ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ (2023 ᠣᠨ᠎ᠳᠤ ᠵᠠᠰᠠᠪᠤᠷᠢ ᠣᠷᠣᠭᠤᠯᠪᠠ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶᠢᠲᠡᠯᠡᠭᠰᠡᠨ ᠴᠠᠭ᠄ 2024-04-26


    ᠦᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
    ᠥᠪᠣᠷ ᠵᠠᠰᠠᠭ ᠠᠯᠪᠠᠨ ᠲᠠᠷᠬᠠᠭ᠋ᠠᠭᠰᠠᠨ [2023] 86 ᠳ᠋ᠤᠭ᠋ᠠᠷ ᠲᠤᠭ᠋ᠠᠲᠦ
    ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ (2023 ᠣᠨ᠎ᠳᠤ ᠵᠠᠰᠠᠪᠤᠷᠢ ᠣᠷᠣᠭᠤᠯᠪᠠ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
    ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠶᠯᠡᠰ᠎ᠤᠨ ᠨᠢᠭᠡᠴᠢ᠎ᠳᠤ᠄
    ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ (2023 ᠣᠨ᠎ᠳᠤ ᠵᠠᠰᠠᠪᠤᠷᠢ ᠣᠷᠣᠭᠤᠯᠪᠠ)》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
   2023 ᠣᠨ᠎ᠤ 12 ᠳ᠋ᠤᠭ᠋ᠠᠷ ᠰᠠᠷ᠎ᠠ ᠵᠢᠨ 19᠎ᠤ ᠡᠳᠦᠷ
   (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ (2023 ᠣᠨ᠎ᠳᠤ ᠵᠠᠰᠠᠪᠤᠷᠢ ᠣᠷᠣᠭᠤᠯᠪᠠ)
   1 ᠶᠡᠷᠦᠩᠬᠡᠢ ᠳᠦᠷᠢᠮ
   1.1 ᠨᠠᠶ᠋ᠢᠷᠠᠭᠤᠯᠤᠨ ᠵᠣᠬᠢᠶᠠᠭᠰᠠᠨ ᠵᠣᠷᠢᠯᠭ᠎ᠠ
    ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠡᠷᠬᠢᠮᠯᠡᠬᠦ ᠵᠢ ᠪᠠᠷᠢᠮᠲᠠᠯᠠᠨ᠂ ᠪᠠᠶ᠋ᠢᠭ᠋ᠠᠯᠢ ᠵᠢᠨ ᠭᠠᠮᠰᠢᠭ᠎ᠤᠨ ᠬᠡᠷᠡᠭ᠂ ᠠᠳᠡᠯ᠎ᠤᠨ ᠭᠠᠢ ᠭᠠᠮᠰᠢᠭ᠎ᠤᠨ ᠬᠡᠷᠡᠭ᠂ ᠨᠡᠶ᠋ᠢᠭᠡᠮ᠎ᠤᠨ ᠠᠮᠤᠷ ᠲᠦᠪᠰᠢᠨ᠎ᠤ ᠬᠡᠷᠡᠭ ᠵᠡᠷᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ (ᠳᠣᠷᠣᠭᠰᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠡᠵᠦ ᠲᠣᠪᠴᠢᠯᠠᠨ᠎ᠠ) ᠡᠭᠦᠰᠦᠭᠰᠡᠨ᠎ᠤ ᠳᠠᠷᠠᠭ᠎ᠠ᠂ ᠡᠯ᠎ᠡ ᠵᠦᠢ᠍ᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠳᠠᠷᠤᠢ ᠲᠦᠷᠭᠡᠨ᠂ ᠥᠨᠳᠥᠷ ᠪᠦᠲᠦᠮᠵᠢᠲᠡᠢ᠂ ᠡᠮᠬᠢ ᠵᠢᠷᠤᠮ᠎ᠲᠠᠢ ᠶᠠᠪᠤᠭᠳᠠᠬᠤ ᠵᠢ ᠦᠨᠡᠨ ᠬᠦ᠌ ᠪᠠᠲᠤᠯᠠᠵᠤ᠂ ᠪᠥᠬᠦ ᠣᠷᠣᠨ᠎ᠤ ᠡᠯ᠎ᠡ ᠱᠠᠲᠤᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠴᠢᠳᠠᠪᠤᠷᠢ ᠪᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠥᠮᠥᠨ ᠬᠠᠷ᠎ᠠ ᠵᠢᠨ ᠦᠬᠦᠯ ᠰᠢᠷᠬᠠᠲᠤᠯ ᠪᠠ ᠡᠷᠡᠭᠦᠯ ᠮᠡᠨᠳᠦ ᠵᠢᠨ ᠬᠤᠬᠢᠷᠠᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠨ ᠬᠥᠩᠭᠡᠯᠡᠵᠦ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢ ᠪᠠᠲᠤᠯᠠᠨ᠂ ᠨᠡᠶ᠋ᠢᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠨ᠎ᠠ᠃
   1.2 ᠨᠠᠶ᠋ᠢᠷᠠᠭᠤᠯᠤᠨ ᠵᠣᠬᠢᠶᠠᠭᠰᠠᠨ ᠦᠨᠳᠦᠰᠦᠯᠡᠯ
   《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ ᠬᠢᠭᠡᠳ ᠡᠷᠡᠭᠦᠯ ᠮᠡᠨᠳᠦ ᠵᠢ ᠠᠬᠢᠭᠤᠯᠬᠤ ᠬᠠᠥᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠵᠠᠰᠠᠬᠤ ᠬᠠᠥᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ᠎ᠤᠨ ᠨᠥᠯᠥᠭᠡᠨ᠎ᠤ ᠡᠪᠡᠳᠴᠢᠨ᠎ᠢ ᠰᠡᠷᠭᠡᠶ᠋ᠢᠯᠡᠨ ᠵᠠᠰᠠᠬᠤ ᠬᠠᠥᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠠᠴᠤᠷᠠᠭ᠎ᠤᠨ ᠴᠢᠨᠠᠷᠲᠠᠢ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠥᠯᠢ》 ᠵᠢᠴᠢ 《ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠳᠦᠷᠢᠮ》᠂ 《ᠤᠯᠤᠰ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ》᠂ 《ᠪᠥᠬᠦ ᠤᠯᠤᠰ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠵᠢᠷᠤᠮᠵᠢᠯ (ᠲᠤᠷᠰᠢᠨ ᠬᠡᠷᠡᠭᠵᠢᠭᠦᠯᠬᠦ)》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠵᠢᠨ ᠬᠡᠷᠡᠭ᠎ᠤᠨ ᠶᠡᠷᠦᠩᠬᠡᠶ᠋ᠢᠯᠡᠭᠰᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ (ᠲᠤᠷᠰᠢᠨ ᠬᠡᠷᠡᠭᠵᠢᠭᠦᠯᠬᠦ)》 ᠵᠡᠷᠭᠡ ᠬᠠᠥᠯᠢ ᠴᠠᠭ᠋ᠠᠵᠠ᠂ ᠬᠠᠥᠯᠢ ᠲᠣᠭᠲᠠᠭ᠋ᠠᠯ ᠪᠠ ᠪᠡᠯᠡᠳᠭᠡᠯ ᠲᠥᠰᠥᠯ᠎ᠢ ᠦᠨᠳᠦᠰᠦᠯᠡᠵᠦ᠂ ᠲᠣᠰ ᠪᠡᠯᠡᠳᠭᠡᠯ ᠲᠥᠰᠥᠯ᠎ᠢ ᠲᠣᠭᠲᠠᠭ᠋ᠠᠪᠠ᠃
   1.3 ᠲᠣᠬᠢᠷᠠᠭᠤᠯᠤᠨ ᠬᠡᠷᠡᠭᠯᠡᠬᠦ ᠬᠡᠪᠴᠢᠶ᠎ᠡ
    ᠲᠣᠰ ᠪᠡᠯᠡᠳᠭᠡᠯ ᠲᠥᠰᠥᠯ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠯᠠᠨ ᠨᠡᠶ᠋ᠢᠲᠡ ᠵᠢᠨ ᠬᠡᠨᠡᠳᠲᠡ ᠵᠢᠨ ᠬᠡᠷᠡᠭ (ᠪᠠᠶ᠋ᠢᠭ᠋ᠠᠯᠢ ᠵᠢᠨ ᠭᠠᠮᠰᠢᠭ᠎ᠤᠨ ᠲᠥᠷᠥᠯ᠂ ᠠᠳᠡᠯ᠎ᠤᠨ ᠭᠠᠢ ᠭᠠᠮᠰᠢᠭ᠎ᠤᠨ ᠲᠥᠷᠥᠯ᠂ ᠨᠡᠶ᠋ᠢᠭᠡᠮ᠎ᠤᠨ ᠠᠮᠤᠷ ᠲᠦᠪᠰᠢᠨ᠎ᠤ ᠲᠥᠷᠥᠯ)᠎ᠠᠴᠠ ᠪᠣᠯᠣᠭᠰᠠᠨ ᠬᠥᠮᠥᠨ ᠬᠠᠷ᠎ᠠ ᠵᠢᠨ ᠦᠬᠦᠯ ᠰᠢᠷᠬᠠᠲᠤᠯ᠂ ᠡᠷᠡᠭᠦᠯ ᠮᠡᠨᠳᠦ ᠵᠢᠨ ᠬᠤᠬᠢᠷᠠᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠳᠤ ᠲᠣᠬᠢᠷᠠᠭᠤᠯᠤᠨ ᠬᠡᠷᠡᠭᠯᠡᠨ᠎ᠡ᠃
    ᠪᠠᠶ᠋ᠢᠭ᠋ᠠᠯᠢ ᠵᠢᠨ ᠭᠠᠮᠰᠢᠭ᠎ᠤᠨ ᠬᠡᠷᠡᠭ᠎ᠲᠤ ᠭᠤᠣᠯᠳᠠᠭᠤ ᠤᠰᠤᠳᠤᠯ ᠭᠠᠩᠳᠠᠯ᠎ᠤᠨ ᠭᠠᠮᠰᠢᠭ᠂ ᠴᠠᠭ ᠠᠭᠤᠷ᠎ᠤᠨ ᠭᠠᠮᠰᠢᠭ᠂ ᠭᠠᠵᠠᠷ ᠬᠥᠳᠡᠯᠦᠯᠲᠡ ᠵᠢᠨ ᠭᠠᠮᠰᠢᠭ᠂ ᠭᠠᠵᠠᠷ ᠬᠥᠷᠥᠰᠥᠨ᠎ᠤ ᠭᠠᠮᠰᠢᠭ᠂ ᠠᠮᠢᠳᠤ ᠪᠣᠳᠠᠰ᠎ᠤᠨ ᠭᠠᠮᠰᠢᠭ ᠪᠠ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠤᠶ᠋ᠢᠮᠠᠷ᠎ᠤᠨ ᠠᠶᠤᠯ ᠵᠡᠷᠭᠡ ᠪᠠᠭᠲᠠᠨ᠎ᠠ; ᠠᠳᠡᠯ᠎ᠤᠨ ᠭᠠᠢ ᠭᠠᠮᠰᠢᠭ᠎ᠤᠨ ᠬᠡᠷᠡᠭ᠎ᠲᠤ ᠭᠤᠣᠯᠳᠠᠭᠤ ᠦᠢ᠍ᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠠᠬᠤᠶ᠋ᠢᠯᠠᠯ᠎ᠤᠨ ᠡᠯ᠎ᠡ ᠲᠥᠷᠥᠯ᠎ᠤᠨ ᠠᠮᠤᠷ ᠲᠦᠪᠰᠢᠨ᠎ᠤ ᠠᠳᠡᠯ᠂ ᠦᠢ᠍ᠯᠡᠳᠭᠦᠨ᠎ᠤ ᠶᠠᠰᠤ ᠴᠢᠨᠠᠷ᠎ᠤᠨ ᠠᠳᠡᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠠᠳᠡᠯ᠂ ᠣᠯᠠᠨ ᠨᠡᠶ᠋ᠢᠲᠡ ᠵᠢᠨ ᠪᠡᠯᠡᠳᠭᠡᠮᠵᠢ ᠪᠠ ᠲᠥᠬᠦᠭᠡᠷᠦᠮᠵᠢ ᠵᠢᠨ ᠠᠳᠡᠯ᠂ ᠴᠥᠮ᠎ᠡ ᠪᠣᠯᠣᠨ ᠰᠠᠴᠤᠷᠠᠭ᠎ᠤᠨ ᠠᠳᠡᠯ᠂ ᠬᠢᠮᠢ ᠵᠢᠨ ᠬᠤᠣᠷᠳᠠᠯ᠂ ᠣᠷᠴᠢᠨ ᠲᠣᠭᠤᠷᠢᠨ᠎ᠤ ᠪᠣᠬᠢᠷᠲᠤᠯ ᠪᠠ ᠠᠮᠢ ᠠᠬᠤᠢ ᠵᠢ ᠡᠪᠳᠡᠭᠰᠡᠨ ᠬᠡᠷᠡᠭ ᠵᠡᠷᠭᠡ ᠪᠠᠭᠲᠠᠨ᠎ᠠ; ᠨᠡᠶ᠋ᠢᠭᠡᠮ᠎ᠤᠨ ᠠᠮᠤᠷ ᠲᠦᠪᠰᠢᠨ᠎ᠤ ᠬᠡᠷᠡᠭ᠎ᠲᠤ ᠭᠤᠣᠯᠳᠠᠭᠤ ᠰᠦᠷᠳᠡᠭᠦᠯᠦᠯ ᠳᠠᠭ᠋ᠠᠷᠢᠯᠲᠠ ᠵᠢᠨ ᠬᠡᠷᠡᠭ᠂ ᠡᠷᠡᠭᠦᠦ ᠵᠢᠨ ᠶᠠᠯᠠᠲᠤ ᠬᠡᠷᠡᠭ᠂ ᠪᠦᠯᠦᠭᠵᠢᠯ᠎ᠤᠨ ᠴᠢᠨᠠᠷᠲᠠᠢ ᠬᠡᠷᠡᠭ᠂ ᠲᠣᠰᠣ ᠬᠡᠢ ᠵᠢᠨ ᠬᠠᠩᠭ᠋ᠠᠯᠭ᠎ᠠ ᠲᠠᠰᠤᠯᠳᠠᠭᠰᠠᠨ ᠭᠡᠨᠡᠳᠲᠡ ᠵᠢᠨ ᠬᠡᠷᠡᠭ᠂ ᠮᠥᠩᠭᠦᠨ ᠭᠦᠢ᠍ᠯᠭᠡᠭᠡᠨ᠎ᠤ ᠭᠡᠨᠡᠳᠲᠡ ᠵᠢᠨ ᠬᠡᠷᠡᠭ᠂ ᠭᠠᠳᠠᠭ᠋ᠠᠳᠤ᠎ᠲᠠᠢ ᠬᠤᠯᠪᠣᠭᠳᠠᠭᠰᠠᠨ ᠭᠡᠨᠡᠳᠲᠡ ᠵᠢᠨ ᠬᠡᠷᠡᠭ᠂ ᠦᠨᠳᠦᠰᠦᠲᠡᠨ ᠱᠠᠰᠢᠨ ᠰᠤᠷᠲᠠᠬᠤᠨ᠎ᠤ ᠬᠡᠷᠡᠭ᠂ ᠰᠦᠯᠵᠢᠶ᠎ᠡ ᠪᠠ ᠮᠡᠳᠡᠭᠡ ᠵᠠᠩᠬᠢ ᠵᠢᠨ ᠠᠮᠤᠷ ᠲᠦᠪᠰᠢᠨ᠎ᠤ ᠬᠡᠷᠡᠭ ᠵᠡᠷᠭᠡ ᠪᠠᠭᠲᠠᠨ᠎ᠠ᠃
    ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ (ᠲᠤᠷᠰᠢᠨ ᠬᠡᠷᠡᠭᠵᠢᠭᠦᠯᠬᠦ)》᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
   1.4 ᠠᠵᠢᠯᠯᠠᠬᠤ ᠵᠠᠷᠴᠢᠮ
    ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ; ᠬᠠᠷᠢᠶᠠᠯᠠᠭᠳᠠᠬᠤ ᠭᠠᠵᠠᠷ ᠵᠶ᠋ᠠᠷ ᠬᠠᠮᠢᠶᠠᠷᠤᠭᠤᠯᠵᠤ᠂ ᠡᠭᠦᠷᠭᠡ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠨ᠎ᠠ; ᠬᠠᠥᠯᠢ ᠲᠣᠭᠲᠠᠭ᠋ᠠᠯ᠎ᠢ ᠵᠢᠷᠤᠮᠯᠠᠵᠤ᠂ ᠰᠢᠨᠵᠢᠯᠡᠬᠦ ᠤᠬᠠᠭ᠋ᠠᠨᠴᠢ ᠵᠢᠷᠤᠮᠵᠢᠭᠤᠨ ᠪᠠᠶ᠋ᠢᠯᠭ᠋ᠠᠨ᠎ᠠ; ᠴᠠᠭ᠎ᠲᠤ᠎ᠨᠢ ᠲᠤᠰᠬᠠᠯ ᠭᠠᠷᠭ᠋ᠠᠵᠤ᠂ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠤᠨ᠎ᠠ; ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠮᠡᠳᠡᠭᠡ ᠵᠠᠩᠬᠢ ᠵᠢ ᠬᠠᠮᠲᠤ᠎ᠳᠤ᠎ᠪᠠᠨ ᠬᠦᠷᠲᠡᠨ᠎ᠡ; ᠡᠩ᠎ᠤᠨ ᠦᠶ᠎ᠡ ᠪᠠ ᠪᠠᠴᠢᠮ ᠦᠶ᠎ᠡ ᠵᠢ ᠤᠶᠠᠯᠳᠤᠭᠤᠯᠵᠤ᠂ ᠰᠢᠨᠲᠠᠷᠠᠰᠢ ᠦᠭᠡᠢ ᠪᠠᠶ᠋ᠢᠩᠭᠤ ᠪᠡᠯᠡᠳᠭᠡᠨ᠎ᠡ; ᠬᠠᠮᠵᠢᠯᠴᠠᠭ᠎ᠠ᠎ᠪᠠᠨ ᠴᠢᠩᠭ᠋ᠠᠳᠬᠠᠵᠤ᠂ ᠣᠯᠠᠨ ᠨᠡᠶ᠋ᠢᠲᠡ ᠵᠢ ᠣᠷᠣᠯᠴᠠᠭᠤᠯᠤᠨ᠎ᠠ᠃
   2 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠡᠷᠡᠭ᠎ᠤᠨ ᠳᠡᠰ᠎ᠤᠨ ᠬᠤᠪᠢᠶᠠᠷᠢᠯᠠᠯ
    ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠠᠴᠠ ᠪᠣᠯᠣᠭᠰᠠᠨ ᠬᠥᠮᠥᠨ ᠬᠠᠷ᠎ᠠ ᠵᠢᠨ ᠦᠬᠦᠯ ᠰᠢᠷᠬᠠᠲᠤᠯ ᠪᠠ ᠡᠷᠡᠭᠦᠯ ᠮᠡᠨᠳᠦ ᠵᠢ ᠬᠤᠬᠢᠷᠠᠭᠤᠯᠤᠭᠰᠠᠨ ᠪᠠᠶ᠋ᠢᠳᠠᠯ᠎ᠢ ᠦᠨᠳᠦᠰᠦᠯᠡᠵᠦ᠂ 《ᠤᠯᠤᠰ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠡᠷᠡᠭ᠎ᠢ ᠣᠨᠴᠠᠭ᠋ᠠᠢ ᠬᠦᠨᠳᠦ ᠶᠡᠭᠡ (Ⅰ ᠳᠡᠰ)᠂ ᠬᠦᠨᠳᠦ ᠶᠡᠭᠡ (Ⅱ ᠳᠡᠰ)᠂ ᠨᠡᠯᠢᠶᠡᠳ ᠶᠡᠭᠡ (Ⅲ ᠳᠡᠰ) ᠪᠠ ᠡᠩ᠎ᠤᠨ (Ⅳ ᠳᠡᠰ) ᠭᠡᠬᠦ ᠳᠥᠷᠪᠡᠨ ᠳᠡᠰ ᠬᠤᠪᠢᠶᠠᠨ᠎ᠠ᠃
   2.1 ᠣᠨᠴᠠᠭ᠋ᠠᠢ ᠬᠦᠨᠳᠦ ᠶᠡᠭᠡ ᠬᠡᠷᠡᠭ (Ⅰ ᠳᠡᠰ)
   (1) ᠨᠢᠭᠡ ᠤᠳᠠᠭ᠋ᠠᠨ᠎ᠤ ᠬᠡᠷᠡᠭ᠎ᠲᠤ ᠣᠨᠴᠠᠭ᠋ᠠᠢ ᠬᠦᠨᠳᠦ ᠶᠡᠭᠡ ᠬᠥᠮᠥᠨ ᠬᠠᠷ᠎ᠠ ᠦᠬᠦᠯ ᠰᠢᠷᠬᠠᠲᠤᠯ ᠡᠭᠦᠰᠦᠭᠰᠡᠨ ᠮᠥᠷᠲᠡᠭᠡᠨ ᠬᠦᠨᠳᠦ ᠲᠦᠭᠰᠢᠭᠦᠷᠢᠲᠡᠢ ᠪᠠᠶ᠋ᠢᠳᠠᠯ᠎ᠳᠤ ᠪᠠᠶ᠋ᠢᠭ᠎ᠠ ᠬᠥᠮᠥᠨ ᠠᠷᠪᠢᠨ᠂ ᠡᠰᠡᠭᠦᠯ᠎ᠡ ᠴᠥᠮ᠎ᠡ ᠵᠢᠨ ᠠᠳᠡᠯ ᠪᠠ ᠭᠡᠨᠡᠳᠲᠡ ᠵᠢᠨ ᠰᠠᠴᠤᠷᠠᠭ᠎ᠤᠨ ᠬᠡᠷᠡᠭ᠂ ᠬᠢᠮᠢ ᠵᠢᠨ ᠡᠳ᠋ ᠯᠡᠪᠡᠷᠡᠭᠰᠡᠨ ᠠᠳᠡᠯ ᠵᠡᠷᠭᠡ᠎ᠠᠴᠠ ᠪᠣᠯᠵᠤ ᠶᠡᠭᠡ ᠬᠡᠮᠵᠢᠶᠡᠨ᠎ᠤ ᠬᠥᠮᠥᠨ ᠬᠠᠷ᠎ᠠ ᠦᠬᠦᠵᠦ ᠰᠢᠷᠬᠠᠲᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠯᠤᠰ᠎ᠠᠴᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠲᠠᠯ᠎ᠠ᠎ᠪᠠᠷ ᠳᠡᠮᠵᠢᠯᠭᠡ ᠦᠵᠡᠭᠦᠯᠬᠦ ᠵᠢ ᠭᠤᠶᠤᠴᠢᠯᠠᠭᠰᠠᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   (2) ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠣᠨᠴᠠᠭ᠋ᠠᠢ ᠬᠦᠨᠳᠦ ᠨᠣᠴᠢᠲᠠᠢ ᠬᠥᠮᠥᠨ ᠬᠠᠷ᠎ᠠ ᠦᠬᠦᠵᠦ ᠰᠢᠷᠬᠠᠲᠤᠭᠰᠠᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   (3) ᠲᠥᠷᠥ ᠵᠢᠨ ᠶᠠᠪᠤᠳᠠᠯ᠎ᠤᠨ ᠬᠤᠷᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠣᠨᠴᠠᠭ᠋ᠠᠢ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   2.2 ᠬᠦᠨᠳᠦ ᠶᠡᠭᠡ ᠬᠡᠷᠡᠭ (Ⅱ ᠳᠡᠰ)
   (1) ᠨᠢᠭᠡ ᠤᠳᠠᠭ᠋ᠠᠨ᠎ᠤ ᠬᠡᠷᠡᠭ᠎ᠲᠤ ᠬᠦᠨᠳᠦ ᠶᠡᠭᠡ ᠬᠥᠮᠥᠨ ᠬᠠᠷ᠎ᠠ ᠦᠬᠦᠯ ᠰᠢᠷᠬᠠᠲᠤᠯ ᠡᠭᠦᠰᠴᠦ᠂ ᠡᠭᠦᠨ᠎ᠳᠤ ᠦᠬᠦᠭᠰᠡᠨ ᠪᠠ ᠬᠦᠨᠳᠦ ᠲᠦᠭᠰᠢᠭᠦᠷᠢᠲᠡᠢ ᠪᠠᠶ᠋ᠢᠳᠠᠯ᠎ᠳᠤ ᠪᠠᠶ᠋ᠢᠭ᠎ᠠ ᠡᠪᠡᠳᠴᠢᠲᠡᠨ᠎ᠤ ᠵᠢᠱ᠌ᠢᠶ᠎ᠡ 5᠎ᠠᠴᠠ ᠳᠠᠪᠠᠭᠰᠠᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   (2) ᠠᠶ᠋ᠢᠮᠠᠭ ᠬᠤᠲᠠ ᠠᠯᠤᠰᠯᠠᠭᠰᠠᠨ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   (3) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   2.3 ᠨᠡᠯᠢᠶᠡᠳ ᠶᠡᠭᠡ ᠬᠡᠷᠡᠭ (Ⅲ ᠳᠡᠰ)
   (1) ᠨᠢᠭᠡ ᠤᠳᠠᠭ᠋ᠠᠨ᠎ᠤ ᠬᠡᠷᠡᠭ᠎ᠲᠤ ᠨᠡᠯᠢᠶᠡᠳ ᠶᠡᠭᠡ ᠬᠥᠮᠥᠨ ᠬᠠᠷ᠎ᠠ ᠵᠢᠨ ᠦᠬᠦᠯ ᠰᠢᠷᠬᠠᠲᠤᠯ ᠡᠭᠦᠰᠴᠦ᠂ ᠡᠭᠦᠨ᠎ᠳᠤ ᠦᠬᠦᠭᠰᠡᠨ ᠪᠠ ᠬᠦᠨᠳᠦ ᠲᠦᠭᠰᠢᠭᠦᠷᠢᠲᠡᠢ ᠪᠠᠶ᠋ᠢᠳᠠᠯ᠎ᠳᠤ ᠪᠠᠶ᠋ᠢᠭ᠎ᠠ ᠡᠪᠡᠳᠴᠢᠲᠡᠨ᠎ᠤ ᠵᠢᠱ᠌ᠢᠶ᠎ᠡ 3᠎ᠠᠴᠠ ᠳᠠᠪᠠᠭᠰᠠᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   (2) ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠨᠡᠯᠢᠶᠡᠳ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   2.4 ᠡᠩ᠎ᠤᠨ ᠬᠡᠷᠡᠭ (Ⅳ ᠳᠡᠰ)
   (1) ᠨᠢᠭᠡ ᠤᠳᠠᠭ᠋ᠠᠨ᠎ᠤ ᠬᠡᠷᠡᠭ᠎ᠲᠤ ᠵᠣᠬᠢᠬᠤ ᠲᠤᠭ᠎ᠠ ᠬᠡᠮᠵᠢᠶᠡᠨ᠎ᠤ ᠬᠥᠮᠥᠨ ᠬᠠᠷ᠎ᠠ ᠵᠢᠨ ᠦᠬᠦᠯ ᠰᠢᠷᠬᠠᠲᠤᠯ ᠡᠭᠦᠰᠴᠦ᠂ ᠡᠭᠦᠨ᠎ᠳᠤ ᠦᠬᠦᠭᠰᠡᠨ ᠪᠠ ᠬᠦᠨᠳᠦ ᠲᠦᠭᠰᠢᠭᠦᠷᠢᠲᠡᠢ ᠪᠠᠶ᠋ᠢᠳᠠᠯ᠎ᠳᠤ ᠪᠠᠶ᠋ᠢᠭ᠎ᠠ ᠡᠪᠡᠳᠴᠢᠲᠡᠨ᠎ᠤ ᠵᠢᠱ᠌ᠢᠶ᠎ᠡ 1᠎ᠠᠴᠠ ᠳᠠᠪᠠᠭᠰᠠᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   (2) ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠡᠩ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   3 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠣᠬᠢᠶᠠᠨ ᠪᠠᠶ᠋ᠢᠭᠤᠯᠤᠯᠲᠠ ᠵᠢᠨ ᠲᠣᠭᠲᠠᠯᠴᠠᠭ᠎ᠠ
    ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠵᠢᠯᠣᠭᠤᠳᠬᠤ ᠪᠠᠶ᠋ᠢᠭᠤᠯᠤᠮᠵᠢ ᠵᠢᠨ ᠨᠢᠭᠡᠳᠦᠯᠲᠡᠢ ᠤᠳᠤᠷᠢᠳᠤᠯᠭ᠎ᠠ᠂ ᠵᠢᠯᠣᠭᠤᠳᠤᠯᠭ᠎ᠠ ᠳᠣᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠨᠢᠭᠲᠠ ᠬᠠᠮᠵᠢᠯᠴᠠᠨ᠂ ᠵᠣᠬᠢᠴᠠᠭᠤᠯᠤᠨ ᠨᠢᠭᠡᠳᠦᠭᠦᠯᠵᠦ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠢ ᠬᠠᠮᠲᠤ᠎ᠪᠠᠷ ᠠᠷᠭ᠋ᠠᠴᠠᠵᠤ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃
    ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠎ᠳᠤ᠄ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠪᠠᠶ᠋ᠢᠭᠤᠯᠤᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠂ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠶ᠋ᠢᠭᠤᠯᠤᠮᠵᠢ [ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ ᠵᠢᠭ᠋ᠠᠨ᠎ᠠ᠂ ᠡᠭᠦᠨ᠎ᠳᠤ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ (ᠥᠷᠲᠡᠭᠡ)᠂ ᠶᠡᠷᠦᠩᠬᠡᠢ ᠡᠮᠨᠡᠯᠭᠡ ᠵᠢᠨ ᠬᠤᠷᠢᠶ᠎ᠠ᠂ ᠲᠤᠰᠬᠠᠢ ᠰᠠᠯᠠᠭ᠋ᠠᠨ᠎ᠤ ᠡᠮᠨᠡᠯᠭᠡ ᠵᠢᠨ ᠬᠤᠷᠢᠶ᠎ᠠ᠂ ᠬᠢᠮᠢ ᠵᠢᠨ ᠬᠤᠣᠷᠳᠠᠯ᠂ ᠴᠥᠮ᠎ᠡ ᠪᠠ ᠰᠠᠴᠤᠷᠠᠭ᠎ᠤᠨ ᠠᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠮᠴᠢᠯᠡᠭᠡᠨ᠎ᠤ ᠠᠪᠤᠷᠠᠨ ᠵᠠᠰᠠᠬᠤ ᠲᠤᠰᠬᠠᠢ ᠪᠠᠶ᠋ᠢᠭᠤᠯᠤᠮᠵᠢ᠂ ᠴᠢᠰᠤ ᠠᠪᠬᠤ ᠴᠢᠰᠤ ᠬᠠᠩᠭ᠋ᠠᠬᠤ ᠪᠠᠶ᠋ᠢᠭᠤᠯᠤᠮᠵᠢ᠂ ᠡᠪᠡᠳᠴᠢᠨ ᠡᠮᠬᠡᠭ᠎ᠢ ᠰᠡᠷᠭᠡᠶ᠋ᠢᠯᠡᠨ ᠬᠤᠷᠢᠭᠯᠠᠬᠤ ᠪᠠᠶ᠋ᠢᠭᠤᠯᠤᠮᠵᠢ᠂ ᠣᠶᠣᠨ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠪᠠᠶ᠋ᠢᠭᠤᠯᠤᠮᠵᠢ ᠵᠡᠷᠭᠡ ᠵᠢ ᠪᠠᠭᠲᠠᠭ᠋ᠠᠨ᠎ᠠ]᠂ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠤᠳᠬᠤ ᠭᠠᠵᠠᠷ᠎ᠢ ᠪᠠᠭᠲᠠᠭ᠋ᠠᠨ᠎ᠠ᠃
   3.1 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ
    ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠄ ᠣᠨᠴᠠᠭ᠋ᠠᠢ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠬᠤ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠲᠡᠷᠢᠭᠦᠯᠡᠭᠴᠢ᠎ᠠᠴᠠ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠨᠠᠷᠢᠨ ᠪᠢᠴᠢᠭ᠎ᠤᠨ ᠳᠡᠳ᠋ ᠳᠠᠷᠤᠭ᠎ᠠ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠡᠷᠬᠢᠯᠡᠭᠴᠢ)᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠭᠤᠣᠯ ᠤᠳᠤᠷᠢᠳᠤᠯᠭ᠎ᠠ᠎ᠠᠴᠠ ᠳᠤᠭᠤᠶ᠋ᠢᠯᠠᠩ᠎ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠭᠦᠷᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ (ᠠᠮᠤ ᠪᠤᠳᠠᠭ᠎ᠠ ᠪᠠ ᠡᠳ᠋ ᠪᠠᠷᠠᠭ᠎ᠠ ᠨᠦᠬᠡᠴᠡᠯᠡᠬᠦ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)᠂ ᠤᠯᠠᠭ᠋ᠠᠨ ᠵᠠᠭ᠋ᠠᠯᠮᠠᠶ᠋ᠢᠳᠠᠨ᠎ᠤ ᠨᠡᠶ᠋ᠢᠭᠡᠮᠯᠢᠭ ᠵᠢᠴᠢ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠪᠠᠲᠤᠯᠠᠭ᠎ᠠ ᠵᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠵᠢᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠵᠶ᠋ᠠᠷ ᠪᠦᠷᠢᠯᠳᠤᠭ᠌ᠰᠡᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠣᠨᠴᠠᠭ᠋ᠠᠢ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠤᠳᠤᠷᠢᠳᠬᠤ᠂ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠪᠠᠶ᠋ᠢᠷᠢᠯᠠᠭᠤᠯᠬᠤ ᠠᠵᠢᠯ᠎ᠢ ᠬᠠᠷᠢᠭᠤᠴᠠᠨ᠎ᠠ; ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠬᠤ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠭᠤᠣᠯ ᠤᠳᠤᠷᠢᠳᠤᠯᠭ᠎ᠠ᠎ᠠᠴᠠ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠬᠡᠯᠡᠵᠦ᠂ ᠬᠤᠪᠢᠳᠠᠨ ᠬᠠᠮᠢᠶᠠᠷᠴᠤ ᠪᠠᠶ᠋ᠢᠭ᠎ᠠ ᠤᠳᠤᠷᠢᠳᠤᠯᠭ᠎ᠠ᠎ᠠᠴᠠ ᠳᠤᠭᠤᠶ᠋ᠢᠯᠠᠩ᠎ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠭᠦᠷᠬᠡᠯᠡᠵᠦ᠂ ᠬᠤᠯᠪᠣᠭᠳᠠᠯ ᠪᠦᠬᠦᠢ ᠭᠠᠵᠠᠷ ᠲᠠᠰᠤᠭ ᠪᠠ ᠬᠤᠯᠪᠣᠭᠳᠠᠯ ᠪᠦᠬᠦᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠵᠶ᠋ᠠᠷ ᠪᠦᠷᠢᠯᠳᠦᠭᠰᠡᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠤᠳᠤᠷᠢᠳᠬᠤ᠂ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠪᠠᠶ᠋ᠢᠷᠢᠯᠠᠭᠤᠯᠬᠤ ᠠᠵᠢᠯ᠎ᠢ ᠬᠠᠷᠢᠭᠤᠴᠠᠨ᠎ᠠ᠃ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ ᠲᠣᠬᠢᠷᠠᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠪᠤᠷᠠᠨ ᠲᠤᠰᠠᠯᠠᠬᠤ ᠪᠠᠶ᠋ᠢᠭᠤᠯᠤᠮᠵᠢ ᠵᠢᠨ ᠠᠩᠬᠢ ᠡᠩᠨᠡᠭᠡ ᠵᠢ ᠬᠠᠮᠢᠶᠠᠷᠬᠤ᠂ ᠵᠣᠬᠢᠶᠠᠨ ᠪᠠᠶ᠋ᠢᠭᠤᠯᠵᠤ ᠬᠠᠷᠢᠯᠴᠠᠬᠤ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠬᠢᠬᠦ᠂ ᠮᠡᠳᠡᠭᠡ ᠵᠠᠩᠬᠢ ᠵᠢ ᠴᠤᠭᠯᠠᠭᠤᠯᠬᠤ᠂ ᠮᠡᠷᠭᠡᠵᠢᠯ ᠴᠢᠳᠠᠪᠤᠷᠢ ᠵᠢᠨ ᠰᠣᠷᠢᠯᠲᠠ ᠬᠢᠬᠦ ᠵᠡᠷᠭᠡ ᠡᠳᠦᠷ ᠲᠤᠲᠤᠮ᠎ᠤᠨ ᠠᠵᠢᠯ᠎ᠢ ᠬᠠᠷᠢᠭᠤᠴᠠᠨ᠎ᠠ᠃
    ᠠᠶ᠋ᠢᠮᠠᠭ ᠬᠤᠲᠠ᠂ ᠬᠤᠰᠢᠭᠤ ᠰᠢᠶᠠᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠄ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠠᠷᠠᠭ᠋ᠠᠯᠵᠠᠭᠰᠠᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠨᠡᠯᠢᠶᠡᠳ ᠶᠡᠭᠡ ᠪᠠ ᠡᠩ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠲᠣᠰ ᠲᠣᠰ ᠤᠳᠤᠷᠢᠳᠤᠨ᠂ ᠡᠯ᠎ᠡ ᠲᠥᠷᠥᠯ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ ᠡᠭᠦᠷᠭᠡ ᠵᠢ ᠳᠠᠭ᠋ᠠᠭ᠋ᠠᠨ ᠡᠭᠦᠷᠬᠡᠯᠡᠬᠦ ᠵᠢᠨ ᠬᠠᠮᠲᠤ ᠨᠡᠷ᠎ᠡ ᠵᠢᠭ᠋ᠠᠭᠰᠠᠨ ᠪᠠᠶ᠋ᠢᠭᠤᠯᠤᠮᠵᠢ᠎ᠪᠠᠷ ᠡᠳᠦᠷ ᠲᠤᠲᠤᠮ᠎ᠤᠨ ᠠᠵᠢᠯ᠎ᠢ ᠬᠠᠷᠢᠭᠤᠴᠠᠭᠤᠯᠤᠨ᠎ᠠ᠃
   3.2 ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ
    ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠤᠰᠬᠠᠢ ᠮᠡᠷᠭᠡᠵᠢᠯᠲᠡᠨ᠎ᠤ ᠰᠠᠨᠠᠯ ᠵᠥᠪᠯᠡᠯᠭᠡ ᠥᠭᠬᠦ ᠺᠣᠮᠢᠰ᠎ᠢ ᠵᠣᠬᠢᠶᠠᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠳᠤ ᠰᠠᠨᠠᠯ ᠵᠥᠪᠯᠡᠯᠭᠡ ᠰᠠᠨᠠᠭᠤᠯᠭ᠎ᠠ᠂ ᠮᠡᠷᠭᠡᠵᠢᠯ᠎ᠤᠨ ᠵᠢᠯᠣᠭᠤᠳᠤᠯᠭ᠎ᠠ ᠪᠠ ᠳᠡᠮᠵᠢᠯᠭᠡ ᠬᠠᠩᠭ᠋ᠠᠨ᠎ᠠ᠃ ᠲᠤᠰᠬᠠᠢ ᠮᠡᠷᠭᠡᠵᠢᠯᠲᠡᠨ᠎ᠤ ᠰᠠᠨᠠᠯ ᠵᠥᠪᠯᠡᠯᠭᠡ ᠥᠭᠬᠦ ᠺᠣᠮᠢᠰ᠎ᠲᠤ 3 ᠵᠢᠯ᠎ᠳᠤ ᠨᠢᠭᠡ ᠤᠳᠠᠭ᠎ᠠ ᠲᠣᠬᠢᠷᠠᠭᠤᠯᠤᠯᠲᠠ ᠬᠢᠨ᠎ᠡ᠃
    ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠳᠤ ᠮᠡᠷᠭᠡᠵᠢᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃
   3.3 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠶ᠋ᠢᠭᠤᠯᠤᠮᠵᠢ
    ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ᠎ᠨᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠡᠭᠦᠷᠭᠡ ᠵᠢ ᠳᠠᠭ᠋ᠠᠭ᠋ᠠᠨ ᠡᠭᠦᠷᠬᠡᠯᠡᠨ᠎ᠡ᠃ ᠨᠢᠭᠡᠳᠦᠯᠲᠡᠢ ᠪᠠᠶ᠋ᠢᠷᠢᠯᠠᠭᠤᠯᠬᠤ᠂ ᠠᠵᠢᠯ ᠵᠶ᠋ᠠᠨ ᠬᠤᠪᠢᠶᠠᠷᠢᠯᠠᠨ ᠬᠠᠷᠢᠭᠤᠴᠠᠬᠤ ᠵᠠᠷᠴᠢᠮ ᠶᠣᠰᠣᠭ᠋ᠠᠷ᠂ ᠡᠯ᠎ᠡ ᠱᠠᠲᠤᠨ᠎ᠤ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ (ᠥᠷᠳᠡᠭᠡ) ᠵᠢᠴᠢ ᠡᠮᠨᠡᠯᠭᠡ ᠵᠢᠨ ᠬᠤᠷᠢᠶᠠᠨ᠎ᠤ ᠲᠦᠷᠭᠡᠨ ᠡᠮᠨᠡᠬᠦ ᠰᠠᠯᠠᠭ᠎ᠠ᠂ ᠬᠢᠮᠢ ᠵᠢᠨ ᠬᠤᠣᠷᠳᠠᠯ᠂ ᠴᠥᠮ᠎ᠡ ᠪᠠ ᠰᠠᠴᠤᠷᠠᠭ᠎ᠤᠨ ᠠᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠮᠴᠢᠯᠡᠭᠡᠨ᠎ᠤ ᠠᠪᠤᠷᠠᠨ ᠵᠠᠰᠠᠬᠤ ᠲᠤᠰᠬᠠᠢ ᠪᠠᠶ᠋ᠢᠭᠤᠯᠤᠮᠵᠢ᠎ᠨᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠ ᠰᠢᠷᠬᠠᠲᠤᠭᠰᠠᠳ᠎ᠢ ᠰᠢᠯᠵᠢᠭᠦᠯᠦᠨ ᠬᠦᠷᠭᠡᠬᠦ ᠡᠭᠦᠷᠭᠡ ᠵᠢ ᠳᠠᠭ᠋ᠠᠭ᠋ᠠᠨ ᠡᠭᠦᠷᠬᠡᠯᠡᠨ᠎ᠡ; ᠡᠯ᠎ᠡ ᠱᠠᠲᠤᠨ᠎ᠤ ᠶᠡᠷᠦᠩᠬᠡᠢ ᠡᠮᠨᠡᠯᠭᠡ ᠵᠢᠨ ᠬᠤᠷᠢᠶ᠎ᠠ᠂ ᠲᠤᠰᠬᠠᠢ ᠰᠠᠯᠠᠭ᠋ᠠᠨ᠎ᠤ ᠡᠮᠨᠡᠯᠭᠡ ᠵᠢᠨ ᠬᠤᠷᠢᠶ᠎ᠠ᠎ᠨᠢ ᠰᠢᠷᠬᠠᠲᠤᠭᠰᠠᠳ᠎ᠢ ᠬᠦᠯᠢᠶᠡᠨ ᠠᠪᠬᠤ ᠵᠢᠨ ᠬᠠᠮᠲᠤ ᠡᠮᠨᠡᠨ ᠰᠢᠢ᠍ᠳᠪᠦᠷᠢᠯᠡᠬᠦ᠂ ᠠᠪᠤᠷᠠᠨ ᠵᠠᠰᠠᠬᠤ ᠠᠵᠢᠯ᠎ᠢ ᠬᠠᠷᠢᠭᠤᠴᠠᠨ᠎ᠠ; ᠡᠯ᠎ᠡ ᠱᠠᠲᠤᠨ᠎ᠤ ᠴᠢᠰᠤ ᠠᠪᠬᠤ ᠴᠢᠰᠤ ᠬᠠᠩᠭ᠋ᠠᠬᠤ ᠪᠠᠶ᠋ᠢᠭᠤᠯᠤᠮᠵᠢ᠎ᠨᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠠᠪᠤᠷᠠᠨ ᠲᠤᠰᠠᠯᠠᠬᠤ ᠬᠤᠭᠤᠴᠠᠭ᠋ᠠᠨ᠎ᠳᠠᠬᠢ ᠴᠢᠰᠤᠨ᠎ᠤ ᠬᠠᠩᠭ᠋ᠠᠯᠲᠠ ᠪᠠ ᠴᠢᠰᠤᠨ᠎ᠤ ᠢᠷᠡᠯᠲᠡ ᠵᠢ ᠵᠣᠬᠢᠶᠠᠨ ᠪᠠᠶ᠋ᠢᠭᠤᠯᠬᠤ ᠠᠵᠢᠯ᠎ᠢ ᠬᠠᠷᠢᠭᠤᠴᠠᠨ᠎ᠠ; ᠡᠯ᠎ᠡ ᠱᠠᠲᠤᠨ᠎ᠤ ᠣᠶᠣᠨ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠢ ᠰᠢᠷᠬᠠᠲᠤᠭᠰᠠᠳ ᠵᠢᠴᠢ ᠲᠡᠭᠦᠨ᠎ᠤ ᠭᠡᠷ᠎ᠤᠨ ᠬᠥᠮᠥᠰ᠂ ᠠᠪᠤᠷᠠᠨ ᠲᠤᠰᠠᠯᠠᠬᠤ ᠠᠵᠢᠯᠲᠠᠨ᠎ᠤ ᠰᠡᠳᠭᠢᠴᠡ ᠵᠢᠨ ᠬᠢᠮᠤᠷᠠᠯ᠎ᠢ ᠵᠢᠯᠣᠭᠤᠳᠤᠨ ᠨᠥᠯᠥᠭᠡᠯᠡᠬᠦ ᠠᠵᠢᠯ᠎ᠢ ᠬᠠᠷᠢᠭᠤᠴᠠᠨ᠎ᠠ; ᠡᠯ᠎ᠡ ᠱᠠᠲᠤᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠬᠤᠷᠢᠭᠯᠠᠬᠤ ᠪᠠᠶ᠋ᠢᠭᠤᠯᠤᠮᠵᠢ ᠪᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠥᠪᠡᠷ ᠥᠪᠡᠷ᠎ᠤᠨ ᠡᠭᠦᠷᠭᠡ ᠴᠢᠳᠠᠪᠤᠷᠢ᠎ᠪᠠᠨ ᠦᠨᠳᠦᠰᠦᠯᠡᠵᠦ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠠᠬᠢ ᠡᠪᠡᠳᠴᠢᠨ ᠡᠮᠬᠡᠭ᠎ᠢ ᠰᠡᠷᠭᠡᠶ᠋ᠢᠯᠡᠨ ᠬᠤᠷᠢᠭᠯᠠᠬᠤ ᠪᠠ ᠡᠷᠡᠭᠦᠯ ᠬᠠᠮᠠᠭ᠋ᠠᠯᠠᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠰᠠᠶ᠋ᠢᠲᠤᠷ ᠬᠢᠨ᠎ᠡ᠃
   3.4 ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠤᠳᠬᠤ ᠭᠠᠵᠠᠷ
    ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠲᠤᠬᠠᠢ ᠵᠢᠨ ᠲᠠᠯᠠᠪᠠᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠬᠡᠷᠡᠭᠴᠡᠭᠡ ᠵᠢ ᠦᠨᠳᠦᠰᠦᠯᠡᠵᠦ᠂ ᠴᠢᠬᠤᠯᠠᠲᠠᠢ ᠦᠶ᠎ᠡ᠎ᠳᠤ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠤᠳᠬᠤ ᠭᠠᠵᠠᠷ᠎ᠢ ᠪᠠᠶ᠋ᠢᠭᠤᠯᠵᠤ᠂ ᠲᠤᠬᠠᠢ ᠵᠢᠨ ᠲᠠᠯᠠᠪᠠᠢ᠎ᠳᠠᠬᠢ ᠬᠠᠮᠤᠭ᠎ᠤᠨ ᠳᠡᠭᠡᠳᠦ ᠵᠡᠷᠭᠡ ᠳᠡᠰ᠎ᠲᠠᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠪᠤᠶᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠵᠢᠯᠣᠭᠤᠳᠬᠤ ᠪᠠᠶ᠋ᠢᠭᠤᠯᠤᠮᠵᠢ ᠵᠢᠨ ᠨᠡᠷ᠎ᠡ ᠵᠢᠭ᠋ᠠᠭᠰᠠᠨ ᠬᠠᠷᠢᠭᠤᠴᠠᠯᠭ᠋ᠠᠲᠠᠨ ᠨᠥᠬᠦᠳ᠎ᠠᠴᠠ ᠵᠢᠯᠣᠭᠤᠳᠬᠤ ᠳᠠᠷᠤᠭ᠎ᠠ ᠵᠢᠨ ᠲᠤᠰᠢᠶᠠᠯ᠎ᠢ ᠳᠠᠭ᠋ᠠᠭ᠋ᠠᠨ ᠡᠭᠦᠷᠬᠡᠯᠡᠵᠦ᠂ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠨᠢᠭᠡᠳᠦᠯᠲᠡᠢ ᠵᠢᠯᠣᠭᠤᠳᠴᠤ᠂ ᠵᠣᠬᠢᠴᠠᠭᠤᠯᠤᠨ᠎ᠠ᠃
   4 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢ ᠳᠠᠭ᠋ᠠᠬᠤ ᠪᠠ ᠵᠣᠭᠰᠣᠭ᠋ᠠᠬᠤ
   4.1 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢ ᠳᠡᠰ ᠬᠤᠪᠢᠶᠠᠨ ᠳᠠᠭ᠋ᠠᠬᠤ
   4.1.1 Ⅰ ᠳᠡᠰ᠎ᠤᠨ ᠳᠠᠭ᠋ᠠᠬᠤ ᠠᠵᠢᠯᠯᠠᠭ᠎ᠠ
   4.1.1.1 Ⅰ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ
    ᠳᠣᠣᠷ᠎ᠠ ᠵᠢᠭᠰᠠᠭ᠋ᠠᠭᠰᠠᠨ ᠨᠦᠭᠦᠴᠡᠯ᠎ᠤᠨ ᠨᠢᠭᠡ᠎ᠳᠤ᠎ᠨᠢ ᠨᠡᠶ᠋ᠢᠴᠡᠭᠰᠡᠨ ᠪᠠᠢ᠍ᠪᠠᠯ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ Ⅰ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄
   (1) ᠣᠨᠴᠠᠭ᠋ᠠᠢ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠴᠤ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠤᠯᠤᠰ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠶᠡᠷᠦᠩᠬᠡᠢ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
   (2) ᠣᠨᠴᠠᠭ᠋ᠠᠢ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠴᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠤᠯᠤᠰ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠤᠰᠬᠠᠢ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
   (3) ᠣᠨᠴᠠᠭ᠋ᠠᠢ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
   (4) ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠣᠨᠴᠠᠭ᠋ᠠᠢ ᠬᠦᠨᠳᠦ ᠶᠡᠭᠡ ᠬᠡᠷᠡᠭ (Ⅰ ᠳᠡᠰ)᠎ᠤᠨ ᠳᠡᠰ᠎ᠲᠤ ᠨᠡᠶ᠋ᠢᠴᠡᠭᠰᠡᠨ ᠪᠤᠰᠤᠳ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   4.1.1.2 Ⅰ ᠳᠡᠰ᠎ᠤᠨ ᠳᠠᠭ᠋ᠠᠬᠤ ᠠᠵᠢᠯᠯᠠᠭ᠋ᠠᠨ
    ᠣᠨᠴᠠᠭ᠋ᠠᠢ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠬᠤ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠵᠢᠯᠣᠭᠤᠳᠤᠯᠭ᠎ᠠ ᠳᠣᠣᠷ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠠᠨᠳᠤ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠭ᠋ᠠᠨ ᠵᠢᠯᠣᠭᠤᠳᠤᠯᠭ᠎ᠠ ᠳᠣᠣᠷ᠎ᠠ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠵᠢᠯ᠎ᠢ ᠳᠠᠷᠤᠢ᠍ᠬᠠᠨ ᠡᠬᠢᠯᠡᠭᠦᠯᠵᠦ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠳᠠᠷᠤᠢ ᠲᠦᠷᠭᠡᠨ ᠵᠣᠬᠢᠶᠠᠨ ᠪᠠᠶ᠋ᠢᠭᠤᠯᠵᠤ᠂ ᠵᠣᠬᠢᠴᠠᠭᠤᠯᠤᠨ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩᠨᠡᠭᠡ ᠪᠠ ᠬᠤᠯᠪᠣᠭᠳᠠᠯ ᠪᠦᠬᠦᠢ ᠬᠥᠮᠥᠰ᠎ᠢ ᠵᠣᠬᠢᠶᠠᠨ ᠪᠠᠶ᠋ᠢᠭᠤᠯᠵᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠤᠭᠰᠠᠨ ᠲᠤᠬᠠᠢ ᠵᠢᠨ ᠲᠠᠯᠠᠪᠠᠢ᠎ᠳᠤ ᠬᠦᠷᠴᠦ ᠡᠮᠴᠢᠯᠡᠨ ᠠᠪᠤᠷᠠᠨ ᠵᠠᠰᠠᠬᠤ ᠠᠵᠢᠯ᠎ᠢ ᠥᠷᠨᠢᠭᠦᠯᠦᠨ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶ᠋ᠢᠳᠠᠯ᠎ᠳᠤ ᠶᠡᠷᠦᠩᠬᠡᠶ᠋ᠢᠯᠡᠭᠰᠡᠨ ᠦᠨᠡᠯᠡᠨ ᠵᠢᠱ᠌ᠢᠯᠲᠠ ᠬᠢᠵᠦ᠂ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠰᠠᠨᠠᠭᠤᠯᠭ᠎ᠠ ᠵᠢ ᠳᠤᠷᠠᠳᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠵᠢᠯᠣᠭᠤᠳᠬᠤ ᠪᠠᠶ᠋ᠢᠭᠤᠯᠤᠮᠵᠢ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠣᠨᠴᠠᠭ᠋ᠠᠢ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠭᠰᠠᠨ ᠬᠤᠯᠪᠣᠭᠳᠠᠯ ᠪᠦᠬᠦᠢ ᠪᠠᠶ᠋ᠢᠳᠠᠯ᠎ᠢ ᠴᠠᠭ ᠲᠤᠬᠠᠢ᠎ᠳᠤ᠎ᠨᠢ ᠮᠡᠳᠡᠭᠦᠯᠦᠨ᠎ᠡ᠃
    ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ᠎ᠤ ᠣᠨᠴᠠᠭ᠋ᠠᠢ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠤᠨ ᠲᠠᠯ᠎ᠠ᠎ᠪᠠᠷ ᠰᠢᠮᠳᠠᠭᠤᠯᠤᠨ ᠵᠢᠯᠣᠭᠤᠳᠤᠯᠭ᠎ᠠ ᠬᠢᠬᠦ ᠵᠢ ᠬᠢᠨᠠᠮᠠᠭ᠋ᠠᠢ ᠬᠦᠯᠢᠶᠡᠵᠦ᠂ ᠬᠡᠷᠡᠭᠴᠡᠭᠡ᠎ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠢ᠎ᠳᠤ᠎ᠨᠢ ᠳᠡᠪᠰᠢᠭᠦᠯᠵᠦ ᠤᠯᠤᠰ᠎ᠤᠨ ᠲᠤᠰᠠᠯᠠᠮᠵᠢ ᠵᠢ ᠣᠯᠬᠤ᠎ᠪᠠᠷ ᠬᠦᠴᠦᠯᠡᠨ ᠴᠢᠷᠮᠠᠶ᠋ᠢᠨ᠎ᠠ᠃
    ᠬᠡᠷᠡᠭ ᠭᠠᠷᠤᠭᠰᠠᠨ ᠭᠠᠵᠠᠷ᠎ᠤᠨ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠣᠨᠴᠠᠭ᠋ᠠᠢ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠵᠣᠬᠢᠶᠠᠨ ᠪᠠᠶ᠋ᠢᠭᠤᠯᠵᠤ᠂ ᠵᠣᠬᠢᠴᠠᠭᠤᠯᠤᠨ᠎ᠠ᠃
   4.1.2 Ⅱ ᠳᠡᠰ᠎ᠤᠨ ᠳᠠᠭ᠋ᠠᠬᠤ ᠠᠵᠢᠯᠯᠠᠭ᠎ᠠ
   4.1.2.1 Ⅱ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ
    ᠳᠣᠣᠷ᠎ᠠ ᠵᠢᠭᠰᠠᠭ᠋ᠠᠭᠰᠠᠨ ᠨᠦᠭᠦᠴᠡᠯ᠎ᠤᠨ ᠨᠢᠭᠡ᠎ᠳᠤ᠎ᠨᠢ ᠨᠡᠶ᠋ᠢᠴᠡᠭᠰᠡᠨ ᠪᠠᠢ᠍ᠪᠠᠯ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ Ⅱ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄
   (1) ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
   (2) ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠤᠰᠬᠠᠢ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
   (3) ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠦᠨᠳᠦ ᠶᠡᠭᠡ ᠬᠡᠷᠡᠭ (Ⅱ ᠳᠡᠰ)᠎ᠤᠨ ᠳᠡᠰ᠎ᠲᠤ ᠨᠡᠶ᠋ᠢᠴᠡᠭᠰᠡᠨ ᠪᠤᠰᠤᠳ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   4.1.2.2 Ⅱ ᠳᠡᠰ᠎ᠤᠨ ᠳᠠᠭ᠋ᠠᠬᠤ ᠠᠵᠢᠯᠯᠠᠭ᠋ᠠᠨ
    ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠣᠯᠠᠨ ᠨᠡᠶ᠋ᠢᠲᠡ ᠵᠢᠨ ᠬᠦᠨᠳᠦ ᠶᠡᠭᠡ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠬᠣᠯᠪᠣᠭᠳᠠᠯ ᠪᠦᠬᠦᠢ ᠵᠢᠭ᠋ᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠵᠢᠯ᠎ᠢ ᠳᠠᠷᠤᠢ᠍ᠬᠠᠨ ᠡᠬᠢᠯᠡᠭᠦᠯᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠳᠠᠷᠤᠢ ᠲᠦᠷᠭᠡᠨ ᠵᠣᠬᠢᠶᠠᠨ ᠪᠠᠶ᠋ᠢᠭᠤᠯᠵᠤ᠂ ᠵᠣᠬᠢᠴᠠᠭᠤᠯᠤᠨ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠩᠬᠢ ᠪᠠ ᠬᠤᠯᠪᠣᠭᠳᠠᠯ ᠪᠦᠬᠦᠢ ᠬᠥᠮᠥᠰ᠎ᠢ ᠵᠣᠬᠢᠶᠠᠨ ᠪᠠᠶ᠋ᠢᠭᠤᠯᠵᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠤᠭᠰᠠᠨ ᠲᠤᠬᠠᠢ ᠵᠢᠨ ᠲᠠᠯᠠᠪᠠᠢ᠎ᠳᠤ ᠬᠦᠷᠴᠦ ᠡᠮᠴᠢᠯᠡᠵᠦ ᠠᠪᠤᠷᠠᠨ ᠵᠠᠰᠠᠬᠤ ᠠᠵᠢᠯ᠎ᠢ ᠥᠷᠨᠢᠭᠦᠯᠵᠦ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶ᠋ᠢᠳᠠᠯ᠎ᠳᠤ ᠶᠡᠷᠦᠩᠬᠡᠶ᠋ᠢᠯᠡᠭᠰᠡᠨ ᠦᠨᠡᠯᠡᠨ ᠵᠢᠱ᠌ᠢᠯᠲᠡ ᠬᠢᠵᠦ᠂ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠰᠠᠨᠠᠭᠤᠯᠭ᠎ᠠ ᠵᠢ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠣᠭᠤᠳᠬᠤ ᠪᠠᠶ᠋ᠢᠭᠤᠯᠤᠮᠵᠢ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡᠨ᠎ᠤ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠭᠰᠠᠨ ᠬᠤᠯᠪᠣᠭᠳᠠᠯ ᠪᠦᠬᠦᠢ ᠪᠠᠶ᠋ᠢᠳᠠᠯ᠎ᠢ ᠴᠠᠭ ᠲᠤᠬᠠᠢ᠎ᠳᠤ᠎ᠨᠢ ᠮᠡᠳᠡᠭᠦᠯᠦᠨ᠎ᠡ᠃
    ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ᠎ᠤ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠲᠠᠯ᠎ᠠ᠎ᠪᠠᠷ᠎ᠬᠢ ᠰᠢᠮᠳᠠᠭᠤᠯᠤᠯ ᠵᠢᠯᠣᠭᠤᠳᠤᠯᠭ᠎ᠠ ᠵᠢ ᠬᠢᠨᠠᠮᠠᠭ᠋ᠠᠢ ᠬᠦᠯᠢᠶᠡᠵᠦ᠂ ᠬᠡᠷᠡᠭᠴᠡᠭᠡ᠎ᠪᠠᠨ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠢ᠎ᠳᠤ᠎ᠨᠢ ᠳᠡᠪᠰᠢᠭᠦᠯᠵᠦ ᠤᠯᠤᠰ᠎ᠤᠨ ᠲᠤᠰᠠᠯᠠᠮᠵᠢ ᠵᠢ ᠣᠯᠬᠤ᠎ᠪᠠᠷ ᠬᠦᠴᠦᠯᠡᠨ ᠴᠢᠷᠮᠠᠶ᠋ᠢᠨ᠎ᠠ᠃
    ᠬᠡᠷᠡᠭ ᠭᠠᠷᠤᠭᠰᠠᠨ ᠭᠠᠵᠠᠷ᠎ᠤᠨ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠬᠦᠨᠳᠦ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠵᠣᠬᠢᠶᠠᠨ ᠪᠠᠶ᠋ᠢᠭᠤᠯᠵᠤ᠂ ᠵᠣᠬᠢᠴᠠᠭᠤᠯᠤᠨ᠎ᠠ᠃
   4.1.3 Ⅲ ᠳᠡᠰ᠎ᠤᠨ ᠳᠠᠭ᠋ᠠᠬᠤ ᠠᠵᠢᠯᠯᠠᠭ᠎ᠠ
   4.1.3.1 Ⅲ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ
    ᠳᠣᠣᠷ᠎ᠠ ᠵᠢᠭᠰᠠᠭ᠋ᠠᠭᠰᠠᠨ ᠨᠥᠬᠦᠴᠡᠯ᠎ᠤᠨ ᠨᠢᠭᠡ᠎ᠳᠤ᠎ᠨᠢ ᠨᠡᠶ᠋ᠢᠴᠡᠭᠰᠡᠨ ᠪᠠᠢ᠍ᠪᠠᠯ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ Ⅲ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄
   (1) ᠨᠡᠯᠢᠶᠡᠳ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠴᠤ᠂ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠠᠶ᠋ᠢᠮᠠᠭ ᠬᠤᠲᠠ ᠵᠢᠨ ᠱᠠᠲᠤᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
   (2) ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠨᠡᠯᠢᠶᠡᠳ ᠶᠡᠭᠡ ᠬᠡᠷᠡᠭ (Ⅲ ᠳᠡᠰ)᠎ᠤᠨ ᠳᠡᠰ᠎ᠲᠤ ᠨᠡᠶ᠋ᠢᠴᠡᠭᠰᠡᠨ ᠪᠤᠰᠤᠳ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   4.1.3.2 Ⅲ ᠳᠡᠰ᠎ᠤᠨ ᠳᠠᠭ᠋ᠠᠬᠤ ᠠᠵᠢᠯᠯᠠᠭ᠋ᠠᠨ
    ᠠᠶ᠋ᠢᠮᠠᠭ ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠨᠡᠯᠢᠶᠡᠳ ᠶᠡᠭᠡ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠬᠣᠯᠪᠣᠭᠳᠠᠯ ᠪᠦᠬᠦᠢ ᠵᠢᠭ᠋ᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠵᠢᠯ᠎ᠢ ᠳᠠᠷᠤᠢ᠍ᠬᠠᠨ ᠡᠬᠢᠯᠡᠭᠦᠯᠵᠦ᠂ ᠲᠤᠬᠠᠢ ᠵᠢᠨ ᠲᠠᠯᠠᠪᠠᠢ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠳᠠᠷᠤᠢ ᠲᠦᠷᠭᠡᠨ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶ᠋ᠢᠳᠠᠯ᠎ᠳᠤ ᠶᠡᠷᠦᠩᠬᠡᠶ᠋ᠢᠯᠡᠭᠰᠡᠨ ᠦᠨᠡᠯᠡᠨ ᠵᠢᠱ᠌ᠢᠯᠲᠡ ᠬᠢᠬᠦ ᠵᠢᠨ ᠬᠠᠮᠲᠤ᠂ ᠪᠠᠶ᠋ᠢᠭ᠎ᠠ ᠭᠠᠵᠠᠷ᠎ᠤᠨ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠲᠣᠰ ᠱᠠᠲᠤᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠣᠭᠤᠳᠬᠤ ᠪᠠᠶ᠋ᠢᠭᠤᠯᠤᠮᠵᠢ᠎ᠳᠤ ᠬᠤᠯᠪᠣᠭᠳᠠᠯ ᠪᠦᠬᠦᠢ ᠰᠢᠢ᠍ᠳᠪᠦᠷᠢᠯᠡᠭᠰᠡᠨ ᠪᠠᠶ᠋ᠢᠳᠠᠯ᠎ᠢ ᠮᠡᠳᠡᠭᠦᠯᠦᠨ᠎ᠡ᠃
    ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠨᠡᠯᠢᠶᠡᠳ ᠶᠡᠭᠡ ᠬᠡᠷᠡᠭ᠎ᠤᠨ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠬᠡᠷᠡᠭ ᠭᠠᠷᠤᠭᠰᠠᠨ ᠭᠠᠵᠠᠷ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠰᠢᠮᠳᠠᠭᠤᠯᠤᠨ ᠵᠢᠯᠣᠭᠤᠳᠴᠤ᠂ ᠴᠢᠬᠤᠯᠠᠲᠠᠢ ᠦᠶ᠎ᠡ᠎ᠳᠤ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠮᠡᠷᠭᠡᠵᠢᠯ᠎ᠤᠨ ᠵᠢᠯᠣᠭᠤᠳᠤᠯᠭ᠎ᠠ ᠬᠠᠩᠭ᠋ᠠᠬᠤ ᠪᠠ ᠳᠡᠮᠵᠢᠯᠭᠡ ᠦᠵᠡᠭᠦᠯᠬᠦ ᠬᠡᠷᠡᠭᠲᠡᠢ᠃
   4.1.4 Ⅳ ᠳᠡᠰ᠎ᠤᠨ ᠳᠠᠭ᠋ᠠᠬᠤ ᠠᠵᠢᠯᠯᠠᠭ᠎ᠠ
   4.1.4.1 Ⅳ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ
    ᠳᠣᠣᠷ᠎ᠠ ᠵᠢᠭᠰᠠᠭ᠋ᠠᠭᠰᠠᠨ ᠨᠥᠬᠦᠴᠡᠯ᠎ᠤᠨ ᠨᠢᠭᠡ᠎ᠳᠤ᠎ᠨᠢ ᠨᠡᠶ᠋ᠢᠴᠡᠭᠰᠡᠨ ᠪᠠᠢ᠍ᠪᠠᠯ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ Ⅳ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄
   (1) ᠡᠩ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠴᠤ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠬᠤᠰᠢᠭᠤ ᠰᠢᠶᠠᠨ᠎ᠤ ᠱᠠᠲᠤᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
   (2) ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩ᠎ᠤᠨ ᠬᠡᠷᠡᠭ (Ⅳ ᠳᠡᠰ)᠎ᠤᠨ ᠳᠡᠰ᠎ᠲᠤ ᠨᠡᠶ᠋ᠢᠴᠡᠭᠰᠡᠨ ᠪᠤᠰᠤᠳ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠃
   4.1.4.2 Ⅳ ᠳᠡᠰ᠎ᠤᠨ ᠳᠠᠭ᠋ᠠᠬᠤ ᠠᠵᠢᠯᠯᠠᠭ᠋ᠠᠨ
    ᠬᠤᠰᠢᠭᠤ ᠰᠢᠶᠠᠨ (ᠬᠤᠲᠠ᠂ ᠲᠣᠭᠤᠷᠢᠭ)᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠩ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠬᠣᠯᠪᠣᠭᠳᠠᠯ ᠪᠦᠬᠦᠢ ᠵᠢᠭ᠋ᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠬᠤᠰᠢᠭᠤ ᠰᠢᠶᠠᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠵᠢᠯ᠎ᠢ ᠳᠠᠷᠤᠢ᠍ᠬᠠᠨ ᠡᠬᠢᠯᠡᠭᠦᠯᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠶ᠋ᠢᠭᠤᠯᠤᠮᠵᠢ ᠵᠢ ᠳᠠᠷᠤᠢ ᠲᠦᠷᠭᠡᠨ ᠵᠣᠬᠢᠶᠠᠨ ᠪᠠᠶ᠋ᠢᠭᠤᠯᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠲᠤᠬᠠᠢ ᠵᠢᠨ ᠲᠠᠯᠠᠪᠠᠢ ᠵᠢᠨ ᠠᠪᠤᠷᠠᠨ ᠵᠠᠰᠠᠬᠤ ᠠᠵᠢᠯ᠎ᠢ ᠥᠷᠨᠢᠭᠦᠯᠵᠦ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶ᠋ᠢᠳᠠᠯ᠎ᠢ ᠨᠤᠲᠠᠯᠠᠨ ᠲᠣᠭᠲᠠᠭ᠋ᠠᠬᠤ ᠪᠠ ᠦᠨᠡᠯᠡᠨ ᠵᠢᠱ᠌ᠢᠬᠦ ᠵᠢᠨ ᠬᠠᠮᠲᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠣᠭᠤᠳᠬᠤ ᠪᠠᠶ᠋ᠢᠭᠤᠯᠤᠮᠵᠢ᠎ᠳᠤ ᠬᠤᠯᠪᠣᠭᠳᠠᠯ ᠪᠦᠬᠦᠢ ᠰᠢᠢ᠍ᠳᠪᠦᠷᠢᠯᠡᠭᠰᠡᠨ ᠪᠠᠶ᠋ᠢᠳᠠᠯ᠎ᠢ ᠮᠡᠳᠡᠭᠦᠯᠦᠨ᠎ᠡ᠃
    ᠠᠶ᠋ᠢᠮᠠᠭ ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠴᠢᠬᠤᠯᠠᠲᠠᠢ ᠦᠶ᠎ᠡ᠎ᠳᠤ ᠳᠠᠷᠤᠢ ᠲᠦᠷᠭᠡᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠳᠤ ᠮᠡᠷᠭᠡᠵᠢᠯ᠎ᠤᠨ ᠵᠢᠯᠣᠭᠤᠳᠤᠯᠭ᠎ᠠ ᠥᠭᠬᠦ ᠬᠡᠷᠡᠭᠲᠡᠢ᠃
   4.2 ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠴᠢ ᠵᠢᠯᠣᠭᠤᠳᠤᠯᠭ᠎ᠠ
    ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠩᠬᠢ᠎ᠨᠢ ᠠᠪᠤᠷᠠᠨ ᠲᠤᠰᠠᠯᠠᠬᠤ ᠵᠠᠷᠯᠢᠭ ᠵᠢᠭ᠋ᠠᠪᠤᠷᠢ ᠵᠢ ᠲᠣᠰᠣᠭᠰᠠᠨ᠎ᠤ ᠳᠠᠷᠠᠭ᠎ᠠ ᠴᠠᠭ ᠲᠤᠬᠠᠢ᠎ᠳᠤ᠎ᠨᠢ ᠲᠤᠬᠠᠢ ᠵᠢᠨ ᠲᠠᠯᠠᠪᠠᠢ᠎ᠳᠤ ᠬᠦᠷᠬᠦ ᠵᠢᠨ ᠬᠠᠮᠲᠤ ᠲᠤᠬᠠᠢ ᠵᠢᠨ ᠲᠠᠯᠠᠪᠠᠢ ᠵᠢᠨ ᠪᠠᠶ᠋ᠢᠳᠠᠯ᠎ᠢ ᠦᠨᠳᠦᠰᠦᠯᠡᠨ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠪᠥᠬᠦ ᠬᠦᠴᠦᠨ ᠵᠶ᠋ᠠᠷ ᠵᠶ᠋ᠠᠨ ᠥᠷᠨᠢᠭᠦᠯᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠶᠠᠪᠤᠴᠠ᠎ᠳᠤ᠂ ᠢᠳᠡᠪᠬᠢᠲᠡᠢ᠎ᠪᠠᠷ ᠠᠪᠤᠷᠠᠨ ᠵᠠᠰᠠᠬᠤ ᠬᠡᠷᠡᠭᠲᠡᠢ ᠮᠥᠷᠲᠡᠭᠡᠨ ᠥᠪᠡᠷ᠎ᠢ᠎ᠪᠠᠨ ᠬᠠᠮᠠᠭ᠋ᠠᠯᠠᠬᠤ ᠵᠢ ᠪᠠᠰᠠ ᠠᠩᠬᠠᠷᠴᠤ᠂ ᠠᠮᠤᠷ ᠲᠦᠪᠰᠢᠨ ᠵᠶ᠋ᠠᠨ ᠦᠨᠡᠨ ᠬᠦ᠌ ᠪᠠᠲᠤᠯᠠᠬᠤ ᠬᠡᠷᠡᠭᠲᠡᠢ᠃
    ᠲᠤᠬᠠᠢ ᠵᠢᠨ ᠲᠠᠯᠠᠪᠠᠢ ᠵᠢᠨ ᠪᠠᠶ᠋ᠢᠳᠠᠯ᠎ᠢ ᠴᠠᠭ ᠲᠤᠬᠠᠢ᠎ᠳᠤ᠎ᠨᠢ ᠣᠨᠣᠪᠴᠢᠲᠠᠢ᠎ᠪᠠᠷ ᠡᠵᠡᠮᠰᠢᠨ᠂ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠵᠤ ᠵᠢᠯᠣᠭᠤᠳᠬᠤ ᠠᠵᠢᠯ᠎ᠢ ᠰᠠᠶ᠋ᠢᠲᠤᠷ ᠬᠢᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠪᠤᠰᠢᠭᠤ ᠲᠦᠷᠭᠡᠨ᠂ ᠡᠮᠬᠢ ᠵᠢᠷᠤᠮ᠎ᠲᠠᠢ᠂ ᠥᠨᠳᠥᠷ ᠪᠦᠲᠦᠮᠵᠢᠲᠡᠢ᠎ᠪᠠᠷ ᠶᠠᠪᠤᠭᠳᠠᠭᠤᠯᠬᠤ ᠵᠢᠨ ᠲᠤᠰᠠᠳᠠ᠂ ᠬᠤᠯᠪᠣᠭᠳᠠᠯ ᠪᠦᠬᠦᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠡᠷᠡᠭ ᠭᠠᠷᠤᠭᠰᠠᠨ ᠲᠤᠬᠠᠢ ᠵᠢᠨ ᠲᠠᠯᠠᠪᠠᠢ᠎ᠳᠤ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠤᠳᠬᠤ ᠭᠠᠵᠠᠷ᠎ᠢ ᠲᠣᠬᠢᠷᠠᠭᠤᠯᠵᠤ᠂ ᠭᠤᠣᠯ ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠴᠤ ᠪᠠᠢ᠍ᠭ᠎ᠠ ᠤᠳᠤᠷᠢᠳᠤᠯᠭ᠎ᠠ ᠪᠡᠶ᠎ᠡ᠎ᠪᠠᠷ ᠵᠶ᠋ᠠᠨ ᠲᠤᠬᠠᠢ ᠵᠢᠨ ᠲᠠᠯᠠᠪᠠᠢ᠎ᠳᠤ ᠬᠦᠷᠴᠦ᠂ ᠡᠮᠦᠨ᠎ᠡ ᠹᠷᠤᠨᠲ᠎ᠲᠤ ᠬᠦᠷᠴᠦ ᠵᠢᠯᠣᠭᠤᠳᠴᠤ᠂ ᠳᠤᠮᠳᠠᠬᠢ ᠭᠤᠭᠴᠤᠭ᠎ᠠ ᠵᠢ ᠪᠠᠭ᠋ᠠᠰᠬᠠᠨ᠂ ᠰᠢᠢ᠍ᠳᠪᠦᠷᠢᠯᠡᠴᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠪᠤᠷᠠᠨ ᠲᠤᠰᠠᠯᠠᠬᠤ ᠠᠬᠢᠴᠠ ᠵᠢ ᠲᠦᠷᠭᠡᠳᠬᠡᠬᠦ ᠬᠡᠷᠡᠭᠲᠡᠢ᠃ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠤᠳᠬᠤ ᠭᠠᠵᠠᠷ᠎ᠨᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠵᠢᠯᠣᠭᠤᠳᠬᠤ ᠪᠠᠶ᠋ᠢᠭᠤᠯᠤᠮᠵᠢ ᠵᠢᠨ ᠤᠳᠤᠷᠢᠳᠤᠯᠭ᠎ᠠ ᠵᠢ ᠬᠦᠯᠢᠶᠡᠵᠦ᠂ ᠲᠤᠬᠠᠢ ᠵᠢᠨ ᠲᠠᠯᠠᠪᠠᠢ ᠵᠢᠨ ᠡᠯ᠎ᠡ ᠠᠪᠤᠷᠠᠨ ᠲᠤᠰᠠᠯᠠᠬᠤ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠪᠠ ᠵᠣᠬᠢᠴᠠᠭᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃
   4.2.1 ᠲᠤᠬᠠᠢ ᠵᠢᠨ ᠲᠠᠯᠠᠪᠠᠢ᠎ᠳᠤ ᠲᠦᠷᠭᠡᠨ ᠠᠪᠤᠷᠠᠬᠤ
    ᠲᠤᠬᠠᠢ ᠵᠢᠨ ᠲᠠᠯᠠᠪᠠᠢ᠎ᠳᠤ ᠬᠥᠷᠥᠭᠰᠡᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠩᠬᠢ᠎ᠨᠢ ᠲᠤᠬᠠᠢ ᠵᠢᠨ ᠲᠠᠯᠠᠪᠠᠢ ᠵᠢᠨ ᠲᠤᠰᠬᠠᠢ ᠠᠪᠤᠷᠠᠨ ᠲᠤᠰᠠᠯᠠᠬᠤ ᠠᠩᠬᠢ᠎ᠯᠤᠭ᠎ᠠ ᠵᠣᠬᠢᠴᠠᠯᠳᠤᠨ ᠬᠠᠮᠵᠢᠯᠴᠠᠵᠤ᠂ ᠰᠢᠷᠬᠠᠲᠤᠭᠰᠠᠳ᠎ᠢ ᠳᠠᠷᠤᠢ ᠲᠦᠷᠭᠡᠨ ᠠᠶᠤᠯᠲᠠᠢ ᠣᠷᠣᠨ᠎ᠠᠴᠠ ᠰᠢᠯᠵᠢᠭᠦᠯᠦᠨ ᠵᠥᠭᠡᠭᠡᠵᠦ ᠭᠠᠷᠭ᠋ᠠᠨ᠂ 《ᠤᠷᠢᠳ ᠵᠶ᠋ᠠᠷ ᠠᠮᠢ ᠵᠢ᠎ᠨᠢ ᠠᠪᠤᠷᠠᠵᠤ ᠳᠠᠷᠠᠭ᠎ᠠ᠎ᠨᠢ ᠰᠢᠷᠬ᠎ᠠ ᠵᠢ᠎ᠨᠢ ᠠᠨᠠᠭ᠋ᠠᠬᠤ᠂ ᠤᠷᠢᠳ ᠵᠶ᠋ᠠᠷ ᠬᠦᠨᠳᠦ ᠰᠢᠷᠬᠠᠲᠤᠭᠰᠠᠨ᠎ᠢ᠎ᠨᠢ ᠳᠠᠷᠠᠭ᠎ᠠ᠎ᠨᠢ ᠬᠥᠩᠭᠡᠨ ᠰᠢᠷᠬᠠᠲᠤᠭᠰᠠᠨ᠎ᠢ᠎ᠨᠢ ᠠᠪᠤᠷᠠᠬᠤ》 ᠵᠠᠷᠴᠢᠮ ᠵᠶ᠋ᠠᠷ ᠠᠵᠢᠯ ᠵᠶ᠋ᠠᠨ ᠥᠷᠨᠢᠭᠦᠯᠦᠨ᠂ ᠣᠯᠠᠨ ᠤᠯᠤᠰ᠎ᠤᠨ ᠨᠢᠭᠡᠳᠦᠯᠲᠡᠢ ᠪᠠᠷᠢᠮᠵᠢᠶ᠎ᠠ ᠶᠣᠰᠣᠭ᠋ᠠᠷ ᠰᠢᠷᠬᠠᠲᠠᠨ ᠡᠪᠡᠳᠴᠢᠲᠡᠨ᠎ᠤ ᠰᠢᠷᠬ᠎ᠠ ᠵᠢ᠎ᠨᠢ ᠪᠠᠢ᠍ᠴᠠᠭ᠋ᠠᠬᠤ᠎ᠳᠤ᠎ᠪᠠᠨ ᠲᠥᠷᠥᠯ ᠬᠤᠪᠢᠶᠠᠨ᠂ 《ᠨᠣᠭᠤᠭ᠋ᠠᠨ᠂ ᠰᠢᠷ᠎ᠠ᠂ ᠤᠯᠠᠭ᠋ᠠᠨ᠂ ᠬᠠᠷ᠎ᠠ》 ᠳᠥᠷᠪᠡᠨ ᠵᠦᠢ᠍ᠯ᠎ᠤᠨ ᠥᠩᠭᠡ᠎ᠪᠠᠷ ᠲᠣᠰ ᠲᠣᠰ ᠬᠥᠩᠭᠡᠨ᠂ ᠬᠦᠨᠳᠦ᠂ ᠬᠦᠨᠳᠦ ᠲᠦᠭᠰᠢᠭᠦᠷᠢ᠎ᠲᠠᠢ ᠰᠢᠷᠬᠠᠲᠠᠨ ᠡᠪᠡᠳᠴᠢᠲᠡᠨ ᠪᠠ ᠨᠠᠰᠤ ᠪᠠᠷᠠᠭᠰᠠᠨ ᠬᠥᠮᠥᠰ᠎ᠲᠤ ᠢᠯᠭ᠋ᠠᠬᠤ ᠲᠡᠮᠳᠡᠭ (ᠰᠦᠯᠢᠶᠣᠣ ᠮᠠᠲ᠋ᠧᠷᠢᠶᠠᠯ᠎ᠤᠨ ᠪᠠᠭᠤᠪᠴᠢ᠎ᠪᠠᠷ ᠲᠥᠷᠥᠯ ᠬᠤᠪᠢᠶᠠᠬᠤ ᠲᠡᠮᠳᠡᠭ᠎ᠢ ᠵᠣᠬᠢᠶᠠᠨ᠎ᠠ) ᠬᠠᠳᠠᠵᠤ᠂ ᠰᠢᠷᠬᠠᠲᠠᠨ ᠡᠪᠡᠳᠴᠢᠲᠡᠨ ᠪᠤᠶᠤ ᠨᠠᠰᠤ ᠪᠠᠷᠠᠭᠰᠠᠨ ᠬᠥᠮᠥᠰ᠎ᠤᠨ ᠪᠠᠭᠤᠤ ᠪᠤᠶᠤ ᠰᠢᠯᠪᠢ ᠵᠢᠨ ᠬᠡᠰᠡᠭ᠎ᠲᠤ ᠵᠠᠩᠭᠢᠳᠤᠨ᠂ ᠳᠠᠷᠠᠭ᠋ᠠᠴᠢ ᠵᠢᠨ ᠠᠪᠤᠷᠠᠨ ᠵᠠᠰᠠᠯᠲᠠ᠎ᠳᠤ ᠢᠯᠭ᠋ᠠᠨ ᠲᠠᠨᠢᠬᠤ ᠪᠤᠶᠤ ᠵᠣᠬᠢᠬᠤ ᠠᠷᠭ᠎ᠠ ᠬᠡᠮᠵᠢᠶ᠎ᠡ ᠠᠪᠬᠤ᠎ᠳᠤ ᠳᠥᠭᠦᠮ ᠦᠵᠡᠭᠦᠯᠦᠨ᠎ᠡ᠃
   4.2.2 ᠰᠢᠷᠬᠠᠲᠤᠭᠰᠠᠳ᠎ᠢ ᠰᠢᠯᠵᠢᠭᠦᠯᠦᠨ ᠵᠥᠭᠡᠭᠡᠬᠦ
    ᠲᠤᠬᠠᠢ ᠵᠢᠨ ᠲᠠᠯᠠᠪᠠᠢ ᠵᠢᠨ ᠣᠷᠴᠢᠨ᠎ᠨᠢ ᠲᠦᠭᠰᠢᠭᠦᠷᠢᠲᠡᠢ ᠪᠤᠶᠤ ᠰᠢᠷᠬᠠᠲᠠᠨ ᠡᠪᠡᠳᠴᠢᠲᠡᠨ᠎ᠤ ᠪᠠᠶ᠋ᠢᠳᠠᠯ᠎ᠨᠢ ᠠᠷᠠᠢ ᠪᠣᠯᠣᠮᠠᠷ ᠪᠣᠯ᠂ ᠰᠢᠷᠬᠠᠲᠠᠨ ᠡᠪᠡᠳᠴᠢᠲᠡᠨ᠎ᠢ ᠲᠦᠷᠭᠡᠬᠡᠨ ᠰᠢᠯᠵᠢᠭᠦᠯᠦᠨ ᠵᠥᠭᠡᠭᠡᠬᠦ ᠵᠢᠨ ᠬᠠᠮᠲᠤ ᠳᠣᠣᠷᠠᠬᠢ ᠠᠵᠢᠯ᠎ᠤᠳ᠎ᠢ ᠰᠠᠶ᠋ᠢᠲᠤᠷ ᠬᠢᠬᠦ ᠬᠡᠷᠡᠭᠲᠡᠢ᠄
   (1) ᠨᠢᠭᠡᠨᠲᠡ ᠰᠢᠷᠬ᠎ᠠ ᠵᠢ᠎ᠨᠢ ᠪᠠᠶ᠋ᠢᠴᠠᠭ᠋ᠠᠵᠤ ᠲᠥᠷᠥᠯ ᠬᠤᠪᠢᠶᠠᠭ᠋ᠠᠳ ᠰᠢᠯᠵᠢᠭᠦᠯᠦᠨ ᠵᠥᠭᠡᠭᠡᠬᠦ᠎ᠪᠠᠷ ᠪᠠᠶ᠋ᠢᠭ᠎ᠠ ᠰᠢᠷᠬᠠᠲᠠᠨ ᠡᠪᠡᠳᠴᠢᠲᠡᠨ᠎ᠳᠤ ᠳᠠᠬᠢᠨᠲᠠ ᠪᠠᠶ᠋ᠢᠴᠠᠭ᠋ᠠᠯᠲᠠ ᠬᠢᠨ᠎ᠡ᠃ ᠬᠥᠳᠡᠯᠦᠮᠡᠯ ᠴᠢᠨᠠᠷᠲᠠᠢ ᠴᠢᠰᠤ ᠶᠡᠭᠡ ᠭᠠᠷᠤᠭᠰᠠᠨ ᠪᠤᠶᠤ ᠰᠢᠯᠵᠢᠭᠦᠯᠦᠨ ᠵᠥᠭᠡᠭᠡᠬᠦ ᠵᠠᠮ᠎ᠳᠤ᠎ᠪᠠᠨ ᠠᠮᠢ ᠨᠠᠰᠤᠨ᠎ᠤ ᠠᠶᠤᠯ ᠲᠦᠭᠰᠢᠭᠦᠷᠢ ᠭᠠᠷᠬᠤ ᠪᠣᠯᠣᠮᠵᠢ᠎ᠲᠠᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ᠎ᠢ ᠤᠷᠢᠳ ᠵᠶ᠋ᠠᠷ ᠲᠤᠬᠠᠢ ᠵᠢᠨ ᠭᠠᠵᠠᠷ᠎ᠲᠤ᠎ᠨᠢ ᠲᠦᠷᠭᠡᠨ ᠠᠪᠤᠷᠠᠵᠤ᠂ ᠡᠮᠴᠢᠯᠡᠨ ᠵᠠᠰᠠᠵᠦ᠂ ᠴᠢᠬᠤᠯᠠ ᠪᠦᠬᠦᠢ ᠵᠠᠰᠠᠯᠲᠠ ᠬᠢᠭᠰᠡᠨ᠎ᠤ ᠳᠠᠷᠠᠭ᠎ᠠ ᠰᠠᠶᠢ ᠬᠠᠷᠠᠭ᠋ᠠᠯᠵᠠᠨ ᠬᠠᠮᠠᠭ᠋ᠠᠯᠠᠭᠰᠠᠨ ᠤᠷᠢᠳᠠᠯ ᠳᠣᠣᠷ᠎ᠠ ᠰᠢᠯᠵᠢᠭᠦᠯᠦᠨ ᠵᠥᠭᠡᠭᠡᠨ᠎ᠡ᠃
   (2) ᠰᠢᠯᠵᠢᠭᠦᠯᠦᠨ ᠵᠥᠭᠡᠭᠡᠬᠦ ᠺᠠᠷᠲ᠎ᠢ ᠬᠢᠨᠠᠮᠠᠭ᠋ᠠᠢ ᠲᠠᠭᠯᠠᠵᠤ ᠬᠦᠯᠢᠶᠡᠨ ᠠᠪᠬᠤ ᠡᠮᠴᠢᠯᠡᠭᠡᠨ᠎ᠤ ᠪᠠᠶ᠋ᠢᠭᠤᠯᠤᠮᠵᠢ᠎ᠳᠤ ᠲᠤᠰᠢᠶᠠᠨ ᠥᠭᠬᠦ ᠵᠢᠨ ᠬᠠᠮᠲᠤ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠤᠳᠬᠤ ᠭᠠᠵᠠᠷ᠎ᠲᠤ ᠮᠡᠳᠡᠭᠦᠯᠵᠦ ᠬᠤᠷᠢᠶᠠᠩᠭᠤᠶ᠋ᠢᠯᠠᠭᠤᠯᠤᠨ᠎ᠠ᠃
   (3) ᠰᠢᠯᠵᠢᠭᠦᠯᠦᠨ ᠵᠥᠭᠡᠭᠡᠬᠦ ᠶᠠᠪᠤᠴᠠ᠎ᠳᠤ ᠡᠮᠴᠢ ᠰᠤᠪᠢᠯᠠᠭᠴᠢ ᠨᠠᠷ ᠡᠮᠴᠢᠯᠡᠭᠡᠨ᠎ᠤ ᠴᠢᠩᠭᠡᠯᠢᠭ᠎ᠲᠤ ᠰᠢᠷᠬᠠᠲᠠᠨ ᠡᠪᠡᠳᠴᠢᠲᠡᠨ᠎ᠤ ᠡᠪᠡᠳᠴᠢᠨ᠎ᠤ ᠪᠠᠶ᠋ᠢᠳᠠᠯ᠎ᠤᠨ ᠬᠤᠪᠢᠷᠠᠯᠲᠠ ᠵᠢ ᠡᠷᠬᠡᠪᠰᠢ ᠨᠢᠭᠲᠠ ᠠᠵᠢᠶᠠᠷᠠᠬᠤ ᠵᠢᠨ ᠬᠠᠮᠲᠤ ᠡᠮᠴᠢᠯᠡᠭᠡ ᠵᠠᠰᠠᠯᠲᠠ ᠵᠢᠨ ᠦᠷᠭᠦᠯᠵᠢᠯᠡᠨ ᠶᠠᠪᠤᠭᠳᠠᠬᠤ ᠵᠢ ᠦᠨᠡᠨ ᠬᠦ᠌ ᠪᠠᠲᠤᠯᠠᠨ᠎ᠠ᠃
   (4) ᠰᠢᠯᠵᠢᠭᠦᠯᠦᠨ ᠵᠥᠭᠡᠭᠡᠬᠦ ᠶᠠᠪᠤᠴᠠ᠎ᠳᠤ ᠰᠢᠨᠵᠢᠯᠡᠬᠦ ᠤᠬᠠᠭ᠋ᠠᠨᠴᠢ᠎ᠪᠠᠷ ᠡᠪᠲᠡᠢ ᠵᠥᠭᠡᠭᠡᠪᠦᠷᠢᠯᠡᠵᠦ᠂ ᠬᠤᠶᠠᠳᠠᠬᠢ ᠤᠳᠠᠭ᠋ᠠᠨ᠎ᠤ ᠭᠡᠮᠲᠤᠯ ᠭᠠᠷᠬᠤ᠎ᠠᠴᠠ ᠵᠠᠶ᠋ᠢᠯᠠᠰᠭᠢᠬᠦ ᠬᠡᠷᠡᠭᠲᠡᠢ᠃
   (5) ᠰᠢᠷᠬᠠᠲᠠᠨ ᠡᠪᠡᠳᠴᠢᠲᠡᠨ᠎ᠢ ᠵᠣᠬᠢᠰᠲᠠᠢ ᠰᠠᠯᠭ᠋ᠠᠨ ᠲᠣᠬᠢᠷᠠᠭᠤᠯᠬᠤ ᠪᠤᠶᠤ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠤᠳᠬᠤ ᠭᠠᠵᠠᠷ᠎ᠤᠨ ᠨᠡᠷ᠎ᠡ ᠵᠢᠭ᠋ᠠᠭᠰᠠᠨ ᠴᠡᠭ ᠵᠶ᠋ᠠᠷ ᠰᠢᠯᠵᠢᠭᠦᠯᠦᠨ ᠵᠥᠭᠡᠭᠡᠵᠦ᠂ ᠶᠠᠮᠠᠷᠪᠠ ᠡᠮᠴᠢᠯᠡᠭᠡᠨ᠎ᠤ ᠪᠠᠶ᠋ᠢᠭᠤᠯᠤᠮᠵᠢ ᠭᠡᠳ ᠶᠠᠮᠠᠷ ᠨᠢᠭᠡᠨ ᠰᠢᠯᠲᠠᠭ᠋ᠠᠨ ᠵᠶ᠋ᠠᠷ ᠰᠢᠷᠬᠠᠲᠠᠨ ᠡᠪᠡᠳᠴᠢᠲᠡᠨ᠎ᠢ ᠬᠦᠯᠢᠶᠡᠨ ᠠᠪᠬᠤ ᠪᠠ ᠡᠮᠴᠢᠯᠡᠬᠦ ᠵᠢ ᠲᠡᠪᠴᠢᠵᠦ ᠪᠣᠯᠬᠤ ᠦᠭᠡᠢ᠃
   4.3 ᠣᠶᠣᠨ ᠮᠡᠳᠡᠷᠡᠯ᠎ᠤᠨ ᠡᠷᠡᠭᠦᠯ ᠬᠠᠮᠠᠭ᠋ᠠᠯᠠᠯ᠂ ᠡᠪᠡᠳᠴᠢᠨ ᠡᠮᠬᠡᠭ᠎ᠢ ᠰᠡᠷᠭᠡᠶ᠋ᠢᠯᠡᠨ ᠬᠤᠷᠢᠭᠯᠠᠬᠤ ᠪᠠ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠠᠵᠢᠯ
    ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠤᠭᠰᠠᠨ᠎ᠤ ᠳᠠᠷᠠᠭ᠎ᠠ᠂ ᠬᠤᠯᠪᠣᠭᠳᠠᠯ ᠪᠦᠬᠦᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠠᠶ᠋ᠢᠳᠠᠯ᠎ᠢ ᠦᠨᠳᠦᠰᠦᠯᠡᠨ ᠣᠶᠣᠨ ᠮᠡᠳᠡᠷᠡᠯ᠎ᠤᠨ ᠡᠷᠡᠭᠦᠯ ᠬᠠᠮᠠᠭ᠋ᠠᠯᠠᠯ᠂ ᠡᠪᠡᠳᠴᠢᠨ ᠡᠮᠬᠡᠭ᠎ᠢ ᠰᠡᠷᠭᠡᠶ᠋ᠢᠯᠡᠨ ᠬᠤᠷᠢᠭᠯᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠵᠡᠷᠭᠡ ᠬᠤᠯᠪᠣᠭᠳᠠᠯ ᠪᠦᠬᠦᠢ ᠲᠤᠰᠬᠠᠢ ᠪᠠᠶ᠋ᠢᠭᠤᠯᠤᠮᠵᠢ ᠪᠠ ᠠᠵᠢᠯᠲᠠᠨ᠎ᠢ ᠵᠣᠬᠢᠶᠠᠨ ᠪᠠᠶ᠋ᠢᠭᠤᠯᠵᠤ᠂ ᠰᠡᠳᠭᠢᠴᠡ ᠵᠢᠨ ᠬᠢᠮᠤᠷᠠᠯ᠎ᠢ ᠵᠢᠯᠣᠭᠣᠳᠤᠨ ᠨᠥᠯᠥᠭᠡᠯᠡᠬᠦ᠂ ᠡᠷᠡᠭᠦᠯ ᠬᠠᠮᠠᠭ᠋ᠠᠯᠠᠯ᠎ᠤᠨ ᠤᠬᠠᠭ᠋ᠠᠨ᠎ᠤ ᠪᠠᠶ᠋ᠢᠴᠠᠭ᠋ᠠᠯᠲᠠ ᠪᠠ ᠦᠨᠡᠯᠡᠯᠲᠡ ᠬᠢᠬᠦ᠂ ᠡᠷᠡᠭᠦᠯ ᠬᠠᠮᠠᠭ᠋ᠠᠯᠠᠯ᠎ᠤᠨ ᠬᠠᠥᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠡᠷᠭᠡ ᠠᠵᠢᠯ᠎ᠢ ᠥᠷᠨᠢᠭᠦᠯᠵᠦ᠂ ᠪᠦᠲᠦᠮᠵᠢᠲᠡᠢ ᠰᠡᠷᠭᠡᠶ᠋ᠢᠯᠡᠨ ᠬᠤᠷᠢᠭᠯᠠᠬᠤ ᠠᠷᠭ᠎ᠠ ᠬᠡᠮᠵᠢᠶ᠎ᠡ ᠵᠢ ᠠᠪᠴᠤ᠂ ᠡᠯ᠎ᠡ ᠲᠥᠷᠥᠯ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠠᠴᠠ ᠪᠣᠯᠣᠭᠰᠠᠨ ᠳᠠᠭ᠋ᠠᠯᠲᠠ ᠪᠤᠶᠤ ᠡᠭᠦᠰᠦᠮᠡᠯ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ ᠭᠠᠷᠬᠤ ᠵᠢ ᠰᠡᠷᠭᠡᠶ᠋ᠢᠯᠡᠵᠦ᠂ ᠶᠡᠭᠡ ᠭᠠᠮᠰᠢᠭ᠎ᠤᠨ ᠳᠠᠷᠠᠭ᠎ᠠ ᠶᠡᠭᠡ ᠬᠢᠵᠢᠭ ᠡᠪᠡᠳᠴᠢᠨ ᠳᠡᠯᠭᠡᠷᠡᠬᠦ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
   4.4 ᠮᠡᠳᠡᠭᠡ ᠵᠠᠩᠬᠢ ᠵᠢ ᠮᠡᠳᠡᠭᠦᠯᠬᠦ ᠪᠠ ᠨᠡᠶ᠋ᠢᠲᠡᠯᠡᠬᠦ
    ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ (ᠥᠷᠳᠡᠭᠡ) ᠪᠠ ᠪᠤᠰᠤᠳ ᠡᠮᠴᠢᠯᠡᠭᠡᠨ᠎ᠤ ᠪᠠᠶ᠋ᠢᠭᠤᠯᠤᠮᠵᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠤᠭᠰᠠᠨ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠳᠠᠷᠤᠢ ᠲᠦᠷᠭᠡᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠥᠷᠨᠢᠭᠦᠯᠬᠦ ᠵᠢᠨ ᠬᠠᠮᠲᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠲᠦᠷᠭᠡᠨ ᠠᠪᠤᠷᠠᠭᠰᠠᠨ ᠵᠠᠷᠭᠡ ᠪᠠᠶ᠋ᠢᠳᠠᠯ᠎ᠢ ᠳᠠᠷᠤᠢ᠍ᠬᠠᠨ ᠬᠡᠷᠡᠭ ᠭᠠᠷᠤᠭᠰᠠᠨ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠢ ᠠᠷᠭ᠋ᠠᠴᠠᠬᠤ᠎ᠪᠠᠷ ᠪᠠᠶ᠋ᠢᠭᠤᠯᠤᠭᠰᠠᠨ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠤᠭᠤᠳᠬᠤ ᠭᠠᠵᠠᠷ᠎ᠲᠤ ᠮᠡᠳᠡᠭᠦᠯᠦᠨ᠎ᠡ᠃
    ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠤᠳᠬᠤ ᠭᠠᠵᠠᠷ᠎ᠠᠴᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠭᠦᠷᠭᠡ ᠵᠢ ᠳᠠᠭ᠋ᠠᠭ᠋ᠠᠨ ᠡᠭᠦᠷᠬᠡᠯᠡᠭᠰᠡᠨ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶ᠎ᠠ ᠪᠦᠬᠦᠢ ᠲᠤᠭ᠎ᠠ ᠪᠠᠷᠢᠮᠲᠠ ᠵᠢ ᠬᠤᠷᠢᠶᠠᠩᠭᠤᠶ᠋ᠢᠯᠠᠨ᠂ ᠡᠳᠦᠷ ᠪᠦᠷᠢ ᠳᠡᠭᠡᠳᠦ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠰᠢᠷᠬᠠᠲᠠᠨ ᠡᠪᠡᠳᠴᠢᠲᠡᠨ᠎ᠤ ᠪᠠᠶ᠋ᠢᠳᠠᠯ᠂ ᠡᠮᠴᠢᠯᠡᠵᠦ ᠠᠪᠤᠷᠠᠨ ᠵᠠᠰᠠᠵᠤ ᠪᠠᠶ᠋ᠢᠭ᠎ᠠ ᠠᠬᠢᠴᠠ ᠵᠡᠷᠭᠡ ᠵᠢ ᠮᠡᠳᠡᠭᠦᠯᠵᠦ᠂ ᠴᠢᠬᠤᠯᠠ ᠪᠠᠶ᠋ᠢᠳᠠᠯ᠎ᠢ ᠴᠠᠭ ᠲᠤᠬᠠᠢ᠎ᠳᠤ᠎ᠨᠢ ᠮᠡᠳᠡᠭᠦᠯᠦᠨ᠎ᠡ᠃ ᠮᠡᠳᠡᠭᠦᠯᠦᠯᠲᠡ ᠲᠣᠰᠣᠭᠰᠠᠨ ᠬᠤᠯᠪᠣᠭᠳᠠᠯ ᠪᠦᠬᠦᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠣᠭᠤᠳᠬᠤ ᠭᠠᠵᠠᠷ᠎ᠲᠤ ᠬᠤᠯᠪᠣᠭᠳᠠᠯ ᠪᠦᠬᠦᠢ ᠪᠠᠶ᠋ᠢᠳᠠᠯ᠎ᠢ ᠴᠠᠭ ᠲᠤᠬᠠᠢ᠎ᠳᠤ᠎ᠨᠢ ᠮᠡᠳᠡᠭᠦᠯᠦᠨ᠎ᠡ᠃ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠵᠢᠯᠣᠭᠤᠳᠬᠤ ᠭᠠᠵᠠᠷ᠎ᠤᠨ ᠨᠢᠭᠡᠳᠦᠯᠲᠡᠢ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠶᠣᠰᠣᠭ᠋ᠠᠷ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠮᠡᠳᠡᠭᠡ ᠵᠠᠩᠬᠢ ᠵᠢ ᠨᠡᠶ᠋ᠢᠲᠡᠯᠡᠬᠦ ᠠᠵᠢᠯ᠎ᠢ᠎ᠨᠢ ᠬᠠᠮᠵᠢᠯᠴᠠᠵᠤ ᠰᠠᠶ᠋ᠢᠲᠤᠷ ᠬᠢᠨ᠎ᠡ᠃
   4.5 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠳᠠᠭ᠋ᠠᠬᠤ ᠵᠢ ᠳᠡᠰ ᠳᠡᠪᠰᠢᠭᠦᠯᠬᠦ ᠪᠠ ᠵᠣᠭᠰᠣᠭ᠋ᠠᠬᠤ
    ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠴᠠᠭ ᠮᠥᠴᠡ ᠵᠢ ᠳᠠᠭ᠋ᠠᠯᠳᠤᠨ ᠤᠯᠠᠷᠢᠨ ᠬᠤᠪᠢᠰᠴᠤ᠂ ᠬᠦᠨᠳᠦ ᠨᠣᠴᠢ ᠵᠢᠨ ᠪᠠ ᠬᠥᠨᠥᠭᠡᠯ᠎ᠤᠨ ᠬᠡᠮᠵᠢᠶ᠎ᠡ ᠴᠦ᠍ ᠤᠯᠠᠮ ᠨᠢᠭᠡ ᠠᠯᠬᠤᠮ ᠰᠢᠷᠦᠭᠦᠰᠬᠦ ᠵᠢᠨ ᠬᠠᠮᠲᠤ ᠦᠷᠪᠢᠰᠦᠨ ᠳᠡᠯᠭᠡᠷᠡᠬᠦ ᠬᠠᠨᠳᠤᠰᠢ ᠢᠯᠡᠷᠡᠬᠦ ᠪᠤᠶᠤ ᠪᠠᠶ᠋ᠢᠳᠠᠯ᠎ᠨᠢ ᠪᠤᠳᠤᠯᠢᠶᠠᠨᠲᠠᠢ ᠪᠣᠯᠵᠤ ᠬᠤᠷᠢᠭᠯᠠᠬᠤ᠎ᠳᠤ ᠪᠡᠷᠬᠡ ᠪᠣᠯᠪᠠᠯ᠂ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠤᠨ ᠵᠢᠯᠣᠭᠤᠳᠬᠤ ᠪᠠᠶ᠋ᠢᠭᠤᠯᠤᠮᠵᠢ᠎ᠳᠤ ᠳᠠᠷᠤᠢ ᠲᠦᠷᠭᠡᠨ ᠲᠤᠰᠬᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠡᠷᠭᠡ ᠳᠡᠰ᠎ᠢ ᠴᠠᠭ ᠲᠤᠬᠠᠢ᠎ᠳᠤ᠎ᠨᠢ ᠳᠡᠭᠡᠭᠰᠢᠯᠡᠭᠦᠯᠬᠦ ᠬᠡᠷᠡᠭᠲᠡᠢ᠃
    ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠳᠠᠭᠤᠰᠴᠤ᠂ ᠰᠢᠷᠬᠠᠲᠠᠨ ᠡᠪᠡᠳᠴᠢᠲᠡᠨ ᠡᠮᠴᠢᠯᠡᠭᠡᠨ᠎ᠤ ᠪᠠᠶ᠋ᠢᠭᠤᠯᠤᠮᠵᠢ᠎ᠳᠤ ᠪᠦᠲᠦᠮᠵᠢᠲᠡᠢ ᠠᠪᠤᠷᠠᠨ ᠵᠠᠰᠠᠯᠲᠠ ᠵᠢ ᠬᠦᠯᠢᠶᠡᠵᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠠᠳᠠᠯᠢ ᠱᠠᠲᠤᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠣᠭᠤᠳᠬᠤ ᠪᠠᠶ᠋ᠢᠭᠤᠯᠤᠮᠵᠢ ᠪᠤᠶᠤ ᠠᠳᠠᠯᠢ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠨᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠳᠠᠭ᠋ᠠᠬᠤ ᠠᠵᠢᠯᠯᠠᠭ᠎ᠠ ᠳᠠᠭᠤᠰᠤᠭᠰᠠᠨ᠎ᠢ ᠨᠡᠶ᠋ᠢᠲᠡᠯᠡᠵᠦ ᠪᠣᠯᠬᠤ ᠵᠢᠨ ᠬᠠᠮᠲᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠳᠠᠭ᠋ᠠᠬᠤ ᠠᠵᠢᠯᠯᠠᠭ᠎ᠠ ᠵᠢ ᠵᠣᠭᠰᠣᠭ᠋ᠠᠭᠰᠠᠨ ᠮᠡᠳᠡᠭᠡ ᠵᠠᠩᠬᠢ ᠵᠢ ᠳᠡᠭᠡᠳᠦ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ᠎ᠡ᠃
   5 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠲᠤᠯᠠᠭ᠎ᠠ
    ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠶ᠋ᠢᠭᠤᠯᠤᠮᠵᠢ ᠪᠠ ᠡᠩᠨᠡᠭᠡᠨ᠎ᠤ ᠪᠠᠶ᠋ᠢᠭᠤᠯᠤᠯᠲᠠ ᠪᠣᠯ ᠤᠯᠤᠰ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠢ ᠰᠡᠷᠭᠡᠶ᠋ᠢᠯᠡᠨ ᠬᠤᠷᠢᠭᠯᠠᠬᠤ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠴᠢᠬᠤᠯᠠ ᠪᠦᠷᠢᠯᠳᠦᠭᠦᠨ ᠬᠡᠰᠡᠭ ᠪᠠᠶ᠋ᠢᠵᠤ᠂ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠠᠨᠳᠤ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ 《ᠡᠩ᠎ᠤᠨ ᠦᠶ᠎ᠡ ᠪᠠ ᠪᠠᠴᠢᠮ ᠦᠶ᠎ᠡ ᠵᠢ ᠤᠶᠠᠯᠳᠤᠭᠤᠯᠵᠤ᠂ ᠰᠢᠨᠲᠠᠷᠠᠰᠢ ᠦᠭᠡᠢ ᠪᠠᠶ᠋ᠢᠩᠭᠤ ᠪᠡᠯᠡᠳᠭᠡᠬᠦ》 ᠵᠠᠷᠴᠢᠮ᠎ᠢ ᠵᠢᠷᠤᠮᠯᠠᠨ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠤᠨ ᠵᠣᠬᠢᠶᠠᠨ ᠪᠠᠶ᠋ᠢᠭᠤᠯᠤᠯᠲᠠ ᠪᠠ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠩᠨᠡᠭᠡ ᠵᠢ ᠪᠠᠶ᠋ᠢᠭᠤᠯᠵᠤ᠂ ᠡᠯ᠎ᠡ ᠵᠦᠢ᠍ᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠮᠡᠷᠭᠡᠵᠢᠯ᠎ᠤᠨ ᠲᠥᠰᠥᠯ᠎ᠢ ᠲᠣᠭᠲᠠᠭ᠋ᠠᠵᠤ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ᠃
   5.1 ᠮᠡᠳᠡᠭᠡ ᠵᠠᠩᠬᠢ ᠵᠢᠨ ᠰᠢᠰᠲ᠋ᠧᠮ᠎ᠤᠨ ᠪᠠᠲᠤᠯᠠᠭ᠎ᠠ
    ᠣᠳᠣᠬᠢ ᠪᠠᠶ᠋ᠢᠭ᠎ᠠ ᠡᠬᠢ ᠪᠠᠶᠠᠯᠢᠭ᠎ᠢ ᠠᠰᠢᠭᠯᠠᠭᠰᠠᠨ ᠰᠠᠭᠤᠷᠢᠨ ᠳᠡᠭᠡᠷ᠎ᠡ᠂ ᠮᠡᠳᠡᠭᠡ ᠵᠠᠩᠬᠢᠴᠢᠯᠠᠯᠲᠠ ᠵᠢᠨ ᠮᠡᠷᠭᠡᠵᠢᠯ᠎ᠢ ᠭᠦᠢ᠍ᠴᠡᠳ ᠬᠡᠷᠡᠭᠯᠡᠵᠦ᠂ ᠥᠨᠳᠥᠷ ᠪᠦᠲᠦᠮᠵᠢᠲᠡᠢ ᠪᠥᠭᠡᠳ ᠨᠢᠭᠡᠳᠦᠯᠲᠡᠢ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠵᠢᠯᠣᠭᠤᠳᠤᠨ ᠲᠣᠬᠢᠷᠠᠭᠤᠯᠬᠤ ᠮᠡᠳᠡᠭᠡ ᠵᠠᠩᠬᠢ ᠵᠢᠨ ᠰᠢᠰᠲ᠋ᠧᠮ᠎ᠢ ᠪᠠᠶ᠋ᠢᠭᠤᠯᠵᠤ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠠᠨᠠᠭ᠋ᠠᠬᠤ ᠤᠬᠠᠭ᠋ᠠᠨ᠎ᠤ ᠪᠠᠴᠢᠮ ᠠᠪᠤᠷᠠᠨ ᠲᠤᠰᠠᠯᠠᠬᠤ ᠬᠠᠮᠢᠶ᠎ᠠ ᠪᠦᠬᠦᠢ ᠮᠡᠳᠡᠭᠡ ᠵᠠᠩᠬᠢ ᠵᠢ ᠴᠠᠭ ᠲᠤᠬᠠᠢ᠎ᠳᠤ᠎ᠨᠢ᠂ ᠣᠨᠣᠪᠴᠢᠲᠠᠢ ᠡᠵᠡᠮᠰᠢᠨ᠂ ᠲᠡᠷᠡ ᠳᠠᠷᠤᠢ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ; ᠡᠮᠴᠢᠯᠡᠭᠡᠨ᠎ᠤ ᠪᠠᠶ᠋ᠢᠭᠤᠯᠤᠮᠵᠢ ᠪᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠤᠭᠤᠷᠣ ᠬᠤᠭᠤᠷᠣᠨᠳᠤ᠎ᠪᠠᠨ ᠵᠢᠴᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠬᠤᠭᠤᠷᠣ ᠬᠤᠭᠤᠷᠣᠨᠳᠤ᠎ᠪᠠᠨ ᠮᠡᠳᠡᠭᠡ ᠵᠠᠩᠬᠢ ᠵᠢ ᠬᠠᠮᠲᠤ᠎ᠳᠤ᠎ᠪᠠᠨ ᠬᠦᠷᠲᠡᠵᠦ᠂ ᠵᠠᠷᠯᠢᠭ ᠵᠢᠭ᠋ᠠᠪᠤᠷᠢ᠎ᠨᠢ ᠲᠣᠳᠣᠷᠬᠠᠢ᠂ ᠰᠢᠰᠲ᠋ᠧᠮ᠎ᠨᠢ ᠡᠮᠬᠢ ᠵᠢᠷᠤᠮ᠎ᠲᠠᠢ᠂ ᠬᠡᠰᠡᠭ ᠵᠤᠷᠪᠤᠰ᠎ᠨᠢ ᠨᠡᠪᠲᠡᠷᠡᠯᠴᠡᠭᠰᠡᠨ᠂ ᠬᠡᠷᠡᠭᠵᠢᠭᠦᠯᠦᠯᠲᠡ᠎ᠨᠢ ᠬᠦᠴᠦᠲᠡᠢ ᠪᠠᠶ᠋ᠢᠬᠤ ᠵᠢ ᠦᠨᠡᠨ ᠬᠦ᠌ ᠪᠠᠲᠤᠯᠠᠨ᠎ᠠ᠃
   5.2 ᠲᠦᠷᠭᠡᠨ ᠠᠪᠤᠷᠠᠯᠳᠠ ᠵᠢᠨ ᠪᠠᠶ᠋ᠢᠭᠤᠯᠤᠮᠵᠢ ᠵᠢᠨ ᠪᠠᠲᠤᠯᠠᠭ᠎ᠠ
   《ᠲᠦᠷᠭᠡᠨ ᠠᠪᠤᠷᠠᠯᠳᠠ ᠵᠢᠨ ᠲᠥᠪ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ》 ᠪᠠ 《ᠡᠮᠨᠡᠯᠭᠡ ᠵᠢᠨ ᠬᠤᠷᠢᠶᠠᠨ᠎ᠳᠤ ᠣᠷᠣᠬᠤ᠎ᠠᠴᠠ ᠡᠮᠦᠨᠡᠬᠢ ᠡᠮᠴᠢᠯᠡᠭᠡᠨ᠎ᠤ ᠲᠦᠷᠭᠡᠨ ᠠᠪᠤᠷᠠᠬᠤ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠲᠥᠪ᠎ᠤᠨ ᠪᠠᠶ᠋ᠢᠭ᠎ᠠ ᠭᠠᠵᠠᠷ ᠦᠢ᠍ᠯᠡᠴᠢᠯᠡᠬᠦ ᠬᠥᠮᠥᠨ ᠠᠮᠠ ᠵᠢᠨ ᠲᠤᠭ᠎ᠠ ᠪᠠ ᠡᠮᠴᠢᠯᠡᠵᠦ ᠠᠪᠤᠷᠠᠨ ᠵᠠᠰᠠᠬᠤ ᠬᠡᠷᠡᠭᠴᠡᠭᠡ᠎ᠪᠠᠨ ᠦᠨᠳᠦᠰᠦᠯᠡᠵᠦ᠂ ᠵᠣᠬᠢᠬᠤ ᠬᠡᠪᠴᠢᠶ᠎ᠡ᠎ᠲᠠᠢ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ᠎ᠢ 1 ᠪᠠᠶ᠋ᠢᠭᠤᠯᠬᠤ ᠵᠢᠨ ᠬᠠᠮᠲᠤ᠂ ᠲᠦᠷᠭᠡᠨ ᠠᠪᠤᠷᠠᠯᠳᠠ ᠵᠢᠨ ᠲᠣᠣᠷ ᠰᠦᠯᠵᠢᠶ᠎ᠡ ᠵᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ; ᠪᠤᠰᠤᠳ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠨᠢ ᠶᠡᠷᠦᠩᠬᠡᠶ᠋ᠢᠯᠡᠭᠰᠡᠨ ᠬᠦᠴᠦᠨ ᠵᠶ᠋ᠠᠷ ᠨᠡᠯᠢᠶᠡᠳ ᠴᠢᠩᠭ᠎ᠠ ᠡᠮᠴᠢᠯᠡᠭᠡᠨ᠎ᠤ ᠪᠠᠶ᠋ᠢᠭᠤᠯᠤᠮᠵᠢ᠎ᠳᠤ ᠲᠦᠰᠢᠭᠯᠡᠨ᠂ ᠵᠣᠬᠢᠬᠤ ᠬᠡᠪᠴᠢᠶ᠎ᠡ᠎ᠲᠠᠢ ᠲᠦᠷᠭᠡᠨ ᠠᠪᠤᠷᠠᠯᠳᠠ ᠵᠢᠨ ᠪᠠᠶ᠋ᠢᠭᠤᠯᠤᠮᠵᠢ ᠵᠢ ᠪᠠᠶ᠋ᠢᠭᠤᠯᠬᠤ ᠬᠡᠷᠡᠭᠲᠡᠢ᠃
   5.3 ᠬᠢᠮᠢ ᠵᠢᠨ ᠬᠤᠣᠷᠳᠠᠯ᠂ ᠴᠥᠮ᠎ᠡ ᠪᠠ ᠰᠠᠴᠤᠷᠠᠭ᠎ᠤᠨ ᠡᠮᠴᠢᠯᠡᠭᠡᠨ᠎ᠤ ᠠᠪᠤᠷᠠᠨ ᠵᠠᠰᠠᠬᠤ ᠪᠠᠶ᠋ᠢᠭᠤᠯᠤᠮᠵᠢ ᠵᠢᠨ ᠪᠠᠲᠤᠯᠠᠭ᠎ᠠ
    ᠤᠯᠤᠰ᠎ᠤᠨ ᠨᠢᠭᠡᠳᠦᠯᠲᠡᠢ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠦᠨᠳᠦᠰᠦᠯᠡᠵᠦ᠂ 《ᠡᠩ᠎ᠤᠨ ᠦᠶ᠎ᠡ ᠪᠠ ᠪᠠᠴᠢᠮ ᠦᠶ᠎ᠡ ᠵᠢ ᠤᠶᠠᠯᠳᠤᠭᠤᠯᠬᠤ》 ᠵᠠᠷᠴᠢᠮ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠪᠤᠭᠤᠲᠤ ᠬᠤᠲᠠ ᠵᠢᠨ ᠬᠠᠪᠤᠳᠠᠷ᠎ᠤᠨ ᠡᠮᠨᠡᠯᠭᠡ ᠵᠢᠨ ᠬᠤᠷᠢᠶᠠᠨ᠎ᠳᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠴᠥᠮ᠎ᠡ ᠪᠠ ᠰᠠᠴᠤᠷᠠᠭ᠎ᠤᠨ ᠡᠮᠴᠢᠯᠡᠭᠡᠨ᠎ᠤ ᠠᠪᠤᠷᠠᠨ ᠵᠠᠰᠠᠬᠤ ᠲᠤᠰᠬᠠᠢ ᠪᠠᠶ᠋ᠢᠭᠤᠯᠤᠮᠵᠢ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠩᠬᠢ ᠵᠢ ᠲᠣᠬᠢᠷᠠᠭᠤᠯᠤᠨ᠎ᠠ; ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠳᠥᠷᠪᠡᠳᠦᠭᠡᠷ ᠡᠮᠨᠡᠯᠭᠡ ᠵᠢᠨ ᠬᠤᠷᠢᠶᠠᠨ᠎ᠳᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠢᠮᠢ ᠵᠢᠨ ᠬᠤᠣᠷᠳᠠᠯ᠎ᠤᠨ ᠡᠮᠴᠢᠯᠡᠭᠡᠨ᠎ᠤ ᠠᠪᠤᠷᠠᠨ ᠵᠠᠰᠠᠬᠤ ᠰᠠᠭᠤᠷᠢᠨ ᠭᠠᠵᠠᠷ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠩᠬᠢ ᠲᠣᠬᠢᠷᠠᠭᠤᠯᠤᠨ᠎ᠠ᠃ ᠪᠤᠰᠤᠳ ᠭᠠᠵᠠᠷ ᠣᠷᠣᠨ᠎ᠨᠢ ᠪᠣᠳᠠᠲᠤ ᠬᠦᠴᠦᠨ ᠵᠶ᠋ᠠᠷ ᠨᠡᠯᠢᠶᠡᠳ ᠴᠢᠩᠭ᠎ᠠ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶᠠᠨ᠎ᠳᠤ ᠲᠦᠰᠢᠭᠯᠡᠵᠦ ᠬᠢᠮᠢ ᠵᠢᠨ ᠬᠤᠣᠷᠳᠠᠯ᠂ ᠴᠥᠮ᠎ᠡ ᠪᠠ ᠰᠠᠴᠤᠷᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠮᠴᠢᠯᠡᠭᠡᠨ᠎ᠤ ᠠᠪᠤᠷᠠᠨ ᠵᠠᠰᠠᠬᠤ ᠲᠤᠰᠬᠠᠢ ᠰᠠᠯᠠᠭ᠎ᠠ ᠲᠠᠰᠤᠭ ᠪᠠᠶ᠋ᠢᠭᠤᠯᠬᠤ ᠬᠡᠷᠡᠭᠲᠡᠢ᠃
   5.4 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠩᠬᠢ ᠵᠢᠨ ᠪᠠᠲᠤᠯᠠᠭ᠎ᠠ
    ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠨᠠᠭ᠋ᠠᠬᠤ ᠤᠬᠠᠭ᠋ᠠᠨ᠎ᠤ ᠪᠠᠴᠢᠮ ᠠᠪᠤᠷᠠᠨ ᠲᠤᠰᠠᠯᠠᠬᠤ ᠠᠩᠬᠢ ᠵᠢ 4 ᠲᠣᠬᠢᠷᠠᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ ᠵᠢᠨ ᠬᠤᠷᠢᠶ᠎ᠠ᠂ ᠥᠪᠥᠷ ᠮᠣᠩᠭᠤᠯ᠎ᠤᠨ ᠠᠨᠠᠭ᠋ᠠᠬᠤ ᠤᠬᠠᠭ᠋ᠠᠨ᠎ᠤ ᠶᠡᠭᠡ ᠰᠤᠷᠭ᠋ᠠᠭᠤᠯᠢ ᠵᠢᠨ ᠬᠠᠷᠢᠶᠠᠲᠤ ᠡᠮᠨᠡᠯᠭᠡ ᠵᠢᠨ ᠬᠤᠷᠢᠶ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠤᠯᠤᠰ᠎ᠤᠨ ᠮᠣᠩᠭᠤᠯ ᠠᠨᠠᠭ᠋ᠠᠬᠤ ᠤᠬᠠᠭ᠋ᠠᠨ᠎ᠤ ᠡᠮᠨᠡᠯᠭᠡ ᠵᠢᠨ ᠬᠤᠷᠢᠶ᠎ᠠ ᠪᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠡᠮᠨᠡᠯᠭᠡ ᠵᠢᠨ ᠬᠤᠷᠢᠶᠠᠨ᠎ᠳᠤ ᠲᠣᠰ ᠲᠣᠰ ᠲᠣᠬᠢᠷᠠᠭᠤᠯᠤᠨ᠎ᠠ; ᠰᠡᠳᠭᠢᠴᠡ ᠵᠢᠨ ᠬᠢᠮᠤᠷᠠᠯ᠎ᠢ ᠵᠢᠯᠣᠭᠣᠳᠤᠨ ᠨᠥᠯᠥᠭᠡᠯᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠩᠬᠢ ᠵᠢ 1 ᠲᠣᠬᠢᠷᠠᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶᠣᠨ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠲᠥᠪ᠎ᠲᠤ ᠲᠣᠬᠢᠷᠠᠭᠤᠯᠤᠨ᠎ᠠ; ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠩᠬᠢ ᠵᠢ 1 ᠲᠣᠬᠢᠷᠠᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠶᠡᠷᠦᠩᠬᠡᠶ᠋ᠢᠯᠡᠭᠰᠡᠨ ᠬᠢᠨᠠᠯᠲᠠ ᠲᠠᠯᠪᠢᠬᠤ ᠪᠠᠲᠤᠯᠠᠭ᠋ᠠᠨ᠎ᠤ ᠲᠥᠪ᠎ᠲᠤ ᠲᠣᠬᠢᠷᠠᠭᠤᠯᠤᠨ᠎ᠠ; ᠭᠡᠨᠡᠳᠲᠡ ᠵᠢᠨ ᠲᠦᠷᠭᠡᠨ ᠴᠢᠨᠠᠷᠲᠠᠢ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠬᠤᠷᠢᠭᠯᠠᠬᠤ ᠠᠩᠬᠢ ᠵᠢ 1 ᠲᠣᠬᠢᠷᠠᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠳᠴᠢᠨ ᠡᠮᠬᠡᠭ᠎ᠢ ᠰᠡᠷᠭᠡᠶ᠋ᠢᠯᠡᠨ ᠬᠤᠷᠢᠭᠯᠠᠬᠤ ᠶᠡᠷᠦᠩᠬᠡᠶ᠋ᠢᠯᠡᠭᠰᠡᠨ ᠲᠥᠪ᠎ᠲᠤ ᠲᠣᠬᠢᠷᠠᠭᠤᠯᠤᠨ᠎ᠠ; ᠬᠢᠲᠠᠳ ᠠᠨᠠᠭ᠋ᠠᠬᠤ ᠤᠬᠠᠭ᠋ᠠᠨ᠎ᠤ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠩᠬᠢ ᠵᠢ 1 ᠲᠣᠬᠢᠷᠠᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ ᠵᠢᠨ ᠬᠤᠷᠢᠶᠠᠨ᠎ᠳᠤ ᠲᠣᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠩᠬᠢ ᠭᠤᠣᠯᠳᠠᠭᠤ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠦᠨᠳᠦ ᠶᠡᠭᠡ ᠵᠢᠴᠢ ᠲᠡᠭᠦᠨ᠎ᠠᠴᠠ ᠬᠦᠨᠳᠦ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠ ᠣᠷᠣᠨ᠎ᠤ ᠭᠠᠳᠠᠨᠠᠬᠢ ᠤᠯᠤᠰ᠎ᠠᠴᠠ ᠲᠣᠬᠢᠷᠠᠭᠤᠯᠤᠨ ᠲᠣᠮᠢᠯᠠᠭᠰᠠᠨ ᠳᠡᠮᠵᠢᠨ ᠲᠤᠰᠠᠯᠠᠬᠤ ᠠᠵᠢᠯᠯᠠᠭ᠎ᠠ ᠵᠢ ᠡᠭᠦᠷᠬᠡᠯᠡᠬᠦ ᠵᠢᠨ ᠬᠠᠮᠲᠤ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠢ ᠵᠢᠯᠣᠭᠤᠳᠴᠤ ᠪᠠᠶ᠋ᠢᠭ᠋ᠠᠳ ᠨᠡᠯᠢᠶᠡᠳ ᠶᠡᠭᠡ ᠵᠢᠴᠢ ᠲᠡᠭᠦᠨ᠎ᠠᠴᠠ ᠬᠥᠩᠭᠡᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠰᠠᠶ᠋ᠢᠲᠤᠷ ᠬᠢᠯᠭᠡᠨ᠎ᠡ᠃
    ᠠᠶ᠋ᠢᠮᠠᠭ ᠬᠤᠲᠠ᠂ ᠬᠤᠰᠢᠭᠤ ᠰᠢᠶᠠᠨ᠎ᠤ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠶᠡᠷᠦᠩᠬᠡᠶ᠋ᠢᠯᠡᠭᠰᠡᠨ ᠴᠢᠨᠠᠷᠲᠠᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠵᠢᠭ ᠬᠤᠪᠢᠶᠠᠷᠢ ᠠᠩᠬᠢ (ᠠᠶ᠋ᠢᠮᠠᠭ ᠬᠤᠲᠠ ᠵᠢᠨ ᠱᠠᠲᠤᠨ᠎ᠤ᠎ᠬᠢ 50 ᠬᠥᠮᠥᠨ᠎ᠠᠴᠠ ᠳᠤᠲᠠᠭᠤ ᠪᠠᠶ᠋ᠢᠯᠭ᠋ᠠᠬᠤ ᠦᠭᠡᠢ᠂ ᠬᠤᠰᠢᠭᠤ ᠰᠢᠶᠠᠨ᠎ᠤ ᠱᠠᠲᠤᠨ᠎ᠤ᠎ᠬᠢ 20 ᠬᠥᠮᠥᠨ᠎ᠠᠴᠠ ᠳᠤᠲᠠᠭᠤ ᠪᠠᠶ᠋ᠢᠯᠭ᠋ᠠᠬᠤ ᠦᠭᠡᠢ) ᠵᠢ ᠲᠣᠬᠢᠷᠠᠭᠤᠯᠬᠤ ᠵᠢᠨ ᠬᠠᠮᠲᠤ᠂ ᠲᠤᠬᠠᠢ ᠵᠢᠨ ᠭᠠᠵᠠᠷ᠎ᠤᠨ ᠣᠨᠴᠠᠯᠢᠭ᠎ᠢ᠎ᠨᠢ ᠦᠨᠳᠦᠰᠦᠯᠡᠨ᠂ ᠣᠨᠴᠠᠭ᠋ᠠᠢ ᠲᠤᠰᠬᠠᠢ ᠮᠡᠷᠭᠡᠵᠢᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠩᠬᠢ ᠵᠢ ᠪᠠᠶ᠋ᠢᠭᠤᠯᠤᠨ᠎ᠠ᠃
    ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠠᠵᠢᠯᠲᠠᠨ᠎ᠤ ᠬᠤᠪᠢᠷᠠᠯᠲᠠ ᠪᠠ ᠪᠣᠳᠠᠲᠠᠢ᠎ᠪᠠᠨ ᠦᠨᠳᠦᠰᠦᠯᠡᠵᠦ᠂ 3 ᠵᠢᠯ ᠪᠦᠷᠢ ᠨᠢᠭᠡ ᠤᠳᠠᠭ᠎ᠠ ᠡᠩᠨᠡᠭᠡ ᠵᠢᠨ ᠪᠦᠷᠢᠯᠳᠦᠭᠦᠨ ᠵᠶ᠋ᠠᠨ ᠲᠣᠬᠢᠷᠠᠭᠤᠯᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩᠨᠡᠭᠡᠨ᠎ᠤ ᠲᠣᠭᠲᠠᠭᠤᠨ ᠪᠠᠶ᠋ᠢᠬᠤ ᠵᠢ ᠪᠠᠲᠤᠯᠠᠬᠤ ᠵᠢᠨ ᠬᠠᠮᠲᠤ᠂ ᠬᠠᠮᠢᠶᠠᠷᠤᠯᠲᠠ᠎ᠪᠠᠨ ᠴᠢᠩᠳᠠᠯᠠᠵᠤ᠂ ᠪᠣᠯᠪᠠᠰᠤᠷᠠᠯ ᠪᠠ ᠰᠣᠷᠢᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠤᠨ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠵᠠᠰᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
   5.5 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ
    ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠩᠬᠢ᠂ ᠪᠠᠲᠤᠯᠠᠭ᠋ᠠᠨ᠎ᠤ ᠪᠠᠶ᠋ᠢᠭᠤᠯᠤᠮᠵᠢ᠎ᠨᠢ ᠬᠤᠯᠪᠣᠭᠳᠠᠯ ᠪᠦᠬᠦᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠵᠢᠯᠣᠭᠤᠳᠬᠤ ᠭᠠᠵᠠᠷ᠎ᠤᠨ ᠨᠢᠭᠡᠳᠦᠯᠲᠡᠢ ᠵᠢᠭ᠋ᠠᠨ ᠵᠢᠯᠣᠭᠤᠳᠤᠯᠭ᠎ᠠ ᠲᠣᠬᠢᠷᠠᠭᠤᠯᠤᠯᠲᠠ ᠳᠣᠣᠷ᠎ᠠ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠢᠳᠡᠪᠬᠢᠲᠡᠢ ᠥᠷᠨᠢᠭᠦᠯᠬᠦ ᠬᠡᠷᠡᠭᠲᠡᠢ; ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠣᠰ ᠪᠡᠯᠡᠳᠭᠡᠯ ᠲᠥᠰᠥᠯ᠎ᠤᠨ ᠱᠠᠭ᠋ᠠᠷᠳᠠᠯᠭ᠎ᠠ ᠵᠢ ᠦᠨᠳᠦᠰᠦᠯᠡᠵᠦ ᠲᠣᠰ ᠰᠠᠯᠠᠭ᠎ᠠ ᠮᠥᠴᠢᠷ᠂ ᠲᠣᠰ ᠨᠢᠭᠡᠴᠢ ᠵᠢᠨ ᠣᠨ᠎ᠤ ᠰᠣᠷᠢᠯᠲᠠ ᠵᠢᠨ ᠲᠥᠯᠥᠪᠯᠡᠭᠡ᠎ᠪᠠᠨ ᠲᠣᠭᠲᠠᠭ᠋ᠠᠵᠤ᠂ ᠰᠢᠷᠡᠭᠡᠨ᠎ᠤ ᠰᠣᠷᠢᠯᠲᠠ ᠪᠤᠶᠤ ᠪᠣᠳᠠᠲᠤ ᠪᠠᠶ᠋ᠢᠯᠳᠤᠭ᠋ᠠᠨ᠎ᠤ ᠰᠣᠷᠢᠯᠲᠠ᠂ ᠬᠡᠰᠡᠭ ᠴᠢᠳᠠᠮᠵᠢ ᠵᠢᠨ ᠰᠣᠷᠢᠯᠲᠠ ᠪᠤᠶᠤ ᠪᠥᠬᠦ ᠲᠠᠯ᠎ᠠ ᠵᠢᠨ ᠰᠣᠷᠢᠯᠲᠠ ᠵᠡᠷᠭᠡ ᠬᠡᠯᠪᠡᠷᠢ ᠵᠢ ᠠᠪᠴᠤ ᠪᠣᠯᠣᠨ᠎ᠠ᠃ ᠰᠣᠷᠢᠯᠲᠠ᠎ᠳᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠂ ᠵᠣᠬᠢᠶᠠᠨ ᠪᠠᠶ᠋ᠢᠭᠤᠯᠵᠤ ᠬᠠᠮᠢᠶᠠᠷᠬᠤ᠂ ᠲᠦᠷᠭᠡᠨ ᠲᠤᠰᠬᠠᠯ ᠭᠠᠷᠭ᠋ᠠᠬᠤ (ᠠᠩᠬᠢ ᠵᠢᠨ ᠴᠤᠭᠯᠠᠷᠠᠬᠤ᠂ ᠲᠤᠬᠠᠢ ᠵᠢᠨ ᠲᠠᠯᠠᠪᠠᠢ᠎ᠳᠤ᠎ᠨᠢ ᠠᠪᠤᠷᠠᠨ ᠵᠠᠰᠠᠬᠤ᠂ ᠰᠢᠷᠬᠠᠲᠤᠭᠰᠠᠳ᠎ᠢ ᠰᠢᠯᠵᠢᠭᠦᠯᠦᠨ ᠵᠥᠭᠡᠭᠡᠬᠦ᠂ ᠡᠮᠨᠡᠯᠭᠡ ᠵᠢᠨ ᠬᠤᠷᠢᠶᠠᠨ᠎ᠳᠤ ᠠᠪᠤᠷᠠᠨ ᠵᠠᠰᠠᠬᠤ ᠵᠡᠷᠭᠡ)᠂ ᠡᠳ᠋ ᠪᠠᠷᠠᠭ᠎ᠠ ᠨᠦᠬᠡᠴᠡᠯᠡᠬᠦ᠂ ᠰᠠᠯᠠᠭ᠎ᠠ ᠮᠥᠴᠢᠷ᠎ᠢ ᠵᠣᠬᠢᠴᠠᠭᠤᠯᠬᠤ᠂ ᠵᠠᠭᠤᠴᠢᠯᠠᠭᠤᠷ᠎ᠤᠨ ᠨᠡᠪᠲᠡᠷᠡᠯᠴᠡᠭᠡ ᠵᠢᠴᠢ ᠮᠡᠳᠡᠭᠡ ᠵᠠᠩᠬᠢᠴᠢᠯᠠᠯᠲᠠ ᠵᠢᠨ ᠬᠠᠮᠵᠢᠯᠴᠠᠭ᠎ᠠ ᠵᠡᠷᠭᠡ ᠠᠭᠤᠯᠭ᠎ᠠ᠎ᠲᠠᠢ ᠬᠤᠯᠪᠣᠭᠳᠠᠭᠤᠯᠬᠤ ᠬᠡᠷᠡᠭᠲᠡᠢ᠃
    ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠰᠣᠷᠢᠯᠲᠠ᠎ᠳᠤ ᠣᠯᠠᠨ ᠨᠡᠶ᠋ᠢᠲᠡ ᠣᠷᠣᠯᠴᠠᠬᠤ ᠴᠢᠬᠤᠯᠠᠲᠠᠢ ᠪᠣᠯ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃
   5.6 ᠡᠳ᠋ ᠪᠠᠷᠠᠭ᠎ᠠ ᠨᠥᠭᠡᠴᠡᠯᠡᠬᠦ ᠪᠠᠲᠤᠯᠠᠭ᠎ᠠ
    ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠯᠡᠭᠦᠷ᠂ ᠲᠥᠬᠦᠭᠡᠷᠦᠮᠵᠢ᠂ ᠲᠦᠷᠭᠡᠨ ᠪᠠᠶ᠋ᠢᠴᠠᠭ᠋ᠠᠨ ᠬᠡᠮᠵᠢᠬᠦ ᠬᠡᠷᠡᠭᠰᠡᠯ ᠪᠠ ᠤᠷᠪᠠᠯᠵᠢ᠂ ᠡᠷᠡᠭᠦᠯ ᠬᠠᠮᠠᠭ᠋ᠠᠯᠠᠯ᠎ᠤᠨ ᠰᠡᠷᠭᠡᠶ᠋ᠢᠯᠡᠨ ᠬᠠᠮᠠᠭ᠋ᠠᠯᠠᠬᠤ ᠬᠡᠷᠡᠭᠰᠡᠯ ᠵᠡᠷᠭᠡ ᠡᠳ᠋ ᠪᠠᠷᠠᠭ᠋ᠠᠨ᠎ᠤ ᠨᠦᠬᠡᠴᠡᠯᠡᠬᠦ ᠲᠥᠯᠥᠪᠯᠡᠭᠡ ᠵᠢᠨ ᠰᠠᠨᠠᠭᠤᠯᠭ᠎ᠠ ᠵᠢ ᠳᠤᠷᠠᠳᠤᠨ᠎ᠠ᠃ ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ (ᠡᠳ᠋ ᠪᠠᠷᠠᠭ᠎ᠠ ᠨᠦᠬᠡᠴᠡᠯᠡᠬᠦ)᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ ᠰᠠᠯᠠᠭ᠎ᠠ ᠮᠥᠴᠢᠷ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠠᠷᠠᠭ᠋ᠠᠨ᠎ᠤ ᠦᠢ᠍ᠯᠡᠳᠪᠦᠷᠢᠯᠡᠬᠦ᠂ ᠨᠦᠬᠡᠴᠡᠯᠡᠬᠦ ᠪᠠ ᠲᠣᠬᠢᠷᠠᠭᠤᠯᠤᠨ ᠵᠥᠭᠡᠭᠡᠪᠦᠷᠢᠯᠡᠬᠦ ᠵᠢ ᠵᠣᠬᠢᠶᠠᠨ ᠪᠠᠶ᠋ᠢᠭᠤᠯᠬᠤ ᠵᠢ ᠬᠠᠷᠢᠭᠤᠴᠠᠵᠤ᠂ ᠬᠠᠩᠭ᠋ᠠᠯᠭ᠎ᠠ ᠵᠢ ᠪᠠᠲᠤᠯᠠᠨ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠵᠤ᠂ ᠪᠠᠷᠠᠭ᠋ᠠᠨ᠎ᠤ ᠦᠨ᠎ᠡ ᠵᠢ ᠲᠣᠭᠲᠠᠭᠤᠨ ᠪᠠᠶ᠋ᠢᠯᠭ᠋ᠠᠨ᠎ᠠ᠃ ᠡᠮ ᠡᠮᠨᠡᠯᠭᠡ ᠵᠢᠨ ᠨᠦᠬᠡᠴᠡ ᠡᠳ᠋ ᠪᠠᠷᠠᠭ᠋ᠠᠨ᠎ᠤ ᠨᠦᠬᠡᠴᠡᠯᠡᠬᠦ᠂ ᠬᠡᠷᠡᠭᠯᠡᠬᠦ ᠵᠢ 《ᠤᠯᠤᠰ᠎ᠤᠨ ᠡᠮ ᠡᠮᠨᠡᠯᠭᠡ ᠵᠢᠨ ᠨᠦᠬᠡᠴᠡᠯᠡᠬᠦ ᠬᠠᠮᠢᠶᠠᠷᠤᠯᠲᠠ ᠵᠢᠨ ᠠᠷᠭ᠎ᠠ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮ ᠡᠮᠨᠡᠯᠭᠡ ᠵᠢᠨ ᠨᠦᠬᠡᠴᠡᠯᠡᠬᠦ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ ᠬᠡᠷᠡᠭᠵᠢᠭᠦᠯᠦᠨ᠎ᠡ᠃
   5.7 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠠᠷᠤᠳᠠᠯ᠎ᠤᠨ ᠪᠠᠲᠤᠯᠠᠭ᠎ᠠ
    ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠠᠴᠠ ᠡᠭᠦᠷᠬᠡᠯᠡᠪᠡᠰᠦ ᠵᠣᠬᠢᠬᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠬᠢᠬᠦ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ᠎ᠳᠤ ᠬᠡᠷᠡᠭᠰᠡᠬᠦ ᠴᠢᠬᠤᠯᠠᠲᠠᠢ ᠵᠠᠷᠤᠳᠠᠯ᠎ᠢ᠎ᠨᠢ ᠬᠠᠷᠢᠭᠤᠴᠠᠨ ᠲᠣᠬᠢᠷᠠᠭᠤᠯᠬᠤ ᠵᠢᠨ ᠬᠠᠮᠲᠤ᠂ ᠵᠠᠷᠤᠳᠠᠯ᠎ᠤᠨ ᠬᠡᠷᠡᠭᠯᠡᠭᠡᠨ᠎ᠤ ᠪᠠᠶ᠋ᠢᠳᠠᠯ᠎ᠳᠤ ᠬᠢᠨᠠᠯᠲᠠ ᠲᠠᠯᠪᠢᠬᠤ ᠠᠵᠢᠯ᠎ᠢ ᠰᠠᠶ᠋ᠢᠲᠤᠷ ᠬᠢᠨ᠎ᠡ᠃
    ᠪᠠᠶ᠋ᠢᠭ᠋ᠠᠯᠢ ᠵᠢᠨ ᠭᠠᠢ ᠭᠠᠮᠰᠢᠭ᠎ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠪᠠᠯ᠂ ᠡᠯ᠎ᠡ ᠱᠠᠲᠤᠨ᠎ᠤ ᠡᠳ᠋᠎ᠤᠨ ᠵᠠᠰᠠᠭ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠮᠴᠢᠯᠡᠵᠦ ᠠᠪᠤᠷᠠᠨ ᠵᠠᠰᠠᠬᠤ ᠵᠠᠷᠤᠳᠠᠯ᠎ᠢ ᠡᠭᠦᠷᠬᠡᠯᠡᠬᠦ ᠪᠤᠶᠤ ᠨᠥᠬᠦᠪᠦᠷᠢ ᠣᠯᠭᠤᠨ᠎ᠠ᠃
    ᠠᠶᠤᠯ ᠦᠭᠡᠢ ᠦᠢ᠍ᠯᠡᠳᠪᠦᠷᠢᠯᠡᠯ᠎ᠤᠨ ᠠᠳᠡᠯ᠎ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠪᠠᠯ᠂ ᠠᠳᠡᠯ ᠭᠠᠷᠤᠭᠰᠠᠨ ᠨᠢᠭᠡᠴᠢ᠎ᠨᠢ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ (ᠥᠷᠳᠡᠭᠡ) ᠪᠤᠶᠤ ᠬᠠᠮᠢᠶ᠎ᠠ ᠪᠦᠬᠦᠢ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠶᠠᠪᠤᠴᠠ᠎ᠳᠤ ᠡᠭᠦᠰᠦᠭᠰᠡᠨ ᠵᠠᠷᠤᠳᠠᠯ᠎ᠢ ᠲᠥᠯᠥᠬᠦ ᠬᠡᠷᠡᠭᠲᠡᠢ᠂ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠰᠢᠮᠳᠠᠭᠤᠯᠤᠨ ᠨᠠᠢ᠍ᠳᠠᠪᠤᠷᠢᠵᠢᠭᠤᠯᠬᠤ ᠵᠢ ᠬᠠᠷᠢᠭᠤᠴᠠᠬᠤ ᠬᠡᠷᠡᠭᠲᠡᠢ᠃
    ᠨᠡᠶ᠋ᠢᠭᠡᠮ᠎ᠤᠨ ᠠᠮᠤᠷ ᠲᠦᠪᠰᠢᠨ᠎ᠤ ᠬᠡᠷᠡᠭ᠎ᠲᠤ ᠡᠭᠦᠰᠦᠭᠰᠡᠨ ᠬᠥᠮᠥᠨ ᠬᠠᠷ᠎ᠠ ᠵᠢᠨ ᠦᠬᠦᠯ ᠰᠢᠷᠬᠠᠲᠤᠯ᠎ᠢ ᠪᠣᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠬᠠᠷᠢᠭᠤᠴᠠᠯᠭ᠋ᠠᠲᠤ ᠨᠢᠭᠡᠴᠢ ᠪᠤᠶᠤ ᠬᠠᠷᠢᠭᠤᠴᠠᠯᠭ᠋ᠠᠲᠠᠨ᠎ᠠᠴᠠ ᠡᠮᠴᠢᠯᠡᠭᠡᠨ᠎ᠤ ᠠᠪᠤᠷᠠᠨ ᠵᠠᠰᠠᠬᠤ ᠵᠠᠷᠤᠳᠠᠯ᠎ᠢ᠎ᠨᠢ ᠡᠭᠦᠷᠬᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠰᠢᠮᠳᠠᠭᠤᠯᠤᠨ ᠨᠠᠢ᠍ᠳᠠᠪᠤᠷᠢᠵᠢᠭᠤᠯᠬᠤ ᠵᠢ ᠬᠠᠷᠢᠭᠤᠴᠠᠬᠤ ᠬᠡᠷᠡᠭᠲᠡᠢ᠃ ᠡᠯ᠎ᠡ ᠱᠠᠲᠤᠨ᠎ᠤ ᠡᠳ᠋᠎ᠤᠨ ᠵᠠᠰᠠᠭ᠎ᠨᠢ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠪᠤᠶᠤ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ᠎ᠢ ᠦᠨᠳᠦᠰᠦᠯᠡᠨ ᠡᠮᠴᠢᠯᠡᠭᠡᠨ᠎ᠤ ᠠᠪᠤᠷᠠᠨ ᠵᠠᠰᠠᠬᠤ ᠵᠠᠷᠤᠳᠠᠯ᠎ᠳᠤ ᠨᠥᠬᠦᠪᠦᠷᠢ ᠣᠯᠭᠤᠵᠤ ᠪᠣᠯᠣᠨ᠎ᠠ᠃
    ᠡᠯ᠎ᠡ ᠲᠥᠷᠥᠯ᠎ᠤᠨ ᠳᠠᠭ᠋ᠠᠳᠬᠠᠯ᠎ᠤᠨ ᠪᠠᠶ᠋ᠢᠭᠤᠯᠤᠮᠵᠢ᠎ᠨᠢ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠪᠡᠶ᠎ᠡ ᠮᠠᠬᠠᠪᠤᠳ᠂ ᠡᠮᠴᠢᠯᠡᠭᠡ᠂ ᠡᠷᠡᠭᠦᠯ ᠮᠡᠨᠳᠦ ᠵᠡᠷᠭᠡ ᠳᠠᠭ᠋ᠠᠳᠬᠠᠯ᠎ᠳᠤ ᠣᠷᠣᠯᠴᠠᠭᠰᠠᠨ ᠦᠬᠦᠵᠦ ᠰᠢᠷᠬᠠᠲᠤᠭᠰᠠᠨ ᠬᠥᠮᠥᠰ᠎ᠲᠤ ᠳᠠᠭ᠋ᠠᠳᠬᠠᠯ᠎ᠤᠨ ᠲᠥᠯᠥᠪᠦᠷᠢ ᠥᠭᠬᠦ ᠠᠵᠢᠯ᠎ᠢ ᠰᠠᠶ᠋ᠢᠲᠤᠷ ᠬᠢᠨ᠎ᠡ᠃
   5.8 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠲᠤᠯᠠᠭ᠎ᠠ
    ᠡᠯ᠎ᠡ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠩᠬᠢ᠎ᠨᠢ ᠪᠣᠳᠠᠲᠠᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠠᠪᠤᠷᠠᠨ ᠰᠤᠪᠢᠯᠠᠬᠤ ᠲᠡᠷᠭᠡ ᠬᠥᠰᠭᠡ᠂ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ ᠪᠠ ᠴᠢᠮᠡᠭᠡ ᠬᠤᠯᠪᠣᠭ᠋ᠠᠨ᠎ᠤ ᠲᠥᠬᠦᠭᠡᠷᠦᠮᠵᠢ ᠵᠢ ᠲᠣᠬᠢᠷᠠᠭᠤᠯᠤᠨ᠎ᠠ᠃
    ᠲᠡᠮᠦᠷ ᠵᠠᠮ᠂ ᠵᠠᠮ ᠬᠠᠷᠢᠯᠴᠠᠭ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠳᠣᠲᠣᠭ᠋ᠠᠳᠤ ᠵᠢ ᠬᠠᠮᠠᠭ᠋ᠠᠯᠠᠬᠤ (ᠵᠠᠮ ᠬᠠᠷᠢᠯᠴᠠᠭ᠋ᠠᠨ᠎ᠤ ᠬᠠᠮᠢᠶᠠᠷᠤᠯᠲᠠ) ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠥᠮᠥᠰ ᠪᠠ ᠡᠳ᠋ ᠪᠠᠷᠠᠭ᠎ᠠ ᠲᠡᠭᠡᠭᠡᠪᠦᠷᠢᠯᠡᠬᠦ ᠵᠢ ᠤᠷᠢᠳ ᠵᠶ᠋ᠠᠷ ᠪᠠᠶ᠋ᠢᠷᠢᠯᠠᠭᠤᠯᠵᠤ᠂ ᠤᠷᠢᠳ ᠵᠶ᠋ᠠᠷ ᠲᠣᠬᠢᠷᠠᠭᠤᠯᠬᠤ᠂ ᠤᠷᠢᠳ ᠵᠶ᠋ᠠᠷ ᠶᠠᠪᠤᠭᠤᠯᠬᠤ ᠵᠢ ᠪᠠᠲᠤᠯᠠᠵᠤ᠂ ᠲᠡᠭᠡᠭᠡᠪᠦᠷᠢ ᠵᠢᠨ ᠠᠮᠤᠷ ᠲᠦᠪᠰᠢᠨ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠪᠠᠶ᠋ᠢᠳᠠᠯ ᠣᠨᠴᠠᠭ᠋ᠠᠢ ᠪᠠᠴᠢᠮ ᠦᠶ᠎ᠡ᠎ᠳᠤ᠂ ᠲᠤᠬᠠᠢ ᠵᠢᠨ ᠲᠠᠯᠠᠪᠠᠢ ᠵᠢᠴᠢ ᠬᠠᠮᠢᠶ᠎ᠠ ᠪᠦᠬᠦᠢ ᠵᠠᠮ ᠨᠡᠪᠲᠡᠷᠡᠯᠭᠡ᠎ᠳᠤ ᠵᠠᠮ ᠬᠠᠷᠢᠯᠴᠠᠭ᠋ᠠᠨ᠎ᠤ ᠬᠠᠮᠢᠶᠠᠷᠤᠨ ᠬᠤᠷᠢᠭᠯᠠᠯᠲᠠ ᠵᠢ ᠬᠡᠷᠡᠭᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ 《ᠰᠠᠭ᠋ᠠᠳ ᠦᠭᠡᠢ ᠨᠡᠪᠲᠡᠷᠡᠬᠦ ᠵᠠᠮ》 ᠭᠠᠷᠭ᠋ᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠦᠨᠡᠨ ᠬᠦ᠌ ᠪᠠᠲᠤᠯᠠᠨ᠎ᠠ᠃
   5.9 ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ
    ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠳᠤ ᠳᠡᠮᠵᠢᠯᠭᠡ ᠪᠠ ᠪᠠᠲᠤᠯᠠᠭ᠎ᠠ ᠬᠠᠩᠭ᠋ᠠᠬᠤ ᠬᠡᠷᠡᠭᠲᠡᠢ᠃
    ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ ᠭᠠᠷᠤᠭᠰᠠᠨ ᠲᠤᠬᠠᠢ ᠵᠢᠨ ᠲᠠᠯᠠᠪᠠᠢ ᠵᠢᠨ ᠠᠮᠤᠷ᠎ᠢ ᠬᠠᠮᠠᠭ᠋ᠠᠯᠠᠬᠤ ᠡᠮᠬᠢ ᠳᠢᠭᠯᠢᠮ᠂ ᠵᠠᠮ ᠬᠠᠷᠢᠯᠴᠠᠭ᠋ᠠᠨ᠎ᠤ ᠡᠮᠬᠢ ᠳᠢᠭᠯᠢᠮ᠎ᠢ ᠬᠠᠮᠠᠭ᠋ᠠᠯᠠᠵᠤ᠂ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠵᠢ᠎ᠨᠢ ᠬᠠᠷᠢᠭᠤᠴᠠᠨ᠎ᠠ᠃
    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠯᠠᠭ᠎ᠠ ᠮᠥᠴᠢᠷ᠎ᠨᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠴᠦᠨ᠎ᠢ ᠵᠣᠬᠢᠶᠠᠨ ᠪᠠᠶ᠋ᠢᠭᠤᠯᠵᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠵᠢ ᠬᠠᠷᠢᠭᠤᠴᠠᠨ᠎ᠠ᠃
    ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ (ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ) ᠵᠢᠨ ᠰᠠᠯᠠᠭ᠎ᠠ ᠮᠥᠴᠢᠷ᠎ᠨᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠯᠡᠭᠦᠷ ᠪᠠ ᠲᠥᠬᠦᠭᠡᠷᠦᠮᠵᠢ ᠵᠢᠨ ᠶᠠᠰᠤ ᠴᠢᠨᠠᠷ᠎ᠤᠨ ᠠᠮᠤᠷ ᠲᠦᠪᠰᠢᠨ᠎ᠳᠤ ᠬᠢᠨᠠᠯᠲᠠ ᠬᠠᠮᠢᠶᠠᠷᠤᠯᠲᠠ ᠲᠠᠯᠪᠢᠬᠤ ᠵᠢ ᠬᠠᠷᠢᠭᠤᠴᠠᠨ᠎ᠠ᠃
    ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠳᠠᠨ᠎ᠤ ᠨᠡᠶ᠋ᠢᠭᠡᠮᠯᠢᠭ᠎ᠨᠢ 《ᠳᠤᠮᠳᠠᠳᠤ ᠤᠯᠤᠰ᠎ᠤᠨ ᠤᠯᠠᠭ᠋ᠠᠨ ᠵᠠᠭ᠋ᠠᠯᠮᠠᠶ᠋ᠢᠳᠠᠨ᠎ᠤ ᠶᠡᠷᠦᠩᠬᠡᠢ ᠨᠡᠶ᠋ᠢᠭᠡᠮᠯᠢᠭ᠎ᠤᠨ ᠪᠠᠶ᠋ᠢᠭ᠋ᠠᠯᠢ ᠵᠢᠨ ᠭᠠᠢ ᠭᠠᠮᠰᠢᠭ ᠪᠠ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ》 ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠭᠠᠢ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ》 ᠶᠣᠰᠣᠭ᠋ᠠᠷ᠂ ᠣᠯᠠᠨ ᠲᠦᠮᠡᠨ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠲᠤᠬᠠᠢ ᠵᠢᠨ ᠲᠠᠯᠠᠪᠠᠢ᠎ᠳᠤ ᠥᠪᠡᠷ᠎ᠢ᠎ᠪᠠᠨ ᠠᠪᠤᠷᠠᠬᠤ ᠪᠠ ᠬᠠᠷᠢᠯᠴᠠᠨ ᠠᠪᠤᠷᠠᠬᠤ ᠠᠵᠢᠯ ᠥᠷᠨᠢᠭᠦᠯᠬᠦ᠂ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠵᠢ ᠬᠠᠷᠢᠭᠤᠴᠠᠨ᠎ᠠ᠃ ᠡᠭᠦᠨ᠎ᠤ ᠬᠠᠮᠲᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠤᠷᠢᠶᠠᠯᠠᠭ᠎ᠠ ᠭᠠᠷᠭ᠋ᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠥᠨ᠎ᠤ ᠬᠠᠨᠳᠢᠪ᠎ᠢ ᠬᠠᠥᠯᠢ ᠶᠣᠰᠣᠭ᠋ᠠᠷ ᠬᠦᠯᠢᠶᠡᠨ᠂ ᠪᠠᠴᠢᠮ ᠱᠠᠭ᠋ᠠᠷᠳᠠᠭᠳᠠᠬᠤ ᠬᠦᠮᠦᠯᠢᠭ ᠦᠵᠡᠯ᠎ᠤᠨ ᠲᠤᠰᠠᠯᠠᠮᠵᠢ ᠬᠠᠩᠭ᠋ᠠᠨ᠎ᠠ᠃
    ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠴᠡᠷᠢᠭ ᠠᠩᠬᠢ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠵᠤ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠴᠢ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠵᠢᠭ᠋ᠠᠪᠤᠷᠢ ᠵᠢ ᠦᠨᠳᠦᠰᠦᠯᠡᠨ᠂ ᠴᠡᠷᠢᠭ ᠠᠩᠬᠢ ᠵᠢᠨ ᠬᠤᠯᠪᠣᠭᠳᠠᠯ ᠪᠦᠬᠦᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠬᠥᠮᠥᠰ ᠪᠠ ᠬᠦᠴᠦᠨ᠎ᠢ ᠵᠣᠬᠢᠶᠠᠨ ᠪᠠᠶ᠋ᠢᠭᠤᠯᠵᠤ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠳᠡᠮᠵᠢᠬᠦ ᠪᠠ ᠲᠡᠭᠦᠨ᠎ᠳᠤ ᠬᠠᠮᠵᠢᠯᠴᠠᠨ᠎ᠠ᠃
    ᠬᠥᠬᠡᠬᠤᠲᠠ ᠪᠣᠭᠤᠮᠲᠠ᠎ᠨᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠳᠤ ᠬᠡᠷᠡᠭᠰᠡᠬᠦ ᠭᠠᠳᠠᠭ᠋ᠠᠳᠤ᠎ᠠᠴᠠ ᠣᠷᠣᠭᠤᠯᠬᠤ ᠣᠨᠴᠠ ᠵᠦᠢ᠍ᠯ᠎ᠤᠨ ᠡᠮ᠎ᠤᠨ ᠵᠦᠢ᠍ᠯ᠂ ᠤᠷᠪᠠᠯᠵᠢ᠂ ᠪᠠᠭ᠋ᠠᠵᠢ ᠬᠡᠷᠡᠭᠰᠡᠯ᠎ᠢ ᠤᠷᠢᠳ ᠵᠶ᠋ᠠᠷ ᠪᠣᠭᠤᠮᠲᠠ᠎ᠪᠠᠷ ᠨᠡᠪᠲᠡᠷᠡᠭᠦᠯᠵᠦ ᠪᠠᠶ᠋ᠢᠴᠠᠭ᠋ᠠᠨ ᠰᠢᠯᠭ᠋ᠠᠵᠤ ᠥᠩᠭᠡᠷᠡᠭᠦᠯᠬᠦ ᠠᠵᠢᠯ᠎ᠢ ᠬᠠᠷᠢᠭᠤᠴᠠᠨ᠎ᠠ᠃
   6 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ᠎ᠳᠤ ᠣᠯᠠᠨ ᠨᠡᠶ᠋ᠢᠲᠡ ᠣᠷᠣᠯᠴᠠᠬᠤ
    ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠮᠡᠳᠡᠯᠭᠡ ᠵᠢᠨ ᠲᠦᠭᠡᠮᠡᠯᠵᠢᠯ᠎ᠤᠨ ᠵᠣᠬᠢᠶᠠᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠨ᠎ᠡ; ᠥᠪᠡᠷᠲᠡᠭᠡᠨ ᠵᠠᠰᠠᠬᠤ ᠣᠷᠣᠨ ᠪᠠ ᠣᠷᠣᠨ ᠨᠤᠲᠤᠭ᠎ᠤᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠭᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ᠎ᠨᠢ ᠨᠡᠶ᠋ᠢᠭᠡᠮ ᠨᠡᠶ᠋ᠢᠲᠡ᠎ᠳᠠᠬᠢ ᠤᠬᠠᠭᠤᠯᠭ᠎ᠠ ᠬᠥᠮᠥᠵᠢᠯ ᠵᠶ᠋ᠠᠨ ᠥᠷᠭᠡᠳᠬᠡᠬᠦ ᠬᠡᠷᠡᠭᠲᠡᠢ; ᠡᠯ᠎ᠡ ᠰᠠᠯᠠᠭ᠎ᠠ ᠮᠥᠴᠢᠷ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠪᠦᠯᠬᠦᠮ᠎ᠨᠢ ᠬᠠᠷᠢᠶᠠᠲᠤ ᠬᠥᠮᠥᠰ ᠵᠶ᠋ᠠᠨ ᠤᠬᠠᠭᠤᠯᠤᠨ ᠬᠥᠮᠥᠵᠢᠭᠦᠯᠬᠦ ᠵᠢ ᠴᠢᠩᠭ᠋ᠠᠳᠬᠠᠬᠤ ᠬᠡᠷᠡᠭᠲᠡᠢ; ᠡᠯ᠎ᠡ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠢ ᠤᠬᠠᠭᠤᠯᠬᠤ ᠮᠠᠲ᠋ᠧᠷᠢᠶᠠᠯ᠎ᠢ ᠬᠠᠩᠭ᠋ᠠᠬᠤ ᠪᠠ ᠪᠠᠭᠰᠢ ᠵᠢᠨ ᠪᠣᠯᠪᠠᠰᠤᠷᠠᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠮᠡᠳᠡᠯᠭᠡ ᠵᠢ ᠥᠷᠭᠡᠨ ᠬᠡᠪᠴᠢᠶ᠎ᠡ᠎ᠪᠠᠷ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠠᠮᠤᠷ ᠲᠦᠪᠰᠢᠨ᠎ᠢ ᠬᠠᠮᠠᠭ᠋ᠠᠯᠠᠭᠴᠢ ᠪᠠ ᠡᠷᠡᠭᠦᠯ ᠬᠠᠮᠠᠭ᠋ᠠᠯᠠᠭᠴᠢ᠎ᠪᠠᠷ ᠭᠤᠣᠯᠯᠠᠬᠤ ᠬᠦᠴᠦᠨ ᠪᠣᠯᠭ᠋ᠠᠭᠰᠠᠨ ᠣᠯᠠᠨ ᠲᠦᠮᠡᠨᠴᠢ ᠴᠢᠨᠠᠷᠲᠠᠢ ᠠᠪᠤᠷᠠᠨ ᠲᠤᠰᠠᠯᠠᠬᠤ ᠲᠣᠣᠷ ᠰᠦᠯᠵᠢᠶ᠎ᠡ ᠵᠢ ᠠᠯᠬᠤᠮ ᠠᠯᠬᠤᠮ ᠵᠶ᠋ᠠᠷ ᠵᠣᠬᠢᠶᠠᠨ ᠪᠠᠶ᠋ᠢᠭᠤᠯᠤᠨ᠂ ᠪᠣᠯᠪᠠᠰᠤᠷᠠᠯ ᠪᠠ ᠰᠣᠷᠢᠯᠲᠠ᠎ᠪᠠᠷ ᠳᠠᠮᠵᠢᠨ ᠲᠡᠳᠡᠨ᠎ᠤ ᠥᠪᠡᠷ᠎ᠢ᠎ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃
   7 ᠳᠠᠭ᠋ᠠᠯᠳᠤᠭᠤᠯᠤᠯ
   7.1 ᠬᠠᠷᠢᠭᠤᠴᠠᠯᠭ᠎ᠠ ᠪᠠ ᠱᠠᠩᠨᠠᠯ ᠲᠣᠷᠭ᠋ᠠᠭᠤᠯᠢ
    ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠠᠪᠤᠷᠠᠨ ᠲᠤᠰᠠᠯᠠᠬᠤ ᠠᠵᠢᠯ᠎ᠨᠢ ᠬᠠᠷᠢᠭᠤᠴᠠᠯᠭ᠋ᠠᠲᠤ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠬᠡᠷᠡᠭᠵᠢᠭᠦᠯᠦᠨ᠎ᠡ᠃
    ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ᠎ᠤ ᠬᠠᠮᠲᠤ ᠪᠠ ᠬᠤᠪᠢ ᠬᠥᠮᠥᠨ᠎ᠢ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠠᠶ᠋ᠢᠰᠢᠶᠠᠨ ᠬᠥᠬᠢᠭᠦᠯᠬᠦ ᠪᠠ ᠱᠠᠩᠨᠠᠯ ᠣᠯᠭᠤᠨ᠎ᠠ᠃
    ᠬᠠᠷᠢᠭᠤᠴᠠᠯᠭ᠎ᠠ᠎ᠪᠠᠨ ᠠᠯᠳᠠᠵᠤ᠂ ᠲᠤᠰᠢᠶᠠᠯ ᠵᠶ᠋ᠠᠨ ᠭᠤᠲᠤᠭ᠋ᠠᠭᠰᠠᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠲᠥᠪ ᠴᠢᠩᠭ᠎ᠠ᠎ᠪᠠᠷ ᠬᠠᠷᠢᠭᠤᠴᠠᠯᠭ᠎ᠠ ᠨᠡᠬᠡᠮᠵᠢᠯᠡᠨ᠎ᠡ᠂ ᠶᠠᠯ᠎ᠠ᠎ᠳᠤ ᠬᠥᠷᠥᠭᠰᠡᠨ ᠪᠠᠶ᠋ᠢᠪᠠᠯ᠂ ᠬᠠᠥᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   7.2 ᠪᠡᠯᠡᠳᠭᠡᠯ ᠲᠥᠰᠥᠯ᠎ᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ
    ᠲᠣᠰ ᠪᠡᠯᠡᠳᠭᠡᠯ ᠲᠥᠰᠥᠯ᠎ᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠵᠣᠬᠢᠶᠠᠨ ᠪᠠᠶ᠋ᠢᠭᠤᠯᠵᠤ ᠲᠣᠭᠲᠠᠭ᠋ᠠᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ ᠨᠡᠶ᠋ᠢᠲᠡᠯᠡᠨ᠎ᠡ᠃ ᠡᠯ᠎ᠡ ᠭᠠᠵᠠᠷ ᠣᠷᠣᠨ᠎ᠨᠢ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠣᠰ ᠭᠠᠵᠠᠷ ᠣᠷᠣᠨ᠎ᠤ᠎ᠪᠠᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ᠎ᠢ ᠲᠣᠭᠲᠠᠭ᠋ᠠᠬᠤ ᠵᠢᠨ ᠬᠠᠮᠲᠤ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ᠎ᠪᠠᠨ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ ᠨᠡᠶ᠋ᠢᠲᠡᠯᠡᠵᠦ ᠪᠣᠯᠣᠨ᠎ᠠ᠃
    ᠲᠣᠰ ᠪᠡᠯᠡᠳᠭᠡᠯ ᠲᠥᠰᠥᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠲᠣᠭᠲᠠᠭ᠋ᠠᠵᠤ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢ ᠬᠡᠷᠡᠭᠵᠢᠭᠦᠯᠬᠦ ᠶᠠᠪᠤᠴᠠ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ᠎ᠢ ᠦᠨᠳᠦᠰᠦᠯᠡᠨ ᠴᠠᠭ ᠲᠤᠬᠠᠢ᠎ᠳᠤ᠎ᠨᠢ ᠵᠠᠰᠠᠪᠤᠷᠢ ᠣᠷᠣᠭᠤᠯᠵᠤ᠂ ᠨᠥᠬᠦᠪᠦᠷᠢᠯᠡᠨ᠎ᠡ᠃
   7.3 ᠪᠡᠯᠡᠳᠭᠡᠯ ᠲᠥᠰᠥᠯ᠎ᠳᠤ ᠲᠠᠶ᠋ᠢᠯᠪᠤᠷᠢ ᠥᠭᠬᠦ ᠰᠠᠯᠠᠭ᠎ᠠ ᠮᠥᠴᠢᠷ
    ᠲᠣᠰ ᠪᠡᠯᠡᠳᠭᠡᠯ ᠲᠥᠰᠥᠯ᠎ᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
   7.4 ᠪᠡᠯᠡᠳᠭᠡᠯ ᠲᠥᠰᠥᠯ᠎ᠤᠨ ᠬᠡᠷᠡᠭᠵᠢᠭᠦᠯᠬᠦ ᠬᠤᠭᠤᠴᠠᠭ᠎ᠠ
    ᠲᠣᠰ ᠪᠡᠯᠡᠳᠭᠡᠯ ᠲᠥᠰᠥᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ〉 ᠪᠠ 〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠦᠰᠦᠭ [2006] 364 ᠳ᠋ᠦ᠍ᠭᠡᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃
   2023 ᠤᠨ᠎ᠤ 12 ᠳ᠋ᠤᠭ᠋ᠠᠷ ᠰᠠᠷ᠎ᠠ ᠵᠢᠨ 21᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠳᠠᠭ᠋ᠠᠭ᠋ᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ᠎ᠤ ᠬᠥᠮᠥᠷᠭᠡ ᠪᠠ ᠲᠤᠰᠬᠠᠢ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ
ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠢᠨᠵᠧᠨᠧᠷᠢᠩ᠎ᠤᠨ ᠬᠢᠨᠠᠨ ᠵᠥᠪᠰᠢᠶᠡᠷᠡᠵᠦ ᠪᠦᠲᠦᠭᠡᠨ ᠪᠠᠶ᠋ᠢᠭᠤᠯᠬᠤ ᠵᠢ ᠲᠦᠷᠭᠡᠳᠬᠡᠬᠦ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠵᠠᠰᠠᠭ ᠠᠯᠪᠠᠨ ᠲᠠᠷᠬᠠᠭ᠋ᠠᠭᠰᠠᠨ [2023] 10 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠬᠤ ᠤᠷᠤᠭᠰᠢᠯᠠᠨ ᠳᠠᠪᠰᠢᠬᠤ᠎ᠪᠠᠷ ᠲᠣᠭᠲᠠᠭᠤᠨ᠎ᠢ ᠠᠬᠢᠭᠤᠯᠬᠤ ᠵᠢ ᠪᠠᠷᠢᠮᠲᠠᠯᠠᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠣᠳᠣᠷᠬᠠᠢ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
2024 ᠣᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢ ᠳᠣᠷᠣᠭᠰᠢ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
            