ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠪᠠᠶᠠᠨᠨᠠᠭᠤᠷ ᠬᠣᠲᠠ ᠵᠢᠨ 《ᠲᠩᠷᠢ ᠵᠢᠨ ᠬᠡᠰᠢᠭᠲᠦ ᠪᠣᠷᠣᠲᠣᠬᠣᠶ》 2020 ᠣᠨ᠎ᠤ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠪᠣᠷᠣᠲᠣᠬᠣᠶ ᠵᠢᠨ ᠰᠣᠶᠣᠯ ᠤᠷᠠᠯᠢᠭ᠎ᠤᠨ ᠨᠠᠢ᠌ᠷ ᠵᠢᠴᠢ ᠪᠥᠬᠥ ᠬᠣᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ ᠡᠷᠭᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠨᠡᠶᠢᠲᠡᠯᠡᠭᠰᠡᠨ ᠴᠠᠭ᠄ 2020-12-25




ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠶᠠᠨᠨᠠᠭᠤᠷ ᠬᠣᠲᠠ ᠵᠢᠨ ᠬᠣᠷᠢᠶ᠎ᠠ᠄
     《〈ᠲᠩᠷᠢ ᠵᠢᠨ ᠬᠡᠰᠢᠭᠲᠦ ᠪᠣᠷᠣᠲᠣᠬᠣᠶ〉 2020 ᠣᠨ᠎ᠤ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠪᠣᠷᠣᠲᠣᠬᠣᠶ ᠵᠢᠨ ᠰᠣᠶᠣᠯ ᠤᠷᠠᠯᠢᠭ᠎ᠤᠨ ᠨᠠᠢ᠌ᠷ ᠵᠢᠴᠢ ᠪᠥᠬᠥ ᠬᠣᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ᠎ᠢ ᠡᠷᠭᠢᠯᠡᠬᠦ ᠲᠤᠬᠠᠶ ᠪᠠᠶᠠᠨᠨᠠᠭᠤᠷ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠵᠢᠭ᠋ᠠᠪᠤᠷᠢ》 (ᠪᠠᠶᠠᠨᠨᠠᠭᠤᠷ ᠬᠤᠲᠠ ᠵᠢᠨ ᠨᠠᠮ᠎ᠤᠨ ᠰᠣᠨᠢᠨ [2020] 35 ᠳ᠋ᠤᠭ᠋ᠠᠷ ᠲᠣᠭ᠋ᠠᠲᠤ) ᠵᠢ ᠣᠢ᠌ᠯᠠᠭ᠋ᠠᠪᠠ᠃ 《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ ᠪᠠᠭᠤᠯᠭ᠋ᠠᠭᠰᠠᠨ [2012] 18 ᠳ᠋ᠤᠭ᠋ᠠᠷ ᠲᠣᠭ᠋ᠠᠲᠤ)᠂ 《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠬᠦ ᠨᠠᠷᠢᠨ ᠲᠦᠷᠢᠮ》 (ᠪᠥᠬᠥ ᠤᠯᠤᠰ᠎ᠤᠨ ᠪᠠᠶᠠᠷ᠎ᠤᠨ ᠶᠣᠰᠣᠯᠠᠯ ᠰᠤᠳᠤᠯᠤᠨ ᠶᠠᠷᠢᠯᠴᠠᠬᠤ ᠬᠤᠷᠠᠯ ᠶᠠᠷᠢᠯᠴᠠᠭ᠋ᠠᠨ᠎ᠤ ᠲᠠᠪᠴᠠᠩ᠎ᠤᠨ ᠠᠵᠢᠯᠯᠠᠭ᠎ᠠ ᠵᠢ ᠢᠯᠭ᠋ᠠᠷᠠᠭᠤᠯᠤᠨ ᠵᠢᠷᠤᠮᠵᠢᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠠᠭᠤᠯᠭ᠋ᠠᠭᠰᠠᠨ [2019] 1 ᠳ᠋ᠦ᠍ᠭᠡᠷ ᠲᠣᠭ᠋ᠠᠲᠤ) ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 《ᠪᠠᠶᠠᠷ ᠳᠤᠷᠠᠰᠬᠠᠯ᠎ᠤᠨ ᠡᠳᠦᠷ᠂ ᠶᠠᠷᠢᠶᠠᠨ᠎ᠤ ᠲᠠᠪᠴᠠᠩ᠂ ᠦᠵᠡᠰᠬᠦᠯᠡᠩ ᠴᠤᠭᠯᠠᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠠᠵᠢᠯ᠎ᠢ ᠦᠨᠡᠨ ᠬᠦ᠌ ᠴᠢᠩᠭ᠋ᠠᠳᠬᠠᠬᠤ ᠲᠤᠬᠠᠶ ᠮᠡᠳᠡᠭᠳᠡᠯ》᠂ 《ᠪᠠᠶᠠᠷ ᠳᠤᠷᠠᠰᠬᠠᠯ ᠶᠠᠷᠢᠶᠠᠨ᠎ᠤ ᠲᠠᠪᠴᠠᠩ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ》 (ᠥᠪᠥᠷ ᠮᠤᠩᠭᠤᠯ᠎ᠤᠨ ᠪᠠᠶᠠᠷ ᠳᠤᠷᠠᠰᠬᠠᠯ᠎ᠤᠨ ᠠᠵᠢᠯᠯᠠᠭ᠎ᠠ ᠵᠢ ᠵᠢᠷᠤᠮᠵᠢᠭᠤᠯᠬᠤ ᠳᠤᠭᠤᠢ᠌ᠯᠠᠩ ᠥᠰᠥᠭ [2020] 2 ᠳ᠋ᠤᠭ᠋ᠠᠷ ᠲᠣᠭ᠋ᠠᠲᠤ) ᠵᠡᠷᠭᠡ ᠲᠥᠪ ᠬᠣᠷᠢᠶ᠎ᠠ  ᠂ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠵᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠪᠠᠶᠠᠷ᠎ᠤᠨ ᠶᠣᠰᠣᠯᠠᠯ᠎ᠤᠨ ᠠᠵᠢᠯ᠎ᠢ ᠵᠢᠷᠤᠮᠵᠢᠭᠤᠯᠬᠤ ᠲᠤᠰᠬᠠᠶ ᠳᠤᠭᠤᠢ᠌ᠯᠠᠩ᠎ᠤᠨ ᠠᠩᠬᠠᠨ᠎ᠤ ᠬᠢᠨᠠᠯᠲᠠ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠵᠢᠷᠤᠮᠵᠢᠭᠤᠯᠤᠨ ᠠᠳᠠᠯᠢᠳᠬᠠᠨ ᠰᠢᠯᠭ᠋ᠠᠷᠠᠭᠤᠯᠵᠤ ᠪᠠᠷᠢᠮᠵᠢᠶ᠎ᠠ᠎ᠳᠤ ᠬᠦᠷᠦᠭᠦᠯᠵᠦ ᠬᠥᠬᠢᠭᠦᠯᠦᠨ ᠰᠠᠢ᠌ᠰᠢᠶᠠᠬᠤ ᠵᠢᠴᠢ ᠪᠠᠶᠠᠷ ᠳᠤᠷᠠᠰᠬᠠᠯ᠎ᠤᠨ ᠶᠠᠷᠢᠶᠠᠨ᠎ᠤ ᠲᠠᠪᠴᠠᠩ ᠦᠵᠡᠰᠬᠦᠯᠡᠩ᠎ᠤᠨ ᠴᠤᠭᠯᠠᠭ᠋ᠠᠨ᠎ᠤ ᠠᠵᠢᠯᠯᠠᠭ᠎ᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ 2020 ᠤᠨ᠎ᠤ ᠨᠢᠭᠡᠳᠦᠭᠡᠷ ᠤᠳᠠᠭ᠋ᠠᠨ᠎ᠤ ᠬᠤᠷᠠᠯ᠎ᠳᠤ ᠮᠡᠳᠡᠭᠦᠯᠦᠨ ᠰᠤᠳᠤᠯᠤᠭᠤᠯᠬᠤ ᠵᠢᠨ ᠬᠠᠮᠲᠤ ᠤᠳᠤᠷᠢᠳᠬᠤ ᠳᠤᠭᠤᠢ᠌ᠯᠠᠩ ᠵᠶ᠋ᠠᠷ ᠬᠢᠨᠠᠨ ᠬᠠᠷᠭᠤᠭᠤᠯᠵᠤ ᠵᠦᠪᠰᠢᠶᠡᠷᠡᠭᠦᠯᠪᠡ᠂ ᠣᠲᠣ ᠲᠠᠨ᠎ᠤ ᠬᠣᠲᠠ ᠵᠢᠨ ᠡᠷᠬᠢᠯᠡᠬᠦ᠎ᠪᠠᠷ ᠪᠠᠢ᠌ᠭ᠎ᠠ 《ᠲᠩᠷᠢ ᠵᠢᠨ ᠬᠡᠰᠢᠭᠲᠦ ᠪᠣᠷᠣᠲᠣᠬᠣᠶ》 2020 ᠣᠨ᠎ᠤ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠪᠣᠷᠣᠲᠣᠬᠣᠶ ᠵᠢᠨ ᠰᠣᠶᠣᠯ ᠤᠷᠠᠯᠢᠭ᠎ᠤᠨ ᠨᠠᠢ᠌ᠷ ᠵᠢᠴᠢ ᠪᠥᠬᠥ ᠬᠣᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ ᠡᠷᠬᠢᠯᠡᠬᠦ ᠵᠢ ᠵᠦᠪᠰᠢᠶᠡᠷᠡᠪᠡ᠃
      ᠡᠭᠦᠨ᠎ᠤ ᠬᠠᠮᠲᠤ᠂ ᠳᠣᠤᠷᠠᠬᠢ ᠱᠠᠭ᠋ᠠᠷᠳᠠᠯᠭ᠎ᠠ ᠵᠢ ᠳᠤᠷᠠᠳᠪᠠ᠄ ᠨᠢᠭᠡ᠎ᠳᠤ᠂ ᠣᠳᠣᠬᠠᠨ᠎ᠤ ᠬᠢᠯᠢ ᠵᠢᠨ ᠭᠠᠳᠠᠨ᠎ᠠ᠎ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ᠂ ᠬᠢᠯᠢ ᠵᠢᠨ ᠳᠣᠲᠣᠷᠠᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠳᠠᠯ ᠬᠦᠨᠳᠦ ᠨᠣᠴᠢᠲᠠᠶ ᠪᠠᠢ᠌ᠬᠤ ᠪᠠᠢ᠌ᠳᠠᠯ ᠲᠤᠤᠷ᠎ᠠ ᠲᠣᠭᠲᠠᠭᠰᠠᠨ ᠬᠤᠭᠤᠴᠠᠭ᠋ᠠᠨ᠎ᠳᠤ ᠶᠠᠪᠤᠭᠳᠠᠵᠤ ᠴᠢᠳᠠᠬᠤ ᠡᠰᠡᠬᠦ ᠵᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠳᠠᠯ ᠪᠣᠯᠤᠨ ᠤᠯᠤᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠵᠥᠪᠰᠢᠶᠡᠷᠡᠯ᠎ᠤᠨ ᠪᠠᠢ᠌ᠳᠠᠯ ᠳᠣᠤᠷ᠎ᠠ ᠲᠣᠭᠲᠠᠭ᠋ᠠᠬᠤ ᠬᠡᠷᠡᠭᠲᠡᠶ᠃ ᠬᠣᠶᠠᠷ᠎ᠲᠤ᠂ 《ᠬᠡᠨ ᠳᠡᠪᠰᠢᠭᠦᠯᠪᠡᠯ ᠬᠡᠨ ᠬᠠᠷᠢᠭᠤᠴᠠᠬᠤ》᠂ 《ᠬᠡᠨ ᠭᠣᠤᠯᠯᠠᠨ ᠡᠷᠬᠢᠯᠡᠪᠡᠯ ᠬᠡᠨ ᠬᠠᠷᠢᠭᠤᠴᠠᠬᠤ》 ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠡᠯ᠎ᠡ ᠵᠦᠢᠯ᠎ᠤᠨ ᠬᠠᠷᠢᠭᠤᠴᠠᠯᠭ᠎ᠠ ᠵᠢ ᠲᠤᠬᠠᠢ ᠵᠢᠨ ᠬᠥᠮᠦᠨ᠎ᠳᠤ᠎ᠨᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠠᠵᠢᠯᠯᠠᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ᠂ ᠲᠥᠪ᠎ᠤᠨ ᠨᠠᠢᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠲᠥᠬᠥᠷ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ ᠡᠯ᠎ᠡ ᠵᠦᠢᠯ᠎ᠤᠨ ᠠᠵᠢᠯᠯᠠᠭ᠎ᠠ ᠥᠷᠨᠢᠭᠦᠯᠵᠦ᠂ ᠰᠠᠢ᠌ᠲᠤᠷ ᠭᠠᠮᠨᠠᠨ ᠠᠷᠪᠢᠯᠠᠵᠤ᠂ ᠪᠠᠶᠠᠷ ᠳᠤᠷᠠᠰᠬᠠᠯ᠎ᠢ ᠬᠢᠬᠦ᠎ᠳᠤ ᠠᠷᠪᠢᠯᠠᠨ ᠭᠠᠮᠨᠠᠬᠤ ᠬᠡᠷᠡᠭᠲᠡᠶ᠃ ᠲᠦᠷᠪᠡ᠎ᠳᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠵᠥᠪ ᠤᠳᠤᠷᠢᠳᠤᠮᠵᠢ ᠵᠢ ᠴᠢᠩᠭ᠎ᠠ ᠡᠵᠡᠮᠳᠡᠵᠦ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ ᠲᠠᠪᠤ᠎ᠳᠤ᠂ ᠭᠠᠳᠠᠭ᠋ᠠᠳᠤ ᠵᠢᠨ ᠪᠠ ᠰᠢᠶᠠᠩᠭ᠋ᠠᠩ ᠣᠣᠮᠧᠨ ᠲᠠᠢ᠌ᠸᠠᠨ ᠣᠷᠣᠨ᠎ᠤ ᠬᠥᠮᠦᠰ᠎ᠢ ᠤᠷᠢᠵᠤ ᠳᠤᠮᠳᠠᠳᠤ ᠤᠯᠤᠰ᠎ᠲᠤ ᠢᠷᠡᠭᠦᠯᠬᠦ ᠶᠠᠪᠤᠳᠠᠯ᠎ᠳᠤ ᠬᠣᠯᠪᠣᠭᠳᠠᠪᠠᠯ᠂ ᠭᠠᠳᠠᠭ᠋ᠠᠳᠤ ᠶᠠᠪᠤᠳᠠᠯ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠭᠠᠳᠠᠭ᠋ᠠᠳᠤ ᠶᠠᠪᠤᠳᠠᠯ᠎ᠤᠨ ᠰᠠᠯᠠᠭ᠎ᠠ ᠮᠥᠴᠢᠷ᠎ᠲᠤ ᠠᠰ᠎ᠲᠤ᠎ᠨᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠵᠢᠷᠭᠤᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ (ᠠᠵᠢᠯ᠎ᠠᠴᠠ᠎ᠪᠠᠨ ᠠᠮᠠᠷᠠᠭᠰᠠᠨ ᠪᠠᠭᠤᠭᠰᠠᠨ ᠤᠳᠤᠷᠢᠳᠤᠯᠭ᠎ᠠ ᠪᠠᠭᠲᠠᠨ᠎ᠠ) ᠵᠢ ᠤᠷᠢᠵᠤ ᠣᠷᠣᠯᠴᠠᠭᠤᠯᠬᠤ ᠴᠢᠬᠤᠯᠠ᠎ᠲᠠᠢ ᠪᠣᠯ ᠮᠡᠳᠡᠭᠦᠯᠵᠦ ᠵᠥᠪᠰᠢᠶᠡᠷᠡᠭᠦᠯᠬᠦ ᠭᠠᠷᠳᠠᠮ᠎ᠢ ᠴᠢᠩᠭ᠎ᠠ ᠭᠦᠢ᠍ᠴᠡᠳᠬᠡᠬᠦ ᠬᠡᠷᠡᠭᠲᠡᠢ᠃ ᠳᠣᠯᠣᠭ᠎ᠠ᠎ᠳᠤ᠂ ᠱᠠᠩᠨᠠᠯ ᠰᠢᠯᠭ᠋ᠠᠷᠠᠭᠤᠯᠬᠤ᠎ᠳᠤ ᠬᠣᠯᠪᠣᠭᠳᠠᠪᠠᠯ᠂ ᠠᠳᠠᠯᠢᠳᠬᠠᠨ ᠰᠢᠯᠭ᠋ᠠᠷᠠᠭᠤᠯᠬᠤ ᠪᠠᠷᠢᠮᠵᠢᠶ᠎ᠠ᠎ᠳᠤ ᠬᠦᠷᠦᠭᠦᠯᠬᠦ ᠰᠠᠢ᠌ᠰᠢᠶᠠᠨ ᠬᠥᠬᠢᠭᠦᠯᠬᠦ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠮᠡᠳᠡᠭᠦᠯᠦᠨ ᠵᠥᠪᠰᠢᠶᠡᠷᠡᠭᠦᠯᠬᠦ ᠳᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠶ᠃ ᠨᠠᠢᠮᠠ᠎ᠳᠤ᠂ ᠭᠠᠯ᠎ᠢ ᠰᠡᠷᠭᠡᠢ᠌ᠯᠡᠬᠦ᠂ ᠬᠦᠴᠦᠷᠬᠡᠭᠯᠡᠯ᠎ᠢ ᠰᠡᠷᠭᠡᠢ᠌ᠯᠡᠬᠦ᠂ ᠭᠢᠰᠬᠢᠯᠲᠡ ᠵᠢ ᠰᠡᠷᠭᠡᠢ᠌ᠯᠡᠬᠦ ᠵᠡᠷᠭᠡ ᠠᠮᠤᠷ ᠲᠦᠪᠰᠢᠨ᠎ᠢ ᠬᠠᠮᠠᠭ᠋ᠠᠯᠠᠬᠤ᠂ ᠪᠠᠴᠢᠮ ᠪᠠᠢ᠌ᠳᠠᠯ᠎ᠢ ᠠᠷᠭ᠋ᠠᠴᠠᠨ ᠰᠢᠢᠳᠪᠦᠷᠢᠯᠡᠬᠦ ᠠᠵᠢᠯ᠎ᠢ ᠴᠢᠩᠭ᠎ᠠ ᠰᠠᠢ᠌ᠲᠤᠷ ᠬᠢᠵᠦ᠂ ᠠᠵᠢᠯᠯᠠᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃
      ᠲᠠᠨ᠎ᠤ ᠬᠣᠲᠠ ᠴᠣᠬᠣᠯᠠᠪᠤᠷᠢᠯᠠᠭᠰᠠᠨ ᠵᠦᠢᠯᠡᠰ᠎ᠢ ᠴᠢᠩᠭ᠎ᠠ ᠵᠢᠷᠤᠮᠯᠠᠨ ᠬᠠᠮᠢᠶ᠎ᠠ ᠪᠥᠬᠥᠶ ᠠᠵᠢᠯᠯᠠᠭ᠎ᠠ ᠵᠢ ᠵᠢᠷᠤᠮᠵᠢᠭᠤᠯᠵᠤ᠂ ᠠᠵᠢᠯᠯᠠᠭ᠎ᠠ ᠵᠢᠨ ᠭᠣᠤᠯ ᠴᠣᠭᠴᠠ᠂ ᠠᠭᠤᠯᠭ᠎ᠠ᠂ ᠲᠥᠷᠥᠯ ᠵᠦᠢᠯ ᠵᠡᠷᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ ᠵᠢ ᠴᠢᠩᠭ᠎ᠠ ᠬᠤᠷᠢᠭᠯᠠᠨ᠎ᠠ᠃ ᠪᠤᠰᠤᠳ ᠳᠠᠭᠤᠰᠤᠭ᠋ᠠᠳᠤᠶ ᠵᠦᠢᠯᠡᠰ᠎ᠢ ᠴᠠᠭ ᠲᠤᠬᠠᠶ᠎ᠳᠤ᠎ᠨᠢ ᠥᠪᠡᠷᠲᠡᠭᠡᠨ ᠵᠠᠰᠠᠬᠤ ᠣᠷᠣᠨ᠎ᠤ ᠲᠤᠰᠬᠠᠶ ᠵᠦᠢᠯ᠎ᠤᠨ ᠳᠤᠭᠤᠢ᠌ᠯᠠᠩ᠎ᠲᠠᠢ ᠨᠡᠪᠲᠡᠷᠡᠯᠴᠡᠨ ᠵᠣᠬᠢᠴᠠᠭᠤᠯᠤᠭ᠋ᠠᠷᠠᠶ᠃ ᠡᠭᠦᠨ᠎ᠤ ᠬᠠᠮᠲᠤ᠂ ᠲᠣᠰ ᠴᠣᠬᠣᠯᠠᠪᠤᠷᠢ ᠵᠢ ᠭᠥᠯᠢᠶᠡᠨ ᠠᠪᠤᠭᠰᠠᠨ 1 ᠰᠠᠷ᠎ᠠ ᠵᠢᠨ ᠳᠣᠲᠣᠷ᠎ᠠ᠂ ᠰᠠᠯᠠᠭ᠎ᠠ ᠮᠥᠴᠢᠷ᠎ᠤᠨ ᠠᠯᠪᠠᠨ   ᠰᠦᠯᠵᠢᠶ᠎ᠡ᠎ᠪᠠᠷ ᠳᠠᠮᠵᠢᠭᠤᠯᠤᠨ ᠬᠠᠮᠢᠶ᠎ᠠ ᠪᠥᠬᠥᠶ ᠮᠡᠳᠡᠭᠡ ᠵᠠᠩᠭᠢ ᠵᠢ ᠨᠡᠢ᠌ᠭᠡᠮ᠎ᠳᠤ ᠨᠡᠢ᠌ᠲᠡᠯᠡᠬᠦ ᠬᠡᠷᠡᠭᠲᠡᠶ᠃ ᠠᠵᠢᠯᠯᠠᠭ᠎ᠠ ᠳᠠᠭᠤᠰᠤᠭᠰᠠᠨ᠎ᠤ ᠳᠠᠷᠠᠭ᠋ᠠᠬᠢ 1 ᠰᠠᠷ᠎ᠠ ᠵᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠪᠠᠶᠠᠷ᠎ᠤᠨ ᠶᠣᠰᠣᠯᠠᠯ᠎ᠢ ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠢ᠌ᠯᠠᠩ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠲᠣᠬᠢᠷᠠᠭᠤᠯᠪᠠ)᠎ᠳᠤ   ᠠᠵᠢᠯᠯᠠᠭ᠎ᠠ ᠵᠢᠨ ᠳ᠋ᠦᠩᠨᠡᠯᠲᠡ᠎ᠪᠠᠨ ᠮᠡᠳᠡᠭᠦᠯᠬᠦ ᠬᠡᠷᠡᠭᠲᠡᠢ᠃

      ᠲᠤᠰᠬᠠᠢ ᠴᠣᠬᠣᠯᠠᠪᠤᠷᠢ
                       
                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠶᠣᠰᠣᠯᠠᠯ᠎ᠢ

                ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠢ᠌ᠯᠠᠩ

                       2020 ᠣᠨ᠎ᠤ 9 ᠳ᠋ᠦ᠍ᠭᠡᠷ ᠰᠠᠷ᠎ᠠ ᠵᠢᠨ 8᠎ᠤ ᠡᠳᠦᠷ

ᠢᠷᠡᠯᠲᠡ᠄
          
ᠬᠠᠮᠢᠶ᠎ᠡ ᠪᠦᠬᠦᠢ ᠰᠣᠨᠢᠨ
ᠸᠠᠩ ᡁᠢ ᠭᠠᠩ ᠨᠥᠬᠥᠷ᠎ᠤᠨ ᠠᠵᠢᠯ᠎ᠠᠴᠠ᠎ᠪᠠᠨ ᠪᠠᠭᠤᠵᠤ ᠠᠮᠠᠷᠠᠬᠤ ᠲᠤᠬᠠᠶ ᠮᠡᠳᠡᠭᠳᠡᠯ
ᠹᠠᠩ ᠶᠤᠸᠠᠢ ᠨᠥᠬᠥᠷ᠎ᠢ ᠲᠤᠰᠢᠶᠠᠯ ᠬᠠᠷᠢᠭᠤᠴᠠᠭᠤᠯᠵᠤ ᠲᠡᠰ᠎ᠢ ᠲᠣᠭᠲᠠᠭ᠋ᠠᠬᠤ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ ᠎ᠤ ᠭᠤᠷᠪᠠᠳᠤᠭ᠋ᠠᠷ ᠬᠤᠷᠠᠯ᠎ᠤᠨ 0640 ᠳ᠋ᠦ᠍ᠭᠡᠷ ᠲᠣᠭ᠋ᠠᠲᠤ ᠰᠠᠨᠠᠯ ᠳᠤᠷᠠᠳᠤᠯᠭ᠎ᠠ ᠵᠢᠨ ᠲᠤᠬᠠᠶ ᠬᠠᠷᠢᠭᠤᠯᠲᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠤᠳᠬᠤ ᠭᠠᠵᠠᠷ᠎ᠤᠨ ᠠᠯᠪᠠᠨ ᠵᠠᠷ
ᠱ᠌ᠢ᠎ᠲᠠᠢ ᠹᠧᠩ ᠪᠠᠴᠢᠮ ᠬᠤᠷᠠᠯ ᠡᠷᠬᠢᠯᠡᠨ ᠬᠤᠷᠠᠯᠳᠤᠭᠤᠯᠵᠤ ᠡᠯ᠎ᠡ ᠠᠶ᠋ᠢᠮᠠᠭ ᠬᠤᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠲᠤᠬᠢᠷᠠᠭᠤᠯᠤᠯᠳᠠ ᠬᠢᠪᠠ
 
            