ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 1 ᠳ᠋ᠦ᠍ᠭᠡᠷ ᠲᠣᠭ᠋ᠠᠲᠤ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠵᠤ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
2024 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ
ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠠᠷᠭ᠎ᠠ ᠮᠠᠶᠢᠭ᠎ᠲᠤ ᠤᠯᠠᠮ ᠨᠢᠭᠡ ᠠᠯᠬᠤᠮ ᠰᠢᠨ᠎ᠡ ᠵᠢ ᠡᠭᠦᠳᠴᠦ᠂ ᠵᠠᠰᠠᠭ᠎ᠤᠨ ᠣᠷᠳᠣᠨ᠎ᠤ ᠪᠡᠯᠡ ᠮᠥᠩᠭᠦ ᠵᠢᠨ ᠬᠥᠲᠥᠯᠥᠨ ᠵᠢᠯᠤᠭᠤᠳᠬᠤ ᠦᠢ᠍ᠯᠡᠳᠦᠯ ᠪᠠ ᠳᠠᠶ᠋ᠢᠴᠢᠯᠠᠨ ᠳᠠᠭ᠋ᠠᠭᠤᠯᠬᠤ ᠨᠥᠯᠥᠭᠡᠯᠡᠯ᠎ᠢ᠎ᠨᠢ ᠪᠠᠳᠠᠷᠠᠭᠤᠯᠤᠨ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠪᠠᠶ᠋ᠢᠭᠤᠯᠬᠤ᠂ ᠠᠵᠢᠯᠯᠠᠭᠤᠯᠬᠤ ᠪᠠ ᠬᠢᠨᠠᠨ ᠬᠠᠮᠢᠶᠠᠷᠬᠤ ᠠᠵᠢᠯ᠎ᠢ ᠵᠢᠷᠤᠮᠵᠢᠭᠤᠯᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠥᠪ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠷᠰᠢᠭᠰᠠᠨ ᠠᠵᠤ ᠠᠬᠤᠶ᠋ᠢᠯᠠᠯ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠬᠠᠤᠯᠢ》᠂ 《ᠬᠤᠪᠢ᠎ᠪᠠᠷ ᠵᠶ᠋ᠠᠨ ᠵᠣᠭᠤᠰ ᠴᠤᠭᠯᠠᠭᠤᠯᠤᠭᠰᠠᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠬᠢᠨᠠᠯᠲᠠ ᠬᠠᠮᠢᠶᠠᠷᠤᠯᠲᠠ ᠵᠢᠨ ᠳᠦᠷᠢᠮ》 (ᠲᠥᠷᠥ ᠵᠢᠨ ᠶᠠᠪᠤᠳᠠᠯ᠎ᠤᠨ ᠬᠤᠷᠢᠶᠠᠨ᠎ᠤ 762 ᠳ᠋ᠤᠭ᠋ᠠᠷ ᠲᠣᠭ᠋ᠠᠲᠤ ᠵᠠᠷᠯᠢᠭ) ᠵᠢᠴᠢ 《〈ᠵᠠᠰᠠᠭ᠎ᠤᠨ ᠣᠷᠳᠣᠨ᠎ᠠᠴᠠ ᠪᠡᠯᠡ ᠭᠠᠷᠭ᠋ᠠᠭᠰᠠᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠮᠡᠳᠡᠭᠳᠡᠯ》 (ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠦᠨ᠎ᠤ ᠲᠣᠭᠲᠠᠭ᠋ᠠᠯ [2016] 2800 ᠳ᠋ᠤᠭ᠋ᠠᠷ ᠲᠣᠭ᠋ᠠᠲᠤ)᠂ 《〈ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠲᠦᠷ ᠬᠡᠷᠡᠭᠵᠢᠭᠦᠯᠬᠦ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠳ᠋ ᠲᠥᠰᠥᠪ [2015] 210 ᠳ᠋ᠤᠭ᠋ᠠᠷ ᠲᠣᠭ᠋ᠠᠲᠤ)᠂ ᠡᠳ᠋᠎ᠤᠨ ᠵᠠᠰᠠᠭ᠎ᠤᠨ ᠶᠠᠮᠤᠨ᠎ᠤ 《ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠰᠠᠭᠤᠷᠢ ᠮᠥᠩᠭᠦᠨ᠎ᠤ ᠬᠠᠮᠢᠶᠠᠷᠤᠯᠲᠠ ᠵᠢ ᠴᠢᠩᠭ᠋ᠠᠳᠬᠠᠵᠤ ᠡᠳ᠋᠎ᠤᠨ ᠵᠠᠰᠠᠭ᠎ᠤᠨ ᠪᠡᠯᠡ ᠭᠠᠷᠭ᠋ᠠᠭᠰᠠᠨ ᠦᠷ᠎ᠡ ᠠᠰᠢᠭ᠎ᠢ ᠳᠡᠭᠡᠭᠰᠢᠯᠡᠭᠦᠯᠬᠦ ᠲᠤᠬᠠᠢ ᠮᠡᠳᠡᠭᠳᠡᠯ》 (ᠡᠳ᠋ ᠲᠥᠰᠥᠪ [2020] 7 ᠳ᠋ᠤᠭ᠋ᠠᠷ ᠲᠣᠭ᠋ᠠᠲᠤ) ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠥᠰᠥᠪ᠎ᠤᠨ ᠲᠣᠬᠢᠷᠠᠭᠤᠯᠤᠯᠲᠠ᠎ᠪᠠᠷ ᠳᠠᠮᠵᠢᠭᠤᠯᠤᠨ᠂ ᠲᠤᠰᠠᠭ᠋ᠠᠷ ᠪᠡᠯᠡ ᠭᠠᠷᠭ᠋ᠠᠬᠤ ᠪᠤᠶᠤ ᠨᠡᠶ᠋ᠢᠭᠡᠮ᠎ᠤᠨ ᠬᠥᠷᠥᠩᠭᠡᠯᠦᠭᠡ ᠬᠠᠮᠲᠤ᠎ᠪᠠᠷ ᠪᠡᠯᠡ ᠭᠠᠷᠭ᠋ᠠᠵᠤ ᠪᠠᠶ᠋ᠢᠭᠤᠯᠤᠨ᠂ ᠨᠡᠶ᠋ᠢᠭᠡᠮ᠎ᠤᠨ ᠡᠯ᠎ᠡ ᠲᠥᠷᠥᠯ᠎ᠤᠨ ᠬᠥᠷᠥᠩᠭᠡ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯᠳᠠᠯᠭ᠎ᠠ᠎ᠲᠠᠢ ᠬᠦᠷᠢᠶ᠎ᠡ ᠪᠠ ᠪᠠᠭᠤᠷᠠᠢ ᠭᠤᠭᠴᠣᠭ᠋ᠠᠨ᠎ᠳᠤ ᠪᠡᠯᠡ ᠣᠷᠣᠭᠤᠯᠤᠨ᠂ ᠬᠠᠮᠢᠶ᠎ᠠ ᠪᠦᠬᠦᠢ ᠠᠵᠤ ᠦᠢ᠍ᠯᠡᠰ ᠪᠠ ᠬᠦᠷᠢᠶ᠎ᠡ ᠴᠠᠷᠠᠭ᠋ᠠᠨ᠎ᠤ ᠬᠥᠭᠵᠢᠯᠲᠡ ᠵᠢ ᠳᠡᠮᠵᠢᠵᠦ᠂ ᠭᠤᠣᠯᠳᠠᠭᠤ ᠵᠠᠬ᠎ᠠ᠎ᠳᠤ ᠢᠯᠡ᠎ᠪᠠᠷ ᠦᠯᠦ ᠭᠠᠷᠭ᠋ᠠᠵᠤ ᠠᠷᠠᠯᠵᠢᠶᠠᠯᠠᠬᠤ ᠠᠵᠤ ᠠᠬᠤᠶ᠋ᠢᠯᠠᠯ᠎ᠤᠨ ᠰᠲ᠋ᠣᠺ᠎ᠤᠨ ᠡᠷᠬᠡ᠎ᠳᠤ ᠪᠡᠯᠡ ᠣᠷᠤᠭᠤᠯᠬᠤ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠪᠠ ᠦᠢ᠍ᠯᠡᠰ ᠪᠣᠰᠬᠠᠬᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠵᠢᠭ᠋ᠠᠵᠤ ᠪᠤᠶ᠃
ᠭᠤᠷᠪᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠡᠩ᠎ᠤᠨ ᠣᠯᠠᠨ ᠨᠡᠶ᠋ᠢᠲᠡ ᠵᠢᠨ ᠲᠥᠰᠥᠪ᠂ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠦᠨ᠎ᠤ ᠲᠥᠰᠥᠪ᠂ ᠤᠯᠤᠰ᠎ᠤᠨ ᠥᠮᠴᠢᠯᠡᠯᠲᠦ ᠬᠥᠷᠥᠩᠭᠡ ᠵᠢᠨ ᠡᠵᠡᠩᠨᠡᠯᠲᠡ ᠵᠢᠨ ᠲᠥᠰᠥᠪ ᠵᠡᠷᠭᠡ᠎ᠪᠠᠷ ᠳᠠᠮᠵᠢᠭᠤᠯᠤᠨ ᠰᠢᠭᠤᠳ ᠲᠣᠬᠢᠷᠠᠭᠤᠯᠤᠭᠰᠠᠨ ᠡᠳ᠋᠎ᠤᠨ ᠵᠠᠰᠠᠭ᠎ᠤᠨ ᠪᠡᠯᠡ ᠮᠥᠩᠭᠦ ᠵᠢ ᠵᠢᠭ᠋ᠠᠵᠤ ᠪᠤᠶ᠃
ᠳᠥᠷᠪᠡᠳᠦᠭᠡᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠳᠤ ᠺᠣᠮᠫᠠᠨᠢ ᠵᠢᠨ ᠳᠦᠷᠢᠮᠲᠦ᠂ ᠬᠢᠵᠠᠭ᠋ᠠᠷ᠎ᠲᠠᠢ ᠬᠤᠷᠰᠢᠯᠲᠠ ᠵᠢᠨ ᠳᠦᠷᠢᠮᠲᠦ᠂ ᠭᠡᠷ᠎ᠡ ᠵᠢᠨ ᠳᠦᠷᠢᠮᠲᠦ ᠵᠡᠷᠭᠡ ᠵᠣᠬᠢᠶᠠᠨ ᠪᠠᠶ᠋ᠢᠭᠤᠯᠬᠤ ᠬᠡᠯᠪᠡᠷᠢ ᠵᠢ ᠠᠪᠴᠤ ᠪᠣᠯᠣᠨ᠎ᠠ᠃
ᠲᠠᠪᠤᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠬᠠᠮᠢᠶᠠᠷᠤᠯᠲᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ ᠠᠬᠢᠭᠤᠯᠬᠤ᠂ ᠴᠢᠳᠠᠯ᠎ᠤᠨ ᠬᠢᠷᠢ᠎ᠪᠠᠷ ᠵᠶ᠋ᠠᠨ ᠬᠢᠬᠦ ᠪᠠ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠲᠤᠰᠬᠠᠶ᠋ᠢᠵᠢᠭᠤᠯᠤᠨ ᠬᠠᠮᠢᠶᠠᠷᠬᠤ ᠵᠠᠷᠴᠢᠮ᠎ᠢ ᠪᠠᠷᠢᠮᠲᠠᠯᠠᠨ᠂ ᠪᠠᠶ᠋ᠢᠭᠤᠯᠬᠤ ᠲᠤᠭ᠎ᠠ ᠬᠡᠮᠵᠢᠶ᠎ᠡ ᠵᠢ᠎ᠨᠢ ᠴᠢᠩᠭ᠎ᠠ ᠬᠢᠵᠠᠭ᠋ᠠᠷᠯᠠᠵᠤ᠂ ᠪᠠᠶ᠋ᠢᠭᠤᠯᠬᠤ ᠬᠡᠪᠴᠢᠶ᠎ᠡ ᠵᠢ᠎ᠨᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠨᠢᠭᠡᠨᠲᠡ ᠪᠠᠶ᠋ᠢᠭᠤᠯᠤᠭᠰᠠᠨ ᠬᠦᠷᠢᠶ᠎ᠡ ᠴᠠᠷᠠᠭ᠋ᠠᠨ᠎ᠳᠤ ᠵᠠᠷᠴᠢᠮ ᠳᠡᠭᠡᠷ᠎ᠡ᠎ᠪᠠᠨ ᠳᠠᠬᠢᠵᠤ ᠡᠳ᠋᠎ᠤᠨ ᠵᠠᠰᠠᠭ᠎ᠤᠨ ᠲᠤᠰᠬᠠᠢ ᠵᠦᠢ᠍ᠯ᠎ᠤᠨ ᠪᠡᠯᠡ ᠮᠥᠩᠭᠦ ᠵᠢ ᠲᠣᠬᠢᠷᠠᠭᠤᠯᠬᠤ ᠦᠭᠡᠢ᠃
ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠳᠠᠩᠰᠠᠯᠠᠨ ᠲᠡᠮᠳᠡᠭᠯᠡᠵᠦ ᠬᠠᠮᠢᠶᠠᠷᠬᠤ ᠵᠢ ᠬᠠᠷᠢᠭᠤᠴᠠᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠴᠢᠨᠠᠷ ᠪᠠ ᠳᠦᠷᠢᠮ ᠲᠣᠭᠲᠠᠭ᠋ᠠᠯ ᠵᠡᠷᠭᠡ ᠮᠠᠲ᠋ᠧᠷᠢᠶᠠᠯ᠎ᠤᠨ ᠪᠦᠷᠢᠨ ᠭᠦᠢ᠍ᠴᠡᠳ ᠴᠢᠨᠠᠷ᠎ᠲᠤ ᠬᠢᠨᠠᠨ ᠪᠠᠶ᠋ᠢᠴᠠᠭ᠋ᠠᠯᠲᠠ ᠬᠢᠵᠦ᠂ ᠪᠦᠬᠦ ᠤᠯᠤᠰ᠎ᠤᠨ ᠵᠠᠰᠠᠭ᠎ᠤᠨ ᠣᠷᠳᠣᠨ᠎ᠤ ᠪᠡᠯᠡ ᠭᠠᠷᠭ᠋ᠠᠭᠰᠠᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠳᠠᠩᠰᠠᠯᠠᠨ ᠲᠡᠮᠳᠡᠭᠯᠡᠬᠦ ᠰᠢᠰᠲ᠋ᠧᠮ᠎ᠳᠤ ᠲᠦᠰᠢᠭᠯᠡᠨ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠠᠮᠢᠶᠠᠷᠤᠯᠲᠠ ᠬᠢᠨ᠎ᠡ᠃
ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠰᠠᠭᠤᠷᠢ ᠮᠥᠩᠭᠦ ᠪᠠᠶ᠋ᠢᠭᠤᠯᠬᠤ᠂ ᠪᠡᠯᠡ ᠮᠥᠩᠭᠦ ᠨᠡᠮᠡᠭᠳᠡᠭᠦᠯᠬᠦ᠎ᠪᠠᠷ ᠪᠠᠶ᠋ᠢᠭ᠎ᠠ ᠵᠠᠰᠠᠭ᠎ᠤᠨ ᠣᠷᠳᠣᠨ᠎ᠤ ᠣᠷᠣᠭᠤᠯᠤᠯᠲᠠ ᠬᠢᠬᠦ ᠴᠢᠳᠠᠪᠤᠷᠢ ᠵᠢ᠎ᠨᠢ ᠦᠨᠡᠯᠡᠵᠦ ᠬᠢᠨᠠᠨ ᠬᠠᠷᠭᠤᠭᠤᠯᠤᠨ᠂ ᠲᠤᠰ ᠭᠠᠵᠠᠷ ᠣᠷᠣᠨ᠎ᠤ᠎ᠪᠠᠨ ᠡᠳ᠋᠎ᠤᠨ ᠬᠦᠴᠦᠨ᠎ᠤ ᠪᠠᠶ᠋ᠢᠳᠠᠯ᠎ᠲᠠᠢ ᠤᠶᠠᠯᠳᠤᠭᠤᠯᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠳᠠᠬᠢ ᠵᠠᠰᠠᠭ᠎ᠤᠨ ᠣᠷᠳᠣᠨ᠎ᠤ ᠪᠡᠯᠡ ᠭᠠᠷᠭ᠋ᠠᠬᠤ ᠬᠡᠪᠴᠢᠶᠡᠵᠢᠯ ᠵᠢᠴᠢ ᠪᠡᠯᠡ ᠮᠥᠩᠭᠦᠨ᠎ᠤ ᠢᠷᠡᠯᠲᠡ ᠵᠢ᠎ᠨᠢ ᠲᠣᠭᠲᠠᠭ᠋ᠠᠬᠤ ᠵᠢᠨ ᠬᠠᠮᠲᠤ ᠰᠠᠭᠤᠷᠢ ᠮᠥᠩᠭᠦᠨ᠎ᠤ ᠲᠥᠰᠥᠪ᠎ᠤᠨ ᠲᠣᠬᠢᠷᠠᠭᠤᠯᠤᠯᠲᠠ ᠵᠢᠨ ᠬᠠᠮᠢᠶ᠎ᠠ ᠪᠦᠬᠦᠢ ᠵᠦᠢ᠍ᠯᠡᠰ᠎ᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ᠎ᠪᠠᠨ ᠮᠡᠳᠡᠭᠦᠯᠵᠦ ᠵᠥᠪᠰᠢᠶᠡᠷᠡᠭᠦᠯᠬᠦ ᠠᠵᠢᠯ᠎ᠢ ᠬᠠᠷᠢᠭᠤᠴᠠᠨ᠎ᠠ; ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠡᠷᠬᠡ ᠣᠯᠭᠤᠭᠰᠠᠨ ᠪᠤᠶᠤ ᠭᠡᠷ᠎ᠡ ᠳᠦᠷᠢᠮ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ ᠵᠠᠰᠠᠭ᠎ᠤᠨ ᠣᠷᠳᠣᠨ᠎ᠤ ᠪᠡᠯᠡ ᠭᠠᠷᠭ᠋ᠠᠭᠴᠢ ᠵᠢᠨ ᠡᠭᠦᠷᠭᠡ ᠬᠠᠷᠢᠭᠤᠴᠠᠯᠭ᠎ᠠ ᠵᠢ ᠣᠷᠣᠯᠠᠨ ᠭᠦᠢ᠍ᠴᠡᠳᠬᠡᠬᠦ ᠵᠢ ᠬᠠᠷᠢᠭᠤᠴᠠᠨ᠎ᠠ; ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠠᠭᠤᠷᠢ ᠮᠥᠩᠭᠦᠨ᠎ᠤ ᠪᠦᠬᠦ ᠶᠠᠪᠤᠴᠠ ᠵᠢᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠭᠤᠣᠯᠳᠠᠯᠭ᠎ᠠ᠎ᠲᠠᠢ ᠠᠮᠵᠢᠯᠲᠠ ᠪᠦᠲᠦᠮᠵᠢ ᠵᠢᠨ ᠦᠨᠡᠯᠡᠯᠲᠡ ᠵᠢ ᠵᠣᠬᠢᠶᠠᠨ ᠪᠠᠶ᠋ᠢᠭᠤᠯᠵᠤ ᠥᠷᠨᠢᠭᠦᠯᠬᠦ ᠠᠵᠢᠯ᠎ᠢ ᠬᠠᠷᠢᠭᠤᠴᠠᠨ᠎ᠠ; ᠡᠳ᠋᠎ᠤᠨ ᠵᠠᠰᠠᠭ᠎ᠤᠨ ᠪᠡᠯᠡ ᠮᠥᠩᠭᠦᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠥᠷᠢ ᠥᠭᠴᠡᠭᠡ ᠵᠢᠨ ᠲᠦᠭᠰᠢᠭᠦᠷᠢ ᠵᠢᠨ ᠰᠡᠷᠭᠡᠶ᠋ᠢᠯᠡᠯᠲᠡ ᠡᠵᠡᠮᠳᠡᠯ᠎ᠢ ᠴᠢᠩᠭ᠋ᠠᠳᠬᠠᠬᠤ ᠠᠵᠢᠯ᠎ᠢ ᠬᠠᠷᠢᠭᠤᠴᠠᠨ᠎ᠠ; ᠲᠤᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠳᠠᠭᠤᠰᠬᠤ ᠦᠶ᠎ᠡ᠎ᠳᠤ᠂ ᠰᠠᠭᠤᠷᠢ ᠮᠥᠩᠭᠦᠨ᠎ᠤ ᠪᠡᠯᠡ ᠬᠥᠷᠥᠩᠭᠡ ᠵᠢ ᠲᠣᠭ᠋ᠠᠴᠠᠯᠠᠨ ᠪᠤᠳᠤᠬᠤ ᠠᠵᠢᠯ᠎ᠳᠤ ᠬᠢᠨᠠᠯᠲᠠ ᠲᠠᠯᠪᠢᠬᠤ ᠵᠢ ᠬᠠᠷᠢᠭᠤᠴᠠᠨ᠎ᠠ᠃
ᠨᠠᠢ᠍ᠮᠠᠳᠤᠭ᠋ᠠᠷ ᠵᠦᠢ᠍ᠯ ᠰᠠᠭᠤᠷᠢ ᠮᠥᠩᠭᠦ ᠪᠠᠶ᠋ᠢᠭᠤᠯᠬᠤ ᠰᠠᠯᠠᠭ᠎ᠠ ᠮᠥᠴᠢᠷ᠎ᠨᠢ ᠰᠠᠭᠤᠷᠢ ᠮᠥᠩᠭᠦ ᠡᠭᠦᠰᠬᠡᠨ ᠪᠠᠶ᠋ᠢᠭᠤᠯᠬᠤ ᠪᠣᠯᠣᠮᠵᠢᠲᠤ ᠲᠥᠰᠥᠯ᠎ᠢ ᠲᠣᠭᠲᠠᠭ᠋ᠠᠬᠤ ᠵᠢ ᠬᠠᠷᠢᠭᠤᠴᠠᠨ᠎ᠠ; ᠠᠵᠢᠯ ᠲᠥᠷᠥᠯ᠎ᠤᠨ ᠲᠥᠷᠥᠯ ᠵᠦᠢ᠍ᠯ᠎ᠤᠨ ᠬᠥᠮᠥᠷᠭᠡ ᠵᠢ ᠪᠠᠶ᠋ᠢᠭᠤᠯᠬᠤ᠂ ᠠᠷᠠᠴᠢᠯᠠᠵᠤ ᠬᠠᠮᠠᠭ᠋ᠠᠯᠠᠬᠤ ᠪᠠ ᠲᠥᠷᠥᠯ ᠵᠦᠢ᠍ᠯ ᠲᠠᠨᠢᠯᠴᠠᠭᠤᠯᠬᠤ ᠵᠢ ᠬᠠᠷᠢᠭᠤᠴᠠᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠵᠠᠷᠴᠢᠮ ᠳᠡᠭᠡᠷ᠎ᠡ᠎ᠪᠠᠨ ᠬᠥᠮᠥᠷᠭᠡ᠎ᠳᠤ ᠣᠷᠣᠭᠤᠯᠤᠭᠰᠠᠨ ᠲᠥᠷᠥᠯ ᠵᠦᠢ᠍ᠯ᠎ᠳᠤ ᠤᠷᠢᠳ ᠵᠶ᠋ᠠᠷ ᠣᠷᠣᠭᠤᠯᠵᠤ᠂ ᠲᠥᠷᠥᠯ ᠵᠦᠢ᠍ᠯ᠎ᠤᠨ ᠬᠥᠮᠥᠷᠭᠡ᠎ᠳᠤ ᠡᠷᠭᠢᠯᠳᠦᠭᠦᠯᠦᠭᠰᠡᠨ ᠬᠠᠮᠢᠶᠠᠷᠤᠯᠲᠠ᠂ ᠬᠥᠳᠡᠯᠦᠩᠭᠦᠢ ᠲᠣᠬᠢᠷᠠᠭᠤᠯᠤᠯᠲᠠ ᠵᠢ ᠬᠡᠷᠡᠭᠵᠢᠭᠦᠯᠦᠨ᠎ᠡ; ᠰᠠᠭᠤᠷᠢ ᠮᠥᠩᠭᠦ ᠣᠷᠣᠰᠢᠨ ᠦᠷᠭᠦᠯᠵᠢᠯᠡᠵᠦ ᠪᠠᠶ᠋ᠢᠭ᠎ᠠ ᠬᠤᠭᠤᠴᠠᠭ᠋ᠠᠨ᠎ᠳᠠᠬᠢ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠵᠢᠯᠣᠭᠤᠳᠤᠯᠭ᠎ᠠ ᠵᠢ ᠬᠠᠷᠢᠭᠤᠴᠠᠨ᠎ᠠ; ᠠᠵᠢᠯ ᠶᠠᠪᠤᠳᠠᠯ᠎ᠠᠴᠠ ᠡᠮᠦᠨᠡᠬᠢ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ ᠠᠵᠢᠯ᠎ᠢ ᠰᠠᠶ᠋ᠢᠲᠤᠷ ᠬᠢᠵᠦ᠂ ᠠᠮᠵᠢᠯᠲᠠ ᠪᠦᠲᠦᠮᠵᠢ ᠵᠢᠨ ᠬᠠᠷᠠᠯᠲᠠ ᠪᠠ ᠠᠮᠵᠢᠯᠲᠠ ᠪᠦᠲᠦᠮᠵᠢ ᠵᠢᠨ ᠭᠦᠢ᠍ᠴᠡᠳᠬᠡᠯ ᠲᠤᠭ᠎ᠠ ᠵᠢ ᠲᠣᠭᠲᠠᠭ᠋ᠠᠵᠤ᠂ ᠠᠮᠵᠢᠯᠲᠠ ᠪᠦᠲᠦᠮᠵᠢ ᠵᠢ ᠬᠢᠨᠠᠨ ᠡᠵᠡᠮᠳᠡᠬᠦ ᠠᠵᠢᠯ ᠥᠷᠨᠢᠭᠦᠯᠬᠦ ᠵᠢ ᠬᠠᠷᠢᠭᠤᠴᠠᠨ᠎ᠠ; ᠵᠢᠯ ᠪᠦᠷᠢ ᠵᠢᠨ ᠡᠴᠦᠰ᠎ᠲᠤ ᠰᠠᠭᠤᠷᠢ ᠮᠥᠩᠭᠦ ᠵᠢ ᠬᠡᠷᠡᠭᠵᠢᠭᠦᠯᠦᠭᠰᠡᠨ ᠠᠮᠵᠢᠯᠲᠠ ᠪᠦᠲᠦᠮᠵᠢ᠎ᠳᠤ ᠥᠪᠡᠰᠦᠪᠡᠨ ᠦᠨᠡᠯᠡᠯᠲᠡ ᠬᠢᠬᠦ ᠵᠢ ᠬᠠᠷᠢᠭᠤᠴᠠᠵᠤ᠂ ᠥᠪᠡᠰᠦᠪᠡᠨ ᠦᠨᠡᠯᠡᠭᠰᠡᠨ ᠦᠷ᠎ᠡ ᠳ᠋ᠦᠩ ᠵᠶ᠋ᠠᠨ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠠ ᠪᠤᠰᠤᠳ ᠭᠤᠣᠯ ᠪᠣᠯᠬᠤ ᠪᠡᠯᠡ ᠭᠠᠷᠭ᠋ᠠᠭᠴᠢ᠎ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠃
ᠬᠤᠶᠠᠳᠤᠭ᠋ᠠᠷ ᠪᠦᠯᠦᠭ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠡᠮᠦᠨᠡᠬᠢ ᠬᠤᠭᠤᠴᠠᠭ᠋ᠠᠨ᠎ᠤ ᠪᠡᠯᠡᠳᠬᠡᠯ ᠠᠵᠢᠯ
ᠶᠢᠰᠦᠳᠦᠭᠡᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠪᠠᠶ᠋ᠢᠭᠤᠯᠬᠤ᠎ᠳᠤ᠂ ᠡᠩ ᠲᠡᠷᠢᠭᠦᠨ᠎ᠳᠤ ᠡᠭᠦᠰᠬᠡᠨ ᠪᠠᠶ᠋ᠢᠭᠤᠯᠬᠤ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠪᠠᠶ᠋ᠢᠭᠤᠯᠬᠤ ᠪᠣᠯᠣᠮᠵᠢᠲᠤ ᠴᠢᠨᠠᠷ᠎ᠤᠨ ᠰᠤᠳᠤᠯᠤᠯ ᠨᠤᠲᠠᠯᠠᠯᠲᠠ ᠬᠢᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠣᠯᠣᠮᠵᠢᠲᠤ ᠲᠥᠰᠥᠯ᠎ᠢ ᠪᠣᠶ ᠪᠣᠯᠭ᠋ᠠᠬᠤ ᠬᠡᠷᠡᠭᠲᠡᠢ᠃ ᠰᠠᠭᠤᠷᠢ ᠮᠥᠩᠭᠦ ᠪᠠᠶ᠋ᠢᠭᠤᠯᠬᠤ ᠰᠠᠯᠠᠭ᠎ᠠ ᠮᠥᠴᠢᠷ᠎ᠨᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠢᠰᠢ ᠪᠣᠯ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠪᠣᠯᠣᠮᠵᠢᠲᠤ ᠲᠥᠰᠥᠯ᠎ᠢ ᠪᠣᠶ ᠪᠣᠯᠭ᠋ᠠᠬᠤ ᠬᠡᠷᠡᠭᠲᠡᠢ᠃
ᠠᠵᠢᠯ ᠲᠥᠷᠥᠯ᠎ᠤᠨ ᠲᠥᠷᠥᠯ ᠵᠦᠢ᠍ᠯ᠎ᠤᠨ ᠬᠥᠮᠥᠷᠭᠡ ᠪᠣᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠪᠠᠶ᠋ᠢᠭᠤᠯᠬᠤ᠎ᠪᠠᠷ ᠭᠤᠶᠤᠴᠢᠯᠠᠬᠤ ᠴᠢᠬᠤᠯᠠ ᠪᠦᠬᠦᠢ ᠨᠥᠬᠦᠴᠡᠯ ᠪᠠᠶ᠋ᠢᠵᠤ᠂ ᠵᠠᠷᠴᠢᠮ ᠳᠡᠭᠡᠷ᠎ᠡ᠎ᠪᠠᠨ ᠠᠵᠢᠯ ᠲᠥᠷᠥᠯ᠎ᠤᠨ ᠲᠥᠷᠥᠯ ᠵᠦᠢ᠍ᠯ᠎ᠤᠨ ᠬᠥᠮᠥᠷᠭᠡ ᠪᠠᠶ᠋ᠢᠭᠤᠯᠤᠭᠰᠠᠨ ᠦᠭᠡᠢ ᠪᠣᠯ ᠰᠠᠭᠤᠷᠢ ᠮᠥᠩᠭᠦ ᠪᠠᠶ᠋ᠢᠭᠤᠯᠬᠤ ᠭᠤᠶᠤᠴᠢᠯᠠᠯ ᠳᠤᠷᠠᠳᠴᠤ ᠪᠣᠯᠬᠤ ᠦᠭᠡᠢ᠃
ᠠᠷᠪᠠᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠪᠣᠯᠣᠮᠵᠢᠲᠤ ᠲᠥᠰᠥᠯ᠎ᠳᠤ ᠳᠣᠣᠷᠠᠬᠢ ᠠᠭᠤᠯᠭ᠎ᠠ ᠵᠢ ᠪᠠᠭᠲᠠᠭ᠋ᠠᠬᠤ ᠬᠡᠷᠡᠭᠲᠡᠢ᠄
(ᠨᠢᠭᠡ) ᠰᠠᠭᠤᠷᠢ ᠮᠥᠩᠭᠦ ᠪᠠᠶ᠋ᠢᠭᠤᠯᠬᠤ ᠪᠣᠯᠣᠮᠵᠢᠲᠤ ᠵᠠᠳᠠᠯᠤᠯᠲᠠ ᠵᠢᠨ ᠮᠡᠳᠡᠭᠦᠯᠦᠯᠲᠡ;
(ᠬᠤᠶᠠᠷ) ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠬᠦ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠰᠣᠩᠭᠤᠭᠤᠯᠢ᠎ᠳᠤ ᠥᠷᠢᠰᠦᠯᠳᠦᠬᠦ ᠲᠥᠰᠦᠯ;
(ᠭᠤᠷᠪᠠ) ᠰᠠᠭᠤᠷᠢ ᠮᠥᠩᠭᠦ ᠬᠠᠮᠢᠶᠠᠷᠤᠭᠴᠢ ᠵᠢᠨ ᠰᠣᠩᠭᠤᠭᠤᠯᠢ᠎ᠳᠤ ᠥᠷᠢᠰᠦᠯᠳᠦᠬᠦ ᠲᠥᠰᠥᠯ;
(ᠳᠥᠷᠪᠡ) ᠰᠠᠭᠤᠷᠢ ᠮᠥᠩᠭᠦ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ ᠵᠢᠨ ᠰᠣᠩᠭᠤᠭᠤᠯᠢ᠎ᠳᠤ ᠥᠷᠢᠰᠦᠯᠳᠦᠬᠦ ᠲᠥᠰᠥᠯ;
(ᠲᠠᠪᠤ) ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠂ ᠬᠤᠷᠰᠢᠬᠤ ᠵᠥᠪᠯᠡᠯᠴᠡᠭᠡᠷ ᠪᠤᠶᠤ ᠰᠠᠭᠤᠷᠢ ᠮᠥᠩᠭᠦᠨ᠎ᠤ ᠵᠥᠪᠯᠡᠯᠴᠡᠭᠡᠷ᠂ ᠭᠡᠷ᠎ᠡ ᠵᠡᠷᠭᠡ;
(ᠵᠢᠷᠭᠤᠭ᠎ᠠ) ᠠᠵᠢᠯ ᠲᠥᠷᠥᠯ᠎ᠤᠨ ᠲᠥᠷᠥᠯ ᠵᠦᠢ᠍ᠯ᠎ᠤᠨ ᠬᠥᠮᠥᠷᠭᠡ ᠵᠢᠨ ᠪᠡᠯᠡᠳᠬᠡᠯ ᠲᠥᠷᠥᠯ ᠵᠦᠢ᠍ᠯ᠎ᠤᠨ ᠨᠠᠷᠢᠨ ᠬᠠᠭᠤᠳᠠᠰᠤ;
(ᠳᠤᠯᠤᠭ᠎ᠠ) ᠪᠤᠰᠤᠳ ᠮᠠᠲ᠋ᠧᠷᠢᠶᠠᠯ᠃
ᠠᠷᠪᠠᠨ ᠨᠢᠭᠡᠳᠦᠭᠡᠷ ᠵᠦᠢ᠍ᠯ ᠰᠠᠭᠤᠷᠢ ᠮᠥᠩᠭᠦ ᠵᠢ ᠪᠠᠶ᠋ᠢᠭᠤᠯᠬᠤ ᠪᠣᠯᠣᠮᠵᠢᠲᠤ ᠵᠠᠳᠠᠯᠤᠯᠲᠠ ᠵᠢᠨ ᠮᠡᠳᠡᠭᠦᠯᠦᠯᠲᠡ ᠵᠢᠨ ᠠᠭᠤᠯᠭ᠎ᠠ᠎ᠳᠤ᠄ ᠰᠠᠭᠤᠷᠢ ᠮᠥᠩᠭᠦᠨ᠎ᠤ ᠨᠡᠷᠡᠶ᠋ᠢᠳᠦᠯ᠂ ᠪᠠᠶ᠋ᠢᠭᠤᠯᠬᠤ ᠠᠬᠤᠢ ᠪᠠᠶ᠋ᠢᠳᠠᠯ᠂ ᠪᠠᠶ᠋ᠢᠭᠤᠯᠬᠤ ᠵᠢᠨ ᠴᠢᠬᠤᠯᠠ ᠪᠦᠬᠦᠢ ᠴᠢᠨᠠᠷ ᠪᠠ ᠦᠨᠳᠦᠰᠦᠯᠡᠯ᠂ ᠰᠠᠭᠤᠷᠢ ᠮᠥᠩᠭᠦ ᠵᠢᠨ ᠪᠠᠶ᠋ᠢᠭᠤᠯᠬᠤ ᠠᠵᠢᠯ᠎ᠳᠤ ᠣᠷᠤᠯᠴᠠᠬᠤ ᠡᠯ᠎ᠡ ᠲᠠᠯ᠎ᠠ ᠵᠢᠨ ᠦᠨᠳᠦᠰᠦᠨ ᠪᠠᠶ᠋ᠢᠳᠠᠯ᠂ ᠵᠠᠰᠠᠯᠲᠠ ᠵᠢᠨ ᠪᠦᠲᠦᠴᠡ ᠪᠠ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠴᠡ᠂ ᠲᠦᠷᠦ ᠵᠢᠨ ᠪᠣᠳᠣᠯᠭ᠎ᠠ ᠵᠢᠨ ᠬᠠᠷᠠᠯᠲᠠ᠂ ᠠᠮᠵᠢᠯᠲᠠ ᠪᠦᠲᠦᠮᠵᠢ ᠵᠢᠨ ᠬᠠᠷᠠᠯᠲᠠ᠂ ᠪᠡᠯᠡ ᠣᠷᠣᠭᠤᠯᠤᠯᠲᠠ ᠬᠢᠬᠦ ᠠᠵᠤ ᠦᠢ᠍ᠯᠡᠰ᠎ᠤᠨ ᠬᠦᠷᠢᠶ᠎ᠡ᠂ ᠬᠠᠷᠠᠯᠲᠠ ᠵᠢᠨ ᠬᠡᠪᠴᠢᠶᠡᠵᠢᠯ᠂ ᠪᠡᠯᠡ ᠴᠤᠭᠯᠠᠭᠤᠯᠬᠤ ᠲᠥᠯᠥᠪᠯᠡᠭᠡ᠂ ᠪᠡᠯᠡ ᠭᠠᠷᠭ᠋ᠠᠬᠤ ᠲᠥᠰᠥᠯ᠂ ᠪᠡᠯᠡ ᠭᠠᠷᠭ᠋ᠠᠬᠤ ᠠᠮᠠᠯᠠᠯᠲᠠ᠂ ᠪᠡᠯᠡ ᠣᠷᠣᠭᠤᠯᠬᠤ ᠠᠷᠭ᠎ᠠ ᠮᠠᠶᠢᠭ᠂ ᠣᠷᠣᠰᠢᠨ ᠦᠷᠭᠦᠯᠵᠢᠯᠡᠬᠦ ᠴᠠᠭ ᠬᠤᠭᠤᠴᠠᠭ᠎ᠠ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠣᠭᠲᠠᠴᠠ᠂ ᠤᠷᠮᠠᠰᠢᠭᠤᠯᠬᠤ ᠲᠣᠭᠲᠠᠴᠠ᠂ ᠲᠦᠭᠰᠢᠭᠦᠷᠢ ᠵᠢᠨ ᠰᠡᠷᠭᠡᠶ᠋ᠢᠯᠡᠯᠲᠡ᠂ ᠠᠯᠳᠠᠭ᠎ᠠ ᠪᠤᠷᠤᠭᠤ ᠵᠢ ᠪᠠᠭᠲᠠᠭ᠋ᠠᠵᠤ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠳᠦᠷᠢᠮ᠂ ᠪᠤᠴᠠᠭ᠋ᠠᠵᠤ ᠭᠠᠷᠭ᠋ᠠᠬᠤ ᠲᠣᠭᠲᠠᠴᠠ᠂ ᠬᠠᠮᠢᠶᠠᠷᠤᠯᠲᠠ ᠵᠢᠨ ᠵᠠᠷᠤᠳᠠᠯ ᠪᠠ ᠠᠰᠢᠭ ᠣᠷᠣᠯᠭ᠎ᠠ ᠵᠢᠨ ᠬᠤᠪᠢᠶᠠᠷᠢᠯᠠᠯᠲᠠ᠂ ᠨᠡᠶ᠋ᠢᠭᠡᠮ᠎ᠤᠨ ᠬᠥᠷᠥᠩᠭᠡ ᠪᠠ ᠥᠷᠢᠰᠦᠯᠳᠦᠭᠡᠨ᠎ᠤ ᠪᠠᠶ᠋ᠢᠳᠠᠯ᠎ᠳᠤ ᠦᠵᠡᠭᠦᠯᠬᠦ ᠨᠥᠯᠥᠭᠡᠨ᠎ᠤ ᠵᠠᠳᠠᠯᠤᠯᠲᠠ᠂ ᠵᠢᠱ᠌ᠢᠭᠰᠡᠨ ᠦᠷ᠎ᠡ ᠪᠦᠲᠦᠮᠵᠢ ᠵᠡᠷᠭᠡ ᠵᠢ ᠪᠠᠭᠲᠠᠭ᠋ᠠᠬᠤ ᠬᠡᠷᠡᠭᠲᠡᠢ᠃
ᠠᠷᠪᠠᠨ ᠬᠤᠶᠠᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠰᠠᠭᠤᠷᠢ ᠮᠥᠩᠭᠦ ᠬᠠᠮᠢᠶᠠᠷᠤᠭᠴᠢ᠂ ᠰᠠᠭᠤᠷᠢ ᠮᠥᠩᠭᠦ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ ᠵᠢᠨ ᠰᠣᠩᠭᠤᠭᠤᠯᠢ᠎ᠳᠤ ᠥᠷᠢᠰᠦᠯᠳᠦᠬᠦ ᠲᠥᠰᠥᠯ᠎ᠤᠨ ᠠᠭᠤᠯᠭ᠎ᠠ᠎ᠳᠤ᠄ ᠰᠣᠩᠭᠤᠭᠤᠯᠢ᠎ᠳᠤ ᠥᠷᠢᠰᠦᠯᠳᠦᠬᠦ ᠬᠡᠯᠪᠡᠷᠢ ᠠᠷᠭ᠎ᠠ ᠮᠠᠶᠢᠭ᠂ ᠰᠣᠩᠭᠤᠭᠤᠯᠢ᠎ᠳᠤ ᠥᠷᠢᠰᠦᠯᠳᠦᠭᠴᠢ ᠵᠢᠨ ᠬᠢᠷᠢ ᠭᠡᠮ᠎ᠤᠨ ᠨᠥᠬᠦᠴᠡᠯ᠂ ᠰᠣᠩᠭᠤᠭᠤᠯᠢ ᠵᠢᠨ ᠥᠷᠢᠰᠦᠯᠳᠦᠭᠡᠨ᠎ᠢ ᠦᠨᠡᠯᠡᠬᠦ ᠠᠷᠭ᠎ᠠ ᠵᠡᠷᠭᠡ ᠪᠠᠭᠲᠠᠨ᠎ᠠ᠃ ᠰᠣᠩᠭᠤᠭᠤᠯᠢ ᠵᠢᠨ ᠥᠷᠢᠰᠦᠯᠳᠦᠭᠡᠨ᠎ᠢ ᠦᠨᠡᠯᠡᠬᠦ ᠠᠷᠭ᠎ᠠ ᠵᠢᠨ ᠠᠭᠤᠯᠭ᠎ᠠ᠎ᠳᠤ ᠬᠠᠮᠢᠶᠠᠷᠤᠯᠲᠠ ᠵᠢᠨ ᠵᠠᠷᠤᠳᠠᠯ᠎ᠤᠨ ᠨᠣᠷᠮ᠎ᠠ᠂ ᠳᠠᠭ᠋ᠠᠵᠤ ᠤᠷᠤᠭᠤᠯᠤᠯᠲᠠ ᠬᠢᠬᠦ ᠬᠠᠷᠢᠴᠠᠯ᠂ ᠠᠵᠢᠯ᠎ᠤᠨ ᠠᠮᠵᠢᠯᠲᠠ ᠪᠦᠲᠦᠮᠵᠢ ᠵᠡᠷᠭᠡ ᠬᠦᠴᠦᠨ ᠵᠦᠢ᠍ᠯ᠎ᠢ ᠪᠠᠭᠲᠠᠭ᠋ᠠᠬᠤ ᠬᠡᠷᠡᠭᠲᠡᠢ᠃
ᠭᠤᠷᠪᠠᠳᠤᠭ᠋ᠠᠷ ᠪᠦᠯᠦᠭ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠪᠠᠶ᠋ᠢᠭᠤᠯᠬᠤ
ᠠᠷᠪᠠᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠠᠳᠠᠯᠢ ᠨᠢᠭᠡᠨ ᠬᠦᠷᠢᠶ᠎ᠡ ᠪᠤᠶᠤ ᠠᠵᠢᠯ ᠲᠥᠷᠥᠯ᠎ᠳᠤ ᠡᠬᠡ ᠰᠠᠭᠤᠷᠢ ᠮᠥᠩᠭᠦ ᠵᠢ ᠳᠠᠪᠬᠤᠷᠳᠠᠭᠤᠯᠤᠨ ᠪᠠᠶ᠋ᠢᠭᠤᠯᠵᠤ ᠪᠣᠯᠬᠤ ᠦᠭᠡᠢ᠃
ᠡᠳ᠋᠎ᠤᠨ ᠵᠠᠰᠠᠭ᠎ᠠᠴᠠ ᠪᠡᠯᠡ ᠭᠠᠷᠭ᠋ᠠᠵᠤ ᠰᠠᠭᠤᠷᠢ ᠮᠥᠩᠭᠦ ᠪᠠᠶ᠋ᠢᠭᠤᠯᠬᠤ ᠪᠤᠶᠤ ᠪᠡᠯᠡ ᠮᠥᠩᠭᠦ ᠳᠠᠩᠰᠠᠯᠠᠭᠤᠯᠬᠤ᠎ᠳᠤ ᠡᠷᠬᠡᠪᠰᠢ ᠴᠢᠩᠭ᠎ᠠ ᠬᠢᠨᠠᠨ ᠬᠠᠷᠭᠤᠭᠤᠯᠵᠤ᠂ ᠣᠨ᠎ᠤ ᠲᠥᠰᠥᠪ᠎ᠤᠨ ᠬᠠᠮᠢᠶᠠᠷᠤᠯᠲᠠ᠎ᠳᠤ ᠣᠷᠣᠭᠤᠯᠤᠨ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠤᠶᠤ ᠲᠡᠭᠦᠨ᠎ᠤ ᠪᠠᠶ᠋ᠢᠩᠭᠤ ᠵᠢᠨ ᠬᠤᠷᠢᠶ᠎ᠠ᠎ᠳᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠬᠡᠷᠡᠭᠲᠡᠢ; ᠲᠤᠭ᠎ᠠ ᠬᠡᠮᠵᠢᠶ᠎ᠡ᠎ᠨᠢ ᠨᠡᠯᠢᠶᠡᠳ ᠶᠡᠭᠡ ᠪᠠᠶ᠋ᠢᠪᠠᠯ᠂ ᠰᠠᠭᠤᠷᠢ ᠮᠥᠩᠭᠦᠨ᠎ᠤ ᠪᠡᠯᠡ ᠣᠷᠣᠭᠤᠯᠤᠯᠲᠠ ᠵᠢᠨ ᠠᠬᠢᠴᠠ ᠵᠢ ᠦᠨᠳᠦᠰᠦᠯᠡᠨ ᠣᠨ ᠬᠤᠪᠢᠶᠠᠨ ᠲᠣᠬᠢᠷᠠᠭᠤᠯᠬᠤ ᠬᠡᠷᠡᠭᠲᠡᠢ᠃ ᠰᠠᠭᠤᠷᠢ ᠮᠥᠩᠭᠦ ᠪᠠᠶ᠋ᠢᠭᠤᠯᠬᠤ᠎ᠳᠤ ᠡᠳ᠋᠎ᠤᠨ ᠵᠠᠰᠠᠭ᠎ᠤᠨ ᠳᠠᠭ᠋ᠠᠭ᠋ᠠᠬᠤ ᠴᠢᠳᠠᠪᠤᠷᠢ ᠵᠢ ᠭᠦᠢ᠍ᠴᠡᠳ ᠪᠣᠳᠣᠯᠬᠢᠯᠠᠵᠤ᠂ ᠰᠠᠭᠤᠷᠢ ᠮᠥᠩᠭᠦᠨ᠎ᠤ ᠬᠡᠪᠴᠢᠶᠡᠵᠢᠯ ᠪᠣᠯᠣᠨ ᠪᠡᠯᠡ ᠣᠷᠣᠭᠤᠯᠤᠯᠲᠠ ᠵᠢᠨ ᠬᠡᠪᠴᠢᠶ᠎ᠡ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠣᠨ᠎ᠤ ᠲᠥᠰᠥᠪ᠎ᠤᠨ ᠳᠣᠲᠣᠷ᠎ᠠ᠂ 《ᠭᠤᠷᠪᠠ ᠵᠢ ᠪᠠᠲᠤᠯᠠᠬᠤ》᠂ ᠥᠷᠢ ᠥᠭᠴᠡᠭᠡᠨ᠎ᠤ ᠬᠦᠦ ᠮᠥᠩᠭᠦ ᠵᠢ ᠲᠥᠯᠥᠬᠦ ᠵᠡᠷᠭᠡ ᠵᠠᠪᠠᠯ ᠪᠠᠲᠤᠯᠠᠬᠤ ᠵᠠᠷᠤᠯᠭ᠎ᠠ ᠵᠢ ᠲᠤᠭ᠎ᠠ ᠶᠣᠰᠣᠭ᠋ᠠᠷ ᠭᠦᠢ᠍ᠴᠡᠳ ᠪᠠᠲᠤᠯᠠᠭᠰᠠᠨ ᠦᠭᠡᠢ ᠭᠠᠵᠠᠷ ᠣᠷᠣᠨ᠎ᠳᠤ ᠪᠡᠯᠡ ᠮᠥᠩᠭᠦ ᠲᠣᠬᠢᠷᠠᠭᠤᠯᠤᠨ ᠰᠠᠭᠤᠷᠢ ᠮᠥᠩᠭᠦ ᠵᠢ ᠰᠢᠨ᠎ᠡ᠎ᠪᠠᠷ ᠪᠠᠶ᠋ᠢᠭᠤᠯᠵᠤ ᠪᠣᠯᠬᠤ ᠦᠭᠡᠢ᠃
ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶ᠋ᠢᠭᠤᠯᠤᠮᠵᠢ ᠵᠢᠨ ᠪᠡᠯᠡ ᠭᠠᠷᠭ᠋ᠠᠵᠤ ᠪᠠᠶ᠋ᠢᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠳᠤ ᠲᠣᠭᠲᠠᠭ᠋ᠠᠯ ᠶᠣᠰᠣᠭ᠋ᠠᠷ ᠤᠯᠤᠰ᠎ᠤᠨ ᠡᠯ᠎ᠡ ᠶᠠᠮᠤᠨ ᠵᠥᠪᠯᠡᠯ ᠪᠤᠶᠤ ᠰᠢᠭᠤᠳ ᠬᠠᠷᠢᠶ᠎ᠠ ᠪᠠᠶ᠋ᠢᠭᠤᠯᠤᠮᠵᠢ ᠵᠢᠨ ᠪᠠᠶ᠋ᠢᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢᠨ ᠡᠬᠡ ᠰᠠᠭᠤᠷᠢ ᠮᠥᠩᠭᠦ ᠵᠢ᠎ᠨᠢ ᠴᠢᠷᠮᠠᠶ᠋ᠢᠨ ᠣᠯᠵᠤ ᠪᠠᠶ᠋ᠢᠭ᠋ᠠᠳ ᠪᠡᠯᠡ ᠣᠷᠣᠭᠤᠯᠬᠤ᠂ ᠬᠤᠪᠢ ᠣᠷᠣᠭᠤᠯᠬᠤ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ ᠪᠠᠶ᠋ᠢᠭᠤᠯᠵᠤ ᠪᠣᠯᠣᠨ᠎ᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠳᠡᠭᠡᠷ᠎ᠡ ᠳᠤᠷᠠᠳᠤᠭᠰᠠᠨ ᠱᠠᠭ᠋ᠠᠷᠳᠠᠯᠭ᠎ᠠ᠎ᠪᠠᠷ ᠯᠠᠪᠯᠠᠯᠲᠠ ᠪᠣᠯᠭ᠋ᠠᠨ ᠲᠤᠰ ᠭᠠᠵᠠᠷ ᠣᠷᠣᠨ᠎ᠤ᠎ᠪᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠲᠤᠭ᠎ᠠ ᠬᠡᠮᠵᠢᠶ᠎ᠡ ᠵᠢ ᠬᠢᠵᠠᠭ᠋ᠠᠷᠯᠠᠵᠤ ᠪᠣᠯᠣᠨ᠎ᠠ᠃
ᠠᠷᠪᠠᠨ ᠳᠥᠷᠪᠡᠳᠦᠭᠡᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠭᠠᠷᠭ᠋ᠠᠭᠰᠠᠨ ᠪᠡᠯᠡ ᠵᠢ᠎ᠨᠢ ᠨᠤᠲᠠᠯᠠᠨ ᠲᠣᠭᠲᠠᠭ᠋ᠠᠬᠤ᠂ ᠰᠠᠯᠠᠭ᠎ᠠ ᠮᠥᠴᠢᠷ ᠠᠩᠬᠠᠨ᠎ᠤ ᠬᠢᠨᠠᠯᠲᠠ ᠬᠢᠬᠦ᠂ ᠵᠠᠰᠠᠭ᠎ᠤᠨ ᠣᠷᠳᠣᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠤᠨ ᠶᠣᠰᠣᠭ᠋ᠠᠷ ᠪᠠᠶ᠋ᠢᠭᠤᠯᠤᠨ᠎ᠠ᠃
(ᠨᠢᠭᠡ) ᠭᠠᠷᠭ᠋ᠠᠭᠰᠠᠨ ᠪᠡᠯᠡ ᠵᠢ᠎ᠨᠢ ᠨᠤᠲᠠᠯᠠᠨ ᠲᠣᠭᠲᠠᠭ᠋ᠠᠬᠤ᠃ ᠰᠠᠭᠤᠷᠢ ᠮᠥᠩᠭᠦ ᠪᠠᠶ᠋ᠢᠭᠤᠯᠬᠤ ᠰᠠᠯᠠᠭ᠎ᠠ ᠮᠥᠴᠢᠷ᠎ᠨᠢ ᠲᠤᠰ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠪᠡᠯᠡ ᠮᠥᠩᠭᠦ ᠬᠡᠷᠡᠭᠰᠡᠬᠦ ᠬᠡᠷᠡᠭᠴᠡᠭᠡ ᠱᠠᠭ᠋ᠠᠷᠳᠠᠯᠭ᠎ᠠ᠎ᠪᠠᠨ ᠳᠤᠷᠠᠳᠴᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠰᠠᠭ᠎ᠤᠨ ᠣᠷᠳᠣᠨ᠎ᠠᠴᠠ ᠪᠡᠯᠡ ᠭᠠᠷᠭ᠋ᠠᠬᠤ ᠲᠣᠬᠢᠷᠠᠭᠤᠯᠤᠯᠲᠠ ᠵᠢ ᠨᠤᠲᠠᠯᠠᠨ ᠲᠣᠭᠲᠠᠭ᠋ᠠᠨ᠎ᠠ᠃
(ᠬᠤᠶᠠᠷ) ᠰᠠᠯᠠᠭ᠎ᠠ ᠮᠥᠴᠢᠷ᠎ᠤᠨ᠎ᠬᠢᠨ ᠠᠩᠬᠠᠨ᠎ᠤ ᠬᠢᠨᠠᠯᠲᠠ ᠬᠢᠬᠦ᠃ ᠰᠠᠭᠤᠷᠢ ᠮᠥᠩᠭᠦ ᠪᠠᠶ᠋ᠢᠭᠤᠯᠬᠤ ᠰᠠᠯᠠᠭ᠎ᠠ ᠮᠥᠴᠢᠷ᠎ᠨᠢ ᠲᠤᠰ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠲᠤ ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ ᠵᠡᠷᠭᠡ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ ᠵᠶ᠋ᠠᠨ ᠳᠡᠪᠰᠢᠭᠦᠯᠦᠨ ᠲᠤᠰᠢᠶᠠᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ ᠰᠠᠭᠤᠷᠢ ᠮᠥᠩᠭᠦᠨ᠎ᠤ ᠪᠡᠯᠡ ᠣᠷᠣᠭᠤᠯᠤᠯᠲᠠ ᠵᠢᠨ ᠬᠦᠷᠢᠶᠡᠨ᠎ᠤ ᠠᠵᠤ ᠦᠢ᠍ᠯᠡᠰ᠎ᠤᠨ ᠲᠣᠭᠲᠠᠭ᠋ᠠᠯ᠎ᠳᠤ ᠨᠡᠶ᠋ᠢᠴᠡᠬᠦ ᠴᠢᠨᠠᠷ ᠪᠣᠯᠣᠨ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ᠎ᠤᠨ ᠪᠦᠷᠢᠨ ᠭᠦᠢ᠍ᠴᠡᠳ ᠴᠢᠨᠠᠷ᠎ᠲᠤ ᠠᠩᠬᠠᠨ᠎ᠤ ᠬᠢᠨᠠᠯᠲᠠ ᠬᠢᠬᠦ ᠬᠡᠷᠡᠭᠲᠡᠢ᠃ ᠴᠢᠬᠤᠯᠠᠲᠠᠢ ᠦᠶ᠎ᠡ᠎ᠳᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ ᠨᠤᠲᠠᠯᠠᠯᠲᠠ᠎ᠳᠤ ᠣᠷᠣᠯᠴᠠᠭᠤᠯᠵᠤ ᠪᠣᠯᠣᠨ᠎ᠠ᠃
(ᠭᠤᠷᠪᠠ) ᠵᠠᠰᠠᠭ᠎ᠤᠨ ᠣᠷᠳᠣᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠤᠶᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠰᠠᠭᠤᠷᠢ ᠮᠥᠩᠭᠦ ᠪᠠᠶ᠋ᠢᠭᠤᠯᠬᠤ ᠰᠠᠯᠠᠭ᠎ᠠ ᠮᠥᠴᠢᠷ᠎ᠲᠠᠢ ᠬᠠᠮᠲᠤᠷᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠬᠡᠷᠡᠭᠲᠡᠢ᠃
ᠠᠷᠪᠠᠨ ᠲᠠᠪᠤᠳᠤᠭ᠋ᠠᠷ ᠵᠦᠢ᠍ᠯ ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶ᠋ᠢᠭᠤᠯᠤᠮᠵᠢ ᠵᠢᠨ ᠵᠠᠰᠠᠭ᠎ᠤᠨ ᠣᠷᠳᠣᠨ᠎ᠤ ᠪᠡᠯᠡ ᠭᠠᠷᠭ᠋ᠠᠵᠤ ᠪᠠᠶ᠋ᠢᠭᠤᠯᠤᠭᠰᠠᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠮᠠᠲ᠋ᠧᠷᠢᠶᠠᠯ᠎ᠤᠨ ᠪᠦᠷᠢᠨ ᠭᠦᠢ᠍ᠴᠡᠳ ᠴᠢᠨᠠᠷ ᠪᠠ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠴᠢᠨᠠᠷ᠎ᠢ ᠬᠢᠨᠠᠨ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠃ ᠡᠭᠦᠨ᠎ᠳᠤ ᠳᠣᠣᠷᠠᠬᠢ ᠪᠠᠶ᠋ᠢᠳᠠᠯ᠎ᠢ ᠪᠠᠭᠲᠠᠭ᠋ᠠᠬᠤ ᠦᠭᠡᠢ᠄
(ᠨᠢᠭᠡ) ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶ᠋ᠢᠭᠤᠯᠤᠮᠵᠢ ᠵᠢᠨ ᠭᠠᠷᠭ᠋ᠠᠭᠰᠠᠨ ᠪᠡᠯᠡ ᠵᠢᠨ ᠲᠤᠭ᠎ᠠ᠎ᠨᠢ ᠠᠷᠠᠳ᠎ᠤᠨ ᠵᠣᠭᠤᠰ ᠵᠶ᠋ᠠᠷ 50 ᠳ᠋ᠦᠩᠰᠢᠭᠤᠷ ᠲᠥᠭᠦᠷᠢᠭ (ᠪᠤᠶᠤ ᠲᠡᠩᠴᠡᠭᠦᠦ ᠥᠷᠲᠡᠭ᠎ᠲᠠᠢ ᠭᠠᠳᠠᠭ᠋ᠠᠳᠤ ᠵᠢᠨ ᠵᠣᠭᠤᠰ) ᠵᠢᠴᠢ ᠲᠡᠭᠦᠨ᠎ᠠᠴᠠ ᠳᠡᠭᠡᠭᠰᠢ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠦᠨ ᠬᠦᠷᠭᠡᠵᠦ ᠮᠠᠲ᠋ᠧᠷᠢᠶᠠᠯ᠎ᠤᠨ ᠪᠦᠷᠢᠨ ᠭᠦᠢ᠍ᠴᠡᠳ ᠴᠢᠨᠠᠷ ᠪᠠ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠴᠢᠨᠠᠷ᠎ᠲᠤ ᠬᠢᠨᠠᠨ ᠪᠠᠶ᠋ᠢᠴᠠᠭ᠋ᠠᠯᠲᠠ ᠬᠢᠯᠭᠡᠨ᠎ᠡ;
(ᠬᠤᠶᠠᠷ) ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶ᠋ᠢᠭᠤᠯᠤᠮᠵᠢ ᠵᠢᠨ ᠭᠠᠷᠭ᠋ᠠᠭᠰᠠᠨ ᠪᠡᠯᠡ ᠵᠢᠨ ᠲᠤᠭ᠎ᠠ᠎ᠨᠢ ᠠᠷᠠᠳ᠎ᠤᠨ ᠵᠣᠭᠤᠰ ᠵᠶ᠋ᠠᠷ 50 ᠳ᠋ᠦᠩᠰᠢᠭᠤᠷ ᠲᠥᠭᠦᠷᠢᠭ (ᠪᠤᠶᠤ ᠲᠡᠩᠴᠡᠭᠦᠦ ᠥᠷᠲᠡᠭ᠎ᠲᠠᠢ ᠭᠠᠳᠠᠭ᠋ᠠᠳᠤ ᠵᠢᠨ ᠵᠣᠭᠤᠰ)᠎ᠠᠴᠠ ᠳᠣᠣᠷ᠎ᠠ᠂ ᠠᠷᠠᠳ᠎ᠤᠨ ᠵᠣᠭᠤᠰ ᠵᠶ᠋ᠠᠷ 20 ᠳ᠋ᠦᠩᠰᠢᠭᠤᠷ ᠲᠥᠭᠦᠷᠢᠭ (ᠪᠤᠶᠤ ᠲᠡᠩᠴᠡᠭᠦᠦ ᠥᠷᠲᠡᠭ᠎ᠲᠠᠢ ᠭᠠᠳᠠᠭ᠋ᠠᠳᠤ ᠵᠢᠨ ᠵᠣᠭᠤᠰ) ᠵᠢᠴᠢ ᠲᠡᠭᠦᠨ᠎ᠠᠴᠠ ᠳᠡᠭᠡᠭᠰᠢ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠴᠢᠨᠠᠷ ᠪᠠ ᠳᠦᠷᠢᠮ ᠲᠣᠭᠲᠠᠭ᠋ᠠᠯ ᠵᠡᠷᠭᠡ ᠮᠠᠲ᠋ᠧᠷᠢᠶᠠᠯ᠎ᠤᠨ ᠪᠦᠷᠢᠨ ᠭᠦᠢ᠍ᠴᠡᠳ ᠴᠢᠨᠠᠷ᠎ᠲᠤ ᠬᠢᠨᠠᠨ ᠪᠠᠶ᠋ᠢᠴᠠᠭ᠋ᠠᠯᠲᠠ ᠬᠢᠬᠦ ᠠᠵᠢᠯ᠎ᠢ ᠬᠠᠷᠢᠭᠤᠴᠠᠨ᠎ᠠ᠃
ᠠᠷᠪᠠᠨ ᠵᠢᠷᠭᠤᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠥᠯᠳᠡ ᠵᠢᠨ ᠰᠠᠭᠤᠷᠢ ᠮᠥᠩᠭᠦ ᠵᠢ ᠪᠠᠶ᠋ᠢᠭᠤᠯᠬᠤ᠎ᠪᠠᠷ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠬᠦᠳᠤᠪᠠᠨ ᠳᠣᠣᠷᠠᠬᠢ ᠮᠡᠲ᠋ᠧᠷᠢᠶᠡᠯᠤᠳᠢ ᠲᠤᠰᠢᠶᠠᠬᠤ ᠬᠡᠷᠡᠭᠲᠡᠢ᠄
(ᠨᠢᠭᠡ) ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠭᠤᠶᠤᠴᠢᠯᠠᠨ ᠪᠠᠶ᠋ᠢᠭᠤᠯᠬᠤ᠎ᠪᠠᠷ ᠵᠢᠭ᠋ᠠᠪᠤᠷᠢ ᠠᠪᠬᠤ;
(ᠬᠤᠶᠠᠷ) ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠪᠣᠯᠣᠮᠵᠢᠲᠤ ᠲᠥᠰᠦᠯ;
(ᠭᠤᠷᠪᠠ) ᠪᠤᠰᠤᠳ ᠮᠠᠲ᠋ᠧᠷᠢᠶᠠᠯ᠃
ᠠᠷᠪᠠᠨ ᠳᠣᠯᠣᠳᠤᠭ᠋ᠠᠷ ᠵᠦᠢ᠍ᠯ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠳᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠡᠬᠡ ᠰᠠᠭᠤᠷᠢ ᠮᠥᠩᠭᠦ ᠵᠢ ᠪᠠᠶ᠋ᠢᠭᠤᠯᠬᠤ᠎ᠳᠤ ᠡᠷᠬᠡᠪᠰᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ 30 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
ᠳᠥᠷᠪᠡᠳᠦᠭᠡᠷ ᠪᠦᠯᠦᠭ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠴᠤᠭᠯᠠᠭᠤᠯᠬᠤ ᠪᠠ ᠳᠠᠩᠰᠠᠯᠠᠨ ᠲᠡᠮᠳᠡᠭᠯᠡᠵᠦ ᠬᠠᠮᠢᠶᠠᠷᠬᠤ
ᠠᠷᠪᠠᠨ ᠨᠠᠢ᠍ᠮᠠᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠨᠡᠶ᠋ᠢᠭᠡᠮ᠎ᠤᠨ ᠪᠡᠯᠡ ᠮᠥᠩᠭᠦ ᠵᠢᠨ ᠬᠡᠰᠡᠭ᠎ᠲᠤ ᠪᠣᠯ ᠢᠯᠡ ᠪᠣᠯᠭ᠋ᠠᠯᠲᠠ ᠵᠢᠨ ᠪᠤᠰᠤ ᠠᠷᠭ᠎ᠠ ᠮᠠᠶᠢᠭ ᠠᠪᠴᠤ ᠲᠦᠭᠰᠢᠭᠦᠷᠢ ᠵᠢ ᠢᠯᠭ᠋ᠠᠨ ᠲᠠᠨᠢᠬᠤ ᠴᠢᠳᠠᠪᠤᠷᠢ ᠪᠠ ᠲᠦᠭᠰᠢᠭᠦᠷᠢ ᠵᠢ ᠳᠠᠭ᠋ᠠᠭ᠋ᠠᠬᠤ ᠴᠢᠳᠠᠪᠤᠷᠢ᠎ᠲᠠᠢ ᠬᠢᠷᠢ ᠲᠡᠩᠴᠡᠭᠰᠡᠨ ᠣᠨᠴᠠ ᠨᠢᠭᠡᠨ ᠪᠡᠯᠡ ᠣᠷᠣᠭᠤᠯᠤᠭᠴᠢ᠎ᠳᠤ ᠬᠠᠨᠳᠤᠭᠤᠯᠤᠨ ᠵᠣᠭᠤᠰ ᠴᠤᠭᠯᠠᠭᠤᠯᠵᠤ᠂ ᠴᠤᠭᠯᠠᠭᠤᠯᠬᠤ ᠦᠢ᠍ᠯᠡ ᠠᠵᠢᠯᠯᠠᠭ᠎ᠠ᠎ᠨᠢ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠤᠯᠤᠰ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠣᠭᠲᠠᠭ᠋ᠠᠯ᠎ᠳᠤ ᠨᠡᠶ᠋ᠢᠴᠡᠬᠦ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶ᠋ᠢᠭᠤᠯᠤᠮᠵᠢ᠎ᠠᠴᠠ ᠪᠡᠯᠡ ᠭᠠᠷᠭ᠋ᠠᠵᠤ ᠪᠠᠶ᠋ᠢᠭᠤᠯᠤᠭᠰᠠᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠴᠤᠭᠯᠠᠭᠤᠯᠵᠤ ᠳᠠᠭᠤᠰᠤᠭᠰᠠᠨ᠎ᠤ ᠳᠠᠷᠠᠭ᠎ᠠ 20 ᠠᠵᠢᠯᠯᠠᠬᠤ ᠡᠳᠦᠷ᠎ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ᠎ᠠᠴᠠ ᠪᠦᠬᠦ ᠤᠯᠤᠰ᠎ᠤᠨ ᠵᠠᠰᠠᠭ᠎ᠤᠨ ᠣᠷᠳᠣᠨ᠎ᠤ ᠪᠡᠯᠡ ᠭᠠᠷᠭ᠋ᠠᠭᠰᠠᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠳᠠᠩᠰᠠᠯᠠᠨ ᠲᠡᠮᠳᠡᠭᠯᠡᠬᠦ ᠰᠢᠰᠲ᠋ᠧᠮ᠎ᠳᠤ ᠳᠠᠩᠰᠠᠯᠠᠭᠤᠯᠬᠤ ᠬᠡᠷᠡᠭᠲᠡᠢ᠃
ᠬᠤᠷᠢᠳᠤᠭ᠋ᠠᠷ ᠵᠦᠢ᠍ᠯ ᠬᠤᠪᠢ᠎ᠪᠠᠷ ᠵᠶ᠋ᠠᠨ ᠵᠣᠭᠤᠰ ᠴᠤᠭᠯᠠᠭᠤᠯᠬᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠬᠡᠯᠪᠡᠷᠢ᠎ᠪᠠᠷ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ᠂ ᠪᠡᠯᠡ ᠣᠷᠣᠭᠤᠯᠤᠯᠲᠠ ᠵᠢᠨ ᠬᠠᠮᠢᠶᠠᠷᠤᠯᠲᠠ᠂ ᠡᠳ᠋ ᠬᠥᠷᠥᠩᠭᠡ ᠵᠢᠨ ᠬᠠᠮᠢᠶᠠᠷᠤᠯᠲᠠ ᠬᠢᠵᠦ ᠪᠠᠶ᠋ᠢᠭ᠎ᠠ ᠰᠠᠭᠤᠷᠢ ᠮᠥᠩᠭᠦ ᠵᠢ ᠴᠤᠭᠯᠠᠭᠤᠯᠵᠤ ᠳᠠᠭᠤᠰᠤᠭᠰᠠᠨ᠎ᠤ ᠳᠠᠷᠠᠭ᠎ᠠ 20 ᠠᠵᠢᠯᠯᠠᠬᠤ ᠡᠳᠦᠷ᠎ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ᠎ᠠᠴᠠ ᠳᠤᠮᠳᠠᠳᠤ ᠤᠯᠤᠰ᠎ᠤᠨ ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠠᠵᠢᠯ ᠲᠦᠷᠦᠯ᠎ᠤᠨ ᠨᠡᠶ᠋ᠢᠭᠡᠮᠯᠢᠭ᠎ᠲᠤ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠵᠦ ᠰᠠᠭᠤᠷᠢ ᠮᠥᠩᠭᠦ ᠵᠢ ᠪᠦᠷᠢᠳᠬᠡᠨ ᠳᠠᠩᠰᠠᠯᠠᠭᠤᠯᠬᠤ ᠬᠡᠷᠡᠭᠲᠡᠢ᠃
ᠬᠤᠷᠢᠨ ᠨᠢᠭᠡᠳᠦᠭᠡᠷ ᠵᠦᠢ᠍ᠯ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠡᠯᠡ ᠭᠠᠷᠭ᠋ᠠᠵᠤ ᠪᠠᠶ᠋ᠢᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠰᠠᠭᠤᠷᠢ ᠮᠥᠩᠭᠦ ᠵᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠨ ᠲᠡᠮᠳᠡᠭᠯᠡᠭᠦᠯᠦᠭᠰᠡᠨᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ᠎ᠨᠢ ᠲᠤᠰ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠡᠳ᠋᠎ᠤᠨ ᠵᠠᠰᠠᠭ᠎ᠤᠨ ᠶᠠᠮᠤᠨ᠎ᠤ ᠨᠢᠭᠡᠳᠦᠯᠲᠡᠢ ᠮᠡᠳᠡᠭᠦᠯᠬᠦ ᠬᠦᠰᠦᠨᠦᠭᠲᠦ ᠵᠢᠨ ᠰᠢᠰᠲ᠋ᠧᠮ᠎ᠤᠨ ᠳᠠᠩᠰᠠᠨ᠎ᠤ ᠳ᠋ᠤᠭ᠋ᠠᠷ᠎ᠢ ᠭᠤᠶᠤᠴᠢᠯᠠᠬᠤ ᠬᠡᠷᠡᠭᠲᠡᠢ᠃ ᠭᠤᠶᠤᠴᠢᠯᠠᠯ ᠪᠠᠲᠤᠯᠠᠭᠳᠠᠭᠰᠠᠨ᠎ᠤ ᠳᠠᠷᠠᠭ᠎ᠠ᠂ ᠡᠳ᠋᠎ᠤᠨ ᠵᠠᠰᠠᠭ᠎ᠤᠨ ᠶᠠᠮᠤᠨ᠎ᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠤᠯᠠᠷᠢᠯ ᠪᠦᠷᠢ ᠵᠢᠨ ᠳᠠᠭᠤᠰᠤᠭᠰᠠᠨ᠎ᠤ ᠳᠠᠷᠠᠭ᠋ᠠᠬᠢ 15 ᠡᠳᠦᠷ᠎ᠤᠨ ᠳᠣᠲᠣᠷ᠎ᠠ ᠮᠡᠳᠡᠭᠦᠯᠬᠦ ᠬᠦᠰᠦᠨᠦᠭᠲᠦ ᠵᠢᠨ ᠰᠢᠰᠲ᠋ᠧᠮ ᠵᠶ᠋ᠠᠷ ᠳᠠᠮᠵᠢᠭᠤᠯᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠠᠵᠢᠯᠯᠠᠭ᠋ᠠᠨ᠎ᠤ ᠪᠠᠶ᠋ᠢᠳᠠᠯ᠎ᠢ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃ ᠡᠬᠡ ᠬᠦᠦ ᠰᠠᠭᠤᠷᠢ ᠮᠥᠩᠭᠦᠨ᠎ᠤ ᠪᠦᠷᠢᠯᠳᠦᠴᠡ᠎ᠪᠠᠷ ᠲᠣᠬᠢᠷᠠᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠪᠣᠯ᠂ ᠤᠯᠠᠷᠢᠯ ᠵᠶ᠋ᠠᠷ ᠮᠡᠳᠡᠭᠦᠯᠬᠦ ᠬᠦᠰᠦᠨᠦᠭᠲᠦ ᠵᠢ ᠵᠠᠰᠠᠭ᠎ᠤᠨ ᠣᠷᠳᠣᠨ᠎ᠠᠴᠠ ᠰᠢᠭᠤᠳ ᠪᠡᠯᠡ ᠭᠠᠷᠭ᠋ᠠᠵᠤ ᠪᠠᠶ᠋ᠢᠭᠤᠯᠤᠭᠰᠠᠨ ᠡᠬᠡ ᠰᠠᠭᠤᠷᠢ ᠮᠥᠩᠭᠦ᠎ᠪᠠᠷ ᠲᠠᠭᠯᠠᠨ ᠮᠡᠳᠡᠭᠦᠯᠵᠦ᠂ ᠡᠬᠡ ᠰᠠᠭᠤᠷᠢ ᠮᠥᠩᠭᠦ᠎ᠪᠠᠷ ᠬᠤᠪᠢ ᠣᠷᠣᠭᠤᠯᠵᠤ ᠪᠠᠶ᠋ᠢᠭᠤᠯᠤᠭᠰᠠᠨ ᠬᠦᠦ ᠰᠠᠭᠤᠷᠢ ᠮᠥᠩᠭᠦ ᠵᠢ ᠲᠠᠭᠯᠠᠨ ᠮᠡᠳᠡᠭᠦᠯᠬᠦ ᠴᠢᠬᠤᠯᠠ ᠦᠭᠡᠢ᠃
ᠲᠠᠪᠤᠳᠤᠭ᠋ᠠᠷ ᠪᠦᠯᠦᠭ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠬᠠᠮᠢᠶᠠᠷᠬᠤ ᠪᠠ ᠨᠠᠶ᠋ᠢᠳᠠᠨ ᠬᠠᠮᠢᠶᠠᠷᠤᠭᠤᠯᠬᠤ
ᠬᠤᠷᠢᠨ ᠬᠤᠶᠠᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠳᠤ ᠥᠮᠴᠢᠯᠡᠬᠦ ᠡᠷᠬᠡ᠂ ᠬᠠᠮᠢᠶᠠᠷᠬᠤ ᠡᠷᠬᠡ᠂ ᠨᠠᠶ᠋ᠢᠳᠠᠨ ᠬᠠᠮᠢᠶᠠᠷᠤᠭᠤᠯᠬᠤ ᠡᠷᠬᠡ ᠵᠢ ᠬᠠᠷᠢᠯᠴᠠᠨ ᠰᠠᠯᠭ᠋ᠠᠬᠤ ᠲᠤᠰᠠᠭ᠋ᠠᠷᠯᠠᠬᠤ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠦᠨ᠎ᠡ᠃
ᠬᠤᠷᠢᠨ ᠭᠤᠷᠪᠠᠳᠤᠭ᠋ᠠᠷ ᠵᠦᠢ᠍ᠯ ᠰᠠᠭᠤᠷᠢ ᠮᠥᠩᠭᠦ ᠪᠠᠶ᠋ᠢᠭᠤᠯᠤᠭᠰᠠᠨ ᠰᠠᠯᠠᠭ᠎ᠠ ᠮᠥᠴᠢᠷ᠎ᠨᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠬᠦ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠰᠣᠩᠭᠤᠭᠤᠯᠢ᠎ᠳᠤ ᠥᠷᠢᠰᠦᠯᠳᠦᠬᠦ ᠲᠥᠰᠥᠯ᠎ᠢ ᠦᠨᠳᠦᠰᠦᠯᠡᠨ᠂ ᠵᠠᠬ᠎ᠠ ᠳᠡᠯᠭᠡᠭᠦᠷᠴᠢᠯᠡᠯᠲᠡ ᠵᠢᠨ ᠵᠠᠷᠴᠢᠮ ᠶᠣᠰᠣᠭ᠋ᠠᠷ᠂ ᠨᠠᠶ᠋ᠢᠳᠠᠯᠭ᠎ᠠ ᠬᠦᠯᠢᠶᠡᠬᠦ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠢᠯᠡ ᠪᠥᠭᠡᠳ ᠭᠤᠤᠯᠴᠢ᠎ᠪᠠᠷ ᠰᠢᠯᠢᠳᠡᠭ᠎ᠢ᠎ᠨᠢ ᠰᠣᠩᠭᠤᠨ ᠲᠣᠭᠲᠠᠭ᠋ᠠᠵᠤ᠂ ᠰᠠᠭᠤᠷᠢ ᠮᠥᠩᠭᠦ ᠵᠢᠨ ᠡᠷᠬᠡ ᠣᠯᠭᠤᠵᠤ ᠨᠠᠶ᠋ᠢᠳᠠᠨ ᠬᠠᠮᠢᠶᠠᠷᠤᠭᠤᠯᠬᠤ ᠵᠥᠪᠯᠡᠯᠴᠡᠭᠡᠷ ᠲᠣᠭᠲᠠᠵᠤ᠂ ᠰᠠᠭᠤᠷᠢ ᠮᠥᠩᠭᠦᠨ᠎ᠤ ᠡᠷᠬᠡ ᠣᠯᠭᠤᠬᠤ ᠬᠡᠪᠴᠢᠶᠡᠵᠢᠯ ᠪᠠ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠨ᠂ ᠡᠳᠦᠷ ᠲᠤᠲᠤᠮ᠎ᠤᠨ ᠬᠠᠮᠢᠶᠠᠷᠤᠯᠲᠠ ᠵᠢᠨ ᠵᠠᠷᠤᠳᠠᠯ᠎ᠢ ᠠᠮᠵᠢᠯᠲᠠ ᠪᠦᠲᠦᠮᠵᠢ ᠵᠢᠨ ᠦᠨᠡᠯᠡᠯᠲᠡ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠂ ᠰᠠᠭᠤᠷᠢ ᠮᠥᠩᠭᠦ ᠵᠢᠨ ᠪᠣᠳᠠᠲᠠᠢ ᠠᠵᠢᠯᠯᠠᠭ᠋ᠠᠨ᠎ᠤ ᠪᠠᠶ᠋ᠢᠳᠠᠯ ᠵᠡᠷᠭᠡ᠎ᠯᠦᠭᠡ ᠬᠤᠯᠪᠣᠭᠳᠠᠭᠤᠯᠬᠤ ᠬᠡᠷᠡᠭᠲᠡᠢ᠃ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠬᠦ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠳᠣᠣᠷᠠᠬᠢ ᠦᠨᠳᠦᠰᠦᠨ ᠨᠥᠬᠦᠴᠡᠯ᠎ᠢ ᠪᠦᠷᠢᠳᠦᠭᠦᠯᠬᠦ ᠬᠡᠷᠡᠭᠲᠡᠢ᠄
(ᠨᠢᠭᠡ) ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ;
(ᠬᠤᠶᠠᠷ) ᠰᠠᠭᠤᠷᠢ ᠮᠥᠩᠭᠦ ᠵᠢ ᠬᠠᠮᠢᠶᠠᠷᠤᠭᠰᠠᠨ ᠨᠡᠯᠢᠶᠡᠳ ᠪᠠᠶᠠᠯᠢᠭ ᠲᠤᠷᠰᠢᠯᠭ᠎ᠠ ᠪᠠ ᠡᠭᠦᠨ᠎ᠯᠦᠭᠡ ᠵᠣᠬᠢᠴᠠᠭᠰᠠᠨ ᠲᠤᠰᠬᠠᠢ ᠮᠡᠷᠭᠡᠵᠢᠯ᠎ᠤᠨ ᠬᠠᠮᠢᠶᠠᠷᠤᠯᠲᠠ ᠵᠢᠨ ᠪᠦᠯᠬᠦᠮ᠎ᠲᠠᠢ;
(ᠭᠤᠷᠪᠠ) ᠦᠨᠡᠨᠴᠢ ᠢᠲᠡᠭᠡᠮᠵᠢᠲᠡᠢ᠎ᠪᠠᠷ ᠡᠵᠡᠩᠨᠡᠵᠦ᠂ ᠬᠠᠤᠯᠢ ᠲᠣᠭᠲᠠᠭ᠋ᠠᠯ ᠶᠣᠰᠣᠭ᠋ᠠᠷ ᠠᠵᠢᠯᠯᠠᠭᠤᠯᠵᠤ ᠪᠠᠶ᠋ᠢᠬᠤ᠃
ᠬᠤᠷᠢᠨ ᠳᠥᠷᠪᠡᠳᠦᠭᠡᠷ ᠵᠦᠢ᠍ᠯ ᠵᠠᠰᠠᠭ᠎ᠤᠨ ᠣᠷᠳᠣᠨ᠎ᠤ ᠪᠡᠯᠡ ᠭᠠᠷᠭ᠋ᠠᠭᠰᠠᠨ ᠨᠠᠶ᠋ᠢᠳᠠᠯᠭ᠎ᠠ ᠵᠢ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠳᠣᠣᠷᠠᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠡ᠄
(ᠨᠢᠭᠡ) ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠡᠷᠬᠡ ᠣᠯᠭᠤᠯᠲᠠ ᠵᠢ ᠦᠨᠳᠦᠰᠦᠯᠡᠨ ᠵᠠᠰᠠᠭ᠎ᠤᠨ ᠣᠷᠳᠣᠨ᠎ᠤ ᠪᠡᠯᠡ ᠭᠠᠷᠭ᠋ᠠᠭᠴᠢ ᠵᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠣᠷᠣᠯᠠᠨ ᠭᠦᠢ᠍ᠴᠡᠳᠬᠡᠵᠦ᠂ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠲᠤᠰᠬᠠᠢ ᠳᠠᠩᠰᠠᠨ ᠡᠷᠦᠬᠡ (ᠲᠤᠰᠬᠠᠢ ᠳᠠᠩᠰᠠ) ᠵᠢ ᠬᠠᠷᠢᠭᠤᠴᠠᠨ ᠬᠠᠮᠢᠶᠠᠷᠤᠨ᠎ᠠ;
(ᠬᠤᠶᠠᠷ) ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠂ ᠬᠤᠷᠰᠢᠬᠤ ᠵᠥᠪᠯᠡᠯᠴᠡᠭᠡᠷ ᠵᠡᠷᠭᠡ ᠬᠠᠮᠢᠶ᠎ᠠ ᠪᠦᠬᠦᠢ ᠳᠦᠷᠢᠮ᠎ᠢ ᠦᠨᠳᠦᠰᠦᠯᠡᠨ᠂ ᠬᠥᠮᠥᠨ ᠲᠣᠮᠢᠯᠠᠨ ᠪᠡᠯᠡ ᠣᠷᠣᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠭᠦᠢ᠍ᠴᠡᠳᠬᠡᠯᠭᠡᠵᠦ᠂ ᠰᠠᠭᠤᠷᠢ ᠮᠥᠩᠭᠦᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠢ᠎ᠨᠢ ᠬᠢᠨᠠᠨ ᠬᠠᠷᠭᠤᠭᠤᠯᠵᠤ᠂ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ ᠲᠣᠭᠲᠠᠭ᠋ᠠᠯ᠎ᠠᠴᠠ ᠵᠥᠷᠢᠴᠡᠵᠦ ᠵᠠᠰᠠᠭ᠎ᠤᠨ ᠣᠷᠳᠣᠨ᠎ᠤ ᠪᠡᠯᠡ ᠭᠠᠷᠭ᠋ᠠᠭᠰᠠᠨ ᠠᠰᠢᠭ ᠲᠤᠰᠠ ᠵᠢ ᠬᠤᠬᠢᠷᠠᠭᠤᠯᠤᠭᠰᠠᠨ᠂ ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠎ᠢ ᠵᠥᠷᠢᠴᠡᠭᠰᠡᠨ ᠵᠢᠴᠢ ᠰᠠᠭᠤᠷᠢ ᠮᠥᠩᠭᠦᠨ᠎ᠤ ᠬᠠᠮᠢᠶ᠎ᠠ ᠪᠦᠬᠦᠢ ᠲᠣᠭᠲᠠᠭ᠋ᠠᠯ᠎ᠢ ᠵᠥᠷᠢᠴᠡᠭᠰᠡᠨ ᠪᠠᠶ᠋ᠢᠳᠠᠯ ᠭᠠᠷᠪᠠᠯ᠂ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠲᠤᠰ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢ ᠳᠠᠭᠤᠰᠬᠠᠬᠤ᠎ᠪᠠᠷ ᠳᠡᠪᠰᠢᠭᠦᠯᠵᠦ ᠪᠣᠯᠤᠨ᠎ᠠ;
(ᠭᠤᠷᠪᠠ) ᠰᠠᠭᠤᠷᠢ ᠮᠥᠩᠭᠦ ᠬᠠᠮᠢᠶᠠᠷᠤᠭᠴᠢ ᠵᠢᠨ ᠣᠨ᠎ᠤ ᠡᠳ᠋᠎ᠤᠨ ᠶᠠᠪᠤᠳᠠᠯ᠎ᠤᠨ ᠬᠢᠨᠠᠨ ᠪᠣᠳᠣᠬᠤ᠂ ᠰᠢᠯᠭ᠋ᠠᠨ ᠬᠢᠨᠠᠵᠤ ᠦᠨᠡᠯᠡᠬᠦ ᠵᠡᠷᠭᠡ ᠠᠵᠢᠯ ᠥᠷᠨᠢᠭᠦᠯᠬᠦ ᠵᠢ᠎ᠨᠢ ᠰᠢᠮᠳᠠᠭᠤᠯᠤᠨ᠂ ᠡᠳ᠋᠎ᠤᠨ ᠵᠠᠰᠠᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠠᠭᠤᠷᠢ ᠮᠥᠩᠭᠦᠨ᠎ᠤ ᠠᠵᠢᠯᠯᠠᠭ᠋ᠠᠨ᠎ᠤ ᠪᠠᠶ᠋ᠢᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠢᠶᠠᠩᠭᠤᠶ᠋ᠢᠯᠠᠵᠤ ᠮᠡᠳᠡᠭᠦᠯᠦᠨ ᠬᠦᠷᠭᠡᠬᠦ ᠠᠵᠢᠯ᠎ᠢ ᠬᠠᠷᠢᠭᠤᠴᠠᠨ᠎ᠠ;
(ᠳᠥᠷᠪᠡ) ᠰᠠᠭᠤᠷᠢ ᠮᠥᠩᠭᠦ ᠪᠠᠶ᠋ᠢᠭᠤᠯᠤᠭᠰᠠᠨ ᠰᠠᠯᠠᠭ᠎ᠠ ᠮᠥᠴᠢᠷ᠎ᠢ ᠬᠠᠮᠵᠢᠨ ᠰᠠᠭᠤᠷᠢ ᠮᠥᠩᠭᠦ ᠬᠠᠮᠢᠶᠠᠷᠤᠭᠴᠢ᠎ᠳᠤ ᠬᠢᠨᠠᠯᠲᠠ ᠲᠠᠯᠪᠢᠵᠤ᠂ ᠰᠠᠭᠤᠷᠢ ᠮᠥᠩᠭᠦ ᠬᠠᠮᠢᠶᠠᠷᠤᠭᠴᠢ ᠵᠢ ᠰᠢᠮᠳᠠᠭᠤᠯᠵᠤ ᠪᠠᠶ᠋ᠢᠭ᠋ᠠᠳ ᠬᠠᠮᠢᠶ᠎ᠠ ᠪᠦᠬᠦᠢ ᠠᠵᠢᠯ᠎ᠢ ᠪᠡᠶᠡᠯᠡᠭᠦᠯᠦᠨ᠎ᠡ᠃
ᠬᠤᠷᠢᠨ ᠲᠠᠪᠤᠳᠤᠭ᠋ᠠᠷ ᠵᠦᠢ᠍ᠯ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠳᠤ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠡᠳᠦᠷ ᠲᠤᠲᠤᠮ᠎ᠤᠨ ᠬᠠᠮᠢᠶᠠᠷᠤᠯᠲᠠ ᠵᠢᠨ ᠵᠠᠷᠤᠳᠠᠯ ᠥᠭᠴᠦ᠂ ᠬᠠᠮᠢᠶᠠᠷᠤᠯᠲᠠ ᠵᠢᠨ ᠵᠠᠷᠤᠳᠠᠯ᠎ᠢ ᠣᠨ᠎ᠤ ᠲᠥᠰᠥᠪ᠎ᠲᠤ᠎ᠪᠠᠨ ᠣᠷᠣᠭᠤᠯᠵᠤ᠂ ᠰᠠᠭᠤᠷᠢ ᠮᠥᠩᠭᠦ ᠵᠢ ᠰᠢᠯᠭ᠋ᠠᠨ ᠬᠢᠨᠠᠵᠤ ᠦᠨᠡᠯᠡᠭᠰᠡᠨ ᠦᠷ᠎ᠡ ᠳ᠋ᠦᠩ᠎ᠤᠨ ᠪᠠᠶ᠋ᠢᠳᠠᠯ᠎ᠢ ᠦᠨᠳᠦᠰᠦᠯᠡᠨ ᠴᠢᠩᠭ᠎ᠠ ᠬᠢᠨᠠᠭᠤᠷ ᠬᠠᠷᠭᠤᠭᠤᠯᠤᠨ ᠲᠣᠭᠲᠠᠭ᠋ᠠᠵᠤ ᠰᠠᠯᠭ᠋ᠠᠨ ᠥᠭᠭᠦᠨ᠎ᠡ᠃ ᠬᠠᠮᠢᠶᠠᠷᠤᠯᠲᠠ ᠵᠢᠨ ᠵᠠᠷᠤᠳᠠᠯ᠎ᠢ ᠭᠠᠷᠭ᠋ᠠᠨ ᠠᠪᠬᠤ ᠰᠠᠭᠤᠷᠢ ᠲᠤᠭ᠎ᠠ᠎ᠨᠢ ᠲᠤᠬᠠᠢ ᠵᠢᠨ ᠵᠢᠯ᠎ᠤᠨ ᠡᠳ᠋᠎ᠤᠨ ᠵᠠᠰᠠᠭ᠎ᠤᠨ ᠪᠡᠯᠡ ᠮᠥᠩᠭᠦ ᠵᠢᠨ ᠨᠢᠭᠡᠨᠲᠡ ᠪᠡᠯᠡ ᠣᠷᠣᠭᠤᠯᠤᠭ᠋ᠠᠳ ᠬᠠᠷᠠᠬᠠᠨ ᠬᠤᠷᠢᠶᠠᠨ ᠠᠪᠤᠭ᠋ᠠᠳᠤᠢ ᠵᠣᠭᠤᠰ᠎ᠤᠨ ᠲᠤᠭ᠎ᠠ ᠪᠠᠶ᠋ᠢᠵᠤ᠂ ᠵᠠᠷᠤᠳᠠᠯ᠎ᠤᠨ ᠨᠣᠷᠮ᠎ᠠ ᠵᠢ ᠵᠠᠷᠴᠢᠮ ᠳᠡᠭᠡᠷ᠎ᠡ᠎ᠪᠠᠨ 1%᠎ᠠᠴᠠ ᠥᠨᠳᠥᠷ ᠪᠠᠶ᠋ᠢᠯᠭ᠋ᠠᠵᠤ ᠪᠣᠯᠬᠤ ᠦᠭᠡᠢ᠃
ᠬᠤᠷᠢᠨ ᠵᠢᠷᠭᠤᠳᠤᠭ᠋ᠠᠷ ᠵᠦᠢ᠍ᠯ ᠰᠠᠭᠤᠷᠢ ᠮᠥᠩᠭᠦ ᠪᠠᠶ᠋ᠢᠭᠤᠯᠤᠭᠰᠠᠨ ᠰᠠᠯᠠᠭ᠎ᠠ ᠮᠥᠴᠢᠷ᠎ᠨᠢ ᠲᠥᠪ ᠭᠤᠤᠯᠴᠢ ᠢᠯᠡ ᠪᠠᠶ᠋ᠢᠯᠭ᠋ᠠᠬᠤ᠂ ᠰᠢᠯᠢᠳᠡᠭ᠎ᠢ᠎ᠨᠢ ᠰᠣᠩᠭᠤᠬᠤ ᠵᠠᠷᠴᠢᠮ᠎ᠢ ᠵᠢᠷᠤᠮᠯᠠᠵᠤ᠂ ᠰᠠᠭᠤᠷᠢ ᠮᠥᠩᠭᠦ ᠬᠠᠮᠢᠶᠠᠷᠤᠭᠴᠢ ᠵᠢᠨ ᠰᠣᠩᠭᠤᠭᠤᠯᠢ᠎ᠳᠤ ᠥᠷᠢᠰᠦᠯᠳᠦᠬᠦ ᠲᠥᠰᠥᠯ᠂ ᠨᠠᠶ᠋ᠢᠳᠠᠨ ᠬᠠᠮᠢᠶᠠᠷᠤᠭᠤᠯᠤᠭᠴᠢ ᠵᠢᠨ ᠰᠣᠩᠭᠤᠭᠤᠯᠢ᠎ᠳᠤ ᠥᠷᠢᠰᠦᠯᠳᠦᠬᠦ ᠲᠥᠰᠥᠯ ᠶᠣᠰᠣᠭ᠋ᠠᠷ ᠰᠠᠭᠤᠷᠢ ᠮᠥᠩᠭᠦ ᠬᠠᠮᠢᠶᠠᠷᠤᠭᠴᠢ᠂ ᠨᠠᠶ᠋ᠢᠳᠠᠨ ᠬᠠᠮᠢᠶᠠᠷᠤᠭᠤᠯᠤᠭᠴᠢ ᠵᠢ ᠰᠣᠩᠭᠤᠨ ᠤᠷᠢᠬᠤ ᠬᠡᠷᠡᠭᠲᠡᠢ᠃
ᠬᠤᠷᠢᠨ ᠳᠣᠯᠣᠳᠤᠭ᠋ᠠᠷ ᠵᠦᠢ᠍ᠯ ᠰᠠᠭᠤᠷᠢ ᠮᠥᠩᠭᠦ ᠬᠠᠮᠢᠶᠠᠷᠤᠭᠴᠢ᠎ᠨᠢ ᠳᠣᠣᠷᠠᠬᠢ ᠨᠥᠬᠦᠴᠡᠯ᠎ᠤᠳ᠎ᠢ ᠪᠦᠷᠢᠳᠦᠭᠦᠯᠬᠦ ᠬᠡᠷᠡᠭᠲᠡᠢ᠄
(ᠨᠢᠭᠡ) ᠳᠤᠮᠳᠠᠳᠤ ᠤᠯᠤᠰ᠎ᠤᠨ ᠡᠬᠡ ᠬᠠᠭᠤᠷᠠᠢ᠎ᠳᠤ ᠬᠠᠤᠯᠢ ᠶᠣᠰᠣᠭ᠋ᠠᠷ ᠪᠠᠶ᠋ᠢᠭᠤᠯᠤᠭᠰᠠᠨ ᠺᠣᠮᠫᠠᠨᠢ ᠪᠤᠶᠤ ᠬᠤᠷᠰᠢᠭᠰᠠᠨ ᠠᠵᠤ ᠠᠬᠤᠶ᠋ᠢᠯᠠᠯ᠂ ᠪᠣᠳᠠᠲᠠᠢ ᠬᠤᠷᠢᠶᠠᠭᠰᠠᠨ ᠬᠥᠷᠥᠩᠭᠡ᠎ᠨᠢ ᠠᠷᠠᠳ᠎ᠤᠨ ᠵᠣᠭᠤᠰ ᠵᠶ᠋ᠠᠷ 1000 ᠲᠦᠮᠡᠨ ᠲᠥᠭᠦᠷᠢᠭ᠎ᠠᠴᠠ ᠳᠣᠣᠷ᠎ᠠ ᠦᠭᠡᠢ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠬᠤᠪᠢᠶᠠᠷᠢ ᠰᠠᠯᠪᠤᠷᠢ ᠪᠠᠶ᠋ᠢᠭᠤᠯᠤᠮᠵᠢ ᠪᠠᠶ᠋ᠢᠭᠤᠯᠵᠤ᠂ ᠲᠣᠭᠲᠠᠭᠰᠠᠨ ᠠᠵᠢᠯᠯᠠᠬᠤ ᠭᠠᠵᠠᠷ᠎ᠲᠠᠢ ᠪᠠᠶ᠋ᠢᠬᠤ;
(ᠬᠤᠶᠠᠷ) ᠲᠣᠭᠲᠠᠭᠤᠨ ᠬᠠᠮᠢᠶᠠᠷᠤᠯᠲᠠ ᠵᠢᠨ ᠪᠦᠯᠬᠦᠮ ᠨᠡᠶ᠋ᠢᠲᠡ ᠲᠠ᠊ ᠪᠠᠶ᠋ᠢᠵᠤ᠂ ᠰᠠᠶ᠋ᠢᠨ ᠰᠠᠶ᠋ᠢᠬᠠᠨ ᠡᠷᠬᠢᠯᠡᠭᠰᠡᠨ ᠠᠵᠢᠯ᠎ᠤᠨ ᠰᠠᠬᠢᠯᠭ᠎ᠠ ᠪᠠᠲᠤ ᠪᠠ ᠢᠲᠡᠭᠡᠯ ᠬᠦᠨᠳᠦ᠎ᠲᠠᠢ ᠪᠥᠭᠡᠳ ᠤᠯᠤᠰ᠎ᠠᠴᠠ ᠲᠣᠭᠲᠠᠭ᠋ᠠᠭᠰᠠᠨ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠬᠢᠷᠢ ᠭᠡᠮ᠎ᠲᠠᠢ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠠᠳᠠᠭ᠎ᠲᠤ᠎ᠪᠠᠨ 3 ᠬᠥᠮᠥᠨ᠎ᠠᠴᠠ ᠢᠯᠡᠭᠦᠦ ᠲᠣᠭᠲᠠᠭᠤᠨ ᠠᠵᠢᠯᠲᠠᠨ᠎ᠲᠠᠢ ᠪᠠᠶ᠋ᠢᠬᠤ;
(ᠭᠤᠷᠪᠠ) 3 ᠵᠢᠯ᠎ᠠᠴᠠ ᠳᠡᠭᠡᠭᠰᠢᠬᠢ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠠᠵᠢᠯ᠎ᠤᠨ ᠲᠤᠷᠰᠢᠯᠭ᠎ᠠ᠎ᠲᠠᠢ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠠᠳᠠᠭ᠎ᠲᠤ᠎ᠪᠠᠨ 3 ᠬᠥᠮᠥᠨ ᠪᠠᠶ᠋ᠢᠬᠤ ᠬᠡᠷᠡᠭᠲᠡᠢ; ᠢᠲᠡᠭᠡᠮᠵᠢ ᠵᠢᠨ ᠰᠠᠶ᠋ᠢᠲᠠᠢ ᠪᠥᠭᠡᠳ ᠬᠠᠮᠢᠶᠠᠷᠤᠭᠴᠢ ᠵᠢᠴᠢ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠵᠢᠴᠢ ᠪᠤᠰᠤᠳ ᠠᠵᠢᠯᠯᠠᠭᠰᠠᠳ᠎ᠨᠢ ᠣᠶ᠋ᠢᠷ᠎ᠠ ᠵᠢᠨ 3 ᠵᠢᠯ᠎ᠳᠤ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠵᠡᠷᠭᠡ ᠮᠠᠭᠤ ᠮᠠᠭᠤᠬᠠᠢ ᠲᠡᠮᠳᠡᠭᠯᠡᠯ ᠪᠠᠶ᠋ᠢᠬᠤ ᠦᠭᠡᠢ;
(ᠳᠥᠷᠪᠡ) ᠱᠠᠭ᠋ᠠᠷᠳᠠᠯᠭ᠎ᠠ᠎ᠳᠤ ᠨᠡᠶ᠋ᠢᠴᠡᠭᠰᠡᠨ ᠡᠵᠡᠩᠨᠡᠯᠲᠡ ᠵᠢᠨ ᠲᠠᠯᠠᠪᠤᠷ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠪᠡᠯᠡᠳᠬᠡᠮᠵᠢ ᠪᠠ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠲᠠᠢ ᠬᠤᠯᠪᠣᠭᠳᠠᠬᠤ ᠪᠤᠰᠤᠳ ᠪᠡᠯᠡᠳᠬᠡᠮᠵᠢ᠎ᠲᠠᠢ ᠪᠠᠶ᠋ᠢᠬᠤ;
(ᠲᠠᠪᠤ) ᠴᠢᠩᠭ᠎ᠠ ᠪᠥᠭᠡᠳ ᠵᠣᠬᠢᠰᠲᠠᠢ ᠪᠡᠯᠡ ᠣᠷᠣᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠂ ᠲᠦᠭᠰᠢᠭᠦᠷᠢ ᠵᠢ ᠡᠵᠡᠮᠳᠡᠬᠦ ᠲᠣᠭᠲᠠᠴᠠ ᠵᠢᠴᠢ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ᠎ᠲᠠᠢ ᠪᠠᠶ᠋ᠢᠬᠤ;
(ᠵᠢᠷᠭᠤᠭ᠎ᠠ) ᠳᠤᠮᠳᠠᠳᠤ ᠤᠯᠤᠰ᠎ᠤᠨ ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠠᠵᠢᠯ ᠲᠦᠷᠦᠯ᠎ᠤᠨ ᠨᠡᠶ᠋ᠢᠭᠡᠮᠯᠢᠭ᠎ᠤᠨ ᠲᠣᠭᠲᠠᠭ᠋ᠠᠭᠰᠠᠨ ᠬᠤᠪᠢ᠎ᠪᠠᠷ ᠵᠶ᠋ᠠᠨ ᠵᠣᠭᠤᠰ ᠴᠤᠭᠯᠠᠭᠤᠯᠤᠭᠰᠠᠨ ᠰᠠᠭᠤᠷᠢ ᠮᠥᠩᠭᠦ ᠵᠢᠨ ᠬᠠᠮᠢᠶᠠᠷᠤᠭᠴᠢ ᠵᠢᠨ ᠬᠢᠷᠢ ᠭᠡᠮ᠎ᠲᠠᠢ ᠪᠠᠶ᠋ᠢᠵᠤ᠂ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠎ᠳᠤ ᠪᠦᠷᠢᠳᠬᠡᠨ ᠳᠠᠩᠰᠠᠯᠠᠭᠤᠯᠬᠤ ᠭᠠᠷᠳᠠᠮ᠎ᠢ ᠭᠦᠢ᠍ᠴᠡᠳᠬᠡᠭᠰᠡᠨ᠎ᠤ ᠬᠠᠮᠲᠤ ᠬᠢᠨᠠᠯᠲᠠ ᠲᠠᠯᠪᠢᠯᠲᠠ ᠵᠢ ᠬᠦᠯᠢᠶᠡᠵᠦ ᠪᠠᠶ᠋ᠢᠬᠤ᠃
ᠬᠤᠷᠢᠨ ᠨᠠᠢ᠍ᠮᠠᠳᠤᠭ᠋ᠠᠷ ᠵᠦᠢ᠍ᠯ ᠰᠠᠭᠤᠷᠢ ᠮᠥᠩᠭᠦ ᠬᠠᠮᠢᠶᠠᠷᠤᠭᠴᠢ᠎ᠨᠢ ᠳᠣᠣᠷᠠᠬᠢ ᠡᠭᠦᠷᠭᠡ ᠬᠠᠷᠢᠭᠤᠴᠠᠯᠭ᠎ᠠ ᠵᠢ ᠭᠦᠶ᠋ᠢᠴᠡᠳᠭᠡᠨᠡ᠄
(ᠨᠢᠭᠡ) ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂ ᠰᠠᠭᠤᠷᠢ ᠮᠥᠩᠭᠦᠨ᠎ᠤ ᠰᠢᠢ᠍ᠳᠪᠦᠷᠢᠲᠦ ᠪᠣᠳᠣᠯᠭ᠎ᠠ ᠵᠢᠨ ᠺᠣᠮᠢᠰ᠎ᠤᠨ ᠵᠥᠪᠯᠡᠨ ᠲᠣᠭᠲᠠᠭ᠋ᠠᠭᠰᠠᠨ ᠲᠥᠷᠥ ᠵᠢᠨ ᠪᠣᠳᠣᠯᠭ᠎ᠠ ᠵᠢᠨ ᠬᠠᠷᠠᠯᠲᠠ ᠵᠢ ᠦᠨᠳᠦᠰᠦᠯᠡᠨ᠂ ᠪᠡᠯᠡ ᠣᠷᠣᠭᠤᠯᠬᠤ ᠲᠥᠰᠥᠯ᠎ᠢ ᠲᠣᠭᠲᠠᠭ᠋ᠠᠵᠤ᠂ ᠰᠠᠭᠤᠷᠢ ᠮᠥᠩᠭᠦ ᠵᠢᠨ ᠪᠡᠯᠡ ᠴᠤᠭᠯᠠᠭᠤᠯᠬᠤ᠂ ᠪᠡᠯᠡ ᠣᠷᠤᠭᠤᠯᠬᠤ᠂ ᠬᠠᠮᠢᠶᠠᠷᠬᠤ᠂ ᠪᠤᠴᠠᠭ᠋ᠠᠵᠤ ᠭᠠᠷᠭ᠋ᠠᠬᠤ ᠵᠡᠷᠭᠡ ᠠᠵᠢᠯᠯᠠᠭᠤᠯᠬᠤ ᠠᠵᠢᠯ᠎ᠢ ᠭᠦᠢ᠍ᠴᠡᠳᠬᠡᠨ᠎ᠡ;
(ᠬᠤᠶᠠᠷ) ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂ ᠲᠣᠭᠲᠠᠮᠠᠯ ᠬᠤᠭᠤᠴᠠᠭ᠎ᠠ᠎ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠰᠠᠭᠤᠷᠢ ᠮᠥᠩᠭᠦ ᠵᠢᠨ ᠬᠤᠪᠢ ᠣᠷᠣᠭᠤᠯᠤᠭᠴᠢ ᠪᠤᠶᠤ ᠬᠤᠷᠰᠢᠭᠴᠢ᠎ᠳᠤ ᠰᠠᠭᠤᠷᠢ ᠮᠥᠩᠭᠦᠨ᠎ᠤ ᠡᠵᠡᠩᠨᠡᠯᠲᠡ ᠵᠢᠨ ᠠᠵᠢᠯᠯᠠᠭ᠋ᠠᠨ᠂ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡ ᠵᠡᠷᠭᠡ ᠲᠠᠯ᠎ᠠ ᠵᠢᠨ ᠮᠡᠳᠡᠭᠡ ᠵᠠᠩᠭᠢ ᠵᠢ ᠨᠡᠶ᠋ᠢᠲᠡᠯᠡᠵᠦ᠂ ᠰᠠᠭᠤᠷᠢ ᠮᠥᠩᠭᠦᠨ᠎ᠤ ᠵᠠᠰᠠᠯᠲᠠ᠂ ᠡᠵᠡᠩᠨᠡᠯᠲᠡ᠂ ᠡᠳ᠋᠎ᠤᠨ ᠶᠠᠪᠤᠳᠠᠯ ᠵᠡᠷᠭᠡ ᠲᠠᠯ᠎ᠠ ᠵᠢᠨ ᠪᠠᠶ᠋ᠢᠳᠠᠯ᠎ᠢ ᠪᠥᠬᠦ ᠲᠠᠯ᠎ᠠ᠎ᠪᠠᠷ ᠮᠡᠳᠡᠭᠳᠡᠨ᠎ᠡ;
(ᠭᠤᠷᠪᠠ) ᠰᠠᠭᠤᠷᠢ ᠮᠥᠩᠭᠦᠨ᠎ᠤ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠠᠶ᠋ᠢᠷᠠᠭᠤᠯᠤᠨ ᠵᠣᠬᠢᠶᠠᠵᠤ᠂ ᠬᠢᠷᠢ ᠭᠡᠮ᠎ᠲᠠᠢ ᠭᠠᠳᠠᠨᠠᠬᠢ ᠬᠢᠨᠠᠨ ᠪᠤᠳᠤᠬᠤ ᠪᠠᠶ᠋ᠢᠭᠤᠯᠤᠮᠵᠢ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ ᠰᠠᠭᠤᠷᠢ ᠮᠥᠩᠭᠦᠨ᠎ᠤ ᠬᠡᠷᠡᠭ ᠮᠡᠳᠡᠭᠴᠢᠳ᠎ᠤᠨ ᠵᠥᠪᠯᠡᠯ (ᠡᠵᠡᠮᠰᠢᠭᠴᠢᠳ᠎ᠤᠨ ᠶᠡᠭᠡ ᠬᠤᠷᠠᠯ)᠎ᠳᠤ ᠮᠡᠳᠡᠭᠦᠯᠦᠯᠲᠡ ᠬᠢᠬᠦ ᠵᠢᠨ ᠬᠠᠮᠲᠤ ᠵᠠᠰᠠᠭ᠎ᠤᠨ ᠣᠷᠳᠣᠨ᠎ᠠᠴᠠ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠣᠨ᠎ᠤ ᠮᠡᠳᠡᠭᠦᠯᠦᠯᠲᠡ᠎ᠪᠠᠨ ᠲᠤᠰᠢᠶᠠᠨ᠎ᠠ;
(ᠳᠥᠷᠪᠡ) ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠂ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠵᠥᠪᠯᠡᠯᠴᠡᠭᠡᠷ᠎ᠲᠤ ᠪᠣᠯᠵᠣᠨ ᠲᠣᠭᠲᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃
ᠬᠤᠷᠢ ᠶᠢᠰᠦᠳᠦᠭᠡᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠨᠢ ᠪᠡᠯᠡ ᠴᠤᠭᠯᠠᠭᠤᠯᠬᠤ ᠲᠣᠳᠣᠷᠬᠠᠶ᠋ᠢᠯᠠᠯᠲᠠ ᠵᠢᠨ ᠪᠢᠴᠢᠭ᠂ ᠰᠠᠭᠤᠷᠢ ᠮᠥᠩᠭᠦᠨ᠎ᠤ ᠺᠣᠮᠫᠠᠨᠢ ᠵᠢᠨ ᠳᠦᠷᠢᠮ ᠲᠣᠭᠲᠠᠭ᠋ᠠᠯ ᠪᠤᠶᠤ ᠰᠠᠭᠤᠷᠢ ᠮᠥᠩᠭᠦᠨ᠎ᠤ ᠬᠤᠷᠰᠢᠯᠴᠠᠬᠤ ᠵᠥᠪᠯᠡᠯᠴᠡᠭᠡᠷ᠂ ᠨᠠᠶ᠋ᠢᠳᠠᠨ ᠬᠠᠮᠢᠶᠠᠷᠤᠭᠤᠯᠬᠤ ᠵᠥᠪᠯᠡᠯᠴᠡᠭᠡᠷ ᠵᠡᠷᠭᠡ ᠬᠠᠤᠯᠢ ᠴᠠᠭ᠋ᠠᠵᠠ ᠵᠢᠨ ᠪᠢᠴᠢᠭ ᠮᠠᠲ᠋ᠧᠷᠢᠶᠠᠯ᠎ᠳᠤ᠂ ᠰᠠᠭᠤᠷᠢ ᠮᠥᠩᠭᠦᠨ᠎ᠤ ᠠᠰᠢᠭ ᠣᠷᠣᠯᠭ᠎ᠠ ᠵᠢᠨ ᠪᠦᠷᠢᠯᠳᠦᠯ᠂ ᠬᠤᠪᠢᠶᠠᠷᠢᠯᠠᠬᠤ ᠠᠷᠭ᠎ᠠ ᠬᠡᠯᠪᠡᠷᠢ᠂ ᠪᠤᠴᠠᠭ᠋ᠠᠵᠤ ᠭᠠᠷᠭ᠋ᠠᠬᠤ ᠠᠷᠭ᠎ᠠ ᠬᠡᠯᠪᠡᠷᠢ ᠵᠢ ᠲᠣᠳᠣᠷᠬᠠᠶ᠋ᠢᠯᠠᠵᠤ᠂ ᠰᠠᠭᠤᠷᠢ ᠮᠥᠩᠭᠦ ᠬᠠᠮᠢᠶᠠᠷᠤᠭᠴᠢ ᠵᠢᠨ ᠬᠠᠮᠢᠶᠠᠷᠤᠯᠲᠠ ᠵᠢᠨ ᠵᠠᠷᠤᠳᠠᠯ ᠪᠠ ᠠᠮᠵᠢᠯᠲᠠ ᠪᠦᠲᠦᠮᠵᠢ ᠵᠢᠨ ᠬᠥᠯᠥᠰᠦ ᠣᠯᠭᠤᠮᠵᠢ ᠵᠡᠷᠭᠡ ᠰᠠᠭᠤᠷᠢ ᠮᠥᠩᠭᠦ ᠵᠢᠨ ᠡᠭᠦᠷᠭᠡᠯᠡᠬᠦ ᠴᠢᠬᠤᠯᠠᠲᠠᠢ ᠪᠤᠰᠤᠳ ᠬᠤᠯᠪᠣᠭᠳᠠᠯ ᠪᠦᠬᠦᠢ ᠵᠠᠷᠤᠳᠠᠯ᠎ᠤᠨ ᠪᠠᠷᠢᠮᠵᠢᠶ᠎ᠠ ᠪᠠ ᠣᠨ᠎ᠤ ᠣᠯᠭᠤᠬᠤ ᠬᠠᠷᠢᠴᠠᠯ᠎ᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠰᠠᠭᠤᠷᠢ ᠮᠥᠩᠭᠦ ᠬᠠᠮᠢᠶᠠᠷᠤᠭᠴᠢ ᠵᠢᠨ ᠬᠠᠮᠢᠶᠠᠷᠤᠯᠲᠠ ᠵᠢᠨ ᠵᠠᠷᠤᠳᠠᠯ᠎ᠢ ᠠᠮᠵᠢᠯᠲᠠ ᠪᠦᠲᠦᠮᠵᠢ ᠵᠢ ᠦᠨᠡᠯᠡᠬᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠂ ᠰᠠᠭᠤᠷᠢ ᠮᠥᠩᠭᠦᠨ᠎ᠤ ᠪᠣᠳᠠᠲᠠᠢ ᠠᠵᠢᠯᠯᠠᠭ᠋ᠠᠨ᠎ᠤ ᠪᠠᠶ᠋ᠢᠳᠠᠯ᠂ ᠳᠠᠭ᠋ᠠᠵᠤ ᠣᠷᠤᠭᠤᠯᠤᠯᠲᠠ ᠬᠢᠬᠦ ᠬᠠᠷᠢᠴᠠᠯ ᠵᠡᠷᠭᠡ᠎ᠯᠦᠭᠡ ᠬᠤᠯᠪᠣᠭᠳᠠᠭᠤᠯᠵᠤ᠂ ᠡᠬᠡ ᠰᠠᠭᠤᠷᠢ ᠮᠥᠩᠭᠦᠨ᠎ᠤ ᠪᠡᠯᠡ ᠣᠷᠣᠭᠤᠯᠤᠯᠲᠠ ᠵᠢᠨ ᠬᠤᠭᠤᠴᠠᠭ᠋ᠠᠨ᠎ᠤ ᠬᠠᠮᠢᠶᠠᠷᠤᠯᠲᠠ ᠵᠢᠨ ᠵᠠᠷᠤᠳᠠᠯ᠎ᠤᠨ ᠪᠣᠳᠣᠵᠤ ᠠᠪᠬᠤ ᠰᠠᠭᠤᠷᠢ ᠲᠤᠭ᠎ᠠ᠎ᠨᠢ ᠨᠢᠭᠡᠨᠲᠡ ᠣᠷᠤᠭᠤᠯᠤᠯᠲᠠ ᠬᠢᠭᠰᠡᠨ ᠪᠣᠯᠪᠠᠴᠤ ᠪᠤᠴᠠᠭ᠋ᠠᠭ᠋ᠠᠳᠤᠢ ᠪᠡᠯᠡ ᠣᠷᠣᠭᠤᠯᠤᠯᠲᠠ ᠵᠢᠨ ᠵᠣᠭᠤᠰ᠎ᠤᠨ ᠲᠤᠭ᠎ᠠ (ᠬᠦᠦ ᠰᠠᠭᠤᠷᠢ ᠮᠥᠩᠭᠦ ᠪᠠᠶ᠋ᠢᠭᠤᠯᠬᠤ᠎ᠳᠤ ᠭᠠᠷᠭ᠋ᠠᠭᠰᠠᠨ ᠪᠡᠯᠡ ᠮᠥᠩᠭᠦᠨ᠎ᠤ ᠵᠣᠭᠤᠰ᠎ᠤᠨ ᠲᠤᠭ᠎ᠠ ᠪᠠᠭᠲᠠᠬᠤ ᠦᠭᠡᠢ)᠂ ᠵᠠᠷᠤᠳᠠᠯ᠎ᠤᠨ ᠨᠣᠷᠮ᠎ᠠ ᠵᠢ 1%᠎ᠠᠴᠠ ᠥᠨᠳᠥᠷ ᠪᠠᠶ᠋ᠢᠯᠭ᠋ᠠᠬᠤ ᠦᠭᠡᠶ; ᠪᠤᠴᠠᠭ᠋ᠠᠵᠤ ᠭᠠᠷᠭ᠋ᠠᠬᠤ ᠬᠤᠭᠤᠴᠠᠭ᠋ᠠᠨ᠎ᠤ ᠬᠠᠮᠢᠶᠠᠷᠤᠯᠲᠠ ᠵᠢᠨ ᠵᠠᠷᠤᠳᠠᠯ᠎ᠤᠨ ᠪᠣᠳᠣᠵᠤ ᠠᠪᠬᠤ ᠰᠠᠭᠤᠷᠢ ᠲᠤᠭ᠎ᠠ᠎ᠨᠢ ᠨᠢᠭᠡᠨᠲᠡ ᠣᠷᠤᠭᠤᠯᠤᠯᠲᠠ ᠬᠢᠭᠰᠡᠨ ᠪᠣᠯᠪᠠᠴᠤ ᠪᠤᠴᠠᠭ᠋ᠠᠭ᠋ᠠᠳᠤᠢ ᠪᠡᠯᠡ ᠣᠷᠣᠭᠤᠯᠤᠯᠲᠠ ᠵᠢᠨ ᠵᠣᠭᠤᠰ᠎ᠤᠨ ᠲᠤᠭ᠎ᠠ ᠪᠠᠶ᠋ᠢᠵᠤ᠂ ᠵᠠᠷᠤᠳᠠᠯ᠎ᠤᠨ ᠨᠣᠷᠮ᠎ᠠ ᠵᠢᠨ ᠬᠠᠷᠢᠴᠠᠯ᠎ᠢ ᠬᠠᠭ᠋ᠠᠰ ᠵᠶ᠋ᠠᠷ ᠬᠠᠰᠤᠵᠤ ᠬᠤᠷᠢᠶᠠᠨ᠎ᠠ᠃ ᠬᠦᠦ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠵᠠᠷᠤᠳᠠᠯ᠎ᠢ ᠪᠣᠳᠣᠵᠤ ᠠᠪᠬᠤ ᠪᠠᠷᠢᠮᠵᠢᠶ᠎ᠠ ᠪᠠ ᠵᠠᠷᠤᠳᠠᠯ᠎ᠤᠨ ᠨᠣᠷᠮ᠎ᠠ ᠵᠢ ᠵᠠᠷᠴᠢᠮ ᠳᠡᠭᠡᠷ᠎ᠡ᠎ᠪᠠᠨ ᠡᠬᠡ ᠰᠠᠭᠤᠷᠢ ᠮᠥᠩᠭᠦ᠎ᠠᠴᠠ ᠥᠨᠳᠥᠷ ᠪᠠᠶ᠋ᠢᠯᠭ᠋ᠠᠵᠤ ᠪᠣᠯᠬᠤ ᠦᠭᠡᠢ᠃ ᠡᠬᠡ ᠰᠠᠭᠤᠷᠢ ᠮᠥᠩᠭᠦᠨ᠎ᠤ ᠤᠷᠲᠤᠳᠬᠠᠬᠤ ᠬᠤᠭᠤᠴᠠᠭ᠋ᠠᠨ᠎ᠳᠤ ᠬᠠᠮᠢᠶᠠᠷᠤᠯᠲᠠ ᠵᠢᠨ ᠵᠠᠷᠤᠳᠠᠯ ᠬᠤᠷᠢᠶᠠᠬᠤ ᠦᠭᠡᠢ᠃
ᠭᠤᠴᠢᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠳᠤ ᠨᠠᠶ᠋ᠢᠳᠠᠵᠤ ᠬᠠᠮᠢᠶᠠᠷᠤᠭᠤᠯᠬᠤ ᠵᠥᠪᠯᠡᠯᠴᠡᠭᠡᠷ ᠲᠣᠭᠲᠠᠵᠤ᠂ ᠰᠠᠭᠤᠷᠢ ᠮᠥᠩᠭᠦ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ᠎ᠨᠢ ᠪᠣᠯ ᠬᠠᠤᠯᠢ ᠶᠣᠰᠣᠭ᠋ᠠᠷ ᠪᠠᠶ᠋ᠢᠭᠤᠯᠤᠭᠰᠠᠨ ᠬᠤᠳᠠᠯᠳᠤᠭ᠋ᠠᠨ᠎ᠤ ᠪᠠᠩᠬᠢ ᠪᠠᠶ᠋ᠢᠵᠤ᠂ ᠵᠥᠪᠯᠡᠯᠴᠡᠭᠡᠷ᠎ᠲᠤ ᠪᠣᠯᠵᠣᠭᠰᠠᠨ ᠶᠣᠰᠣᠭ᠋ᠠᠷ ᠰᠠᠭᠤᠷᠢ ᠮᠥᠩᠭᠦ ᠵᠢ ᠨᠠᠶ᠋ᠢᠳᠠᠨ ᠬᠠᠮᠢᠶᠠᠷᠤᠭᠤᠯᠤᠨ᠎ᠠ᠃ ᠰᠠᠭᠤᠷᠢ ᠮᠥᠩᠭᠦ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ᠎ᠨᠢ ᠳᠣᠣᠷᠠᠬᠢ ᠨᠥᠬᠦᠴᠡᠯ᠎ᠤᠳ᠎ᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠢ᠄
(ᠨᠢᠭᠡ) ᠴᠡᠪᠡᠷ ᠡᠳ᠋ ᠬᠥᠷᠥᠩᠭᠡ ᠪᠠ ᠲᠦᠭᠰᠢᠭᠦᠷᠢ ᠵᠢ ᠡᠵᠡᠮᠳᠡᠬᠦ ᠭᠦᠢ᠍ᠴᠡᠳᠬᠡᠯ ᠲᠤᠭ᠎ᠠ᠎ᠨᠢ ᠬᠤᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ;
(ᠬᠤᠶᠠᠷ) ᠰᠠᠭᠤᠷᠢ ᠮᠥᠩᠭᠦ ᠵᠢ ᠨᠠᠶ᠋ᠢᠳᠠᠨ ᠬᠠᠮᠢᠶᠠᠷᠤᠭᠤᠯᠬᠤ ᠲᠤᠰᠬᠠᠢ ᠰᠠᠯᠠᠭ᠎ᠠ ᠮᠥᠴᠢᠷ᠎ᠢ ᠪᠠᠶ᠋ᠢᠭᠤᠯᠤᠭᠰᠠᠨ ᠪᠠᠶ᠋ᠢᠬᠤ;
(ᠭᠤᠷᠪᠠ) ᠰᠠᠭᠤᠷᠢ ᠮᠥᠩᠭᠦᠨ᠎ᠤ ᠠᠵᠢᠯ ᠡᠷᠬᠢᠯᠡᠬᠦ ᠬᠢᠷᠢ ᠭᠡᠮ ᠣᠯᠣᠭᠰᠠᠨ ᠲᠤᠰᠬᠠᠢ ᠲᠤᠰᠢᠶᠠᠯ᠎ᠤᠨ ᠠᠵᠢᠯᠲᠠᠨ᠎ᠨᠢ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠋ᠠᠨ᠎ᠳᠤ ᠬᠦᠷᠦᠭᠰᠡᠨ ᠪᠠᠶ᠋ᠢᠬᠤ;
(ᠳᠥᠷᠪᠡ) ᠰᠠᠭᠤᠷᠢ ᠮᠥᠩᠭᠦᠨ᠎ᠤ ᠡᠳ᠋ ᠬᠥᠷᠥᠩᠭᠡ ᠵᠢ ᠠᠮᠤᠷ ᠲᠦᠪᠰᠢᠨ ᠵᠶ᠋ᠠᠷ ᠬᠠᠮᠢᠶᠠᠷᠬᠤ ᠨᠥᠬᠦᠴᠡᠯ᠎ᠲᠠᠢ ᠪᠠᠶ᠋ᠢᠬᠤ;
(ᠲᠠᠪᠤ) ᠠᠮᠤᠷ ᠲᠦᠪᠰᠢᠨ ᠥᠨᠳᠥᠷ ᠪᠦᠲᠦᠮᠵᠢᠲᠡᠶ ᠢᠯᠭ᠋ᠠᠷᠠᠭᠤᠯᠤᠨ ᠪᠤᠳᠤᠬᠤ᠂ ᠲᠠᠰᠤᠯᠤᠨ ᠪᠤᠳᠤᠬᠤ ᠰᠢᠰᠲ᠋ᠧᠮ᠎ᠲᠠᠢ ᠪᠠᠶ᠋ᠢᠬᠤ;
(ᠵᠢᠷᠭᠤᠭ᠎ᠠ) ᠱᠠᠭ᠋ᠠᠷᠳᠠᠯᠭ᠎ᠠ᠎ᠳᠤ ᠨᠡᠶ᠋ᠢᠴᠡᠭᠰᠡᠨ ᠡᠵᠡᠩᠨᠡᠯᠲᠡ ᠵᠢᠨ ᠲᠠᠯᠠᠪᠤᠷ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠪᠡᠯᠡᠳᠬᠡᠮᠵᠢ ᠪᠠ ᠰᠠᠭᠤᠷᠢ ᠮᠥᠩᠭᠦ ᠨᠠᠶ᠋ᠢᠳᠠᠨ ᠬᠠᠮᠢᠶᠠᠷᠤᠭᠤᠯᠬᠤ ᠲᠤᠬᠠᠶ᠋ᠢᠯᠠᠭᠰᠠᠨ ᠠᠵᠢᠯ᠎ᠲᠠᠢ ᠬᠤᠯᠪᠣᠭᠳᠠᠬᠤ ᠪᠤᠰᠤᠳ ᠪᠡᠯᠡᠳᠬᠡᠮᠵᠢ᠎ᠲᠠᠢ ᠪᠠᠶ᠋ᠢᠬᠤ;
(ᠳᠤᠯᠤᠭ᠎ᠠ) ᠪᠦᠷᠢᠨ ᠲᠡᠭᠦᠯᠳᠡᠷ ᠪᠦᠬᠦᠢ ᠳᠣᠲᠣᠭ᠋ᠠᠳᠤ ᠵᠢᠨ ᠰᠢᠯᠭ᠋ᠠᠨ ᠬᠠᠷᠭᠤᠭᠤᠯᠵᠤ ᠬᠢᠨᠠᠨ ᠡᠵᠡᠮᠳᠡᠬᠦ ᠳᠦᠷᠢᠮ ᠪᠠ ᠲᠦᠭᠰᠢᠭᠦᠷᠢ ᠵᠢ ᠡᠵᠡᠮᠳᠡᠬᠦ ᠳᠦᠷᠢᠮ᠎ᠲᠠᠢ ᠪᠠᠶ᠋ᠢᠬᠤ;
(ᠨᠠᠢ᠍ᠮᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠡᠮᠳᠡᠭᠲᠦ ᠵᠢ ᠬᠢᠨᠠᠨ ᠬᠠᠮᠢᠶᠠᠷᠬᠤ ᠪᠠᠶ᠋ᠢᠭᠤᠯᠤᠮᠵᠢ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠩᠬᠢ ᠵᠢᠨ ᠦᠢ᠍ᠯᠡᠰ᠎ᠢ ᠬᠢᠨᠠᠨ ᠬᠠᠮᠢᠶᠠᠷᠬᠤ ᠪᠠᠶ᠋ᠢᠭᠤᠯᠤᠮᠵᠢ᠎ᠠᠴᠠ ᠲᠣᠭᠲᠠᠭ᠋ᠠᠭᠰᠠᠨ ᠪᠤᠰᠤᠳ ᠨᠥᠬᠦᠴᠡᠯ᠃
ᠭᠤᠴᠢᠨ ᠨᠢᠭᠡᠳᠦᠭᠡᠷ ᠵᠦᠢ᠍ᠯ ᠰᠠᠭᠤᠷᠢ ᠮᠥᠩᠭᠦ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ᠎ᠨᠢ ᠳᠣᠣᠷᠠᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠨᠠᠶ᠋ᠢᠳᠠᠨ ᠬᠠᠮᠢᠶᠠᠷᠤᠭᠤᠯᠤᠭᠰᠠᠨ ᠰᠠᠭᠤᠷᠢ ᠮᠥᠩᠭᠦᠨ᠎ᠤ ᠪᠦᠬᠦ ᠡᠳ᠋ ᠬᠥᠷᠥᠩᠭᠡ ᠵᠢ ᠠᠮᠤᠷ ᠲᠦᠪᠰᠢᠨ ᠵᠶ᠋ᠠᠷ ᠬᠠᠮᠢᠶᠠᠷᠴᠤ᠂ ᠰᠠᠭᠤᠷᠢ ᠮᠥᠩᠭᠦ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ᠎ᠨᠢ ᠨᠠᠶ᠋ᠢᠳᠠᠯᠭ᠎ᠠ᠎ᠪᠠᠷ ᠬᠠᠮᠢᠶᠠᠷᠤᠭᠰᠠᠨ ᠰᠠᠭᠤᠷᠢ ᠮᠥᠩᠭᠦᠨ᠎ᠤ ᠡᠳ᠋ ᠬᠥᠷᠥᠩᠭᠡ ᠵᠢ ᠥᠪᠡᠷ᠎ᠤᠨ ᠡᠳ᠋ ᠬᠥᠷᠥᠩᠭᠡᠯᠦᠭᠡ ᠴᠢᠩᠭ᠎ᠠ ᠰᠠᠯᠭ᠋ᠠᠵᠤ᠂ ᠠᠳᠠᠯᠢ ᠪᠤᠰᠤ ᠰᠠᠭᠤᠷᠢ ᠮᠥᠩᠭᠦ᠎ᠳᠤ ᠲᠤᠰ ᠲᠤᠰᠲᠤᠨᠢ ᠳᠠᠩᠰᠠᠨ ᠡᠷᠦᠬᠡ ᠪᠠᠶ᠋ᠢᠭᠤᠯᠵᠤ᠂ ᠳᠠᠩᠰᠠ ᠬᠤᠪᠢᠶᠠᠨ ᠬᠠᠮᠢᠶᠠᠷᠬᠤ ᠵᠢ ᠬᠡᠷᠡᠭᠵᠢᠭᠦᠯᠦᠨ᠎ᠡ;
(ᠬᠤᠶᠠᠷ) ᠰᠠᠭᠤᠷᠢ ᠮᠥᠩᠭᠦ ᠬᠠᠮᠢᠶᠠᠷᠤᠭᠴᠢ ᠵᠢᠨ ᠪᠡᠯᠡ ᠣᠷᠤᠭᠤᠯᠤᠯᠲᠠ ᠬᠢᠬᠦ ᠵᠠᠷᠯᠢᠭ ᠵᠢᠭ᠋ᠠᠪᠤᠷᠢ ᠵᠢ᠎ᠨᠢ ᠬᠡᠷᠡᠭᠵᠢᠭᠦᠯᠵᠦ᠂ ᠰᠠᠭᠤᠷᠢ ᠮᠥᠩᠭᠦᠨ᠎ᠤ ᠨᠡᠷ᠎ᠡ ᠵᠢᠨ ᠳᠣᠣᠷᠠᠬᠢ ᠪᠡᠯᠡ ᠮᠥᠩᠭᠦᠨ᠎ᠤ ᠬᠠᠷᠢᠯᠴᠠᠭ᠎ᠠ ᠵᠢ ᠬᠠᠷᠢᠭᠤᠴᠠᠨ᠎ᠠ;
(ᠭᠤᠷᠪᠠ) ᠨᠠᠶ᠋ᠢᠳᠠᠨ ᠬᠠᠮᠢᠶᠠᠷᠤᠭᠤᠯᠬᠤ ᠵᠥᠪᠯᠡᠯᠴᠡᠭᠡᠷ᠎ᠢ ᠦᠨᠳᠦᠰᠦᠯᠡᠨ᠂ ᠰᠠᠭᠤᠷᠢ ᠮᠥᠩᠭᠦ ᠬᠠᠮᠢᠶᠠᠷᠤᠭᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠺᠤᠮᠫᠠᠨᠢ ᠵᠢᠨ ᠳᠦᠷᠢᠮ ᠲᠣᠭᠲᠠᠭ᠋ᠠᠯ ᠪᠤᠶᠤ ᠬᠤᠷᠰᠢᠬᠤ ᠵᠥᠪᠯᠡᠯᠴᠡᠭᠡᠷ᠂ ᠨᠠᠶ᠋ᠢᠳᠠᠯᠭ᠎ᠠ᠎ᠪᠠᠷ ᠬᠠᠮᠢᠶᠠᠷᠬᠤ ᠵᠥᠪᠯᠡᠯᠴᠡᠭᠡᠷ᠂ ᠰᠠᠭᠤᠷᠢ ᠮᠥᠩᠭᠦᠨ᠎ᠤ ᠬᠡᠷᠡᠭ ᠮᠡᠳᠡᠭᠴᠢᠳ᠎ᠤᠨ ᠬᠤᠷᠠᠯ (ᠡᠵᠡᠮᠰᠢᠭᠴᠢᠳ᠎ᠤᠨ ᠶᠡᠭᠡ ᠬᠤᠷᠠᠯ)᠎ᠤᠨ ᠰᠢᠢ᠍ᠳᠪᠦᠷᠢ ᠵᠢ ᠵᠥᠷᠢᠴᠡᠭᠰᠡᠨ ᠪᠡᠯᠡ ᠣᠷᠣᠭᠤᠯᠤᠯᠲᠠ ᠬᠢᠬᠦ ᠵᠠᠷᠯᠢᠭ ᠵᠢᠭ᠋ᠠᠪᠤᠷᠢ ᠵᠢ ᠣᠯᠵᠤ ᠮᠡᠳᠡᠪᠡᠯ᠂ ᠭᠦᠢ᠍ᠴᠡᠳᠬᠡᠬᠦ ᠵᠢ ᠲᠡᠪᠴᠢᠬᠦ ᠵᠢᠨ ᠬᠠᠮᠲᠤ ᠴᠠᠭ ᠲᠤᠬᠠᠢᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠮᠡᠳᠡᠭᠦᠯᠦᠨ᠎ᠡ; ᠨᠢᠭᠡᠨᠲᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠡᠭᠦᠰᠦᠭᠰᠡᠨ ᠪᠠᠶ᠋ᠢᠪᠠᠯ᠂ ᠴᠠᠭ ᠲᠤᠬᠠᠢᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ;
(ᠳᠥᠷᠪᠡ) ᠰᠠᠭᠤᠷᠢ ᠮᠥᠩᠭᠦ ᠵᠢ ᠨᠠᠶ᠋ᠢᠳᠠᠯᠭ᠎ᠠ᠎ᠪᠠᠷ ᠬᠠᠮᠢᠶᠠᠷᠤᠭᠰᠠᠨ ᠮᠡᠳᠡᠭᠦᠯᠦᠯᠲᠡ ᠭᠠᠷᠭ᠋ᠠᠵᠤ᠂ ᠰᠠᠭᠤᠷᠢ ᠮᠥᠩᠭᠦᠨ᠎ᠤ ᠬᠡᠷᠡᠭ ᠮᠡᠳᠡᠭᠴᠢᠳ᠎ᠤᠨ ᠵᠥᠪᠯᠡᠯ (ᠡᠵᠡᠮᠰᠢᠭᠴᠢᠳ᠎ᠤᠨ ᠶᠡᠭᠡ ᠬᠤᠷᠠᠯ)᠎ᠳᠤ ᠮᠡᠳᠡᠭᠦᠯᠦᠯᠲᠡ ᠬᠢᠬᠦ ᠵᠢᠨ ᠬᠠᠮᠲᠤ ᠵᠠᠰᠠᠭ᠎ᠤᠨ ᠣᠷᠳᠣᠨ᠎ᠠᠴᠠ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠣᠨ᠎ᠤ ᠮᠡᠳᠡᠭᠦᠯᠦᠯᠲᠡ᠎ᠪᠠᠨ ᠲᠤᠰᠢᠶᠠᠬᠤ ᠬᠡᠷᠡᠭᠲᠡᠢ;
(ᠲᠠᠪᠤ) ᠨᠠᠶ᠋ᠢᠳᠠᠯᠭ᠎ᠠ᠎ᠪᠠᠷ ᠬᠠᠮᠢᠶᠠᠷᠬᠤ ᠵᠥᠪᠯᠡᠯᠴᠡᠭᠡᠷ᠎ᠲᠤ ᠲᠣᠭᠲᠠᠭ᠋ᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃
ᠵᠢᠷᠭᠤᠳᠤᠭ᠋ᠠᠷ ᠪᠦᠯᠦᠭ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠠᠵᠢᠯᠯᠠᠭ᠋ᠠᠨ ᠪᠠ ᠲᠦᠭᠰᠢᠭᠦᠷᠢ ᠵᠢᠨ ᠡᠵᠡᠮᠳᠡᠯ
ᠭᠤᠴᠢᠨ ᠬᠤᠶᠠᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ 《ᠵᠠᠰᠠᠭ᠎ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ᠎ᠲᠤ ᠠᠵᠢᠯᠯᠠᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠲᠦᠭᠰᠢᠭᠦᠷᠢ ᠵᠢ ᠰᠡᠷᠭᠡᠶ᠋ᠢᠯᠡᠬᠦ》 ᠵᠠᠷᠴᠢᠮ ᠶᠣᠰᠣᠭ᠋ᠠᠷ ᠪᠡᠯᠡ ᠣᠷᠤᠭᠤᠯᠬᠤ ᠠᠵᠢᠯᠯᠠᠭ᠋ᠠᠨ᠎ᠢ ᠥᠷᠨᠢᠭᠦᠯᠵᠦ᠂ ᠥᠪᠡᠷᠲᠡᠭᠡᠨ ᠡᠵᠡᠨ ᠮᠡᠳᠡᠵᠦ ᠡᠵᠡᠩᠨᠡᠨ᠂ ᠣᠯᠵᠤ ᠠᠯᠳᠠᠬᠤ᠎ᠪᠠᠨ ᠥᠪᠡᠷ ᠵᠶ᠋ᠠᠨ ᠬᠠᠷᠢᠭᠤᠴᠠᠬᠤ ᠬᠡᠷᠡᠭᠲᠡᠢ᠃ ᠡᠳ᠋᠎ᠤᠨ ᠵᠠᠰᠠᠭ᠎ᠤᠨ ᠲᠥᠰᠥᠪ ᠪᠣᠯᠣᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ᠂ ᠳᠣᠲᠣᠭ᠋ᠠᠳᠤ ᠡᠵᠡᠮᠳᠡᠯ ᠪᠠ ᠭᠠᠳᠠᠨᠠᠬᠢ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠪᠡᠯᠡ ᠣᠷᠣᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠ ᠲᠦᠭᠰᠢᠭᠦᠷᠢ ᠵᠢ ᠬᠢᠵᠠᠭ᠋ᠠᠷᠯᠠᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢᠨ ᠪᠡᠯᠡ ᠮᠥᠩᠭᠦ ᠴᠤᠭᠯᠠᠭᠤᠯᠬᠤ᠂ ᠪᠡᠯᠡ ᠣᠷᠣᠭᠤᠯᠬᠤ᠂ ᠣᠷᠤᠭᠤᠯᠤᠯᠲᠠ ᠬᠢᠭᠰᠡᠨ᠎ᠤ ᠳᠠᠷᠠᠭ᠎ᠠ ᠬᠠᠮᠢᠶᠠᠷᠬᠤ᠂ ᠢᠯᠭ᠋ᠠᠷᠠᠭᠤᠯᠤᠨ ᠪᠣᠳᠣᠬᠤ᠂ ᠪᠤᠴᠠᠭ᠋ᠠᠵᠤ ᠭᠠᠷᠭ᠋ᠠᠬᠤ ᠵᠡᠷᠭᠡ᠎ᠳᠤ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠵᠠᠬ᠎ᠠ ᠳᠡᠯᠭᠡᠭᠦᠷ ᠵᠶ᠋ᠠᠷ ᠰᠢᠢ᠍ᠳᠪᠦᠷᠢᠯᠡᠭᠦᠯᠬᠦ ᠵᠢ ᠪᠠᠷᠢᠮᠲᠠᠯᠠᠨ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢ ᠪᠠᠷᠢᠮᠲᠠᠯᠠᠵᠤ᠂ ᠵᠠᠰᠠᠭ᠎ᠤᠨ ᠣᠷᠳᠣᠨ ᠵᠢᠴᠢ ᠬᠠᠷᠢᠶ᠎ᠠ ᠪᠦᠬᠦᠢ ᠰᠠᠯᠠᠭ᠎ᠠ ᠮᠥᠴᠢᠷ᠎ᠤᠳ ᠰᠠᠭᠤᠷᠢ ᠮᠥᠩᠭᠦᠨ᠎ᠤ ᠡᠳᠦᠷ ᠲᠤᠲᠤᠮ᠎ᠤᠨ ᠬᠠᠮᠢᠶᠠᠷᠤᠯᠲᠠ ᠵᠢᠨ ᠠᠵᠢᠯ ᠶᠠᠪᠤᠳᠠᠯ᠎ᠳᠤ ᠣᠷᠣᠯᠴᠠᠵᠤ ᠪᠣᠯᠬᠤ ᠦᠭᠡᠢ᠃
ᠭᠤᠴᠢᠨ ᠳᠥᠷᠪᠡᠳᠦᠭᠡᠷ ᠵᠦᠢ᠍ᠯ ᠰᠠᠭᠤᠷᠢ ᠮᠥᠩᠭᠦ ᠵᠢ ᠨᠠᠶ᠋ᠢᠳᠠᠯᠭ᠎ᠠ᠎ᠪᠠᠷ ᠬᠠᠮᠢᠶᠠᠷᠬᠤ ᠪᠠᠶ᠋ᠢᠭᠤᠯᠤᠮᠵᠢ᠎ᠨᠢ ᠨᠡᠶ᠋ᠢᠭᠡᠮ᠎ᠤᠨ ᠬᠥᠷᠥᠩᠭᠡ ᠵᠢᠨ ᠪᠡᠯᠡ ᠭᠠᠷᠭ᠋ᠠᠭᠴᠢ ᠵᠢᠨ ᠬᠤᠪᠢ᠎ᠪᠠᠷ ᠰᠠᠭᠤᠷᠢ ᠮᠥᠩᠭᠦ ᠪᠠᠶ᠋ᠢᠭᠤᠯᠬᠤ᠎ᠳᠤ ᠣᠷᠣᠯᠴᠠᠵᠤ ᠪᠣᠯᠬᠤ ᠦᠭᠡᠢ᠃ ᠰᠠᠭᠤᠷᠢ ᠮᠥᠩᠭᠦ ᠬᠠᠮᠢᠶᠠᠷᠤᠭᠴᠢ ᠬᠢᠭᠡᠳ ᠰᠠᠭᠤᠷᠢ ᠮᠥᠩᠭᠦ ᠵᠢ ᠨᠠᠶ᠋ᠢᠳᠠᠯᠭ᠎ᠠ᠎ᠪᠠᠷ ᠬᠠᠮᠢᠶᠠᠷᠬᠤ ᠪᠠᠶ᠋ᠢᠭᠤᠯᠤᠮᠵᠢ᠎ᠨᠢ ᠠᠳᠠᠯᠢ ᠨᠢᠭᠡᠨ ᠪᠠᠶ᠋ᠢᠭᠤᠯᠤᠮᠵᠢ ᠪᠤᠶᠤ ᠬᠠᠷᠢᠶᠠᠯᠠᠭᠳᠠᠬᠤ ᠬᠠᠷᠢᠴᠠᠭ᠎ᠠ᠎ᠲᠠᠢ ᠪᠠᠶ᠋ᠢᠵᠤ ᠪᠣᠯᠬᠤ ᠦᠭᠡᠢ᠃
ᠭᠤᠴᠢᠨ ᠲᠠᠪᠤᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠪᠡᠯᠡ ᠣᠷᠣᠭᠤᠯᠤᠭᠰᠠᠨ ᠪᠣᠳᠠᠲᠠᠢ ᠪᠡᠯᠡ ᠮᠥᠩᠭᠦ (ᠥᠪᠡᠷᠲᠡᠭᠡᠨ ᠵᠠᠰᠠᠬᠤ ᠣᠷᠣᠨ᠎ᠤ ᠭᠠᠳᠠᠨᠠᠬᠢ ᠠᠵᠤ ᠠᠬᠤᠶ᠋ᠢᠯᠠᠯ᠎ᠳᠤ ᠪᠡᠯᠡ ᠣᠷᠣᠭᠤᠯᠵᠤ᠂ ᠲᠤᠰ ᠠᠵᠤ ᠠᠬᠤᠶ᠋ᠢᠯᠠᠯ᠎ᠨᠢ ᠰᠲ᠋ᠣᠺ᠎ᠤᠨ ᠡᠷᠬᠡ ᠵᠢᠨ ᠠᠷᠭ᠎ᠠ ᠮᠠᠶᠢᠭ ᠵᠶ᠋ᠠᠷ ᠥᠪᠡᠷᠲᠡᠭᠡᠨ ᠵᠠᠰᠠᠬᠤ ᠣᠷᠣᠨ᠎ᠳᠤ ᠨᠢᠭᠡᠨᠲᠡ ᠪᠠᠶ᠋ᠢᠭ᠎ᠠ ᠪᠤᠶᠤ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ᠋ᠢᠯᠠᠯ᠎ᠳᠤ ᠪᠡᠯᠡ ᠣᠷᠤᠭᠤᠯᠬᠤ ᠵᠢ ᠪᠠᠭᠲᠠᠭ᠋ᠠᠨ᠎ᠠ)᠎ᠨᠢ ᠪᠣᠳᠠᠲᠠᠢ ᠲᠤᠰᠢᠶᠠᠭᠰᠠᠨ ᠪᠡᠯᠡ ᠮᠥᠩᠭᠦᠨ᠎ᠤ᠎ᠪᠠᠨ 80%᠎ᠠᠴᠠ ᠳᠣᠣᠷ᠎ᠠ ᠪᠠᠶ᠋ᠢᠵᠤ ᠪᠣᠯᠬᠤ ᠦᠭᠡᠢ᠃ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠂ ᠬᠤᠷᠰᠢᠬᠤ ᠵᠥᠪᠯᠡᠯᠴᠡᠭᠡᠷ᠂ ᠰᠠᠭᠤᠷᠢ ᠮᠥᠩᠭᠦᠨ᠎ᠤ ᠵᠥᠪᠯᠡᠯᠴᠡᠭᠡᠷ᠎ᠲᠤ ᠪᠣᠯᠵᠣᠵᠤ ᠲᠣᠭᠲᠠᠭᠰᠠᠨ ᠠᠵᠤ ᠦᠢ᠍ᠯᠡᠰ᠎ᠤᠨ ᠬᠦᠷᠢᠶᠡᠨ᠎ᠤ ᠬᠠᠷᠢᠴᠠᠯ᠎ᠨᠢ ᠰᠠᠭᠤᠷᠢ ᠮᠥᠩᠭᠦ ᠴᠤᠭᠯᠠᠭᠤᠯᠬᠤ ᠬᠡᠪᠴᠢᠶᠡᠵᠢᠯ ᠪᠤᠶᠤ ᠠᠮᠠᠯᠠᠭᠰᠠᠨ ᠪᠡᠯᠡ ᠭᠠᠷᠭ᠋ᠠᠬᠤ ᠲᠣᠭ᠋ᠠᠨ᠎ᠤ 60%᠎ᠠᠴᠠ ᠳᠣᠣᠷ᠎ᠠ ᠪᠠᠶ᠋ᠢᠵᠤ ᠪᠣᠯᠬᠤ ᠦᠭᠡᠢ᠃ ᠳᠠᠩ ᠭᠠᠭᠴᠠ ᠠᠵᠤ ᠠᠬᠤᠶ᠋ᠢᠯᠠᠯ᠎ᠳᠠᠬᠢ ᠪᠡᠯᠡ ᠣᠷᠤᠭᠤᠯᠤᠯᠲᠠ ᠵᠢᠨ ᠲᠤᠭ᠎ᠠ ᠵᠢ ᠰᠠᠭᠤᠷᠢ ᠮᠥᠩᠭᠦᠨ᠎ᠤ ᠡᠳ᠋ ᠬᠥᠷᠥᠩᠭᠡ ᠵᠢᠨ ᠶᠡᠷᠦᠩᠬᠡᠢ ᠥᠷᠲᠡᠭ᠎ᠤᠨ 20%᠎ᠠᠴᠠ ᠬᠡᠲᠦᠷᠡᠭᠦᠯᠵᠦ ᠪᠤᠯᠬᠤ ᠦᠭᠡᠢ᠃
ᠭᠤᠴᠢᠨ ᠵᠢᠷᠭᠤᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠨᠢ ᠨᠡᠶ᠋ᠢᠭᠡᠮ᠎ᠤᠨ ᠬᠥᠷᠥᠩᠭᠡ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯᠳᠠᠯᠭ᠎ᠠ᠎ᠲᠠᠢ ᠬᠦᠷᠢᠶ᠎ᠡ ᠪᠠ ᠪᠠᠭᠤᠷᠠᠢ ᠭᠤᠭᠴᠣᠭ᠋ᠠᠨ᠎ᠳᠤ ᠪᠡᠯᠡ ᠣᠷᠤᠭᠤᠯᠤᠯᠲᠠ ᠬᠢᠯᠭᠡᠵᠦ᠂ ᠬᠠᠮᠢᠶ᠎ᠠ ᠪᠦᠬᠦᠢ ᠠᠵᠤ ᠦᠢ᠍ᠯᠡᠰ ᠪᠠ ᠬᠦᠷᠢᠶᠡᠨ᠎ᠤ ᠬᠥᠭᠵᠢᠯᠲᠡ ᠵᠢ ᠳᠡᠮᠵᠢᠬᠦ᠎ᠳᠤ ᠳᠣᠣᠷᠠᠬᠢ ᠲᠤᠬᠠᠶ᠋ᠢᠯᠠᠭᠰᠠᠨ ᠠᠵᠢᠯ᠎ᠢ ᠡᠷᠬᠢᠯᠡᠵᠦ ᠪᠣᠯᠬᠤ ᠦᠭᠡᠢ᠄
(ᠨᠢᠭᠡ) ᠢᠯᠡ ᠬᠤᠪᠢᠴᠠᠭ᠋ᠠᠲᠤ ᠣᠷᠤᠭᠤᠯᠤᠯᠲᠠ᠎ᠨᠢ ᠦᠨᠡᠨ᠎ᠳᠤ᠎ᠪᠠᠨ ᠠᠪᠴᠠᠭ᠋ᠠᠲᠤ ᠣᠷᠤᠭᠤᠯᠤᠯᠲᠠ ᠪᠣᠯᠬᠤ ᠵᠡᠷᠭᠡ ᠬᠡᠯᠪᠡᠷᠢ ᠵᠢ᠎ᠨᠢ ᠥᠭᠡᠷᠡᠲᠦᠭᠦᠯᠦᠭᠰᠡᠨ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠨᠡᠮᠡᠭᠳᠡᠭᠦᠯᠬᠦ ᠠᠵᠢᠯᠯᠠᠭ᠎ᠠ;
(ᠬᠤᠶᠠᠷ) ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ᠎ᠠᠴᠠ ᠭᠠᠳᠠᠨᠠᠬᠢ ᠳᠠᠭ᠋ᠠᠭ᠋ᠠᠯᠲᠠ ᠬᠢᠬᠦ᠂ ᠪᠠᠷᠢᠴᠠᠭ᠋ᠠᠯᠠᠬᠤ᠂ ᠨᠠᠶ᠋ᠢᠳᠠᠯᠭ᠎ᠠ ᠵᠢᠨ ᠵᠢᠭᠡᠯᠡᠯᠭᠡ ᠵᠡᠷᠭᠡ ᠲᠤᠬᠠᠶ᠋ᠢᠯᠠᠭᠰᠠᠨ ᠠᠵᠢᠯ;
(ᠭᠤᠷᠪᠠ) ᠢᠯᠡ᠎ᠪᠠᠷ ᠠᠷᠠᠯᠵᠢᠶᠠᠯᠠᠬᠤ ᠲᠥᠷᠥᠯ᠎ᠤᠨ ᠰᠲ᠋ᠣᠺ (ᠨᠡᠶ᠋ᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶ᠋ᠢᠭᠤᠯᠬᠤ᠎ᠪᠠᠷ ᠵᠣᠷᠢᠯᠭ᠎ᠠ ᠪᠣᠯᠭ᠋ᠠᠭᠰᠠᠨ᠎ᠨᠢ ᠡᠭᠦᠨ᠎ᠳᠤ ᠪᠠᠭᠲᠠᠬᠤ ᠦᠭᠡᠢ)᠂ ᠬᠤᠭᠤᠴᠠᠭ᠋ᠠᠲᠤ ᠪᠠᠷᠠᠭ᠎ᠠ᠂ ᠭᠡᠷ ᠪᠠᠶ᠋ᠢᠰᠢᠩ ᠭᠠᠵᠠᠷ ᠬᠥᠷᠥᠩᠭᠡ᠂ ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠂ ᠢᠲᠡᠭᠡᠮᠵᠢ ᠨᠠᠶ᠋ᠢᠳᠠᠯᠭ᠎ᠠ ᠵᠢᠨ ᠨᠡᠷᠡᠳᠭᠦᠨ᠂ ᠪᠡᠯᠡ᠎ᠪᠠᠨ ᠪᠠᠲᠤᠯᠠᠬᠤ ᠪᠤᠰᠤ ᠬᠡᠯᠪᠡᠷᠢ ᠵᠢᠨ ᠡᠳ᠋ ᠬᠥᠷᠥᠩᠭᠡ ᠠᠬᠤᠶ᠋ᠢᠯᠠᠬᠤ ᠨᠡᠷᠡᠳᠭᠦᠨ᠂ ᠳᠠᠭ᠋ᠠᠳᠬᠠᠯ᠎ᠤᠨ ᠲᠥᠯᠥᠪᠯᠡᠭᠡ ᠵᠢᠴᠢ ᠪᠤᠰᠤᠳ ᠮᠥᠩᠭᠦᠨ ᠭᠦᠢ᠍ᠯᠭᠡᠭᠡᠨ᠎ᠤ ᠡᠭᠦᠰᠦᠮᠡᠯ ᠵᠦᠢ᠍ᠯ;
(ᠳᠥᠷᠪᠡ) ᠶᠠᠮᠠᠷᠪᠠ ᠭᠤᠷᠪᠠᠳᠠᠭᠢ ᠡᠲᠡᠭᠡᠳ᠎ᠢ ᠢᠪᠡᠭᠡᠨ ᠲᠡᠳᠬᠦᠬᠦ᠂ ᠬᠠᠨᠳᠢᠪᠯᠡᠨ ᠲᠤᠰᠠᠯᠠᠬᠤ (ᠵᠥᠪᠰᠢᠶᠡᠷᠡᠭᠦᠯᠦᠭᠰᠡᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠪᠡᠯᠡᠭᠯᠡᠨ ᠬᠦᠷᠭᠡᠭᠰᠡᠨ᠎ᠨᠢ ᠡᠭᠦᠨ᠎ᠳᠤ ᠪᠠᠭᠲᠠᠬᠤ ᠦᠭᠡᠢ);
(ᠲᠠᠪᠤ) ᠬᠠᠳᠠᠭ᠋ᠠᠯᠠᠮᠵᠢ ᠵᠢᠨ ᠵᠣᠭᠤᠰ᠎ᠢ ᠲᠡᠳᠡᠨ ᠠᠪᠬᠤ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠴᠤᠭᠯᠠᠭᠤᠯᠵᠤ ᠬᠤᠷᠢᠶᠠᠬᠤ᠂ ᠡᠰᠡᠬᠦᠯ᠎ᠡ ᠭᠤᠷᠪᠠᠳᠤᠭ᠋ᠠᠷ ᠡᠲᠡᠭᠡᠳ᠎ᠲᠤ ᠵᠢᠭᠡᠯᠡᠯᠭᠡ ᠪᠣᠯᠣᠨ ᠪᠡᠯᠡ ᠮᠥᠩᠭᠦ ᠵᠢ ᠲᠦᠷ ᠵᠢᠭᠡᠯᠡᠭᠦᠯᠬᠦ;
(ᠵᠢᠷᠭᠤᠭ᠎ᠠ) ᠬᠢᠵᠠᠭ᠋ᠠᠷ ᠦᠭᠡᠢ ᠬᠤᠯᠪᠣᠯᠳᠠ᠎ᠳᠤ ᠬᠠᠷᠢᠭᠤᠴᠠᠯᠭ᠎ᠠ ᠡᠭᠦᠷᠭᠡᠯᠡᠬᠦ ᠭᠠᠳᠠᠭ᠋ᠠᠳᠤ ᠪᠡᠯᠡ ᠣᠷᠣᠭᠤᠯᠤᠯᠲᠠ;
(ᠳᠤᠯᠤᠭ᠎ᠠ) ᠢᠲᠡᠭᠡᠮᠵᠢᠲᠦ ᠨᠠᠶ᠋ᠢᠳᠠᠯᠭ᠎ᠠ ᠲᠠᠷᠬᠠᠭ᠋ᠠᠬᠤ ᠪᠤᠶᠤ ᠬᠥᠷᠥᠩᠭᠡ ᠮᠥᠩᠭᠦ ᠠᠬᠤᠶ᠋ᠢᠯᠠᠬᠤ ᠨᠡᠷᠡᠳᠭᠦᠨ᠎ᠢ ᠨᠡᠶ᠋ᠢᠯᠡᠭᠦᠯᠵᠦ ᠪᠡᠯᠡ ᠮᠥᠩᠭᠦ ᠴᠤᠭᠯᠠᠭᠤᠯᠬᠤ;
(ᠨᠠᠢ᠍ᠮᠠ) ᠤᠯᠤᠰ᠎ᠤᠨ ᠲᠥᠷᠥ ᠵᠢᠨ ᠪᠣᠳᠣᠯᠭ᠎ᠠ᠎ᠳᠤ ᠢᠯᠡ᠎ᠪᠠᠷ ᠵᠠᠷᠯᠢᠭᠳᠠᠨ ᠴᠠᠭ᠋ᠠᠵᠠᠯᠠᠭᠰᠠᠨ ᠬᠦᠷᠢᠶ᠎ᠡ ᠴᠠᠷᠠᠭ᠎ᠠ ᠪᠣᠯᠣᠨ ᠠᠵᠢᠯ ᠲᠥᠷᠥᠯ᠎ᠳᠤ ᠪᠡᠯᠡ ᠣᠷᠤᠭᠤᠯᠬᠤ;
(ᠶᠢᠰᠦ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠡᠷᠬᠢᠯᠡᠬᠦ ᠵᠢ ᠴᠠᠭ᠋ᠠᠵᠠᠯᠠᠭᠰᠠᠨ ᠠᠵᠢᠯ ᠲᠦᠷᠦᠯ᠃
ᠭᠤᠴᠢᠨ ᠳᠣᠯᠣᠳᠤᠭ᠋ᠠᠷ ᠵᠦᠢ᠍ᠯ ᠰᠠᠭᠤᠷᠢ ᠮᠥᠩᠭᠦ ᠬᠠᠮᠢᠶᠠᠷᠤᠭᠴᠢ ᠵᠢᠴᠢ ᠠᠵᠢᠯ ᠡᠷᠬᠢᠯᠡᠭᠰᠡᠳ᠎ᠨᠢ ᠰᠠᠭᠤᠷᠢ ᠮᠥᠩᠭᠦᠨ᠎ᠤ ᠡᠳ᠋ ᠬᠥᠷᠥᠩᠭᠡ ᠪᠤᠶᠤ ᠲᠤᠰᠢᠶᠠᠯ ᠵᠶ᠋ᠠᠨ ᠠᠰᠢᠭᠯᠠᠨ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠂ ᠰᠠᠭᠤᠷᠢ ᠮᠥᠩᠭᠦᠨ᠎ᠤ ᠪᠡᠯᠡ ᠣᠷᠣᠭᠤᠯᠤᠯᠲᠠ ᠵᠢᠨ ᠬᠠᠷᠠᠯᠲᠠ ᠵᠢᠴᠢ ᠡᠭᠦᠨ᠎ᠲᠠᠢ ᠬᠤᠯᠪᠣᠭᠳᠠᠬᠤ ᠡᠲᠡᠭᠡᠳ᠎ᠠᠴᠠ ᠠᠰᠠᠭᠤᠨ ᠯᠠᠪᠯᠠᠬᠤ ᠵᠠᠷᠤᠳᠠᠯ᠂ ᠭᠠᠷᠳᠠᠮ᠎ᠤᠨ ᠵᠠᠷᠤᠳᠠᠯ᠂ ᠡᠳ᠋᠎ᠤᠨ ᠶᠠᠪᠤᠳᠠᠯ᠎ᠤᠨ ᠵᠥᠪᠯᠡᠭᠴᠢ ᠵᠢᠨ ᠵᠠᠷᠤᠳᠠᠯ ᠬᠤᠷᠢᠶᠠᠬᠤ ᠵᠡᠷᠭᠡ ᠨᠡᠷ᠎ᠡ᠎ᠪᠠᠷ᠂ ᠬᠤᠪᠢ ᠪᠡᠶ᠎ᠡ ᠪᠤᠶᠤ ᠪᠡᠯᠡ ᠣᠷᠣᠭᠤᠯᠤᠭᠴᠢ᠎ᠠᠴᠠ ᠭᠠᠳᠠᠨᠠᠬᠢ ᠬᠥᠮᠥᠨ᠎ᠳᠤ ᠬᠠᠤᠯᠢ ᠪᠤᠰᠤ ᠠᠰᠢᠭ ᠲᠤᠰᠠ ᠬᠥᠭᠡᠭᠡᠴᠡᠯᠳᠦᠨ᠂ ᠠᠰᠢᠭ ᠲᠤᠰᠠ ᠬᠦᠷᠭᠡᠬᠦ ᠦᠢ᠍ᠯᠡ ᠠᠵᠢᠯᠯᠠᠭ᠎ᠠ᠎ᠲᠠᠢ ᠪᠠᠶ᠋ᠢᠵᠤ ᠪᠣᠯᠬᠤ ᠦᠭᠡᠢ᠃
ᠭᠤᠴᠢᠨ ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠢᠭᠡᠯᠡᠯᠭᠡ ᠵᠢᠨ ᠪᠡᠯᠡ ᠮᠥᠩᠭᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠦ᠎ᠪᠠᠷ ᠡᠯ᠎ᠡ ᠲᠥᠷᠥᠯ᠎ᠤᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠪᠠᠶ᠋ᠢᠭᠤᠯᠬᠤ ᠪᠤᠶᠤ ᠪᠡᠯᠡ ᠣᠷᠣᠭᠤᠯᠵᠤ ᠪᠣᠯᠬᠤ ᠦᠭᠡᠢ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠠᠰᠢᠭᠯᠠᠬᠤ ᠵᠡᠷᠭᠡ ᠠᠷᠭ᠎ᠠ ᠬᠡᠯᠪᠡᠷᠢ᠎ᠪᠠᠷ ᠬᠠᠤᠯᠢ ᠲᠣᠭᠲᠠᠭ᠋ᠠᠯ᠎ᠠᠴᠠ ᠵᠥᠷᠢᠴᠡᠵᠦ ᠬᠡᠯᠪᠡᠷᠢ ᠵᠢ᠎ᠨᠢ ᠥᠭᠡᠷᠡᠲᠦᠭᠦᠯᠦᠨ ᠵᠢᠭᠡᠯᠡᠯᠭᠡ ᠠᠪᠬᠤ ᠵᠢ ᠡᠷᠡᠰ ᠴᠠᠭ᠋ᠠᠵᠠᠯᠠᠨ᠎ᠠ᠃ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠬᠡᠯᠪᠡᠷᠢ᠎ᠪᠠᠷ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠪᠡᠯᠡ ᠲᠣᠬᠢᠷᠠᠭᠤᠯᠵᠤ ᠲᠦᠷᠢᠶᠡᠰᠦᠯᠡᠭᠦᠯᠬᠦ ᠺᠣᠮᠫᠠᠨᠢ ᠵᠡᠷᠭᠡ ᠮᠥᠩᠭᠦᠨ ᠭᠦᠢ᠍ᠯᠭᠡᠭᠡᠨ᠎ᠤ ᠪᠤᠰᠤ ᠪᠠᠶ᠋ᠢᠭᠤᠯᠤᠮᠵᠢ᠎ᠳᠤ ᠪᠡᠯᠡ ᠲᠣᠬᠢᠷᠠᠭᠤᠯᠵᠤ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠰᠠᠭᠤᠷᠢ ᠮᠥᠩᠭᠦ ᠵᠢ ᠡᠭᠦᠰᠬᠡᠨ ᠪᠠᠶ᠋ᠢᠭᠤᠯᠬᠤ ᠵᠢ ᠡᠷᠡᠰ ᠴᠠᠭ᠋ᠠᠵᠠᠯᠠᠨ᠎ᠠ; ᠶᠠᠮᠠᠷᠪᠠ ᠠᠷᠭ᠎ᠠ ᠮᠠᠶᠢᠭ ᠵᠶ᠋ᠠᠷ ᠥᠭᠭᠦᠪᠡᠰᠦ (ᠬᠤᠷᠢᠶᠠᠪᠠᠰᠤ) ᠵᠣᠬᠢᠬᠤ ᠳᠠᠩᠰᠠᠨ ᠵᠣᠭᠤᠰ᠎ᠤᠨ ᠭᠡᠷ᠎ᠡ ᠵᠢ ᠬᠤᠳᠠᠯ ᠵᠶ᠋ᠠᠷ ᠵᠣᠬᠢᠶᠠᠬᠤ ᠪᠤᠶᠤ ᠡᠷᠬᠡ ᠮᠡᠳᠡᠯᠠᠴᠠᠪᠠᠨ ᠳᠠᠪᠠᠭᠤᠯᠤᠨ ᠲᠣᠭᠲᠠᠵᠤ ᠪᠣᠯᠬᠤ ᠦᠭᠡᠢ ᠪᠠᠶ᠋ᠢᠬᠤ ᠵᠢᠨ ᠬᠠᠮᠲᠤ ᠰᠠᠭᠤᠷᠢ ᠮᠥᠩᠭᠦ ᠬᠠᠮᠢᠶᠠᠷᠤᠭᠴᠢ ᠪᠤᠶᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢᠨ ᠪᠡᠯᠡ ᠲᠣᠬᠢᠷᠠᠭᠤᠯᠭ᠎ᠠ᠎ᠳᠤ ᠬᠠᠪᠰᠤᠷᠴᠤ ᠪᠣᠯᠬᠤ ᠦᠭᠡᠢ᠃
ᠭᠤᠴᠢ ᠶᠢᠰᠦᠳᠦᠭᠡᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢᠨ ᠡᠯ᠎ᠡ ᠪᠡᠯᠡ ᠭᠠᠷᠭ᠋ᠠᠭᠴᠢ᠎ᠨᠢ 《ᠠᠳᠠᠯᠢ ᠰᠲ᠋ᠣᠺ᠎ᠲᠤ ᠠᠳᠠᠯᠢᠬᠠᠨ ᠡᠷᠬᠡ᠂ ᠠᠰᠢᠭ ᠲᠤᠰᠠ ᠵᠢ ᠬᠠᠮᠲᠤ᠎ᠪᠠᠷ ᠬᠦᠷᠲᠡᠬᠦ᠂ ᠲᠦᠭᠰᠢᠭᠦᠷᠢ ᠵᠢ ᠬᠠᠮᠲᠤ᠎ᠪᠠᠷ ᠡᠭᠦᠷᠭᠡᠯᠡᠬᠦ》 ᠵᠠᠷᠴᠢᠮ ᠶᠣᠰᠣᠭ᠋ᠠᠷ᠂ ᠠᠰᠢᠭ ᠣᠯᠵᠠᠪᠤᠷᠢ ᠵᠢ ᠰᠢᠢ᠍ᠳᠪᠦᠷᠢᠯᠡᠬᠦ ᠪᠠ ᠠᠯᠳᠠᠭᠳᠠᠯ᠎ᠢ ᠡᠭᠦᠷᠭᠡᠯᠡᠬᠦ ᠠᠷᠭ᠎ᠠ ᠬᠡᠯᠪᠡᠷᠢ᠎ᠪᠠᠨ ᠲᠣᠳᠣᠷᠬᠠᠢ ᠪᠣᠯᠵᠣᠨ ᠲᠣᠭᠲᠠᠵᠤ᠂ ᠪᠡᠯᠡ ᠣᠷᠣᠭᠤᠯᠤᠯᠲᠠ ᠵᠢᠨ ᠬᠠᠷᠢᠭᠤ᠎ᠨᠢ ᠭᠤᠣᠯᠳᠠᠭᠤ ᠲᠥᠷᠥᠯ ᠵᠦᠢ᠍ᠯ᠎ᠤᠨ ᠠᠰᠢᠭ ᠣᠯᠵᠠᠪᠤᠷᠢ᠎ᠠᠴᠠ ᠢᠷᠡᠯᠲᠡ᠎ᠲᠠᠢ ᠪᠠᠶ᠋ᠢᠬᠤ᠎ᠪᠠᠨ ᠲᠣᠳᠣᠷᠬᠠᠶ᠋ᠢᠯᠠᠬᠤ ᠬᠡᠷᠡᠭᠲᠡᠢ᠃ ᠵᠠᠰᠠᠭ᠎ᠤᠨ ᠣᠷᠳᠣᠨ᠎ᠳᠤ ᠬᠠᠷᠢᠶᠠᠯᠠᠭᠳᠠᠬᠤ ᠪᠡᠯᠡ ᠣᠷᠣᠭᠤᠯᠤᠯᠲᠠ ᠵᠢᠨ ᠠᠰᠢᠭ ᠣᠯᠵᠠᠪᠤᠷᠢ ᠪᠣᠯᠣᠨ ᠬᠦᠦ ᠮᠥᠩᠭᠦ ᠵᠡᠷᠭᠡ ᠵᠢ ᠦᠷᠭᠦᠯᠵᠢᠯᠡᠨ ᠪᠡᠯᠡ ᠣᠷᠤᠭᠤᠯᠤᠯᠲᠠ ᠵᠢᠨ ᠰᠠᠭᠤᠷᠢ ᠮᠥᠩᠭᠦᠨ᠎ᠳᠤ ᠡᠷᠭᠢᠯᠳᠦᠭᠦᠯᠦᠨ ᠬᠡᠷᠡᠭᠯᠡᠬᠦ᠎ᠪᠠᠷ ᠲᠣᠳᠣᠷᠬᠠᠢ ᠪᠣᠯᠵᠣᠨ ᠲᠣᠭᠲᠠᠭᠰᠠᠨ᠎ᠠᠴᠠ ᠪᠤᠰᠤᠳ᠎ᠢ᠎ᠨᠢ᠂ ᠡᠳ᠋᠎ᠤᠨ ᠵᠠᠰᠠᠭ᠎ᠤᠨ ᠤᠯᠤᠰ᠎ᠤᠨ ᠬᠥᠮᠥᠷᠭᠡ ᠵᠢᠨ ᠬᠠᠮᠢᠶᠠᠷᠤᠯᠲᠠ ᠵᠢᠨ ᠳᠦᠷᠢᠮ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠠᠭ ᠲᠤᠬᠠᠢᠳᠤᠨᠢ ᠭᠦᠢ᠍ᠴᠡᠳ ᠲᠤᠭ᠎ᠠ᠎ᠪᠠᠷ ᠤᠯᠤᠰ᠎ᠤᠨ ᠬᠥᠮᠥᠷᠭᠡ᠎ᠳᠤ ᠲᠤᠰᠢᠶᠠᠬᠤ ᠬᠡᠷᠡᠭᠲᠡᠢ᠃ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠠᠯᠳᠠᠭᠳᠠᠯ᠎ᠢ ᠪᠡᠯᠡ ᠭᠠᠷᠭ᠋ᠠᠭᠴᠢ ᠬᠠᠮᠲᠤ᠎ᠳᠤ᠎ᠪᠠᠨ ᠡᠭᠦᠷᠭᠡᠯᠡᠵᠦ᠂ ᠵᠠᠰᠠᠭ᠎ᠤᠨ ᠣᠷᠳᠣᠨ᠎ᠨᠢ ᠪᠡᠯᠡ ᠭᠠᠷᠭ᠋ᠠᠭᠰᠠᠨ ᠲᠤᠭ᠎ᠠ᠎ᠪᠠᠷ ᠬᠡᠮᠵᠢᠶᠡᠯᠡᠨ ᠬᠢᠵᠠᠭ᠋ᠠᠷᠲᠤ ᠬᠠᠷᠢᠭᠤᠴᠠᠯᠭ᠎ᠠ ᠡᠭᠦᠷᠭᠡᠯᠡᠨ᠎ᠡ᠃
ᠳᠥᠴᠢᠳᠦᠭᠡᠷ ᠵᠦᠢ᠍ᠯ ᠵᠠᠰᠠᠭ᠎ᠤᠨ ᠣᠷᠳᠣᠨ᠎ᠤ ᠪᠡᠯᠡ ᠭᠠᠷᠭ᠋ᠠᠬᠤ ᠵᠢᠨ ᠬᠥᠲᠥᠯᠥᠨ ᠵᠢᠯᠤᠭᠤᠳᠬᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ ᠵᠢᠨ ᠲᠤᠰᠠᠳᠠ᠂ ᠵᠠᠰᠠᠭ᠎ᠤᠨ ᠣᠷᠳᠣᠨ᠎ᠠᠴᠠ ᠵᠣᠬᠢᠰᠲᠠᠢ᠎ᠪᠠᠷ ᠠᠰᠢᠭ ᠲᠠᠯᠪᠢᠵᠤ ᠪᠣᠯᠣᠨ᠎ᠠ᠂ ᠭᠡᠪᠡᠴᠦ ᠶᠠᠮᠠᠷᠪᠠ ᠠᠷᠭ᠎ᠠ ᠮᠠᠶᠢᠭ ᠵᠶ᠋ᠠᠷ ᠨᠡᠶ᠋ᠢᠭᠡᠮ᠎ᠤᠨ ᠬᠥᠷᠥᠩᠭᠡ ᠵᠢᠨ ᠲᠠᠯ᠎ᠠ ᠵᠢᠨ ᠪᠡᠯᠡ ᠣᠷᠣᠭᠤᠯᠤᠯᠲᠠ ᠵᠢᠨ ᠡᠬᠡ ᠮᠥᠩᠭᠦ ᠵᠢ ᠡᠭᠡᠭᠦᠯᠦᠨ ᠬᠤᠳᠠᠯᠳᠤᠵᠤ ᠠᠪᠬᠤ᠎ᠪᠠᠷ ᠠᠮᠠᠯᠠᠵᠤ ᠪᠣᠯᠬᠤ ᠦᠭᠡᠢ᠂ ᠶᠠᠮᠠᠷᠪᠠ ᠠᠷᠭ᠎ᠠ ᠮᠠᠶᠢᠭ ᠵᠶ᠋ᠠᠷ ᠨᠡᠶ᠋ᠢᠭᠡᠮ᠎ᠤᠨ ᠬᠥᠷᠥᠩᠭᠡ ᠵᠢᠨ ᠲᠠᠯ᠎ᠠ ᠵᠢᠨ ᠪᠡᠯᠡ ᠣᠷᠣᠭᠤᠯᠤᠯᠲᠠ ᠵᠢᠨ ᠡᠬᠡ ᠮᠥᠩᠭᠦ ᠵᠢᠨ ᠬᠤᠬᠢᠷᠠᠯ᠎ᠢ ᠡᠭᠦᠷᠭᠡᠯᠡᠵᠦ ᠪᠣᠯᠬᠤ ᠦᠭᠡᠢ᠂ ᠶᠠᠮᠠᠷᠪᠠ ᠠᠷᠭ᠎ᠠ ᠮᠠᠶᠢᠭ ᠵᠶ᠋ᠠᠷ ᠨᠡᠶ᠋ᠢᠭᠡᠮ᠎ᠤᠨ ᠬᠥᠷᠥᠩᠭᠡ ᠵᠢᠨ ᠲᠠᠯ᠎ᠠ᠎ᠳᠤ ᠬᠠᠮᠤᠭ᠎ᠤᠨ ᠨᠠᠭ᠋ᠠᠲᠤ ᠵᠠᠬ᠎ᠠ ᠵᠢᠨ ᠠᠰᠢᠭ ᠣᠯᠵᠠᠪᠤᠷᠢ ᠵᠢ ᠠᠮᠠᠯᠠᠵᠤ ᠪᠣᠯᠬᠤ ᠦᠭᠡᠢ᠂ ᠬᠢᠵᠠᠭ᠋ᠠᠷᠲᠤ ᠬᠤᠷᠰᠢᠭᠰᠠᠨ ᠳᠦᠷᠢᠮᠲᠦ ᠰᠠᠭᠤᠷᠢ ᠮᠥᠩᠭᠦ ᠵᠡᠷᠭᠡ ᠶᠠᠮᠠᠷᠪᠠ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠵᠢᠨ ᠠᠷᠭ᠎ᠠ ᠮᠠᠶᠢᠭ᠎ᠲᠤ ᠢᠯᠡᠭᠦᠴᠡ ᠨᠡᠮᠡᠯᠲᠡ ᠵᠦᠢ᠍ᠯ ᠵᠤᠷᠪᠤᠰ ᠨᠡᠮᠡᠵᠦ ᠬᠡᠯᠪᠡᠷᠢ ᠵᠢ᠎ᠨᠢ ᠥᠭᠡᠷᠡᠲᠦᠭᠦᠯᠦᠨ ᠵᠢᠭᠡᠯᠡᠯᠭᠡ ᠠᠪᠴᠤ ᠪᠣᠯᠬᠤ ᠦᠭᠡᠢ᠃ ᠲᠥᠷᠥ ᠵᠢᠨ ᠶᠠᠪᠤᠳᠠᠯ᠎ᠤᠨ ᠬᠤᠷᠢᠶᠠᠨ᠎ᠠᠴᠠ ᠠᠰ᠎ᠲᠤ᠎ᠪᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃
ᠳᠥᠴᠢᠨ ᠨᠢᠭᠡᠳᠦᠭᠡᠷ ᠵᠦᠢ᠍ᠯ ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠎ᠳᠤ ᠲᠤᠰᠢᠶᠠᠯ ᠵᠶ᠋ᠠᠨ ᠭᠦᠢ᠍ᠴᠡᠳᠬᠡᠬᠦ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠵᠦᠢ᠍ᠯ ᠵᠤᠷᠪᠤᠰ ᠪᠣᠯᠣᠨ ᠰᠢᠢ᠍ᠳᠬᠡᠨ ᠲᠣᠷᠭ᠋ᠠᠬᠤ ᠲᠣᠭᠲᠠᠴᠠ ᠵᠢ ᠪᠣᠯᠵᠣᠵᠤ ᠲᠣᠭᠲᠠᠭ᠋ᠠᠭᠰᠠᠨ ᠪᠠᠶ᠋ᠢᠬᠤ ᠬᠡᠷᠡᠭᠲᠡᠢ᠂ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ ᠵᠶ᠋ᠠᠨ ᠭᠦᠢ᠍ᠴᠡᠳᠬᠡᠵᠦ᠂ ᠡᠭᠦᠷᠭᠡ ᠬᠠᠷᠢᠭᠤᠴᠠᠯᠭ᠎ᠠ᠎ᠪᠠᠨ ᠨᠢᠭᠡᠨᠲᠡ ᠭᠦᠢ᠍ᠴᠡᠳᠬᠡᠭᠰᠡᠨ ᠪᠣᠯᠪᠠᠴᠤ ᠲᠥᠷᠥ ᠵᠢᠨ ᠪᠣᠳᠣᠯᠭ᠎ᠠ ᠵᠢᠨ ᠬᠤᠪᠢᠷᠠᠯᠲᠠ ᠵᠡᠷᠭᠡ ᠬᠦᠴᠦᠨ ᠵᠦᠢ᠍ᠯ᠎ᠠᠴᠠ ᠪᠣᠯᠵᠤ ᠰᠠᠭᠤᠷᠢ ᠮᠥᠩᠭᠦᠨ᠎ᠤ ᠪᠡᠯᠡ ᠣᠷᠣᠭᠤᠯᠤᠯᠲᠠ ᠪᠦᠲᠦᠭᠰᠡᠨ ᠦᠭᠡᠢ ᠪᠤᠶᠤ ᠬᠤᠬᠢᠷᠠᠯ᠎ᠳᠤ ᠤᠴᠠᠷᠠᠭᠰᠠᠨ᠂ ᠵᠢᠱ᠌ᠢᠭᠰᠡᠨ ᠬᠠᠷᠠᠯᠲᠠ᠎ᠪᠠᠨ ᠪᠡᠶᠡᠯᠡᠭᠦᠯᠵᠦ ᠳᠡᠶ᠋ᠢᠯᠦᠭᠰᠡᠨ ᠦᠭᠡᠢ ᠮᠥᠷᠲᠡᠭᠡᠨ ᠬᠤᠪᠢ ᠵᠢᠨ ᠠᠰᠢᠭ ᠲᠤᠰᠠ ᠵᠢ ᠡᠰᠡ ᠬᠥᠭᠡᠭᠡᠴᠡᠯᠳᠦᠭᠰᠡᠨ ᠪᠠᠶ᠋ᠢᠪᠠᠯ᠂ ᠪᠣᠳᠠᠲᠠᠢ ᠪᠠᠶ᠋ᠢᠳᠠᠯ᠎ᠢ᠎ᠨᠢ ᠬᠠᠷᠠᠵᠤ ᠠᠯᠳᠠᠰᠢ ᠵᠢ᠎ᠨᠢ ᠠᠭᠤᠴᠢᠯᠠᠨ ᠬᠠᠷᠢᠭᠤᠴᠠᠯᠭ᠎ᠠ᠎ᠠᠴᠠ ᠬᠡᠯᠲᠦᠷᠢᠭᠦᠯᠦᠨ᠎ᠡ᠃
ᠳᠣᠯᠣᠳᠤᠭ᠋ᠠᠷ ᠪᠦᠯᠦᠭ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠲᠥᠰᠥᠪ᠎ᠤᠨ ᠬᠠᠮᠢᠶᠠᠷᠤᠯᠲᠠ
ᠳᠥᠴᠢᠨ ᠬᠤᠶᠠᠳᠤᠭ᠋ᠠᠷ ᠵᠦᠢ᠍ᠯ ᠵᠠᠰᠠᠭ᠎ᠤᠨ ᠣᠷᠳᠣᠨ ᠪᠡᠯᠡ ᠭᠠᠷᠭ᠋ᠠᠵᠤ ᠪᠠᠶ᠋ᠢᠭᠤᠯᠤᠭᠰᠠᠨ ᠪᠡᠯᠡ ᠣᠷᠤᠭᠤᠯᠤᠯᠲᠠ ᠵᠢᠨ ᠰᠠᠭᠤᠷᠢ ᠮᠥᠩᠭᠦ᠎ᠳᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠪᠡᠯᠡ ᠣᠷᠤᠭᠤᠯᠤᠯᠲᠠ ᠵᠢᠨ ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠎ᠳᠤ ᠪᠣᠯᠵᠣᠵᠤ ᠲᠣᠭᠲᠠᠭᠰᠠᠨ ᠪᠡᠯᠡ ᠭᠠᠷᠭ᠋ᠠᠬᠤ ᠲᠥᠰᠥᠯ ᠪᠣᠯᠣᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢᠨ ᠠᠵᠢᠯᠯᠠᠭ᠋ᠠᠨ᠎ᠤ ᠪᠠᠶ᠋ᠢᠳᠠᠯ᠎ᠢ ᠦᠨᠳᠦᠰᠦᠯᠡᠨ᠂ ᠲᠤᠬᠠᠢ ᠵᠢᠨ ᠵᠢᠯ᠎ᠤᠨ ᠵᠠᠰᠠᠭ᠎ᠤᠨ ᠣᠷᠳᠣᠨ᠎ᠤ ᠪᠡᠯᠡ ᠭᠠᠷᠭ᠋ᠠᠭᠰᠠᠨ ᠲᠤᠭ᠎ᠠ ᠵᠢ ᠣᠨ᠎ᠤ ᠵᠠᠰᠠᠭ᠎ᠤᠨ ᠣᠷᠳᠣᠨ᠎ᠤ ᠲᠥᠰᠥᠪ᠎ᠲᠤ᠎ᠪᠠᠨ ᠣᠷᠣᠭᠤᠯᠬᠤ ᠵᠢᠨ ᠬᠠᠮᠲᠤ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠦᠷ᠎ᠡ ᠳ᠋ᠦᠩ᠂ ᠰᠠᠭᠤᠷᠢ ᠮᠥᠩᠭᠦ ᠵᠢ ᠪᠣᠳᠠᠲᠠᠢ ᠲᠤᠰᠢᠶᠠᠬᠤ ᠵᠥᠪᠯᠡᠯᠴᠡᠭᠡᠷ ᠲᠣᠭᠲᠠᠭᠰᠠᠨ ᠪᠠᠶ᠋ᠢᠳᠠᠯ᠂ ᠣᠨ᠎ᠤ ᠲᠥᠰᠥᠪ᠎ᠤᠨ ᠲᠣᠬᠢᠷᠠᠭᠤᠯᠤᠯᠲᠠ ᠵᠢᠨ ᠪᠠᠶ᠋ᠢᠳᠠᠯ᠎ᠢ ᠦᠨᠳᠦᠰᠦᠯᠡᠨ ᠵᠠᠰᠠᠭ᠎ᠤᠨ ᠣᠷᠳᠣᠨ᠎ᠠᠴᠠ ᠭᠠᠷᠭ᠋ᠠᠭᠰᠠᠨ ᠪᠡᠯᠡ ᠮᠥᠩᠭᠦ ᠵᠢ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠮᠥᠩᠭᠦᠨ᠎ᠤ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠰᠠᠯᠭ᠋ᠠᠨ ᠥᠭᠴᠦ᠂ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠮᠥᠩᠭᠦᠨ᠎ᠤ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠎ᠢ ᠦᠨᠳᠦᠰᠦᠯᠡᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠳᠤ ᠰᠠᠯᠭ᠋ᠠᠨ ᠥᠭᠬᠦ ᠬᠡᠷᠡᠭᠲᠡᠢ᠃ ᠵᠢᠯ᠎ᠤᠨ ᠡᠴᠦᠰ᠎ᠲᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠲᠥᠰᠥᠪ᠎ᠤᠨ ᠲᠣᠬᠢᠷᠠᠭᠤᠯᠤᠯᠲᠠ ᠪᠦᠬᠦᠢ ᠬᠡᠰᠡᠭ᠎ᠲᠤ ᠰᠤᠯᠠ ᠲᠠᠯᠪᠢᠭᠳᠠᠵᠤ ᠪᠠᠶ᠋ᠢᠭ᠎ᠠ ᠬᠡᠰᠡᠭ ᠪᠠᠶ᠋ᠢᠪᠠᠯ᠂ ᠡᠳ᠋᠎ᠤᠨ ᠵᠠᠰᠠᠭ᠎ᠲᠤ ᠡᠭᠡᠭᠦᠯᠦᠨ ᠬᠤᠷᠢᠶᠠᠵᠤ ᠨᠢᠭᠡᠳᠦᠯᠲᠡᠢ ᠲᠥᠯᠥᠪᠯᠡᠵᠦ ᠬᠡᠷᠡᠭᠯᠡᠨ᠎ᠡ᠃
ᠳᠥᠴᠢᠨ ᠭᠤᠷᠪᠠᠳᠤᠭ᠋ᠠᠷ ᠵᠦᠢ᠍ᠯ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠰᠢᠯᠵᠢᠭᠦᠯᠦᠨ ᠲᠥᠯᠥᠬᠦ᠎ᠪᠠᠷ ᠳᠠᠮᠵᠢᠭᠤᠯᠤᠨ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠪᠠᠶ᠋ᠢᠭᠤᠯᠬᠤ ᠵᠢ᠎ᠨᠢ ᠳᠡᠮᠵᠢᠵᠦ ᠪᠣᠯᠣᠨ᠎ᠠ᠂ ᠮᠥᠨ ᠴᠦ᠍ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠯᠤᠭ᠎ᠠ ᠬᠠᠮᠲᠤ᠎ᠪᠠᠷ ᠪᠡᠯᠡ ᠭᠠᠷᠭ᠋ᠠᠵᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠪᠠᠶ᠋ᠢᠭᠤᠯᠤᠭᠰᠠᠨ ᠪᠣᠯᠣᠨ᠎ᠠ᠃
ᠳᠥᠴᠢᠨ ᠳᠥᠷᠪᠡᠳᠦᠭᠡᠷ ᠵᠦᠢ᠍ᠯ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠳᠤ ᠪᠡᠯᠡ ᠮᠥᠩᠭᠦ ᠰᠠᠯᠭ᠋ᠠᠨ ᠥᠭᠬᠦ᠎ᠳᠤ᠎ᠪᠠᠨ᠂ ᠲᠤᠰ ᠬᠤᠭᠤᠴᠠᠭ᠋ᠠᠨ᠎ᠤ ᠲᠥᠰᠥᠪ᠎ᠤᠨ ᠵᠠᠷᠤᠯᠭ᠎ᠠ ᠵᠢ ᠨᠡᠮᠡᠵᠦ ᠵᠢᠭᠰᠠᠭ᠋ᠠᠨ᠂ ᠵᠠᠷᠤᠯᠭ᠎ᠠ ᠵᠢᠨ ᠴᠢᠭᠯᠡᠯ ᠵᠶ᠋ᠠᠷ ᠬᠠᠷᠠᠭ᠋ᠠᠯᠵᠠᠭᠰᠠᠨ ᠵᠠᠷᠤᠯᠭ᠎ᠠ ᠵᠢᠨ ᠲᠥᠷᠥᠯ ᠬᠤᠪᠢᠶᠠᠵᠤ ᠠᠩᠭᠢᠯᠠᠭᠰᠠᠨ ᠵᠦᠢ᠍ᠯ ᠵᠶ᠋ᠠᠷ ᠳᠠᠮᠵᠢᠭᠤᠯᠵᠤ ᠲᠤᠰᠬᠠᠬᠤ ᠬᠡᠷᠡᠭᠲᠡᠢ᠃
ᠪᠡᠯᠡ ᠣᠷᠣᠭᠤᠯᠤᠯᠲᠠ ᠵᠢᠨ ᠠᠰᠢᠭ ᠣᠯᠵᠠᠪᠤᠷᠢ ᠵᠢ ᠣᠯᠬᠤ᠎ᠳᠤ᠎ᠪᠠᠨ᠂ ᠲᠤᠰ ᠬᠤᠭᠤᠴᠠᠭ᠋ᠠᠨ᠎ᠤ ᠲᠥᠰᠥᠪ᠎ᠤᠨ ᠣᠷᠣᠯᠭ᠎ᠠ ᠵᠢ ᠨᠡᠮᠡᠭᠳᠡᠭᠦᠯᠬᠦ᠎ᠪᠠᠷ ᠰᠢᠢ᠍ᠳᠪᠦᠷᠢᠯᠡᠵᠦ᠂ ᠬᠠᠮᠢᠶ᠎ᠠ ᠪᠦᠬᠦᠢ ᠲᠥᠰᠥᠪ᠎ᠤᠨ ᠣᠷᠣᠯᠭ᠎ᠠ ᠵᠢᠨ ᠠᠩᠭᠢᠯᠠᠭᠰᠠᠨ ᠵᠦᠢ᠍ᠯ ᠵᠶ᠋ᠠᠷ ᠳᠠᠮᠵᠢᠭᠤᠯᠵᠤ ᠲᠤᠰᠬᠠᠬᠤ ᠬᠡᠷᠡᠭᠲᠡᠢ᠃
ᠰᠠᠭᠤᠷᠢ ᠮᠥᠩᠭᠦ ᠵᠢ ᠢᠯᠭ᠋ᠠᠷᠠᠭᠤᠯᠤᠨ ᠪᠣᠳᠣᠬᠤ ᠪᠤᠶᠤ ᠪᠡᠯᠡ ᠣᠷᠣᠭᠤᠯᠤᠯᠲᠠ ᠵᠢ ᠪᠤᠴᠠᠭ᠋ᠠᠨ ᠬᠤᠷᠢᠶᠠᠬᠤ᠎ᠳᠤ᠎ᠪᠠᠨ ᠲᠤᠰ ᠬᠤᠭᠤᠴᠠᠭ᠋ᠠᠨ᠎ᠤ ᠡᠳ᠋᠎ᠤᠨ ᠵᠠᠰᠠᠭ᠎ᠤᠨ ᠵᠠᠷᠤᠯᠭ᠎ᠠ ᠵᠢ ᠲᠤᠯᠭ᠋ᠠᠨ ᠬᠠᠰᠤᠬᠤ᠎ᠪᠠᠷ ᠰᠢᠢ᠍ᠳᠪᠦᠷᠢᠯᠡᠨ᠎ᠡ᠃
ᠨᠠᠢ᠍ᠮᠠᠳᠤᠭ᠋ᠠᠷ ᠪᠦᠯᠦᠭ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠡᠳ᠋ ᠬᠥᠷᠥᠩᠭᠡ ᠵᠢᠨ ᠬᠠᠮᠢᠶᠠᠷᠤᠯᠲᠠ
ᠳᠥᠴᠢᠨ ᠲᠠᠪᠤᠳᠤᠭ᠋ᠠᠷ ᠵᠦᠢ᠍ᠯ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ 《ᠡᠳ᠋᠎ᠤᠨ ᠵᠠᠰᠠᠭ᠎ᠤᠨ ᠶᠡᠷᠦᠩᠬᠡᠢ ᠲᠥᠰᠥᠪ᠎ᠤᠨ ᠨᠢᠭᠲᠠᠯᠠᠨ ᠪᠣᠳᠣᠬᠤ ᠳᠦᠷᠢᠮ》᠎ᠤᠨ ᠲᠣᠭᠲᠠᠭ᠋ᠠᠯ ᠶᠣᠰᠣᠭ᠋ᠠᠷ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠳᠠᠬᠢ ᠵᠠᠰᠠᠭ᠎ᠤᠨ ᠣᠷᠳᠣᠨ᠎ᠠᠴᠠ ᠪᠡᠯᠡ ᠭᠠᠷᠭ᠋ᠠᠭᠰᠠᠨ ᠬᠡᠰᠡᠭ᠎ᠠᠴᠠ ᠪᠤᠶ ᠪᠣᠯᠤᠭᠰᠠᠨ ᠡᠳ᠋ ᠬᠥᠷᠥᠩᠭᠡ ᠪᠠ ᠡᠷᠬᠡ ᠠᠰᠢᠭ᠎ᠢ ᠪᠦᠷᠢᠨ ᠪᠦᠲᠦᠨ ᠣᠨᠣᠪᠴᠢᠲᠠᠶ ᠲᠤᠰᠬᠠᠬᠤ ᠬᠡᠷᠡᠭᠲᠡᠢ᠃
ᠲᠤᠰ ᠠᠷᠭ᠎ᠠ ᠵᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠪᠠᠶ᠋ᠢᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠵᠠᠰᠠᠭ᠎ᠤᠨ ᠣᠷᠳᠣᠨ᠎ᠠᠴᠠ ᠭᠠᠷᠭ᠋ᠠᠭᠰᠠᠨ ᠪᠡᠯᠡ ᠮᠥᠩᠭᠦᠨ᠎ᠤ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ᠂ ᠵᠠᠰᠠᠭ᠎ᠤᠨ ᠣᠷᠳᠣᠨ᠎ᠤ ᠨᠡᠶ᠋ᠢᠲᠡ ᠪᠡᠯᠡ ᠣᠷᠤᠭᠤᠯᠤᠯᠲᠠ᠎ᠠᠴᠠ ᠪᠤᠶ ᠪᠣᠯᠤᠭᠰᠠᠨ ᠡᠳ᠋ ᠬᠥᠷᠥᠩᠭᠡ᠂ ᠡᠷᠬᠡ ᠠᠰᠢᠭ ᠪᠣᠯᠣᠨ ᠬᠤᠪᠢᠶᠠᠨ ᠡᠳ᠋ᠯᠡᠪᠡᠰᠦ ᠵᠣᠬᠢᠬᠤ ᠪᠡᠯᠡ ᠣᠷᠣᠭᠤᠯᠤᠯᠲᠠ ᠵᠢᠨ ᠠᠰᠢᠭ ᠣᠯᠵᠠᠪᠤᠷᠢ ᠵᠢ ᠴᠠᠭ ᠲᠤᠬᠠᠢᠳᠤᠨᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠤᠰ ᠠᠷᠭ᠎ᠠ ᠪᠣᠯᠣᠨ 《ᠡᠳ᠋᠎ᠤᠨ ᠵᠠᠰᠠᠭ᠎ᠤᠨ ᠶᠡᠷᠦᠩᠬᠡᠢ ᠲᠥᠰᠥᠪ᠎ᠤᠨ ᠨᠢᠭᠲᠠᠯᠠᠨ ᠪᠣᠳᠣᠬᠤ ᠳᠦᠷᠢᠮ》᠎ᠤᠨ ᠱᠠᠭ᠋ᠠᠷᠳᠠᠯᠭ᠎ᠠ ᠶᠣᠰᠣᠭ᠋ᠠᠷ᠂ ᠵᠠᠰᠠᠭ᠎ᠤᠨ ᠣᠷᠳᠣᠨ᠎ᠤ ᠡᠳ᠋ ᠬᠥᠷᠥᠩᠭᠡ ᠪᠣᠯᠣᠨ ᠡᠷᠬᠡ ᠠᠰᠢᠭ᠎ᠢ ᠵᠣᠬᠢᠴᠠᠩᠭᠤᠢ᠎ᠪᠠᠷ ᠨᠡᠮᠡᠭᠳᠡᠭᠦᠯᠦᠨ᠎ᠡ᠃
ᠳᠥᠴᠢᠨ ᠵᠢᠷᠭᠤᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠬᠤᠪᠢᠶᠠᠯᠴᠠᠪᠠᠰᠤ ᠵᠣᠬᠢᠬᠤ ᠪᠡᠯᠡ ᠣᠷᠣᠭᠤᠯᠤᠯᠲᠠ ᠵᠢᠨ ᠠᠰᠢᠭ ᠠᠯᠳᠠᠭᠳᠠᠯ᠎ᠢ ᠡᠷᠬᠡ ᠠᠰᠢᠭ᠎ᠤᠨ ᠬᠠᠤᠯᠢ᠎ᠪᠠᠷ ᠲᠣᠭ᠋ᠠᠴᠠᠭ᠎ᠠ ᠬᠢᠨ᠎ᠡ᠃ ᠰᠠᠭᠤᠷᠢ ᠮᠥᠩᠭᠦ ᠪᠠᠶ᠋ᠢᠭᠤᠯᠤᠭᠰᠠᠨ ᠰᠠᠯᠠᠭ᠎ᠠ ᠮᠥᠴᠢᠷ᠎ᠨᠢ ᠲᠤᠬᠠᠢ ᠵᠢᠨ ᠣᠨ ᠵᠢᠯ ᠳᠠᠭᠤᠰᠤᠭᠰᠠᠨ᠎ᠤ ᠳᠠᠷᠠᠭ᠎ᠠ ᠪᠦᠬᠦ ᠵᠢᠯ᠎ᠤᠨ ᠪᠡᠯᠡ ᠣᠷᠣᠭᠤᠯᠤᠯᠲᠠ ᠵᠢᠨ ᠠᠰᠢᠭ ᠣᠯᠵᠠᠪᠤᠷᠢ ᠪᠤᠶᠤ ᠠᠯᠳᠠᠭᠳᠠᠯ᠎ᠤᠨ ᠪᠠᠶ᠋ᠢᠳᠠᠯ ᠵᠶ᠋ᠠᠨ ᠴᠠᠭ ᠲᠤᠬᠠᠢᠳᠤᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠵᠢᠨ ᠬᠠᠮᠲᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠬᠠᠭᠤᠯᠤᠨ ᠢᠯᠡᠭᠡᠬᠦ ᠬᠡᠷᠡᠭᠲᠡᠢ᠃
ᠳᠥᠴᠢᠨ ᠳᠣᠯᠣᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠤᠯᠠᠷᠢᠯ ᠵᠶ᠋ᠠᠷ ᠡᠳ᠋ ᠬᠥᠷᠥᠩᠭᠡ ᠵᠢᠨ ᠥᠷᠢᠲᠦᠯ᠎ᠤᠨ ᠬᠦᠰᠦᠨᠦᠭᠲᠦ᠂ ᠠᠰᠢᠭ ᠠᠯᠳᠠᠪᠤᠷᠢ ᠵᠢᠨ ᠬᠦᠰᠦᠨᠦᠭᠲᠦ ᠵᠢᠴᠢ ᠪᠡᠯᠡᠨ ᠵᠣᠭᠤᠰ᠎ᠤᠨ ᠭᠦᠢ᠍ᠯᠭᠡᠭᠡᠨ᠎ᠤ ᠬᠡᠮᠵᠢᠶ᠎ᠡ ᠵᠢᠨ ᠬᠦᠰᠦᠨᠦᠭᠲᠦ ᠵᠡᠷᠭᠡ ᠮᠡᠳᠡᠭᠦᠯᠬᠦ ᠬᠦᠰᠦᠨᠦᠭᠲᠦ ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠡᠳ᠋᠎ᠤᠨ ᠵᠠᠰᠠᠭ᠎ᠤᠨ ᠶᠠᠮᠤᠨ᠎ᠤ ᠮᠡᠳᠡᠭᠦᠯᠬᠦ ᠬᠦᠰᠦᠨᠦᠭᠲᠦ ᠵᠢᠨ ᠰᠢᠰᠲ᠋ᠧᠮ ᠵᠶ᠋ᠠᠷ ᠳᠠᠮᠵᠢᠭᠤᠯᠤᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃
ᠶᠢᠰᠦᠳᠦᠭᠡᠷ ᠪᠦᠯᠦᠭ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠠᠮᠵᠢᠯᠲᠠ ᠪᠦᠲᠦᠮᠵᠢ ᠵᠢᠨ ᠦᠨᠡᠯᠡᠯᠲᠡ ᠬᠢᠭᠡᠳ ᠬᠢᠨᠠᠯᠲᠠ ᠬᠠᠮᠢᠶᠠᠷᠤᠯᠲᠠ
ᠳᠥᠴᠢᠨ ᠨᠠᠢ᠍ᠮᠠᠳᠤᠭ᠋ᠠᠷ ᠵᠦᠢ᠍ᠯ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠰᠠᠭᠤᠷᠢ ᠮᠥᠩᠭᠦᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠳᠦᠷᠢᠮ᠎ᠢ ᠪᠠᠶ᠋ᠢᠭᠤᠯᠬᠤ ᠵᠢ ᠬᠠᠷᠢᠭᠤᠴᠠᠵᠤ᠂ ᠬᠤᠯᠪᠣᠭᠳᠠᠯ ᠪᠦᠬᠦᠢ ᠦᠨᠡᠯᠡᠬᠦ ᠭᠦᠢ᠍ᠴᠡᠳᠬᠡᠯ ᠲᠤᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠬᠡᠷᠡᠭᠴᠡᠭᠡ᠎ᠪᠠᠨ ᠦᠨᠳᠦᠰᠦᠯᠡᠨ ᠭᠤᠷᠪᠠᠳᠠᠭᠢ ᠡᠲᠡᠭᠡᠳ᠎ᠤᠨ ᠵᠠᠭᠤᠴᠢ ᠪᠠᠶ᠋ᠢᠭᠤᠯᠤᠮᠵᠢ ᠵᠢ ᠤᠷᠢᠵᠤ ᠰᠠᠭᠤᠷᠢ ᠮᠥᠩᠭᠦᠨ᠎ᠤ ᠲᠥᠷᠥ ᠵᠢᠨ ᠪᠣᠳᠣᠯᠭ᠎ᠠ ᠵᠢᠨ ᠬᠠᠷᠠᠯᠲᠠ ᠵᠢ ᠪᠡᠶᠡᠯᠡᠭᠦᠯᠦᠭᠰᠡᠨ ᠬᠡᠮᠵᠢᠶ᠎ᠡ᠂ ᠰᠠᠭᠤᠷᠢ ᠮᠥᠩᠭᠦ ᠬᠠᠮᠢᠶᠠᠷᠤᠭᠴᠢ ᠵᠢᠨ ᠪᠡᠯᠡ ᠣᠷᠣᠭᠤᠯᠤᠨ ᠡᠵᠡᠩᠨᠡᠭᠰᠡᠨ ᠪᠠᠶ᠋ᠢᠳᠠᠯ᠂ ᠡᠳ᠋᠎ᠤᠨ ᠵᠠᠰᠠᠭ᠎ᠤᠨ ᠪᠡᠯᠡ ᠮᠥᠩᠭᠦᠨ᠎ᠤ ᠣᠯᠵᠠᠪᠤᠷᠢ ᠠᠯᠳᠠᠪᠤᠷᠢ ᠵᠢᠨ ᠪᠠᠶ᠋ᠢᠳᠠᠯ ᠵᠡᠷᠭᠡ᠎ᠳᠤ ᠭᠤᠣᠯᠳᠠᠯᠭ᠎ᠠ᠎ᠲᠠᠢ ᠠᠮᠵᠢᠯᠲᠠ ᠪᠦᠲᠦᠮᠵᠢ ᠵᠢᠨ ᠦᠨᠡᠯᠡᠯᠲᠡ ᠪᠠ ᠰᠢᠯᠭ᠋ᠠᠨ ᠬᠢᠨᠠᠯᠲᠠ ᠬᠢᠵᠦ᠂ ᠦᠨᠡᠯᠡᠵᠦ ᠰᠢᠯᠭ᠋ᠠᠨ ᠬᠢᠨᠠᠭᠰᠠᠨ ᠪᠠ ᠠᠵᠢᠯ᠎ᠤᠨ ᠠᠮᠵᠢᠯᠲᠠ ᠪᠦᠲᠦᠮᠵᠢ ᠵᠢ ᠥᠪᠡᠷ ᠵᠶ᠋ᠠᠨ ᠦᠨᠡᠯᠡᠭᠰᠡᠨ ᠦᠷ᠎ᠡ ᠳ᠋ᠦᠩ᠎ᠢ ᠰᠠᠭᠤᠷᠢ ᠮᠥᠩᠭᠦ ᠵᠢ ᠦᠷᠭᠦᠯᠵᠢᠯᠡᠭᠦᠯᠬᠦ᠂ ᠬᠥᠷᠥᠩᠭᠡ ᠵᠢ ᠨᠡᠮᠡᠭᠳᠡᠭᠦᠯᠦᠨ ᠰᠲ᠋ᠣᠺ᠎ᠢ ᠥᠷᠭᠡᠳᠬᠡᠬᠦ᠂ ᠤᠷᠢᠳᠴᠢᠯᠠᠨ ᠳᠠᠭᠤᠰᠬᠠᠬᠤ ᠵᠢᠴᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠠ ᠰᠠᠭᠤᠷᠢ ᠮᠥᠩᠭᠦ ᠬᠠᠮᠢᠶᠠᠷᠤᠭᠴᠢ ᠵᠢᠨ ᠬᠠᠮᠢᠶᠠᠷᠤᠯᠲᠠ ᠵᠢᠨ ᠵᠠᠷᠤᠳᠠᠯ᠎ᠢ ᠪᠤᠳᠤᠬᠤ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠃
ᠳᠥᠴᠢ ᠶᠢᠰᠦᠳᠦᠭᠡᠷ ᠵᠦᠢ᠍ᠯ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠬᠠᠷᠢᠶ᠎ᠠ ᠣᠷᠣᠨ᠎ᠤ ᠳᠣᠲᠣᠷ᠎ᠠ ᠳᠠᠩᠰᠠᠯᠠᠭᠤᠯᠤᠭᠰᠠᠨ ᠬᠤᠪᠢ᠎ᠪᠠᠷ ᠵᠶ᠋ᠠᠨ ᠵᠣᠭᠤᠰ ᠴᠤᠭᠯᠠᠭᠤᠯᠤᠭᠰᠠᠨ ᠰᠠᠭᠤᠷᠢ ᠮᠥᠩᠭᠦ ᠬᠠᠮᠢᠶᠠᠷᠤᠭᠴᠢ ᠵᠢᠴᠢ ᠲᠡᠭᠦᠨ᠎ᠤ ᠬᠠᠮᠢᠶᠠᠷᠴᠤ ᠪᠦᠬᠦᠢ ᠬᠤᠪᠢ᠎ᠪᠠᠷ ᠵᠶ᠋ᠠᠨ ᠵᠣᠭᠤᠰ ᠴᠤᠭᠯᠠᠭᠤᠯᠤᠭᠰᠠᠨ ᠰᠠᠭᠤᠷᠢ ᠮᠥᠩᠭᠦᠨ᠎ᠤ ᠨᠡᠷᠡᠳᠭᠦᠨ᠂ ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠨᠠᠶ᠋ᠢᠳᠠᠯᠭ᠎ᠠ᠎ᠪᠠᠷ ᠬᠠᠮᠢᠶᠠᠷᠬᠤ ᠪᠠᠶ᠋ᠢᠭᠤᠯᠤᠮᠵᠢ᠎ᠳᠠᠬᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠵᠢᠯᠴᠠᠨ ᠬᠤᠪᠢ᠎ᠪᠠᠷ ᠵᠶ᠋ᠠᠨ ᠵᠣᠭᠤᠰ ᠴᠤᠭᠯᠠᠭᠤᠯᠬᠤ ᠰᠠᠭᠤᠷᠢ ᠮᠥᠩᠭᠦ ᠵᠢᠨ ᠬᠦᠷᠢᠶᠡᠨ᠎ᠤ ᠲᠦᠭᠰᠢᠭᠦᠷᠢ ᠵᠢ ᠰᠢᠢ᠍ᠳᠪᠦᠷᠢᠯᠡᠵᠦ ᠠᠷᠢᠯᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
ᠲᠠᠪᠢᠳᠤᠭ᠋ᠠᠷ ᠵᠦᠢ᠍ᠯ ᠬᠢᠨᠠᠨ ᠪᠣᠳᠣᠬᠤ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢᠨ ᠠᠵᠢᠯᠯᠠᠭ᠋ᠠᠨ᠎ᠤ ᠪᠠᠶ᠋ᠢᠳᠠᠯ᠎ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠵᠢ ᠬᠠᠷᠢᠭᠤᠴᠠᠨ᠎ᠠ᠃ ᠬᠢᠨᠠᠨ ᠪᠣᠳᠣᠯᠲᠠ᠎ᠪᠠᠷ ᠢᠯᠡᠷᠡᠭᠦᠯᠦᠭᠰᠡᠨ ᠠᠰᠠᠭᠤᠳᠠᠯ᠎ᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠥᠪ᠎ᠤᠨ ᠬᠠᠤᠯᠢ》᠂ 《ᠡᠳ᠋᠎ᠤᠨ ᠵᠠᠰᠠᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠬᠡᠨ ᠲᠣᠷᠭ᠋ᠠᠬᠤ ᠳᠦᠷᠢᠮ》 ᠵᠡᠷᠭᠡ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ᠂ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠪᠣᠯ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠲᠠᠪᠢᠨ ᠨᠢᠭᠡᠳᠦᠭᠡᠷ ᠵᠦᠢ᠍ᠯ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠰᠠᠭᠤᠷᠢ ᠮᠥᠩᠭᠦ ᠬᠠᠮᠢᠶᠠᠷᠤᠭᠴᠢ᠂ ᠰᠠᠭᠤᠷᠢ ᠮᠥᠩᠭᠦ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ᠎ᠨᠢ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠰᠠᠭᠤᠷᠢ ᠮᠥᠩᠭᠦ ᠵᠢᠨ ᠳᠦᠷᠢᠮ ᠲᠣᠭᠲᠠᠭ᠋ᠠᠯ᠎ᠤᠨ ᠪᠣᠯᠵᠣᠯ ᠶᠣᠰᠣᠭ᠋ᠠᠷ᠂ ᠴᠢᠬᠤᠯᠠ ᠶᠡᠭᠡ ᠵᠦᠢ᠍ᠯᠡᠰ᠎ᠢ ᠮᠡᠳᠡᠭᠦᠯᠬᠦ ᠡᠭᠦᠷᠭᠡ ᠬᠠᠷᠢᠭᠤᠴᠠᠯᠭ᠎ᠠ᠎ᠪᠠᠨ ᠴᠠᠭ ᠲᠤᠬᠠᠢᠳᠤᠨᠢ ᠭᠦᠢ᠍ᠴᠡᠳᠬᠡᠵᠦ᠂ ᠡᠳᠦᠷ ᠲᠤᠲᠤᠮ᠎ᠤᠨ ᠪᠡᠯᠡ ᠣᠷᠣᠭᠤᠯᠵᠤ ᠠᠵᠢᠯᠯᠠᠭᠤᠯᠬᠤ ᠶᠠᠪᠤᠴᠠ᠎ᠳᠤ ᠡᠭᠦᠰᠦᠭᠰᠡᠨ ᠴᠢᠬᠤᠯᠠ ᠶᠡᠭᠡ ᠵᠦᠢ᠍ᠯᠡᠰ ᠵᠶ᠋ᠠᠨ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃ ᠴᠢᠬᠤᠯᠠ ᠶᠡᠭᠡ ᠵᠦᠢ᠍ᠯᠡᠰ᠎ᠲᠤ ᠺᠣᠮᠫᠠᠨᠢ ᠵᠢᠨ ᠳᠦᠷᠢᠮ ᠲᠣᠭᠲᠠᠭ᠋ᠠᠯ᠎ᠳᠤ ᠵᠠᠰᠠᠪᠤᠷᠢ ᠣᠷᠣᠭᠤᠯᠬᠤ᠂ ᠬᠥᠷᠥᠩᠭᠡ ᠵᠢᠨ ᠨᠡᠮᠡᠭᠳᠡᠯ ᠬᠤᠷᠣᠭᠳᠠᠯ᠂ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ᠎ᠢ ᠬᠤᠪᠢᠷᠠᠭᠤᠯᠬᠤ᠂ ᠨᠡᠶ᠋ᠢᠯᠡᠭᠦᠯᠬᠦ᠂ ᠢᠯᠭ᠋ᠠᠷᠠᠭᠤᠯᠤᠨ ᠪᠤᠳᠤᠬᠤ ᠵᠡᠷᠭᠡ ᠪᠠᠭᠲᠠᠬᠤ ᠪᠣᠯᠪᠠᠴᠤ ᠡᠳᠡᠭᠡᠷ᠎ᠲᠤ ᠬᠢᠵᠠᠭ᠋ᠠᠷᠯᠠᠭᠳᠠᠬᠤ ᠦᠭᠡᠢ᠃ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠤᠰ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯᠣᠨ ᠪᠤᠰᠤᠳ ᠪᠡᠯᠡ ᠭᠠᠷᠭ᠋ᠠᠭᠴᠢ᠎ᠳᠤ ᠬᠤᠷᠢᠶᠠᠩᠭᠤᠶ᠋ᠢᠯᠠᠨ ᠮᠡᠳᠡᠭᠦᠯᠵᠦ ᠬᠦᠷᠭᠡᠬᠦ ᠠᠵᠢᠯ᠎ᠢ ᠬᠠᠷᠢᠭᠤᠴᠠᠵᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠬᠦ ᠵᠢᠨ ᠬᠠᠮᠲᠤ ᠲᠤᠰ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ ᠪᠣᠯᠣᠨ ᠰᠠᠭᠤᠷᠢ ᠮᠥᠩᠭᠦ ᠪᠠᠶ᠋ᠢᠭᠤᠯᠤᠭᠰᠠᠨ ᠰᠠᠯᠠᠭ᠎ᠠ ᠮᠥᠴᠢᠷ᠎ᠲᠤ ᠬᠠᠭᠤᠯᠤᠨ ᠢᠯᠡᠭᠡᠬᠦ ᠬᠡᠷᠡᠭᠲᠡᠢ᠃
ᠲᠠᠪᠢᠨ ᠬᠤᠶᠠᠳᠤᠭ᠋ᠠᠷ ᠵᠦᠢ᠍ᠯ ᠰᠠᠭᠤᠷᠢ ᠮᠥᠩᠭᠦ ᠪᠠᠶ᠋ᠢᠭᠤᠯᠤᠭᠰᠠᠨ ᠰᠠᠯᠠᠭ᠎ᠠ ᠮᠥᠴᠢᠷ᠎ᠨᠢ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ᠎ᠪᠠᠨ ᠬᠠᠷᠢᠯᠴᠠᠨ ᠨᠡᠪᠲᠡᠷᠡᠯᠴᠡᠵᠦ ᠬᠠᠮᠲᠤ᠎ᠪᠠᠷ ᠬᠦᠷᠲᠡᠬᠦ ᠲᠣᠭᠲᠠᠴᠠ ᠵᠢ ᠪᠠᠶ᠋ᠢᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠬᠢᠨᠠᠨ ᠪᠣᠳᠣᠬᠤ᠂ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠯᠦᠭᠡ ᠰᠠᠭᠤᠷᠢ ᠮᠥᠩᠭᠦ ᠪᠠᠶ᠋ᠢᠭᠤᠯᠬᠤ᠂ ᠪᠠᠶ᠋ᠢᠴᠠᠭ᠋ᠠᠵᠤ ᠬᠢᠨᠠᠨ ᠬᠡᠮᠵᠢᠬᠦ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠡᠷᠭᠡ ᠮᠡᠳᠡᠭᠡ ᠵᠠᠩᠭᠢ ᠵᠢ ᠴᠠᠭ ᠲᠤᠬᠠᠢᠳᠤᠨᠢ ᠬᠠᠮᠲᠤ᠎ᠳᠤ᠎ᠪᠠᠨ ᠬᠦᠷᠲᠡᠬᠦ ᠬᠡᠷᠡᠭᠲᠡᠢ᠃ ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ ᠳ᠋ᠦᠩ᠎ᠲᠠᠢ᠎ᠪᠠᠨ ᠤᠶᠠᠯᠳᠤᠭᠤᠯᠤᠨ᠂ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠵᠢ ᠬᠡᠷᠡᠭᠵᠢᠭᠦᠯᠦᠨ᠎ᠡ᠃
ᠠᠷᠪᠠᠳᠤᠭ᠋ᠠᠷ ᠪᠦᠯᠦᠭ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠳᠠᠭᠤᠰᠬᠠᠬᠤ ᠪᠠ ᠪᠤᠴᠠᠭ᠋ᠠᠵᠤ ᠭᠠᠷᠭ᠋ᠠᠬᠤ
ᠲᠠᠪᠢᠨ ᠭᠤᠷᠪᠠᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠡᠩ᠎ᠤᠨ ᠪᠠᠶ᠋ᠢᠳᠠᠯ ᠳᠣᠣᠷ᠎ᠠ ᠣᠷᠣᠰᠢᠨ ᠦᠷᠭᠦᠯᠵᠢᠯᠡᠬᠦ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠳᠠᠭᠤᠰᠬᠠᠬᠤ ᠬᠡᠷᠡᠭᠲᠡᠢ᠃ ᠬᠤᠭᠤᠴᠠᠭ᠎ᠠ ᠵᠢ᠎ᠨᠢ ᠦᠨᠡᠨ ᠬᠦ᠌ ᠤᠷᠲᠤᠳᠬᠠᠬᠤ ᠴᠢᠬᠤᠯᠠᠲᠠᠢ ᠪᠣᠯ ᠰᠠᠭᠤᠷᠢ ᠮᠥᠩᠭᠦ ᠪᠠᠶ᠋ᠢᠭᠤᠯᠤᠭᠰᠠᠨ ᠰᠠᠯᠠᠭ᠎ᠠ ᠮᠥᠴᠢᠷ᠎ᠠᠴᠠ ᠰᠠᠭᠤᠷᠢ ᠮᠥᠩᠭᠦ ᠵᠢᠨ ᠬᠤᠭᠤᠴᠠᠭ᠎ᠠ᠎ᠨᠢ ᠲᠤᠯᠬᠤ᠎ᠠᠴᠠ ᠡᠮᠦᠨ᠎ᠡ 1 ᠵᠢᠯ᠎ᠤᠨ ᠳᠣᠲᠣᠷ᠎ᠠ ᠭᠤᠶᠤᠴᠢᠯᠠᠯ ᠭᠠᠷᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ᠂ ᠪᠤᠰᠤᠳ ᠪᠡᠯᠡ ᠭᠠᠷᠭ᠋ᠠᠭᠴᠢᠯᠤᠭᠠ ᠳᠦᠷᠢᠮ ᠲᠣᠭᠲᠠᠭ᠋ᠠᠯ᠎ᠳᠤ ᠪᠣᠯᠵᠣᠨ ᠲᠣᠭᠲᠠᠭᠰᠠᠨ ᠳᠡᠰ ᠳᠠᠷᠠᠭ᠋ᠠᠯᠠᠯ᠎ᠤᠨ ᠶᠣᠰᠣᠭ᠋ᠠᠷ ᠭᠦᠢ᠍ᠴᠡᠳᠬᠡᠬᠦ ᠬᠡᠷᠡᠭᠲᠡᠢ᠃
ᠲᠠᠪᠢᠨ ᠳᠥᠷᠪᠡᠳᠦᠭᠡᠷ ᠵᠦᠢ᠍ᠯ ᠳᠣᠣᠷᠠᠬᠢ ᠪᠠᠶ᠋ᠢᠳᠠᠯ᠎ᠠᠴᠠ ᠨᠢᠭᠡ᠎ᠨᠢ ᠭᠠᠷᠪᠠᠯ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠳᠠᠭᠤᠰᠬᠠᠬᠤ ᠵᠢᠨ ᠬᠠᠮᠲᠤ ᠢᠯᠭ᠋ᠠᠷᠠᠭᠤᠯᠤᠨ ᠪᠣᠳᠣᠬᠤ ᠬᠡᠷᠡᠭᠲᠡᠢ᠄
(ᠨᠢᠭᠡ) ᠰᠠᠭᠤᠷᠢ ᠮᠥᠩᠭᠦᠨ᠎ᠤ ᠭᠡᠷ᠎ᠡ ᠵᠢᠨ ᠬᠤᠭᠤᠴᠠᠭ᠎ᠠ᠎ᠨᠢ ᠲᠤᠯᠤᠭᠰᠠᠨ ᠪᠠᠶ᠋ᠢᠲᠠᠯ᠎ᠠ ᠬᠤᠶ᠋ᠢᠰᠢᠯᠠᠭᠤᠯᠤᠭᠰᠠᠨ ᠦᠭᠡᠢ;
(ᠬᠤᠶᠠᠷ) ᠰᠠᠭᠤᠷᠢ ᠮᠥᠩᠭᠦᠨ᠎ᠤ ᠬᠤᠪᠢ ᠡᠵᠡᠮᠰᠢᠭᠴᠢᠳ᠎ᠤᠨ ᠶᠡᠭᠡ ᠬᠤᠷᠠᠯ᠎ᠤᠨ ᠰᠢᠢ᠍ᠳᠪᠦᠷᠢ᠎ᠪᠠᠷ ᠨᠢᠭᠡᠳᠦᠯᠲᠡᠢ ᠪᠠᠲᠤᠯᠠᠭᠰᠠᠨ ᠪᠠᠶ᠋ᠢᠬᠤ;
(ᠭᠤᠷᠪᠠ) ᠰᠠᠭᠤᠷᠢ ᠮᠥᠩᠭᠦᠨ᠎ᠤ ᠭᠡᠷ᠎ᠡ᠂ ᠳᠦᠷᠢᠮ ᠲᠣᠭᠲᠠᠭ᠋ᠠᠯ᠎ᠳᠤ ᠪᠣᠯᠵᠣᠨ ᠲᠣᠭᠲᠠᠭᠰᠠᠨ ᠪᠤᠰᠤᠳ ᠪᠠᠶ᠋ᠢᠳᠠᠯ᠃
ᠲᠠᠪᠢᠨ ᠲᠠᠪᠤᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠳᠠᠭᠤᠰᠬᠠᠭᠰᠠᠨ᠎ᠤ ᠳᠠᠷᠠᠭ᠎ᠠ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯᠣᠨ ᠪᠤᠰᠤᠳ ᠪᠡᠯᠡ ᠭᠠᠷᠭ᠋ᠠᠭᠴᠢ ᠵᠢᠨ ᠬᠢᠨᠠᠯᠲᠠ ᠲᠠᠯᠪᠢᠯᠲᠠ ᠳᠣᠣᠷ᠎ᠠ ᠢᠯᠭ᠋ᠠᠷᠠᠭᠤᠯᠤᠨ ᠪᠣᠳᠣᠬᠤ ᠵᠢ ᠵᠣᠬᠢᠶᠠᠨ ᠪᠠᠶ᠋ᠢᠭᠤᠯᠵᠤ᠂ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠮᠥᠩᠭᠦᠨ᠎ᠤ ᠲᠤᠭ᠎ᠠ ᠪᠣᠯᠣᠨ ᠵᠠᠰᠠᠭ᠎ᠤᠨ ᠣᠷᠳᠣᠨ᠎ᠳᠤ ᠬᠠᠷᠢᠶᠠᠯᠠᠭᠳᠠᠬᠤ ᠠᠰᠢᠭ ᠣᠯᠵᠠᠪᠤᠷᠢ ᠵᠢ ᠡᠳ᠋᠎ᠤᠨ ᠵᠠᠰᠠᠭ᠎ᠤᠨ ᠤᠯᠤᠰ᠎ᠤᠨ ᠬᠥᠮᠥᠷᠭᠡ ᠵᠢᠨ ᠬᠠᠮᠢᠶᠠᠷᠤᠯᠲᠠ ᠵᠢᠨ ᠳᠦᠷᠢᠮ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠠᠭ ᠲᠤᠬᠠᠢᠳᠤᠨᠢ ᠭᠦᠢ᠍ᠴᠡᠳ ᠲᠤᠭ᠎ᠠ ᠶᠣᠰᠣᠭ᠋ᠠᠷ ᠤᠯᠤᠰ᠎ᠤᠨ ᠬᠥᠮᠥᠷᠭᠡ᠎ᠳᠤ ᠲᠤᠰᠢᠶᠠᠬᠤ ᠬᠡᠷᠡᠭᠲᠡᠢ᠃
ᠲᠠᠪᠢᠨ ᠵᠢᠷᠭᠤᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠨᠡᠶ᠋ᠢᠭᠡᠮ᠎ᠤᠨ ᠪᠡᠯᠡ ᠭᠠᠷᠭ᠋ᠠᠭᠴᠢ᠎ᠠᠴᠠ ᠬᠤᠳᠠᠯᠳᠤᠨ ᠠᠪᠬᠤ᠂ ᠰᠲ᠋ᠣᠺ᠎ᠤᠨ ᠡᠷᠬᠡ ᠵᠢ ᠰᠢᠯᠵᠢᠭᠦᠯᠬᠦ᠂ ᠬᠤᠭᠤᠴᠠᠭ᠎ᠠ᠎ᠨᠢ ᠲᠤᠯᠵᠤ ᠢᠯᠭ᠋ᠠᠷᠠᠭᠤᠯᠤᠨ ᠪᠣᠳᠣᠬᠤ ᠪᠤᠶᠤ ᠵᠥᠪᠯᠡᠯᠴᠡᠭᠡᠷ᠎ᠲᠤ ᠪᠣᠯᠵᠣᠵᠤ ᠲᠣᠭᠲᠠᠭᠰᠠᠨ ᠪᠤᠰᠤᠳ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶᠢᠭ ᠵᠶ᠋ᠠᠷ ᠳᠠᠮᠵᠢᠭᠤᠯᠵᠤ ᠪᠤᠴᠠᠭ᠋ᠠᠨ ᠭᠠᠷᠭ᠋ᠠᠵᠤ ᠪᠣᠯᠣᠨ᠎ᠠ᠃ ᠪᠡᠯᠡ ᠭᠠᠷᠭ᠋ᠠᠭᠴᠢ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠪᠣᠳᠠᠲᠠᠢ ᠪᠠᠶ᠋ᠢᠳᠠᠯ᠎ᠢ ᠦᠨᠳᠦᠰᠦᠯᠡᠨ᠂ ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠂ ᠬᠤᠷᠰᠢᠬᠤ ᠵᠥᠪᠯᠡᠯᠴᠡᠭᠡᠷ ᠪᠤᠶᠤ ᠪᠡᠯᠡ ᠣᠷᠣᠭᠤᠯᠤᠯᠲᠠ ᠵᠢᠨ ᠵᠥᠪᠯᠡᠯᠴᠡᠭᠡᠷ᠎ᠲᠤ ᠪᠤᠴᠠᠭ᠋ᠠᠵᠤ ᠭᠠᠷᠭ᠋ᠠᠬᠤ ᠨᠥᠬᠦᠴᠡᠯ ᠪᠠ ᠠᠷᠭ᠎ᠠ ᠬᠡᠯᠪᠡᠷᠢ᠎ᠪᠠᠨ ᠪᠣᠯᠵᠣᠵᠤ ᠲᠣᠭᠲᠠᠨ᠎ᠠ᠃
ᠲᠠᠪᠢᠨ ᠳᠣᠯᠣᠳᠤᠭ᠋ᠠᠷ ᠵᠦᠢ᠍ᠯ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠪᠤᠰᠤᠳ ᠪᠡᠯᠡ ᠭᠠᠷᠭ᠋ᠠᠭᠴᠢ᠎ᠲᠠᠢ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠳᠦᠷᠢᠮ ᠲᠣᠭᠲᠠᠭ᠋ᠠᠯ᠎ᠳᠤ᠎ᠪᠠᠨ ᠳᠣᠣᠷ᠎ᠠ ᠳᠤᠷᠠᠳᠤᠭᠰᠠᠨ ᠪᠠᠶ᠋ᠢᠳᠠᠯ᠎ᠠᠴᠠ ᠨᠢᠭᠡ᠎ᠨᠢ ᠪᠠᠶ᠋ᠢᠪᠠᠯ᠂ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠮᠥᠩᠭᠦ᠎ᠪᠠᠨ ᠪᠤᠰᠤᠳ ᠪᠡᠯᠡ ᠭᠠᠷᠭ᠋ᠠᠭᠴᠢ᠎ᠪᠠᠷ ᠵᠥᠪᠰᠢᠶᠡᠷᠡᠭᠦᠯᠬᠦ ᠴᠢᠬᠤᠯᠠ ᠦᠭᠡᠢ᠎ᠪᠠᠷ ᠤᠷᠢᠳᠴᠢᠯᠠᠨ ᠪᠤᠴᠠᠭ᠋ᠠᠵᠤ ᠭᠠᠷᠭ᠋ᠠᠬᠤ᠎ᠪᠠᠷ ᠰᠣᠩᠭᠤᠵᠤ ᠪᠣᠯᠬᠤ᠎ᠪᠠᠷ ᠪᠣᠯᠵᠣᠵᠤ ᠲᠣᠭᠲᠠᠬᠤ ᠬᠡᠷᠡᠭᠲᠡᠢ :
(ᠨᠢᠭᠡ) ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠲᠥᠰᠥᠯ᠎ᠢ ᠨᠤᠲᠠᠯᠠᠭᠰᠠᠨ᠎ᠤ ᠳᠠᠷᠠᠭ᠎ᠠ 1 ᠵᠢᠯ ᠬᠡᠲᠦᠷᠡᠭᠰᠡᠨ ᠪᠠᠶ᠋ᠢᠲᠠᠯ᠎ᠠ ᠲᠣᠭᠲᠠᠭᠰᠠᠨ ᠵᠢᠷᠤᠮ ᠪᠠ ᠴᠠᠭ᠎ᠤᠨ ᠱᠠᠭ᠋ᠠᠷᠳᠠᠯᠭ᠎ᠠ ᠶᠣᠰᠣᠭ᠋ᠠᠷ ᠪᠠᠶ᠋ᠢᠭᠤᠯᠬᠤ ᠭᠠᠷᠳᠠᠮ᠎ᠢ ᠪᠡᠶᠡᠯᠡᠭᠦᠯᠦᠭᠰᠡᠨ ᠦᠭᠡᠢ;
(ᠬᠤᠶᠠᠷ) ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠲᠠᠩᠰᠠᠨ ᠡᠷᠦᠬᠡ᠎ᠳᠤ ᠰᠢᠯᠵᠢᠭᠦᠯᠦᠨ ᠥᠭᠭᠦᠭᠡᠳ 1 ᠵᠢᠯ᠎ᠠᠴᠠ ᠳᠡᠭᠡᠭᠰᠢ ᠪᠣᠯᠤᠭᠰᠠᠨ᠎ᠳᠤ᠂ ᠰᠠᠭᠤᠷᠢ ᠮᠥᠩᠭᠦ ᠵᠢᠨ ᠪᠡᠯᠡ ᠣᠷᠣᠭᠤᠯᠤᠯᠲᠠ ᠵᠢᠨ ᠲᠤᠬᠠᠶ᠋ᠢᠯᠠᠭᠰᠠᠨ ᠠᠵᠢᠯ᠎ᠢ ᠥᠷᠨᠢᠭᠦᠯᠦᠭᠰᠡᠨ ᠦᠭᠡᠢ;
(ᠭᠤᠷᠪᠠ) ᠰᠠᠭᠤᠷᠢ ᠮᠥᠩᠭᠦᠨ᠎ᠤ ᠪᠡᠯᠡ ᠣᠷᠣᠭᠤᠯᠤᠯᠲᠠ ᠵᠢᠨ ᠬᠦᠷᠢᠶ᠎ᠡ ᠪᠠ ᠴᠢᠭᠯᠡᠯ᠎ᠨᠢ ᠲᠥᠷᠥ ᠵᠢᠨ ᠪᠣᠳᠣᠯᠭ᠎ᠠ ᠵᠢᠨ ᠬᠠᠷᠠᠯᠲᠠ᠎ᠳᠤ ᠨᠡᠶ᠋ᠢᠴᠡᠬᠦ ᠦᠭᠡᠶ;
(ᠳᠥᠷᠪᠡ) ᠰᠠᠭᠤᠷᠢ ᠮᠥᠩᠭᠦ ᠵᠢ ᠳᠦᠷᠢᠮ ᠲᠣᠭᠲᠠᠭ᠋ᠠᠯ᠎ᠤᠨ ᠶᠣᠰᠣᠭ᠋ᠠᠷ ᠪᠡᠯᠡ ᠣᠷᠣᠭᠤᠯᠤᠯᠲᠠ ᠬᠢᠭᠰᠡᠨ ᠦᠭᠡᠢ;
(ᠲᠠᠪᠤ) ᠳᠦᠷᠢᠮ ᠲᠣᠭᠲᠠᠭ᠋ᠠᠯ᠎ᠳᠤ ᠲᠣᠭᠲᠠᠭᠰᠠᠨ ᠵᠦᠢ᠍ᠯ᠎ᠲᠠᠢ ᠨᠡᠶ᠋ᠢᠴᠡᠬᠦ ᠦᠭᠡᠢ ᠪᠤᠰᠤᠳ ᠪᠠᠶ᠋ᠢᠳᠠᠯ;
(ᠵᠢᠷᠭᠤᠭ᠎ᠠ) ᠰᠠᠭᠤᠷᠢ ᠮᠥᠩᠭᠦᠨ᠎ᠳᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ᠲᠤᠰ ᠠᠷᠭ᠎ᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠬᠤ᠃
ᠲᠠᠪᠢᠨ ᠨᠠᠢ᠍ᠮᠠᠳᠤᠭ᠋ᠠᠷ ᠵᠦᠢ᠍ᠯ ᠵᠠᠰᠠᠭ᠎ᠤᠨ ᠣᠷᠳᠣᠨ ᠭᠠᠷᠭ᠋ᠠᠭᠰᠠᠨ ᠪᠡᠯᠡ᠎ᠪᠠᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠠᠴᠠ ᠪᠤᠴᠠᠭ᠋ᠠᠵᠤ ᠭᠠᠷᠭ᠋ᠠᠬᠤ᠎ᠳᠤ᠂ ᠳᠦᠷᠢᠮ ᠲᠣᠭᠲᠠᠭ᠋ᠠᠯ᠎ᠳᠤ ᠪᠣᠯᠵᠣᠨ ᠲᠣᠭᠲᠠᠭᠰᠠᠨ ᠨᠥᠬᠦᠴᠡᠯ ᠵᠶ᠋ᠠᠷ ᠪᠤᠴᠠᠭ᠋ᠠᠵᠤ ᠭᠠᠷᠭ᠋ᠠᠬᠤ ᠬᠡᠷᠡᠭᠲᠡᠶ; ᠳᠦᠷᠢᠮ ᠲᠣᠭᠲᠠᠭ᠋ᠠᠯ᠎ᠳᠤ ᠪᠣᠯᠵᠣᠵᠤ ᠲᠣᠭᠲᠠᠭᠰᠠᠨ ᠦᠭᠡᠢ ᠪᠣᠯ᠂ ᠬᠢᠷᠢ ᠭᠡᠮ᠎ᠲᠠᠢ ᠡᠳ᠋ ᠬᠥᠷᠥᠩᠭᠡ ᠵᠢ ᠦᠨᠡᠯᠡᠨ ᠵᠢᠱ᠌ᠢᠬᠦ ᠪᠠᠶ᠋ᠢᠭᠤᠯᠤᠮᠵᠢ ᠵᠢ ᠤᠷᠢᠵᠤ ᠪᠡᠯᠡ ᠭᠠᠷᠭ᠋ᠠᠭᠰᠠᠨ ᠡᠷᠬᠡ ᠠᠰᠢᠭ᠎ᠲᠤ ᠦᠨᠡᠯᠡᠯᠲᠡ ᠵᠢᠱ᠌ᠢᠯᠲᠡ ᠬᠢᠯᠭᠡᠵᠦ᠂ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢᠨ ᠪᠤᠴᠠᠭ᠋ᠠᠵᠤ ᠭᠠᠷᠭ᠋ᠠᠬᠤ ᠦᠨ᠎ᠡ ᠬᠠᠩᠰᠢ ᠵᠢ ᠲᠣᠭᠲᠠᠭ᠋ᠠᠬᠤ ᠵᠢᠨ ᠦᠨᠳᠦᠰᠦᠯᠡᠯ ᠪᠣᠯᠭ᠋ᠠᠬᠤ ᠬᠡᠷᠡᠭᠲᠡᠢ᠃
ᠠᠷᠪᠠᠨ ᠨᠢᠭᠡᠳᠦᠭᠡᠷ ᠪᠦᠯᠦᠭ ᠳᠠᠭ᠋ᠠᠯᠳᠤᠭᠤᠯᠤᠭᠰᠠᠨ ᠳᠦᠷᠢᠮ
ᠲᠠᠪᠢ ᠶᠢᠰᠦᠳᠦᠭᠡᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠬᠢᠯᠢ ᠵᠢᠨ ᠭᠠᠳᠠᠨᠠᠬᠢ ᠠᠵᠤ ᠠᠬᠤᠶ᠋ᠢᠯᠠᠯ᠎ᠳᠤ ᠪᠡᠯᠡ ᠣᠷᠤᠭᠤᠯᠤᠯᠲᠠ ᠬᠢᠬᠦ᠎ᠳᠤ ᠬᠢᠯᠢ ᠵᠢᠨ ᠭᠠᠳᠠᠨᠠᠬᠢ ᠪᠡᠯᠡ ᠣᠷᠣᠭᠤᠯᠤᠯᠲᠠ ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠬᠡᠷᠡᠭᠲᠡᠢ᠃
ᠵᠢᠷᠠᠳᠤᠭ᠋ᠠᠷ ᠵᠦᠢ᠍ᠯ ᠲᠤᠰ ᠠᠷᠭ᠎ᠠ᠎ᠳᠤ ᠲᠣᠳᠣᠷᠬᠠᠶ᠋ᠢᠯᠠᠭᠰᠠᠨ ᠦᠭᠡᠢ ᠵᠦᠢ᠍ᠯᠡᠰ᠎ᠨᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ ᠪᠤᠰᠤᠳ ᠲᠥᠷᠥ ᠵᠢᠨ ᠪᠣᠳᠣᠯᠭ᠎ᠠ᠎ᠳᠤ ᠲᠣᠭᠲᠠᠭ᠋ᠠᠯ᠎ᠲᠠᠢ ᠪᠠᠶ᠋ᠢᠪᠠᠯ᠂ ᠪᠤᠰᠤᠳ ᠲᠥᠷᠥ ᠵᠢᠨ ᠪᠣᠳᠣᠯᠭ᠎ᠠ ᠵᠢ ᠵᠢᠷᠤᠮᠯᠠᠨ ᠬᠡᠷᠡᠭᠵᠢᠭᠦᠯᠦᠨ᠎ᠡ᠃
ᠵᠢᠷᠠᠨ ᠨᠢᠭᠡᠳᠦᠭᠡᠷ ᠵᠦᠢ᠍ᠯ ᠲᠤᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠲᠤᠰ ᠠᠷᠭ᠎ᠠ ᠵᠢ ᠬᠡᠷᠡᠭᠵᠢᠭᠦᠯᠬᠦ᠎ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠨᠲᠡ ᠪᠠᠶ᠋ᠢᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠳᠤ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠦᠩᠭᠦᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2018] 100 ᠳ᠋ᠤᠭ᠋ᠠᠷ ᠲᠣᠭ᠋ᠠᠲᠤ)᠎ᠢ ᠲᠣᠬᠢᠷᠠᠭᠤᠯᠤᠨ ᠬᠡᠷᠡᠭᠯᠡᠵᠦ᠂ ᠲᠡᠭᠦᠨ᠎ᠤ ᠲᠥᠰᠥᠪ᠎ᠤᠨ ᠬᠠᠮᠢᠶᠠᠷᠤᠯᠲᠠ᠂ ᠡᠳ᠋ ᠬᠥᠷᠥᠩᠭᠡ ᠵᠢᠨ ᠬᠠᠮᠢᠶᠠᠷᠤᠯᠲᠠ᠂ ᠠᠮᠵᠢᠯᠲᠠ ᠪᠦᠲᠦᠮᠵᠢ ᠵᠢᠨ ᠦᠨᠡᠯᠡᠯᠲᠡ ᠵᠢᠴᠢ ᠬᠢᠨᠠᠯᠲᠠ ᠬᠠᠮᠢᠶᠠᠷᠤᠯᠲᠠ᠂ ᠳᠠᠭᠤᠰᠬᠠᠬᠤ ᠪᠠ ᠪᠤᠴᠠᠭ᠋ᠠᠨ ᠭᠠᠷᠭ᠋ᠠᠬᠤ ᠵᠡᠷᠭᠡ ᠠᠵᠢᠯᠯᠠᠭ᠎ᠠ᠎ᠨᠢ ᠲᠤᠰ ᠠᠷᠭ᠎ᠠ ᠵᠢ ᠬᠡᠷᠡᠭᠵᠢᠭᠦᠯᠲᠡᠯᠡ ᠦᠷᠭᠦᠯᠵᠢᠯᠡᠭᠰᠡᠨ ᠪᠠᠶ᠋ᠢᠪᠠᠯ ᠲᠤᠰ ᠠᠷᠭ᠎ᠠ ᠵᠢᠨ ᠲᠣᠭᠲᠠᠭ᠋ᠠᠯ᠎ᠢ ᠲᠣᠬᠢᠷᠠᠭᠤᠯᠤᠨ ᠬᠡᠷᠡᠭᠯᠡᠨ᠎ᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 4 ᠳ᠋ᠦ᠍ᠭᠡᠷ ᠰᠠᠷ᠎ᠠ ᠵᠢᠨ 2᠎ᠤᠨ ᠡᠳᠦᠷ ᠳᠠᠷᠤᠮᠠᠯᠯᠠᠨ ᠲᠠᠷᠬᠠᠭ᠋ᠠᠪᠠ