10 ᠰᠠᠷ᠎ᠠ ᠵᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠡᠷᠬᠢᠯᠡᠭᠴᠢ ᠱ᠌ᠢ᠎ᠲᠠᠢ ᠹᠧᠩ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠲᠤ ᠪᠠᠴᠢᠮ ᠬᠤᠷᠠᠯ ᠡᠷᠬᠢᠯᠡᠨ ᠬᠤᠷᠠᠯᠳᠤᠭᠤᠯᠵᠤ᠂ ᠡᠯ᠎ᠡ ᠠᠶ᠋ᠢᠮᠠᠭ ᠬᠤᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠲᠤᠬᠢᠷᠠᠭᠤᠯᠤᠯᠳᠠ ᠬᠢᠵᠦ᠂ ᠤᠨᠴᠠᠭ᠋ᠠᠢ ᠴᠠᠭ ᠦᠶ᠎ᠠ᠎ᠳᠤ ᠤᠨᠴᠠᠭ᠋ᠠᠢ ᠠᠷᠭ᠎ᠠ ᠬᠡᠮᠵᠢᠶ᠎ᠠ ᠠᠪᠴᠤ᠂ ᠡᠯ᠎ᠡ ᠲᠠᠯ᠎ᠠ ᠵᠢᠨ᠎ᠬᠢᠨ ᠡᠷᠬᠡᠪᠰᠢ ᠪᠦᠬᠦ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠡᠯ᠎ᠡ ᠵᠦᠢ᠍ᠯ᠎ᠤᠨ ᠠᠵᠢᠯ᠎ᠢ ᠡᠷᠡᠰ ᠰᠠᠶ᠋ᠢᠲᠤᠷ ᠬᠢᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠥᠨᠥᠭᠡᠯᠳᠡ ᠵᠢᠨ ᠳᠠᠶ᠋ᠢᠯᠠᠯᠳᠤᠭ᠋ᠠᠨ᠂ ᠬᠤᠷᠢᠭᠯᠠᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠶᠠᠭ᠋ᠠᠬᠢᠭᠰᠠᠨ ᠴᠦ᠍ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠲᠣᠰ ᠡᠳᠦᠷ᠎ᠤᠨ ᠦᠳᠡ ᠵᠢᠨ ᠬᠤᠶ᠋ᠢᠨᠠᠬᠢ 5 ᠴᠠᠭ᠎ᠤᠨ ᠦᠶ᠎ᠡ᠎ᠪᠠᠷ᠂ ᠱ᠌ᠢ᠎ᠲᠠᠢ ᠹᠧᠩ ᠵᠢᠯᠣᠭᠤᠳᠬᠤ ᠭᠠᠵᠠᠷ᠎ᠲᠤ ᠬᠦᠷᠴᠦ᠂ ᠸᠢᠳᠢᠣ᠋᠎ᠪᠠᠷ ᠪᠥᠬᠦ ᠣᠷᠣᠨ᠎ᠤ 12 ᠠᠶ᠋ᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠨᠢᠭᠡᠳ ᠨᠢᠭᠡ᠎ᠪᠠᠷ ᠲᠣᠬᠢᠷᠠᠭᠤᠯᠤᠯᠳᠠ ᠬᠢᠪᠡ᠃ ᠲᠡᠷᠡ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠨᠠᠷᠢᠨ ᠬᠢᠨᠠᠮᠠᠭ᠋ᠠᠢ ᠰᠣᠨᠣᠰᠴᠤ᠂ ᠬᠤᠯᠪᠣᠭᠳᠠᠯ ᠪᠦᠬᠦᠢ ᠨᠠᠷᠢᠨ ᠵᠦᠢ᠍ᠯᠡᠰ᠎ᠢ ᠪᠠᠶ᠋ᠢᠨ ᠳᠠᠬᠢᠨ ᠨᠡᠬᠡᠮᠵᠢᠯᠡᠨ ᠠᠰᠠᠭᠤᠵᠤ᠂ ᠡᠯ᠎ᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠥᠷᠨᠢᠭᠦᠯᠵᠦ ᠪᠠᠶ᠋ᠢᠭ᠎ᠠ ᠪᠠᠶ᠋ᠢᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ ᠠᠵᠢᠯ᠎ᠤᠨ ᠳᠤᠮᠳᠠ ᠢᠯᠡᠷᠡᠭᠰᠡᠨ ᠳᠤᠲᠠᠭᠤᠳᠠᠯ ᠪᠣᠯᠤᠨ ᠣᠷᠣᠰᠢᠵᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ ᠲᠣᠳᠣᠷᠬᠠᠢ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠳᠤᠷᠠᠳᠪᠠ᠃
ᠱ᠌ᠢ᠎ᠲᠠᠢ ᠹᠧᠩ᠂ ᠣᠳᠣᠬᠠᠨ᠎ᠳᠤ ᠮᠠᠨ᠎ᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ ᠲᠤᠶ᠋ᠢᠯ᠎ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶ᠋ᠢᠨ᠎ᠠ᠂ ᠡᠯ᠎ᠡ ᠭᠠᠵᠠᠷ᠎ᠤᠨ᠎ᠬᠢᠨ ᠵᠠᠪᠠᠯ ᠳᠡᠭᠡᠳᠦ ᠬᠡᠮᠵᠢᠶᠡᠨ᠎ᠤ ᠪᠠᠴᠢᠮ ᠳᠤᠯᠭ᠋ᠠᠮ ᠪᠠᠶ᠋ᠢᠳᠠᠯ᠎ᠳᠤ ᠤᠷᠤᠵᠤ᠂ ᠦᠳᠲᠡᠷ ᠲᠦᠷᠭᠡᠨ ᠬᠥᠳᠡᠯᠦᠯᠴᠡᠵᠦ᠂ ᠡᠷᠡᠰ ᠬᠦᠴᠦᠲᠡᠶ ᠠᠷᠭ᠎ᠠ ᠬᠡᠮᠵᠢᠶ᠎ᠡ ᠠᠪᠴᠤ᠂ ᠬᠢᠵᠢᠭ᠎ᠤᠨ ᠪᠠᠶ᠋ᠢᠳᠠᠯ᠎ᠤᠨ ᠳᠠᠷᠬᠠᠨ ᠳᠡᠯᠭᠡᠷᠡᠬᠦ ᠬᠠᠨᠳᠤᠰᠢ ᠵᠢ ᠦᠨᠡᠨ ᠬᠦ᠌ ᠡᠵᠡᠮᠳᠡᠬᠦ ᠬᠡᠷᠡᠭᠲᠡᠶ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠥᠬᠦ ᠲᠠᠯ᠎ᠠ᠎ᠪᠠᠷ᠂ ᠡᠷᠡᠰ ᠰᠢᠭᠤᠷᠬᠠᠢ᠂ ᠬᠦᠴᠦᠳᠠᠢ ᠴᠢᠩᠭ᠎ᠠ ᠨᠠᠶ᠋ᠢᠳᠠᠪᠤᠷᠢᠵᠢᠭᠤᠯᠵᠤ᠂ ᠢᠯᠠᠩᠭᠤᠶ᠎ᠠ ᠭᠤᠣᠯᠳᠠᠯᠭ᠎ᠠ᠎ᠲᠠᠢ ᠲᠠᠯᠠᠪᠤᠷ ᠭᠠᠵᠠᠷ᠂ ᠭᠤᠣᠯᠳᠠᠯᠭ᠎ᠠ᠎ᠲᠠᠢ ᠣᠷᠣᠨ ᠪᠠᠶ᠋ᠢᠷᠢ᠂ ᠭᠤᠣᠯᠳᠠᠯᠭ᠎ᠠ᠎ᠲᠠᠢ ᠬᠥᠮᠦᠰ᠎ᠲᠤ ᠴᠢᠭᠯᠡᠬᠦᠯᠤᠨ ᠡᠷᠴᠢᠮ ᠵᠶ᠋ᠠᠨ ᠴᠢᠩᠭ᠋ᠠᠷᠠᠭᠤᠯᠵᠤ ᠬᠤᠯᠪᠣᠭᠳᠠᠯ ᠪᠥᠬᠦᠶ ᠱᠠᠭ᠋ᠠᠷᠳᠠᠯᠭ᠎ᠠ ᠪᠣᠯᠤᠨ ᠠᠷᠭ᠎ᠠ ᠬᠡᠮᠵᠢᠶ᠎ᠡ ᠵᠢ ᠴᠢᠩᠭ᠎ᠠ᠎ᠠᠴᠠ ᠴᠢᠩᠭ᠎ᠠ ᠨᠠᠶ᠋ᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠲᠠᠯ᠎ᠠ ᠵᠢᠨ᠎ᠬᠢᠨ ᠮᠥᠷᠳᠡᠨ ᠱᠠᠯᠠᠪᠳᠠᠭᠤᠯᠤᠨ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠶ᠃ ᠨᠡᠶ᠋ᠢᠭᠡᠮ᠎ᠤᠨ ᠬᠠᠮᠢᠶᠠᠷᠤᠯᠲᠠ ᠡᠵᠡᠮᠳᠡᠯ᠎ᠢ ᠦᠨᠡᠨ ᠬᠦ᠌ ᠴᠢᠩᠭ᠋ᠠᠳᠬᠠᠵᠤ᠂ ᠳᠤᠮᠳᠠ ᠥᠨᠳᠥᠷ ᠠᠶᠤᠯ ᠲᠦᠭᠰᠢᠭᠦᠷᠢ᠎ᠲᠠᠢ ᠭᠠᠵᠠᠷ ᠣᠷᠣᠨ᠎ᠠᠴᠠ ᠢᠷᠡᠭᠰᠡᠨ ᠪᠤᠢ ᠪᠦᠬᠦᠢ ᠬᠥᠮᠥᠰ᠎ᠢ ᠰᠢᠭᠰᠢᠨ ᠪᠠᠶ᠋ᠢᠴᠠᠭ᠋ᠠᠵᠤ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠪᠠᠶ᠋ᠢᠴᠠᠭ᠋ᠠᠬᠤ ᠴᠢᠬᠤᠯᠠᠲᠠᠢ ᠵᠢ᠎ᠨᠢ ᠡᠷᠬᠡᠪᠰᠢ ᠪᠦᠬᠦᠨ᠎ᠢ ᠳᠤᠳᠤᠷᠬᠠᠢ ᠪᠠᠶ᠋ᠢᠴᠠᠭ᠋ᠠᠵᠤ᠂ ᠲᠤᠭᠤᠰᠢᠲᠠᠢ ᠪᠠᠶ᠋ᠢᠴᠠᠭ᠋ᠠᠵᠤ᠂ ᠡᠷᠬᠡᠪᠰᠢ ᠪᠦᠬᠦᠨ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠨᠢᠭᠡ ᠬᠥᠮᠦᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠡᠯ᠎ᠡ ᠭᠠᠵᠠᠷ᠎ᠤᠨ᠎ᠬᠢᠨ ᠴᠥᠮ ᠠᠵᠢᠯ ᠵᠶ᠋ᠠᠨ ᠴᠢᠩᠭ᠎ᠠ ᠨᠠᠷᠢᠯᠢᠭ ᠠᠳᠬᠤᠬᠤ ᠬᠡᠷᠡᠭᠲᠡᠢ᠂ ᠢᠯᠠᠩᠭᠤᠶ᠎ᠠ ᠪᠠᠷᠠᠭᠤᠨ ᠪᠡᠶ᠎ᠡ ᠵᠢᠨ ᠠᠶ᠋ᠢᠮᠠᠭ ᠬᠤᠳᠠ ᠨᠡᠩ ᠴᠦ᠍ ᠴᠢᠩᠭ᠎ᠠ᠎ᠠᠴᠠ ᠴᠢᠩᠭ᠎ᠠ᠂ ᠨᠠᠷᠢᠯᠢᠭ᠎ᠠᠴᠠ ᠨᠠᠷᠢᠯᠢᠭ ᠠᠳᠬᠤᠵᠤ᠂ ᠤᠯᠠᠨ ᠭᠠᠵᠠᠷ ᠦᠷᠪᠢᠰᠦᠨ ᠳᠡᠯᠭᠡᠷᠡᠬᠦ᠂ ᠨᠡᠶ᠋ᠢᠳᠡᠮ ᠲᠠᠷᠬᠠᠨ ᠳᠡᠯᠭᠡᠷᠡᠬᠦ ᠪᠠᠶ᠋ᠢᠳᠠᠯ᠎ᠢ ᠭᠠᠷᠭ᠋ᠠᠵᠤ ᠶᠠᠭ᠋ᠠᠬᠢᠭᠰᠠᠨ ᠴᠤ᠌ ᠪᠣᠯᠬᠤ ᠦᠭᠡᠢ᠃ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠪᠠᠨ ᠦᠨᠡᠨ ᠬᠦ᠌ ᠴᠢᠩᠭ᠋ᠠᠳᠬᠠᠵᠤ᠂ ᠰᠢᠭᠰᠢᠨ ᠪᠠᠶ᠋ᠢᠴᠠᠭ᠋ᠠᠵᠤ ᠭᠠᠷᠭ᠋ᠠᠭᠰᠠᠨ ᠬᠥᠮᠥᠰ᠎ᠲᠤ ᠳᠠᠷᠤᠶ ᠲᠦᠷᠭᠡᠨ ᠠᠷᠭ᠎ᠠ ᠬᠡᠮᠵᠢᠶ᠎ᠡ ᠠᠪᠴᠤ᠂ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠶ᠃ ᠨᠡᠶ᠋ᠢᠭᠡᠮ ᠲᠣᠭᠤᠷᠢᠭ᠎ᠤᠨ ᠬᠠᠮᠢᠶᠠᠷᠤᠯᠲᠠ ᠡᠵᠡᠮᠳᠡᠯ ᠢᠯᠠᠩᠭᠤᠶ᠎ᠠ ᠬᠡᠷ ᠪᠦᠯᠢ ᠵᠢᠨ ᠲᠤᠰᠠᠭ᠋ᠠᠷᠯᠠᠯᠢ ᠵᠠᠪᠠᠯ ᠴᠢᠩᠭ᠎ᠠ ᠠᠳᠬᠤᠵᠤ᠂ ᠲᠤᠭᠤᠰᠢᠲᠠᠢ ᠬᠠᠮᠢᠶᠠᠷᠬᠤ ᠬᠡᠷᠡᠭᠲᠡᠢ᠂ ᠶᠠᠭ᠋ᠠᠬᠢᠭᠰᠠᠨ ᠴᠤ᠌ ᠭᠤᠷᠢᠳᠠᠬᠤ ᠪᠤᠳᠤᠯ ᠡᠪᠦᠷᠯᠡᠵᠦ᠂ ᠲᠠᠶ᠋ᠢᠪᠤᠰᠢᠷᠠᠵᠤ ᠪᠣᠯᠬᠤ ᠦᠬᠡᠢ᠃ ᠬᠠᠮᠢᠶᠠᠷᠤᠯᠲᠠ ᠲᠤᠮᠳᠠ᠎ᠪᠠᠨ ᠬᠡᠭᠡᠭᠳᠡᠬᠦᠯᠵᠦ ᠤᠷᠬᠢᠭᠳᠠᠭᠤᠯᠤᠭᠰᠠᠨ ᠪᠤᠶᠤ ᠡᠵᠡᠮᠳᠡᠯ ᠵᠶ᠋ᠠᠨ ᠠᠯᠳᠠᠭᠰᠠᠨ ᠪᠠᠶ᠋ᠢᠳᠠᠯ ᠭᠠᠷᠪᠠᠯ᠂ ᠰᠢᠭᠤᠳ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭ᠋ᠠᠬᠤ ᠬᠡᠷᠡᠭᠲᠡᠶ᠃ ᠵᠣᠬᠢᠴᠠᠭᠤᠯᠵᠤ ᠬᠤᠯᠪᠣᠭ᠋ᠠᠯᠠᠨ ᠬᠥᠳᠡᠯᠦᠯᠴᠡᠬᠦ ᠵᠢ ᠦᠨᠡᠨ ᠬᠦ᠌ ᠴᠢᠩᠭ᠋ᠠᠳᠬᠠᠵᠤ᠂ ᠡᠯ᠎ᠡ ᠠᠶ᠋ᠢᠮᠠᠭ ᠬᠤᠲᠠ ᠵᠢᠨ᠎ᠬᠢᠨ ᠨᠢᠭᠲᠠ ᠬᠠᠮᠵᠢᠯᠴᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠵᠢ ᠲᠦᠷᠭᠡᠨ ᠪᠥᠭᠡᠳ ᠣᠨᠣᠪᠴᠢᠲᠠᠶ ᠬᠦᠷᠭᠡᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ᠎ᠬᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠶ᠋ᠢᠳᠠᠯ᠎ᠳᠤ ᠳᠠᠷᠤᠶ ᠲᠦᠷᠭᠡᠨ ᠣᠷᠣᠵᠤ᠂ ᠡᠷᠬᠡᠪᠰᠢ ᠨᠠᠶ᠋ᠢᠳᠠᠪᠤᠷᠢᠵᠢᠭᠤᠯᠬᠤ ᠠᠯᠢᠪᠠ ᠠᠷᠭ᠎ᠠ ᠬᠡᠮᠵᠢᠶ᠎ᠡ ᠵᠢ ᠪᠦᠬᠦᠨ᠎ᠢ ᠨᠠᠶ᠋ᠢᠳᠠᠪᠤᠷᠢᠵᠢᠭᠤᠯᠵᠤ᠂ ᠠᠪᠴᠤ ᠪᠣᠯᠬᠤ ᠠᠯᠢᠪᠠ ᠠᠷᠭ᠎ᠠ ᠪᠠᠷᠢᠯ᠎ᠢ ᠪᠦᠬᠦᠨ᠎ᠢ ᠠᠪᠴᠤ᠂ ᠴᠢᠩᠭ᠎ᠠ ᠪᠠᠶ᠋ᠢᠯᠭ᠋ᠠᠬᠤ᠎ᠠᠴᠠ ᠪᠢᠰᠢ ᠥᠴᠦᠬᠡᠨ ᠴᠦ᠍ ᠰᠤᠯᠠᠷᠠᠭᠤᠯᠵᠤ ᠪᠣᠯᠬᠤ ᠥᠬᠡᠶ᠃ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠵᠢᠯᠣᠭᠤᠳᠬᠤ ᠭᠠᠵᠠᠷ᠎ᠤᠨ᠎ᠬᠢᠨ ᠨᠢᠭᠡᠳᠦᠯᠲᠡᠶ ᠲᠣᠬᠢᠷᠠᠭᠤᠯᠤᠨ ᠵᠢᠯᠣᠭᠤᠳᠬᠤ ᠵᠢ ᠴᠢᠩᠭ᠋ᠠᠳᠬᠠᠵᠤ᠂ ᠡᠯ᠎ᠡ ᠭᠠᠵᠠᠷ᠎ᠤᠨ᠎ᠬᠢᠨ ᠡᠷᠬᠡᠪᠰᠢ ᠵᠠᠷᠯᠢᠭ᠎ᠢ ᠡᠷᠡᠰ ᠳᠠᠭ᠋ᠠᠵᠤ᠂ ᠲᠣᠬᠢᠷᠠᠭᠤᠯᠤᠯᠲᠠ ᠵᠢ ᠳᠠᠭ᠋ᠠᠬᠤ ᠬᠡᠷᠡᠭᠲᠡᠶ᠃ ᠡᠯ᠎ᠡ ᠠᠶ᠋ᠢᠮᠠᠭ ᠬᠤᠲᠠ ᠵᠢᠨ ᠵᠢᠯᠣᠭᠤᠳᠬᠤ ᠭᠠᠵᠠᠷ᠎ᠤᠨ᠎ᠬᠢᠨ ᠲᠣᠰ ᠭᠠᠵᠠᠷ ᠣᠷᠣᠨ᠎ᠤ᠎ᠪᠠᠨ ᠰᠡᠷᠭᠡᠶ᠋ᠢᠯᠡᠨ ᠡᠵᠡᠮᠳᠡᠬᠦ ᠠᠵᠢᠯ᠎ᠤᠨ ᠨᠢᠭᠡᠳᠦᠯᠲᠡᠶ ᠵᠢᠯᠣᠭᠤᠳᠣᠯᠭ᠎ᠠ ᠪᠠ ᠲᠣᠬᠢᠷᠠᠭᠤᠯᠤᠯᠲᠠ ᠵᠢ ᠡᠷᠡᠰ ᠬᠦᠴᠦᠲᠡᠶ ᠰᠠᠶ᠋ᠢᠲᠤᠷ ᠠᠳᠬᠤᠵᠤ᠂ ᠡᠯ᠎ᠡ ᠲᠠᠯ᠎ᠠ ᠵᠢᠨ᠎ᠬᠢᠨ᠎ᠤ ᠠᠵᠢᠯ ᠵᠶ᠋ᠠᠨ ᠠᠯᠬᠤᠭ᠎ᠠ ᠨᠢᠭᠡᠲᠡᠢ ᠥᠷᠨᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠤᠳᠤᠷᠢᠳᠬᠤ ᠺᠠᠳ᠋ᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠳᠠᠭ᠋ᠠᠭ᠋ᠠᠴᠢᠯᠠᠨ ᠬᠠᠷᠢᠯᠴᠠᠵᠤ᠂ ᠬᠠᠷᠢᠭᠤᠴᠠᠯᠭ᠎ᠠ ᠵᠢ ᠱᠠᠳᠤ ᠱᠠᠲᠤ᠎ᠪᠠᠷ ᠪᠤᠳᠠᠳᠠᠶ᠋ᠢᠵᠢᠭᠤᠯᠵᠤ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠲᠠᠷᠠᠭ᠎ᠠ᠎ᠨᠢ᠂ ᠱ᠌ᠢ᠎ᠲᠠᠢ ᠹᠧᠩ ᠵᠢᠯᠣᠭᠤᠳᠬᠤ ᠭᠠᠵᠠᠷ᠎ᠤᠨ ᠬᠤᠷᠠᠯ᠎ᠤᠨ ᠭᠡᠷ᠎ᠲᠤ ᠬᠦᠷᠴᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠣᠯᠳᠠᠯᠭ᠎ᠠ᠎ᠲᠠᠢ ᠠᠵᠢᠯ᠎ᠢ ᠰᠠᠶ᠋ᠢᠲᠤᠷ ᠬᠢᠬᠦ ᠲᠤᠬᠠᠢ ᠬᠤᠯᠪᠣᠭᠳᠠᠯ ᠪᠦᠬᠦᠢ ᠲᠠᠯ᠎ᠠ ᠵᠢᠨ ᠬᠠᠷᠢᠭᠤᠴᠠᠯᠭ᠋ᠠᠲᠠᠨ᠎ᠳᠤ ᠪᠣᠳᠠᠲᠠᠢ ᠱᠠᠭ᠋ᠠᠷᠳᠠᠯᠭ᠎ᠠ ᠳᠤᠷᠠᠳᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ ᠳ᠋ᠢᠩ ᠰᠢᠦ ᠹᠧᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠠᠵᠢᠯᠯᠠᠭ᠎ᠠ᠎ᠳᠤ ᠣᠷᠣᠯᠴᠠᠵᠠᠶ᠃