ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 432 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄ 2020-11-20

ᠲᠥᠯᠥᠭᠡᠯᠡᠭᠴᠢ ᠸᠧᠶ ᠵᠢᠨ ᠮᠧᠶ ᠲᠠᠨ᠎ᠠ᠄


      ᠲᠠᠨ᠎ᠤ ᠳᠤᠷᠠᠳᠤᠭᠰᠠᠨ 《ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠤᠨ᠎ᠤ ᠪᠦᠲᠦᠭᠡᠨ ᠪᠠᠶ᠋ᠢᠭᠤᠯᠤᠯᠲᠠ ᠵᠢᠨ ᠵᠠᠷᠤᠳᠠᠯ᠎ᠤᠨ ᠣᠷᠣᠭᠤᠯᠤᠯᠲᠠ ᠵᠢ ᠨᠡᠮᠡᠭᠳᠡᠭᠦᠯᠬᠦ ᠲᠤᠬᠠᠶ ᠰᠠᠨᠠᠭᠤᠯᠭ᠎ᠠ》 ᠵᠢ ᠣᠯᠵᠤ ᠣᠶ᠋ᠢᠯᠠᠭ᠋ᠠᠪᠠ᠃ ᠤᠳᠤ ᠳᠣᠤᠷᠠᠬᠢ ᠮᠡᠲᠦ ᠬᠠᠷᠢᠭᠤᠯᠲᠠ ᠥᠭᠭᠦᠶ᠎ᠡ᠄
      ᠮᠠᠨ᠎ᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠢ ᠴᠢᠩᠭ᠋ᠠᠳᠬᠠᠵᠤ᠂ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ᠂ ᠰᠣᠶᠣᠯ ᠬᠢᠭᠡᠳ ᠠᠵᠤ ᠠᠬᠤᠶ ᠨᠡᠶ᠋ᠢᠭᠡᠮ᠎ᠤᠨ ᠪᠦᠬᠦ ᠲᠠᠯ᠎ᠠ ᠵᠢᠨ ᠵᠣᠬᠢᠴᠠᠩᠭᠤᠶ ᠪᠥᠭᠡᠳ ᠦᠷᠭᠦᠯᠵᠢᠯᠡᠨ ᠬᠥᠭᠵᠢᠬᠦ ᠵᠢ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 2009 ᠣᠨ᠎ᠠᠴᠠ ᠡᠬᠢᠯᠡᠨ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠢ ᠤᠷᠢᠳ ᠬᠣᠵᠢᠳ 13 ᠡᠭᠦᠰᠭᠡᠨ ᠪᠠᠢ᠌ᠭᠤᠯᠵᠠᠢ᠃ ᠡᠭᠦᠨ᠎ᠳᠤ ᠬᠥᠯᠥᠨ ᠪᠤᠢ᠌ᠷ ᠬᠣᠲᠠ᠎ᠳᠤ 4᠂ ᠰᠢᠯᠢ ᠵᠢᠨ ᠭᠣᠤᠯ ᠠᠶ᠋ᠢᠮᠠᠭ᠎ᠲᠤ 2᠂ ᠣᠷᠳᠣᠰ ᠬᠣᠲᠠ᠎ᠳᠤ 1᠂ ᠠᠯᠠᠱ᠌ᠠ ᠠᠶ᠋ᠢᠮᠠᠭ᠎ᠲᠤ 2᠂ ᠬᠢᠩᠭ᠋ᠠᠨ ᠠᠶ᠋ᠢᠮᠠᠭ᠎ᠲᠤ 1᠂ ᠤᠯᠠᠭ᠋ᠠᠨᠬᠠᠳᠠ ᠬᠣᠲᠠ᠎ᠳᠤ 1᠂ ᠲᠦᠩᠯᠢᠶᠣᠤ ᠬᠣᠲᠠ᠎ᠳᠤ 1᠂ ᠪᠠᠶᠠᠨᠨᠠᠭᠤᠷ ᠬᠣᠲᠠ᠎ᠳᠤ 1 ᠪᠣᠶ᠃
     2020 ᠣᠨ᠎ᠳᠤ᠂ ᠥᠪᠡᠷᠲᠡᠭᠡᠨ ᠵᠠᠰᠠᠬᠤ ᠣᠷᠣᠨ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠵᠠᠷᠤᠳᠠᠯ᠎ᠤᠨ ᠳᠡᠮᠵᠢᠯᠭᠡ ᠦᠵᠡᠭᠦᠯᠦᠨ᠎ᠡ᠃ ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠪᠠ᠃ ᠣᠳᠣᠬᠠᠨ᠎ᠳᠤ ᠶᠠᠭ ᠰᠠᠨᠠᠯ ᠬᠤᠷᠢᠶᠠᠵᠤ ᠪᠠᠶ᠋ᠢᠨ᠎ᠠ᠃ ᠲᠡᠭᠦᠯᠳᠡᠷᠵᠢᠭᠦᠯᠦᠭᠰᠡᠨ᠎ᠤ ᠳᠠᠷᠠᠭ᠎ᠠ ᠨᠡᠶ᠋ᠢᠲᠡᠯᠡᠨ ᠬᠡᠷᠡᠭᠵᠢᠭᠦᠯᠦᠨ᠎ᠡ᠃
      ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠢ ᠪᠠᠶ᠋ᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠭᠣᠤᠯ ᠪᠣᠯᠭ᠋ᠠᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢ ᠴᠢᠨᠭ᠌ᠭ᠋ᠠᠳᠬᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠦᠬᠦᠯᠢ ᠴᠣᠭᠴᠠ ᠵᠢᠨ ᠴᠢᠨᠠᠷᠲᠠᠶ ᠬᠠᠮᠠᠭ᠋ᠠᠯᠠᠬᠤ ᠪᠣᠯᠤᠨ ᠤᠯᠠᠮᠵᠢᠯᠠᠨ ᠬᠦᠭᠵᠢᠭᠦᠯᠭᠥ᠂ ᠰᠣᠶᠣᠯ᠎ᠤᠨ ᠠᠮᠢ ᠠᠬᠤᠶ ᠵᠢᠨ ᠰᠢᠰᠲ᠋ᠧᠮ᠎ᠤᠨ ᠲᠡᠩᠴᠡᠭᠦᠷᠢ ᠪᠠ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠬᠤ; ᠰᠣᠶᠣᠯ᠎ᠤᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠤᠨ᠂ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠵᠤ᠂ ᠦᠨᠳᠦᠰᠦᠲᠡᠨ᠎ᠤ ᠢᠲᠡᠭᠡᠯ ᠵᠣᠷᠢᠭ ᠪᠠ ᠨᠢᠭᠲᠠᠷᠠᠯ᠎ᠤᠨ ᠬᠦᠴᠦᠨ᠎ᠢ ᠡᠷᠴᠢᠮᠵᠢᠭᠦᠯᠬᠦ; ᠠᠵᠤ ᠠᠬᠤᠶ ᠨᠡᠶ᠋ᠢᠭᠡᠮ᠎ᠤᠨ ᠪᠦᠬᠦ ᠲᠠᠯ᠎ᠠ ᠵᠢᠨ ᠵᠣᠬᠢᠴᠠᠩᠭᠤᠶ ᠪᠦᠭᠡᠳ ᠦᠷᠭᠦᠯᠵᠢᠯᠡᠨ ᠬᠦᠭᠵᠢᠬᠦ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠨᠢ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠪᠠ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠪᠦᠬᠦ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ ᠬᠥᠷᠥᠩᠭᠡ ᠵᠢ ᠪᠦᠬᠦᠯᠢ ᠴᠣᠭᠴᠠ᠎ᠪᠠᠷ᠎ᠨᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠲᠦᠯᠬᠢᠨ ᠠᠬᠢᠭᠤᠯᠬᠤ ᠶᠤᠮ᠃


                            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

                            ᠰᠣᠶᠣᠯ ᠪᠠ ᠵᠢᠭᠤᠯᠴᠢᠯᠠᠯ᠎ᠤᠨ ᠲᠢᠩᠬᠢᠮ


                                    2020 ᠣᠨ᠎ᠤ 5 ᠳ᠋ᠤᠭ᠋ᠠᠷ ᠰᠠᠷ᠎ᠠ ᠵᠢᠨ 22᠎ᠤᠨ ᠡᠳᠦᠷ


ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 098 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 318 ᠳ᠋ᠤᠭ᠋ᠠᠷ ᠲᠣᠭ᠋ᠠᠲᠤ ᠰᠠᠨᠠᠭᠤᠯᠭ᠎ᠠ᠎ᠳᠤ ᠥᠭᠭᠦᠭᠰᠡᠨ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ 501 ᠳ᠋ᠤᠭᠡᠷ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ᠎ᠤ 363 ᠳ᠋ᠤᠭ᠋ᠠᠷ ᠲᠣᠭ᠋ᠠᠲᠤ ᠰᠠᠨᠠᠭᠤᠯᠭ᠎ᠠ᠎ᠳᠤ ᠥᠭᠭᠦᠭᠰᠡᠨ ᠬᠠᠷᠢᠭᠤᠯᠲᠠ
ᠦᠬᠠᠶ ᠬᠣᠲᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠬᠠᠲᠤᠨ ᠭᠣᠤᠯ᠎ᠤᠨ ᠭᠡᠷᠡᠯᠲᠦ ᠰᠤᠪᠤᠳ· ᠦᠬᠠᠶ ᠵᠢᠨ ᠤᠷᠠᠨ ᠪᠢᠴᠢᠯᠭᠡ ᠵᠢᠨ ᠤᠷᠠᠯᠢᠭ᠎ᠤᠨ ᠨᠠᠢ᠌ᠷ ᠡᠷᠭᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
 
            