ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 098 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄ 2020-11-20

ᠲᠥᠯᠥᠭᠡᠯᠡᠭᠴᠢ ᠵᠠᠩ ᠲᠢᠩ ᠲᠠᠨ᠎ᠠ᠄


      ᠲᠠᠨ᠎ᠤ ᠳᠤᠷᠠᠳᠤᠭᠰᠠᠨ 《ᠤᠯᠠᠭ᠋ᠠᠨᠮᠥ᠋ᠴᠢᠷ᠎ᠲᠤ ᠲᠦᠰᠢᠭᠯᠡᠨ ᠰᠤᠳᠤᠯᠤᠨ ᠰᠤᠷᠤᠯᠴᠠᠬᠤ ᠵᠢᠭᠤᠯᠴᠢᠯᠠᠯ᠎ᠢ ᠠᠬᠢᠭᠤᠯᠵᠤ᠂ ᠪᠦᠬᠦ ᠣᠷᠣᠨ ᠪᠦᠰᠡ ᠵᠢᠨ ᠵᠢᠭᠤᠯᠴᠢᠯᠠᠯ᠂ ᠳᠦᠷᠪᠡᠨ ᠤᠯᠠᠷᠢᠯ᠎ᠤᠨ ᠵᠢᠭᠤᠯᠴᠢᠯᠠᠯ᠎ᠳᠤ ᠬᠦᠴᠦ ᠨᠡᠮᠡᠷᠢᠯᠡᠬᠦ ᠲᠤᠬᠠᠢ ᠰᠠᠨᠠᠭᠤᠯᠭ᠎ᠠ》 ᠵᠢ ᠣᠯᠵᠤ ᠣᠶ᠋ᠢᠯᠠᠭ᠋ᠠᠪᠠ᠂ ᠤᠳᠤ ᠳᠣᠤᠷᠠᠬᠢ ᠮᠡᠲᠦ ᠬᠠᠷᠢᠭᠤᠯᠲᠠ ᠥᠭᠭᠦᠶ᠎ᠡ᠄
      ᠤᠯᠠᠭ᠋ᠠᠨᠮᠥ᠋ᠴᠢᠷ᠎ᠤᠨ ᠬᠥᠭᠵᠢᠯᠲᠡ ᠨᠠᠮ ᠪᠠ ᠲᠦᠷᠦ ᠵᠢᠨ ᠬᠡᠳᠦᠨ ᠦᠶ᠎ᠡ ᠵᠢᠨ ᠤᠳᠤᠷᠢᠳᠬᠤ ᠬᠥᠮᠦᠰ᠎ᠤᠨ ᠬᠠᠯᠠᠮᠵᠢᠯᠠᠯ᠎ᠢ ᠬᠦᠷᠲᠡᠭᠰᠡᠭᠡᠷ ᠢᠷᠡᠵᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠤᠯᠠᠭ᠋ᠠᠨᠮᠥ᠋ᠴᠢᠷ᠎ᠤᠨ ᠦᠢ᠍ᠯᠡᠰ᠎ᠤᠨ ᠬᠦᠭᠵᠢᠯᠲᠡ ᠵᠢ ᠢᠮᠠᠭᠲᠠ ᠲᠤᠶ᠋ᠢᠯ ᠵᠶ᠋ᠠᠷ ᠴᠢᠬᠤᠯᠠᠴᠢᠯᠠᠭᠰᠠᠭ᠋ᠠᠷ ᠢᠷᠡᠭᠰᠡᠨ ᠶᠤᠮ᠂ ᠮᠠᠨ᠎ᠤ ᠲᠢᠩᠬᠢᠮ ᠴᠦ᠍ ᠤᠯᠠᠭ᠋ᠠᠨᠮᠥ᠋ᠴᠢᠷ᠎ᠤᠨ ᠠᠵᠢᠯ᠎ᠢ ᠢᠮᠠᠭᠲᠠ ᠭᠣᠤᠯᠳᠠᠯᠭ᠎ᠠ᠎ᠲᠠᠢ ᠠᠵᠢᠯ ᠪᠣᠯᠭ᠋ᠠᠨ ᠠᠳᠬᠤᠭᠰᠠᠭ᠋ᠠᠷ ᠢᠷᠡᠵᠡᠶ᠃ ᠢᠯᠠᠩᠭᠤᠶ᠎ᠠ 2017 ᠣᠨ᠎ᠤ 11 ᠳ᠋ᠦ᠍ᠭᠡᠷ ᠰᠠᠷ᠎ᠠ ᠵᠢᠨ 21᠎ᠤ ᠡᠳᠦᠷ ᠶᠡᠷᠦᠩᠬᠡᠶ ᠱᠦᠵᠢ ᠬᠠᠷᠢᠭᠤ ᠵᠠᠬᠢᠳᠠᠯ ᠢᠷᠡᠭᠦᠯᠦᠭᠰᠡᠨ᠎ᠤ ᠳᠠᠷᠠᠭ᠎ᠠ᠂ 2018 ᠣᠨ᠎ᠤ ᠡᠬᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ 《ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠤᠯᠠᠭ᠋ᠠᠨᠮᠥ᠋ᠴᠢᠷ᠎ᠤᠨ ᠦᠢ᠍ᠯᠡᠰ᠎ᠢ ᠤᠯᠠᠮ ᠨᠢᠭᠡ ᠠᠯᠬᠤᠮ ᠴᠡᠴᠡᠭᠯᠡᠭᠦᠯᠦᠨ ᠬᠦᠭᠵᠢᠭᠦᠯᠬᠦ ᠲᠤᠬᠠᠶ ᠰᠠᠨᠠᠯ》᠎ᠢ ᠨᠡᠶ᠋ᠢᠲᠡᠯᠡᠪᠡ᠃ 2019 ᠣᠨ᠎ᠳᠤ᠂ ᠪᠥᠬᠥ ᠤᠯᠤᠰ᠎ᠤᠨ ᠠᠩᠬᠠᠳᠠᠭᠴᠢ ᠲᠤᠰᠬᠠᠶ ᠰᠣᠶᠤᠯ ᠤᠷᠠᠯᠢᠭ᠎ᠤᠨ ᠬᠦᠷᠢᠶᠡᠯᠡᠩ ᠪᠦᠯᠬᠦᠮ ᠪᠠ ᠤᠯᠠᠭ᠋ᠠᠨᠮᠥ᠋ᠴᠢᠷ᠎ᠤᠨ ᠦᠢ᠍ᠯᠡᠰ᠎ᠤᠨ ᠲᠤᠬᠠᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ — 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠲᠦᠷᠢᠮ》᠎ᠢ ᠵᠢᠩᠬᠢᠨᠢ᠎ᠪᠠᠷ ᠬᠡᠷᠡᠭᠵᠢᠭᠦᠯᠪᠡ᠃
      ᠲᠠᠨ᠎ᠤ ᠳᠤᠷᠠᠳᠤᠭᠰᠠᠨ ᠤᠯᠠᠭ᠋ᠠᠨᠮᠥ᠋ᠴᠢᠷ᠎ᠲᠤ ᠲᠦᠰᠢᠭᠯᠡᠨ ᠰᠤᠳᠤᠯᠤᠨ ᠰᠤᠷᠤᠯᠴᠠᠬᠤ ᠵᠢᠭᠤᠯᠴᠢᠯᠠᠯ᠎ᠢ ᠲᠦᠯᠬᠢᠨ ᠠᠬᠢᠭᠤᠯᠵᠤ᠂ ᠣᠷᠤᠨ   ᠪᠦᠰᠡ ᠵᠢᠨ ᠵᠢᠭᠤᠯᠴᠢᠯᠠᠯ᠂ ᠳᠥᠷᠪᠡᠨ ᠤᠯᠠᠷᠢᠯ᠎ᠤᠨ ᠵᠢᠭᠤᠯᠴᠢᠯᠠᠯ᠎ᠳᠤ ᠬᠦᠴᠦᠨ ᠨᠡᠮᠡᠷᠢᠯᠡᠬᠦ ᠠᠰᠠᠭᠤᠳᠠᠯ᠎ᠤᠨ ᠲᠤᠬᠠᠶ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠲᠦᠷᠢᠮ》᠎ᠳᠤ ᠨᠢᠭᠡᠨᠲᠡ ᠲᠣᠳᠣᠷᠬᠠᠶ ᠲᠣᠭᠲᠠᠭ᠋ᠠᠭᠰᠠᠨ ᠶᠤᠮ᠃ ᠲᠦᠷᠢᠮ᠎ᠳᠤ ᠬᠡᠯᠡᠵᠦ ᠪᠠᠶ᠋ᠢᠭ᠎ᠠ ᠤᠯᠠᠭ᠋ᠠᠨᠮᠥ᠋ᠴᠢᠷ ᠪᠣᠯ ᠬᠣᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠶᠣᠰᠣᠭ᠋ᠠᠷ ᠪᠠᠶ᠋ᠢᠭᠤᠯᠤᠭᠰᠠᠨ᠂ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠳᠤ ᠬᠠᠷᠢᠶᠠᠯᠠᠭᠳᠠᠨ᠎ᠠ᠃ ᠠᠷᠪᠠᠨ ᠨᠠᠢ᠍ᠮᠠᠳᠤᠭ᠋ᠠᠷ ᠵᠦᠢ᠍ᠯ᠎ᠳᠤ ᠨᠥᠬᠥᠴᠡᠯ ᠪᠦᠷᠢᠳᠦᠭᠰᠡᠨ ᠶᠡᠬᠡ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠤᠯᠠᠭ᠋ᠠᠨᠮᠥ᠋ᠴᠢᠷ᠎ᠤᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ ᠤᠯᠠᠭ᠋ᠠᠨᠮᠥ᠋ᠴᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ᠂   ᠰᠤᠳᠤᠯᠬᠤ ᠪᠠ ᠡᠷᠳᠡᠮ ᠰᠢᠨᠵᠢᠯᠡᠭᠡᠨ᠎ᠤ ᠰᠣᠯᠢᠯᠴᠠᠭ᠎ᠠ ᠬᠢᠬᠦ ᠵᠢ ᠥᠷᠨᠢᠭᠦᠯᠦᠨ᠎ᠡ ᠭᠡᠵᠦ ᠳᠤᠷᠠᠳᠪᠠ᠃ ᠬᠣᠷᠢᠨ ᠳᠥᠷᠪᠡᠳᠦᠭᠡᠷ ᠵᠦᠢ᠍ᠯ᠎ᠳᠤ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠪᠠ ᠪᠤᠰᠤᠳ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠭᠰᠠᠨ ᠠᠵᠢᠯ᠎ᠤᠨ ᠴᠢᠯᠥᠭᠡᠨ᠎ᠤ ᠤᠯᠠᠭ᠋ᠠᠨᠮᠥ᠋ᠴᠢᠷ᠎ᠨᠢ ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠤᠯᠠᠭ᠋ᠠᠨᠮᠥ᠋ᠴᠢᠷ᠎ᠤᠨ ᠲᠤᠬᠠᠶ᠋ᠢᠯᠠᠭᠰᠠᠨ ᠠᠵᠢᠯ᠎ᠤᠨ ᠡᠭᠦᠷᠭᠡ ᠴᠢᠳᠠᠪᠤᠷᠢ᠎ᠪᠠᠨ ᠭᠦᠢ᠍ᠴᠡᠳᠭᠡᠨ᠂ ᠪᠣᠳᠠᠲᠠᠶ ᠬᠠᠮᠢᠶᠠᠷᠤᠯᠲᠠ ᠵᠢᠨ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠲᠣᠭᠲᠠᠭ᠋ᠠᠨ᠎ᠠ ᠭᠡᠵᠦ ᠳᠤᠷᠠᠳᠪᠠ᠃ ᠡᠢ᠌ᠮᠦ᠎ᠠᠴᠠ ᠲᠤᠬᠠᠢ ᠵᠢᠨ ᠭᠠᠵᠠᠷ᠎ᠤᠨ ᠵᠠᠰᠠᠭ᠎ᠤᠨ ᠣᠷᠳᠣᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠤᠰ ᠭᠠᠵᠠᠷ ᠣᠷᠤᠨ᠎ᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠪᠠ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠡᠢ᠌ᠮᠦᠷᠬᠦᠦ ᠶᠡᠬᠡ ᠳᠡᠭᠡᠳᠦ ᠰᠤᠷᠭ᠋ᠠᠭᠤᠯᠢ ᠵᠡᠷᠭᠡ ᠠᠵᠢᠯ᠎ᠤᠨ ᠴᠢᠯᠥᠭᠡᠨ᠎ᠤ ᠤᠯᠠᠭ᠋ᠠᠨᠮᠥ᠋ᠴᠢᠷ᠎ᠢ ᠪᠠᠢ᠌ᠭᠤᠯᠤᠭᠰᠠᠳ ᠬᠠᠮᠢᠶ᠎ᠠ ᠪᠦᠬᠦᠢ ᠠᠵᠢᠯᠯᠠᠭ᠎ᠠ᠎ᠳᠤ ᠲᠤᠯᠭ᠋ᠠᠷᠠᠭᠰᠠᠨ ᠪᠣᠳᠠᠲᠠᠶ ᠠᠰᠠᠭᠤᠳᠠᠯ᠎ᠢ ᠰᠢᠢ᠍ᠳᠪᠦᠷᠢᠯᠡᠨ᠎ᠡ᠃ ᠲᠡᠳᠡᠨ᠎ᠤ ᠦᠪᠡᠷ᠎ᠤᠨ᠎ᠬᠢ᠎ᠨᠢ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠦᠨᠳᠦᠰᠦᠨ ᠱᠠᠲᠤᠨ᠎ᠳᠤ ᠦᠢ᠍ᠯᠡᠴᠢᠯᠡᠭᠦᠯᠦᠨ᠂ ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠮᠠᠨᠳᠤᠭᠤᠯᠤᠨ᠎ᠠ᠃


                            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

                            ᠰᠣᠶᠣᠯ ᠪᠠ ᠵᠢᠭᠤᠯᠴᠢᠯᠠᠯ᠎ᠤᠨ ᠲᠢᠩᠬᠢᠮ


                                        2020 ᠣᠨ᠎ᠤ 5 ᠳ᠋ᠤᠭ᠋ᠠᠷ ᠰᠠᠷ᠎ᠠ ᠵᠢᠨ 19᠎ᠤ ᠡᠳᠦᠷ

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 318 ᠳ᠋ᠤᠭ᠋ᠠᠷ ᠲᠣᠭ᠋ᠠᠲᠤ ᠰᠠᠨᠠᠭᠤᠯᠭ᠎ᠠ᠎ᠳᠤ ᠥᠭᠭᠦᠭᠰᠡᠨ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 501 ᠳ᠋ᠤᠭᠡᠷ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ᠎ᠤ 363 ᠳ᠋ᠤᠭ᠋ᠠᠷ ᠲᠣᠭ᠋ᠠᠲᠤ ᠰᠠᠨᠠᠭᠤᠯᠭ᠎ᠠ᠎ᠳᠤ ᠥᠭᠭᠦᠭᠰᠡᠨ ᠬᠠᠷᠢᠭᠤᠯᠲᠠ
ᠦᠬᠠᠶ ᠬᠣᠲᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠬᠠᠲᠤᠨ ᠭᠣᠤᠯ᠎ᠤᠨ ᠭᠡᠷᠡᠯᠲᠦ ᠰᠤᠪᠤᠳ· ᠦᠬᠠᠶ ᠵᠢᠨ ᠤᠷᠠᠨ ᠪᠢᠴᠢᠯᠭᠡ ᠵᠢᠨ ᠤᠷᠠᠯᠢᠭ᠎ᠤᠨ ᠨᠠᠢ᠌ᠷ ᠡᠷᠭᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠬᠢᠩᠭ᠋ᠠᠨ ᠠᠢ᠌ᠮᠠᠭ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠷᠠᠰᠢᠶᠠᠨ᠎ᠤ ᠮᠥᠰᠥ ᠴᠠᠰᠤᠨ᠎ᠤ ᠨᠠᠭ᠋ᠠᠳᠤᠮ᠎ᠢ ᠡᠷᠭᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
 
            