ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠤᠰᠬᠠᠶ ᠵᠦᠢ᠍ᠯ᠎ᠤᠨ ᠪᠡᠯᠡ ᠮᠥᠩᠭᠥ (ᠳᠣᠷᠣᠭᠰᠢ 《ᠲᠤᠰᠬᠠᠶ ᠵᠦᠢ᠍ᠯ᠎ᠤᠨ ᠪᠡᠯᠡ ᠮᠥᠩᠭᠥ》 ᠭᠡᠵᠦ ᠲᠣᠪᠴᠢᠯᠠᠨ᠎ᠠ) ᠵᠢᠨ ᠬᠠᠮᠢᠶᠠᠷᠤᠯᠲᠠ ᠬᠢᠭᠡᠳ ᠬᠡᠷᠡᠭᠯᠡᠯᠲᠡ ᠵᠢ ᠵᠢᠷᠤᠮᠵᠢᠭᠤᠯᠤᠨ ᠴᠢᠩᠭ᠋ᠠᠳᠬᠠᠵᠤ᠂ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ》 ᠵᠢᠴᠢ ᠲᠡᠭᠦᠨ᠎ᠤ ᠬᠡᠷᠡᠭᠵᠢᠭᠦᠯᠬᠦ ᠳᠦᠷᠢᠮ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠥᠰᠦᠪ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ (ᠳᠣᠷᠣᠭᠰᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠭᠡᠵᠦ ᠲᠣᠪᠴᠢᠯᠠᠨ᠎ᠠ) ᠵᠢᠨ ᠠᠵᠢᠯ᠎ᠤᠨ ᠪᠣᠳᠠᠲᠠᠶ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠤᠰᠬᠠᠶ ᠵᠦᠢ᠍ᠯ᠎ᠤᠨ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠠᠵᠢᠯ᠎ᠢ ᠳᠡᠮᠵᠢᠬᠦ᠎ᠳᠤ ᠬᠡᠷᠡᠭᠯᠡᠨ᠎ᠡ᠃ ᠲᠤᠰᠬᠠᠶ ᠪᠠᠯᠠ ᠮᠥᠩᠭᠦ ᠵᠢ ᠬᠡᠷᠡᠭᠵᠢᠭᠦᠯᠬᠦ ᠬᠤᠭᠤᠴᠠᠭ᠎ᠠ ᠵᠢ ᠣᠯᠠᠨ ᠨᠡᠶ᠋ᠢᠲᠡ ᠵᠢᠨ ᠰᠣᠶᠣᠯ᠎ᠤᠨ ᠬᠦᠷᠢᠶᠡᠨ ᠳᠤ᠎ᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠡᠷᠭᠡ ᠵᠢ ᠦᠨᠳᠦᠰᠦᠯᠡᠨ ᠲᠣᠭᠲᠠᠭ᠋ᠠᠨ᠎ᠠ᠃
ᠡᠯ᠎ᠡ ᠱᠠᠲᠤᠨ᠎ᠤ ᠡᠳ᠋᠎ᠤᠨ ᠵᠠᠰᠠᠭ᠎ᠨᠢ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠰᠣᠶᠣᠯ᠎ᠤᠨ ᠬᠦᠷᠢᠶᠡᠨ ᠳᠤ᠎ᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ ᠶᠣᠰᠣᠭ᠋ᠠᠷ᠂ ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠤᠨ ᠵᠠᠷᠤᠳᠠᠯ᠎ᠢ ᠪᠠᠲᠤᠯᠠᠬᠤ ᠬᠡᠷᠡᠭᠲᠡᠢ᠃
ᠭᠤᠷᠪᠠᠳᠤᠭ᠋ᠠᠷ ᠵᠦᠢ᠍ᠯ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ ᠪᠠ ᠬᠡᠷᠡᠭᠯᠡᠯᠲᠡ᠎ᠳᠤ 《ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠭᠣᠤᠯᠳᠠᠯᠭ᠎ᠠ᠎ᠪᠠᠨ ᠲᠣᠪᠣᠶ᠋ᠢᠯᠭ᠋ᠠᠬᠤ᠂ ᠱᠠᠲᠤ ᠬᠤᠪᠢᠶᠠᠨ ᠬᠠᠷᠢᠭᠤᠴᠠᠬᠤ᠂ ᠬᠢᠨᠠᠯᠲᠠ ᠲᠠᠯᠪᠢᠬᠤ ᠵᠢ ᠴᠢᠩᠭ᠋ᠠᠳᠬᠠᠬᠤ᠂ ᠠᠮᠵᠢᠯᠲᠠ ᠪᠦᠲᠦᠮᠵᠢ ᠵᠢ ᠴᠢᠬᠤᠯᠠᠴᠢᠯᠠᠬᠤ》 ᠵᠠᠷᠴᠢᠮ᠎ᠢ ᠪᠠᠷᠢᠮᠲᠠᠯᠠᠬᠤ ᠬᠡᠷᠡᠭᠲᠡᠶ᠃
ᠳᠥᠷᠪᠡᠳᠦᠭᠡᠷ ᠵᠦᠢ᠍ᠯ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ ᠪᠠ ᠬᠡᠷᠡᠭᠯᠡᠯᠲᠡ᠎ᠳᠤ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠡᠳ᠋᠎ᠤᠨ ᠶᠠᠪᠤᠳᠠᠯ᠎ᠤᠨ ᠳᠦᠷᠢᠮ ᠲᠣᠭᠲᠠᠭ᠋ᠠᠯ᠎ᠤᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠵᠢᠨ ᠬᠠᠮᠲᠤ ᠡᠳ᠋᠎ᠤᠨ ᠵᠠᠰᠠᠭ᠂ ᠬᠢᠨᠠᠨ ᠪᠣᠳᠣᠬᠤ᠂ ᠰᠣᠶᠣᠯ ᠪᠠ ᠵᠢᠭᠤᠯᠴᠢᠯᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠦᠯᠢᠶᠡᠬᠦ ᠬᠡᠷᠡᠭᠲᠡᠶ᠃
ᠬᠣᠶᠠᠳᠤᠭ᠋ᠠᠷ ᠪᠦᠯᠦᠭ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠵᠠᠷᠤᠯᠭ᠎ᠠ ᠵᠢᠨ ᠬᠡᠪᠴᠢᠶ᠎ᠡ
ᠲᠠᠪᠤᠳᠤᠭ᠋ᠠᠷ ᠵᠦᠢ᠍ᠯ ᠲᠤᠰᠬᠠᠶ ᠵᠦᠢ᠍ᠯ᠎ᠤᠨ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠪᠡᠯᠡ ᠮᠥᠩᠭᠥ ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠳᠣᠷᠣᠭᠰᠢ ᠲᠤᠰᠠᠯᠠᠮᠵᠢ ᠣᠯᠭᠣᠬᠤ ᠪᠡᠯᠡ ᠮᠥᠩᠭᠥ ᠭᠡᠵᠦ ᠬᠤᠪᠢᠶᠠᠨ᠎ᠠ᠂ ᠵᠠᠷᠤᠯᠭ᠎ᠠ ᠵᠢᠨ ᠬᠡᠪᠴᠢᠶ᠎ᠡ ᠶᠣᠰᠣᠭ᠋ᠠᠷ ᠵᠣᠬᠢᠶᠠᠨ ᠪᠠᠢ᠌ᠭᠤᠯᠵᠤ ᠬᠠᠮᠢᠶᠠᠷᠬᠤ ᠵᠠᠷᠤᠳᠠᠯ ᠪᠣᠯᠤᠨ ᠬᠠᠮᠠᠭ᠋ᠠᠯᠠᠯᠲᠠ ᠵᠢᠨ ᠲᠤᠰᠠᠯᠠᠮᠵᠢ ᠵᠢᠨ ᠵᠠᠷᠤᠳᠠᠯ ᠭᠡᠵᠦ ᠬᠤᠪᠢᠶᠠᠨ᠎ᠠ᠃
ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠪᠡᠯᠡ ᠮᠥᠩᠭᠥ᠎ᠳᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠤᠰ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠵᠠᠷᠤᠳᠠᠯ ᠪᠠ ᠥᠪᠡᠷᠲᠡᠭᠡᠨ ᠵᠠᠰᠠᠬᠤ ᠣᠷᠣᠨ᠎ᠤ ᠰᠠᠯᠠᠭ᠎ᠠ ᠮᠥᠴᠢᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠨᠥᠬᠥᠪᠥᠷᠢ ᠵᠠᠷᠤᠳᠠᠯ ᠪᠠᠭᠲᠠᠨ᠎ᠠ᠂ ᠥᠪᠡᠷᠲᠡᠭᠡᠨ ᠵᠠᠰᠠᠬᠤ ᠣᠷᠣᠨ᠎ᠠᠴᠠ ᠳᠣᠷᠣᠭᠰᠢ ᠲᠤᠰᠠᠯᠠᠬᠤ ᠪᠡᠯᠡ ᠮᠥᠩᠭᠥ ᠪᠣᠯ ᠡᠯ᠎ᠡ ᠠᠶ᠋ᠢᠮᠠᠭ ᠬᠣᠲᠠ ᠵᠢᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠨᠥᠬᠥᠪᠥᠷᠢ ᠵᠠᠷᠤᠳᠠᠯ ᠪᠣᠯᠤᠨ᠎ᠠ᠃
ᠵᠢᠷᠭᠤᠳᠤᠭ᠋ᠠᠷ ᠵᠦᠢ᠍ᠯ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠵᠠᠷᠤᠳᠠᠯ ᠭᠡᠳᠡᠭ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ ᠪᠣᠯᠤᠨ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠬᠦ᠎ᠳᠤ ᠭᠠᠷᠤᠭᠰᠠᠨ ᠵᠠᠷᠤᠯᠭ᠎ᠠ ᠵᠢ ᠵᠢᠭ᠋ᠠᠵᠤ ᠪᠤᠶ᠂ ᠪᠣᠳᠠᠲᠠᠶ ᠡᠭᠦᠨ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠂ ᠲᠥᠯᠥᠪᠵᠢᠭᠦᠯᠭᠡ ᠨᠠᠶ᠋ᠢᠷᠠᠭᠤᠯᠤᠨ ᠵᠣᠬᠢᠶᠠᠬᠤ᠂ ᠤᠬᠠᠭᠤᠯᠤᠨ ᠬᠡᠪᠯᠡᠬᠦ᠂ ᠯᠠᠪᠯᠠᠯᠭ᠎ᠠ ᠥᠭᠴᠦ ᠬᠢᠨᠠᠨ ᠲᠣᠭᠲᠠᠭ᠋ᠠᠬᠤ᠂ ᠰᠣᠯᠢᠯᠴᠠᠭ᠎ᠠ ᠪᠣᠯᠪᠠᠰᠤᠷᠠᠭᠤᠯᠤᠯ ᠬᠢᠬᠦ᠂ ᠲᠣᠭ᠎ᠠ ᠪᠠᠷᠢᠮᠲᠠ ᠵᠢᠨ ᠬᠥᠮᠥᠷᠭᠡ ᠵᠢ ᠪᠠᠶ᠋ᠢᠭᠤᠯᠬᠤ ᠵᠡᠷᠭᠡ ᠪᠠᠭᠲᠠᠨ᠎ᠠ᠃
ᠳᠣᠯᠣᠳᠤᠭ᠋ᠠᠷ ᠵᠦᠢ᠍ᠯ ᠬᠠᠮᠠᠭ᠋ᠠᠯᠠᠯᠲᠠ ᠵᠢᠨ ᠨᠥᠬᠥᠪᠥᠷᠢ ᠵᠠᠷᠤᠳᠠᠯ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ ᠵᠡᠷᠭᠡ᠎ᠳᠤ ᠨᠥᠬᠥᠪᠥᠷᠢ ᠥᠭᠴᠦ ᠬᠠᠮᠠᠭ᠋ᠠᠯᠠᠨ ᠵᠠᠯᠭ᠋ᠠᠮᠵᠢᠯᠠᠬᠤ ᠠᠵᠢᠯᠯᠠᠭ᠎ᠠ ᠥᠷᠨᠢᠭᠦᠯᠬᠦ᠎ᠳᠤ ᠵᠠᠷᠤᠴᠠᠭᠤᠯᠤᠭᠰᠠᠨ ᠵᠠᠷᠤᠯᠭ᠎ᠠ ᠵᠢ ᠵᠢᠭ᠋ᠠᠵᠤ ᠪᠤᠶ᠃ ᠪᠣᠳᠠᠲᠠᠶ ᠪᠠᠭᠲᠠᠬᠤ᠎ᠨᠢ᠄
(ᠨᠢᠭᠡ) ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠬᠠᠮᠠᠭ᠋ᠠᠯᠠᠯᠲᠠ ᠵᠢᠨ ᠨᠥᠬᠦᠪᠦᠷᠢ ᠵᠢᠨ ᠵᠠᠷᠤᠳᠠᠯ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠬᠠᠮᠢᠶ᠎ᠠ ᠪᠥᠬᠦᠶ ᠪᠠᠶ᠋ᠢᠴᠠᠭ᠋ᠠᠯᠲᠠ ᠵᠢᠨ ᠲᠠᠩᠰᠠ ᠪᠠᠶ᠋ᠢᠭᠤᠯᠬᠤ᠂ ᠰᠤᠳᠤᠯᠤᠨ ᠬᠡᠪᠯᠡᠬᠦ᠂ ᠬᠠᠮᠠᠭ᠋ᠠᠯᠠᠬᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ᠂ ᠤᠯᠠᠮᠵᠢᠯᠠᠨ ᠵᠠᠯᠭ᠋ᠠᠮᠵᠢᠯᠠᠬᠤ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠬᠦ᠂ ᠳᠡᠯᠭᠡᠨ ᠦᠵᠡᠭᠦᠯᠬᠦ ᠦᠵᠡᠭᠦᠯᠭᠡ ᠵᠢᠨ ᠲᠣᠭᠯᠠᠯᠲᠠ ᠪᠠ ᠤᠬᠠᠭᠤᠯᠤᠨ ᠲᠦᠭᠡᠮᠡᠯᠵᠢᠭᠦᠯᠬᠦ᠂ ᠴᠢᠬᠤᠯᠠ ᠪᠦᠬᠦᠢ ᠤᠯᠠᠮᠵᠢᠯᠠᠨ ᠵᠠᠯᠭ᠋ᠠᠮᠵᠢᠯᠠᠬᠤ ᠦᠢ᠍ᠯᠡᠳᠦᠯᠭᠡ ᠵᠢᠨ ᠪᠠᠭ᠋ᠠᠵᠢ ᠬᠡᠷᠡᠭᠰᠡᠯ ᠬᠤᠳᠠᠯᠳᠤᠨ ᠠᠪᠬᠤ ᠵᠡᠷᠭᠡ ᠵᠠᠷᠤᠯᠭ᠎ᠠ ᠵᠢ ᠳᠡᠮᠵᠢᠨ᠎ᠡ᠃
(ᠬᠤᠶᠠᠷ) ᠥᠪᠡᠷᠲᠡᠭᠡᠨ ᠵᠠᠰᠠᠬᠤ ᠣᠷᠣᠨ᠎ᠤ ᠳᠡᠰ᠎ᠠᠴᠠ ᠳᠡᠭᠡᠭᠰᠢᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ ᠵᠢᠨ ᠨᠥᠬᠦᠪᠥᠷᠢ ᠵᠠᠷᠤᠳᠠᠯ ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ ᠵᠢᠨ ᠱᠠᠪᠢ ᠲᠠᠨᠢᠬᠤ᠂ ᠮᠡᠷᠭᠡᠵᠢᠯ ᠤᠯᠠᠮᠵᠢᠯᠠᠬᠤ᠂ ᠰᠣᠯᠢᠯᠴᠠᠬᠤ ᠵᠡᠷᠭᠡ ᠤᠯᠠᠮᠵᠢᠯᠠᠨ ᠵᠠᠯᠭ᠋ᠠᠮᠵᠢᠯᠠᠬᠤ ᠠᠵᠢᠯᠯᠠᠭ᠎ᠠ ᠥᠷᠨᠢᠭᠦᠯᠬᠦ ᠵᠠᠷᠤᠯᠭ᠎ᠠ ᠵᠢ ᠳᠡᠮᠵᠢᠨ᠎ᠡ᠃
(ᠭᠤᠷᠪᠠ) ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠵᠢᠨ ᠨᠥᠬᠦᠪᠥᠷᠢ ᠵᠢᠨ ᠵᠠᠷᠤᠳᠠᠯ ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶ᠎ᠠ ᠪᠥᠬᠦᠶ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠰᠤᠳᠤᠯᠤᠨ ᠬᠡᠪᠯᠡᠬᠦ᠂ ᠲᠤᠭ᠋ᠠᠵᠢᠭᠤᠯᠤᠭᠰᠠᠨ ᠬᠠᠮᠠᠭ᠋ᠠᠯᠠᠯᠲᠠ᠂ ᠤᠯᠠᠮᠵᠢᠯᠠᠨ ᠵᠠᠯᠭ᠋ᠠᠮᠵᠢᠯᠠᠵᠤ ᠪᠡᠶᠡᠴᠢᠯᠡᠨ ᠣᠶ᠋ᠢᠯᠠᠭ᠋ᠠᠬᠤ ᠪᠡᠯᠡᠳᠬᠡᠮᠵᠢ ᠵᠢ ᠲᠦᠷᠢᠶᠡᠰᠦᠯᠡᠭᠦᠯᠬᠦ ᠪᠤᠶᠤ ᠰᠡᠯᠪᠢᠨ ᠵᠠᠰᠠᠬᠤ᠂ ᠲᠦᠭᠡᠮᠡᠯᠵᠢᠭᠦᠯᠬᠦ ᠬᠥᠮᠦᠵᠢᠯ᠂ ᠤᠬᠠᠭᠤᠯᠤᠨ ᠳᠡᠯᠭᠡᠷᠡᠭᠦᠯᠬᠦ ᠵᠡᠷᠭᠡ ᠵᠠᠷᠤᠯᠭ᠎ᠠ ᠵᠢ ᠳᠡᠮᠵᠢᠨ᠎ᠡ᠃
(ᠲᠦᠷᠪᠡ) ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠨ ᠵᠠᠯᠭ᠋ᠠᠮᠵᠢᠯᠠᠭᠴᠢᠳ᠎ᠤᠨ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ᠎ᠤᠨ ᠲᠥᠯᠥᠪᠯᠡᠭᠡ ᠵᠢᠨ ᠲᠤᠰᠠᠯᠠᠮᠵᠢ ᠵᠢᠨ ᠵᠠᠷᠤᠳᠠᠯ᠎ᠨᠢ ᠰᠤᠳᠤᠯᠤᠨ ᠪᠣᠯᠪᠠᠰᠤᠷᠠᠭᠤᠯᠬᠤ ᠲᠥᠯᠥᠪᠯᠡᠭᠡ᠎ᠳᠤ ᠪᠤᠶ ᠪᠣᠯᠤᠭᠰᠠᠨ ᠰᠤᠳᠤᠯᠤᠨ ᠰᠤᠷᠤᠯᠴᠠᠬᠤ᠂ ᠪᠣᠯᠪᠠᠰᠤᠷᠠᠭᠤᠯᠬᠤ ᠵᠡᠷᠭᠡ ᠵᠠᠷᠤᠯᠭ᠎ᠠ ᠵᠢ ᠳᠡᠮᠵᠢᠨ᠎ᠡ᠃
(ᠲᠠᠪᠤ) ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ ᠵᠢᠨ ᠲᠡᠮᠳᠡᠭᠯᠡᠯ ᠤᠨ ᠨᠥᠬᠦᠪᠦᠷᠢ᠎ᠨᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠡᠭᠡᠭᠰᠢᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ᠎ᠳᠤ ᠰᠢᠰᠲ᠋ᠧᠮ᠎ᠤᠨ ᠴᠢᠨᠠᠷᠲᠠᠶ ᠲᠡᠮᠳᠡᠭᠯᠡᠯ ᠬᠢᠬᠦ ᠵᠢ ᠬᠡᠷᠡᠭᠵᠢᠭᠦᠯᠬᠦ ᠵᠠᠷᠤᠯᠭ᠎ᠠ ᠵᠢ ᠳᠡᠮᠵᠢᠨ᠎ᠡ᠃
(ᠵᠢᠷᠭᠤᠭ᠎ᠠ) ᠣᠨ᠎ᠤ ᠭᠣᠤᠯᠳᠠᠯᠭ᠎ᠠ᠎ᠲᠠᠢ ᠠᠵᠢᠯ᠎ᠳᠤ ᠵᠢᠭᠰᠠᠭ᠋ᠠᠨ ᠣᠷᠣᠭᠤᠯᠤᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠤᠨ ᠪᠤᠰᠤᠳ ᠵᠠᠷᠤᠯᠭ᠎ᠠ
ᠨᠠᠢ᠍ᠮᠠᠳᠤᠭ᠋ᠠᠷ ᠵᠦᠢ᠍ᠯ ᠲᠤᠰᠬᠠᠶ ᠵᠦᠢ᠍ᠯ᠎ᠤᠨ ᠪᠡᠯᠡ ᠮᠥᠩᠭᠥ ᠵᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠᠯᠤᠭᠠ ᠬᠣᠯᠪᠣᠭᠳᠠᠯ ᠦᠭᠡᠶ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠶ᠂ ᠡᠯ᠎ᠡ ᠵᠦᠢ᠍ᠯ᠎ᠤᠨ ᠵᠣᠭᠣᠰ ᠲᠣᠷᠭ᠋ᠠᠬᠤ᠂ ᠵᠣᠭᠣᠰ ᠵᠶ᠋ᠠᠷ ᠲᠤᠰᠠᠯᠠᠬᠤ᠂ ᠳᠡᠮᠵᠢᠬᠦ᠂ ᠪᠡᠯᠡ ᠣᠷᠣᠭᠤᠯᠬᠤ ᠵᠡᠷᠭᠡ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠶ᠂ ᠥᠷᠢ ᠥᠭᠴᠡᠭᠡ ᠪᠠ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠋ᠠᠨ᠎ᠤ ᠪᠠᠭ᠋ᠠᠵᠢ᠂ ᠠᠰᠠᠷ ᠲᠠᠩᠬᠢᠮ ᠪᠠᠭᠤᠳᠠᠯ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠡᠷᠭᠡ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠶ᠂ ᠣᠷᠣᠨ ᠲᠣᠭ᠎ᠠ ᠵᠢᠨ ᠳᠣᠲᠣᠷᠠᠬᠢ ᠠᠵᠢᠯ᠎ᠳᠤ ᠪᠠᠶ᠋ᠢᠭ᠎ᠠ ᠬᠥᠮᠦᠰ᠎ᠤᠨ ᠴᠠᠯᠢᠩ᠎ᠤᠨ ᠴᠢᠨᠠᠷᠲᠠᠶ ᠵᠠᠷᠤᠯᠭ᠎ᠠ ᠪᠠ ᠠᠵᠢᠯ᠎ᠠᠴᠠ᠎ᠪᠠᠨ ᠠᠮᠠᠷᠠᠭᠰᠠᠨ ᠪᠠᠭᠤᠭᠰᠠᠨ ᠬᠥᠮᠦᠰ᠎ᠤᠨ ᠠᠵᠢᠯ᠎ᠠᠴᠠ᠎ᠪᠠᠨ ᠠᠮᠠᠷᠠᠭᠰᠠᠨ ᠪᠠᠭᠤᠭᠰᠠᠨ ᠵᠠᠷᠤᠳᠠᠯ᠎ᠤᠨ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠶ᠂ ᠤᠯᠤᠰ᠎ᠠᠴᠠ ᠲᠣᠭᠲᠠᠭ᠋ᠠᠭᠰᠠᠨ ᠲᠤᠭ᠋ᠠᠴᠠᠭ᠎ᠠ ᠵᠢ ᠴᠠᠭ᠋ᠠᠵᠠᠯᠠᠭᠰᠠᠨ ᠪᠤᠰᠤᠳ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠶ᠃
ᠭᠤᠷᠪᠠᠳᠤᠭ᠋ᠠᠷ ᠪᠦᠯᠦᠭ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ
ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠲᠤᠰᠬᠠᠶ ᠪᠠᠯᠠ ᠮᠥᠩᠭᠦ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠬᠤ ᠵᠢ ᠬᠠᠷᠢᠭᠤᠴᠠᠨ᠎ᠠ; ᠲᠥᠷᠥᠯ ᠵᠦᠢ᠍ᠯ᠎ᠤᠨ ᠳᠡᠮᠵᠢᠯᠭᠡ ᠵᠢᠨ ᠭᠤᠤᠯᠳᠠᠯᠭ᠎ᠠ ᠪᠠ ᠣᠨ᠎ᠤ ᠲᠥᠰᠦᠪ᠎ᠤᠨ ᠰᠠᠨᠠᠭᠤᠯᠭ᠎ᠠ ᠵᠢ ᠳᠤᠷᠠᠳᠤᠨ᠎ᠠ; ᠡᠷᠭᠢᠯᠳᠦᠭᠦᠯᠬᠦ ᠲᠥᠷᠥᠯ ᠵᠦᠢ᠍ᠯ᠎ᠤᠨ ᠬᠥᠮᠥᠷᠭᠡ ᠪᠠ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠪᠠᠶ᠋ᠢᠭᠤᠯᠤᠨ᠎ᠠ; ᠲᠥᠷᠥᠯ ᠵᠦᠢ᠍ᠯ᠎ᠢ ᠮᠡᠳᠡᠭᠦᠯᠬᠦ ᠪᠠ ᠬᠢᠨᠠᠨ ᠲᠣᠭᠲᠠᠭ᠋ᠠᠬᠤ ᠵᠢ ᠵᠣᠬᠢᠶᠠᠨ ᠪᠠᠶ᠋ᠢᠭᠤᠯᠤᠨ᠎ᠠ; ᠪᠡᠯᠡ ᠮᠥᠩᠭᠦ ᠬᠤᠪᠢᠶᠠᠷᠢᠯᠠᠬᠤ ᠲᠥᠰᠦᠯ᠎ᠢ ᠳᠤᠷᠠᠳᠤᠨ᠎ᠠ; ᠲᠥᠷᠥᠯ ᠵᠦᠢ᠍ᠯ᠎ᠢ ᠬᠡᠷᠡᠭᠵᠢᠭᠦᠯᠬᠦ ᠪᠠ ᠦᠨᠡᠯᠡᠨ ᠵᠢᠱ᠌ᠢᠬᠦ ᠵᠢ ᠥᠷᠨᠢᠭᠦᠯᠦᠨ᠎ᠡ; ᠲᠤᠰᠬᠠᠶ ᠪᠡᠯᠡ ᠮᠥᠩᠭᠦ ᠵᠢᠨ ᠦᠷ᠎ᠡ ᠪᠦᠲᠦᠮᠵᠢ ᠵᠢᠨ ᠬᠠᠷᠠᠯᠲᠠ ᠪᠠᠶ᠋ᠢᠭᠤᠯᠵᠤ᠂ ᠲᠤᠰᠬᠠᠶ ᠪᠡᠯᠡ ᠮᠥᠩᠭᠦ ᠵᠢᠨ ᠪᠦᠬᠦ ᠶᠠᠪᠤᠴᠠ ᠵᠢᠨ ᠲᠥᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠥᠷᠨᠢᠭᠦᠯᠬᠦ ᠵᠢ ᠠᠬᠢᠭᠤᠯᠤᠨ᠎ᠠ; ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠪᠡᠰᠦ ᠵᠣᠬᠢᠬᠤ ᠪᠤᠰᠤᠳ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠡ᠃
ᠠᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠲᠤᠰᠬᠠᠢ ᠵᠦᠢ᠍ᠯ᠎ᠤᠨ ᠪᠡᠯᠡ ᠮᠥᠩᠭᠦ ᠵᠢᠨ ᠣᠨ᠎ᠤ ᠲᠥᠰᠦᠪ᠎ᠢ ᠬᠢᠨᠠᠨ ᠬᠠᠷᠭᠤᠭᠤᠯᠬᠤ ᠵᠢ ᠬᠠᠷᠢᠭᠤᠴᠠᠨ᠎ᠠ; ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠤᠷᠠᠳᠤᠭᠰᠠᠨ ᠪᠡᠯᠡ ᠮᠥᠩᠭᠦ ᠵᠢ ᠬᠤᠪᠢᠶᠠᠷᠢᠯᠠᠬᠤ ᠲᠥᠰᠦᠯ᠎ᠢ ᠦᠨᠳᠦᠰᠦᠯᠡᠨ ᠲᠤᠰᠬᠠᠢ ᠪᠡᠯᠡ ᠮᠥᠩᠭᠦ ᠵᠢ ᠪᠠᠭᠤᠯᠭ᠋ᠠᠬᠤ ᠪᠠ ᠰᠠᠯᠭ᠋ᠠᠨ ᠥᠭᠭᠦᠨ᠎ᠡ; ᠭᠤᠣᠯᠳᠠᠯᠭ᠎ᠠ᠎ᠲᠠᠢ ᠦᠷ᠎ᠡ ᠪᠦᠲᠦᠮᠵᠢ ᠵᠢ ᠦᠨᠡᠯᠡᠬᠦ ᠪᠠ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠯᠲᠠ᠎ᠳᠤ ᠬᠢᠨᠠᠯᠲᠠ ᠲᠠᠯᠪᠢᠬᠤ ᠵᠢ ᠥᠷᠨᠢᠭᠦᠯᠦᠨ᠎ᠡ; ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠪᠡᠰᠦ ᠵᠣᠬᠢᠬᠤ ᠪᠤᠰᠤᠳ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠡ᠃
ᠠᠷᠪᠠᠨ ᠨᠢᠭᠡᠳᠦᠭᠡᠷ ᠵᠦᠢ᠍ᠯ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠲᠠᠢ ᠬᠠᠮᠵᠢᠯᠴᠠᠨ ᠲᠤᠰ ᠱᠠᠲᠤ ᠪᠠ ᠬᠣᠰᠢᠭᠤ ᠰᠢᠶᠠᠨ (ᠬᠣᠲᠠ᠂ ᠲᠣᠭᠣᠷᠢᠭ)᠎ᠤ ᠰᠣᠶᠣᠯ ᠪᠠ ᠵᠢᠭᠤᠯᠴᠢᠯᠠᠯ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠲᠥᠷᠥᠯ ᠵᠦᠢ᠍ᠯ᠎ᠤᠨ ᠬᠥᠮᠥᠷᠭᠡ ᠵᠢᠨ ᠪᠦᠲᠦᠭᠡᠨ ᠪᠠᠶ᠋ᠢᠭᠤᠯᠤᠯᠲᠠ᠂ ᠲᠥᠷᠥᠯ ᠵᠦᠢ᠍ᠯ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠪᠡᠯᠡ ᠮᠥᠩᠭᠥ ᠥᠭᠬᠦ᠂ ᠬᠢᠨᠠᠯᠲᠠ ᠲᠠᠯᠪᠢᠬᠤ ᠵᠢᠴᠢ ᠦᠷ᠎ᠡ ᠪᠦᠲᠦᠮᠵᠢ ᠵᠢ ᠦᠨᠡᠯᠡᠬᠦ ᠵᠡᠷᠭᠡ ᠲᠠᠯ᠎ᠠ ᠵᠢᠨ ᠠᠵᠢᠯ᠎ᠢ ᠰᠠᠶ᠋ᠢᠲᠤᠷ ᠬᠢᠵᠦ᠂ ᠪᠡᠯᠡ ᠮᠥᠩᠭᠥ ᠵᠢᠨ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠨ᠎ᠠ᠃
ᠠᠷᠪᠠᠨ ᠬᠤᠶᠠᠳᠤᠭ᠋ᠠᠷ ᠵᠦᠢ᠍ᠯ ᠲᠤᠰᠬᠠᠢ ᠪᠡᠯᠡ ᠮᠦᠩᠭᠦ ᠵᠢ ᠬᠡᠷᠡᠭᠯᠡᠬᠦ ᠨᠢᠭᠡᠴᠢ᠎ᠨᠢ 《ᠬᠡᠨ ᠬᠡᠷᠡᠭᠯᠡᠪᠡᠯ ᠬᠡᠨ ᠬᠠᠷᠢᠭᠤᠴᠠᠬᠤ》 ᠵᠠᠷᠴᠢᠮ ᠶᠤᠰᠤᠭ᠋ᠠᠷ ᠬᠠᠩᠭ᠋ᠠᠭᠰᠠᠨ ᠮᠠᠲ᠋ᠧᠷᠢᠶᠠᠯ᠎ᠤᠨ ᠬᠠᠤᠯᠢ ᠶᠤᠰᠤᠴᠢ ᠴᠢᠨᠠᠷ᠂ ᠦᠨᠡᠨ ᠪᠣᠳᠠᠳᠤ ᠴᠢᠨᠠᠷ᠂ ᠳᠥᠷᠢᠮ᠎ᠳᠤ ᠨᠡᠶ᠋ᠢᠴᠡᠬᠦ ᠴᠢᠨᠠᠷ᠎ᠢ ᠬᠠᠷᠢᠭᠤᠴᠠᠬᠤ ᠬᠡᠷᠡᠭᠲᠡᠢ; ᠲᠦᠷᠦᠯ ᠵᠦᠢ᠍ᠯ᠎ᠤᠨ ᠪᠡᠯᠡ ᠮᠦᠩᠭᠦ ᠵᠢ ᠲᠣᠭᠲᠠᠭ᠋ᠠᠪᠠᠯ ᠡᠷᠬᠡᠪᠰᠢ ᠭᠤᠶᠤᠴᠢᠯᠠᠨ ᠮᠡᠳᠡᠭᠦᠯᠬᠦ ᠬᠡᠷᠡᠭᠴᠡᠭᠡ᠎ᠪᠠᠷ ᠬᠡᠷᠡᠭᠵᠢᠭᠦᠯᠵᠦ᠂ ᠬᠡᠷᠡᠭᠯᠡᠬᠦ ᠠᠭᠤᠯᠭ᠎ᠠ᠎ᠪᠠᠨ ᠦᠪᠡᠰᠦᠪᠡᠨ ᠬᠤᠪᠢᠷᠠᠭᠤᠯᠵᠤ ᠪᠣᠯᠬᠤ ᠦᠭᠡᠢ; ᠲᠤᠰᠬᠠᠢ ᠲᠦᠷᠦᠯ᠎ᠤᠨ ᠪᠡᠯᠡ ᠮᠦᠩᠭᠦ ᠵᠢ ᠲᠣᠭ᠋ᠠᠴᠠᠭ᠎ᠠ ᠬᠢᠵᠦ ᠬᠠᠮᠢᠶᠠᠷᠬᠤ ᠵᠢ ᠬᠠᠷᠢᠭᠤᠴᠠᠵᠤ᠂ ᠲᠦᠷᠦᠯ ᠵᠦᠢ᠍ᠯ᠎ᠤᠨ ᠦᠷ᠎ᠡ ᠪᠦᠲᠦᠮᠵᠢ ᠵᠢ ᠦᠪᠡᠷ ᠵᠶ᠋ᠠᠨ ᠦᠨᠡᠯᠡᠬᠦ ᠠᠵᠢᠯ᠎ᠢ ᠰᠠᠶ᠋ᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠦᠴᠢᠷ᠎ᠤᠨ ᠬᠢᠨᠠᠯᠲᠠ ᠪᠠᠶ᠋ᠢᠴᠠᠭ᠋ᠠᠯᠲᠠ ᠵᠢ ᠬᠦᠯᠢᠶᠡᠬᠦ ᠬᠡᠷᠡᠭᠲᠡᠢ᠃
30
30 2022 8