
ᠱᠧᠨ ᠭᠦᠸᠧ ᠹᠦ᠋ ᠲᠥᠯᠥᠭᠡᠯᠡᠭᠴᠢ ᠲᠠᠨ᠎ᠠ᠄
ᠲᠠᠨ᠎ᠤ ᠳᠤᠷᠠᠳᠤᠭᠰᠠᠨ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠲᠤᠬᠠᠶ ᠰᠠᠨᠠᠭᠤᠯᠭ᠎ᠠ ᠵᠢ ᠣᠶ᠋ᠢᠯᠠᠭ᠋ᠠᠪᠠ᠂ ᠵᠠᠯᠠᠶ᠋ᠢᠳ ᠬᠣᠰᠢᠭᠤ ᠵᠢᠴᠢ ᠪᠥᠬᠥ ᠣᠷᠣᠨ᠎ᠤ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠩᠬᠠᠷᠴᠤ ᠳᠡᠮᠵᠢᠭᠰᠡᠨ᠎ᠳᠤ ᠴᠢᠨᠢ ᠲᠠᠯᠠᠷᠬᠠᠵᠤ ᠪᠠᠶ᠋ᠢᠨ᠎ᠠ᠂ ᠣᠲᠣ ᠳᠣᠤᠷᠠᠬᠢ ᠮᠡᠲᠦ ᠬᠠᠷᠢᠭᠤᠯᠲᠠ ᠥᠭᠭᠦᠶ᠎ᠡ᠄
ᠵᠠᠯᠠᠶ᠋ᠢᠳ ᠬᠣᠰᠢᠭᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭ᠋ᠠᠨ ᠠᠶ᠋ᠢᠮᠠᠭ᠎ᠤᠨ ᠵᠡᠭᠦᠨ ᠬᠣᠶ᠋ᠢᠲᠤ ᠬᠡᠰᠡᠭ᠂ ᠶᠡᠬᠡ ᠬᠢᠩᠭ᠋ᠠᠨ ᠳᠠᠪᠠᠭ᠎ᠠ ᠵᠢᠨ ᠡᠮᠦᠨ᠎ᠡ ᠬᠣᠷᠮᠣᠶ᠂ ᠨᠤᠨ ᠮᠥᠷᠡᠨ᠎ᠤ ᠪᠠᠷᠠᠭᠤᠨ ᠡᠷᠭᠢ᠎ᠳᠤ ᠪᠠᠶ᠋ᠢᠷᠢᠯᠠᠵᠤ᠂ ᠶᠡᠬᠡ ᠬᠢᠩᠭ᠋ᠠᠨ ᠳᠠᠪᠠᠭ᠎ᠠ᠎ᠠᠴᠠ ᠰᠤᠩᠭ᠋ᠠᠷᠢ ᠮᠦᠷᠡᠨ ᠪᠠ ᠨᠣᠨ ᠮᠥᠷᠡᠨ᠎ᠤ ᠲᠠᠯ᠎ᠠ ᠭᠠᠵᠠᠷ ᠵᠦᠭ ᠰᠢᠯᠵᠢᠬᠦ ᠣᠷᠣᠨ᠎ᠳᠤ ᠬᠠᠷᠢᠶᠠᠯᠠᠭᠳᠠᠵᠤ᠂ ᠰᠣᠶᠣᠯ ᠵᠢᠭᠤᠯᠴᠢᠯᠠᠯ᠎ᠤᠨ ᠡᠬᠢ ᠪᠠᠶᠠᠯᠢᠭ ᠥᠨᠢᠷ ᠡᠯᠪᠡᠭ᠂ ᠢᠯᠠᠩᠭᠤᠶ᠎ᠠ ᠨᠡᠭᠦᠳᠡᠯ ᠮᠠᠯᠵᠢᠯ᠎ᠤᠨ ᠰᠣᠶᠣᠯ ᠪᠠ ᠲᠠᠷᠢᠶᠠᠯᠠᠩ᠎ᠤᠨ ᠰᠣᠶᠣᠯ ᠬᠠᠷᠢᠯᠴᠠᠨ ᠠᠭᠤᠰᠤᠯᠴᠠᠬᠤ ᠣᠨᠴᠠᠯᠢᠭ ᠲᠣᠪᠣᠶ᠋ᠢᠮ᠎ᠠ ᠪᠠᠢ᠌ᠵᠤ᠂ 90 ᠲᠦᠮᠡᠨ ᠮᠦ᠍ ᠲᠠᠯᠠᠪᠠᠢ᠎ᠲᠠᠢ ᠤᠰᠤᠨ ᠲᠤᠲᠤᠷᠭ᠎ᠠ ᠵᠢᠨ ᠲᠠᠷᠢᠶ᠎ᠠ᠎ᠨᠢ ᠤᠳᠤ ᠦᠶ᠎ᠡ ᠵᠢᠨ ᠵᠢᠭᠤᠯᠴᠢᠯᠠᠯ᠂ ᠲᠠᠷᠢᠶᠠᠯᠠᠩ᠎ᠤᠨ ᠵᠢᠭᠤᠯᠴᠢᠯᠠᠯ᠎ᠤᠨ ᠪᠡᠶᠡᠴᠢᠯᠡᠭᠰᠡᠨ ᠦᠢ᠍ᠯᠠᠭ᠋ᠠᠯᠲᠠ ᠵᠢ ᠬᠦᠭᠵᠢᠬᠦᠯᠬᠦ ᠳᠠᠯᠳᠠ ᠬᠦᠴᠦᠨ ᠯᠤᠲᠤ ᠶᠡᠬᠡ᠃
ᠨᠢᠭᠡ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠡᠬᠢ ᠪᠠᠶᠠᠯᠢᠭ ᠤᠨ ᠳᠠᠪᠠᠭᠤᠯᠢᠭ᠎ᠢ ᠠᠳᠬᠤᠵᠤ ᠰᠣᠶᠣᠯ ᠵᠢᠭᠤᠯᠴᠢᠯᠠᠯ᠎ᠤᠨ ᠵᠢᠵᠢᠭ ᠪᠠᠯᠭ᠋ᠠᠰᠤ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ
ᠵᠠᠯᠠᠶ᠋ᠢᠳ ᠬᠤᠰᠢᠭᠤᠨ᠎ᠤ ᠤᠳᠤ ᠦᠶ᠎ᠡ ᠵᠢᠨ ᠵᠢᠭᠤᠯᠴᠢᠯᠠᠯ᠂ ᠪᠡᠶᠡᠴᠢᠯᠡᠨ ᠣᠶ᠋ᠢᠯᠠᠭ᠋ᠠᠬᠤ ᠬᠡᠯᠪᠡᠷᠢ ᠵᠢᠨ ᠲᠠᠷᠢᠶᠠᠯᠠᠩ᠎ᠤᠨ ᠵᠢᠭᠤᠯᠴᠢᠯᠠᠯ᠎ᠢ ᠬᠥᠭᠵᠢᠭᠦᠯᠬᠦ ᠳᠠᠯᠳᠠ ᠬᠦᠴᠦᠨ ᠮᠠᠰᠢ ᠶᠡᠬᠡ᠃ ᠵᠠᠯᠠᠶ᠋ᠢᠳ ᠬᠣᠰᠢᠭᠤ ᠰᠢᠶᠠᠩ ᠪᠠᠯᠭ᠋ᠠᠰᠤᠨ᠎ᠤ ᠠᠮᠢ ᠠᠬᠤᠢ ᠵᠢᠨ ᠰᠠᠭᠤᠷᠢ᠂ ᠠᠵᠤ ᠦᠢ᠍ᠯᠡᠰ᠎ᠤᠨ ᠪᠠᠶ᠋ᠢᠷᠢ ᠲᠣᠭᠲᠠᠭ᠋ᠠᠯᠲᠠ᠂ ᠰᠣᠶᠣᠯ᠎ᠤᠨ ᠠᠭᠤᠯᠤᠭᠳᠠᠬᠤᠨ ᠵᠡᠷᠭᠡ ᠵᠢ ᠬᠠᠷᠢᠯᠴᠠᠨ ᠤᠶᠠᠯᠳᠤᠭᠤᠯᠵᠤ᠂ ᠵᠢᠭᠤᠯᠴᠢᠯᠠᠯ᠎ᠤᠨ ᠤᠨᠴᠠᠯᠢᠬᠳᠤ ᠵᠢᠵᠢᠭ ᠪᠠᠯᠭ᠋ᠠᠰᠤ ᠵᠢ ᠲᠥᠯᠥᠪᠵᠢᠭᠦᠯᠦᠨ ᠪᠠᠶ᠋ᠢᠭᠤᠯᠬᠤ ᠰᠡᠳᠬᠢᠴᠡ ᠪᠣᠯ ᠵᠥᠪ ᠶᠤᠮ᠃ ᠭᠡᠪᠡᠴᠦ ᠣᠳᠣᠬᠠᠨ᠎ᠳᠤ ᠵᠠᠯᠠᠶ᠋ᠢᠳ ᠬᠣᠰᠢᠭᠤᠨ᠎ᠤ ᠵᠢᠭᠤᠯᠴᠢᠯᠠᠯ᠎ᠤᠨ ᠬᠥᠭᠵᠢᠯᠲᠡ ᠬᠦᠷᠦᠯᠴᠡᠬᠦ ᠦᠭᠡᠢ ᠪᠠᠶ᠋ᠢᠨ᠎ᠠ᠂ 2A ᠲᠡᠰ᠎ᠤᠨ ᠦᠵᠡᠮᠵᠢ ᠵᠢᠨ ᠣᠷᠣᠨ ᠵᠥᠪᠬᠡᠨ ᠬᠣᠶᠠᠷ ᠪᠠᠶ᠋ᠢᠵᠤ᠂ ᠮᠥᠨ ᠯᠡ ᠦᠢ᠍ᠯᠡᠳᠬᠦᠨ ᠳᠠᠩ ᠴᠤᠯᠭᠤᠶ᠂ ᠰᠣᠶᠣᠯ᠎ᠤᠨ ᠠᠭᠤᠯᠤᠭᠳᠠᠬᠤᠨ ᠬᠦᠷᠦᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃ ᠳᠣᠤᠷᠠᠬᠢ ᠬᠡᠳᠦᠨ ᠲᠠᠯ᠎ᠠ᠎ᠪᠠᠷ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠬᠤ ᠵᠢ ᠰᠠᠨᠠᠭᠤᠯᠤᠶ᠎ᠠ᠃ ᠨᠢᠭᠡ᠎ᠳᠤ᠂ ᠶᠡᠨᠳᠡᠷ ᠪᠠᠯᠭ᠋ᠠᠰᠤ ᠪᠣᠯᠤᠨ ᠬᠣᠯᠪᠣᠭ᠎ᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠶᠡᠨᠳᠡᠷ ᠪᠠᠯᠭ᠋ᠠᠰᠤ ᠵᠢ ᠲᠤᠭᠤᠷᠢᠭᠰᠠᠨ ᠵᠢᠭᠤᠯᠴᠢᠯᠠᠯ᠎ᠤᠨ ᠪᠦᠰᠡ ᠵᠢᠨ ᠪᠦᠲᠦᠭᠡᠨ ᠪᠠᠶ᠋ᠢᠭᠤᠯᠤᠯᠲᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠬᠦᠯᠬᠦ ᠬᠡᠷᠡᠭᠲᠡᠢ; ᠬᠣᠶᠠᠷ᠎ᠲᠤ᠂ ᠤᠷᠢᠳᠠᠪᠠᠷ ᠲᠥᠯᠥᠪᠵᠢᠭᠦᠯᠵᠦ᠂ ᠶᠡᠨᠳᠡᠷ ᠪᠠᠯᠭ᠋ᠠᠰᠤ᠂ ᠬᠣᠯᠪᠣᠭ᠎ᠠ ᠪᠠᠯᠭ᠋ᠠᠰᠤᠨ᠎ᠤ ᠵᠢᠭᠤᠯᠴᠢᠯᠠᠯ᠎ᠤᠨ ᠣᠨᠴᠠᠯᠢᠭᠲᠤ ᠵᠢᠵᠢᠭ ᠪᠠᠯᠭ᠋ᠠᠰᠤ ᠵᠢ ᠬᠥᠭᠵᠢᠭᠦᠯᠬᠦ ᠲᠥᠯᠥᠪᠵᠢᠭᠦᠯᠭᠡ ᠵᠢ ᠲᠣᠭᠲᠠᠭ᠋ᠠᠬᠤ ᠬᠡᠷᠡᠭᠲᠡᠶ᠃ ᠭᠤᠷᠪᠠ᠎ᠳᠤ᠂ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠵᠡᠷᠭᠡ ᠲᠠᠯᠠᠪᠤᠷ ᠭᠠᠵᠠᠷ᠎ᠤᠨ ᠪᠡᠯᠡᠳᠬᠡᠮᠵᠢ ᠵᠢ ᠠᠰᠢᠭᠯᠠᠵᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢ ᠲᠣᠭᠣᠷᠢᠨ ᠦᠵᠡᠬᠦ ᠵᠢᠭᠤᠯᠴᠢᠯᠠᠯ᠎ᠢ ᠬᠥᠭᠵᠢᠭᠦᠯᠦᠨ᠎ᠡ᠃ ᠳᠥᠷᠪᠡ᠎ᠳᠤ ᠂ ᠵᠢᠭᠤᠯᠴᠢᠯᠠᠭᠴᠢᠳ᠎ᠤᠨ ᠦᠢ᠍ᠯᠡᠳᠪᠦᠷᠢᠯᠡᠯ᠎ᠤᠨ ᠶᠠᠪᠤᠴᠠ᠎ᠳᠤ ᠣᠷᠣᠯᠴᠠᠵᠤ ᠪᠤᠯᠬᠤᠢ᠌ᠴᠠ ᠵᠢᠭᠤᠯᠴᠢᠯᠠᠯ᠎ᠤᠨ ᠪᠥᠲᠦᠭᠡᠭᠳᠡᠬᠦᠨᠢ ᠨᠡᠭᠡᠭᠡᠨ ᠬᠥᠭᠵᠢᠭᠦᠯᠬᠦ ᠬᠡᠷᠡᠭᠲᠡᠶ᠃
ᠬᠣᠶᠠᠷ᠂ ᠵᠠᠮ ᠬᠠᠷᠢᠯᠴᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠤᠨ᠎ᠠ
ᠵᠠᠯᠠᠶ᠋ᠢᠳ ᠬᠣᠰᠢᠭᠤᠨ᠎ᠤ ᠵᠠᠰᠠᠭ᠎ᠤᠨ ᠣᠷᠳᠣᠨ ᠬᠦᠭᠵᠢᠬᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ᠎ᠢ ᠢᠳᠡᠪᠬᠢᠲᠡᠢ ᠵᠣᠬᠢᠴᠠᠭᠤᠯᠵᠤ᠂ ᠵᠠᠯᠠᠶ᠋ᠢᠳ ᠬᠤᠰᠢᠭᠤᠨ᠎ᠤ ᠭᠠᠯᠲᠤ ᠲᠡᠷᠭᠡᠨ ᠥᠷᠲᠡᠭᠡ ᠪᠠ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠲᠥᠷᠥᠯ ᠵᠦᠢ᠍ᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ᠂ ᠤᠯᠠᠭ᠋ᠠᠨᠬᠣᠲᠠ᠎ᠠᠴᠠ ᠵᠢᠶᠠᠩ ᠴᠢᠶᠣᠤ ᠬᠦᠷᠬᠦ ᠲᠡᠮᠦᠷ ᠵᠠᠮ᠎ᠤᠨ ᠪᠠᠷᠢᠯᠭ᠎ᠠ ᠪᠠ ᠵᠠᠯᠠᠶ᠋ᠢᠳ ᠬᠤᠰᠢᠭᠤᠨ᠎ᠤ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ᠃ ᠵᠠᠮ ᠬᠠᠷᠢᠯᠴᠠᠭ᠋ᠠᠨ᠎ᠤ ᠱᠤᠭᠤᠮ᠎ᠢ ᠨᠡᠭᠡᠭᠡᠭᠰᠡᠨ᠎ᠤ ᠳᠠᠷᠠᠭ᠎ᠠ᠂ ᠮᠠᠨ᠎ᠤ ᠲᠢᠩᠬᠢᠮ ᠵᠢᠭᠤᠯᠴᠢᠯᠠᠯ᠎ᠤᠨ ᠲᠤᠰᠬᠠᠶ ᠭᠠᠯᠲᠤ ᠲᠡᠷᠭᠡ ᠵᠡᠷᠭᠡ ᠵᠢ ᠢᠳᠡᠪᠬᠢᠲᠡᠶ ᠵᠣᠬᠢᠴᠠᠭᠤᠯᠤᠨ ᠨᠡᠪᠲᠡᠷᠡᠬᠦᠯᠵᠦ᠂ ᠲᠤᠬᠠᠶ ᠵᠢᠨ ᠭᠠᠵᠠᠷ᠎ᠤᠨ ᠵᠢᠭᠤᠯᠴᠢᠯᠠᠯ᠎ᠤᠨ ᠬᠥᠭᠵᠢᠯᠲᠡ ᠵᠢ ᠳᠡᠮᠵᠢᠨ᠎ᠡ᠃
ᠭᠤᠷᠪᠠ᠂ ᠤᠯᠠᠭ᠋ᠠᠨᠬᠤᠲᠠ᠂ ᠷᠠᠰᠢᠶᠠᠨ᠂ ᠬᠠᠢ᠌ᠯᠠᠷ᠂ ᠮᠠᠨᠵᠤᠤᠷ ᠤᠨ ᠣᠷᠣᠨ ᠪᠦᠰᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠤᠨ᠎ᠠ
ᠥᠪᠡᠷᠲᠡᠭᠡᠨ ᠵᠠᠰᠠᠬᠤ ᠣᠷᠣᠨ ᠤᠯᠠᠭ᠋ᠠᠨᠬᠤᠲᠠ᠂ ᠷᠠᠰᠢᠶᠠᠨ᠂ ᠬᠠᠢ᠌ᠯᠠᠷ᠂ ᠮᠠᠨᠵᠤᠤᠷ᠎ᠤᠨ ᠵᠢᠭᠤᠯᠴᠢᠯᠠᠯ᠎ᠤᠨ ᠨᠢᠭᠡ ᠴᠣᠭᠴᠠᠵᠢᠭᠰᠠᠨ ᠬᠠᠮᠵᠢᠯᠴᠠᠭᠰᠠᠨ ᠬᠥᠭᠵᠢᠯᠲᠡ ᠵᠢ ᠶᠡᠬᠡᠪᠡᠷ ᠠᠬᠢᠭᠤᠯᠵᠤ᠂ 《〈 ᠤᠯᠠᠭ᠋ᠠᠨᠬᠤᠲᠠ᠂ ᠷᠠᠰᠢᠶᠠᠨ᠂ ᠬᠠᠢ᠌ᠯᠠᠷ᠂ ᠮᠠᠨᠵᠤᠤᠷ〉 ᠨᠢᠭᠡ ᠴᠤᠬ᠍ᠴᠠᠵᠢᠭᠤᠯᠤᠬᠰᠠᠨ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢ ᠶᠠᠭ ᠨᠠᠶ᠋ᠢᠷᠠᠭᠤᠯᠤᠨ ᠵᠣᠬᠢᠶᠠᠵᠤ ᠪᠠᠶ᠋ᠢᠨ᠎ᠠ᠃ ᠵᠠᠯᠠᠶ᠋ᠢᠳ ᠬᠣᠰᠢᠭᠤ ᠴᠤ᠌ 《 ᠤᠯᠠᠭ᠋ᠠᠨᠬᠤᠲᠠ᠂ ᠷᠠᠰᠢᠶᠠᠨ᠂ ᠬᠠᠢ᠌ᠯᠠᠷ᠂ ᠮᠠᠨᠵᠤᠤᠷ》 ᠤᠨ ᠨᠢᠭᠡ ᠴᠤᠬ᠍ᠴᠠᠵᠢᠭᠤᠯᠤᠬᠰᠠᠨ ᠵᠢᠭᠤᠯᠴᠢᠯᠠᠯ᠎ᠤᠨ ᠬᠥᠭᠵᠢᠯᠲᠡ᠎ᠳᠤ ᠢᠳᠡᠪᠬᠢᠲᠡᠢ ᠤᠷᠤᠯᠴᠠᠵᠤ᠂ ᠲᠤᠰ ᠪᠡᠶ᠎ᠡ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠬᠥᠭᠵᠢᠯᠲᠡ ᠵᠢᠨ ᠵᠠᠪᠰᠢᠶᠠᠨ ᠲᠤᠬᠢᠶᠠᠯ᠎ᠢ ᠠᠮᠵᠢᠭᠤᠯᠪᠠᠯ ᠵᠤᠬᠢᠨ᠎ᠠ᠃ ᠵᠠᠯᠠᠶ᠋ᠢᠳ ᠬᠣᠰᠢᠭᠤᠨ᠎ᠤ ᠭᠣᠣᠯ ᠪᠣᠯᠬᠤ ᠵᠣᠴᠢᠳ᠎ᠤᠨ ᠢᠷᠡᠯᠲᠡ ᠵᠢᠨ ᠵᠠᠬ᠎ᠠ ᠳᠡᠯᠭᠡᠭᠦᠷ᠎ᠲᠤ ᠴᠢᠭᠯᠡᠭᠦᠯᠦᠨ ᠤᠬᠠᠭᠤᠯᠤᠨ ᠳᠡᠯᠭᠡᠷᠡᠭᠦᠯᠵᠦ᠂ ᠵᠡᠭᠦᠨ ᠭᠤᠷᠪᠠᠨ ᠮᠤᠵᠢ ᠵᠢᠨ ᠵᠢᠭᠤᠯᠴᠢᠯᠠᠭᠴᠢᠳ᠎ᠤᠨ ᠢᠷᠡᠯᠲᠡ ᠵᠢ ᠠᠯᠬᠤᠮ ᠠᠯᠬᠤᠮ ᠵᠶ᠋ᠠᠷ ᠪᠡᠬᠢᠵᠢᠭᠦᠯᠦᠨ ᠥᠷᠭᠡᠳᠬᠡᠬᠦ ᠵᠢᠨ ᠬᠠᠮᠲᠤ ᠪᠡᠭᠡᠵᠢᠩ ᠲᠢᠶᠠᠨᠵᠢᠨ ᠾᠧᠪᠧᠶ ᠵᠡᠷᠭᠡ ᠨᠡᠯᠢᠶᠡᠳ ᠤᠢ᠌ᠷᠠᠬᠠᠨ ᠪᠠ ᠠᠯᠤᠰ᠎ᠤᠨ ᠵᠢᠭᠤᠯᠴᠢᠯᠠᠭᠴᠢᠳ᠎ᠤᠨ ᠢᠷᠡᠯᠲᠡ ᠵᠢᠨ ᠵᠠᠬ᠎ᠠ ᠳᠡᠯᠭᠡᠭᠦᠷ᠎ᠢ ᠨᠡᠭᠡᠭᠡᠨ ᠬᠥᠭᠵᠢᠭᠦᠯᠬᠦ ᠡᠷᠴᠢᠮ ᠵᠶ᠋ᠠᠨ ᠨᠡᠮᠡᠭᠳᠡᠬᠦᠯᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠵᠣᠬᠢᠶᠠᠨ ᠪᠠᠶ᠋ᠢᠭᠤᠯᠤᠭᠰᠠᠨ ᠤᠯᠤᠰ᠎ᠤᠨ ᠳᠣᠲᠣᠭ᠋ᠠᠳᠤ ᠵᠢᠨ ᠡᠯ᠎ᠡ ᠲᠥᠷᠥᠯ᠎ᠤᠨ ᠰᠣᠶᠣᠯ ᠵᠢᠭᠤᠯᠴᠢᠯᠠᠯ᠎ᠤᠨ ᠦᠵᠡᠭᠦᠯᠦᠯᠭᠡ ᠵᠢᠨ ᠴᠤᠭᠯᠠᠭ᠋ᠠᠨ᠂ ᠤᠬᠠᠭᠤᠯᠭ᠎ᠠ ᠵᠢᠨ ᠠᠵᠢᠯᠯᠠᠭ᠎ᠠ ᠵᠡᠷᠭᠡ ᠵᠠᠪᠰᠢᠶᠠᠨ ᠲᠣᠬᠢᠶᠠᠯ᠎ᠢ ᠬᠦᠢ᠍ᠴᠡᠳ ᠠᠰᠢᠭᠯᠠᠵᠤ᠂ ᠵᠠᠯᠠᠶ᠋ᠢᠳ ᠬᠣᠰᠢᠭᠤᠨ᠎ᠤ ᠵᠢᠭᠤᠯᠴᠢᠯᠠᠯ᠎ᠤᠨ ᠠᠯᠳᠠᠷᠰᠢᠯ᠎ᠢ ᠳᠡᠭᠡᠭᠰᠢᠯᠡᠭᠦᠯᠬᠦ᠎ᠳᠤ ᠢᠳᠡᠪᠬᠢᠲᠡᠢ ᠣᠷᠣᠯᠴᠠᠵᠤ᠂ ᠵᠢᠭᠤᠯᠴᠢᠯᠠᠯ᠎ᠤᠨ ᠵᠠᠬ᠎ᠠ ᠳᠡᠯᠭᠡᠭᠦᠷ ᠵᠶ᠋ᠠᠨ ᠥᠷᠭᠡᠳᠬᠡᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2020 ᠣᠨ᠎ᠤ 5 ᠳ᠋ᠤᠭ᠋ᠠᠷ ᠰᠠᠷ᠎ᠠ ᠵᠢᠨ 13᠎ᠤ ᠡᠳᠦᠷ