ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ ᠎ᠤ ᠭᠤᠷᠪᠠᠳᠤᠭ᠋ᠠᠷ ᠬᠤᠷᠠᠯ᠎ᠤᠨ 0640 ᠳ᠋ᠦ᠍ᠭᠡᠷ ᠲᠣᠭ᠋ᠠᠲᠤ ᠰᠠᠨᠠᠯ ᠳᠤᠷᠠᠳᠤᠯᠭ᠎ᠠ ᠵᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄ 2020-12-25



ᠭᠡᠰᠢᠭᠦᠨ ᠪᠠᠳᠮ᠎ᠠ᠎ᠳᠤ᠄
      ᠲᠠᠨ᠎ᠤ ᠳᠤᠷᠠᠳᠤᠭᠰᠠᠨ 《ᠲᠣᠮᠣ ᠬᠡᠯᠪᠡᠷᠢ ᠵᠢᠨ ᠮᠣᠷᠢᠨ ᠪᠥᠵᠢᠭᠲᠦ ᠵᠦᠴᠦᠭᠡ〈ᠮᠢᠩᠭ᠋ᠠᠨ ᠭᠠᠯᠪᠠ ᠵᠢᠨ ᠮᠣᠷᠢᠨ᠎ᠤ ᠮᠠᠭᠲᠠᠭ᠋ᠠᠯ〉᠎ᠢ ᠲᠡᠳᠬᠦᠬᠦ ᠡᠷᠴᠢᠮ ᠵᠶ᠋ᠡᠨ ᠴᠢᠩᠭ᠋ᠠᠷᠠᠭᠤᠯᠵᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠲᠣᠭᠯᠠᠯᠲᠠ ᠵᠢᠨ ᠰᠣᠳᠣᠨ ᠪᠦᠲᠦᠭᠡᠯ᠎ᠢ ᠡᠭᠦᠳᠦᠨ ᠪᠦᠲᠦᠭᠡᠬᠦ ᠲᠤᠬᠠᠶ ᠰᠠᠨᠠᠯ ᠳᠤᠷᠠᠳᠤᠯᠭ᠎ᠠ》ᠵᠢ ᠣᠯᠵᠤ ᠣᠢ᠌ᠯᠠᠭ᠋ᠠᠪᠠ᠂ ᠣᠲᠣ ᠳᠣᠤᠷᠠᠬᠢ ᠮᠡᠲᠦ ᠬᠠᠷᠢᠭᠤᠯᠲᠠ ᠥᠭᠭᠦᠶ᠎ᠡ᠄
     《ᠮᠢᠩᠭ᠋ᠠᠨ ᠭᠠᠯᠪᠠ ᠵᠢᠨ ᠮᠣᠷᠢᠨ᠎ᠤ ᠮᠠᠭᠲᠠᠭ᠋ᠠᠯ》᠎ᠨᠢ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠭᠣᠣᠯᠳᠠᠯᠭ᠎ᠠ᠎ᠲᠠᠢ ᠲᠥᠷᠥᠯ ᠵᠦᠢ᠍ᠯ ᠪᠣᠯᠤᠭᠰᠠᠨ᠎ᠤ ᠬᠤᠪᠢ᠎ᠳᠤ᠂ ᠰᠡᠳᠦᠪ ᠲᠣᠭᠲᠠᠭ᠋ᠠᠭᠰᠠᠨ᠎ᠠᠴᠠ ᠨᠠᠭ᠋ᠠᠰᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠣᠯᠠᠨ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠣᠯᠵᠤ᠂ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠡᠯᠡ ᠮᠥᠩᠭᠥ᠂ ᠤᠯᠤᠰ᠎ᠤᠨ ᠤᠷᠠᠯᠢᠭ᠎ᠤᠨ ᠰᠠᠭᠤᠷᠢ ᠮᠥᠩᠭᠥ ᠵᠡᠷᠭᠡ ᠵᠢᠨ ᠲᠤᠰᠠᠯᠠᠮᠵᠢ ᠵᠢ ᠬᠦᠷᠲᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠠᠩᠬᠢᠮ ᠴᠤ᠌《ᠮᠢᠩᠭ᠋ᠠᠨ ᠭᠠᠯᠪᠠ ᠵᠢᠨ ᠮᠣᠷᠢᠨ᠎ᠤ ᠮᠠᠭᠲᠠᠭ᠋ᠠᠯ》ᠲᠥᠰᠦᠯ᠎ᠢ ᠮᠠᠰᠢ ᠶᠡᠬᠡ ᠠᠩᠬᠠᠷᠴᠤ᠂ ᠣᠯᠠᠨ ᠲᠠᠯ᠎ᠠ ᠵᠢᠨ ᠶᠡᠬᠡᠬᠡᠨ ᠳᠡᠮᠵᠢᠯᠭᠡ ᠦᠵᠡᠭᠦᠯᠦᠭᠰᠡᠨ ᠪᠠᠢ᠌ᠨ᠎ᠠ᠃ 2019 ᠣᠨ᠎ᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠤᠯᠯᠠᠨ ᠡᠷᠭᠢᠯᠡᠭᠰᠡᠨ《ᠦᠵᠡᠰᠬᠦᠯᠡᠩᠲᠦ ᠰᠠᠢ᠌ᠬᠠᠨ ᠥᠪᠥᠷ ᠮᠣᠩᠭᠣᠯ》 ᠠᠵᠢᠯᠯᠠᠭ᠎ᠠ ᠶᠠᠫᠣᠨ᠎ᠤ ᠤᠤᠰᠠᠺᠠ᠂ ᠺᠣᠷᠢᠶᠠ ᠵᠢᠨ ᠰᠸᠦ᠋ᠯ᠎ᠤᠨ ᠰᠣᠶᠣᠯ ᠪᠠ ᠵᠢᠭᠤᠯᠴᠢᠯᠠᠯ᠎ᠤᠨ ᠲᠠᠨᠢᠯᠴᠠᠭᠤᠯᠭ᠎ᠠ ᠵᠢᠨ ᠬᠤᠷᠠᠯ ᠳᠡᠭᠡᠷ᠎ᠡ ᠴᠥᠮ ᠭᠣᠤᠯᠳᠠᠯᠭ᠎ᠠ᠎ᠲᠠᠢ ᠲᠠᠨᠢᠯᠴᠠᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠡᠢ᠌ᠲᠡᠯᠡᠭᠰᠡᠨ 2019 ᠣᠨ᠎ᠤ《ᠮᠣᠷᠢ ᠤᠨᠤᠵᠤ ᠲᠠᠯ᠎ᠠ ᠨᠤᠲᠤᠭ ᠵᠶ᠋ᠠᠷ ᠵᠤᠭ᠋ᠠᠴᠠᠬᠤ》ᠠᠷᠪᠠᠨ ᠶᠡᠬᠡ ᠭᠣᠤᠯ ᠰᠡᠳᠦᠪᠲᠦ ᠪᠦᠲᠦᠭᠡᠭᠳᠡᠬᠦᠨ᠎ᠳᠤ ᠪᠠᠰᠠ《ᠮᠢᠩᠭ᠋ᠠᠨ ᠭᠠᠯᠪᠠ ᠵᠢᠨ ᠮᠣᠷᠢᠨ᠎ᠤ ᠮᠠᠭᠲᠠᠭ᠋ᠠᠯ》᠎ᠢ ᠠᠯᠪᠠᠨ᠎ᠤ ᠲᠠᠯ᠎ᠠ ᠎ᠠᠴᠠ ᠲᠠᠨᠢᠯᠴᠠᠭᠤᠯᠤᠭᠰᠠᠨ ᠴᠣᠷ᠎ᠤᠨ ᠭᠠᠭᠴᠠ ᠤᠷᠠᠯᠢᠭ᠎ᠤᠨ ᠪᠦᠲᠦᠭᠡᠭᠳᠡᠬᠦᠨ ᠪᠤᠯᠭ᠋ᠠᠭᠰᠠᠨ ᠪᠠᠢ᠌ᠨ᠎ᠠ᠃ 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2020 ᠣᠨ᠎ᠤ ᠠᠵᠢᠯ᠎ᠤᠨ ᠭᠣᠤᠯᠳᠠᠯᠭ᠎ᠠ》᠎ᠳᠤ᠂《ᠮᠢᠩᠭ᠋ᠠᠨ ᠭᠠᠯᠪᠠ ᠵᠢᠨ ᠮᠣᠷᠢᠨ᠎ᠤ ᠮᠠᠭᠲᠠᠭ᠋ᠠᠯ》ᠵᠡᠷᠭᠡ ᠲᠠᠯᠠᠪᠠᠶ᠎ᠳᠤ ᠰᠠᠭᠤᠭ᠎ᠠ ᠲᠣᠭᠯᠠᠯᠲᠠ ᠵᠢᠨ ᠲᠥᠷᠥᠯ ᠵᠦᠢᠯ᠎ᠢ ᠭᠣᠤᠯᠳᠠᠯᠭ᠎ᠠ᠎ᠲᠠᠢ ᠳᠡᠮᠵᠢᠬᠦ ᠬᠡᠷᠡᠭᠲᠡᠶ ᠭᠡᠵᠦ ᠲᠣᠳᠣᠷᠬᠠᠶ ᠳᠤᠷᠠᠳᠴᠠᠶ᠃
      ᠲᠠᠨ᠎ᠤ ᠳᠤᠷᠠᠳᠤᠭᠰᠠᠨ《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ〈ᠮᠢᠩᠭ᠋ᠠᠨ ᠭᠠᠯᠪᠠ ᠵᠢᠨ ᠮᠣᠷᠢᠨ᠎ᠤ ᠮᠠᠭᠲᠠᠭ᠋ᠠᠯ〉ᠭᠡᠬᠦ ᠵᠦᠴᠦᠭᠡ ᠵᠢᠨ ᠳᠡᠪᠲᠡᠷ᠎ᠢ ᠵᠣᠬᠢᠶᠠᠨ ᠪᠦᠲᠦᠭᠡᠵᠦ ᠳᠡᠭᠡᠭᠰᠢᠯᠡᠭᠦᠯᠬᠦ ᠠᠵᠢᠯ᠎ᠢ ᠬᠠᠷᠢᠭᠤᠴᠠᠬᠤ ᠬᠡᠷᠡᠭᠲᠡᠢ》ᠭᠡᠬᠦ ᠰᠠᠨᠠᠭᠤᠯᠭ᠎ᠠ ᠵᠢ ᠪᠢᠳᠡ ᠮᠠᠰᠢ ᠵᠥᠪᠰᠢᠶᠡᠷᠡᠵᠦ ᠪᠠᠢ᠌ᠨ᠎ᠠ᠃《ᠮᠢᠩᠭ᠋ᠠᠨ ᠭᠠᠯᠪᠠ ᠵᠢᠨ ᠮᠣᠷᠢᠨ᠎ᠤ ᠮᠠᠭᠲᠠᠭ᠋ᠠᠯ》᠎ᠤᠨ ᠡᠭᠦᠳᠦᠨ ᠪᠦᠲᠦᠭᠡᠬᠦ ᠪᠦᠯᠬᠦᠮ᠎ᠤᠨ ᠡᠩᠨᠡᠭᠡ ᠬᠦᠴᠦᠷᠬᠡᠭ ᠶᠡᠬᠡ᠂ ᠪᠣᠳᠠᠲᠤ ᠬᠦᠴᠦᠨ᠎ᠲᠠᠢ ᠪᠥᠭᠡᠳ 6 ᠵᠢᠯ ᠭᠠᠷᠤᠶ ᠵᠢᠨ ᠲᠣᠭᠯᠠᠯᠲᠠ ᠵᠢᠨ ᠦᠢᠯᠡᠳᠦᠯᠭᠡ ᠳᠤᠮᠳᠠ ᠡᠯ᠎ᠡ ᠲᠠᠯ᠎ᠠ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠲᠠᠰᠤᠷᠠᠯᠲᠠ ᠥᠬᠡᠶ ᠰᠢᠩᠭᠡᠭᠡᠨ ᠠᠪᠴᠤ᠂ ᠲᠠᠰᠤᠷᠠᠯᠲᠠ ᠥᠬᠡᠶ ᠥᠭᠡᠷᠡᠴᠢᠯᠡᠨ ᠲᠠᠰ ᠳᠡᠪᠰᠢᠭᠦᠯᠵᠦ ᠪᠠᠢ᠌ᠨ᠎ᠠ᠂ ᠶᠠᠭ ᠲᠠᠨ᠎ᠤ ᠬᠡᠯᠡᠭᠰᠡᠨᠴᠢᠯᠡᠨ᠄《ᠮᠢᠩᠭ᠋ᠠᠨ ᠭᠠᠯᠪᠠ ᠵᠢᠨ ᠮᠣᠷᠢᠨ᠎ᠤ ᠮᠠᠭᠲᠠᠭ᠋ᠠᠯ》᠎ᠨᠢ ᠵᠢᠷᠭᠤᠭ᠋ᠠᠨ ᠵᠢᠯ᠎ᠤᠨ ᠳᠠᠪᠲᠠᠯᠲᠠ ᠵᠢ ᠥᠩᠭᠡᠷᠡᠭᠡᠭᠡᠳ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠨᠢᠭᠡᠨᠲᠡ ᠰᠠᠢ᠌ᠨ ᠰᠠᠢ᠌ᠬᠠᠨ ᠮᠠᠭᠲᠠᠭ᠋ᠠᠯ ᠰᠠᠢ᠌ᠰᠢᠶᠠᠯ᠎ᠢ ᠬᠦᠷᠲᠡᠭᠰᠡᠨ ᠪᠦᠭᠡᠳ ᠨᠡᠯᠢᠶᠡᠳ ᠶᠡᠬᠡ ᠨᠥᠯᠥᠭᠡᠯᠡᠬᠦ ᠬᠦᠴᠦᠨ᠎ᠲᠠᠢ ᠪᠣᠯᠤᠭᠰᠠᠨ ᠪᠠᠢ᠌ᠨ᠎ᠠ》᠃ ᠬᠣᠢ᠌ᠰᠢᠳᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠶᠡᠷᠦᠩᠬᠡᠶ ᠠᠵᠢᠯ᠎ᠤᠨ ᠪᠠᠢ᠌ᠷᠢᠯᠠᠭᠤᠯᠤᠯᠲᠠ ᠵᠢ ᠦᠨᠳᠦᠰᠦᠯᠡᠨ᠂ ᠪᠢᠳᠡ ᠪᠥᠬᠥ ᠬᠦᠴᠦᠨ ᠵᠶ᠋ᠡᠷ ᠵᠶ᠋ᠡᠨ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠲᠠᠢ ᠬᠠᠮᠵᠢᠯᠴᠠᠨ《ᠮᠢᠩᠭ᠋ᠠᠨ ᠭᠠᠯᠪᠠ ᠵᠢᠨ ᠮᠣᠷᠢᠨ᠎ᠤ ᠮᠠᠭᠲᠠᠭ᠋ᠠᠯ》ᠵᠦᠴᠦᠭᠡ ᠵᠢᠨ ᠳᠡᠪᠲᠡᠷ᠎ᠢ ᠵᠣᠬᠢᠶᠠᠨ ᠪᠦᠲᠦᠭᠡᠵᠦ ᠳᠡᠭᠡᠭᠰᠢᠯᠡᠭᠦᠯᠬᠦ᠂ ᠲᠥᠷᠥᠯ ᠵᠦᠢᠯ᠎ᠤᠨ ᠲᠣᠭᠯᠠᠯᠲᠠ ᠵᠢ ᠲᠠᠨᠢᠯᠴᠠᠭᠤᠯᠬᠤ ᠵᠡᠷᠭᠡ ᠠᠵᠢᠯ᠎ᠢ ᠰᠠᠢ᠌ᠲᠤᠷ ᠬᠢᠨ᠎ᠠ᠃   ᠲᠠᠨ᠎ᠤ 《ᠮᠢᠩᠭ᠋ᠠᠨ ᠭᠠᠯᠪᠠ ᠵᠢᠨ ᠮᠣᠷᠢᠨ᠎ᠤ ᠮᠠᠭᠲᠠᠭ᠋ᠠᠯ》ᠵᠢᠴᠢ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠵᠦᠴᠦᠭᠡ ᠵᠢᠨ ᠲᠦᠷᠦᠯ᠎ᠤᠨ ᠬᠦᠭᠵᠢᠯᠲᠡ ᠵᠢ ᠠᠩᠬᠠᠷᠤᠨ ᠳᠡᠮᠵᠢᠭᠰᠡᠨ᠎ᠳᠤ ᠲᠠᠯᠠᠷᠬᠠᠵᠤ ᠪᠠᠢ᠌ᠨ᠎ᠠ᠂ ᠲᠠᠨ᠎ᠤ ᠬᠣᠢ᠌ᠰᠢᠳᠠ ᠡᠨᠡ ᠲᠠᠯ᠎ᠠ᠎ᠪᠠᠷ ᠦᠷᠭᠦᠯᠵᠢᠯᠡᠨ ᠰᠠᠨᠠᠯ ᠰᠠᠨᠠᠭᠤᠯᠭ᠎ᠠ ᠳᠤᠷᠠᠳᠴᠤ᠂ ᠨᠠᠩ ᠣᠯᠠᠨ᠂ ᠨᠠᠩ ᠰᠠᠢ᠌ᠨ ᠰᠠᠨᠠᠯ ᠰᠠᠨᠠᠭᠤᠯᠭ᠎ᠠ ᠳᠤᠷᠠᠳᠬᠤ ᠵᠢ ᠬᠦᠰᠡᠵᠦ ᠪᠠᠢ᠌ᠨ᠎ᠠ᠃  


                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ  
                            2020 ᠣᠨ᠎ᠤ 10 ᠳ᠋ᠤᠭ᠋ᠠᠷ ᠰᠠᠷ᠎ᠠ ᠵᠢᠨ 11  ᠎ᠤ ᠡᠳᠦᠷ

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠤᠳᠬᠤ ᠭᠠᠵᠠᠷ᠎ᠤᠨ ᠠᠯᠪᠠᠨ ᠵᠠᠷ
ᠱ᠌ᠢ᠎ᠲᠠᠢ ᠹᠧᠩ ᠪᠠᠴᠢᠮ ᠬᠤᠷᠠᠯ ᠡᠷᠬᠢᠯᠡᠨ ᠬᠤᠷᠠᠯᠳᠤᠭᠤᠯᠵᠤ ᠡᠯ᠎ᠡ ᠠᠶ᠋ᠢᠮᠠᠭ ᠬᠤᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠲᠤᠬᠢᠷᠠᠭᠤᠯᠤᠯᠳᠠ ᠬᠢᠪᠠ
ᠱ᠌ᠢ᠎ᠲᠠᠢ ᠹᠧᠩ ᠥᠪᠥᠷ ᠮᠣᠩᠭᠤᠯ᠎ᠤᠨ ᠳᠥᠷᠪᠡᠳᠦᠭᠡᠷ ᠡᠮᠨᠡᠯᠭᠡ ᠵᠢᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠲᠤ ᠪᠠᠶ᠋ᠢᠴᠠᠭ᠋ᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ᠎ᠳᠠᠭᠠᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠲᠦᠷᠭᠡᠨ ᠨᠠᠷᠢᠯᠢᠭ ᠨᠠᠶ᠋ᠢᠳᠠᠪᠤᠷᠢᠵᠢᠭᠤᠯᠵᠤ ᠬᠢᠵᠢᠭ᠎ᠤᠨ ᠪᠠᠶ᠋ᠢᠳᠠᠯ᠎ᠤᠨ ᠲᠠᠷᠬᠠᠨ ᠳᠡᠯᠭᠡᠷᠡᠬᠦ ᠬᠠᠨᠳᠤᠰᠢ ᠵᠢ ᠲᠠᠰᠤ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ
ᠸᠠᠩ ᠯᠢ ᠰᠢᠶᠠ ᠡᠵᠡᠨ᠎ᠡ ᠬᠤᠰᠢᠭᠤᠨ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠵᠢᠭ᠋ᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ᠎ᠳᠠᠭᠠᠨ ᠴᠢᠬᠤᠯᠠᠴᠢᠯᠠᠭᠰᠠᠨ᠎ᠨᠢ ᠳᠠᠬᠢᠨ ᠳᠦᠷᠬᠡᠳᠬᠡᠵᠥ ᠳᠠᠬᠢᠨ ᠤᠨᠤᠪᠴᠢᠳᠠᠢ ᠪᠤᠯᠭ᠋ᠠᠵᠥ ᠳᠠᠬᠢᠨ ᠴᠢᠩᠭ᠋ᠠᠳᠬᠠᠨ ᠪᠣᠲᠠᠲᠠᠶ᠋ᠢᠵᠢᠭᠤᠯᠵᠥ ᠬᠢᠵᠢᠭ᠎ᠤᠨ ᠲᠠᠷᠬᠠᠨ ᠳᠡᠯᠭᠡᠷᠡᠬᠦ ᠬᠠᠨᠳᠤᠰᠢ ᠵᠢ ᠪᠦᠬᠦ ᠬᠦᠴᠦᠨ ᠵᠶ᠋ᠠᠷ ᠵᠶ᠋ᠠᠨ ᠡᠷᠡᠰ ᠬᠤᠷᠢᠭᠯᠠᠬᠤ ᠬᠡᠷᠡᠭᠳᠡᠢ
ᠸᠠᠩ ᠯᠢ ᠰᠢᠶᠠ ᠡᠵᠡᠨ᠎ᠡ ᠬᠤᠰᠢᠭᠤᠨ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠱᠠᠯᠠᠪᠳᠠᠭᠤᠯᠤᠨ ᠵᠢᠯᠣᠭᠤᠳᠴᠤ ᠪᠠᠶ᠋ᠢᠴᠠᠭ᠋ᠠᠬᠤ᠎ᠳᠠᠭᠠᠨ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠢᠮᠪᠠᠢ ᠨᠠᠶ᠋ᠢᠳᠠᠪᠤᠷᠢᠵᠢᠭᠤᠯᠵᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠥᠨᠥᠭᠡᠯᠲᠡ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠡᠷᠲᠡᠬᠡᠨ ᠣᠯᠬᠤ᠎ᠪᠠᠷ ᠴᠢᠷᠮᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ
 
            