
ᠬᠢᠩᠭ᠋ᠠᠨ ᠠᠢ᠌ᠮᠠᠭ᠎ᠤᠨ ᠵᠠᠬᠢᠷᠭ᠎ᠠ᠄
《ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠷᠠᠰᠢᠶᠠᠨ᠎ᠤ ᠮᠥᠰᠥ ᠴᠠᠰᠤᠨ᠎ᠤ ᠨᠠᠭ᠋ᠠᠳᠤᠮ᠎ᠢ ᠡᠷᠬᠢᠯᠡᠬᠦ ᠲᠤᠬᠠᠢ ᠵᠢᠭ᠋ᠠᠪᠤᠷᠢ ᠠᠪᠬᠤ ᠮᠡᠳᠡᠭᠦᠯᠦᠯᠲᠡ》(ᠬᠢᠩᠭ᠋ᠠᠨ ᠠᠢ᠌ᠮᠠᠭ᠎ᠤᠨ ᠵᠠᠬᠢᠷᠭ᠎ᠠ ᠲᠠᠷᠬᠠᠭ᠋ᠠᠭᠰᠠᠨ[2020]96 ᠳ᠋ᠤᠭ᠋ᠠᠷ ᠲᠣᠭ᠋ᠠᠲᠤ) ᠵᠢ ᠣᠯᠵᠤ ᠣᠢ᠌ᠯᠠᠭ᠋ᠠᠪᠠ᠃《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》(ᠲᠥᠪ᠎ᠤᠨ ᠠᠯᠪᠠᠨ ᠭᠡᠷ ᠲᠠᠷᠬᠠᠭ᠋ᠠᠭᠰᠠᠨ[2012]18 ᠳ᠋ᠤᠭ᠋ᠠᠷ ᠲᠣᠭ᠋ᠠᠲᠤ)᠂《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠬᠦ ᠨᠠᠷᠢᠨ ᠲᠦᠷᠢᠮ》(ᠤᠯᠤᠰ᠎ᠤᠨ ᠴᠡᠭᠴᠡᠯᠡᠨ ᠳᠦᠷᠢᠮᠵᠢᠭᠦᠯᠬᠦ ᠠᠵᠢᠯ᠎ᠤᠨ ᠳᠤᠭᠤᠢ᠌ᠯᠠᠩ ᠲᠠᠷᠬᠠᠭ᠋ᠠᠭᠰᠠᠨ [2019]1 ᠳ᠋ᠦ᠍ᠭᠡᠷ ᠲᠣᠭ᠋ᠠᠲᠤ) ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ《ᠪᠠᠶᠠᠷ ᠳᠤᠷᠠᠰᠬᠠᠯ᠂ ᠶᠠᠷᠢᠶᠠᠨ᠎ᠤ ᠲᠠᠪᠴᠠᠩ᠂ ᠦᠵᠡᠰᠬᠦᠯᠡᠩ᠎ᠤᠨ ᠴᠤᠭᠯᠠᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠠᠵᠢᠯ᠎ᠢ ᠦᠨᠡᠨ ᠬᠦ᠌ ᠴᠢᠩᠭ᠋ᠠᠳᠬᠠᠬᠤ ᠲᠤᠬᠠᠶ ᠮᠡᠳᠡᠭᠳᠡᠯ》᠂《ᠪᠠᠶᠠᠷ ᠳᠤᠷᠠᠰᠬᠠᠯ ᠶᠠᠷᠢᠶᠠᠨ᠎ᠤ ᠲᠠᠪᠴᠠᠩ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ》(ᠥᠪᠥᠷ ᠮᠣᠨᠭ᠌ᠭᠤᠯᠤᠨ ᠦᠪᠡᠷᠲᠡᠭᠡᠨ ᠵᠠᠰᠠᠬᠤ ᠣᠷᠤᠨ᠎ᠤ ᠪᠠᠶᠠᠷ ᠳᠤᠷᠠᠰᠬᠠᠯ ᠶᠣᠰᠣᠯᠠᠯ᠎ᠤᠨ ᠬᠠᠮᠢᠶᠠᠷᠤᠯᠲᠠ ᠵᠢᠨ ᠠᠵᠢᠯ᠎ᠤᠨ ᠳᠤᠭᠤᠢ᠌ᠯᠠᠨᠭ᠌᠎ᠤᠨ ᠦᠰᠦᠭ[2020]2 ᠳ᠋ᠤᠭ᠋ᠠᠷ ᠲᠣᠭ᠋ᠠᠲᠤ) ᠵᠡᠷᠭᠡ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ᠎ᠳᠤ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ ᠶᠣᠰᠣᠯᠠᠯ᠎ᠤᠨ ᠠᠵᠢᠯ᠎ᠢ ᠵᠢᠷᠤᠮᠵᠢᠭᠤᠯᠬᠤ ᠲᠤᠰᠬᠠᠶ ᠳᠤᠭᠤᠢ᠌ᠯᠠᠩ᠎ᠤᠨ ᠠᠩᠬᠠᠨ᠎ᠤ ᠬᠢᠨᠠᠯᠲᠠ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠵᠢᠷᠤᠮᠵᠢᠭᠤᠯᠬᠤ ᠰᠢᠯᠭ᠋ᠠᠷᠠᠭᠤᠯᠬᠤ ᠪᠠᠷᠢᠮᠵᠢᠶᠠᠵᠢᠭᠤᠯᠬᠤ ᠬᠦᠬᠢᠭᠦᠯᠬᠦ ᠵᠢᠴᠢ ᠪᠠᠶᠠᠷ ᠳᠤᠷᠠᠰᠬᠠᠯ ᠶᠠᠷᠢᠶᠠᠨ᠎ᠤ ᠲᠠᠪᠴᠠᠩ ᠦᠵᠡᠰᠬᠦᠯᠡᠩ᠎ᠤᠨ ᠴᠤᠭᠯᠠᠭ᠋ᠠᠨ᠎ᠤ ᠠᠵᠢᠯᠯᠠᠭ᠎ᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ 2020 ᠣᠨ᠎ᠤ ᠨᠢᠭᠡᠳᠦᠭᠡᠷ ᠤᠳᠠᠭ᠋ᠠᠨ᠎ᠤ ᠬᠤᠷᠠᠯ᠎ᠳᠤ ᠳᠡᠪᠰᠢᠭᠦᠯᠦᠨ ᠰᠤᠳᠤᠯᠤᠭᠤᠯᠵᠤ᠂ ᠤᠳᠤᠷᠢᠳᠬᠤ ᠳᠤᠭᠤᠢ᠌ᠯᠠᠩ ᠵᠶ᠋ᠠᠷ ᠬᠢᠨᠠᠭᠤᠯᠤᠨ ᠭᠠᠷᠤᠨ ᠦᠰᠦᠭ ᠵᠢᠷᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠦᠪᠰᠢᠶᠡᠷᠡᠭᠰᠡᠨ ᠲᠤᠯᠠᠳᠠ ᠣᠳᠣ ᠲᠠᠨ᠎ᠤ ᠠᠢ᠌ᠮᠠᠭ᠎ᠤᠨ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠷᠠᠰᠢᠶᠠᠨ᠎ᠤ ᠮᠥᠰᠥ ᠴᠠᠰᠤᠨ᠎ᠤ ᠨᠠᠭ᠋ᠠᠳᠤᠮ᠎ᠢ ᠡᠷᠬᠢᠯᠡᠬᠦ ᠵᠢ ᠵᠦᠪᠰᠢᠶᠡᠷᠡᠪᠡ᠃
ᠡᠭᠦᠨ᠎ᠤ ᠬᠠᠮᠲᠤ᠂ ᠳᠣᠤᠷᠠᠬᠢ ᠱᠠᠭ᠋ᠠᠷᠳᠠᠯᠭ᠎ᠠ ᠵᠢ ᠭᠦᠢ᠍ᠴᠡᠳᠭᠡᠭᠲᠦᠨ᠄ ᠨᠢᠭᠡ᠎ᠳᠤ᠂ ᠣᠳᠣᠬᠠᠨ᠎ᠤ ᠬᠢᠯᠢ ᠵᠢᠨ ᠭᠠᠳᠠᠨ᠎ᠠ᠎ᠠᠴᠠ ᠬᠢᠵᠢᠭ ᠬᠠᠯᠳᠠᠪᠤᠷᠢᠯᠠᠨ ᠣᠷᠣᠵᠤ ᠢᠷᠡᠨ᠂ ᠬᠢᠯᠢ ᠵᠢᠨ ᠳᠣᠲᠣᠷᠠᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠳᠠᠯ ᠬᠦᠨᠳᠦ ᠨᠣᠴᠢᠲᠠᠶ ᠪᠠᠢ᠌ᠬᠤ ᠪᠣᠯᠬᠤᠷ ᠲᠣᠭᠲᠠᠭᠰᠠᠨ ᠴᠠᠭ᠎ᠲᠤ ᠡᠬᠢᠯᠡᠭᠦᠯᠦᠨ ᠬᠢᠬᠦ ᠡᠰᠡᠬᠦ ᠵᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠭᠰᠡᠨ ᠪᠠᠢ᠌ᠳᠠᠯ ᠪᠣᠯᠤᠨ ᠤᠯᠤᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠵᠥᠪᠰᠢᠶᠡᠷᠡᠯ ᠵᠶ᠋ᠡᠷ ᠲᠣᠭᠲᠠᠭ᠋ᠠᠭᠳᠠᠬᠤ ᠬᠡᠷᠡᠭᠲᠡᠶ᠃ ᠬᠣᠶᠠᠷ᠎ᠲᠤ᠂《ᠬᠡᠨ ᠳᠡᠪᠰᠢᠭᠦᠯᠪᠡᠯ ᠬᠡᠨ ᠬᠠᠷᠢᠭᠤᠴᠠᠬᠤ》᠂《ᠬᠡᠨ ᠭᠣᠤᠯᠯᠠᠨ ᠡᠷᠬᠢᠯᠡᠪᠡᠯ ᠬᠡᠨ ᠬᠠᠷᠢᠭᠤᠴᠠᠬᠤ》ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠡᠯ᠎ᠡ ᠵᠦᠢᠯ᠎ᠤᠨ ᠬᠠᠷᠢᠭᠤᠴᠠᠯᠭ᠎ᠠ ᠵᠢ ᠬᠥᠮᠦᠨ᠎ᠳᠤ᠎ᠨᠢ ᠬᠦᠷᠲᠡᠯ᠎ᠡ ᠨᠠᠢ᠌ᠳᠠᠪᠤᠷᠢᠵᠢᠭᠤᠯᠬᠤ᠂ ᠣᠷᠤᠨ᠎ᠳᠤᠨᠢ ᠬᠦᠷᠲᠡᠯ᠎ᠡ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠠᠵᠢᠯᠯᠠᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ᠂ ᠲᠥᠪ᠎ᠤᠨ ᠨᠠᠢᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠲᠥᠬᠥᠷ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ ᠪᠠᠢ᠌ᠵᠤ ᠡᠯ᠎ᠡ ᠵᠦᠢᠯ᠎ᠤᠨ ᠠᠵᠢᠯᠯᠠᠭ᠎ᠠ ᠦᠷᠨᠢᠭᠦᠯᠦᠨ᠂ ᠠᠷᠪᠢᠴᠢ ᠭᠠᠮᠲᠠᠢ᠎ᠪᠠᠷ ᠨᠠᠭ᠋ᠠᠳᠤᠮ᠎ᠢ ᠡᠷᠬᠢᠯᠡᠬᠦ ᠬᠡᠷᠡᠭᠲᠡᠶ᠃ ᠲᠦᠷᠪᠡ᠎ᠳᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠵᠥᠪ ᠤᠳᠤᠷᠢᠳᠤᠮᠵᠢ ᠵᠢ ᠰᠠᠢ᠌ᠲᠤᠷ ᠡᠵᠡᠮᠳᠡᠨ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠲᠠᠪᠤ᠎ᠳᠤ᠂ ᠭᠠᠳᠠᠭ᠋ᠠᠳᠤ ᠵᠢᠨ ᠪᠠ ᠰᠢᠶᠠᠩᠭ᠋ᠠᠩ ᠣᠣᠮᠧᠨ ᠲᠠᠢ᠌ᠸᠠᠨ ᠣᠷᠣᠨ᠎ᠤ ᠬᠥᠮᠦᠰ᠎ᠢ ᠤᠷᠢᠵᠤ ᠳᠤᠮᠳᠠᠳᠤ ᠤᠯᠤᠰ᠎ᠲᠤ ᠢᠷᠡᠭᠦᠯᠬᠦ ᠶᠠᠪᠤᠳᠠᠯ᠎ᠲᠠᠢ ᠬᠣᠯᠪᠣᠭᠳᠠᠪᠠᠯ᠂ ᠭᠠᠳᠠᠭ᠋ᠠᠳᠤ ᠶᠠᠪᠤᠳᠠᠯ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠭᠠᠳᠠᠭ᠋ᠠᠳᠤ ᠶᠠᠪᠤᠳᠠᠯ ᠵᠡᠷᠭᠡ ᠰᠠᠯᠠᠭ᠎ᠠ ᠮᠥᠴᠢᠷ᠎ᠲᠤ ᠠᠰᠲᠤᠨᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠵᠢᠷᠭᠤᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ (ᠠᠵᠢᠯ᠎ᠠᠴᠠ᠎ᠪᠠᠨ ᠠᠮᠠᠷᠠᠭᠰᠠᠨ ᠤᠳᠤᠷᠢᠳᠤᠯᠭ᠎ᠠ ᠵᠢ ᠪᠠᠭᠲᠠᠨ᠎ᠠ) ᠵᠢ ᠦᠨᠡᠨ ᠬᠦ᠌ ᠤᠷᠢᠵᠤ ᠣᠷᠣᠯᠴᠠᠭᠤᠯᠬᠤ ᠴᠢᠬᠤᠯᠠᠲᠠᠢ ᠪᠣᠯ ᠮᠡᠳᠡᠭᠦᠯᠵᠦ ᠵᠥᠪᠰᠢᠶᠡᠷᠡᠭᠦᠯᠬᠦ ᠭᠠᠷᠳᠠᠮ᠎ᠢ ᠴᠢᠩᠭ᠎ᠠ ᠭᠦᠢ᠍ᠴᠡᠳᠭᠡᠭᠡᠷᠡᠢ᠃ ᠳᠣᠯᠣᠭ᠎ᠠ᠎ᠳᠤ᠂ ᠱᠠᠩᠨᠠᠯ ᠰᠢᠯᠭ᠋ᠠᠷᠠᠭᠤᠯᠬᠤ᠎ᠲᠠᠢ ᠬᠣᠯᠪᠣᠭᠳᠠᠪᠠᠯ᠂ ᠰᠢᠯᠭ᠋ᠠᠷᠠᠭᠤᠯᠬᠤ ᠪᠠᠷᠢᠮᠵᠢᠶᠠᠵᠢᠭᠤᠯᠬᠤ ᠬᠦᠬᠢᠭᠦᠯᠬᠦ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠮᠡᠳᠡᠭᠦᠯᠦᠨ ᠵᠥᠪᠰᠢᠶᠡᠷᠡᠭᠦᠯᠬᠦ ᠳᠡᠰ ᠳᠠᠷᠠᠭ᠋ᠠᠯᠠᠯ ᠵᠶ᠋ᠡᠷ ᠭᠦᠢ᠍ᠴᠡᠳᠭᠡᠭᠡᠷᠡᠢ᠃ ᠨᠠᠢᠮᠠ᠎ᠳᠤ᠂ ᠭᠠᠯ᠎ᠢ ᠰᠡᠷᠭᠡᠢ᠌ᠯᠡᠬᠦ᠂ ᠬᠦᠴᠦᠷᠬᠡᠭᠯᠡᠯ᠎ᠢ ᠰᠡᠷᠭᠡᠢ᠌ᠯᠡᠬᠦ᠂ ᠭᠢᠰᠬᠢᠯᠲᠡ ᠵᠢ ᠰᠡᠷᠭᠡᠢ᠌ᠯᠡᠬᠦ ᠵᠡᠷᠭᠡ ᠠᠮᠤᠷ ᠲᠦᠪᠰᠢᠨ᠎ᠢ ᠬᠠᠮᠠᠭ᠋ᠠᠯᠠᠬᠤ᠂ ᠪᠠᠴᠢᠮ ᠪᠠᠢ᠌ᠳᠠᠯ᠎ᠢ ᠠᠷᠭ᠋ᠠᠴᠠᠨ ᠰᠢᠢᠳᠪᠦᠷᠢᠯᠡᠬᠦ ᠠᠵᠢᠯ᠎ᠢ ᠰᠠᠢ᠌ᠲᠤᠷ ᠬᠢᠵᠦ᠂ ᠠᠵᠢᠯᠯᠠᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃
ᠲᠠᠨ᠎ᠤ ᠠᠢ᠌ᠮᠠᠭ ᠴᠣᠬᠣᠯᠠᠪᠤᠷᠢᠯᠠᠭᠰᠠᠨ ᠵᠦᠢᠯᠡᠰ᠎ᠢ ᠴᠢᠩᠭ᠎ᠠ ᠵᠢᠷᠤᠮᠯᠠᠨ ᠬᠠᠮᠢᠶ᠎ᠠ ᠪᠥᠬᠥᠶ ᠠᠵᠢᠯᠯᠠᠭ᠎ᠠ ᠵᠢ ᠳᠦᠷᠢᠮᠵᠢᠭᠦᠯᠬᠦ ᠬᠡᠷᠡᠭᠲᠡᠢ᠃ ᠠᠵᠢᠯᠯᠠᠭ᠎ᠠ ᠵᠢᠨ ᠭᠣᠤᠯ ᠴᠣᠭᠴᠠ᠂ ᠠᠭᠤᠯᠭ᠎ᠠ᠂ ᠲᠥᠷᠥᠯ ᠵᠦᠢᠯ ᠵᠡᠷᠭᠡ᠎ᠳᠤ ᠳᠤᠷ᠎ᠠ᠎ᠪᠠᠷ ᠵᠠᠰᠠᠯᠲᠠ ᠣᠷᠤᠭᠤᠯᠬᠤ ᠵᠢ ᠴᠢᠩᠭ᠎ᠠ ᠬᠣᠷᠢᠭᠯᠠᠨ᠎ᠠ᠃ ᠪᠤᠰᠤᠳ ᠬᠢᠵᠦ ᠡᠰᠡ ᠳᠡᠢ᠌ᠯᠬᠦ ᠵᠦᠢᠯᠡᠰ᠎ᠢ ᠴᠠᠭ ᠲᠤᠬᠠᠶ᠎ᠳᠤᠨᠢ ᠥᠪᠡᠷᠲᠡᠭᠡᠨ ᠵᠠᠰᠠᠬᠤ ᠣᠷᠣᠨ᠎ᠤ ᠲᠤᠰᠬᠠᠶ ᠵᠦᠢᠯ᠎ᠤᠨ ᠳᠤᠭᠤᠢ᠌ᠯᠠᠩ᠎ᠲᠠᠢ ᠨᠡᠪᠲᠡᠷᠡᠯᠴᠡᠨ ᠵᠣᠬᠢᠴᠠᠭᠤᠯᠤᠭ᠋ᠠᠷᠠᠶ᠃ ᠡᠭᠦᠨ᠎ᠤ ᠵᠡᠷᠭᠡᠴᠡᠭᠡ᠎ᠪᠠᠷ᠂ ᠲᠣᠰ ᠴᠣᠬᠣᠯᠠᠪᠤᠷᠢ ᠵᠢ ᠭᠥᠯᠢᠶᠡᠨ ᠠᠪᠤᠭᠰᠠᠨ 1 ᠰᠠᠷ᠎ᠠ ᠵᠢᠨ ᠳᠣᠲᠣᠷ᠎ᠠ᠂ ᠰᠠᠯᠠᠭ᠎ᠠ ᠮᠥᠴᠢᠷ᠎ᠤᠨ ᠰᠦᠯᠵᠢᠶᠡᠨ᠎ᠤ ᠥᠷᠲᠡᠭᠡ᠎ᠪᠠᠷ ᠳᠠᠮᠵᠢᠭᠤᠯᠤᠨ ᠬᠠᠮᠢᠶ᠎ᠠ ᠪᠥᠬᠥᠶ ᠮᠡᠳᠡᠭᠡ ᠵᠠᠩᠭᠢ ᠵᠢ ᠨᠡᠢ᠌ᠭᠡᠮ᠎ᠳᠤ ᠨᠡᠢ᠌ᠲᠡᠯᠡᠬᠦ ᠬᠡᠷᠡᠭᠲᠡᠶ; ᠠᠵᠢᠯᠯᠠᠭ᠎ᠠ ᠳᠠᠭᠤᠰᠤᠭᠰᠠᠨ᠎ᠤ ᠳᠠᠷᠠᠭ᠋ᠠᠬᠢ 1 ᠰᠠᠷ᠎ᠠ ᠵᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ ᠶᠣᠰᠣᠯᠠᠯ᠎ᠢ ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠢ᠌ᠯᠠᠩ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠲᠣᠬᠢᠷᠠᠭᠤᠯᠪᠠ)᠎ᠳᠤ ᠠᠵᠢᠯᠯᠠᠭ᠎ᠠ ᠵᠢᠨ ᠳ᠋ᠦᠩᠨᠡᠯᠲᠡ᠎ᠪᠠᠨ ᠮᠡᠳᠡᠭᠦᠯᠦᠭᠡᠷᠡᠢ᠃
ᠲᠤᠰᠬᠠᠢ ᠴᠣᠬᠤᠯᠠᠪᠤᠷᠢᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ
ᠶᠣᠰᠣᠯᠠᠯ᠎ᠢ ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠢ᠌ᠯᠠᠩ
2020 ᠣᠨ᠎ᠤ 12 ᠳ᠋ᠤᠭ᠋ᠠᠷ ᠰᠠᠷ᠎ᠠ ᠵᠢᠨ 14᠎ᠤ ᠡᠳᠦᠷ