ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠱ᠌ᠢ᠎ᠲᠠᠢ ᠹᠧᠩ ᠥᠪᠥᠷ ᠮᠣᠩᠭᠤᠯ᠎ᠤᠨ ᠳᠥᠷᠪᠡᠳᠦᠭᠡᠷ ᠡᠮᠨᠡᠯᠭᠡ ᠵᠢᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠲᠤ ᠪᠠᠶ᠋ᠢᠴᠠᠭ᠋ᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ᠎ᠳᠠᠭᠠᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠲᠦᠷᠭᠡᠨ ᠨᠠᠷᠢᠯᠢᠭ ᠨᠠᠶ᠋ᠢᠳᠠᠪᠤᠷᠢᠵᠢᠭᠤᠯᠵᠤ ᠬᠢᠵᠢᠭ᠎ᠤᠨ ᠪᠠᠶ᠋ᠢᠳᠠᠯ᠎ᠤᠨ ᠲᠠᠷᠬᠠᠨ ᠳᠡᠯᠭᠡᠷᠡᠬᠦ ᠬᠠᠨᠳᠤᠰᠢ ᠵᠢ ᠲᠠᠰᠤ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄ 2021-10-27

     10 ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠡᠷᠬᠢᠯᠡᠭᠴᠢ ᠱ᠌ᠢ᠎ᠲᠠᠢ ᠹᠧᠩ ᠥᠪᠥᠷ ᠮᠣᠩᠭᠤᠯ᠎ᠤᠨ ᠳᠥᠷᠪᠡᠳᠦᠭᠡᠷ ᠡᠮᠨᠡᠯᠭᠡ ᠵᠢᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠲᠤ ᠭᠦᠨᠵᠡᠭᠡᠶ᠋ᠢᠷᠡᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠠᠶ᠋ᠢᠴᠠᠭ᠋ᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ᠎ᠳᠠᠭᠠᠨ᠂ ᠣᠳᠣᠬᠠᠨ᠎ᠤ ᠬᠢᠵᠢᠭ᠎ᠤᠨ ᠪᠠᠶ᠋ᠢᠳᠠᠯ᠎ᠤᠨ ᠬᠦᠨᠳᠦ ᠨᠣᠴᠢᠲᠠᠢ ᠴᠢᠨᠠᠷ᠂ ᠨᠠᠷᠢᠨ ᠪᠤᠳᠤᠯᠢᠶᠠᠨᠲᠠᠢ ᠴᠢᠨᠠᠷ ᠪᠣᠯᠤᠨ ᠰᠡᠷᠭᠡᠶ᠋ᠢᠯᠡᠨ ᠡᠵᠡᠮᠳᠡᠬᠦ ᠡᠭᠦᠷᠭᠡ ᠵᠢᠨ ᠪᠡᠷᠬᠡ ᠬᠠᠲᠠᠭᠤᠵᠢᠯᠲᠤ ᠴᠢᠨᠠᠷ᠂ ᠬᠦᠨᠳᠦ ᠨᠦᠰᠡᠷ ᠴᠢᠨᠠᠷ᠎ᠢ ᠭᠦᠨᠵᠡᠭᠡᠢ ᠲᠠᠨᠢᠵᠤ᠂ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠠ ᠵᠢ ᠴᠢᠩᠭ᠎ᠠ ᠲᠦᠷᠭᠡᠨ ᠨᠠᠷᠢᠯᠢᠭ ᠨᠠᠶ᠋ᠢᠳᠠᠪᠤᠷᠢᠵᠢᠭᠤᠯᠵᠤ᠂ ᠬᠢᠵᠢᠭ᠎ᠤᠨ ᠪᠠᠶ᠋ᠢᠳᠠᠯ᠎ᠤᠨ ᠲᠠᠷᠬᠠᠨ ᠳᠡᠯᠭᠡᠷᠡᠬᠦ ᠬᠠᠨᠳᠤᠰᠢ ᠵᠢ ᠲᠠᠰᠤ ᠬᠤᠷᠢᠭᠯᠠᠵᠤ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠱ᠌ᠢ᠎ᠲᠠᠢ ᠹᠧᠩ ᠡᠩ ᠲᠡᠷᠢᠭᠦᠨ᠎ᠳᠤ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠡᠮᠨᠡᠨ ᠠᠪᠤᠷᠠᠬᠤ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠤᠯᠬᠤ ᠥᠪᠥᠷ ᠮᠣᠩᠭᠤᠯ᠎ᠤᠨ ᠳᠥᠷᠪᠡᠳᠦᠭᠡᠷ ᠡᠮᠨᠡᠯᠭᠡ ᠵᠢᠨ ᠬᠤᠷᠢᠶ᠎ᠠ᠎ᠳᠤ ᠬᠦᠷᠴᠦ᠂ ᠬᠠᠮᠢᠶ᠎ᠠ ᠪᠥᠬᠦᠶ ᠬᠠᠷᠢᠭᠤᠴᠠᠯᠭ᠋ᠠᠲᠠᠨ᠎ᠲᠠᠢ ᠰᠠᠨᠠᠯ ᠵᠶ᠋ᠠᠨ ᠭᠦᠨᠵᠡᠭᠡᠶ ᠰᠣᠯᠢᠯᠴᠠᠵᠤ᠂ ᠡᠮᠨᠡᠯᠭᠡ ᠵᠢᠨ ᠬᠤᠷᠢᠶᠠᠨ᠎ᠤ ᠡᠪᠡᠳᠴᠢᠳᠡᠨ᠎ᠤ ᠣᠷᠣ᠂ ᠡᠮᠴᠢᠯᠡᠭᠡᠨ᠎ᠤ ᠲᠥᠬᠦᠭᠡᠷᠦᠮᠵᠢ᠂ ᠡᠮᠴᠢ ᠰᠤᠪᠢᠯᠠᠭᠴᠢ ᠵᠢᠨ ᠬᠦᠴᠦᠨ᠂ ᠡᠳ᠋ ᠪᠣᠳᠠᠰ᠎ᠤᠨ ᠨᠥᠭᠡᠴᠡ ᠵᠡᠷᠭᠡ ᠲᠠᠯ᠎ᠠ ᠵᠢᠨ ᠪᠠᠲᠤᠯᠠᠭ᠎ᠠ ᠵᠢᠨ ᠪᠠᠶ᠋ᠢᠳᠠᠯ᠎ᠢ ᠨᠠᠷᠢᠨ ᠠᠰᠠᠭᠤᠵᠤ᠂ ᠡᠪᠡᠳᠴᠢᠲᠡᠨ᠎ᠢ ᠡᠮᠨᠡᠨ ᠵᠠᠰᠠᠵᠤ ᠰᠢᠯᠵᠢᠭᠦᠯᠦᠨ ᠵᠦᠭᠡᠭᠡᠪᠦᠷᠢᠯᠡᠬᠦ ᠠᠵᠢᠯ᠎ᠤᠨ ᠶᠠᠪᠤᠴᠠ᠂ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠢ ᠭᠦᠨᠵᠡᠭᠡᠶ ᠣᠶ᠋ᠢᠯᠠᠭ᠋ᠠᠪᠠ᠃ ᠲᠡᠷᠡ᠂ ᠬᠤᠷᠢᠭ᠎ᠠ ᠱᠤᠭᠤᠮ᠎ᠤᠨ ᠰᠡᠳᠭᠢᠬᠦᠢ᠎ᠪᠠᠨ ᠴᠢᠨᠠᠭᠰᠢᠳᠠ ᠴᠢᠩᠭ᠋ᠠᠳᠬᠠᠵᠤ᠂ ᠡᠯ᠎ᠡ ᠵᠦᠢ᠍ᠯ᠎ᠤᠨ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠲᠥᠰᠦᠯ ᠪᠣᠯᠤᠨ ᠭᠦᠢ᠍ᠴᠡᠳ ᠪᠡᠯᠡᠳᠭᠡᠯ᠎ᠢ ᠰᠠᠶ᠋ᠢᠲᠤᠷ ᠬᠢᠵᠦ᠂ ᠡᠮᠴᠢᠯᠡᠭᠡᠨ᠎ᠤ ᠡᠬᠢ ᠪᠠᠶᠠᠯᠢᠭ᠎ᠢ ᠵᠣᠬᠢᠰᠲᠠᠢ ᠪᠠᠶ᠋ᠢᠷᠢᠯᠠᠭᠤᠯᠵᠤ᠂ ᠡᠪᠡᠳᠴᠢᠲᠡᠨ᠎ᠢ ᠠᠪᠤᠷᠠᠨ ᠡᠮᠨᠡᠬᠦ ᠠᠵᠢᠯ᠎ᠢ ᠴᠢᠩᠭ᠎ᠠ ᠨᠢᠮᠪᠠᠢ ᠰᠠᠶ᠋ᠢᠲᠤᠷ ᠬᠢᠬᠦ ᠬᠡᠷᠡᠭᠲᠡᠢ᠃ ᠤᠷᠳᠤ ᠬᠤᠭᠤᠴᠠᠭ᠎ᠠ᠎ᠪᠠᠷ ᠡᠮᠦᠨ᠎ᠡ ᠹᠷᠣᠨᠲ᠎ᠲᠤ ᠠᠵᠢᠯᠯᠠᠵᠤ ᠪᠠᠶ᠋ᠢᠭ᠎ᠠ ᠡᠮᠨᠡᠯᠭᠡ ᠵᠢᠨ ᠠᠵᠢᠯᠲᠠᠳ᠎ᠢ ᠣᠨᠴᠠᠭ᠋ᠠᠶ᠋ᠢᠯᠠᠨ ᠬᠠᠯᠠᠮᠵᠢᠯᠠᠨ ᠬᠠᠶ᠋ᠢᠷᠠᠯᠠᠵᠤ᠂ ᠪᠦᠬᠦ ᠰᠡᠳᠭᠢᠯ ᠪᠦᠬᠦ ᠵᠣᠷᠢᠭ ᠵᠶ᠋ᠠᠷ ᠵᠶ᠋ᠠᠨ ᠲᠡᠳᠡᠨ᠎ᠢ ᠬᠠᠪᠰᠤᠷᠤᠨ ᠪᠣᠳᠠᠲᠠᠢ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠬᠦ ᠬᠡᠷᠡᠭᠲᠡᠢ ᠭᠡᠵᠤ ᠴᠢᠬᠤᠯᠠᠴᠢᠯᠠᠵᠠᠢ᠃ ᠲᠡᠷᠡ ᠡᠮᠴᠢᠯᠡᠭᠡᠨ᠎ᠤ ᠠᠵᠢᠯᠲᠠᠳ᠎ᠢ ᠶᠠᠳᠠᠷᠠᠯ ᠵᠦᠳᠡᠷᠡᠯ᠎ᠠᠴᠠ ᠠᠶᠤᠬᠤ ᠥᠬᠡᠶ ᠦᠷᠭᠦᠯᠵᠢᠯᠡᠨ ᠪᠠᠶ᠋ᠢᠯᠳᠤᠬᠤ ᠰᠤᠷᠲᠠᠯ ᠵᠶ᠋ᠠᠨ ᠪᠠᠳᠠᠷᠠᠭᠤᠯᠵᠤ᠂ ᠣᠷᠭᠢᠯᠤᠮ᠎ᠠ ᠬᠠᠯᠠᠭᠤᠨ ᠣᠶᠤᠨ ᠰᠠᠨᠠᠭ᠋ᠠᠨ᠎ᠤ ᠪᠠᠶ᠋ᠢᠳᠠᠯ ᠵᠶ᠋ᠠᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠣᠷᠣᠯᠴᠠᠬᠤ ᠬᠡᠷᠡᠭᠲᠡᠢ ᠭᠡᠵᠦ ᠵᠣᠷᠢᠭᠵᠢᠭᠤᠯᠪᠠ᠃

      ᠲᠠᠷᠠᠭ᠎ᠠ᠎ᠨᠢ ᠱ᠌ᠢ᠎ᠲᠠᠢ ᠹᠧᠩ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠲᠤ ᠬᠦᠷᠴᠦ᠂ ᠸᠢᠳᠢᠣ᠋᠎ᠪᠠᠷ ᠳᠠᠮᠵᠢᠨ ᠡᠷᠢᠶᠡᠨ ᠬᠤᠲᠠ᠂ ᠡᠵᠡᠨ᠎ᠡ ᠬᠤᠰᠢᠭᠤᠨ᠎ᠤ ᠵᠢᠯᠣᠭᠤᠳᠬᠤ ᠭᠠᠵᠠᠷ᠎ᠲᠠᠢ ᠬᠤᠯᠪᠣᠭ᠎ᠠ ᠠᠪᠴᠤ᠂ ᠬᠤᠶᠠᠷ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠭ᠍ᠰᠡᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠳᠤᠮᠳᠠ ᠶᠠᠮᠠᠷ ᠶᠠᠮᠠᠷ ᠠᠷᠭ᠋ᠠᠴᠠᠭ᠋ᠠᠬᠤ ᠠᠷᠭ᠎ᠠ ᠬᠡᠮᠵᠢᠶ᠎ᠡ ᠠᠪᠤᠭᠰᠠᠨ᠂ ᠪᠠᠰᠠ ᠶᠠᠮᠠᠷ ᠶᠠᠮᠠᠷ ᠲᠣᠪᠣᠶ᠋ᠢᠮ᠎ᠠ ᠠᠰᠠᠭᠤᠳᠠᠯ ᠣᠷᠣᠰᠢᠵᠤ᠂ ᠶᠠᠮᠠᠷ ᠳᠡᠮᠵᠢᠯᠭᠡ ᠴᠢᠬᠤᠯᠠᠳᠠᠢ ᠪᠠᠶ᠋ᠢᠬᠤ ᠵᠢ ᠨᠠᠷᠢᠨ ᠯᠠᠪᠯᠠᠨ ᠠᠰᠠᠭᠤᠭᠰᠠᠨ ᠪᠥᠭᠡᠳ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠲᠣᠭᠲᠠᠴᠠ ᠵᠢᠨ ᠶᠡᠷᠦᠩᠬᠡᠶ᠋ᠢᠯᠡᠭᠰᠡᠨ ᠤᠳᠤᠷᠢᠳᠬᠤ ᠳᠤᠭᠤᠶ᠋ᠢᠯᠠᠩ᠎ᠤᠨ ᠤᠳᠤᠷᠢᠳᠤᠯᠭ᠎ᠠ ᠪᠣᠯᠤᠨ ᠲᠤᠰᠬᠠᠶ ᠮᠡᠷᠭᠡᠵᠢᠯᠲᠡᠨ᠎ᠤ ᠰᠠᠨᠠᠯ᠎ᠢ ᠨᠠᠷᠢᠨ ᠬᠢᠨᠠᠮᠠᠭ᠋ᠠᠶ ᠰᠣᠨᠣᠰᠪᠠ᠃ ᠲᠡᠷᠡ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠷᠢᠭᠯᠠᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠪᠣᠯ ᠣᠳᠣᠬᠠᠨ᠎ᠤ ᠬᠠᠮᠤᠭ᠎ᠤᠨ ᠴᠢᠬᠤᠯᠠ ᠶᠡᠭᠡ ᠤᠯᠤᠰ ᠲᠥᠷᠥ ᠵᠢᠨ ᠡᠭᠦᠷᠭᠡ ᠮᠥᠨ᠂ ᠡᠯ᠎ᠡ ᠱᠠᠲᠤᠨ᠎ᠤ᠎ᠬᠢᠨ ᠬᠢᠵᠢᠭ᠎ᠤᠨ ᠪᠠᠶ᠋ᠢᠳᠠᠯ᠎ᠤᠨ ᠬᠦᠨᠳᠦ ᠨᠣᠴᠢᠲᠠᠶ ᠴᠢᠨᠠᠷ᠂ ᠨᠠᠷᠢᠨ ᠪᠤᠳᠤᠯᠢᠶᠠᠨᠲᠠᠶ ᠴᠢᠨᠠᠷ ᠪᠣᠯᠤᠨ ᠰᠡᠷᠭᠡᠶ᠋ᠢᠯᠡᠨ ᠡᠵᠡᠮᠳᠡᠬᠦ ᠡᠭᠦᠷᠭᠡ ᠵᠢᠨ ᠪᠡᠷᠬᠡ ᠬᠠᠲᠠᠭᠤᠵᠢᠯᠲᠤ ᠴᠢᠨᠠᠷ᠂ ᠬᠦᠨᠳᠦ ᠨᠦᠰᠡᠷ ᠴᠢᠨᠠᠷ᠎ᠢ ᠭᠦᠨᠵᠡᠭᠡᠶ ᠲᠠᠨᠢᠵᠤ᠂ ᠠᠵᠢᠯ᠎ᠤᠨ ᠳᠤᠮᠳᠠᠬᠢ ᠰᠤᠷᠭ᠋ᠠᠮᠵᠢ᠎ᠪᠠᠨ ᠭᠦᠨᠵᠡᠭᠡᠶ ᠰᠢᠩᠭᠡᠭᠡᠨ ᠠᠪᠴᠤ᠂ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ ᠪᠣᠳᠠᠲᠠᠶ᠋ᠢᠵᠢᠭᠤᠯᠵᠤ᠂ ᠰᠡᠷᠭᠡᠶ᠋ᠢᠯᠡᠨ ᠡᠵᠡᠮᠳᠡᠬᠦ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠤᠨ ᠰᠠᠶ᠋ᠢᠲᠤᠷ ᠬᠢᠵᠦ᠂ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠦᠳᠳᠡᠷ ᠲᠦᠷᠭᠡᠨ᠂ ᠪᠦᠬᠦᠨ᠎ᠢ ᠬᠠᠮᠤᠷᠤᠨ ᠨᠠᠶ᠋ᠢᠳᠠᠪᠤᠷᠢᠵᠢᠬᠤ ᠵᠢ ᠪᠠᠲᠤᠯᠠᠬᠤ ᠬᠡᠷᠡᠭᠲᠡᠢ᠃ ᠡᠯ᠎ᠡ ᠲᠠᠯ᠎ᠠ ᠵᠢᠨ ᠬᠦᠴᠦᠨ ᠪᠣᠯᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠨᠡᠶ᠋ᠢᠳᠬᠡᠵᠦ᠂ ᠠᠵᠢᠯ᠎ᠤᠨ ᠤᠯᠤᠯᠴᠠᠭ᠎ᠠ ᠪᠣᠯᠤᠨ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ ᠲᠠᠷᠤᠢ ᠲᠦᠷᠭᠡᠨ ᠬᠠᠨᠳᠤᠯᠭ᠋ᠠᠳᠤ ᠴᠢᠨᠠᠷᠲᠠᠢ ᠠᠷᠭ᠎ᠠ ᠬᠡᠮᠵᠢᠶ᠎ᠡ ᠠᠪᠴᠤ ᠳᠤᠲᠠᠭᠤᠳᠠᠯ ᠵᠶ᠋ᠠᠨ ᠨᠥᠬᠦᠪᠥᠷᠢᠯᠡᠵᠦ᠂ ᠠᠯᠳᠠᠰᠢ ᠭᠠᠷᠬᠤ ᠵᠢ ᠬᠤᠷᠢᠭᠯᠠᠵᠤ᠂ ᠲᠦᠭᠵᠢᠷᠡᠯ᠎ᠢ ᠨᠡᠪᠲᠡᠷᠡᠭᠦᠯᠵᠦ᠂ ᠲᠠᠰᠤᠯᠳᠠᠯ᠎ᠢ ᠵᠠᠯᠭ᠋ᠠᠵᠤ᠂ ᠡᠯ᠎ᠡ ᠭᠤᠭᠴᠣᠭ᠋ᠠᠨ᠎ᠤ ᠠᠵᠢᠯ ᠪᠤᠯᠤᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠡᠷᠬᠡᠪᠰᠢ ᠪᠣᠳᠠᠲᠠᠢ ᠠᠳᠬᠤᠵᠤ ᠨᠠᠷᠢᠯᠢᠭ ᠠᠳᠬᠤᠵᠤ ᠲᠤᠭᠤᠰᠢᠲᠠᠢ ᠠᠳᠬᠤᠬᠤ ᠬᠡᠷᠡᠭᠲᠡᠢ᠃ ᠪᠥᠭᠡᠮ ᠬᠦᠴᠢᠯ᠎ᠤᠨ ᠪᠠᠶ᠋ᠢᠴᠠᠭ᠋ᠠᠯᠳᠠ ᠬᠢᠬᠦ ᠬᠤᠷᠳᠤᠴᠠ ᠵᠢ ᠦᠨᠡᠨ ᠬᠦ᠌ ᠲᠦᠷᠭᠡᠳᠭᠡᠵᠦ᠂ ᠠᠯᠢᠪᠠ ᠳᠠᠶ᠋ᠢᠴᠢᠯᠠᠵᠤ ᠪᠣᠯᠬᠤ ᠬᠦᠴᠦᠨ᠎ᠢ ᠳᠠᠶ᠋ᠢᠴᠢᠯᠠᠨ᠂ ᠬᠠᠮᠤᠭ᠎ᠤᠨ ᠶᠡᠭᠡ ᠴᠢᠷᠮᠠᠶ᠋ᠢᠯᠭ᠎ᠠ ᠭᠠᠷᠭ᠋ᠠᠵᠤ ᠪᠠᠶ᠋ᠢᠭ᠋ᠠᠳ ᠬᠠᠮᠤᠭ᠎ᠤᠨ ᠲᠦᠷᠭᠡᠨ ᠬᠤᠷᠳᠤᠴᠠ᠎ᠪᠠᠷ ᠰᠢᠭᠰᠢᠨ ᠪᠠᠶ᠋ᠢᠴᠠᠭ᠋ᠠᠬᠤ ᠡᠭᠦᠷᠭᠡ᠎ᠪᠠᠨ ᠪᠡᠶᠡᠯᠡᠭᠦᠯᠵᠦ᠂ ᠪᠠᠶ᠋ᠢᠴᠠᠭ᠋ᠠᠪᠠᠰᠤ ᠵᠣᠬᠢᠬᠤ ᠵᠢ᠎ᠨᠢ ᠪᠦᠬᠦᠨ᠎ᠢ ᠪᠠᠶ᠋ᠢᠴᠠᠭ᠋ᠠᠵᠤ᠂ ᠨᠢᠭᠡ ᠬᠥᠮᠦᠨ᠎ᠢ ᠴᠦ᠍ ᠣᠷᠬᠢᠭᠳᠠᠭᠤᠯᠬᠤ ᠥᠬᠡᠶ ᠪᠠᠶ᠋ᠢᠬᠤ ᠵᠢ ᠪᠠᠲᠤᠯᠠᠬᠤ ᠬᠡᠷᠡᠭᠲᠡᠢ᠃ ᠰᠢᠭᠰᠢᠨ ᠪᠠᠶ᠋ᠢᠴᠠᠭ᠋ᠠᠬᠤ ᠪᠤᠶᠤ ᠲᠠᠬᠤᠯ ᠡᠪᠡᠳᠴᠢᠨ᠎ᠢ ᠪᠠᠶ᠋ᠢᠴᠠᠭ᠋ᠠᠬᠤ᠎ᠳᠠᠭᠠᠨ ᠴᠥᠮ 《ᠲᠦᠷᠭᠡᠨ》 ᠪᠠ 《ᠡᠷᠲᠡ》 ᠪᠠᠶ᠋ᠢᠬᠤ ᠵᠢ ᠳᠣᠪᠣᠶ᠋ᠢᠯᠭ᠋ᠠᠵᠤ᠂ ᠠᠷᠭ᠎ᠠ ᠪᠦᠬᠦᠨ᠎ᠢ ᠰᠦᠪᠡᠭᠴᠢᠯᠡᠨ ᠴᠠᠭ᠎ᠢ ᠠᠮᠵᠢᠵᠤ᠂ ᠬᠢᠵᠢᠭ᠎ᠤᠨ ᠸᠢᠷᠦ᠋ᠰ᠎ᠲᠠᠢ ᠤᠷᠤᠯᠳᠤᠬᠤ ᠬᠡᠷᠡᠭᠲᠡᠢ᠃ ᠲᠤᠰᠠᠭ᠋ᠠᠷᠯᠠᠵᠤ ᠬᠠᠮᠢᠶᠠᠷᠤᠨ ᠡᠵᠡᠮᠳᠡᠬᠦ ᠠᠵᠢᠯ᠎ᠢ ᠴᠢᠩᠭ᠎ᠠ᠎ᠠᠴᠠ ᠴᠢᠩᠭ᠎ᠠ᠂ ᠪᠣᠳᠠᠲᠠᠢ᠎ᠠᠴᠠ ᠪᠣᠳᠠᠲᠠᠶ᠂ ᠨᠠᠷᠢᠯᠢᠭ᠎ᠠᠴᠠ ᠨᠠᠷᠢᠯᠢᠭ ᠰᠠᠶ᠋ᠢᠲᠤᠷ ᠬᠢᠵᠦ᠂ ᠲᠤᠰᠠᠭ᠋ᠠᠷᠯᠠᠬᠤ ᠲᠠᠯᠠᠪᠤᠷ᠎ᠤᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠤᠷᠬᠢᠵᠦ ᠬᠡᠬᠡᠭᠳᠡᠬᠦᠯᠬᠦ᠂ ᠡᠵᠡᠮᠳᠡᠵᠤ ᠲᠠᠶ᠋ᠢᠯᠬᠦ ᠦᠭᠡᠢ᠂ ᠰᠣᠯᠪᠢᠴᠠᠨ ᠬᠠᠯᠳᠠᠪᠤᠷᠢᠯᠠᠬᠤ ᠪᠠᠶ᠋ᠢᠳᠠᠯ ᠢᠯᠡᠷᠡᠬᠦ ᠵᠢ ᠡᠷᠡᠰ ᠰᠡᠷᠭᠡᠶ᠋ᠢᠯᠡᠬᠦ ᠬᠡᠷᠡᠭᠲᠡᠢ᠃ ᠲᠤᠰᠠᠭ᠋ᠠᠷᠯᠠᠵᠤ ᠪᠠᠶ᠋ᠢᠭ᠎ᠠ ᠬᠥᠮᠦᠰ᠎ᠤᠨ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠨᠠᠷᠢᠨ ᠨᠢᠭᠲᠠ ᠰᠠᠶ᠋ᠢᠲᠤᠷ ᠬᠢᠵᠦ᠂ ᠲᠠᠳᠠᠨ᠎ᠤ ᠡᠮᠦᠨ᠎ᠠ᠎ᠠᠴᠠ ᠪᠣᠳᠣᠯᠬᠢᠯᠠᠵᠤ᠂ ᠰᠡᠳᠭᠢᠯ ᠰᠡᠳᠬᠢᠯ ᠵᠶ᠋ᠠᠨ ᠤᠯᠤᠯᠴᠠᠨ᠂ ᠲᠡᠳᠡᠨ᠎ᠤ ᠠᠮᠢᠳᠤᠷᠠᠯ᠎ᠤᠨ ᠬᠡᠷᠡᠭᠴᠡᠭᠡ ᠵᠢᠨ ᠠᠰᠠᠭᠤᠳᠠᠯ᠎ᠢ ᠦᠨᠡᠨ ᠬᠦ᠌ ᠰᠠᠶ᠋ᠢᠲᠤᠷ ᠰᠢᠢ᠍ᠳᠪᠦᠷᠢᠯᠡᠵᠦ᠂ ᠲᠡᠳᠡᠨ᠎ᠤ ᠵᠦᠢ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠲᠣᠬᠢᠲᠠᠢ ᠰᠢᠢ᠍ᠳᠪᠦᠷᠢᠯᠡᠬᠦ ᠬᠡᠷᠡᠭᠲᠡᠢ᠃ ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭ᠋ᠠᠳ ᠡᠪᠡᠳᠴᠢᠲᠡᠨ᠎ᠢ ᠠᠪᠤᠷᠠᠨ ᠡᠮᠨᠡᠬᠦ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠡᠮᠨᠡᠯᠭᠡ ᠵᠢᠨ ᠬᠤᠷᠢᠶᠠᠨ᠎ᠤ ᠬᠠᠯᠳᠠᠪᠤᠷᠢᠯᠠᠯ᠎ᠢ ᠰᠡᠷᠭᠡᠶ᠋ᠢᠯᠡᠨ ᠡᠵᠡᠮᠳᠡᠬᠦ᠎ᠪᠠᠨ ᠴᠢᠩᠭ᠋ᠠᠳᠬᠠᠵᠤ᠂ ᠬᠠᠯᠳᠠᠪᠤᠷᠢᠯᠠᠯ ᠡᠭᠦᠰᠭᠦ ᠵᠢ ᠰᠡᠷᠭᠡᠶ᠋ᠢᠯᠡᠬᠦ ᠬᠤᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ᠃ ᠰᠢᠯᠢ ᠵᠢᠨ ᠭᠤᠣᠯ ᠠᠶ᠋ᠢᠮᠠᠭ᠂ ᠠᠯᠠᠱ᠌ᠠ ᠠᠶ᠋ᠢᠮᠠᠭ ᠵᠢᠴᠢ ᠡᠷᠢᠶᠡᠨ ᠬᠤᠳᠠ᠂ ᠡᠵᠡᠨ᠎ᠡ ᠬᠤᠰᠢᠭᠤᠨ᠎ᠤ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠴᠢᠬᠤᠯᠠ ᠶᠡᠭᠡ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ᠎ᠬᠢᠨ ᠪᠦᠬᠦ ᠲᠠᠯ᠎ᠠ᠎ᠪᠠᠷ ᠪᠠᠶ᠋ᠢᠯᠳᠤᠭ᠋ᠠᠨ᠎ᠤ ᠪᠠᠶ᠋ᠢᠳᠠᠯ᠎ᠳᠤ ᠣᠷᠣᠵᠤ᠂ ᠴᠠᠭ ᠮᠥᠴᠡ᠎ᠲᠠᠢ ᠤᠷᠤᠯᠳᠤᠨ᠂ ᠪᠦᠬᠦ ᠬᠦᠴᠦᠨ ᠵᠶ᠋ᠠᠷ ᠵᠶ᠋ᠠᠨ ᠠᠵᠢᠯ ᠵᠶ᠋ᠠᠨ ᠰᠠᠶ᠋ᠢᠲᠤᠷ ᠬᠢᠵᠦ᠂ ᠭᠤᠣᠯ ᠤᠳᠤᠷᠢᠳᠬᠤ ᠨᠥᠬᠦᠳ ᠡᠮᠦᠨ᠎ᠡ ᠹᠷᠣᠨᠲ᠎ᠲᠤ ᠬᠦᠷᠴᠤ᠂ ᠡᠮᠦᠨ᠎ᠡ ᠹᠷᠣᠨᠲ᠎ᠲᠤ ᠵᠢᠭ᠋ᠠᠨ ᠵᠢᠯᠣᠭᠤᠳᠴᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠵᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠭᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠵᠠᠯᠭ᠋ᠠᠭ᠋ᠠᠳ ᠱ᠌ᠢ᠎ᠲᠠᠢ ᠹᠧᠩ ᠬᠤᠷᠠᠯ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ ᠵᠢᠴᠢ ᠡᠯ᠎ᠡ ᠠᠵᠢᠯᠯᠠᠬᠤ ᠳᠤᠭᠤᠶ᠋ᠢᠯᠠᠩ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠠᠢ᠃ ᠲᠡᠷᠡ᠂ ᠵᠢᠯᠣᠭᠤᠳᠬᠤ ᠭᠠᠵᠠᠷ᠎ᠤᠨ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠷᠴᠢᠮ ᠵᠶ᠋ᠠᠨ ᠴᠠᠭ ᠢᠮᠠᠭᠲᠠ ᠴᠢᠩᠭ᠋ᠠᠷᠠᠭᠤᠯᠵᠤ᠂ ᠵᠣᠷᠢᠭ ᠰᠠᠨᠠᠭ᠎ᠠ᠎ᠪᠠᠨ ᠬᠥᠪᠴᠢᠯᠡᠨ᠂ ᠪᠡᠯᠡᠳᠭᠡᠯ ᠠᠵᠢᠯ ᠵᠶ᠋ᠠᠨ ᠴᠢᠩᠭ᠎ᠠ ᠬᠢᠵᠦ᠂ᠴᠢᠩᠭ᠎ᠠ ᠨᠢᠮᠪᠠᠢ ᠠᠵᠢᠯ᠎ᠤᠨ ᠰᠤᠷᠲᠠᠯ ᠵᠶ᠋ᠠᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠣᠷᠣᠯᠴᠠᠬᠤ ᠬᠡᠷᠡᠭᠲᠡᠢ᠃ ᠨᠢᠭᠡᠳᠦᠯᠲᠡᠢ ᠵᠢᠯᠣᠭᠤᠳᠤᠨ ᠲ᠋ᠤᠬᠢᠷᠠᠭᠤᠯᠬᠤ ᠵᠢ ᠴᠢᠩᠭ᠋ᠠᠳᠬᠠᠵᠤ᠂ ᠲᠡᠰ ᠳᠡᠪᠰᠢᠭᠦᠯᠦᠨ ᠵᠢᠯᠣᠭᠤᠳᠬᠤ᠂ ᠡᠮᠦᠨ᠎ᠡ ᠹᠷᠣᠨᠲ᠎ᠲᠤ ᠵᠢᠯᠣᠭᠤᠳᠬᠤ᠂ ᠡᠮᠦᠨ᠎ᠡ ᠹᠷᠣᠨᠲ᠎ᠲᠤ ᠵᠢᠯᠣᠭᠤᠳᠬᠤ ᠤᠳᠤᠷᠢᠳᠬᠤ ᠲ᠋ᠣᠭᠲᠠᠴᠠ ᠵᠢ ᠲᠡᠭᠦᠯᠳᠡᠷᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠦᠯ ᠪᠣᠯᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠠ ᠵᠢ ᠬᠥᠳᠡᠯᠦᠩᠭᠦᠢ᠎ᠪᠠᠷ ᠲ᠋ᠤᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠎ᠤ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠱᠠᠯᠠᠪᠳᠠᠭᠤᠯᠤᠨ ᠵᠢᠯᠣᠭᠤᠳᠴᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠡᠯ᠎ᠡ ᠭᠠᠵᠠᠷ ᠤᠷᠤᠨ ᠡᠯ᠎ᠡ ᠲᠠᠯ᠎ᠠ ᠵᠢᠨ᠎ᠬᠢᠨ᠎ᠤ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬ᠋ᠡᠮᠵᠢᠶ᠎ᠡ ᠵᠢ ᠪᠥᠬᠦ ᠲᠠᠯ᠎ᠠ᠎ᠪᠠᠷ ᠴᠢᠩᠭ᠎ᠠ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠥᠨᠴᠥᠭ ᠪᠤᠯᠤᠩ ᠦᠯᠡᠳᠡᠭᠡᠬᠦ ᠥᠬᠡᠶ᠂ ᠬᠡᠭᠡᠭᠳᠡᠬᠦᠯᠵᠦ ᠤᠷᠬᠢᠭᠳᠠᠭᠤᠯᠬᠤ ᠦᠭᠡᠢ᠂ᠵᠠᠪᠰᠠᠷ ᠵᠠᠢ ᠦᠯᠡᠳᠡᠬᠡᠬᠦ ᠥᠬᠡᠶ᠂ ᠲᠠᠰᠤᠯᠳᠠᠯ ᠭᠠᠷᠭ᠋ᠠᠬᠤ ᠥᠬᠡᠶ ᠪᠠᠶ᠋ᠢᠬᠤ ᠵᠢ ᠪᠡᠶᠡᠯᠡᠭᠦᠯᠵᠦ᠂ ᠬᠢᠵᠢᠭ᠎ᠤᠨ ᠪᠠᠶ᠋ᠢᠳᠠᠯ ᠳᠠᠷᠬᠠᠨ ᠳᠡᠯᠭᠡᠷᠡᠬᠦ ᠵᠢ ᠲᠠᠰᠤ ᠬᠤᠷᠢᠭᠯᠠᠬᠤ ᠬ᠋ᠡᠷᠡᠭᠲᠡᠢ᠃ ᠠᠵᠢᠯ᠎ᠨᠢ ᠯᠠᠪᠳᠠᠭᠤᠨ ᠪᠣᠳᠠᠲᠠᠢ ᠪᠤᠰᠤ᠂ ᠰᠡᠷᠭᠡᠶ᠋ᠢᠯᠡᠨ ᠡᠵᠡᠮᠳᠡᠬᠦ ᠡᠷᠴᠢᠮ᠎ᠨᠢ ᠰᠤᠯᠠ᠎ᠠᠴᠠ ᠪᠤᠯᠵᠤ ᠬᠦᠨᠳᠦ ᠨᠣᠴᠢᠲᠠᠢ ᠦᠷ᠎ᠡ ᠳ᠋ᠦᠩ ᠭᠠᠷᠭ᠋ᠠᠪᠠᠯ ᠰᠢᠭᠤᠳ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭ᠋ᠠᠬᠤ ᠬᠡᠷᠡᠭᠲᠡᠢ᠃ ᠡᠯ᠎ᠡ ᠭᠠᠵᠠᠷ᠎ᠤᠨ᠎ᠬᠢᠨ᠎ᠢ ᠵᠢᠭ᠋ᠠᠨ ᠵᠢᠯᠣᠭᠤᠳᠴᠤ ᠪᠠᠶ᠋ᠢᠭ᠋ᠠᠳ ᠰᠡᠷᠭᠡᠶ᠋ᠢᠯᠡᠨ ᠡᠵᠡᠮᠳᠡᠬᠦ᠊ ᠠᠵᠢᠯ᠎ᠤᠨ ᠠᠷᠭ᠎ᠠ ᠬᠡᠯᠪᠡᠷᠢ ᠵᠢ ᠰᠠᠶ᠋ᠢᠲᠤᠷ ᠡᠵᠡᠮᠳᠡᠬᠦ ᠵᠢ ᠠᠩᠬᠠᠷᠴᠤ᠂ ᠴᠢᠩᠭ᠎ᠠ ᠰᠡᠷᠭᠡᠶ᠋ᠢᠯᠡᠨ ᠦᠬᠦᠨ ᠰᠠᠬᠢᠬᠤ᠎ᠪᠠᠷ ᠪᠠᠷᠠᠬᠤ ᠦᠭᠡᠢ ᠪᠠᠰᠠ ᠵᠤᠬᠢᠰ ᠦᠭᠡᠢ ᠰᠢᠢ᠍ᠳᠪᠦᠷᠢᠯᠡᠬᠦ ᠵᠢ ᠰᠡᠷᠭᠡᠶ᠋ᠢᠯᠡᠬᠦ ᠬᠡᠷᠡᠭᠲᠡᠢ᠃ ᠡᠯ᠎ᠡ ᠱᠠᠲᠤᠨ᠎ᠤ ᠵᠢᠯᠣᠭᠤᠳᠬᠤ ᠰᠢᠰᠲ᠋ᠧᠮ᠎ᠤᠨ᠎ᠬᠢᠨ ᠡᠷᠬᠡᠪᠰᠢ ᠠᠵᠢᠯ᠎ᠤᠨ ᠪᠠᠶ᠋ᠢᠷᠢᠨ᠎ᠳᠤ ᠪᠠᠶ᠋ᠢᠬᠤ᠂ ᠢᠳᠡᠪᠬᠢ ᠪᠠᠶ᠋ᠢᠳᠠᠯ᠎ᠳᠤ ᠪᠠᠶ᠋ᠢᠬᠤ ᠵᠢ ᠪᠠᠲᠤᠯᠠᠵᠤ᠂ ᠬᠠᠪᠲᠠᠭ᠋ᠠᠶ᠋ᠢᠵᠢᠭᠤᠯᠤᠭᠰᠠᠨ ᠬᠠᠮᠢᠶᠠᠷᠤᠯᠲᠠ ᠵᠢ ᠬᠡᠷᠡᠭᠵᠢᠭᠦᠯᠵᠦ᠂ ᠠᠵᠢᠯ᠎ᠤᠨ ᠬᠤᠪᠢᠶᠠᠷᠢᠯᠠᠯ᠎ᠨᠢ ᠨᠠᠩ ᠰᠢᠨᠵᠢᠯᠡᠬᠦ ᠤᠬᠠᠭ᠋ᠠᠨᠴᠢ᠂ᠵᠣᠯᠭ᠋ᠠᠯᠴᠠᠭ᠎ᠠ᠎ᠨᠢ ᠨᠠᠩ ᠤᠷᠤᠭᠰᠢᠲᠠᠢ ᠪᠠᠶ᠋ᠢᠬᠤ ᠵᠢ ᠬᠦᠢ᠍ᠴᠡᠳᠬᠡᠵᠤ᠂ ᠦᠨᠡᠨ ᠬᠦ᠌ ᠥᠨᠳᠥᠷ ᠪᠦᠲᠦᠮᠵᠢᠲᠡᠶ ᠠᠵᠢᠯᠯᠠᠵᠤ᠂ ᠬᠦᠯ ᠤᠯᠠ᠎ᠪᠠᠨ ᠠᠯᠳᠠᠬᠤ ᠵᠢ ᠰᠡᠷᠭᠡᠶ᠋ᠢᠯᠡᠵᠦ᠂ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠲᠦᠷᠭᠡᠨ ᠥᠷᠨᠢᠭᠦᠯᠵᠦ᠂ ᠤᠨᠢᠨ ᠲᠠᠭᠡᠷ᠎ᠡ᠎ᠨᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ᠎ᠪᠠᠨ ᠴᠢᠩᠭ᠋ᠠᠳᠬᠠᠵᠤ᠂ ᠬᠢᠵᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠪᠣᠯᠤᠨ ᠰᠡᠷᠭᠡᠶ᠋ᠢᠯᠡᠨ ᠡᠵᠡᠮᠳᠡᠬᠦ ᠠᠬᠢᠴᠠ ᠵᠢᠨ ᠪᠠᠶ᠋ᠢᠳᠠᠯ᠎ᠢ ᠴᠠᠭ ᠲᠤᠬᠠᠶ᠎ᠳᠤ᠎ᠨᠢ ᠨᠡᠶ᠋ᠢᠲᠡᠯᠡᠵᠦ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠯᠲᠠ ᠥᠭᠬᠦ ᠬᠡᠷᠡᠭᠲᠡᠢ ᠬᠡᠵᠤ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠠᠩ ᠱᠤᠤ ᠴᠦᠨ᠂ ᠪᠦᠦ ᠭᠠᠩ᠂ ᠳ᠋ᠢᠩ ᠰᠢᠤ ᠹᠧᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠠᠵᠢᠯᠯᠠᠭ᠎ᠠ᠎ᠳᠤ ᠣᠷᠣᠯᠴᠠᠵᠠᠶ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠸᠠᠩ ᠯᠢ ᠰᠢᠶᠠ ᠡᠵᠡᠨ᠎ᠡ ᠬᠤᠰᠢᠭᠤᠨ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠵᠢᠭ᠋ᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ᠎ᠳᠠᠭᠠᠨ ᠴᠢᠬᠤᠯᠠᠴᠢᠯᠠᠭᠰᠠᠨ᠎ᠨᠢ ᠳᠠᠬᠢᠨ ᠳᠦᠷᠬᠡᠳᠬᠡᠵᠥ ᠳᠠᠬᠢᠨ ᠤᠨᠤᠪᠴᠢᠳᠠᠢ ᠪᠤᠯᠭ᠋ᠠᠵᠥ ᠳᠠᠬᠢᠨ ᠴᠢᠩᠭ᠋ᠠᠳᠬᠠᠨ ᠪᠣᠲᠠᠲᠠᠶ᠋ᠢᠵᠢᠭᠤᠯᠵᠥ ᠬᠢᠵᠢᠭ᠎ᠤᠨ ᠲᠠᠷᠬᠠᠨ ᠳᠡᠯᠭᠡᠷᠡᠬᠦ ᠬᠠᠨᠳᠤᠰᠢ ᠵᠢ ᠪᠦᠬᠦ ᠬᠦᠴᠦᠨ ᠵᠶ᠋ᠠᠷ ᠵᠶ᠋ᠠᠨ ᠡᠷᠡᠰ ᠬᠤᠷᠢᠭᠯᠠᠬᠤ ᠬᠡᠷᠡᠭᠳᠡᠢ
ᠸᠠᠩ ᠯᠢ ᠰᠢᠶᠠ ᠡᠵᠡᠨ᠎ᠡ ᠬᠤᠰᠢᠭᠤᠨ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠱᠠᠯᠠᠪᠳᠠᠭᠤᠯᠤᠨ ᠵᠢᠯᠣᠭᠤᠳᠴᠤ ᠪᠠᠶ᠋ᠢᠴᠠᠭ᠋ᠠᠬᠤ᠎ᠳᠠᠭᠠᠨ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠢᠮᠪᠠᠢ ᠨᠠᠶ᠋ᠢᠳᠠᠪᠤᠷᠢᠵᠢᠭᠤᠯᠵᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠥᠨᠥᠭᠡᠯᠲᠡ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠡᠷᠲᠡᠬᠡᠨ ᠣᠯᠬᠤ᠎ᠪᠠᠷ ᠴᠢᠷᠮᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ
ᠸᠠᠩ ᠯᠢ ᠰᠢᠶᠠ ᠡᠵᠡᠨ᠎ᠡ ᠬᠤᠰᠢᠭᠤᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠮᠦᠨ᠎ᠡ ᠹᠷᠣᠨᠲ᠎ᠲᠤ ᠤᠯᠤᠰ᠎ᠤᠨ ᠠᠨᠠᠭ᠋ᠠᠬᠤ ᠤᠬᠠᠭ᠋ᠠᠨ᠎ᠤ ᠪᠠᠴᠢᠮ ᠠᠪᠤᠷᠠᠨ ᠲᠤᠰᠠᠯᠠᠬᠤ ᠠᠩᠭᠢ ᠵᠢᠨ ᠭᠡᠰᠢᠭᠦᠳ ᠰᠠᠶ᠋ᠢᠨ ᠳᠤᠷᠠᠴᠤᠳ ᠰᠣᠨᠢᠨ ᠮᠡᠳᠡᠭᠡᠨ᠎ᠤ ᠠᠵᠢᠯᠲᠠᠳ᠎ᠢ ᠪᠣᠯᠭᠤᠭ᠋ᠠᠨ ᠦᠵᠡᠪᠡ
ᠸᠠᠩ ᠯᠢ ᠰᠢᠶᠠ ᠡᠵᠡᠨ᠎ᠡ ᠬᠤᠰᠢᠭᠤᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠮᠦᠨ᠎ᠡ ᠹᠷᠣᠨᠲ᠎ᠤᠨ ᠵᠢᠯᠣᠭᠤᠳᠬᠤ ᠭᠠᠵᠠᠷ᠎ᠤᠨ ᠠᠵᠢᠯ᠎ᠤᠨ ᠬᠤᠷᠠᠯ ᠳᠡᠭᠡᠷ᠎ᠡ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠯ᠎ᠡ ᠵᠦᠢ᠍ᠯ᠎ᠤᠨ ᠠᠵᠢᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠬᠢᠵᠦ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠦᠨᠦᠭᠡᠯᠳᠡ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠦᠢ᠍ᠯᠪᠤᠷᠢᠳᠠᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2022 ᠣᠨ᠎ᠤ 40 ᠳ᠋ᠣᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠾᠧᠨᠠᠨ᠎ᠤ ᠠᠨᠶᠠᠩ᠎ᠤᠨ ᠭᠠᠯ ᠡᠨᠳᠡᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠪᠠᠢ᠌ᠷᠢᠯᠠᠭᠤᠯᠪᠠ
 
            