
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠬᠠᠶ ᠬᠣᠲᠠ ᠵᠢᠨ ᠬᠣᠷᠢᠶ᠎ᠠ᠄
《ᠦᠬᠠᠶ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠠᠲᠤᠨ ᠭᠣᠤᠯ᠎ᠤᠨ ᠭᠡᠷᠡᠯᠲᠦ ᠰᠤᠪᠤᠳ· ᠳᠤᠮᠳᠠᠳᠤ ᠤᠯᠤᠰ᠎ᠤᠨ ᠦᠬᠠᠶ ᠵᠢᠨ ᠤᠷᠠᠨ ᠪᠢᠴᠢᠯᠭᠡ ᠵᠢᠨ ᠤᠷᠠᠯᠢᠭ᠎ᠤᠨ ᠨᠠᠢ᠌ᠷ ᠡᠷᠭᠢᠯᠡᠬᠦ ᠲᠤᠬᠠᠶ ᠵᠢᠭ᠋ᠠᠪᠤᠷᠢ ᠠᠪᠬᠤ ᠮᠡᠳᠡᠭᠦᠯᠦᠯᠲᠡ》 (ᠦᠬᠠᠶ ᠬᠤᠲᠠ ᠵᠢᠨ ᠨᠠᠮ᠎ᠤᠨ ᠬᠤᠷᠢᠶᠠᠨ᠎ᠤ ᠮᠡᠳᠡᠭᠦᠯᠦᠯᠲᠡ [2020] 14 ᠳ᠋ᠦ᠍ᠭᠡᠷ ᠲᠣᠭ᠋ᠠᠲᠤ) ᠵᠢ ᠬᠤᠷᠢᠶᠠᠵᠤ ᠤᠯᠪᠠ᠃ 《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) 》 (ᠡᠪ ᠬᠠᠮᠲᠤ ᠨᠠᠮ᠎ᠤᠨ ᠲᠦᠪ ᠬᠤᠷᠢᠶᠠᠨ᠎ᠤ ᠠᠯᠪᠠᠨ ᠲᠢᠩᠬᠢᠮ ᠲᠠᠷᠬᠠᠭ᠋ᠠᠭᠰᠠᠨ [2012] 18 ᠳ᠋ᠤᠭ᠋ᠠᠷ ᠲᠣᠭ᠋ᠠᠲᠤ) ᠂ 《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠬᠦ ᠨᠠᠷᠢᠨ ᠲᠦᠷᠢᠮ》(ᠤᠯᠤᠰ᠎ᠤᠨ ᠪᠠᠶᠠᠷ᠎ᠤᠨ ᠶᠣᠰᠣᠯᠠᠯ ᠰᠤᠳᠤᠯᠤᠨ ᠶᠠᠷᠢᠯᠴᠠᠬᠤ ᠬᠤᠷᠠᠯ ᠶᠠᠷᠢᠯᠴᠠᠭ᠋ᠠᠨ᠎ᠤ ᠲᠠᠪᠴᠠᠩ᠎ᠤᠨ ᠠᠵᠢᠯᠯᠠᠭ᠎ᠠ ᠵᠢ ᠢᠯᠭ᠋ᠠᠷᠠᠭᠤᠯᠤᠨ ᠵᠢᠷᠤᠮᠵᠢᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠲᠠᠷᠠᠭ᠋ᠠᠭᠰᠠᠨ[2019] 1 ᠳ᠋ᠦ᠍ᠭᠡᠷ ᠲᠤᠭ᠋ᠠᠲᠤ) ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 《ᠪᠠᠶᠠᠷ ᠳᠤᠷᠠᠰᠬᠠᠯ᠎ᠤᠨ ᠡᠳᠦᠷ᠂ ᠶᠠᠷᠢᠶᠠᠨ᠎ᠤ ᠲᠠᠪᠴᠠᠩ᠂ ᠦᠵᠡᠰᠬᠦᠯᠡᠩ ᠴᠤᠭᠯᠠᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠠᠵᠢᠯ᠎ᠢ ᠦᠨᠡᠨ ᠬᠦ᠌ ᠴᠢᠩᠭ᠋ᠠᠳᠬᠠᠬᠤ ᠲᠤᠬᠠᠶ ᠮᠡᠳᠡᠭᠳᠡᠯ》᠂ 《ᠪᠠᠶᠠᠷ ᠳᠤᠷᠠᠰᠬᠠᠯ ᠶᠠᠷᠢᠶᠠᠨ᠎ᠤ ᠲᠠᠪᠴᠠᠩ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ》 (ᠥᠪᠥᠷ ᠮᠤᠩᠭᠤᠯ᠎ᠤᠨ ᠪᠠᠶᠠᠷ ᠳᠤᠷᠠᠰᠬᠠᠯ᠎ᠤᠨ ᠠᠵᠢᠯᠯᠠᠭ᠎ᠠ ᠵᠢ ᠵᠢᠷᠤᠮᠵᠢᠭᠤᠯᠬᠤ ᠳᠤᠭᠤᠢ᠌ᠯᠠᠩ ᠥᠰᠥᠭ [2020] 2 ᠳ᠋ᠤᠭ᠋ᠠᠷ ᠲᠣᠭ᠋ᠠᠲᠤ) ᠵᠡᠷᠭᠡ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠵᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠪᠠᠶᠠᠷ ᠲᠤᠷᠠᠰᠬᠠᠯ᠎ᠤᠨ ᠶᠣᠰᠣᠯᠠᠯ᠎ᠢ ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠢ᠌ᠯᠠᠩ᠎ᠤᠨ ᠠᠩᠬᠠᠨ᠎ᠤ ᠬᠢᠨᠠᠯᠲᠠ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠵᠢᠷᠤᠮᠵᠢᠭᠤᠯᠤᠨ ᠠᠳᠠᠯᠢᠳᠬᠠᠨ ᠰᠢᠯᠭ᠋ᠠᠷᠠᠭᠤᠯᠵᠤ ᠪᠠᠷᠢᠮᠵᠢᠶ᠎ᠠ᠎ᠳᠤ ᠬᠦᠷᠦᠭᠦᠯᠵᠦ ᠬᠥᠬᠢᠭᠦᠯᠦᠨ ᠰᠠᠢ᠌ᠰᠢᠶᠠᠬᠤ ᠵᠢᠴᠢ ᠪᠠᠶᠠᠷ ᠳᠤᠷᠠᠰᠬᠠᠯ᠎ᠤᠨ ᠶᠠᠷᠢᠶᠠᠨ᠎ᠤ ᠲᠠᠪᠴᠠᠩ ᠦᠵᠡᠰᠬᠦᠯᠡᠩ᠎ᠤᠨ ᠴᠤᠭᠯᠠᠭ᠋ᠠᠨ᠎ᠤ ᠠᠵᠢᠯᠯᠠᠭ᠎ᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ 2020 ᠤᠨ᠎ᠤ ᠨᠢᠭᠡᠳᠦᠭᠡᠷ ᠤᠳᠠᠭ᠋ᠠᠨ᠎ᠤ ᠬᠤᠷᠠᠯ᠎ᠳᠤ ᠮᠡᠳᠡᠭᠦᠯᠦᠨ ᠰᠤᠳᠤᠯᠤᠭᠤᠯᠬᠤ ᠵᠢᠨ ᠬᠠᠮᠲᠤ ᠤᠳᠤᠷᠢᠳᠬᠤ ᠳᠤᠭᠤᠢ᠌ᠯᠠᠩ ᠵᠶ᠋ᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠨ᠎ᠡ᠂ ᠣᠲᠣ ᠲᠠᠨ᠎ᠤ ᠬᠣᠲᠠ ᠵᠢᠨ ᠡᠷᠬᠢᠯᠡᠬᠦ᠎ᠪᠠᠷ ᠪᠠᠢ᠌ᠭ᠎ᠠ ᠠᠷᠪᠠᠨ ᠨᠢᠭᠡᠳᠦᠭᠡᠷ ᠬᠤᠭᠤᠴᠠᠭ᠋ᠠᠨ᠎ᠤ ᠬᠠᠳᠤᠨ ᠭᠣᠤᠯ᠎ᠤᠨ ᠭᠡᠷᠡᠯᠲᠦ ᠰᠤᠪᠤᠳ· ᠦᠬᠠᠶ ᠵᠢᠨ ᠤᠷᠠᠨ ᠪᠢᠴᠢᠯᠭᠡ ᠵᠢᠨ ᠤᠷᠠᠯᠢᠭ᠎ᠤᠨ ᠨᠠᠢ᠌ᠷ ᠡᠷᠬᠢᠯᠡᠬᠦ ᠵᠢ ᠵᠦᠪᠰᠢᠶᠡᠷᠡᠪᠡ᠃
ᠡᠭᠦᠨ᠎ᠤ ᠬᠠᠮᠲᠤ᠂ ᠳᠣᠤᠷᠠᠬᠢ ᠱᠠᠭ᠋ᠠᠷᠳᠠᠯᠭ᠎ᠠ ᠵᠢ ᠳᠤᠷᠠᠳᠪᠠ᠄ ᠨᠢᠭᠡ᠎ᠳᠤ᠂ ᠤᠯᠤᠰ᠎ᠤᠨ 《ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠬᠦ ᠨᠠᠷᠢᠨ ᠲᠦᠷᠢᠮ》᠎ᠤᠨ ᠠᠷᠪᠠ ᠶᠢᠰᠦᠳᠦᠭᠡᠷ ᠵᠦᠢᠯ᠎ᠤᠨ ᠲᠣᠭᠲᠠᠭ᠋ᠠᠯ᠎ᠢ ᠦᠨᠳᠦᠰᠦᠯᠡᠪᠡᠯ᠄ 《ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠬᠢᠨᠠᠨ ᠵᠥᠪᠰᠢᠶᠡᠷᠡᠭᠰᠡᠨ ᠪᠠᠶᠠᠷ ᠳᠤᠷᠠᠰᠬᠠᠯ᠎ᠤᠨ ᠠᠵᠢᠯᠯᠠᠭ᠎ᠠ᠎ᠠᠴᠠ ᠪᠤᠰᠤᠳ ᠠᠵᠢᠯᠯᠠᠭ᠎ᠠ ᠵᠢᠨ ᠨᠡᠷᠡᠢ᠌ᠳᠦᠯ᠎ᠳᠤ 〈ᠳᠤᠮᠳᠠᠳᠤ ᠤᠯᠤᠰ〉᠂〈ᠳᠤᠮᠳᠠᠳᠤ 〉᠂〈ᠪᠥᠬᠥ ᠤᠯᠤᠰ〉᠂〈ᠳᠡᠯᠡᠬᠡᠶ〉᠂ 〈ᠪᠥᠬᠥ ᠪᠥᠮᠪᠥᠷᠴᠡᠭ〉 ᠭᠡᠬᠦ ᠮᠡᠲᠦ ᠵᠢᠨ ᠥᠰᠥᠭ ᠬᠠᠳᠠᠵᠤ ᠪᠣᠯᠬᠤ ᠥᠬᠡᠶ᠃ ᠦᠬᠠᠶ ᠬᠤᠲᠠ ᠵᠢᠨ ᠤᠷᠠᠨ ᠪᠢᠴᠢᠯᠭᠡ ᠵᠢᠨ ᠤᠷᠠᠯᠢᠭ᠎ᠤᠨ ᠨᠠᠢ᠌ᠷ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠢᠨᠠᠨ ᠵᠥᠪᠰᠢᠶᠡᠷᠡᠭᠰᠡᠨ ᠪᠠᠶᠠᠷ ᠳᠤᠷᠠᠰᠬᠠᠯ᠎ᠤᠨ ᠠᠵᠢᠯᠯᠠᠭ᠎ᠠ᠎ᠳᠤ ᠬᠠᠷᠢᠶᠠᠯᠠᠭᠳᠠᠬᠤ ᠥᠬᠡᠶ᠂ 《ᠳᠤᠮᠳᠠᠳᠤ ᠤᠯᠤᠰ》 ᠭᠡᠬᠦ ᠥᠰᠥᠭ᠎ᠤᠨ ᠥᠭᠦᠯᠡᠯᠲᠡ ᠵᠢ ᠬᠦᠴᠦᠨ ᠥᠬᠡᠶ ᠪᠣᠯᠭ᠋ᠠᠭ᠋ᠠᠷᠠᠶ᠃ ᠬᠣᠶᠠᠷ᠎ᠲᠤ᠂ ᠣᠳᠣᠬᠠᠨ᠎ᠳᠤ ᠬᠢᠯᠢ ᠵᠢᠨ ᠭᠠᠳᠠᠨ᠎ᠠ᠎ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ᠂ ᠬᠢᠯᠢ ᠵᠢᠨ ᠳᠣᠲᠣᠷᠠᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠳᠠᠯ ᠬᠦᠨᠳᠦ ᠨᠣᠴᠢᠲᠠᠶ ᠪᠠᠢ᠌ᠬᠤ ᠵᠢ ᠦᠨᠳᠦᠰᠦᠯᠡᠵᠦ᠂ ᠲᠣᠭᠲᠠᠭᠰᠠᠨ ᠬᠤᠭᠤᠴᠠᠭ᠋ᠠᠨ᠎ᠳᠤ ᠶᠠᠪᠤᠭᠳᠠᠭᠤᠯᠬᠤ ᠡᠰᠡᠬᠦ ᠵᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠳᠠᠯ ᠪᠣᠯᠤᠨ ᠤᠯᠤᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠵᠦᠪᠰᠢᠶᠡᠷᠡᠯ᠎ᠤᠨ ᠪᠠᠢ᠌ᠳᠠᠯ ᠳᠣᠤᠷ᠎ᠠ ᠲᠣᠭᠲᠠᠭ᠋ᠠᠬᠤ ᠬᠡᠷᠡᠭᠲᠡᠶ᠃ ᠭᠤᠷᠪᠠ᠎ᠳᠤ᠂《ᠬᠡᠨ ᠳᠡᠪᠰᠢᠭᠦᠯᠪᠡᠯ ᠬᠡᠨ ᠬᠠᠷᠢᠭᠤᠴᠠᠬᠤ》᠂ 《ᠬᠡᠨ ᠭᠣᠤᠯᠯᠠᠨ ᠡᠷᠬᠢᠯᠡᠪᠡᠯ ᠬᠡᠨ ᠬᠠᠷᠢᠭᠤᠴᠠᠬᠤ》 ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠡᠯ᠎ᠡ ᠵᠦᠢᠯ᠎ᠤᠨ ᠬᠠᠷᠢᠭᠤᠴᠠᠯᠭ᠎ᠠ ᠵᠢ ᠲᠤᠬᠠᠢ ᠵᠢᠨ ᠬᠥᠮᠦᠨ᠎ᠳᠤ᠎ᠨᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠠᠵᠢᠯᠯᠠᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠳᠥᠷᠪᠡ᠎ᠳᠤ᠂ ᠲᠥᠪ᠎ᠤᠨ 《ᠨᠠᠢᠮᠠᠨ ᠲᠣᠭᠲᠠᠭ᠋ᠠᠯ》 ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠲᠠᠭ᠋ᠠᠯᠲᠤᠭᠤᠯᠤᠯ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ ᠡᠯ᠎ᠡ ᠵᠦᠢᠯ᠎ᠤᠨ ᠠᠵᠢᠯᠯᠠᠭ᠎ᠠ ᠥᠷᠨᠢᠭᠦᠯᠵᠦ᠂ ᠴᠢᠩᠲᠠ ᠭᠡᠮᠨᠡᠨ᠂ ᠠᠷᠪᠢᠯᠠᠨ ᠭᠠᠮᠨᠠᠬᠤ ᠬᠡᠷᠡᠭᠲᠡᠶ᠃ ᠲᠠᠪᠤ᠎ᠳᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠵᠥᠪ ᠤᠳᠤᠷᠢᠳᠤᠮᠵᠢ ᠵᠢ ᠴᠢᠩᠭ᠎ᠠ ᠡᠵᠡᠮᠳᠡᠵᠦ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠠᠢ᠃ ᠵᠢᠷᠭᠤᠭ᠎ᠠ᠎ᠳᠤ᠂ ᠭᠠᠳᠠᠭ᠋ᠠᠳᠤ ᠵᠢᠨ ᠪᠠ ᠰᠢᠶᠠᠩᠭ᠋ᠠᠩ ᠣᠣᠮᠧᠨ ᠲᠠᠢ᠌ᠸᠠᠨ ᠣᠷᠣᠨ᠎ᠤ ᠬᠥᠮᠦᠰ᠎ᠢ ᠤᠷᠢᠵᠤ ᠣᠯᠣᠰ᠎ᠤᠨ ᠲᠤᠲᠤᠭ᠋ᠠᠲᠤ᠎ᠳᠤ ᠢᠷᠡᠭᠦᠯᠬᠦ ᠶᠠᠪᠤᠳᠠᠯ᠎ᠳᠤ ᠬᠣᠯᠪᠣᠭᠳᠠᠪᠠᠯ᠂ ᠭᠠᠳᠠᠭ᠋ᠠᠳᠤ ᠶᠠᠪᠤᠳᠠᠯ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠭᠠᠳᠠᠭ᠋ᠠᠳᠤ ᠶᠠᠪᠤᠳᠠᠯ᠎ᠤᠨ ᠰᠠᠯᠠᠭ᠎ᠠ ᠮᠥᠴᠢᠷ᠎ᠲᠤ ᠠᠰᠳᠠᠭ᠋ᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠠᠢ᠃ ᠳᠣᠯᠣᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠲᠤᠷᠢᠲᠤᠯᠭ᠎ᠠ (ᠠᠵᠢᠯ᠎ᠠᠴᠠ᠎ᠪᠠᠨ ᠠᠮᠠᠷᠠᠭᠰᠠᠨ ᠤᠲᠤᠷᠢᠲᠤᠯᠭ᠎ᠠ ᠪᠠᠭᠲᠠᠨ᠎ᠠ) ᠢ ᠤᠷᠢᠵᠤ ᠣᠷᠣᠯᠴᠠᠭᠤᠯᠬᠤ ᠴᠢᠬᠤᠯᠠᠲᠠᠢ ᠪᠣᠯ ᠮᠡᠳᠡᠭᠦᠯᠦᠨ ᠵᠥᠪᠰᠢᠶᠡᠷᠡᠭᠦᠯᠬᠦ ᠭᠠᠷᠳᠠᠮ᠎ᠢ ᠴᠢᠩᠭ᠎ᠠ ᠭᠦᠢᠴᠡᠳᠬᠡᠬᠦ ᠬᠡᠷᠡᠭᠲᠡᠶ᠃ ᠨᠠᠢᠮᠠ᠎ᠳᠤ᠂ ᠱᠠᠩᠨᠠᠯ ᠰᠢᠯᠭ᠋ᠠᠷᠠᠭᠤᠯᠬᠤ᠎ᠳᠤ ᠬᠣᠯᠪᠣᠭᠳᠠᠪᠠᠯ᠂ ᠠᠳᠠᠯᠢᠳᠬᠠᠨ ᠰᠢᠯᠭ᠋ᠠᠷᠠᠭᠤᠯᠬᠤ ᠪᠠᠷᠢᠮᠵᠢᠶ᠎ᠠ᠎ᠳᠤ ᠬᠦᠷᠦᠭᠦᠯᠬᠦ ᠰᠠᠢ᠌ᠰᠢᠶᠠᠨ ᠬᠥᠬᠢᠭᠦᠯᠬᠦ ᠬᠠᠮᠢᠶᠠᠷᠤᠯᠲᠠ ᠵᠢᠨ ᠲᠣᠭᠲᠠᠭ᠋ᠠᠯ ᠶᠤᠰᠤ᠎ᠪᠠᠷ ᠮᠡᠳᠡᠭᠦᠯᠦᠨ ᠵᠥᠪᠰᠢᠶᠡᠷᠡᠭᠦᠯᠬᠦ ᠭᠠᠷᠲᠠᠮ ᠭᠦᠢ᠍ᠴᠡᠳᠬᠡᠬᠦ ᠬᠡᠷᠡᠭᠲᠡᠶ᠃ ᠶᠢᠰᠦ᠎ᠳᠤ᠂ ᠭᠠᠯ᠎ᠠᠴᠠ ᠰᠡᠷᠭᠡᠢ᠌ᠯᠡᠬᠦ᠂ ᠬᠦᠴᠦᠷᠬᠡᠭᠯᠡᠯ᠎ᠢ ᠰᠡᠷᠭᠡᠢ᠌ᠯᠡᠬᠦ᠂ ᠬᠢᠰᠬᠢᠯᠴᠡᠬᠦ ᠵᠢ ᠰᠡᠷᠭᠡᠢ᠌ᠯᠡᠬᠦ ᠵᠡᠷᠭᠡ ᠠᠮᠤᠷ ᠲᠦᠪᠰᠢᠨ᠎ᠤ ᠬᠠᠮᠠᠭ᠋ᠠᠯᠠᠯᠲᠠ᠂ ᠪᠠᠴᠢᠮ ᠪᠠᠢ᠌ᠳᠠᠯ᠎ᠢ ᠠᠷᠭ᠋ᠠᠴᠠᠨ ᠰᠢᠢᠳᠪᠦᠷᠢᠯᠡᠬᠦ ᠠᠵᠢᠯ᠎ᠢ ᠴᠢᠩᠭ᠎ᠠ ᠰᠠᠢ᠌ᠲᠤᠷ ᠬᠢᠵᠦ᠂ ᠠᠵᠢᠯᠯᠠᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃
ᠲᠠᠨ᠎ᠤ ᠬᠣᠲᠠ ᠴᠣᠬᠣᠯᠠᠪᠤᠷᠢᠯᠠᠭᠰᠠᠨ ᠵᠦᠢᠯᠡᠰ᠎ᠢ ᠴᠢᠩᠭ᠎ᠠ ᠵᠢᠷᠤᠮᠯᠠᠨ ᠬᠠᠮᠢᠶ᠎ᠠ ᠪᠥᠬᠥᠶ ᠠᠵᠢᠯᠯᠠᠭ᠎ᠠ ᠵᠢ ᠵᠢᠷᠤᠮᠵᠢᠭᠤᠯᠵᠤ᠂ ᠠᠵᠢᠯᠯᠠᠭ᠎ᠠ ᠵᠢᠨ ᠭᠣᠤᠯ ᠴᠣᠭᠴᠠ᠂ ᠠᠭᠤᠯᠭ᠎ᠠ᠂ ᠲᠥᠷᠥᠯ ᠵᠦᠢᠯ ᠵᠡᠷᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ ᠵᠢ ᠡᠷᠡᠰ ᠴᠠᠭ᠋ᠠᠵᠠᠯᠠᠨ᠎ᠠ᠃ ᠪᠤᠰᠤᠳ ᠳᠠᠭᠤᠰᠤᠭ᠋ᠠᠳᠤᠶ ᠵᠦᠢᠯᠡᠰ᠎ᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ᠎ᠤ ᠲᠤᠰᠬᠠᠶ ᠵᠦᠢᠯ᠎ᠤᠨ ᠳᠤᠭᠤᠢ᠌ᠯᠠᠩ᠎ᠲᠠᠢ ᠨᠡᠪᠲᠡᠷᠡᠯᠴᠡᠨ ᠵᠣᠬᠢᠴᠠᠭᠤᠯᠤᠭ᠋ᠠᠷᠠᠶ᠃ ᠡᠭᠦᠨ᠎ᠤ ᠬᠠᠮᠲᠤ᠂ ᠲᠣᠰ ᠴᠣᠬᠣᠯᠠᠪᠤᠷᠢ ᠵᠢ ᠭᠥᠯᠢᠶᠡᠨ ᠠᠪᠤᠭᠰᠠᠨ 1 ᠰᠠᠷ᠎ᠠ ᠵᠢᠨ ᠳᠣᠲᠣᠷ᠎ᠠ᠂ ᠰᠠᠯᠠᠭ᠎ᠠ ᠮᠥᠴᠢᠷ᠎ᠤᠨ ᠰᠦᠯᠵᠢᠶᠡᠨ ᠥᠷᠲᠡᠭᠡ᠎ᠪᠠᠷ ᠳᠠᠮᠵᠢᠭᠤᠯᠤᠨ ᠬᠠᠮᠢᠶ᠎ᠠ ᠪᠥᠬᠥᠶ ᠮᠡᠳᠡᠭᠡ ᠵᠠᠩᠭᠢ ᠵᠢ ᠨᠡᠢ᠌ᠭᠡᠮ᠎ᠳᠤ ᠨᠡᠢ᠌ᠲᠡᠯᠡᠬᠦ ᠬᠡᠷᠡᠭᠲᠡᠶ ᠃ ᠠᠵᠢᠯᠯᠠᠭ᠎ᠠ ᠳᠠᠭᠤᠰᠤᠭᠰᠠᠨ᠎ᠤ ᠳᠠᠷᠠᠭ᠋ᠠᠬᠢ 1 ᠰᠠᠷ᠎ᠠ ᠵᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ᠎ᠤ ᠪᠠᠶᠠᠷ ᠲᠤᠷᠠᠰᠬᠠᠯ᠎ᠤᠨ ᠶᠣᠰᠣᠯᠠᠯ᠎ᠢ ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠢ᠌ᠯᠠᠩ(ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠲᠣᠬᠢᠷᠠᠭᠤᠯᠪᠠ) ᠳᠤ ᠠᠵᠢᠯᠯᠠᠭ᠎ᠠ ᠵᠢᠨ ᠳ᠋ᠦᠩᠨᠡᠯᠲᠡ᠎ᠪᠠᠨ ᠮᠡᠳᠡᠭᠦᠯᠬᠦ ᠬᠡᠷᠡᠭᠲᠠᠢ ᠃
ᠲᠤᠰᠬᠠᠢ ᠴᠣᠬᠣᠯᠠᠪᠤᠷᠢ
ᠥᠪᠡᠷᠲᠡᠭᠡᠨ ᠵᠠᠰᠠᠬᠤ ᠣᠷᠣᠨ᠎ᠤ ᠪᠠᠶᠠᠷ ᠲᠤᠷᠠᠰᠬᠠᠯ᠎ᠤᠨ ᠶᠣᠰᠣᠯᠠᠯ᠎ᠢ
ᠵᠢᠷᠤᠮᠵᠢᠭᠤᠯᠬᠤ ᠠᠵᠢᠯ᠎ᠤᠨ ᠲᠤᠰᠬᠠᠶ ᠳᠤᠭᠤᠢ᠌ᠯᠠᠩ
2020 ᠣᠨ᠎ᠤ 9 ᠳ᠋ᠦ᠍ᠭᠡᠷ ᠰᠠᠷ᠎ᠠ ᠵᠢᠨ 4᠎ᠤ ᠡᠳᠦᠷ