
ᠲᠥᠯᠥᠭᠡᠯᠡᠭᠴᠢ ᠬᠤᠤ ᠶᠦᠩ ᠶᠣᠣ ᠲᠠᠨ᠎ᠠ ᠄
ᠲᠠᠨ᠎ᠤ ᠳᠤᠷᠠᠳᠤᠭᠰᠠᠨ 《ᠪᠦᠬᠦ ᠣᠷᠣᠨ᠎ᠳᠤ ᠪᠤᠳᠠᠰ᠎ᠤᠨ ᠪᠤᠰᠤ ᠰᠤᠶᠤᠯ᠎ᠤᠨ ᠥᠪ᠎ᠤᠨ ᠵᠢᠱ᠌ᠢᠶ᠎ᠡ ᠦᠵᠡᠭᠦᠯᠬᠦ ᠭᠠᠴᠠᠭ᠎ᠠ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠲᠦᠯᠬᠢᠨ ᠠᠬᠢᠭᠤᠯᠬᠤ ᠲᠤᠬᠠᠶ ᠰᠠᠨᠠᠭᠤᠯᠭ᠎ᠠ》 ᠵᠢ ᠣᠯᠵᠤ ᠣᠶ᠋ᠢᠯᠠᠭ᠋ᠠᠪᠠ᠃ ᠤᠳᠤ ᠳᠣᠤᠷᠠᠬᠢ ᠮᠡᠲᠦ ᠬᠠᠷᠢᠭᠤᠯᠲᠠ ᠥᠭᠭᠦᠶ᠎ᠡ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠳᠦᠷᠢᠮ》 ᠤᠨ ᠭᠤᠴᠢ ᠶᠢᠰᠦᠳᠦᠭᠡᠷ ᠵᠦᠢ᠍ᠯ᠎ᠳᠤ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠠᠷᠬᠠᠯᠲᠠ ᠨᠡᠯᠢᠶᠡᠳ ᠲᠥᠪᠯᠡᠷᠡᠭᠰᠡᠨ᠂ ᠤᠯᠠᠮᠵᠢᠯᠠᠨ ᠵᠠᠯᠭ᠋ᠠᠮᠵᠢᠯᠠᠬᠤ ᠰᠠᠭᠤᠷᠢ᠎ᠪᠠᠷ ᠨᠡᠯᠢᠶᠡᠳ ᠰᠠᠶ᠋ᠢᠨ ᠭᠠᠵᠠᠷ ᠣᠷᠣᠨ᠎ᠳᠤ ᠤᠯᠠᠮᠵᠢᠯᠠᠨ ᠵᠠᠯᠭ᠋ᠠᠮᠵᠢᠯᠠᠬᠤ ᠰᠠᠭᠤᠷᠢᠨ ᠭᠠᠵᠠᠷ᠎ᠢ ᠪᠠᠶ᠋ᠢᠭᠤᠯᠤᠨ᠎ᠠ᠃ ᠤᠯᠠᠮᠵᠢᠯᠠᠨ ᠵᠠᠯᠭ᠋ᠠᠮᠵᠢᠯᠠᠬᠤ ᠰᠠᠭᠤᠷᠢᠨ ᠭᠠᠵᠠᠷ᠎ᠲᠤ ᠣᠯᠠᠮᠵᠢᠯᠠᠨ ᠵᠠᠯᠭ᠋ᠠᠮᠵᠢᠯᠠᠬᠤ ᠭᠠᠵᠠᠷ ᠪᠠ ᠤᠯᠠᠮᠵᠢᠯᠠᠨ ᠵᠠᠯᠭ᠋ᠠᠮᠵᠢᠯᠠᠬᠤ ᠡᠷᠦᠭᠡ ᠭᠠᠷᠭ᠋ᠠᠵᠤ ᠪᠣᠯᠤᠨ᠎ᠠ ᠭᠡᠵᠦ ᠲᠤᠭᠲᠠᠭ᠋ᠠᠭᠰᠠᠨ ᠪᠠᠢ᠌ᠨ᠎ᠠ᠃
ᠲᠠᠨ᠎ᠤ ᠳᠤᠷᠠᠳᠤᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠱ᠌ᠢᠶ᠎ᠡ ᠦᠵᠡᠭᠦᠯᠬᠦ ᠭᠠᠴᠠᠭ᠎ᠠ ᠲᠤᠰᠬᠤᠨ᠎ᠢ ᠪᠦᠲᠦᠭᠡᠨ ᠪᠠᠶ᠋ᠢᠭᠤᠯᠬᠤ᠎ᠳᠤ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠤ ᠲᠥᠯᠦᠪᠯᠡᠭᠡ ᠳᠣᠤᠷ᠎ᠠ ᠪᠠᠶ᠋ᠢᠭᠤᠯᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠢ ᠪᠠᠢ᠌ᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠭᠣᠤᠯ ᠪᠤᠯᠭ᠋ᠠᠵᠤ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠬᠦᠯᠢ ᠴᠣᠭᠴᠠ ᠵᠢᠨ ᠴᠢᠨᠠᠷᠲᠠᠶ ᠬᠠᠮᠠᠭ᠋ᠠᠯᠠᠯᠲᠠ ᠪᠠ ᠤᠯᠠᠮᠵᠢᠯᠠᠨ ᠬᠥᠭᠵᠢᠭᠦᠯᠬᠦ ᠵᠢ ᠠᠬᠢᠭᠤᠯᠬᠤ᠂ ᠰᠣᠶᠣᠯ᠎ᠤᠨ ᠠᠮᠢ ᠠᠬᠤᠶ ᠵᠢᠨ ᠰᠢᠰᠲ᠋ᠧᠮ᠎ᠤᠨ ᠲᠡᠩᠴᠡᠭᠦᠷᠢ ᠪᠠ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠬᠤ; ᠰᠣᠶᠣᠯ᠎ᠤᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠵᠤ᠂ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠨ᠂ ᠦᠨᠳᠦᠰᠦᠲᠡᠨ᠎ᠤ ᠢᠲᠡᠭᠡᠯ ᠵᠣᠷᠢᠭ ᠪᠠ ᠨᠢᠭᠲᠠᠷᠠᠯ᠎ᠤᠨ ᠬᠦᠴᠦᠨ᠎ᠢ ᠴᠢᠩᠭ᠋ᠠᠳᠬᠠᠬᠤ; ᠠᠵᠤ ᠠᠬᠤᠶ ᠨᠡᠶ᠋ᠢᠭᠡᠮ᠎ᠤᠨ ᠪᠦᠬᠦ ᠲᠠᠯ᠎ᠠ ᠵᠢᠨ ᠵᠣᠬᠢᠴᠠᠩᠭᠤᠶ ᠪᠠ ᠦᠷᠬᠦᠯᠵᠢᠯᠡᠭᠰᠡᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠳᠤ᠎ᠬᠢ ᠪᠠᠢ᠌ᠭᠤᠯᠤᠯᠲᠠ᠂ ᠬᠠᠮᠢᠶᠠᠷᠤᠯᠲᠠ ᠪᠠ ᠵᠢᠯᠤᠭᠤᠳᠤᠯᠭ᠎ᠠ᠎ᠪᠠᠨ ᠴᠢᠩᠭ᠋ᠠᠳᠬᠠᠵᠤ᠂ ᠪᠦᠬᠦ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠬᠦᠯᠢ ᠴᠤᠭᠴᠠᠲᠤ ᠬᠠᠮᠠᠭ᠋ᠠᠯᠠᠯᠲᠠ ᠪᠠ ᠤᠯᠠᠮᠵᠢᠯᠠᠯᠲᠠ ᠬᠦᠭᠵᠢᠬᠦᠯᠦᠯᠲᠡ ᠵᠢ ᠲᠦᠯᠬᠢᠨ ᠠᠬᠢᠭᠤᠯᠬᠤ᠎ᠪᠠᠷ ᠬᠦᠴᠦᠯᠡᠵᠦ ᠪᠤᠢ᠃
ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠤᠰᠬᠠᠶ ᠵᠦᠢ᠍ᠯ᠎ᠤᠨ ᠪᠡᠯᠡ ᠮᠥᠩᠭᠥ ᠵᠢ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠡᠭᠡᠭᠰᠢᠬᠢ ᠪᠣᠳᠠᠰ᠎ᠤᠨ ᠪᠤᠰᠤ ᠰᠤᠶᠤᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠵᠢᠨ ᠤᠯᠠᠮᠵᠢᠯᠠᠨ ᠰᠤᠷᠬᠤ ᠨᠥᠬᠥᠪᠥᠷᠢ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠡᠷᠭᠡ ᠴᠢᠭᠯᠡᠯ᠎ᠳᠤ ᠬᠡᠷᠡᠭᠯᠡᠵᠦ ᠪᠠᠢ᠌ᠨ᠎ᠠ᠃ ᠪᠤᠳᠠᠰ᠎ᠤᠨ ᠪᠤᠰᠤ ᠰᠤᠶᠤᠯ᠎ᠤᠨ ᠥᠪ᠎ᠤᠨ ᠭᠠᠴᠠᠭ᠎ᠠ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢ ᠳᠡᠮᠵᠢᠬᠦ ᠲᠤᠰᠬᠠᠢ ᠪᠡᠯᠡ ᠮᠥᠩᠭᠦ ᠪᠠᠢ᠌ᠬᠤ ᠦᠭᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2020 ᠣᠨ᠎ᠤ 5 ᠳ᠋ᠤᠭ᠋ᠠᠷ ᠰᠠᠷ᠎ᠠ ᠵᠢᠨ 6᠎ᠤ ᠡᠳᠦᠷ