ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠣᠶᠠᠳᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠤᠯᠠᠭ᠋ᠠᠨᠮᠥ᠋ᠴᠢᠷ᠎ᠤᠨ ᠰᠢᠨ᠎ᠡ ᠬᠥᠮᠦᠨ᠎ᠤ ᠰᠢᠨ᠎ᠡ ᠪᠦᠲᠦᠭᠡᠯ᠎ᠤᠨ ᠤᠷᠤᠯᠳᠤᠭ᠋ᠠᠨ᠎ᠤ ᠱᠠᠩᠨᠠᠯ ᠣᠯᠤᠭᠰᠠᠨ ᠨᠡᠷᠡᠰ᠎ᠢ ᠨᠡᠢ᠌ᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄ 2020-12-25

   


      ᠡᠯ᠎ᠡ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ᠎ᠤᠨ ᠵᠦᠴᠦᠭᠡ ᠵᠢᠨ ᠬᠦᠷᠢᠶᠡᠯᠡᠩ᠄
      ᠬᠣᠶᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠤᠯᠠᠭ᠋ᠠᠨᠮᠥ᠋ᠴᠢᠷ᠎ᠤᠨ ᠰᠢᠨ᠎ᠡ ᠬᠥᠮᠥᠨ᠎ᠤ ᠰᠢᠨ᠎ᠡ ᠪᠦᠲᠦᠭᠡᠯ᠎ᠤᠨ ᠤᠷᠤᠯᠳᠤᠭ᠋ᠠᠨ 2020 ᠣᠨ᠎ᠤ 11 ᠳ᠋ᠦ᠍ᠭᠡᠷ ᠰᠠᠷ᠎ᠠ ᠵᠢᠨ 17᠎ᠤ ᠡᠳᠦᠷ᠎ᠠᠴᠠ 22᠎ᠤᠨ ᠡᠳᠦᠷ ᠪᠣᠯᠲᠠᠯ᠎ᠠ ᠤᠯᠠᠭ᠋ᠠᠨᠬᠠᠳᠠ ᠳᠡᠭᠡᠳᠦ ᠰᠤᠷᠭ᠋ᠠᠭᠤᠯᠢ᠎ᠳᠤ ᠶᠠᠪᠤᠭᠳᠠᠪᠠ᠃ ᠲᠣᠰ ᠤᠳᠠᠭ᠋ᠠᠨ᠎ᠤ ᠤᠷᠤᠯᠳᠤᠭ᠋ᠠᠨ᠎ᠨᠢ ᠡᠯ᠎ᠡ ᠠᠢ᠌ᠮᠠᠭ ᠬᠣᠲᠠ ᠵᠢᠨ ᠳᠡᠪᠰᠢᠬᠦᠯᠦᠭᠰᠡᠨ ᠰᠠᠭᠤᠷᠢᠨ ᠳᠡᠭᠡᠷ᠎ᠡ᠂ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠯᠲᠠ᠎ᠪᠠᠷ ᠳᠡᠮᠵᠢᠨ᠂ ᠪᠥᠬᠥ ᠣᠷᠣᠨ᠎ᠤ ᠮᠡᠳᠡᠭᠦᠯᠦᠭᠰᠡᠨ 488 ᠪᠦᠲᠦᠭᠡᠯ᠎ᠠᠴᠠ 98 ᠪᠦᠲᠦᠭᠡᠯ᠎ᠢ ᠰᠢᠯᠭ᠋ᠠᠷᠠᠭᠤᠯᠵᠤ ᠲᠤᠬᠠᠶ ᠵᠢᠨ ᠲᠠᠯᠠᠪᠠᠶ ᠵᠢᠨ ᠰᠢᠢᠳᠪᠦᠷᠢᠲᠦ ᠤᠷᠤᠯᠳᠤᠭ᠋ᠠᠨ᠎ᠳᠤ ᠣᠷᠣᠯᠴᠠᠭᠤᠯᠵᠠᠶ᠃ ᠤᠷᠤᠯᠳᠤᠭ᠋ᠠᠨ ᠵᠶ᠋ᠠᠷ ᠳᠡᠮᠵᠢᠨ᠂ ᠠᠮᠢᠳᠤᠷᠠᠯ᠎ᠤᠨ ᠠᠭᠤᠷ ᠠᠮᠢᠰᠬᠤᠯ ᠵᠶ᠋ᠠᠷ ᠥᠳᠬᠡᠨ᠂ ᠴᠠᠭ ᠦᠶ᠎ᠡ ᠵᠢᠨ ᠣᠨᠴᠠᠯᠢᠭ ᠵᠶ᠋ᠠᠷ ᠢᠯᠡ ᠲᠣᠳᠣ᠂ ᠦᠵᠡᠯ ᠰᠠᠨᠠᠭ᠎ᠠ ᠰᠠᠢ᠌ᠨ᠂ ᠶᠠᠰᠤ ᠴᠢᠨᠠᠷ ᠥᠨᠳᠥᠷ᠂ ᠪᠣᠳᠠᠲᠤ ᠠᠮᠢᠳᠤᠷᠠᠯ᠎ᠢ ᠲᠤᠰᠬᠠᠭᠰᠠᠨ᠂ ᠬᠥᠭᠵᠢᠯᠲᠡ ᠵᠢᠨ ᠭᠣᠤᠯ ᠰᠡᠳᠦᠪ᠎ᠲᠠᠢ ᠨᠢᠭᠲᠠ ᠤᠶᠠᠯᠳᠤᠭᠰᠠᠨ᠂ ᠴᠠᠭ ᠦᠶ᠎ᠡ ᠵᠢᠨ ᠬᠡᠪ ᠰᠤᠷᠲᠠᠯ᠎ᠢ ᠮᠠᠭᠲᠠᠨ ᠳᠠᠭᠤᠯᠠᠭᠰᠠᠨ ᠨᠢᠭᠡ ᠪᠦᠯᠦᠭ ᠤᠷᠠᠯᠢᠭ᠎ᠤᠨ ᠪᠦᠲᠦᠭᠡᠯ ᠴᠣᠯᠭᠣᠷᠠᠨ ᠭᠠᠷᠤᠭᠰᠠᠨ ᠪᠥᠭᠡᠳ ᠪᠠᠰᠠ ᠨᠢᠭᠡ ᠪᠦᠯᠦᠭ ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢ᠎ᠪᠠᠷ ᠨᠡᠯᠢᠶᠡᠳ ᠴᠢᠩᠭ᠎ᠠ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠵᠶ᠋ᠠᠷ ᠨᠡᠯᠢᠶᠡᠳ ᠥᠨᠳᠥᠷ᠂ ᠨᠢᠭᠡ ᠵᠦᠢᠯ᠎ᠳᠤ ᠮᠡᠷᠭᠡᠰᠢᠵᠦ ᠣᠯᠠᠨ ᠵᠦᠢᠯ᠎ᠳᠤ ᠴᠠᠭ᠋ᠠᠷᠠᠭᠰᠠᠨ ᠰᠢᠨ᠎ᠡ ᠨᠢᠭᠡ ᠦᠶ᠎ᠡ ᠵᠢᠨ ᠵᠠᠯᠠᠭᠤᠴᠤᠳ ᠴᠣᠯᠭᠣᠷᠠᠨ ᠭᠠᠷᠤᠭᠰᠠᠨ ᠪᠠᠢ᠌ᠨ᠎ᠠ᠃
      ᠲᠤᠰ ᠤᠳᠠᠭ᠋ᠠᠨ᠎ᠤ ᠤᠷᠤᠯᠳᠤᠭ᠋ᠠᠨ᠎ᠳᠤ ᠡᠯ᠎ᠡ ᠳᠤᠭᠤᠢ᠌ᠯᠠᠩ᠎ᠤᠨ ᠲᠣᠭᠯᠠᠯᠲᠠ ᠵᠢᠨ ᠠᠯᠲᠠ᠂ ᠮᠥᠩᠭᠥ᠂ ᠬᠦᠷᠡᠯ ᠱᠠᠩᠨᠠᠯ᠂ ᠵᠣᠬᠢᠶᠠᠨ ᠪᠦᠲᠦᠭᠡᠯᠭᠡ ᠵᠢᠨ ᠱᠠᠩᠨᠠᠯ᠂ ᠣᠨᠴᠠᠭ᠋ᠠᠢ ᠱᠠᠩᠨᠠᠯ ᠪᠠ ᠰᠢᠯᠢᠳᠡᠭ ᠵᠣᠬᠢᠶᠠᠨ ᠪᠠᠢ᠌ᠭᠤᠯᠤᠯᠲᠠ ᠵᠢᠨ ᠱᠠᠩᠨᠠᠯ᠎ᠢ ᠰᠢᠯᠭ᠋ᠠᠷᠠᠭᠤᠯᠪᠠ᠃ ᠣᠳᠣ ᠱᠠᠩᠨᠠᠯ ᠣᠯᠤᠭᠰᠠᠨ ᠨᠡᠷᠡᠰ᠎ᠢ ᠨᠡᠢ᠌ᠲᠡᠯᠡᠶ᠎ᠡ᠃
      ᠳᠠᠭ᠋ᠠᠯᠳᠤᠭᠤᠯᠤᠯ᠄ ᠬᠣᠶᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠤᠯᠠᠭ᠋ᠠᠨᠮᠥ᠋ᠴᠢᠷ᠎ᠤᠨ ᠰᠢᠨ᠎ᠡ ᠬᠥᠮᠥᠨ᠎ᠤ ᠰᠢᠨ᠎ᠡ ᠪᠥᠲᠥᠭᠡᠯ᠎ᠤᠨ ᠤᠷᠤᠯᠳᠤᠭ᠋ᠠᠨ᠎ᠤ ᠱᠠᠩᠨᠠᠯ ᠣᠯᠤᠭᠰᠠᠨ ᠨᠡᠷᠡᠰ
                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ          
                             2020 ᠣᠨ᠎ᠤ 12 ᠳ᠋ᠤᠭ᠋ᠠᠷ ᠰᠠᠷ᠎ᠠ ᠵᠢᠨ 7  ᠎ᠤ ᠡᠳᠦᠷ

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠭᠤᠷᠪᠠᠳᠤᠭ᠋ᠠᠷ ᠬᠤᠭᠤᠴᠠᠭ᠋ᠠᠨ᠎ᠤ 《ᠤᠯᠠᠨ ᠲᠥᠮᠡᠨ᠎ᠤ ᠤᠷᠠᠯᠢᠭ᠎ᠤᠨ ᠤᠳᠤᠨ》᠎ᠢ ᠰᠢᠯᠭ᠋ᠠᠷᠠᠭᠤᠯᠤᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠮᠡᠳᠡᠭᠳᠡᠯ
ᠪᠠᠶᠠᠨᠨᠠᠭᠤᠷ ᠬᠣᠲᠠ ᠵᠢᠨ 《ᠲᠩᠷᠢ ᠵᠢᠨ ᠬᠡᠰᠢᠭᠲᠦ ᠪᠣᠷᠣᠲᠣᠬᠣᠶ》 2020 ᠣᠨ᠎ᠤ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠪᠣᠷᠣᠲᠣᠬᠣᠶ ᠵᠢᠨ ᠰᠣᠶᠣᠯ ᠤᠷᠠᠯᠢᠭ᠎ᠤᠨ ᠨᠠᠢ᠌ᠷ ᠵᠢᠴᠢ ᠪᠥᠬᠥ ᠬᠣᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ ᠡᠷᠭᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠸᠠᠩ ᡁᠢ ᠭᠠᠩ ᠨᠥᠬᠥᠷ᠎ᠤᠨ ᠠᠵᠢᠯ᠎ᠠᠴᠠ᠎ᠪᠠᠨ ᠪᠠᠭᠤᠵᠤ ᠠᠮᠠᠷᠠᠬᠤ ᠲᠤᠬᠠᠶ ᠮᠡᠳᠡᠭᠳᠡᠯ
ᠹᠠᠩ ᠶᠤᠸᠠᠢ ᠨᠥᠬᠥᠷ᠎ᠢ ᠲᠤᠰᠢᠶᠠᠯ ᠬᠠᠷᠢᠭᠤᠴᠠᠭᠤᠯᠵᠤ ᠲᠡᠰ᠎ᠢ ᠲᠣᠭᠲᠠᠭ᠋ᠠᠬᠤ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ ᠎ᠤ ᠭᠤᠷᠪᠠᠳᠤᠭ᠋ᠠᠷ ᠬᠤᠷᠠᠯ᠎ᠤᠨ 0640 ᠳ᠋ᠦ᠍ᠭᠡᠷ ᠲᠣᠭ᠋ᠠᠲᠤ ᠰᠠᠨᠠᠯ ᠳᠤᠷᠠᠳᠤᠯᠭ᠎ᠠ ᠵᠢᠨ ᠲᠤᠬᠠᠶ ᠬᠠᠷᠢᠭᠤᠯᠲᠠ
 
            