
ᠲᠥᠯᠥᠭᠡᠯᠡᠭᠴᠢ ᠸᠠᠩ ᠳ᠋ᠠᠨ ᠲᠠᠨ᠎ᠠ ᠄
ᠲᠠᠨ᠎ᠤ ᠳᠤᠷᠠᠳᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠭᠤᠤ ᠬᠥᠭᠵᠢᠮ᠎ᠤᠨ ᠲᠢᠩᠬᠢᠮ ᠪᠠᠢ᠌ᠭᠤᠯᠬᠤ ᠲᠤᠬᠠᠢ ᠰᠠᠨᠠᠭᠤᠯᠭ᠎ᠠ》 ᠵᠢ ᠬᠤᠷᠢᠶᠠᠨ ᠤᠯᠪᠠ᠂ ᠡᠳᠦᠭᠡ ᠳᠣᠤᠷᠠᠬᠢ ᠮᠡᠲᠦ ᠬᠠᠷᠢᠭᠤᠯᠲᠠ ᠥᠭᠭᠦᠶ᠎ᠡ᠄
ᠨᠢᠭᠡ᠂ ᠹᠸᠩ ᠲᠢᠶᠠᠨ᠎ᠲᠠᠢ ᠵᠢᠤ ᠠᠪᠤᠭ᠋ᠠᠶ ᠵᠢ ᠤᠷᠢᠵᠤ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠲᠢᠩᠬᠢᠮ᠎ᠳᠤ ᠲᠠᠭᠤᠤ ᠵᠢᠨ ᠤᠬᠠᠭ᠋ᠠᠨ᠎ᠤ ᠵᠢᠷᠤᠭ ᠲᠥᠯᠥᠪᠯᠡᠭᠡ ᠬᠢᠯᠭᠡᠬᠦ ᠠᠰᠠᠭᠤᠳᠠᠯ᠎ᠤᠨ ᠲᠤᠬᠠᠢ
ᠮᠠᠨ᠎ᠤ ᠲᠢᠩᠬᠢᠮ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠲᠢᠩᠬᠢᠮ᠎ᠤᠨ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠪᠢᠴᠢᠭ᠎ᠢ ᠨᠠᠶ᠋ᠢᠷᠠᠭᠤᠯᠤᠨ ᠵᠣᠬᠢᠶᠠᠬᠤ᠎ᠳᠤ᠎ᠪᠠᠨ ᠹᠸᠩ ᠲᠢᠶᠠᠨ᠎ᠲᠠᠢ ᠵᠢᠤ ᠠᠪᠤᠭ᠋ᠠᠢ ᠵᠢᠨ ᠲᠤᠰᠠᠯᠠᠭᠴᠢ ᠸᠸᠩ ᠺᠠᠩ ᠨᠢᠶᠠᠨ ᠳ᠋ᠤᠺᠲ᠋ᠤᠷ᠎ᠲᠠᠢ ᠲᠠᠭᠤᠤ ᠵᠢᠨ ᠤᠬᠠᠭ᠋ᠠᠨ᠎ᠤ ᠵᠢᠷᠤᠭ ᠲᠥᠯᠥᠪᠯᠡᠭᠡ ᠵᠢᠨ ᠬᠠᠮᠢᠶ᠎ᠠ ᠪᠥᠬᠥᠶ ᠯᠠᠪᠯᠠᠯᠭ᠎ᠠ ᠬᠢᠵᠦ ᠦᠩᠭᠡᠷᠡᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠶᠤᠰᠤ᠎ᠪᠠᠷ᠂ ᠹᠧᠩ ᠲᠢᠶᠠᠨ᠎ᠲᠠᠢ ᠵᠢᠦ ᠠᠪᠤᠭ᠋ᠠᠶ᠎ᠠᠴᠠ ᠪᠤᠰᠤᠳ᠂ ᠤᠯᠤᠰ᠎ᠤᠨ ᠲᠤᠲᠤᠭ᠋ᠠᠲᠤ ᠭᠠᠳᠠᠭ᠋ᠠᠳᠤ ᠵᠢᠨ ᠠᠳᠠᠯᠢᠬᠠᠨ ᠬᠢᠷᠢ ᠬᠡᠮᠵᠢᠶ᠎ᠡ᠎ᠲᠠᠢ ᠵᠢᠷᠤᠭ ᠲᠥᠯᠥᠪᠯᠡᠭᠴᠢ ᠵᠢ ᠰᠤᠩᠭᠤᠨ ᠤᠳᠤᠷᠢᠳᠤᠯᠭ᠎ᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠪᠡᠯᠡᠳᠬᠡᠯ ᠬᠠᠩᠭ᠋ᠠᠪᠠ ᠃
ᠬᠣᠶᠠᠷ᠂ ᠲᠢᠩᠬᠢᠮ ᠪᠦᠯᠬᠦᠮ᠎ᠢ ᠨᠢᠭᠡᠳᠬᠡᠬᠦ ᠠᠰᠠᠭᠤᠳᠠᠯ᠎ᠤᠨ ᠲᠤᠬᠠᠶ
ᠮᠠᠨ᠎ᠤ ᠲᠢᠩᠬᠢᠮ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠲᠢᠩᠬᠢᠮ᠎ᠤᠨ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠪᠢᠴᠢᠭ ᠨᠠᠢ᠌ᠷᠠᠭᠤᠯᠤᠨ ᠵᠣᠬᠢᠶᠠᠬᠤ ᠶᠠᠪᠤᠴᠠ᠎ᠳᠤ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠤᠨ ᠵᠦᠴᠦᠭᠡ ᠵᠢᠨ ᠬᠦᠷᠢᠶᠡᠯᠡᠩ᠎ᠠᠴᠠ ᠲᠢᠩᠬᠢᠮ ᠪᠦᠯᠬᠦᠮ᠎ᠢ ᠨᠢᠭᠡᠳᠬᠡᠬᠦ ᠰᠠᠨᠠᠭᠤᠯᠭ᠎ᠠ ᠲᠤᠷᠠᠳᠴᠤ ᠦᠩᠭᠡᠷᠡᠪᠡ᠃ ᠳᠠᠭᠤᠤ ᠬᠥᠭᠵᠢᠮ᠎ᠤᠨ ᠲᠢᠩᠬᠢᠮ᠎ᠤᠨ ᠬᠡᠷᠡᠭᠯᠡᠯᠲᠡ ᠵᠢᠨ ᠴᠢᠳᠠᠮᠵᠢ ᠵᠢᠨ ᠤᠯᠠᠮ᠎ᠠᠴᠠ ᠲᠡᠭᠦᠯᠳᠡᠷᠵᠢᠬᠦ ᠪᠣᠯᠤᠨ ᠪᠤᠯᠤᠯᠴᠠᠭ᠋ᠠᠲᠤ ᠰᠤᠳᠤᠯᠭ᠋ᠠᠨ᠎ᠤ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ᠎ᠪᠠᠷ ᠲᠠᠮᠵᠢᠭᠤᠯᠤᠨ ᠳᠠᠭᠤᠤ ᠬᠥᠭᠵᠢᠮ᠎ᠤᠨ ᠲᠢᠩᠬᠢᠮ᠎ᠤᠨ ᠡᠵᠡᠩᠨᠡᠯᠲᠡ ᠪᠠ ᠬᠠᠮᠢᠶᠠᠷᠤᠯᠲᠠ ᠵᠢᠨ ᠠᠰᠠᠭᠤᠳᠠᠯ᠎ᠢ ᠰᠠᠶᠢ ᠠᠯᠬᠤᠮ ᠠᠯᠬᠤᠮ ᠵᠶ᠋ᠠᠷ ᠲᠣᠳᠣᠷᠬᠠᠶ᠋ᠢᠯᠠᠵᠤ ᠴᠢᠳᠠᠨ᠎ᠠ᠃ ᠪᠠᠶ᠋ᠢᠭᠤᠯᠤᠭᠳᠠᠭᠰᠠᠨ᠎ᠤ ᠳᠠᠷᠠᠭ᠋ᠠᠬᠢ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠲᠢᠩᠬᠢᠮ᠎ᠳᠤ ᠲᠢᠩᠬᠢᠮ ᠪᠦᠯᠬᠦᠮ᠎ᠢ ᠨᠢᠭᠡᠳᠬᠡᠵᠦ ᠳᠡᠶ᠋ᠢᠯᠬᠦ ᠡᠰᠡᠬᠦ ᠵᠢ ᠳᠠᠬᠢᠨ ᠨᠤᠲᠠᠯᠠᠵᠤ᠂ ᠳᠠᠬᠢᠨ ᠲᠣᠭᠲᠠᠭ᠋ᠠᠬᠤ ᠴᠢᠬᠤᠯᠠᠲᠠᠶ ᠪᠠᠶ᠋ᠢᠨ᠎ᠠ᠃
ᠭᠤᠷᠪᠠ᠂ ᠫᠠᠢ᠌ᠫ ᠤᠷᠭ᠋ᠠᠨ ᠬᠦᠭᠵᠢᠮ᠎ᠢ ᠲᠣᠬᠢᠷᠠᠭᠤᠯᠬᠤ ᠠᠰᠠᠭᠤᠳᠠᠯ᠎ᠤᠨ ᠲᠤᠬᠠᠶ
ᠮᠠᠨ᠎ᠤ ᠲᠢᠩᠬᠢᠮ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠲᠢᠩᠬᠢᠮ᠎ᠤᠨ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠪᠢᠴᠢᠭ ᠨᠠᠢ᠌ᠷᠠᠭᠤᠯᠤᠨ ᠵᠤᠬᠢᠶᠠᠬᠤ᠎ᠳᠤ᠎ᠪᠠᠨ ᠫᠠᠢ᠌ᠫ ᠤᠷᠭ᠋ᠠᠨ ᠬᠦᠭᠵᠢᠮ᠎ᠢ ᠳᠠᠭᠤᠤ ᠬᠥᠭᠵᠢᠮ᠎ᠤᠨ ᠲᠢᠩᠬᠢᠮ᠎ᠤᠨ ᠲᠤᠰᠬᠠᠢ ᠬᠡᠷᠡᠭᠯᠡᠭᠡᠨ᠎ᠤ ᠲᠦᠭᠦᠭᠡᠷᠦᠮᠵᠢᠳᠤ ᠵᠢᠭᠰᠠᠭ᠋ᠠᠵᠤ᠂ ᠫᠠᠢ᠌ᠫ ᠤᠷᠭ᠋ᠠᠨ ᠬᠦᠭᠵᠢᠮ᠎ᠤᠨ ᠵᠠᠷᠤᠳᠠᠯ᠎ᠳᠤ ᠲᠥᠷᠥᠯ ᠵᠦᠢ᠍ᠯ᠎ᠤᠨ ᠵᠢᠱ᠌ᠢᠯᠲᠡ ᠬᠢᠪᠡ᠃
ᠳᠦᠷᠪᠡ᠂ ᠳᠠᠭᠤᠤ ᠬᠥᠭᠵᠢᠮ᠎ᠤᠨ ᠲᠢᠩᠬᠢᠮ᠎ᠤᠨ ᠦᠵᠡᠭᠴᠢᠳ᠎ᠤᠨ ᠰᠠᠭᠤᠳᠠᠯ᠎ᠤᠨ ᠪᠠᠢ᠌ᠷᠢᠰᠢᠭᠤᠯᠤᠯᠲᠠ ᠵᠢᠨ ᠠᠰᠠᠭᠤᠳᠠᠯ
ᠳᠠᠭᠤᠤ ᠬᠥᠭᠵᠢᠮ᠎ᠤᠨ ᠲᠢᠩᠬᠢᠮ᠎ᠤᠨ ᠦᠵᠡᠭᠴᠢᠳ᠎ᠤᠨ ᠰᠠᠭᠤᠳᠠᠯ᠎ᠤᠨ ᠪᠠᠢ᠌ᠷᠢᠰᠢᠭᠤᠯᠤᠯᠲᠠ᠎ᠨᠢ ᠲᠠᠭᠤᠨ᠎ᠤ ᠤᠬᠠᠭ᠋ᠠᠨ᠎ᠤ ᠵᠢᠷᠤᠭ ᠲᠥᠯᠥᠪᠯᠡᠭᠡ ᠵᠢᠨ ᠪᠦᠯᠬᠦᠮ᠎ᠢ ᠲᠣᠭᠲᠠᠭ᠋ᠠᠭᠰᠠᠨ᠎ᠤ ᠳᠠᠷᠠᠭ᠎ᠠ᠂ ᠳᠠᠭᠤᠨ᠎ᠤ ᠤᠬᠠᠭ᠋ᠠᠨ᠎ᠤ ᠵᠢᠷᠤᠭ ᠲᠥᠯᠥᠪᠯᠡᠭᠡ ᠵᠢᠨ ᠪᠦᠯᠬᠦᠮ᠎ᠠᠴᠠ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠲᠣᠭᠲᠠᠭ᠋ᠠᠯᠭ᠋ᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2020 ᠣᠨ4 ᠰᠠᠷ᠎ᠠ ᠵᠢᠨ 29᠎ᠤ ᠡᠳᠦᠷ