ᠡᠯ᠎ᠡ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠄
ᠶᠡᠷᠦᠩᠬᠡᠶ ᠱᠦᠵᠢ ᠰᠢ ᠵᠢᠨ ᠫᠢᠩ᠎ᠤᠨ ᠤᠳᠬ᠎ᠠ ᠤᠷᠠᠯᠢᠭ᠎ᠤᠨ ᠠᠵᠢᠯ᠎ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠮᠠᠨ᠎ᠤ ᠣᠷᠣᠨ᠎ᠤ ᠣᠯᠠᠨ ᠲᠦᠮᠡᠨ᠎ᠤ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠣᠯᠠᠨ ᠲᠦᠮᠡᠨ᠎ᠤ ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ 2020 ᠣᠨ᠎ᠤ 10 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠡᠯ᠎ᠡ ᠭᠠᠵᠠᠷ᠎ᠤᠨ ᠤᠷᠤᠯᠳᠤᠭ᠋ᠠᠨ᠎ᠳᠤ ᠤᠷᠤᠯᠴᠠᠬᠤ ᠪᠦᠲᠦᠭᠡᠯ ᠵᠶ᠋ᠡᠨ ᠮᠡᠳᠡᠬᠦᠯᠦᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠥᠬᠡᠬᠣᠲᠠ᠎ᠳᠤ ᠪᠥᠬᠥ ᠣᠷᠣᠨ᠎ᠤ ᠭᠤᠷᠪᠠᠳᠤᠭ᠋ᠠᠷ ᠬᠤᠭᠤᠴᠠᠭ᠋ᠠᠨ᠎ᠤ 《ᠣᠯᠠᠨ ᠲᠥᠮᠡᠨ᠎ᠤ ᠤᠷᠠᠯᠢᠭ᠎ᠤᠨ ᠤᠳᠤᠨ》 ᠫᠷᠤᠭ᠌ᠷᠠᠮ᠎ᠢ ᠲᠥᠪᠯᠡᠷᠡᠭᠦᠯᠦᠨ ᠰᠢᠯᠭ᠋ᠠᠷᠠᠭᠤᠯᠬᠤ ᠠᠵᠢᠯᠯᠠᠭ᠎ᠠ ᠡᠷᠭᠢᠯᠡᠪᠡ᠃ ᠬᠢᠨᠠᠨ ᠲᠤᠭᠲᠠᠭ᠋ᠠᠯᠲᠠ ᠪᠠ ᠢᠯᠡ ᠨᠡᠢ᠌ᠲᠡᠯᠡᠯ ᠵᠶ᠋ᠠᠷ ᠳᠡᠮᠵᠢᠨ᠂ ᠳᠠᠭᠤᠤ ᠬᠥᠭᠵᠢᠮ᠂ ᠪᠥᠵᠢᠭ᠂ ᠰᠢ ᠵᠦᠴᠦᠭᠡ᠂ ᠳᠠᠭᠤᠷᠢᠯᠢᠭ ᠵᠡᠷᠭᠡ ᠳᠥᠷᠪᠡᠨ ᠲᠥᠷᠥᠯ᠎ᠤᠨ 《ᠤᠯᠠᠨ ᠲᠥᠮᠡᠨ᠎ᠤ ᠤᠷᠠᠯᠢᠭ᠎ᠤᠨ ᠤᠳᠤᠨ》 ᠤ ᠱᠠᠩᠨᠠᠯ ᠭᠥᠷᠳᠡᠭᠰᠡᠨ ᠪᠦᠲᠦᠭᠡᠯ 10᠂ ᠰᠢᠯᠭ᠋ᠠᠭᠤᠯᠢ᠎ᠳᠤ ᠤᠷᠤᠭᠰᠠᠨ ᠪᠥᠲᠥᠭᠡᠯ 10 ᠪᠣᠶ ᠪᠤᠯᠪᠠ᠃ ᠣᠲᠣ ᠡᠳᠡᠭᠡᠷ ᠪᠦᠲᠦᠭᠡᠯ᠎ᠢ ᠨᠡᠢ᠌ᠲᠡᠯᠡᠶ᠎ᠡ᠃
ᠡᠯ᠎ᠡ ᠭᠠᠵᠠᠷ᠎ᠤᠨ᠎ᠬᠢᠨ ᠤᠯᠠᠨ ᠲᠦᠮᠡᠨ᠎ᠤ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠪᠠ ᠰᠢᠨ᠎ᠡ ᠵᠢ ᠡᠭᠦᠳᠦᠨ ᠬᠥᠭᠵᠢᠬᠦ ᠵᠢ ᠶᠡᠬᠡ᠎ᠪᠠᠷ ᠲᠡᠳᠬᠦᠨ ᠳᠡᠮᠵᠢᠵᠦ᠂ ᠤᠯᠠᠨ ᠲᠦᠮᠡᠨ᠎ᠤ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠳᠠᠯᠳᠠ ᠬᠦᠴᠦᠨ ᠪᠠ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠤᠯᠠᠨ ᠲᠦᠮᠡᠨ᠎ᠤ ᠤᠳᠬ᠎ᠠ ᠤᠷᠠᠯᠢᠭ᠎ᠤᠨ ᠨᠡᠩ ᠤᠯᠠᠨ ᠰᠢᠯᠢᠳᠡᠭ ᠪᠦᠲᠦᠭᠡᠯ ᠭᠠᠷᠭ᠋ᠠᠬᠤ ᠵᠢ ᠬᠦᠰᠡᠵᠦ ᠪᠠᠢ᠌ᠨ᠎ᠠ; ᠱᠠᠩᠨᠠᠯ ᠣᠯᠤᠭᠰᠠᠨ ᠪᠦᠲᠦᠭᠡᠯ᠎ᠢ ᠵᠣᠬᠢᠶᠠᠨ ᠪᠠᠢ᠌ᠭᠤᠯᠵᠤ ᠶᠠᠳᠠᠭᠤ ᠬᠦᠴᠢᠷᠳᠡᠯᠲᠡᠶ ᠭᠠᠵᠠᠷ ᠣᠷᠣᠨ᠂ ᠦᠨᠳᠦᠰᠦᠨ ᠱᠠᠲᠤᠨ᠎ᠤ ᠮᠠᠯᠵᠢᠬᠤ ᠲᠠᠷᠢᠶᠠᠯᠠᠬᠤ ᠣᠷᠣᠨ᠎ᠳᠤ ᠭᠦᠨᠵᠡᠭᠡᠢ᠌ᠷᠡᠨ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠭᠠᠷᠭ᠋ᠠᠵᠤ᠂ ᠣᠯᠠᠨ ᠨᠡᠢ᠌ᠲᠡ ᠵᠢᠨ ᠰᠣᠶᠣᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠤᠨ᠂ ᠣᠯᠠᠨ ᠨᠡᠢ᠌ᠲᠡ ᠵᠢᠨ ᠰᠣᠶᠣᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠣᠶᠤᠨ ᠰᠠᠨᠠᠭ᠎ᠠ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠥᠬᠡᠶ ᠬᠠᠩᠭ᠋ᠠᠬᠤ ᠬᠡᠷᠡᠭᠲᠡᠢ᠃
ᠣᠨᠴᠠᠭ᠋ᠠᠢ᠌ᠯᠠᠨ ᠮᠡᠳᠡᠭᠳᠡᠪᠡ᠃
ᠳᠠᠭ᠋ᠠᠯᠳᠤᠭᠤᠯᠤᠯ᠄
1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠬᠤᠭᠤᠴᠠᠭ᠋ᠠᠨ᠎ᠤ 《ᠤᠯᠠᠨ ᠲᠥᠮᠡᠨ᠎ᠤ ᠤᠷᠠᠯᠢᠭ᠎ᠤᠨ ᠤᠳᠤᠨ》 ᠤ ᠱᠠᠩᠨᠠᠯ ᠣᠯᠤᠭᠰᠠᠨ ᠪᠦᠲᠦᠭᠡᠯ᠎ᠤᠨ ᠨᠡᠷᠡᠰ
2 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠬᠤᠭᠤᠴᠠᠭ᠋ᠠᠨ᠎ᠤ 《ᠤᠯᠠᠨ ᠲᠥᠮᠡᠨ ᠤ ᠤᠷᠠᠯᠢᠭ ᠤᠨ ᠤᠳᠤᠨ》 ᠤ ᠰᠢᠯᠭ᠋ᠠᠭᠤᠯᠢ᠎ᠳᠤ ᠤᠷᠤᠭᠰᠠᠨ ᠪᠦᠲᠦᠭᠡᠯ᠎ᠤᠨ ᠨᠡᠷᠡᠰ