠳᠠ ᠬᠣᠲᠠ ᠵᠢᠨ ᠰᠣᠶᠣᠯ᠎ᠤᠨ ᠡᠬᠢ ᠪᠠᠶᠠᠯᠢᠭ ᠵᠶ᠋ᠠᠨ ᠭᠦᠨᠵᠡᠭᠡᠢ ᠠᠭᠤᠳᠠᠯᠬᠤ ᠵᠢ ᠳᠡᠮᠵᠢᠵᠦ᠂ ᠰᠢᠯᠢᠳᠡᠭ ᠰᠣᠶᠣᠯ᠎ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠰᠢᠨ᠎ᠡ ᠵᠢ ᠡᠭᠦᠳᠬᠦ ᠴᠢᠨᠠᠷᠲᠠᠶ ᠬᠥᠭᠵᠢᠯᠲᠡ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠤᠯᠠᠮᠵᠢᠯᠠᠯᠲᠤ ᠭᠠᠷ ᠤᠷᠠᠯᠠᠯ᠎ᠢ ᠬᠥᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ》 ᠵᠡᠷᠭᠡ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂ ᠪᠣᠳᠠᠲᠠᠶ ᠨᠠᠷᠢᠯᠢᠭᠵᠢᠭᠤᠯᠤᠭᠰᠠᠨ ᠠᠷᠭ᠎ᠠ ᠬᠡᠮᠵᠢᠶ᠎ᠡ ᠵᠢ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠤᠯᠠᠮᠵᠢᠯᠠᠯᠲᠤ ᠭᠠᠷ ᠤᠷᠠᠯᠠᠯ᠎ᠤᠨ ᠠᠵᠢᠯ᠎ᠤᠨ ᠥᠷᠲᠡᠭᠡ 7 (ᠡᠭᠦᠨ᠎ᠳᠤ ᠤᠯᠠᠭ᠋ᠠᠨᠬᠠᠳᠠ ᠬᠤᠲᠠ᠎ᠳᠤ 1)᠂ ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠶᠠᠳᠠᠭᠤ ᠵᠢ ᠲᠡᠳᠬᠦᠬᠦ ᠠᠵᠢᠯ ᠣᠯᠭᠣᠯᠲᠠ ᠵᠢᠨ ᠦᠢ᠍ᠯᠡᠳᠪᠦᠷᠢ 8 (ᠡᠭᠦᠨ᠎ᠳᠤ ᠤᠯᠠᠭ᠋ᠠᠨᠬᠠᠳᠠ ᠬᠣᠲᠠ᠎ᠳᠤ 1) ᠵᠢ ᠪᠠᠶ᠋ᠢᠭᠤᠯᠵᠤ᠂ ᠦᠨᠳᠦᠰᠦᠲᠡᠨ᠎ᠤ ᠤᠯᠠᠮᠵᠢᠯᠠᠯᠲᠤ ᠭᠠᠷ ᠤᠷᠠᠯᠠᠯ᠎ᠤᠨ ᠬᠦᠭᠵᠢᠯᠲᠡ ᠵᠢ ᠠᠬᠢᠭᠤᠯᠵᠤ᠂ ᠤᠨᠢᠨ ᠳᠡᠭᠡᠷ᠎ᠡ᠎ᠨᠢ ᠶᠠᠳᠠᠭᠤ ᠵᠢ ᠲᠡᠳᠬᠦᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ᠎ᠳᠤ ᠬᠦᠴᠦᠨ ᠨᠡᠮᠡᠷᠢᠯᠡᠵᠦ ᠪᠠᠢ᠌ᠨ᠎ᠠ᠃ ᠡᠭᠦᠨ᠎ᠤ᠎ᠳᠤ ᠬᠠᠮᠲᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠢ᠌ᠳᠠᠪᠦᠷᠢᠵᠢᠭᠤᠯᠵᠤ᠂ 2020 ᠣᠨ᠎ᠳᠤ ᠪᠠᠭ᠋ᠠᠷᠢᠨ ᠪᠠᠷᠠᠭᠤᠨ ᠬᠣᠰᠢᠭᠤᠨ᠎ᠤ ᠭᠡᠰᠡᠷ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠢ ᠤᠯᠤᠰ᠎ᠤᠨ ᠲᠠᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠲᠤᠷᠰᠢᠯᠲᠠ ᠵᠢᠨ ᠣᠷᠣᠨ ᠵᠶ᠋ᠠᠷ ᠭᠣᠤᠯᠳᠠᠯᠭ᠎ᠠ᠎ᠲᠠᠢ ᠲᠠᠨᠢᠯᠴᠠᠭᠤᠯᠬᠤ᠎ᠪᠠᠷ ᠪᠠᠶ᠋ᠢᠨ᠎ᠠ᠃ ᠲᠡᠦᠬᠡ ᠰᠣᠶᠣᠯ᠎ᠤᠨ ᠬᠤᠷᠠᠮᠳᠤᠯᠭ᠎ᠠ ᠵᠤᠵᠠᠭ᠋ᠠᠨ᠂ ᠤᠷᠤᠰᠢᠨ ᠲᠤᠭᠲᠠᠨᠢᠯ᠎ᠤᠨ ᠪᠠᠢ᠌ᠳᠠᠯ ᠨᠡᠯᠢᠶᠡᠳ ᠰᠠᠢ᠌ᠨ᠂ ᠴᠢᠬᠤᠯᠠ ᠦᠨ᠎ᠡ ᠥᠷᠲᠡᠭ᠎ᠲᠠᠢ ᠪᠥᠭᠡᠳ ᠢᠯᠡ ᠲᠣᠳᠣ ᠣᠨᠴᠠᠯᠢᠭ᠎ᠲᠠᠢ ᠰᠣᠶᠣᠯ᠎ᠤᠨ ᠬᠡᠯᠪᠡᠷᠢ ᠪᠠᠶ᠋ᠢᠳᠠᠯ᠎ᠳᠤ ᠪᠦᠬᠦᠯᠢ ᠴᠣᠭᠴᠠ ᠵᠢᠨ ᠴᠢᠨᠠᠷᠲᠠᠶ ᠬᠠᠮᠠᠭ᠋ᠠᠯᠠᠯᠲᠠ ᠬᠢᠬᠦ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠠᠴᠠ ᠤᠯᠠᠭ᠋ᠠᠨᠬᠠᠳᠠ ᠬᠣᠲᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠶᠤᠨᠴᠢᠯᠠᠭᠰᠠᠨ ᠦᠵᠡᠰᠬᠦᠯᠡᠩ᠎ᠤᠨ ᠣᠷᠳᠣᠨ ᠪᠠᠶ᠋ᠢᠭᠤᠯᠬᠤ ᠵᠢ ᠳᠡᠮᠵᠢᠬᠦ ᠠᠰᠠᠭᠤᠳᠠᠯ᠎ᠤᠨ ᠲᠤᠬᠠᠢ᠄ ᠤᠯᠤᠰ ᠪᠠ ᠦᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠲᠤᠰᠬᠠᠢ ᠪᠡᠯᠡ ᠮᠥᠩᠭᠥ ᠵᠢ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠵᠦ ᠪᠣᠯᠬᠤ ᠦᠭᠡᠢ ᠪᠤᠯᠬᠤᠷ ᠥᠭᠡᠷᠡᠴᠢᠯᠡᠯᠲᠡ ᠵᠢᠨ ᠰᠢᠰᠲ᠋ᠧᠮ᠎ᠠᠴᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠦᠯᠭᠡ ᠵᠢᠨ ᠣᠷᠳᠣᠨ ᠪᠠᠶ᠋ᠢᠭᠤᠯᠬᠤ ᠪᠡᠯᠡ ᠮᠥᠩᠭᠥ ᠵᠢ ᠲᠡᠮᠡᠴᠡᠨ ᠣᠯᠬᠤ ᠵᠢ ᠰᠠᠨᠠᠭᠤᠯᠵᠤ ᠪᠠᠶ᠋ᠢᠨ᠎ᠠ᠃ ᠰᠣᠶᠣᠯ ᠪᠠ ᠵᠢᠭᠤᠯᠴᠢᠯᠠᠯ᠎ᠤᠨ ᠲᠢᠩᠬᠢᠮ ᠲᠤᠬᠠᠶ᠋ᠢᠯᠠᠭᠰᠠᠨ ᠠᠵᠢᠯ᠎ᠤᠨ ᠡᠭᠦᠷᠭᠡ ᠴᠢᠳᠠᠪᠬᠢ ᠵᠢᠨ ᠬᠡᠪᠴᠢᠶᠡᠨ᠎ᠠᠴᠠ ᠢᠳᠡᠪᠬᠢᠲᠠᠢ ᠳᠡᠮᠵᠢᠯᠭᠡ ᠦᠵᠡᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠰᠣᠶᠣᠯ ᠪᠠ ᠵᠢᠭᠤᠯᠴᠢᠯᠠᠯ᠎ᠤᠨ ᠲᠢᠩᠬᠢᠮ
2020 ᠣᠨ᠎ᠤ 5 ᠳ᠋ᠤᠭ᠋ᠠᠷ ᠰᠠᠷ᠎ᠠ ᠵᠢᠨ 22᠎ᠤᠨ ᠡᠳᠦᠷ