ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠤᠳᠬᠤ ᠭᠠᠵᠠᠷ᠎ᠤᠨ ᠠᠯᠪᠠᠨ ᠵᠠᠷ
ᠨᠡᠶᠢᠲᠡᠯᠡᠭᠰᠡᠨ ᠴᠠᠭ᠄ 2021-10-27


                 [2021] 3 ᠳ᠋ᠤᠭ᠋ᠠᠷ ᠲᠣᠭ᠋ᠠᠲᠤ


      ᠮᠠᠨ᠎ᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠤᠯᠠᠮ ᠰᠠᠶ᠋ᠢᠲᠤᠷ ᠬᠢᠵᠦ᠂ ᠬᠢᠵᠢᠭ᠎ᠤᠨ ᠥᠷᠭᠡᠵᠢᠨ ᠳᠡᠯᠭᠡᠷᠡᠬᠦ ᠵᠢ ᠴᠢᠩᠭ᠎ᠠ ᠰᠡᠷᠭᠡᠶ᠋ᠢᠯᠡᠬᠦ ᠵᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ᠎ᠢ ᠳᠣᠤᠷᠠᠬᠢ ᠮᠡᠲᠦ ᠵᠠᠷᠯᠠᠪᠠ᠃
      ᠨᠢᠭᠡ᠂ 2021 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠨᠠᠭ᠋ᠠᠰᠢ ᠠᠯᠠᠱ᠌ᠠ ᠠᠶ᠋ᠢᠮᠠᠭ᠎ᠤᠨ ᠡᠵᠡᠨ᠎ᠡ ᠬᠤᠰᠢᠭᠤ ᠪᠣᠯᠤᠨ ᠡᠷᠢᠶᠡᠨ ᠬᠤᠲᠠ᠎ᠳᠤ ᠵᠢᠭᠤᠯᠴᠢᠯᠠᠨ ᠰᠠᠭᠤᠭᠰᠠᠨ ᠲᠡᠤᠬᠡ᠎ᠲᠠᠢ ᠬᠥᠮᠦᠰ ᠰᠠᠨᠠᠭ᠋ᠠᠴᠢᠯᠠᠭ᠎ᠠ᠎ᠠᠴᠠ᠎ᠪᠠᠨ ᠣᠳᠣ ᠵᠢᠨ ᠪᠠᠶ᠋ᠢᠭ᠎ᠠ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠂ ᠨᠢᠭᠡᠴᠢ᠂ ᠪᠠᠭᠤᠳᠠᠯ᠎ᠳᠤ ᠮᠡᠳᠡᠭᠦᠯᠦᠨ ᠳᠠᠩᠰᠠᠯᠠᠭᠤᠯᠵᠤ᠂ ᠲᠤᠬᠠᠶ ᠵᠢᠨ ᠭᠠᠵᠠᠷ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠰᠠᠯᠠᠭ᠎ᠠ ᠮᠥᠴᠢᠷ᠎ᠲᠠᠢ ᠬᠠᠮᠵᠢᠯᠴᠠᠨ ᠪᠥᠭᠡᠮ ᠬᠦᠴᠢᠯ᠎ᠤᠨ ᠪᠠᠶ᠋ᠢᠴᠠᠭ᠋ᠠᠯᠲᠠ᠂ ᠡᠷᠡᠭᠦᠯ ᠮᠡᠨᠳᠦ ᠵᠢᠨ ᠪᠠᠶ᠋ᠢᠴᠠᠭ᠋ᠠᠯᠲᠠ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠬᠡᠷᠪᠡ ᠮᠡᠳᠡᠭᠦᠯᠬᠦ ᠥᠬᠡᠶ ᠨᠢᠭᠤᠬᠤ ᠪᠠ ᠤᠳᠠᠭ᠋ᠠᠰᠢᠷᠠᠭᠤᠯᠤᠨ ᠮᠡᠳᠡᠭᠦᠯᠦᠭᠰᠡᠨ᠎ᠠᠴᠠ ᠪᠣᠯᠵᠤ᠂ ᠮᠠᠭᠤ ᠦᠷ᠎ᠡ ᠳ᠋ᠦᠩ ᠭᠠᠷᠭ᠋ᠠᠪᠠᠯ᠂ ᠬᠠᠤᠯᠢ ᠲᠣᠭᠲᠠᠭ᠋ᠠᠯ ᠶᠣᠰᠣᠭ᠋ᠠᠷ ᠬᠤᠯᠪᠣᠭᠳᠠᠯ ᠪᠥᠬᠦᠶ ᠬᠥᠮᠦᠰ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃
      ᠬᠤᠶᠠᠷ᠂ ᠣᠶ᠋ᠢᠷ᠎ᠠ ᠵᠢᠨ ᠬᠤᠭᠤᠴᠠᠭ᠋ᠠᠨ᠎ᠳᠤ ᠲᠤᠬᠠᠢ ᠵᠢᠨ ᠭᠠᠵᠠᠷ᠎ᠤᠨ ᠬᠢᠵᠢᠭ᠎ᠤᠨ ᠪᠠᠶ᠋ᠢᠳᠠᠯ ᠡᠭᠦᠰᠦᠭᠰᠡᠨ ᠬᠤᠲᠠ ᠪᠠ ᠭᠠᠵᠠᠷ ᠣᠷᠣᠨ᠎ᠳᠤ ᠴᠢᠬᠤᠯᠠ ᠦᠭᠡᠢ ᠪᠣᠯ ᠵᠢᠭᠤᠯᠴᠢᠯᠠᠬᠤ᠂ ᠠᠯᠪᠠᠨ ᠠᠵᠢᠯ ᠵᠶ᠋ᠠᠷ ᠭᠠᠳᠠᠭᠰᠢ ᠭᠠᠷᠬᠤ᠂ ᠲᠥᠷᠥᠯ ᠰᠠᠳᠤᠨ ᠨᠠᠶ᠋ᠢᠵᠠ ᠨᠥᠬᠦᠳ ᠵᠶ᠋ᠠᠨ ᠡᠷᠭᠢᠵᠦ ᠦᠵᠡᠬᠦ ᠦᠭᠡᠢ ᠪᠠᠶ᠋ᠢᠵᠤ᠂ ᠵᠠᠪᠠᠯ ᠣᠴᠢᠬᠤ ᠴᠢᠬᠤᠯᠠ᠎ᠲᠠᠢ ᠪᠣᠯ ᠬᠢᠵᠢᠭ᠎ᠤᠨ ᠪᠠᠶ᠋ᠢᠳᠠᠯ᠎ᠤᠨ ᠰᠡᠷᠭᠡᠶ᠋ᠢᠯᠡᠯᠲᠡ᠎ᠪᠠᠨ ᠰᠠᠶ᠋ᠢᠲᠤᠷ ᠬᠢᠵᠦ᠂ ᠥᠪᠥᠷ ᠮᠣᠩᠭᠤᠯ᠎ᠳᠤ ᠪᠤᠴᠠᠬᠤ᠎ᠠᠴᠠ ᠡᠮᠦᠨ᠎ᠡ᠂ ᠪᠠᠶ᠋ᠢᠭ᠎ᠠ ᠨᠢᠭᠡᠴᠢ ᠪᠠ ᠬᠠᠷᠢᠶ᠎ᠠ ᠣᠷᠣᠨ᠎ᠳᠤ᠎ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠬᠠᠷᠢᠶ᠎ᠠ ᠭᠠᠵᠠᠷ᠎ᠤᠨ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠶᠣᠰᠣᠭ᠋ᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃
      ᠭᠤᠷᠪᠠ᠂ ᠪᠥᠬᠦ ᠣᠷᠣᠨ᠎ᠤ ᠡᠯ᠎ᠡ ᠲᠥᠷᠥᠯ᠎ᠤᠨ ᠬᠤᠳᠠᠯᠳᠤᠭ᠋ᠠᠨ᠎ᠤ ᠲᠠᠯᠠᠪᠤᠷ ᠬᠡᠲᠦ ᠳᠡᠯᠭᠡᠭᠦᠷ᠂ ᠬᠤᠭᠤᠯᠠ ᠤᠮᠳᠠ ᠬᠤᠨᠤᠭ ᠪᠠᠭᠤᠳᠠᠯ᠂ ᠲᠠᠷᠢᠶᠠᠯᠠᠩ (ᠴᠤᠭᠯᠠᠭ᠎ᠠ ᠮᠠᠶ᠋ᠢᠮᠠᠶ)᠎ᠤᠨ ᠵᠠᠬ᠎ᠠ᠂ ᠰᠣᠶᠣᠯ ᠵᠤᠭ᠎ᠠ ᠴᠡᠩᠭᠡᠯ ᠵᠡᠷᠭᠡ ᠭᠤᠤᠯᠳᠠᠯᠭ᠎ᠠ᠎ᠲᠠᠢ ᠲᠠᠯᠠᠪᠤᠷ ᠭᠠᠵᠠᠷ ᠵᠢᠴᠢ ᠨᠢᠰᠬᠡᠯ᠎ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠭᠠᠵᠠᠷ ᠳᠣᠤᠷᠠᠬᠢ ᠲᠡᠮᠦᠷ ᠵᠠᠮ᠂ ᠮᠠᠰᠢᠨ ᠲᠡᠷᠭᠡᠨ᠎ᠤ ᠥᠷᠲᠡᠭᠡ ᠵᠡᠷᠭᠡ ᠣᠯᠠᠨ ᠨᠡᠶ᠋ᠢᠲᠡ ᠵᠢᠨ ᠲᠠᠯᠠᠪᠤᠷ᠎ᠲᠤ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠠᠷᠢᠭᠤᠨ ᠴᠡᠪᠡᠷ ᠪᠠᠶ᠋ᠢᠯᠭ᠋ᠠᠬᠤ᠂ ᠲᠠᠯᠠᠪᠤᠷ᠎ᠲᠤ ᠣᠷᠣᠬᠤ᠎ᠳᠤ ᠪᠡᠶ᠎ᠡ ᠵᠢᠨ ᠳᠤᠯᠠᠭ᠋ᠠᠨ᠎ᠢ ᠬᠡᠮᠵᠢᠬᠦ᠂ ᠠᠮᠠᠪᠴᠢ ᠵᠡᠭᠦᠬᠦ᠂ ᠡᠷᠡᠭᠦᠯ ᠮᠡᠨᠳᠦ ᠵᠢᠨ ᠺᠣᠳ᠋᠎ᠢ ᠰᠢᠯᠭ᠋ᠠᠬᠤ ᠵᠡᠷᠭᠡ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃
      ᠲᠦᠷᠪᠡ᠂ ᠤᠯᠠᠨ ᠲᠦᠮᠡᠨ 《ᠠᠮᠠᠪᠴᠢ ᠵᠡᠭᠦᠬᠦ (ᠢᠯᠠᠩᠭᠤᠶ᠎ᠠ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠰᠠᠭᠤᠬᠤ ᠪᠠ ᠨᠡᠶ᠋ᠢᠲᠡ ᠵᠢᠨ ᠲᠠᠯᠠᠪᠤᠷ᠎ᠲᠤ ᠠᠵᠢᠯᠯᠠᠭ᠎ᠠ ᠬᠢᠬᠦ᠎ᠳᠤ)᠂ ᠭᠠᠷ ᠵᠶ᠋ᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠳᠤᠲᠠᠭᠤ ᠴᠤᠭᠯᠠᠬᠤ᠂ ᠨᠢᠭᠡ ᠮᠧᠳ᠋ᠷ᠎ᠤᠨ ᠵᠠᠢ ᠵᠢ ᠪᠠᠲᠤᠯᠠᠬᠤ᠂ ᠨᠡᠶ᠋ᠢᠲᠡ ᠵᠢᠨ ᠰᠠᠪᠬ᠎ᠠ ᠬᠡᠷᠡᠭᠯᠡᠬᠦ᠂ ᠬᠤᠪᠢᠶᠠᠵᠤ ᠬᠤᠭᠤᠯᠠᠯᠠᠬᠤ》 ᠵᠡᠷᠭᠡ ᠰᠠᠶ᠋ᠢᠨ ᠰᠠᠶ᠋ᠢᠬᠠᠨ ᠳᠠᠳᠬᠠᠯ᠎ᠢ ᠪᠠᠷᠢᠮᠲᠠᠯᠠᠬᠤ ᠬᠡᠷᠡᠭᠲᠡᠶ᠃ ᠬᠡᠷ ᠳᠣᠲᠣᠷᠠᠬᠢ ᠠᠷᠢᠭᠤᠨ ᠴᠡᠪᠡᠷ᠎ᠢ ᠪᠠᠲᠤᠯᠠᠵᠤ᠂ ᠡᠷᠡᠭᠦᠯ ᠰᠠᠷᠠᠭᠤᠯ ᠠᠮᠢᠳᠤᠷᠠᠯ᠎ᠤᠨ ᠬᠡᠯᠪᠡᠷᠢ ᠵᠢ ᠰᠠᠨᠠᠭ᠋ᠠᠴᠢᠯᠠᠬᠤ ᠬᠡᠷᠡᠭᠲᠡᠢ᠃ ᠬᠥᠮᠦᠨ ᠣᠯᠠᠨ ᠭᠠᠵᠠᠷ᠎ᠲᠤ ᠣᠴᠢᠬᠤ᠎ᠠᠴᠠ ᠠᠯᠢ ᠴᠢᠳᠠᠬᠤ᠎ᠪᠠᠷ ᠵᠠᠶ᠋ᠢᠯᠠᠰᠬᠢᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭ᠋ᠠᠬᠤ᠂ ᠲᠠᠮᠢᠷᠳᠠᠬᠤ ᠵᠡᠷᠭᠡ ᠢᠯᠡᠷᠡᠯ ᠭᠠᠷᠪᠠᠯ᠂ ᠠᠮᠠᠪᠴᠢ ᠵᠡᠭᠦᠬᠦ ᠵᠢ ᠳᠦᠷᠢᠮᠵᠢᠭᠦᠯᠵᠦ᠂ ᠴᠠᠭ ᠲᠤᠬᠠᠢ᠎ᠳᠤ᠎ᠨᠢ ᠤᠢ᠍ᠢ᠍ᠷ᠎ᠠ ᠬᠠᠪᠢ ᠵᠢᠨ ᠡᠮᠴᠢᠯᠡᠭᠡᠨ᠎ᠤ ᠪᠠᠶ᠋ᠢᠭᠤᠯᠤᠮᠵᠢ᠎ᠳᠤ ᠬᠦᠷᠴᠦ ᠵᠢᠭᠰᠠᠭ᠋ᠠᠨ ᠪᠠᠶ᠋ᠢᠴᠠᠭ᠋ᠠᠯᠭ᠋ᠠᠬᠤ ᠪᠠ ᠣᠨᠣᠰᠢᠭᠤᠯᠤᠨ ᠡᠮᠴᠢᠯᠡᠭᠦᠯᠬᠦ ᠬᠡᠷᠡᠭᠲᠡᠢ᠂ ᠡᠪᠡᠳᠴᠢᠨ ᠦᠵᠡᠭᠦᠯᠬᠦ ᠶᠠᠪᠤᠴᠠ᠎ᠳᠤ ᠠᠯᠢ ᠴᠢᠳᠠᠬᠤ᠎ᠪᠠᠷ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠰᠠᠭᠤᠬᠤ᠎ᠠᠴᠠ ᠵᠠᠶ᠋ᠢᠯᠠᠰᠬᠢᠬᠦ ᠬᠡᠷᠡᠭᠲᠡᠢ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠲᠤᠨ
          
ᠬᠠᠮᠢᠶ᠎ᠡ ᠪᠦᠬᠦᠢ ᠰᠣᠨᠢᠨ
ᠱ᠌ᠢ᠎ᠲᠠᠢ ᠹᠧᠩ ᠪᠠᠴᠢᠮ ᠬᠤᠷᠠᠯ ᠡᠷᠬᠢᠯᠡᠨ ᠬᠤᠷᠠᠯᠳᠤᠭᠤᠯᠵᠤ ᠡᠯ᠎ᠡ ᠠᠶ᠋ᠢᠮᠠᠭ ᠬᠤᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠲᠤᠬᠢᠷᠠᠭᠤᠯᠤᠯᠳᠠ ᠬᠢᠪᠠ
ᠱ᠌ᠢ᠎ᠲᠠᠢ ᠹᠧᠩ ᠥᠪᠥᠷ ᠮᠣᠩᠭᠤᠯ᠎ᠤᠨ ᠳᠥᠷᠪᠡᠳᠦᠭᠡᠷ ᠡᠮᠨᠡᠯᠭᠡ ᠵᠢᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠲᠤ ᠪᠠᠶ᠋ᠢᠴᠠᠭ᠋ᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ᠎ᠳᠠᠭᠠᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠲᠦᠷᠭᠡᠨ ᠨᠠᠷᠢᠯᠢᠭ ᠨᠠᠶ᠋ᠢᠳᠠᠪᠤᠷᠢᠵᠢᠭᠤᠯᠵᠤ ᠬᠢᠵᠢᠭ᠎ᠤᠨ ᠪᠠᠶ᠋ᠢᠳᠠᠯ᠎ᠤᠨ ᠲᠠᠷᠬᠠᠨ ᠳᠡᠯᠭᠡᠷᠡᠬᠦ ᠬᠠᠨᠳᠤᠰᠢ ᠵᠢ ᠲᠠᠰᠤ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ
ᠸᠠᠩ ᠯᠢ ᠰᠢᠶᠠ ᠡᠵᠡᠨ᠎ᠡ ᠬᠤᠰᠢᠭᠤᠨ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠵᠢᠭ᠋ᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ᠎ᠳᠠᠭᠠᠨ ᠴᠢᠬᠤᠯᠠᠴᠢᠯᠠᠭᠰᠠᠨ᠎ᠨᠢ ᠳᠠᠬᠢᠨ ᠳᠦᠷᠬᠡᠳᠬᠡᠵᠥ ᠳᠠᠬᠢᠨ ᠤᠨᠤᠪᠴᠢᠳᠠᠢ ᠪᠤᠯᠭ᠋ᠠᠵᠥ ᠳᠠᠬᠢᠨ ᠴᠢᠩᠭ᠋ᠠᠳᠬᠠᠨ ᠪᠣᠲᠠᠲᠠᠶ᠋ᠢᠵᠢᠭᠤᠯᠵᠥ ᠬᠢᠵᠢᠭ᠎ᠤᠨ ᠲᠠᠷᠬᠠᠨ ᠳᠡᠯᠭᠡᠷᠡᠬᠦ ᠬᠠᠨᠳᠤᠰᠢ ᠵᠢ ᠪᠦᠬᠦ ᠬᠦᠴᠦᠨ ᠵᠶ᠋ᠠᠷ ᠵᠶ᠋ᠠᠨ ᠡᠷᠡᠰ ᠬᠤᠷᠢᠭᠯᠠᠬᠤ ᠬᠡᠷᠡᠭᠳᠡᠢ
ᠸᠠᠩ ᠯᠢ ᠰᠢᠶᠠ ᠡᠵᠡᠨ᠎ᠡ ᠬᠤᠰᠢᠭᠤᠨ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠱᠠᠯᠠᠪᠳᠠᠭᠤᠯᠤᠨ ᠵᠢᠯᠣᠭᠤᠳᠴᠤ ᠪᠠᠶ᠋ᠢᠴᠠᠭ᠋ᠠᠬᠤ᠎ᠳᠠᠭᠠᠨ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠢᠮᠪᠠᠢ ᠨᠠᠶ᠋ᠢᠳᠠᠪᠤᠷᠢᠵᠢᠭᠤᠯᠵᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠥᠨᠥᠭᠡᠯᠲᠡ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠡᠷᠲᠡᠬᠡᠨ ᠣᠯᠬᠤ᠎ᠪᠠᠷ ᠴᠢᠷᠮᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ
ᠸᠠᠩ ᠯᠢ ᠰᠢᠶᠠ ᠡᠵᠡᠨ᠎ᠡ ᠬᠤᠰᠢᠭᠤᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠮᠦᠨ᠎ᠡ ᠹᠷᠣᠨᠲ᠎ᠲᠤ ᠤᠯᠤᠰ᠎ᠤᠨ ᠠᠨᠠᠭ᠋ᠠᠬᠤ ᠤᠬᠠᠭ᠋ᠠᠨ᠎ᠤ ᠪᠠᠴᠢᠮ ᠠᠪᠤᠷᠠᠨ ᠲᠤᠰᠠᠯᠠᠬᠤ ᠠᠩᠭᠢ ᠵᠢᠨ ᠭᠡᠰᠢᠭᠦᠳ ᠰᠠᠶ᠋ᠢᠨ ᠳᠤᠷᠠᠴᠤᠳ ᠰᠣᠨᠢᠨ ᠮᠡᠳᠡᠭᠡᠨ᠎ᠤ ᠠᠵᠢᠯᠲᠠᠳ᠎ᠢ ᠪᠣᠯᠭᠤᠭ᠋ᠠᠨ ᠦᠵᠡᠪᠡ
 
            