ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 35 ᠳ᠋ᠤᠭ᠋ᠠᠷ ᠲᠣᠭ᠋ᠠᠲᠤ
ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠮᠠᠨ᠎ᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠤᠨ ᠲᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠴᠢᠳᠠᠪᠤᠷᠢ ᠵᠢ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢᠨ ᠪᠦᠲᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠬᠥᠮᠥᠨ᠎ᠤ ᠠᠮᠢ ᠨᠠᠰᠤ ᠪᠠ ᠡᠷᠡᠭᠦᠯ ᠡᠩᠬᠡ ᠵᠢ ᠬᠠᠮᠠᠭ᠋ᠠᠯᠠᠬᠤ᠎ᠪᠠᠷ ᠵᠣᠷᠢᠯᠲᠠ ᠪᠣᠯᠭ᠋ᠠᠨ᠂ 《ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ》 ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠨ᠂ ᠵᠠᠰᠠᠭ᠎ᠤᠨ ᠣᠷᠳᠣᠨ ᠵᠶ᠋ᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶ᠋ᠢᠭᠡᠮ ᠨᠡᠶ᠋ᠢᠲᠡ ᠵᠢ ᠳᠠᠶ᠋ᠢᠴᠢᠯᠠᠬᠤ᠎ᠪᠠᠷ ᠳᠠᠮᠵᠢᠭᠤᠯᠵᠤ᠂ 《ᠠᠪᠤᠷᠠᠯᠲᠠ ᠳᠡᠷᠭᠡᠳᠡ ᠴᠢᠨᠢ》 ᠭᠡᠬᠦ 10 ᠲᠤᠰᠬᠠᠢ ᠠᠵᠢᠯᠯᠠᠭ᠋ᠠᠨ᠎ᠢ ᠯᠠᠪᠳᠠᠭᠤᠨ ᠪᠠᠲᠤᠲᠠᠢ ᠠᠬᠢᠭᠤᠯᠤᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ ᠵᠢᠷᠦᠬᠡ ᠠᠭᠤᠰᠬᠢᠨ᠎ᠤ ᠰᠡᠷᠭᠦᠭᠡᠯᠲᠡ ᠬᠢᠭᠡᠳ ᠪᠡᠶ᠎ᠡ ᠵᠢᠨ ᠭᠠᠳᠠᠨ᠎ᠠ᠎ᠠᠴᠠ ᠴᠡᠴᠡᠷᠡᠬᠦ ᠵᠢ ᠠᠷᠢᠯᠭ᠋ᠠᠬᠤ ᠠᠦ᠋ᠲ᠋ᠣ᠋ ᠬᠡᠮᠵᠢᠭᠦᠷᠯᠢᠭ (AED ᠮᠠᠰᠢᠨ)᠎ᠤᠨ ᠬᠡᠷᠡᠭᠯᠡᠯᠲᠡ᠂ ᠠᠮᠢᠰᠬᠤᠯ᠎ᠤᠨ ᠵᠠᠮ᠎ᠤᠨ ᠣᠨᠳᠣᠣ ᠪᠣᠳᠠᠰ᠎ᠤᠨ ᠲᠦᠭᠵᠢᠷᠡᠯ᠂ ᠰᠢᠷᠬᠠᠲᠤᠭᠰᠠᠨ᠎ᠢ ᠠᠪᠤᠷᠠᠬᠤ᠂ ᠭᠠᠮᠰᠢᠭ᠎ᠢ ᠰᠡᠷᠭᠡᠶ᠋ᠢᠯᠡᠵᠦ ᠠᠶᠤᠯ᠎ᠠᠴᠠ ᠵᠠᠶ᠋ᠢᠯᠠᠬᠤ ᠵᠡᠷᠭᠡ ᠥᠪᠡᠷ᠎ᠢ᠎ᠪᠠᠨ ᠪᠠ ᠥᠷᠥᠭᠡᠯ ᠬᠤᠭᠤᠷᠣᠨᠳᠤ᠎ᠪᠠᠨ ᠬᠠᠷᠢᠯᠴᠠᠨ ᠠᠪᠤᠷᠠᠬᠤ ᠮᠡᠳᠡᠯᠭᠡ ᠮᠡᠷᠭᠡᠰᠢᠯ᠎ᠢ ᠳᠡᠯᠭᠡᠷᠡᠭᠦᠯᠦᠨ ᠲᠦᠭᠡᠮᠡᠯᠵᠢᠭᠦᠯᠵᠦ᠂ ᠣᠯᠠᠨ ᠲᠦᠮᠡᠨᠴᠢ ᠴᠢᠨᠠᠷᠲᠠᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠴᠢᠳᠠᠪᠤᠷᠢ ᠪᠠ ᠲᠦᠪᠰᠢᠨ᠎ᠢ ᠳᠡᠭᠡᠭᠰᠢᠯᠡᠭᠦᠯᠦᠨ᠂ 2030 ᠣᠨ ᠪᠤᠯᠲᠠᠯ᠎ᠠ᠂ ᠪᠥᠬᠦ ᠤᠯᠤᠰ᠎ᠤᠨ ᠳᠤᠮᠳᠠ ᠵᠡᠷᠭᠡ᠎ᠠᠴᠠ ᠳᠡᠭᠡᠭᠰᠢᠬᠢ ᠬᠠᠷᠠᠯᠲᠠ᠎ᠳᠤ ᠬᠦᠷᠦᠭᠦᠯᠦᠨ᠎ᠡ᠃ ᠵᠢᠯ ᠪᠦᠷᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠵᠢ 70 ᠲᠦᠮᠡᠨ ᠬᠥᠮᠥᠨ ᠤᠳᠠᠭ᠎ᠠ᠎ᠠᠴᠠ ᠳᠡᠭᠡᠭᠰᠢ ᠲᠦᠭᠡᠮᠡᠯᠵᠢᠭᠦᠯᠵᠦ᠂ 2030 ᠣᠨ ᠪᠣᠯᠬᠤ᠎ᠳᠤ 《ᠳᠣᠯᠣᠳᠤᠭ᠋ᠠᠷ ᠨᠡᠶ᠋ᠢᠳᠡᠮ ᠪᠠᠶ᠋ᠢᠴᠠᠭ᠋ᠠᠯᠲᠠ》 ᠵᠢᠨ ᠬᠥᠮᠥᠨ ᠠᠮᠠ᠎ᠳᠠᠬᠢ ᠨᠡᠶ᠋ᠢᠲᠡ ᠲᠦᠭᠡᠮᠡᠯᠵᠢᠭᠦᠯᠦᠭᠰᠡᠨ ᠨᠣᠷᠮ᠎ᠠ ᠵᠢᠨ ᠡᠵᠡᠯᠡᠬᠦ ᠬᠠᠷᠢᠴᠠᠯ᠎ᠢ 30%᠎ᠠᠴᠠ ᠳᠡᠭᠡᠭᠰᠢ᠎ᠳᠤ ᠬᠦᠷᠦᠭᠦᠯᠵᠦ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠪᠠ ᠮᠡᠷᠭᠡᠰᠢᠯ᠎ᠤᠨ ᠲᠦᠪᠰᠢᠨ᠎ᠢ ᠲᠠᠰᠤᠷᠠᠯᠲᠠ ᠦᠭᠡᠢ ᠲᠡᠬᠡᠭᠰᠢᠯᠡᠬᠦᠯᠦᠨ᠎ᠡ᠃ ᠵᠢᠯ ᠪᠦᠷᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠦᠨᠡᠮᠯᠡᠯ ᠠᠪᠬᠤ ᠬᠥᠮᠥᠨ᠎ᠤ ᠲᠤᠭ᠎ᠠ ᠵᠢ 8 ᠲᠦᠮᠡ ᠢᠯᠡᠭᠦᠦ ᠨᠡᠮᠡᠭᠳᠡᠭᠦᠯᠵᠦ᠂ 2030 ᠣᠨ ᠪᠣᠯᠬᠤ᠎ᠳᠤ᠂ 《ᠳᠣᠯᠣᠳᠤᠭ᠋ᠠᠷ ᠨᠡᠶ᠋ᠢᠳᠡᠮ ᠪᠠᠶ᠋ᠢᠴᠠᠭ᠋ᠠᠯᠲᠠ》 ᠵᠢᠨ ᠬᠥᠮᠥᠨ ᠠᠮᠠ᠎ᠳᠠᠬᠢ ᠦᠨᠡᠮᠯᠡᠯ ᠠᠪᠤᠭᠰᠠᠨ ᠬᠥᠮᠥᠨ᠎ᠤ ᠲᠤᠭ᠎ᠠ ᠵᠢᠨ ᠡᠵᠡᠯᠡᠬᠦ ᠬᠠᠷᠢᠴᠠᠯ᠎ᠢ 4.2%᠎ᠠᠴᠠ ᠳᠡᠭᠡᠭᠰᠢ᠎ᠳᠤ ᠬᠦᠷᠦᠭᠦᠯᠵᠦ᠂ ᠡᠮᠨᠡᠯᠭᠡ᠎ᠳᠤ ᠰᠠᠭᠤᠬᠤ᠎ᠠᠴᠠ ᠡᠮᠦᠨᠡᠬᠢ ᠲᠦᠷᠭᠡᠨ ᠠᠪᠤᠷᠠᠯᠲᠠ᠎ᠳᠤ ᠣᠷᠣᠯᠴᠠᠬᠤ ᠣᠯᠠᠨ ᠨᠡᠶ᠋ᠢᠲᠡ ᠵᠢᠨ ᠬᠠᠷᠢᠴᠠᠯ ᠪᠠ ᠰᠢᠢ᠍ᠳᠪᠦᠷᠢᠯᠡᠬᠦ ᠴᠢᠳᠠᠪᠤᠷᠢ ᠵᠢ ᠦᠷᠭᠦᠯᠵᠢᠯᠡᠨ ᠲᠡᠬᠡᠭᠰᠢᠯᠡᠬᠦᠯᠦᠨ᠎ᠡ᠃ 2030 ᠣᠨ ᠪᠤᠯᠲᠠᠯ᠎ᠠ᠂ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠲᠠᠬᠢ AED ᠮᠠᠰᠢᠨ᠎ᠢ 10 ᠲᠦᠮᠡᠨ ᠬᠥᠮᠥᠨ ᠪᠦᠷᠢ᠎ᠳᠤ 30 ᠰᠠᠤᠷᠢ ᠲᠣᠬᠢᠷᠠᠭᠤᠯᠤᠨ ᠤᠭᠰᠠᠷᠠᠵᠤ᠂ ᠬᠥᠮᠥᠨ ᠬᠠᠷ᠎ᠠ ᠣᠯᠠᠨ᠎ᠲᠠᠢ ᠣᠯᠠᠨ ᠨᠡᠶ᠋ᠢᠲᠡ ᠵᠢᠨ ᠲᠠᠯᠠᠪᠤᠷ ᠭᠠᠵᠠᠷ ᠪᠣᠯᠭ᠋ᠠᠨ᠎ᠳᠤ ᠬᠠᠮᠤᠷᠠᠭᠤᠯᠬᠤ ᠵᠢ ᠪᠡᠶᠡᠯᠡᠭᠦᠯᠦᠨ᠎ᠡ᠃ A ᠲᠠᠰ᠎ᠤᠨ ᠦᠵᠡᠮᠵᠢ ᠵᠢᠨ ᠣᠷᠣᠨ᠎ᠳᠤ ᠠᠪᠤᠷᠠᠯᠲᠠ ᠵᠢᠨ ᠥᠷᠲᠡᠭᠡ ᠪᠠᠶ᠋ᠢᠭᠤᠯᠬᠤ ᠵᠢ ᠢᠳᠡᠪᠬᠢᠲᠡᠢ ᠠᠬᠢᠭᠤᠯᠵᠤ᠂ 5A ᠲᠠᠰ᠎ᠤᠨ ᠦᠵᠡᠮᠵᠢ ᠵᠢᠨ ᠣᠷᠣᠨ ᠪᠦᠭᠦᠨ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠵᠢᠨ ᠥᠷᠲᠡᠭᠡ᠎ᠲᠠᠢ ᠪᠤᠯᠭ᠋ᠠᠬᠤ ᠵᠢ ᠪᠡᠶᠡᠯᠡᠭᠦᠯᠦᠨ᠎ᠡ᠃ ᠥᠷᠭᠡᠨ ᠣᠯᠠᠨ ᠠᠷᠠᠳ ᠲᠦᠮᠡᠨ᠎ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶ᠋ᠢᠭ᠋ᠠᠳ ᠣᠯᠠᠨ ᠲᠦᠮᠡᠨᠴᠢ ᠴᠢᠨᠠᠷᠲᠠᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠳᠤ ᠣᠷᠣᠯᠴᠠᠭᠤᠯᠵᠤ᠂ 《ᠠᠪᠤᠷᠠᠯᠲᠠ ᠳᠡᠷᠭᠡᠳᠡ ᠴᠢᠨᠢ》 ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠂ 《ᠬᠥᠮᠥᠨ ᠪᠦᠭᠦᠨ ᠲᠦᠷᠭᠡᠨ ᠠᠪᠤᠷᠠᠯᠲᠠ ᠬᠢᠬᠦ ᠵᠢ ᠰᠤᠷᠤᠯᠴᠠᠵᠤ᠂ ᠲᠦᠷᠭᠡᠨ ᠠᠪᠤᠷᠠᠯᠲᠠ ᠬᠢᠬᠦ᠎ᠨᠢ ᠬᠥᠮᠥᠨ ᠪᠦᠭᠦᠨ᠎ᠤ ᠲᠥᠯᠥᠭᠡ》 ᠭᠡᠬᠦ ᠭᠦᠨ ᠵᠤᠵᠠᠭ᠋ᠠᠨ ᠠᠭᠤᠷ ᠠᠮᠢᠰᠬᠤᠯ᠎ᠢ ᠶᠡᠭᠡ᠎ᠪᠠᠷ ᠪᠣᠢ ᠪᠣᠯᠭ᠋ᠠᠵᠤ᠂ ᠢᠳᠡᠪᠬᠢ ᠬᠦᠴᠦᠨ᠎ᠢ ᠪᠠᠳᠠᠷᠠᠭᠤᠯᠤᠨ᠂ ᠰᠢᠨ᠎ᠡ ᠬᠡᠪ ᠰᠤᠷᠲᠠᠯ᠎ᠢ ᠬᠥᠲᠥᠯᠥᠨ ᠳᠠᠭ᠋ᠠᠭᠤᠯᠤᠨ᠎ᠠ᠃
ᠬᠤᠶᠠᠷ᠂ ᠭᠤᠣᠯ ᠡᠭᠦᠷᠭᠡ
(ᠨᠢᠭᠡ) 《ᠠᠪᠤᠷᠠᠯᠲᠠ ᠳᠡᠷᠭᠡᠳᠡ ᠴᠢᠨᠢ》 ᠭᠡᠬᠦ ᠲᠤᠰᠬᠠᠢ ᠠᠵᠢᠯᠯᠠᠭ᠋ᠠᠨ᠎ᠢ ᠬᠡᠷᠡᠭᠵᠢᠭᠦᠯᠦᠨ᠎ᠡ᠃
1. 《ᠠᠪᠤᠷᠠᠯᠲᠠ ᠳᠡᠷᠭᠡᠳᠡ ᠴᠢᠨᠢ • ᠰᠤᠷᠭ᠋ᠠᠭᠤᠯᠢ ᠵᠢᠨ ᠬᠦᠷᠢᠶᠡᠨ᠎ᠳᠤ ᠰᠠᠬᠢᠨ ᠬᠠᠮᠠᠭ᠋ᠠᠯᠠᠶ᠎ᠠ》 ᠭᠡᠬᠦ ᠠᠵᠢᠯᠯᠠᠭ᠋ᠠᠨ᠃ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠵᠢ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠬᠡᠪ ᠴᠢᠨᠠᠷ᠎ᠤᠨ ᠰᠤᠷᠭ᠋ᠠᠨ ᠬᠥᠮᠦᠵᠢᠯ᠎ᠳᠤ ᠣᠷᠣᠭᠤᠯᠵᠤ᠂ ᠰᠤᠷᠤᠭᠴᠢᠳ᠎ᠤᠨ ᠴᠡᠷᠢᠭ᠎ᠤᠨ ᠪᠣᠯᠪᠠᠰᠤᠷᠠᠯ᠎ᠳᠤ ᠣᠷᠣᠭᠤᠯᠤᠨ᠂ ᠶᠡᠭᠡ ᠳᠡᠭᠡᠳᠦ ᠰᠤᠷᠭ᠋ᠠᠭᠤᠯᠢ᠎ᠨᠤᠭᠤᠳ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠬᠠᠮᠢᠶ᠎ᠠ ᠪᠦᠬᠦᠢ ᠰᠣᠩᠭᠤᠨ ᠰᠤᠷᠬᠤ ᠬᠢᠴᠢᠶᠡᠯ ᠲᠣᠬᠢᠷᠠᠭᠤᠯᠬᠤ ᠵᠢᠨ ᠬᠠᠮᠲᠤ ᠰᠤᠷᠤᠯᠭ᠎ᠠ ᠵᠢᠨ ᠬᠤᠪᠢ ᠵᠢᠨ ᠬᠠᠮᠢᠶᠠᠷᠤᠯᠲᠠ᠎ᠳᠤ ᠣᠷᠣᠭᠤᠯᠬᠤ ᠵᠢ᠎ᠨᠢ ᠵᠣᠷᠢᠭᠵᠢᠭᠤᠯᠵᠤ᠂ ᠨᠥᠬᠦᠴᠡᠯ᠎ᠲᠠᠢ ᠳᠤᠮᠳᠠᠳᠤ ᠰᠤᠷᠭ᠋ᠠᠭᠤᠯᠢ᠎ᠨᠢ ᠲᠦᠷᠭᠡᠨ ᠠᠪᠤᠷᠠᠯᠲᠠ ᠬᠢᠬᠦ ᠬᠥᠮᠦᠵᠢᠯ᠎ᠢ ᠰᠤᠷᠭ᠋ᠠᠭᠤᠯᠢ ᠵᠢᠨ ᠬᠢᠴᠢᠶᠡᠯ᠎ᠤᠨ ᠳᠡᠪᠲᠡᠷ᠎ᠲᠤ᠎ᠪᠠᠨ ᠣᠷᠣᠭᠤᠯᠵᠤ ᠬᠢᠴᠢᠶᠡᠯᠯᠡᠨ᠎ᠡ᠃ ᠰᠤᠷᠭ᠋ᠠᠭᠤᠯᠢ ᠵᠢᠨ ᠡᠮᠴᠢ᠂ ᠪᠡᠶ᠎ᠡ ᠵᠢᠨ ᠲᠠᠮᠢᠷ ᠬᠢᠭᠡᠳ ᠡᠷᠡᠭᠦᠯ ᠡᠩᠬᠡ ᠵᠢᠨ ᠬᠢᠴᠢᠶᠡᠯ᠎ᠤᠨ ᠪᠠᠭᠰᠢ᠂ ᠠᠩᠭᠢ ᠵᠢᠨ ᠡᠷᠬᠢᠯᠡᠭᠴᠢ ᠵᠡᠷᠭᠡ ᠭᠤᠣᠯᠳᠠᠯᠭ᠎ᠠ᠎ᠲᠠᠢ ᠪᠠᠭᠰᠢ ᠠᠵᠢᠯᠲᠠᠨ ᠠᠵᠢᠯᠴᠢᠳ᠎ᠲᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠪᠣᠯᠪᠠᠰᠤᠷᠠᠯ ᠥᠷᠨᠢᠭᠦᠯᠵᠦ᠂ 2030 ᠣᠨ ᠪᠣᠯᠬᠤ᠎ᠳᠤ ᠦᠨᠡᠮᠯᠡᠯ ᠠᠪᠤᠭᠰᠠᠨ ᠬᠠᠷᠢᠴᠠᠯ᠎ᠢ 30%᠎ᠠᠴᠠ ᠳᠡᠭᠡᠭᠰᠢ᠎ᠳᠤ ᠬᠦᠷᠦᠭᠦᠯᠦᠨ᠎ᠡ᠃ ᠪᠠᠭᠰᠢ ᠠᠵᠢᠯᠲᠠᠨ ᠠᠵᠢᠯᠴᠢᠳ᠎ᠲᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠠᠯ᠎ᠠ᠎ᠪᠠᠷ᠎ᠬᠢ ᠪᠠᠭᠰᠢ ᠨᠠᠷ᠎ᠤᠨ ᠪᠣᠯᠪᠠᠰᠤᠷᠠᠯ ᠥᠷᠨᠢᠭᠦᠯᠬᠦ᠎ᠪᠠᠨ ᠴᠢᠩᠭ᠋ᠠᠳᠬᠠᠨ᠂ ᠶᠡᠭᠡ ᠳᠡᠭᠡᠳᠦ ᠰᠤᠷᠭ᠋ᠠᠭᠤᠯᠢ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ᠎ᠳᠤ ᠠᠳᠠᠭ᠎ᠲᠤ᠎ᠪᠠᠨ 1 ᠲᠤᠰᠬᠠᠢ (ᠬᠠᠪᠰᠤᠷᠭ᠋ᠠᠭᠰᠠᠨ) ᠲᠤᠰᠢᠶᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠠᠭᠰᠢ᠎ᠲᠠᠢ ᠪᠤᠯᠭ᠋ᠠᠬᠤ᠎ᠪᠠᠷ ᠬᠦᠴᠦᠯᠡᠨ ᠴᠢᠷᠮᠠᠶ᠋ᠢᠨ᠎ᠠ᠃ ᠲᠦᠷᠭᠡᠨ ᠠᠪᠤᠷᠠᠯᠲᠠ ᠵᠢᠨ ᠬᠥᠮᠦᠵᠢᠯ᠎ᠤᠨ ᠲᠤᠷᠰᠢᠯᠲᠠ ᠵᠢᠨ ᠴᠡᠭ᠎ᠤᠨ ᠰᠤᠷᠭ᠋ᠠᠭᠤᠯᠢ᠂ ᠰᠢᠶᠠᠩ ᠪᠠᠯᠭ᠋ᠠᠰᠤᠨ᠎ᠤ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠶᠤᠯ᠎ᠠᠴᠠ ᠵᠠᠶ᠋ᠢᠯᠠᠬᠤ ᠲᠠᠯᠠᠪᠤᠷ ᠭᠠᠵᠠᠷ᠎ᠤᠨ ᠴᠡᠭ ᠲᠣᠭᠲᠠᠭ᠋ᠠᠭᠰᠠᠨ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠡᠷᠭᠡ᠎ᠲᠠᠢ ᠤᠶᠠᠯᠳᠤᠭᠤᠯᠤᠨ ᠡᠮᠴᠢᠯᠡᠭᠡᠨ᠎ᠤ ᠲᠦᠷᠭᠡᠨ ᠠᠪᠤᠷᠠᠯᠳᠠ ᠬᠢᠬᠦ ᠲᠥᠬᠦᠭᠡᠷᠦᠮᠵᠢ ᠵᠢ ᠲᠣᠬᠢᠷᠠᠭᠤᠯᠵᠤ᠂ ᠤᠯᠠᠭ᠋ᠠᠨ ᠵᠠᠭ᠋ᠠᠯᠮᠠᠶ᠋ᠢᠲᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠡᠶᠡᠴᠢᠯᠡᠨ ᠣᠶ᠋ᠢᠯᠠᠭ᠋ᠠᠬᠤ ᠣᠷᠳᠣᠨ᠂ ᠲᠦᠭᠡᠮᠡᠯ ᠬᠠᠶ᠋ᠢᠷ᠎ᠠ ᠵᠢᠨ ᠰᠤᠷᠭ᠋ᠠᠭᠤᠯᠢ ᠵᠢᠨ ᠡᠮᠴᠢ ᠵᠢᠨ ᠲᠠᠰᠤᠭ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠤᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠣᠬᠢᠶᠠᠨ ᠪᠠᠶ᠋ᠢᠭᠤᠯᠬᠤ ᠵᠢ ᠵᠣᠷᠢᠭᠵᠢᠭᠤᠯᠤᠨ ᠳᠠᠮᠵᠢᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠣᠷᠢᠯᠲᠠ ᠥᠷᠨᠢᠭᠦᠯᠦᠨ᠂ ᠰᠤᠷᠭ᠋ᠠᠭᠤᠯᠢ ᠵᠢᠨ ᠬᠦᠷᠢᠶᠡᠨᠤᠬᠢᠨᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠴᠢᠳᠠᠪᠤᠷᠢ ᠵᠢ ᠲᠡᠬᠡᠭᠰᠢᠯᠡᠬᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠷᠢᠭᠤᠴᠠᠨ᠎ᠠ᠂ ᠲᠡᠷᠢᠭᠦᠨ᠎ᠳᠤ ᠵᠢᠭᠰᠠᠭ᠋ᠠᠭᠳᠠᠭᠰᠠᠨ᠎ᠨᠢ ᠲᠦᠷᠦᠭᠦᠯᠡᠨ ᠬᠢᠬᠦ ᠨᠢᠭᠡᠴᠢ ᠪᠣᠯᠣᠨ᠎ᠠ᠂ ᠳᠣᠷᠣᠭᠰᠢ ᠠᠳᠠᠯᠢ)
2. 《ᠠᠪᠤᠷᠠᠯᠲᠠ ᠳᠡᠷᠭᠡᠳᠡ ᠴᠢᠨᠢ • ᠵᠠᠮ ᠬᠠᠷᠢᠯᠴᠠᠭ᠎ᠠ ᠬᠠᠨᠢ ᠪᠣᠯᠣᠶ᠎ᠠ》 ᠭᠡᠬᠦ ᠠᠵᠢᠯᠯᠠᠭ᠋ᠠᠨ᠃ ᠲᠦᠷᠢᠶᠡᠰᠦᠨ ᠮᠠᠰᠢᠨ ᠲᠡᠷᠭᠡ ᠵᠡᠷᠭᠡ ᠡᠵᠡᠩᠨᠡᠯᠲᠡ ᠵᠢᠨ ᠲᠡᠷᠭᠡ ᠬᠥᠰᠬᠡ ᠵᠢᠨ ᠵᠢᠯᠣᠭᠤᠴᠢ᠂ ᠠᠶᠠᠨᠴᠢᠳ᠎ᠤᠨ ᠤᠷᠤᠰᠬᠠᠯ ᠶᠡᠬᠡᠲᠡᠢ ᠲᠡᠭᠡᠭᠡᠪᠦᠷᠢ ᠵᠢᠨ ᠲᠠᠯᠠᠪᠤᠷ ᠥᠷᠲᠡᠭᠡ ᠵᠢᠨ ᠠᠵᠢᠯᠲᠠᠨ ᠪᠠ ᠵᠠᠮ ᠬᠠᠷᠢᠯᠴᠠᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠂ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠡᠩᠨᠡᠭᠡ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠨᠢᠭᠡᠳᠦᠭᠡᠷ ᠹᠷᠣᠨᠲ᠎ᠤᠨ ᠠᠵᠢᠯᠲᠠᠨ ᠪᠦᠬᠦᠨ᠎ᠢ ᠬᠠᠮᠤᠷᠬᠤ᠎ᠪᠠᠷ ᠬᠦᠴᠦᠯᠡᠨ ᠴᠢᠷᠮᠠᠶ᠋ᠢᠵᠤ᠂ 2030 ᠣᠨ ᠪᠣᠯᠬᠤ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠤᠭᠰᠠᠨ ᠨᠣᠷᠮ᠎ᠠ ᠵᠢ 30%᠎ᠠᠴᠠ ᠳᠣᠣᠷ᠎ᠠ ᠦᠭᠡᠢ ᠪᠣᠯᠭ᠋ᠠᠨ᠎ᠠ᠃ ᠵᠢᠯᠣᠭᠤᠴᠢ ᠵᠢᠨ ᠰᠤᠷᠭ᠋ᠠᠭᠤᠯᠢ᠎ᠨᠤᠭᠤᠳ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠢ ᠪᠣᠯᠪᠠᠰᠤᠷᠠᠯ᠎ᠤᠨ ᠰᠢᠯᠭ᠋ᠠᠬᠤ ᠠᠭᠤᠯᠭ᠎ᠠ᠎ᠳᠤ᠎ᠪᠠᠨ ᠣᠷᠣᠭᠤᠯᠬᠤ ᠵᠢ᠎ᠨᠢ ᠵᠣᠷᠢᠭᠵᠢᠭᠤᠯᠵᠤ᠂ ᠰᠢᠨ᠎ᠡ᠎ᠪᠠᠷ ᠵᠢᠯᠣᠭᠤᠴᠢ ᠵᠢᠨ ᠦᠨᠡᠮᠯᠡᠯ ᠭᠠᠷᠳᠠᠵᠦ ᠪᠠᠶ᠋ᠢᠭ᠎ᠠ ᠬᠥᠮᠥᠰ᠎ᠲᠤ ᠬᠠᠨᠳᠤᠭᠤᠯᠤᠭᠰᠠᠨ ᠪᠣᠯᠪᠠᠰᠤᠷᠠᠯ ᠪᠦᠭᠦᠨ᠎ᠳᠤ ᠬᠠᠮᠤᠷᠤᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠠᠶ᠋ᠢᠮᠠᠭ ᠬᠤᠲᠠ ᠵᠢᠨ ᠪᠠᠶ᠋ᠢᠭ᠎ᠠ ᠭᠠᠵᠠᠷ᠎ᠤᠨ ᠭᠤᠣᠯ ᠪᠣᠯᠬᠤ ᠲᠦᠷᠭᠡᠨ᠎ᠤ ᠲᠡᠮᠦᠷ ᠵᠠᠮ᠎ᠤᠨ ᠥᠷᠲᠡᠭᠡ᠂ ᠠᠶᠠᠨᠴᠢᠳ᠎ᠤᠨ ᠲᠡᠭᠡᠭᠡᠪᠦᠷᠢ ᠵᠢᠨ ᠬᠦᠢ᠍ᠰᠦ᠂ ᠬᠤᠲᠠ ᠵᠢᠨ ᠵᠢᠮᠲᠦ ᠵᠠᠮ ᠬᠠᠷᠢᠯᠴᠠᠭ᠎ᠠ ᠵᠡᠷᠭᠡ ᠥᠷᠲᠡᠭᠡ ᠴᠡᠭ᠎ᠲᠤ ᠡᠮᠴᠢᠯᠡᠭᠡᠨ᠎ᠤ ᠲᠦᠷᠭᠡᠨ ᠠᠪᠤᠷᠠᠯᠲᠠ ᠬᠢᠬᠦ ᠲᠥᠬᠦᠭᠡᠷᠦᠮᠵᠢ ᠵᠢ ᠪᠦᠬᠦ ᠲᠠᠯ᠎ᠠ᠎ᠪᠠᠷ ᠪᠠᠶ᠋ᠢᠷᠢᠯᠠᠭᠤᠯᠬᠤ ᠵᠢᠨ ᠬᠠᠮᠲᠤ᠂ ᠬᠤᠰᠢᠭᠤ ᠰᠢᠶᠠᠨ (ᠬᠤᠲᠠ᠂ ᠲᠣᠭᠤᠷᠢᠭ)᠎ᠳᠤ ᠠᠯᠬᠤᠮ ᠠᠯᠬᠤᠮ ᠵᠶ᠋ᠠᠷ ᠳᠡᠯᠭᠡᠷᠡᠭᠦᠯᠦᠨ᠎ᠡ᠃ ᠵᠠᠮ ᠲᠡᠭᠡᠭᠡᠪᠦᠷᠢ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ ᠵᠡᠷᠭᠡ᠎ᠳᠤ ᠠᠵᠢᠯᠯᠠᠭᠰᠠᠳ ᠪᠠ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠡᠩᠨᠡᠭᠡ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠠᠶ᠋ᠢᠨ ᠳᠤᠷ᠎ᠠ ᠵᠢᠨ ᠡᠩᠨᠡᠭᠡ ᠵᠢ ᠵᠣᠬᠢᠶᠠᠨ ᠪᠠᠶ᠋ᠢᠭᠤᠯᠵᠤ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠢᠳᠡᠪᠬᠢᠲᠡᠢ ᠣᠷᠣᠯᠴᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠥᠪᠥᠷ ᠮᠣᠩᠭᠤᠯ᠎ᠳᠠᠬᠢ ᠠᠶᠤᠯ ᠦᠭᠡᠢ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠦᠯᠦᠭᠯᠡᠯ᠎ᠳᠦ ᠺᠣᠮᠫᠠᠨᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠤᠲᠠ ᠲᠣᠪᠴᠢᠶ᠎ᠠ ᠵᠢᠨ ᠪᠦᠯᠦᠭᠯᠡᠯ᠎ᠳᠦ ᠬᠢᠵᠠᠭ᠋ᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠷᠢᠭᠤᠴᠠᠨ᠎ᠠ)
3. 《ᠠᠪᠤᠷᠠᠯᠲᠠ ᠳᠡᠷᠭᠡᠳᠡ ᠴᠢᠨᠢ • ᠪᠠᠶ᠋ᠢᠭᠤᠯᠭ᠎ᠠ ᠤᠷᠢᠳ ᠵᠶ᠋ᠠᠷ ᠬᠥᠳᠡᠯᠦᠯᠴᠡᠶ᠎ᠡ》 ᠭᠡᠬᠦ ᠠᠵᠢᠯᠯᠠᠭ᠋ᠠᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠤᠬᠠᠭᠤᠯᠬᠤ ᠬᠡᠯᠲᠡᠰ᠎ᠲᠠᠢ ᠬᠠᠮᠲᠤᠷᠠᠯᠴᠠᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠵᠢ ᠠᠯᠪᠠᠲᠠᠨ᠎ᠤ ᠠᠩᠬᠠᠨ᠎ᠤ ᠲᠤᠰᠢᠶᠠᠯ᠎ᠳᠤ ᠭᠠᠷᠬᠤ ᠪᠣᠯᠪᠠᠰᠤᠷᠠᠯ᠂ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠺᠠᠳ᠋ᠷ᠎ᠤᠨ ᠪᠣᠯᠪᠠᠰᠤᠷᠠᠯ᠂ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠭᠤᠣᠯ ᠴᠣᠭᠴᠠᠲᠤ ᠠᠩᠭᠢ ᠤᠳᠠᠭ᠎ᠠ ᠵᠢᠨ ᠵᠢᠭ᠋ᠠᠨ ᠰᠤᠷᠭ᠋ᠠᠯᠲᠠ ᠪᠠ ᠰᠦᠯᠵᠢᠶᠡᠨ᠎ᠤ ᠳᠡᠭᠡᠳᠦ ᠰᠤᠷᠭ᠋ᠠᠭᠤᠯᠢ ᠵᠢᠨ ᠰᠤᠷᠤᠯᠴᠠᠬᠤ ᠠᠭᠤᠯᠭ᠎ᠠ᠎ᠳᠤ ᠤᠷᠤᠭᠤᠯᠬᠤ ᠲᠠᠯ᠎ᠠ᠎ᠪᠠᠷ ᠰᠦᠪᠡᠭᠴᠢᠯᠡᠯᠲᠡ ᠬᠢᠵᠦ᠂ 《ᠰᠤᠷᠤᠯᠴᠠᠯᠭ᠎ᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ》 ᠥᠪᠥᠷ ᠮᠣᠩᠭᠤᠯ᠎ᠤᠨ ᠲᠠᠪᠴᠠᠩ᠎ᠳᠤ ᠳᠡᠯᠭᠡᠨ ᠦᠵᠡᠭᠦᠯᠵᠦ᠂ ᠪᠠᠶ᠋ᠢᠭᠤᠯᠭ᠎ᠠ ᠵᠢᠨ ᠺᠠᠳ᠋ᠷᠴᠤᠳ᠎ᠲᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠵᠢ ᠲᠦᠭᠡᠮᠡᠯᠵᠢᠭᠦᠯᠦᠨ᠂ ᠥᠪᠡᠷ᠎ᠢ᠎ᠪᠠᠨ ᠪᠠ ᠥᠷᠥᠭᠡᠯ ᠬᠤᠭᠤᠷᠣᠨᠳᠤ᠎ᠪᠠᠨ ᠬᠠᠷᠢᠯᠴᠠᠨ ᠠᠪᠤᠷᠠᠬᠤ ᠮᠡᠷᠭᠡᠰᠢᠯ᠎ᠢ᠎ᠨᠢ ᠳᠡᠭᠡᠭᠰᠢᠯᠡᠭᠦᠯᠦᠨ᠎ᠡ᠃ ᠨᠠᠮ ᠵᠠᠰᠠᠭ᠎ᠤᠨ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ᠎ᠨᠦᠭᠦᠳ᠎ᠢ ᠵᠢᠯ ᠪᠦᠷᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠡᠷᠬᠢᠯᠡᠬᠦᠯᠬᠦ᠎ᠪᠠᠷ ᠰᠠᠨᠠᠭ᠋ᠠᠴᠢᠯᠠᠬᠤ ᠵᠢᠨ ᠬᠠᠮᠲᠤ᠂ ᠪᠣᠯᠪᠠᠰᠤᠷᠠᠯ᠎ᠤᠨ ᠬᠠᠮᠤᠷᠬᠤ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠨᠠᠮ᠎ᠤᠨ ᠬᠤᠷᠢᠶᠠᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠬᠠᠷᠢᠭᠤᠴᠠᠨ᠎ᠠ)
4. 《ᠠᠪᠤᠷᠠᠯᠲᠠ ᠳᠡᠷᠭᠡᠳᠡ ᠴᠢᠨᠢ • ᠦᠵᠡᠮᠵᠢ ᠵᠢᠨ ᠣᠷᠣᠨ᠎ᠳᠤ ᠰᠠᠬᠢᠨ ᠬᠠᠮᠠᠭ᠋ᠠᠯᠠᠶ᠎ᠠ》 ᠭᠡᠬᠦ ᠠᠵᠢᠯᠯᠠᠭ᠋ᠠᠨ᠃ A ᠲᠠᠰ᠎ᠤᠨ ᠦᠵᠡᠮᠵᠢ ᠵᠢᠨ ᠣᠷᠣᠨ᠎ᠤ ᠠᠵᠢᠯᠲᠠᠨ᠂ ᠵᠢᠭᠤᠯᠴᠢᠯᠠᠯ᠎ᠤᠨ ᠭᠠᠵᠠᠷ᠎ᠤᠨ ᠵᠢᠭᠤᠯᠴᠢᠯᠠᠯ᠎ᠤᠨ ᠬᠥᠲᠥᠴᠢ᠎ᠳᠤ ᠬᠠᠨᠳᠤᠭᠤᠯᠵᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠵᠢ ᠠᠬᠢᠭᠤᠯᠵᠤ᠂ ᠦᠵᠡᠮᠵᠢ ᠵᠢᠨ ᠣᠷᠣᠨ᠎ᠤ ᠠᠵᠢᠯᠲᠠᠨ᠂ ᠵᠢᠭᠤᠯᠴᠢᠯᠠᠯ᠎ᠤᠨ ᠭᠠᠵᠠᠷ᠎ᠤᠨ ᠵᠢᠭᠤᠯᠴᠢᠯᠠᠯ᠎ᠤᠨ ᠬᠥᠲᠥᠴᠢ ᠵᠢᠨ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠭᠠᠷᠳᠠᠬᠤ ᠬᠠᠷᠢᠴᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯᠯᠠᠭ᠎ᠠ ᠵᠢ ᠦᠵᠡᠮᠵᠢ ᠵᠢᠨ ᠣᠷᠣᠨ᠎ᠳᠤ ᠣᠷᠣᠭᠤᠯᠬᠤ ᠵᠢ ᠠᠬᠢᠭᠤᠯᠵᠤ᠂ ᠪᠦᠬᠦ ᠣᠷᠣᠨ᠎ᠤ 3A ᠳᠡᠰ᠎ᠠᠴᠠ ᠳᠡᠭᠡᠭᠰᠢᠬᠢ ᠦᠵᠡᠮᠵᠢ ᠵᠢᠨ ᠣᠷᠣᠨ ᠪᠦᠭᠦᠨ᠎ᠳᠤ AED ᠮᠠᠰᠢᠨ ᠲᠣᠬᠢᠷᠠᠭᠤᠯᠤᠨ ᠤᠭᠰᠠᠷᠠᠬᠤ ᠵᠢ ᠪᠡᠶᠡᠯᠡᠭᠦᠯᠦᠨ᠂ ᠨᠥᠬᠦᠴᠡᠯ᠎ᠲᠠᠢ 4A ᠲᠠᠰ᠎ᠤᠨ ᠦᠵᠡᠮᠵᠢ ᠵᠢᠨ ᠣᠷᠣᠨ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠵᠢᠨ ᠥᠷᠳᠡᠭᠡ ᠪᠠᠶ᠋ᠢᠭᠤᠯᠬᠤ ᠵᠢ ᠠᠬᠢᠭᠤᠯᠵᠤ᠂ 5A ᠲᠠᠰ᠎ᠤᠨ ᠦᠵᠡᠮᠵᠢ ᠵᠢᠨ ᠣᠷᠣᠨ ᠪᠦᠭᠦᠨ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠵᠢᠨ ᠥᠷᠲᠡᠭᠡ᠎ᠲᠠᠢ ᠪᠣᠯᠭ᠋ᠠᠬᠤ ᠵᠢ ᠪᠡᠶᠡᠯᠡᠭᠦᠯᠦᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠠᠶ᠋ᠢᠨ ᠲᠤᠷᠠᠴᠤᠳ᠎ᠤᠨ ᠡᠩᠨᠡᠭᠡ ᠵᠢ ᠪᠦᠷᠢᠨᠰᠢᠭᠦᠯᠵᠦ᠂ ᠤᠰᠤᠨ᠎ᠳᠤ ᠴᠠᠴᠠᠬᠤ ᠦᠵᠡᠭᠳᠡᠯ ᠠᠮᠠᠷᠬᠠᠨ ᠡᠭᠦᠰᠬᠦ ᠭᠤᠣᠯᠳᠠᠯᠭ᠎ᠠ᠎ᠲᠠᠢ ᠣᠷᠣᠨ ᠪᠦᠰᠡ᠎ᠳᠤ ᠤᠰᠤᠨ᠎ᠳᠤ ᠴᠠᠴᠠᠬᠤ ᠵᠢ ᠪᠣᠯᠭᠤᠮᠵᠢᠯᠠᠨ ᠰᠡᠷᠭᠡᠶ᠋ᠢᠯᠡᠬᠦ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠢ ᠬᠡᠷᠡᠭᠵᠢᠭᠦᠯᠵᠦ᠂ 《ᠦᠵᠡᠮᠵᠢ ᠵᠢᠨ ᠣᠷᠣᠨ᠎ᠤ ᠠᠪᠤᠷᠠᠯᠲᠠ ᠵᠢᠨ ᠥᠷᠲᠡᠭᠡ + ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠰᠠᠭᠤᠷᠢᠨ》᠎ᠤ ᠠᠵᠢᠯ᠎ᠤᠨ ᠵᠠᠭᠪᠤᠷ᠎ᠢ ᠢᠳᠡᠪᠬᠢᠲᠡᠢ ᠪᠤᠢ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠲᠤᠰ ᠲᠤᠰ ᠲᠦᠷᠦᠭᠦᠯᠡᠨ ᠬᠠᠷᠢᠭᠤᠴᠠᠨ᠎ᠠ)
5. 《ᠠᠪᠤᠷᠠᠯᠲᠠ ᠳᠡᠷᠭᠡᠳᠡ ᠴᠢᠨᠢ • ᠠᠶᠤᠯ ᠦᠭᠡᠢ ᠦᠢ᠍ᠯᠡᠳᠪᠦᠷᠢᠯᠡᠶᠡ》 ᠭᠡᠬᠦ ᠠᠵᠢᠯᠯᠠᠭ᠋ᠠᠨ᠃ ᠤᠯᠠᠭ᠋ᠠᠨ ᠵᠠᠭ᠋ᠠᠯᠮᠠᠶ᠋ᠢᠲᠠᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠢ ᠠᠭᠤᠷᠬᠠᠢ᠂ ᠡᠨᠧᠷᠭᠢ᠂ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠡᠷᠭᠡ ᠭᠤᠣᠯᠳᠠᠯᠭ᠎ᠠ᠎ᠲᠠᠢ ᠠᠵᠢᠯ ᠲᠥᠷᠥᠯ᠎ᠤᠨ ᠠᠵᠤ ᠠᠬᠤᠶ᠋ᠢᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠳ ᠲᠡᠶ᠋ᠢᠰᠢ ᠬᠡᠯᠪᠡᠶ᠋ᠢᠯᠭᠡᠵᠦ᠂ ᠠᠶᠤᠯ ᠶᠡᠬᠡᠲᠡᠢ ᠪᠠ ᠭᠤᠣᠯᠳᠠᠯᠭ᠎ᠠ᠎ᠲᠠᠢ ᠠᠵᠢᠯ᠎ᠤᠨ ᠪᠠᠶ᠋ᠢᠷᠢᠨ᠎ᠳᠠᠬᠢ ᠠᠵᠢᠯᠯᠠᠭᠰᠠᠳ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠬᠠᠷᠢᠴᠠᠯ᠎ᠢ ᠠᠯᠬᠤᠮ ᠠᠯᠬᠤᠮ ᠵᠶ᠋ᠠᠷ ᠨᠡᠮᠡᠭᠳᠡᠭᠦᠯᠦᠨ᠎ᠡ᠃ 《ᠠᠶᠤᠯ ᠦᠭᠡᠢ ᠦᠢ᠍ᠯᠡᠳᠪᠦᠷᠢᠯᠡᠯ᠎ᠤᠨ ᠰᠠᠷ᠎ᠠ》 ᠵᠡᠷᠭᠡ ᠴᠠᠭ ᠬᠤᠭᠤᠴᠠᠭ᠎ᠠ᠎ᠲᠠᠢ ᠤᠶᠠᠯᠳᠤᠭᠤᠯᠤᠨ ᠪᠣᠯᠪᠠᠰᠤᠷᠠᠯ ᠪᠠ ᠰᠣᠷᠢᠯᠲᠠ ᠥᠷᠨᠢᠭᠦᠯᠵᠦ᠂ ᠠᠵᠤ ᠠᠬᠤᠶ᠋ᠢᠯᠠᠯ᠎ᠤᠨ ᠠᠵᠢᠯ ᠡᠷᠬᠢᠯᠡᠭᠰᠡᠳ᠎ᠤᠨ ᠠᠮᠤᠷ ᠲᠦᠪᠰᠢᠨ᠎ᠤ ᠤᠬᠠᠮᠰᠠᠷ ᠵᠢᠴᠢ ᠥᠪᠡᠷ᠎ᠢ᠎ᠪᠠᠨ ᠪᠠ ᠥᠷᠥᠭᠡᠯ ᠬᠤᠭᠤᠷᠣᠨᠳᠤ᠎ᠪᠠᠨ ᠬᠠᠷᠢᠯᠴᠠᠨ ᠠᠪᠤᠷᠠᠬᠤ ᠮᠡᠷᠭᠡᠰᠢᠯ᠎ᠢ᠎ᠨᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠠᠵᠢᠯᠴᠢᠨ᠎ᠤ ᠶᠡᠷᠦᠩᠬᠡᠢ ᠡᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠥᠪᠥᠷ ᠮᠣᠩᠭᠤᠯ᠎ᠳᠠᠬᠢ ᠲᠣᠪᠴᠢᠶ᠎ᠠ ᠬᠠᠷᠢᠭᠤᠴᠠᠨ᠎ᠠ)
6. 《ᠠᠪᠤᠷᠠᠯᠲᠠ ᠳᠡᠷᠭᠡᠳᠡ ᠴᠢᠨᠢ • ᠪᠡᠶ᠎ᠡ ᠵᠢᠨ ᠲᠠᠮᠢᠷ ᠬᠠᠨᠢ ᠪᠣᠯᠣᠶ᠎ᠠ》 ᠭᠡᠬᠦ ᠠᠵᠢᠯᠯᠠᠭ᠋ᠠᠨ᠃ ᠪᠡᠶ᠎ᠡ ᠵᠢᠨ ᠲᠠᠮᠢᠷ᠎ᠤᠨ ᠲᠠᠯᠠᠪᠤᠷ (ᠣᠷᠳᠣᠨ)᠎ᠲᠠᠬᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠡᠯᠡᠳᠬᠡᠮᠵᠢ ᠲᠥᠬᠦᠭᠡᠷᠦᠮᠵᠢ ᠵᠢᠨ ᠲᠣᠬᠢᠷᠠᠭᠤᠯᠤᠯᠲᠠ ᠵᠢ ᠲᠡᠭᠦᠯᠳᠡᠷᠵᠢᠭᠦᠯᠵᠦ᠂ ᠲᠠᠯᠠᠪᠤᠷ ᠣᠷᠳᠣᠨ᠎ᠤ ᠠᠵᠢᠯᠲᠠᠳ᠂ ᠲᠠᠮᠢᠷ᠎ᠤᠨ ᠠᠩᠭᠢ ᠵᠢᠨ ᠰᠢᠯᠢᠳᠡᠭ ᠳᠠᠰᠬᠠᠯᠵᠢᠭᠤᠯᠤᠭᠴᠢ ᠪᠠ ᠲᠠᠮᠢᠷᠴᠢᠨ ᠵᠢᠴᠢ ᠲᠤᠰᠠᠯᠠᠬᠤ ᠠᠵᠢᠯᠲᠠᠳ᠎ᠲᠤ ᠬᠠᠨᠳᠤᠭᠤᠯᠵᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠦᠨ᠂ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠬᠠᠷᠢᠴᠠᠯ᠎ᠢ ᠦᠷᠭᠦᠯᠵᠢᠯᠡᠨ ᠳᠡᠬᠡᠭᠰᠢᠯᠡᠬᠦᠯᠦᠨ᠎ᠡ᠃ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠷᠭᠡᠰᠢᠯ᠎ᠲᠠᠢ ᠲᠤᠰᠬᠠᠢ ᠮᠡᠷᠭᠡᠵᠢᠯ᠎ᠤᠨ ᠰᠠᠶ᠋ᠢᠨ ᠳᠤᠷᠠᠴᠤᠳ᠎ᠢ ᠴᠢᠬᠤᠯᠠ ᠶᠡᠭᠡ ᠤᠷᠤᠯᠳᠤᠭ᠋ᠠᠨ ᠪᠠ ᠠᠵᠢᠯᠯᠠᠭ᠎ᠠ᠎ᠳᠠᠬᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠠᠯᠠᠮᠵᠢ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠳᠤ ᠤᠷᠤᠯᠴᠠᠭᠤᠯᠬᠤ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠡᠷᠡᠭᠦᠯ ᠡᠩᠬᠡ ᠥᠪᠥᠷ ᠮᠣᠩᠭᠤᠯ᠎ᠤᠨ ᠠᠵᠢᠯᠯᠠᠭ᠋ᠠᠨ᠎ᠢ ᠠᠬᠢᠭᠤᠯᠬᠤ ᠵᠥᠪᠯᠡᠯ᠎ᠤᠨ ᠠᠯᠪᠠᠨ ᠭᠡᠷ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠷᠢᠭᠤᠴᠠᠨ᠎ᠠ)
7. 《ᠠᠪᠤᠷᠠᠯᠲᠠ ᠳᠡᠷᠭᠡᠳᠡ ᠴᠢᠨᠢ • ᠰᠠᠶ᠋ᠢᠨ ᠳᠤᠷ᠎ᠠ ᠵᠢᠨ ᠦᠢ᠍ᠯᠡᠴᠢᠯᠡᠭᠡ ᠬᠠᠮᠲᠤ ᠠᠶᠠᠯᠠᠶ᠎ᠠ》 ᠭᠡᠬᠦ ᠠᠵᠢᠯᠯᠠᠭ᠋ᠠᠨ᠃ ᠡᠷᠡᠭᠦᠯ ᠡᠩᠬᠡ ᠳᠤᠮᠳᠠᠳᠤ ᠤᠯᠤᠰ᠂ ᠡᠷᠡᠭᠦᠯ ᠡᠩᠬᠡ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠠᠬᠢᠭᠤᠯᠵᠤ᠂ ᠴᠢᠬᠤᠯᠠ ᠪᠠᠶᠠᠷ ᠳᠤᠷᠠᠰᠬᠠᠯ᠎ᠤᠨ ᠡᠳᠦᠷ ᠵᠡᠷᠭᠡ ᠲᠣᠬᠢᠶᠠᠯ᠎ᠢ ᠠᠮᠵᠢᠭᠤᠯᠤᠨ᠂ ᠰᠢᠷᠢᠰ ᠭᠤᠣᠯ ᠰᠡᠳᠦᠪᠲᠦ ᠤᠬᠠᠭᠤᠯᠭ᠎ᠠ ᠪᠠ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠵᠢ ᠴᠤᠤᠷᠢᠶᠠᠳᠠᠨ ᠳᠠᠭ᠋ᠠᠬᠤ ᠪᠠ ᠣᠯᠠᠨ ᠲᠦᠮᠡᠨ᠎ᠤ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠨ ᠰᠢᠢ᠍ᠳᠪᠦᠷᠢᠯᠡᠵᠦ ᠥᠪᠡᠷ᠎ᠢ᠎ᠪᠠᠨ ᠪᠠ ᠥᠷᠥᠭᠡᠯ ᠬᠤᠭᠤᠷᠣᠨᠳᠤ᠎ᠪᠠᠨ ᠬᠠᠷᠢᠯᠴᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠡᠶ᠋ᠢᠭᠡᠮ᠎ᠤᠨ ᠠᠵᠢᠯ᠎ᠤᠨ ᠬᠡᠯᠲᠡᠰ᠂ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠯᠪᠠᠨ ᠭᠡᠷ᠎ᠲᠠᠢ ᠬᠠᠮᠲᠤᠷᠠᠨ 《ᠠᠪᠤᠷᠠᠯᠲᠠ ᠳᠡᠷᠭᠡᠳᠡ ᠴᠢᠨᠢ》 ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠨᠠᠷᠠᠲᠤ ᠲᠡᠮᠳᠡᠭ᠎ᠢ ᠪᠣᠶ ᠪᠣᠯᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠢ 《ᠪᠣᠯᠪᠠᠰᠤᠨ ᠰᠤᠷᠲᠠᠯ᠎ᠢ ᠤᠯᠠᠮᠵᠢᠯᠠᠨ • ᠠᠮᠢ ᠨᠠᠰᠤ ᠵᠢ ᠬᠠᠮᠠᠭ᠋ᠠᠯᠠᠰᠤᠭ᠋ᠠᠢ》 ᠭᠤᠣᠯ ᠰᠡᠳᠦᠪᠲᠦ ᠠᠵᠢᠯᠯᠠᠭ᠎ᠠ᠎ᠳᠤ ᠣᠷᠣᠭᠤᠯᠤᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠠᠶ᠋ᠢᠨ ᠳᠤᠷ᠎ᠠ ᠵᠢᠨ ᠦᠢ᠍ᠯᠡᠴᠢᠯᠡᠭᠡ ᠥᠷᠨᠢᠭᠦᠯᠬᠦ᠎ᠳᠤ᠎ᠨᠢ ᠳᠡᠮᠵᠢᠯᠭᠡ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠡᠷᠡᠭᠦᠯ ᠡᠩᠬᠡ ᠥᠪᠥᠷ ᠮᠣᠩᠭᠤᠯ᠎ᠤᠨ ᠠᠵᠢᠯᠯᠠᠭ᠋ᠠᠨ᠎ᠢ ᠠᠬᠢᠭᠤᠯᠬᠤ ᠵᠥᠪᠯᠡᠯ᠎ᠤᠨ ᠠᠯᠪᠠᠨ ᠭᠡᠷ ᠬᠠᠷᠢᠭᠤᠴᠠᠨ᠎ᠠ)
8. 《ᠠᠪᠤᠷᠠᠯᠲᠠ ᠳᠡᠷᠭᠡᠳᠡ ᠴᠢᠨᠢ • ᠨᠠᠰᠤᠲᠠᠨ᠎ᠢ ᠠᠰᠠᠷᠠᠨ ᠬᠠᠷᠠᠭ᠋ᠠᠯᠵᠠᠵᠤ ᠬᠠᠶ᠋ᠢᠷᠠᠯᠠᠨ ᠬᠠᠮᠠᠭ᠋ᠠᠯᠠᠶ᠎ᠠ》 ᠭᠡᠬᠦ ᠠᠵᠢᠯᠯᠠᠭ᠋ᠠᠨ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠢ ᠭᠦᠨᠵᠡᠭᠡᠢ ᠠᠬᠢᠭᠤᠯᠵᠤ᠂ ᠡᠷᠡᠭᠦᠯᠵᠢᠯ ᠰᠤᠪᠢᠯᠠᠯᠲᠠ ᠵᠢᠨ ᠬᠤᠯᠪᠣᠭ᠋ᠠᠲᠤ ᠴᠣᠭᠴᠠ᠂ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠲᠠᠯᠠᠪᠤᠷ ᠭᠠᠵᠠᠷ ᠪᠠᠶ᠋ᠢᠭᠤᠯᠤᠨ᠂ ᠨᠠᠰᠤᠲᠠᠨ᠎ᠢ ᠠᠰᠠᠷᠠᠬᠤ ᠠᠰᠠᠷᠠᠨ ᠰᠤᠪᠢᠯᠠᠭᠴᠢᠳ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠬᠠᠷᠢᠴᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠷᠢᠭᠤᠴᠠᠨ᠎ᠠ)
9. 《ᠠᠪᠤᠷᠠᠯᠲᠠ ᠳᠡᠷᠭᠡᠳᠡ ᠴᠢᠨᠢ • ᠠᠪᠤᠷᠠᠨ ᠲᠤᠰᠠᠯᠠᠬᠤ ᠬᠤᠰᠢᠭᠤᠴᠢ ᠪᠣᠯᠣᠶ᠎ᠠ》 ᠭᠡᠬᠦ ᠠᠵᠢᠯᠯᠠᠭ᠋ᠠᠨ᠃ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ᠂ ᠣᠶ ᠰᠢᠭᠤᠢ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ᠂ ᠠᠭᠤᠷᠬᠠᠢ ᠵᠢᠨ ᠠᠪᠤᠷᠠᠨ ᠲᠤᠰᠠᠯᠠᠬᠤ ᠬᠦᠴᠦᠨ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ᠎ᠪᠠᠨ ᠴᠢᠩᠭ᠋ᠠᠳᠬᠠᠵᠤ᠂ 2030 ᠣᠨ ᠪᠣᠯᠬᠤ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠤᠭᠰᠠᠨ ᠬᠠᠷᠢᠴᠠᠯ᠎ᠢ 80%᠎ᠠᠴᠠ ᠳᠣᠣᠷ᠎ᠠ ᠦᠭᠡᠢ ᠪᠠᠶ᠋ᠢᠯᠭ᠋ᠠᠨ᠂ ᠨᠥᠬᠦᠴᠡᠯ᠎ᠲᠠᠢ ᠨᠡᠶ᠋ᠢᠭᠡᠮ᠎ᠤᠨ ᠠᠪᠤᠷᠠᠨ ᠲᠤᠰᠠᠯᠠᠬᠤ ᠬᠦᠴᠦᠨ᠎ᠤ᠎ᠬᠢᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠬᠠᠷᠢᠴᠠᠯ᠎ᠢ ᠠᠯᠬᠤᠮ ᠠᠯᠬᠤᠮ ᠵᠶ᠋ᠠᠷ ᠨᠡᠮᠡᠭᠳᠡᠭᠦᠯᠦᠨ᠎ᠡ᠃ ᠠᠪᠤᠷᠠᠨ ᠲᠤᠰᠠᠯᠠᠬᠤ ᠠᠩᠭᠢ ᠵᠢᠨ ᠭᠡᠰᠢᠭᠦᠳ᠎ᠤᠨ ᠳᠣᠲᠣᠷ᠎ᠠ ᠨᠢᠭᠡ ᠪᠦᠯᠦᠭ ᠠᠪᠤᠷᠠᠨ ᠲᠤᠰᠠᠯᠠᠬᠤ ᠪᠠᠭᠰᠢ ᠨᠠᠷ᠎ᠢ ᠬᠥᠮᠥᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠩᠭᠢ ᠵᠢᠨ ᠥᠪᠡᠷ᠎ᠢ᠎ᠪᠠᠨ ᠦᠪᠡᠰᠦᠪᠡᠨ ᠪᠣᠯᠪᠠᠰᠤᠷᠠᠭᠤᠯᠬᠤ ᠴᠢᠳᠠᠪᠤᠷᠢ ᠵᠢ᠎ᠨᠢ ᠨᠡᠮᠡᠭᠳᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠂ ᠥᠪᠥᠷ ᠮᠣᠩᠭᠤᠯ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠤᠯ᠎ᠤᠨ ᠣᠶ ᠰᠢᠭᠤᠢ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠶᠡᠷᠦᠩᠬᠡᠢ ᠠᠩᠭᠢ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠥᠪᠥᠷ ᠮᠣᠩᠭᠤᠯ᠎ᠳᠠᠬᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠷᠢᠭᠤᠴᠠᠨ᠎ᠠ)
10. 《ᠠᠪᠤᠷᠠᠯᠲᠠ ᠳᠡᠷᠭᠡᠳᠡ ᠴᠢᠨᠢ • ᠬᠢᠯᠢ ᠬᠢᠵᠠᠭ᠋ᠠᠷ ᠵᠶ᠋ᠠᠨ ᠰᠠᠬᠢᠨ ᠬᠠᠮᠠᠭ᠋ᠠᠯᠠᠶ᠎ᠠ》 ᠭᠡᠬᠦ ᠠᠵᠢᠯᠯᠠᠭ᠋ᠠᠨ᠃ ᠬᠢᠯᠢ ᠵᠢᠨ ᠬᠤᠰᠢᠭᠤ ᠬᠤᠲᠠ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠢ ᠲᠦᠭᠡᠮᠡᠯᠵᠢᠭᠦᠯᠬᠦ ᠪᠣᠯᠪᠠᠰᠤᠷᠠᠯ᠎ᠢ ᠥᠷᠭᠡᠨ ᠵᠶ᠋ᠠᠷ ᠥᠷᠨᠢᠭᠦᠯᠵᠦ᠂ ᠬᠢᠯᠢ ᠵᠢᠨ ᠬᠠᠮᠠᠭ᠋ᠠᠯᠠᠯᠲᠠ ᠵᠢᠨ ᠲᠣᠮᠢᠯᠠᠭᠰᠠᠨ ᠰᠠᠯᠪᠤᠷᠢ ᠵᠢᠨ ᠺᠠᠳ᠋ᠷ ᠴᠠᠭᠳᠠᠭ᠎ᠠ᠂ ᠬᠢᠯᠢ ᠬᠠᠮᠠᠭ᠋ᠠᠯᠠᠭᠴᠢ᠂ ᠪᠠᠬᠢᠯᠡᠯᠲᠡ᠎ᠲᠦ ᠡᠷᠦᠬᠡ᠎ᠨᠦᠭᠦᠳ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠬᠠᠷᠢᠴᠠᠯ᠎ᠢ ᠭᠤᠣᠯᠳᠠᠯᠭ᠎ᠠ᠎ᠲᠠᠢ ᠲᠡᠬᠡᠭᠰᠢᠯᠡᠬᠦᠯᠦᠨ᠎ᠡ᠃ ᠬᠢᠯᠢ ᠵᠢᠨ ᠬᠤᠰᠢᠭᠤ ᠬᠤᠲᠠ᠎ᠳᠠᠬᠢ ᠲᠦᠷᠭᠡᠨ ᠠᠪᠤᠷᠠᠯᠲᠠ ᠵᠢᠨ ᠬᠠᠶ᠋ᠢᠷᠴᠠᠭ (ᠪᠣᠭᠴᠣ)᠂ AED ᠮᠠᠰᠢᠨ᠎ᠤ ᠬᠠᠮᠤᠷᠬᠤ ᠨᠣᠷᠮ᠎ᠠ ᠵᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠷᠢᠭᠤᠴᠠᠨ᠎ᠠ)
(ᠬᠤᠶᠠᠷ) ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠠᠭᠰᠢ ᠨᠠᠷ᠎ᠤᠨ ᠡᠩᠨᠡᠭᠡᠨ᠎ᠤ ᠪᠠᠶ᠋ᠢᠭᠤᠯᠤᠯᠲᠠ ᠪᠠ ᠬᠠᠮᠢᠶᠠᠷᠤᠯᠲᠠ ᠵᠢ ᠴᠢᠩᠭ᠋ᠠᠳᠬᠠᠨ᠎ᠠ᠃
1. ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠨᠠᠷ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠨᠠᠷ᠎ᠤᠨ ᠡᠩᠨᠡᠭᠡ ᠵᠢ ᠪᠣᠶ᠋ᠢᠵᠢᠭᠤᠯᠬᠤ᠎ᠪᠠᠨ ᠴᠢᠩᠭ᠋ᠠᠷᠠᠭᠤᠯᠤᠨ᠂ ᠠᠶ᠋ᠢᠮᠠᠭ ᠬᠤᠲᠠ ᠵᠢᠨ ᠱᠠᠲᠤᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠪᠦᠷᠢ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠵᠢ ᠠᠳᠠᠭ᠎ᠲᠤ᠎ᠪᠠᠨ 3 ᠪᠠᠶ᠋ᠢᠯᠭ᠋ᠠᠵᠤ᠂ ᠬᠤᠰᠢᠭᠤ ᠰᠢᠶᠠᠨ᠎ᠤ ᠱᠠᠲᠤᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠪᠦᠷᠢ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠵᠢ ᠠᠳᠠᠭ᠎ᠲᠤ᠎ᠪᠠᠨ 2 ᠪᠠᠶ᠋ᠢᠯᠭ᠋ᠠᠬᠤ ᠵᠢ ᠪᠡᠶᠡᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠷᠢᠭᠤᠴᠠᠨ᠎ᠠ)
2. ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠢᠶᠠᠯ ᠬᠠᠪᠰᠤᠷᠭ᠋ᠠᠭᠰᠠᠨ ᠪᠠᠭᠰᠢ ᠨᠠᠷ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠩ ᠲᠡᠷᠢᠭᠦᠨ᠎ᠳᠤ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠵᠡᠷᠭᠡ ᠭᠤᠣᠯᠳᠠᠯᠭ᠎ᠠ᠎ᠲᠠᠢ ᠰᠠᠯᠠᠭ᠎ᠠ ᠮᠥᠴᠢᠷ᠎ᠤᠳ᠎ᠤᠨ ᠲᠤᠰᠬᠠᠢ ᠮᠡᠷᠭᠡᠵᠢᠯ᠎ᠤᠨ ᠠᠵᠢᠯᠲᠠᠳ᠎ᠤᠨ ᠳᠣᠲᠣᠷ᠎ᠠ᠎ᠠᠴᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠢᠶᠠᠯ ᠬᠠᠪᠰᠤᠷᠭ᠋ᠠᠭᠰᠠᠨ ᠪᠠᠭᠰᠢ ᠵᠢ ᠬᠥᠮᠥᠵᠢᠭᠦᠯᠦᠨ᠎ᠡ᠃ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠢᠶᠠᠯ ᠬᠠᠪᠰᠤᠷᠭ᠋ᠠᠭᠰᠠᠨ ᠪᠠᠭᠰᠢ ᠨᠠᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠳᠤ ᠣᠷᠣᠯᠴᠠᠬᠤ ᠪᠠ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠵᠤ᠂ ᠪᠠᠭᠰᠢ ᠨᠠᠷ᠎ᠤᠨ ᠡᠩᠨᠡᠭᠡᠨ᠎ᠤ ᠪᠠᠶ᠋ᠢᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠨ᠂ ᠲᠤᠰᠢᠶᠠᠯ ᠬᠠᠪᠰᠤᠷᠭ᠋ᠠᠭᠰᠠᠨ ᠪᠠᠭᠰᠢ ᠨᠠᠷ᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠷᠢᠭᠤᠴᠠᠨ᠎ᠠ)
3. ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠠᠭᠰᠢ ᠨᠠᠷ᠎ᠤᠨ ᠡᠩᠨᠡᠭᠡᠨ᠎ᠤ ᠬᠠᠮᠢᠶᠠᠷᠤᠯᠲᠠ ᠵᠢ ᠴᠢᠩᠭ᠋ᠠᠳᠬᠠᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠠᠭᠰᠢ ᠨᠠᠷ᠎ᠤᠨ ᠡᠩᠨᠡᠭᠡᠨ᠎ᠳᠤ ᠤᠷᠤᠭᠤᠯᠬᠤ ᠵᠢ ᠵᠥᠪᠰᠢᠶᠡᠷᠡᠬᠦ ᠬᠢᠭᠡᠳ ᠡᠩᠨᠡᠭᠡᠨ᠎ᠠᠴᠠ ᠪᠤᠴᠠᠭ᠋ᠠᠨ ᠭᠠᠷᠭ᠋ᠠᠬᠤ᠂ ᠤᠷᠮᠠᠰᠢᠭᠤᠯᠬᠤ ᠬᠢᠭᠡᠳ ᠰᠢᠯᠭ᠋ᠠᠨ ᠬᠢᠨᠠᠬᠤ ᠵᠡᠷᠭᠡ ᠬᠠᠮᠢᠶ᠎ᠠ ᠪᠦᠬᠦᠢ ᠳᠦᠷᠢᠮᠤᠳᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠪᠠᠭᠰᠢ ᠵᠢᠨ ᠬᠢᠷᠢ ᠭᠡᠮ᠎ᠢ ᠵᠡᠷᠭᠡ ᠳᠡᠰ ᠬᠤᠪᠢᠶᠠᠬᠤ ᠪᠤᠶᠤ ᠤᠳᠤᠨ ᠲᠡᠰ ᠰᠢᠯᠭ᠋ᠠᠷᠠᠭᠤᠯᠵᠤ ᠦᠨᠡᠯᠡᠨ ᠬᠠᠮᠢᠶᠠᠷᠬᠤ᠂ ᠨᠡᠷᠡᠲᠦ ᠪᠠᠭᠰᠢ ᠵᠢᠨ ᠠᠵᠢᠯᠯᠠᠬᠤ ᠲᠠᠰᠤᠭ ᠪᠠᠶ᠋ᠢᠭᠤᠯᠬᠤ᠂ ᠮᠡᠷᠭᠡᠰᠢᠯ ᠴᠢᠳᠠᠪᠤᠷᠢ ᠵᠢᠨ ᠤᠷᠤᠯᠳᠤᠭ᠋ᠠᠨ ᠥᠷᠨᠢᠭᠦᠯᠬᠦ ᠵᠡᠷᠭᠡ ᠠᠷᠭ᠎ᠠ ᠮᠠᠶᠢᠭ᠎ᠢ ᠢᠳᠡᠪᠬᠢᠲᠡᠢ ᠰᠦᠪᠡᠭᠴᠢᠯᠡᠨ᠂ ᠪᠠᠭᠰᠢ ᠨᠠᠷ᠎ᠤᠨ ᠴᠢᠳᠠᠪᠤᠷᠢ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠠᠵᠢᠯᠴᠢᠨ᠎ᠤ ᠶᠡᠷᠦᠩᠬᠡᠢ ᠡᠪᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠬᠠᠷᠢᠭᠤᠴᠠᠨ᠎ᠠ)
(ᠭᠤᠷᠪᠠ) ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠵᠢᠭᠰᠠᠭ᠋ᠠᠯ᠎ᠤᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠬᠢᠭᠡᠳ ᠪᠣᠯᠪᠠᠰᠤᠷᠠᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃
1. ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠵᠢᠭᠰᠠᠭ᠋ᠠᠯ᠎ᠤᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠎ᠠ᠃ ᠨᠢᠭᠡ ᠪᠦᠯᠦᠭ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠰᠠᠭᠤᠷᠢᠨ᠂ ᠠᠮᠢ ᠨᠠᠰᠤᠨ᠎ᠤ ᠠᠮᠤᠷ ᠲᠦᠪᠰᠢᠨ᠎ᠢ ᠪᠡᠶᠡᠴᠢᠯᠡᠨ ᠣᠶ᠋ᠢᠯᠠᠭ᠋ᠠᠬᠤ ᠣᠷᠳᠣᠨ (ᠪᠡᠶᠡᠴᠢᠯᠡᠨ ᠣᠶ᠋ᠢᠯᠠᠭ᠋ᠠᠬᠤ ᠬᠢᠴᠢᠶᠡᠯ᠎ᠤᠨ ᠭᠡᠷ)᠎ᠢ ᠪᠠᠶ᠋ᠢᠭᠤᠯᠵᠤ᠂ 2030 ᠣᠨ ᠪᠣᠯᠬᠤ᠎ᠳᠤ ᠬᠤᠰᠢᠭᠤ ᠰᠢᠶᠠᠨ (ᠬᠤᠲᠠ᠂ ᠲᠣᠭᠤᠷᠢᠭ) ᠪᠦᠷᠢ᠎ᠳᠤ ᠠᠮᠢ ᠨᠠᠰᠤᠨ᠎ᠤ ᠠᠮᠤᠷ ᠲᠦᠪᠰᠢᠨ᠎ᠢ ᠪᠡᠶᠡᠴᠢᠯᠡᠨ ᠣᠶ᠋ᠢᠯᠠᠭ᠋ᠠᠬᠤ ᠣᠷᠳᠣᠨ (ᠪᠡᠶᠡᠴᠢᠯᠡᠨ ᠣᠶ᠋ᠢᠯᠠᠭ᠋ᠠᠬᠤ ᠬᠢᠴᠢᠶᠡᠯ᠎ᠤᠨ ᠭᠡᠷ)᠎ᠢ ᠠᠳᠠᠭ᠎ᠲᠤ᠎ᠪᠠᠨ 1 ᠭᠠᠷᠭ᠋ᠠᠬᠤ᠎ᠪᠠᠷ ᠴᠢᠷᠮᠠᠶ᠋ᠢᠨ᠎ᠠ᠃ ᠬᠤᠰᠢᠭᠤ ᠰᠢᠶᠠᠨ (ᠬᠤᠲᠠ᠂ ᠲᠣᠭᠤᠷᠢᠭ)᠎ᠤ ᠨᠢᠭᠡᠨᠲᠡ ᠪᠠᠶ᠋ᠢᠭ᠎ᠠ ᠪᠣᠯᠪᠠᠰᠤᠷᠠᠯ᠎ᠤᠨ ᠵᠢᠭᠰᠠᠭ᠋ᠠᠯ᠎ᠤᠨ ᠭᠠᠵᠠᠷ᠎ᠢ ᠲᠥᠪᠯᠡᠷᠡᠭᠦᠯᠦᠨ ᠵᠢᠭ᠋ᠠᠨ ᠰᠤᠷᠭ᠋ᠠᠬᠤ᠂ ᠪᠣᠯᠪᠠᠰᠤᠷᠠᠯ ᠬᠢᠬᠦ᠂ ᠮᠡᠳᠡᠯᠭᠡ ᠲᠦᠭᠡᠮᠡᠯᠵᠢᠭᠦᠯᠬᠦ ᠪᠠ ᠪᠡᠶᠡᠴᠢᠯᠡᠨ ᠣᠶ᠋ᠢᠯᠠᠭ᠋ᠠᠬᠤ ᠵᠢ ᠨᠢᠭᠡ ᠴᠣᠭᠴᠠᠵᠢᠭᠤᠯᠤᠭᠰᠠᠨ ᠶᠡᠷᠦᠩᠬᠡᠶ᠋ᠢᠯᠡᠭᠰᠡᠨ ᠴᠢᠨᠠᠷᠲᠠᠢ ᠰᠠᠭᠤᠷᠢᠨ ᠲᠡᠶ᠋ᠢᠰᠢ ᠠᠯᠬᠤᠮ ᠠᠯᠬᠤᠮ ᠵᠶ᠋ᠠᠷ ᠬᠥᠭᠵᠢᠭᠦᠯᠦᠨ ᠥᠷᠭᠡᠳᠬᠡᠨ᠎ᠡ᠃ ᠨᠥᠬᠦᠴᠡᠯ᠎ᠲᠠᠢ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠣᠳᠣ ᠵᠢᠨ ᠪᠠᠶ᠋ᠢᠭ᠎ᠠ ᠲᠠᠯᠠᠪᠤᠷ ᠭᠠᠵᠠᠷ ᠵᠶ᠋ᠠᠨ ᠠᠰᠢᠭᠯᠠᠨ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭᠤᠨᠬᠢᠨᠤ ᠬᠠᠮᠢᠶ᠎ᠠ ᠪᠦᠬᠦᠢ ᠪᠣᠯᠪᠠᠰᠤᠷᠠᠯ ᠥᠷᠨᠢᠭᠦᠯᠬᠦ᠎ᠳᠤ ᠳᠡᠮᠵᠢᠯᠭᠡ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠰᠤᠷᠭ᠋ᠠᠨ ᠬᠥᠮᠦᠵᠢᠯ᠎ᠤᠨ ᠲᠢᠩᠬᠢᠮ ᠬᠠᠷᠢᠭᠤᠴᠠᠨ᠎ᠠ)
2. ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠦᠢ᠍ᠯᠡᠴᠢᠯᠡᠭᠡᠨ᠎ᠤ ᠵᠢᠭᠰᠠᠭ᠋ᠠᠯ᠎ᠤᠨ ᠭᠠᠵᠠᠷ᠎ᠢ ᠲᠦᠷᠭᠡᠳᠬᠡᠨ ᠪᠠᠶ᠋ᠢᠭᠤᠯᠤᠨ᠎ᠠ᠃ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠠᠶᠠᠨᠴᠢᠳ᠎ᠤᠨ ᠲᠡᠭᠡᠭᠡᠪᠦᠷᠢ ᠵᠢᠨ ᠵᠠᠮ ᠬᠠᠷᠢᠯᠴᠠᠭ᠋ᠠᠨ᠎ᠤ ᠬᠦᠢ᠍ᠰᠦ ᠪᠤᠶᠤ ᠦᠢ᠍ᠯᠡᠴᠢᠯᠡᠭᠡᠨ᠎ᠤ ᠲᠠᠯᠠᠪᠤᠷ ᠥᠷᠲᠡᠭᠡ ᠵᠡᠷᠭᠡ᠎ᠳᠤ ᠠᠪᠤᠷᠠᠯᠲᠠ ᠵᠢᠨ ᠥᠷᠲᠡᠭᠡ ᠪᠠᠶ᠋ᠢᠭᠤᠯᠵᠤ᠂ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢᠨᠤᠭᠤᠳᠲᠤ ᠨᠡᠶ᠋ᠢᠳᠡᠮ ᠲᠦᠷᠭᠡᠨ ᠠᠪᠤᠷᠠᠯᠲᠠ ᠵᠢᠨ ᠬᠠᠶ᠋ᠢᠷᠴᠠᠭ᠎ᠢ ᠪᠡᠯᠡᠳᠬᠡᠨ ᠲᠣᠬᠢᠷᠠᠭᠤᠯᠤᠨ᠎ᠠ᠃ ᠰᠤᠷᠭ᠋ᠠᠭᠤᠯᠢ᠎ᠨᠤᠭᠤᠳ᠎ᠨᠢ ᠭᠦᠢ᠍ᠴᠡᠳ ᠬᠡᠮᠵᠢᠶᠡᠨ᠎ᠤ ᠪᠣᠳᠠᠲᠤ ᠬᠡᠷᠡᠭᠴᠡᠭᠡ᠎ᠲᠠᠢ ᠲᠦᠷᠭᠡᠨ ᠠᠪᠤᠷᠠᠯᠲᠠ ᠵᠢᠨ ᠬᠠᠶ᠋ᠢᠷᠴᠠᠭ᠎ᠢ ᠪᠡᠯᠡᠳᠬᠡᠨ ᠲᠣᠬᠢᠷᠠᠭᠤᠯᠵᠤ᠂ ᠨᠥᠬᠦᠴᠡᠯ᠎ᠲᠠᠢ ᠰᠤᠷᠭ᠋ᠠᠭᠤᠯᠢ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠵᠢ ᠨᠢᠭᠡ ᠴᠣᠭᠴᠠᠵᠢᠭᠤᠯᠤᠭᠰᠠᠨ ᠮᠠᠰᠢᠨ ᠵᠡᠷᠭᠡ ᠲᠦᠷᠭᠡᠨ ᠠᠪᠤᠷᠠᠯᠲᠠ ᠵᠢᠨ ᠲᠥᠬᠦᠭᠡᠷᠦᠮᠵᠢ ᠪᠡᠯᠡᠳᠬᠡᠨ ᠲᠣᠬᠢᠷᠠᠭᠤᠯᠵᠤ᠂ ᠲᠦᠭᠡᠮᠡᠯ ᠬᠠᠶ᠋ᠢᠷ᠎ᠠ ᠵᠢᠨ ᠰᠤᠷᠭ᠋ᠠᠭᠤᠯᠢ ᠵᠢᠨ ᠡᠮᠴᠢ ᠵᠢᠨ ᠲᠠᠰᠤᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠷᠢᠭᠤᠴᠠᠨ᠎ᠠ)
3. ᠬᠥᠮᠥᠨ ᠬᠠᠷ᠎ᠠ ᠣᠯᠠᠨ᠎ᠲᠠᠢ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠲᠤ AED ᠮᠠᠰᠢᠨ ᠲᠣᠬᠢᠷᠠᠭᠤᠯᠤᠨ ᠪᠠᠶ᠋ᠢᠷᠢᠯᠠᠭᠤᠯᠬᠤ ᠵᠢ ᠠᠬᠢᠭᠤᠯᠤᠨ᠎ᠠ᠃ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠨᠢᠰᠬᠡᠯ᠎ᠤᠨ ᠪᠠᠭᠤᠳᠠᠯ᠂ ᠲᠡᠷᠭᠡᠨ ᠥᠷᠲᠡᠭᠡ᠂ ᠭᠠᠵᠠᠷ ᠳᠣᠣᠷᠠᠬᠢ ᠲᠡᠮᠦᠷ ᠵᠠᠮ᠎ᠤᠨ ᠥᠷᠲᠡᠭᠡ᠂ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠂ ᠵᠠᠰᠠᠭ ᠵᠠᠬᠢᠷᠭ᠋ᠠᠨ᠎ᠤ ᠲᠥᠪ᠂ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠭᠠᠵᠠᠷ ᠬᠡᠲᠦ ᠳᠡᠯᠭᠡᠭᠦᠷ ᠵᠡᠷᠭᠡ ᠬᠥᠮᠥᠨ ᠬᠠᠷ᠎ᠠ ᠣᠯᠠᠨ᠎ᠲᠠᠢ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠲᠤ AED ᠮᠠᠰᠢᠨ ᠤᠭᠰᠠᠷᠠᠨ ᠲᠣᠬᠢᠷᠠᠭᠤᠯᠵᠤ᠂ ᠨᠥᠬᠦᠴᠡᠯ᠎ᠲᠠᠢ ᠲᠦᠷᠭᠡᠨ ᠠᠪᠤᠷᠠᠬᠤ ᠬᠥᠮᠦᠵᠢᠯ᠎ᠤᠨ ᠲᠤᠷᠰᠢᠯᠲᠠ ᠵᠢᠨ ᠴᠡᠭ᠎ᠤᠨ ᠰᠤᠷᠭ᠋ᠠᠭᠤᠯᠢ᠎ᠳᠤ ᠠᠯᠬᠤᠮ ᠠᠯᠬᠤᠮ ᠵᠶ᠋ᠠᠷ ᠤᠭᠰᠠᠷᠠᠨ ᠲᠣᠬᠢᠷᠠᠭᠤᠯᠬᠤ ᠵᠢ ᠵᠣᠷᠢᠭᠵᠢᠭᠤᠯᠤᠨ᠎ᠠ᠃ AED ᠮᠠᠰᠢᠨ ᠤᠭᠰᠠᠷᠠᠨ ᠲᠣᠬᠢᠷᠠᠭᠤᠯᠤᠭᠰᠠᠨ ᠨᠢᠭᠡᠴᠢ᠎ᠨᠢ ᠬᠠᠮᠠᠭ᠋ᠠᠯᠠᠵᠤ ᠬᠠᠮᠢᠶᠠᠷᠬᠤ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ᠂ AED ᠮᠠᠰᠢᠨ᠎ᠤ ᠬᠡᠷᠡᠭᠯᠡᠵᠦ ᠪᠣᠯᠬᠤ ᠪᠠ ᠬᠡᠷᠡᠭᠴᠡᠭᠡ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ AED ᠮᠠᠰᠢᠨ᠎ᠢ ᠬᠡᠷᠡᠭᠯᠡᠬᠦ ᠪᠣᠯᠪᠠᠰᠤᠷᠠᠯ᠎ᠢ ᠰᠠᠶ᠋ᠢᠲᠤᠷ ᠠᠳᠬᠤᠵᠤ᠂ ᠠᠳᠠᠭ᠎ᠲᠤ᠎ᠪᠠᠨ 1:10 ᠬᠠᠷᠢᠴᠠᠯ ᠵᠶ᠋ᠠᠷ ᠦᠨᠡᠮᠯᠡᠯ᠎ᠲᠠᠢ ᠠᠪᠤᠷᠠᠯᠲᠠ ᠬᠢᠭᠴᠢ ᠵᠢ ᠪᠣᠯᠪᠠᠰᠤᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠲᠣᠰ ᠲᠣᠰ ᠲᠦᠷᠦᠭᠦᠯᠡᠨ ᠬᠠᠷᠢᠭᠤᠴᠠᠨ᠎ᠠ)
4. ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠪᠠ ᠬᠠᠮᠢᠶᠠᠷᠤᠯᠲᠠ ᠵᠢᠨ ᠬᠡᠪ ᠵᠠᠭᠪᠤᠷ᠎ᠢ ᠵᠢᠷᠤᠮᠵᠢᠭᠤᠯᠤᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠢ ᠪᠠᠷᠢᠮᠵᠢᠶᠠᠵᠢᠭᠤᠯᠬᠤ ᠪᠠᠶ᠋ᠢᠭᠤᠯᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠲᠦᠪᠰᠢᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠣᠯᠪᠠᠰᠤᠷᠠᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠪᠣᠯᠪᠠᠰᠤᠷᠠᠯ᠎ᠤᠨ 《ᠵᠢᠭ᠋ᠠᠬᠤ ᠰᠢᠯᠭ᠋ᠠᠬᠤ ᠵᠢ ᠰᠠᠯᠭ᠋ᠠᠨ ᠲᠤᠰᠠᠭ᠋ᠠᠷᠯᠠᠬᠤ》 ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠵᠤ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠠᠴᠠ ᠰᠢᠯᠭ᠋ᠠᠭᠴᠢ ᠵᠢᠨ ᠡᠩᠨᠡᠭᠡ ᠵᠢ ᠵᠣᠬᠢᠶᠠᠨ ᠪᠠᠶ᠋ᠢᠭᠤᠯᠵᠤ᠂ ᠠᠪᠤᠷᠠᠯᠲᠠ ᠬᠢᠭᠴᠢ ᠵᠢᠨ ᠦᠨᠡᠮᠯᠡᠯ ᠠᠪᠬᠤ ᠰᠢᠯᠭ᠋ᠠᠯᠲᠠ ᠵᠢ ᠨᠢᠭᠡᠳᠦᠯᠲᠡᠢ ᠬᠠᠮᠢᠶᠠᠷᠬᠤ ᠪᠠ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠪᠤᠶᠤ ᠬᠢᠷᠢ ᠭᠡᠮ ᠪᠦᠬᠦᠢ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠠᠴᠠ ᠪᠣᠯᠪᠠᠰᠤᠷᠠᠯ ᠡᠷᠬᠢᠯᠡᠬᠦ ᠵᠠᠭᠪᠤᠷ᠎ᠢ ᠠᠯᠬᠤᠮ ᠠᠯᠬᠤᠮ ᠵᠶ᠋ᠠᠷ ᠬᠡᠷᠡᠭᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠨᠡᠶ᠋ᠢᠭᠡᠮᠴᠢᠯᠡᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠷᠢᠭᠤᠴᠠᠨ᠎ᠠ)
(ᠳᠥᠷᠪᠡ) ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠵᠢ ᠲᠣᠭ᠋ᠠᠵᠢᠭᠤᠯᠵᠤ ᠣᠶᠤᠨᠴᠢᠯᠠᠬᠤ᠎ᠪᠠᠨ ᠠᠬᠢᠭᠤᠯᠤᠨ᠎ᠠ᠃
1. ᠥᠪᠥᠷ ᠮᠣᠩᠭᠤᠯ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠰᠢᠰᠲ᠋ᠧᠮ᠎ᠢ ᠲᠦᠷᠭᠡᠳᠬᠡᠨ ᠳᠡᠯᠭᠡᠷᠡᠭᠦᠯᠦᠨ ᠬᠡᠷᠡᠭᠯᠡᠨ᠎ᠡ᠃ ᠥᠪᠥᠷ ᠮᠣᠩᠭᠤᠯ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠮᠡᠳᠡᠭᠡ ᠵᠠᠩᠭᠢ ᠵᠢᠨ ᠨᠢᠭᠡ ᠴᠣᠭᠴᠠᠵᠢᠭᠤᠯᠤᠭᠰᠠᠨ ᠬᠡᠷᠡᠭᠯᠡᠭᠡᠨ᠎ᠤ ᠰᠢᠰᠲ᠋ᠧᠮ᠎ᠤᠨ ᠬᠡᠷᠡᠭᠯᠡᠯᠲᠡ ᠵᠢ ᠲᠡᠭᠦᠯᠳᠡᠷᠵᠢᠭᠦᠯᠦᠨ ᠳᠡᠯᠭᠡᠷᠡᠭᠦᠯᠵᠦ᠂ 《ᠮᠥᠩᠬᠡ ᠰᠤᠪᠠᠭ》 ᠪᠠ ᠥᠪᠥᠷ ᠮᠣᠩᠭᠤᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶᠡᠨ ᠳᠡᠭᠡᠷ᠎ᠡ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠦᠢ᠍ᠯᠡᠴᠢᠯᠡᠭᠡ ᠭᠠᠷᠭ᠋ᠠᠵᠤ᠂ ᠣᠯᠠᠨ ᠨᠡᠶ᠋ᠢᠲᠡ ᠵᠢᠨ ᠰᠦᠯᠵᠢᠶᠡᠨ ᠳᠡᠭᠡᠷ᠎ᠡ᠂ ᠠᠯᠠᠭ᠋ᠠᠨ᠎ᠳᠤ᠎ᠪᠠᠨ ᠠᠪᠤᠨ ᠰᠤᠷᠬᠤ᠎ᠳᠤᠨᠢ ᠲᠥᠬᠦᠮ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
2. ᠣᠯᠠᠨ ᠰᠢᠰᠲ᠋ᠧᠮ᠎ᠢ ᠰᠤᠨᠳᠠᠯᠠᠭᠰᠠᠨ ᠬᠠᠮᠵᠢᠯᠴᠠᠨ ᠠᠵᠢᠯᠯᠠᠬᠤ ᠬᠡᠷᠡᠭᠯᠡᠭᠡᠨ᠎ᠤ ᠪᠠᠶ᠋ᠢᠳᠠᠯ᠎ᠢ ᠪᠣᠢ ᠪᠣᠯᠭ᠋ᠠᠨ᠎ᠠ᠃ 120 ᠲᠦᠷᠭᠡᠨ ᠠᠪᠤᠷᠠᠯᠲᠠ ᠵᠢᠨ ᠵᠢᠯᠤᠭᠤᠳᠬᠤ ᠰᠢᠰᠲ᠋ᠧᠮ᠂ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ ᠪᠠ AED ᠮᠠᠰᠢᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠬᠤᠯᠪᠣᠯᠳᠤᠨ ᠨᠡᠪᠲᠡᠷᠡᠯᠴᠡᠬᠦ᠂ ᠲᠤᠭ᠎ᠠ ᠪᠠᠷᠢᠮᠲᠠ᠎ᠪᠠᠨ ᠬᠠᠮᠲᠤ᠎ᠳᠤ᠎ᠪᠠᠨ ᠬᠦᠷᠲᠡᠬᠦ ᠵᠢ ᠠᠯᠬᠤᠮ ᠠᠯᠬᠤᠮ ᠵᠶ᠋ᠠᠷ ᠠᠬᠢᠭᠤᠯᠵᠤ᠂ 《ᠨᠢᠭᠡᠳᠦᠭᠡᠷ ᠤᠷᠢᠶᠠᠯᠠᠨ ᠳᠠᠭ᠋ᠠᠨᠨᠴᠢ》 ᠵᠢᠨ ᠦᠢ᠍ᠯᠡᠳᠦᠯ᠎ᠢ ᠨᠡᠩ ᠪᠦᠲᠦᠮᠵᠢᠲᠡᠶ ᠪᠠᠳᠠᠷᠠᠭᠤᠯᠤᠨ᠎ᠠ᠃ A ᠳᠡᠰ᠎ᠤᠨ ᠦᠵᠡᠮᠵᠢ ᠵᠢᠨ ᠣᠷᠣᠨ᠂ ᠳᠡᠭᠡᠳᠦ ᠰᠤᠷᠭ᠋ᠠᠭᠤᠯᠢ ᠶᠡᠭᠡ ᠰᠤᠷᠭ᠋ᠠᠭᠤᠯᠢ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠬᠦᠢ᠍ᠰᠦ ᠵᠡᠷᠭᠡ ᠬᠥᠮᠥᠨ ᠬᠠᠷ᠎ᠠ ᠣᠯᠠᠨ᠎ᠲᠠᠢ ᠲᠠᠯᠠᠪᠤᠷ ᠭᠠᠵᠠᠷ᠎ᠲᠤ ᠭᠤᠣᠯᠳᠠᠯᠭ᠎ᠠ᠎ᠲᠠᠢ ᠳᠡᠯᠭᠡᠷᠡᠭᠦᠯᠦᠨ ᠬᠡᠷᠡᠭᠯᠡᠨ᠎ᠡ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠷᠢᠭᠤᠴᠠᠨ᠎ᠠ)
3. ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠭ᠎ᠠ ᠪᠠᠷᠢᠮᠲᠠ ᠵᠢ ᠰᠢᠰᠲ᠋ᠧᠮᠵᠢᠭᠦᠯᠦᠨ ᠬᠠᠮᠢᠶᠠᠷᠬᠤ ᠵᠢ ᠠᠬᠢᠭᠤᠯᠤᠨ᠎ᠠ᠃ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠲᠤᠭ᠎ᠠ ᠪᠠᠷᠢᠮᠲᠠ ᠵᠢᠨ ᠬᠠᠮᠢᠶᠠᠷᠤᠯᠲᠠ ᠵᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠨᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠬᠡᠪᠴᠢᠶᠡᠨ᠎ᠳᠠᠬᠢ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠤᠨ AED ᠮᠠᠰᠢᠨ᠂ ᠲᠦᠷᠭᠡᠨ ᠠᠪᠤᠷᠠᠯᠲᠠ ᠵᠢᠨ ᠲᠥᠬᠦᠭᠡᠷᠦᠮᠵᠢ ᠵᠡᠷᠭᠡ ᠲᠤᠭ᠎ᠠ ᠪᠠᠷᠢᠮᠲᠠ ᠵᠢᠨ ᠬᠠᠮᠢᠶᠠᠷᠤᠯᠲᠠ᠎ᠪᠠᠨ ᠲᠤᠰ ᠲᠤᠰ ᠬᠠᠷᠢᠭᠤᠴᠠᠨ᠎ᠠ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠲᠣᠰ ᠲᠣᠰ ᠲᠦᠷᠦᠭᠦᠯᠡᠨ ᠬᠠᠷᠢᠭᠤᠴᠠᠨ᠎ᠠ)
(ᠲᠠᠪᠤ) ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠠᠵᠢᠯ᠎ᠢ ᠴᠢᠩᠭ᠋ᠠᠳᠬᠠᠨ᠎ᠠ᠃
1. ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ ᠪᠠ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠯᠪᠠᠨ ᠭᠡᠷ᠎ᠲᠠᠢ ᠬᠠᠮᠲᠤᠷᠠᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠵᠶ᠋ᠠᠨ ᠰᠢᠨ᠎ᠡ ᠴᠠᠭ ᠦᠶ᠎ᠡ ᠵᠢᠨ ᠤᠯᠤᠰ ᠵᠶ᠋ᠠᠨ ᠬᠠᠶ᠋ᠢᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠳᠤ ᠠᠭᠤᠰᠤᠯᠴᠠᠭᠤᠯᠬᠤ ᠪᠥᠭᠡᠳ ᠣᠶᠤᠨ᠎ᠤ ᠪᠣᠯᠪᠠᠰᠤᠨ ᠪᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢ ᠡᠭᠦᠳᠦᠨ ᠪᠠᠶ᠋ᠢᠭᠤᠯᠬᠤ ᠠᠵᠢᠯᠯᠠᠭ᠎ᠠ᠎ᠳᠤ ᠠᠭᠤᠰᠤᠯᠴᠠᠭᠤᠯᠤᠨ᠂ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠶᠡᠷᠦᠳᠡ ᠵᠢᠨ ᠤᠬᠠᠭᠤᠯᠭ᠎ᠠ ᠬᠥᠮᠦᠵᠢᠯ᠎ᠤᠨ ᠠᠭᠤᠯᠭ᠎ᠠ᠎ᠳᠤ ᠣᠷᠣᠭᠤᠯᠵᠤ᠂ ᠰᠤᠷᠲᠠᠯᠴᠢᠯᠠᠭ᠎ᠠ ᠤᠬᠠᠭᠤᠯᠭ᠎ᠠ ᠬᠥᠮᠦᠵᠢᠯ᠎ᠢ ᠪᠠᠶ᠋ᠢᠩᠭᠤᠵᠢᠭᠤᠯᠤᠨ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ ᠬᠠᠷᠢᠭᠤᠴᠠᠨ᠎ᠠ)
2. ᠭᠤᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠤᠬᠠᠭ᠋ᠠᠯᠠᠨ ᠰᠡᠳᠦᠵᠦ ᠥᠷᠨᠢᠭᠦᠯᠦᠨ᠎ᠡ᠃ ᠳᠡᠯᠡᠬᠡᠢ ᠵᠢᠨ ᠤᠯᠠᠭ᠋ᠠᠨ ᠵᠠᠭ᠋ᠠᠯᠮᠠᠶ᠋ᠢᠲᠠᠨ᠎ᠤ ᠡᠳᠦᠷ᠂ ᠳᠡᠯᠡᠬᠡᠢ ᠵᠢᠨ ᠲᠦᠷᠭᠡᠨ ᠠᠪᠤᠷᠠᠯᠲᠠ ᠵᠢᠨ ᠡᠳᠦᠷ᠂ ᠪᠥᠬᠦ ᠤᠯᠤᠰ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠡᠳᠦᠷ᠂ ᠪᠥᠬᠦ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠂ ᠪᠥᠬᠦ ᠤᠯᠤᠰ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠰᠠᠷ᠎ᠠ ᠵᠡᠷᠭᠡ ᠴᠠᠭ ᠬᠤᠭᠤᠴᠠᠭ᠎ᠠ᠎ᠲᠠᠢ ᠤᠶᠠᠯᠳᠤᠭᠤᠯᠤᠨ ᠭᠤᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠤᠬᠠᠭ᠋ᠠᠯᠠᠨ ᠰᠡᠳᠦᠵᠦ ᠲᠥᠪᠯᠡᠷᠡᠭᠦᠯᠦᠨ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠰᠤᠷᠭ᠋ᠠᠨ ᠬᠥᠮᠦᠵᠢᠯ᠎ᠤᠨ ᠲᠢᠩᠬᠢᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠬᠠᠷᠢᠭᠤᠴᠠᠨ᠎ᠠ)
3. ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠠᠴᠢᠶᠠᠯᠠᠪᠤᠷᠢ ᠵᠢ ᠥᠷᠭᠡᠨ ᠵᠶ᠋ᠠᠷ ᠬᠡᠷᠡᠭᠯᠡᠨ᠎ᠡ᠃ ᠡᠯ᠎ᠡ ᠱᠠᠲᠤᠨ᠎ᠤ ᠵᠠᠭᠤᠴᠢᠯᠠᠭᠤᠷ᠎ᠤᠨ ᠲᠠᠪᠴᠠᠩᠤᠳᠲᠤ ᠲᠦᠰᠢᠭᠯᠡᠨ᠂ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠲᠠᠬᠢ ᠵᠠᠷ ᠮᠡᠳᠡᠭᠡ ᠤᠬᠠᠭᠤᠯᠭ᠎ᠠ ᠵᠢᠨ ᠪᠡᠯᠡᠳᠬᠡᠮᠵᠢ ᠵᠢ ᠠᠰᠢᠭᠯᠠᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠬᠢᠭᠡᠳ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠸᠢᠳᠢᠤ᠋ ᠪᠠ ᠪᠢᠴᠢᠯᠭᠡ ᠵᠢᠷᠤᠭ ᠦᠰᠦᠭ ᠪᠢᠴᠢᠭ ᠵᠶ᠋ᠠᠷ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠪᠠ ᠮᠡᠷᠭᠡᠰᠢᠯ᠎ᠢ ᠲᠥᠭᠡᠮᠡᠯᠵᠢᠯᠡᠨ ᠳᠡᠯᠭᠡᠷᠡᠭᠦᠯᠬᠦ ᠠᠷᠭ᠎ᠠ ᠮᠠᠶᠢᠭ᠎ᠲᠤ ᠰᠢᠨ᠎ᠡ ᠵᠢ ᠡᠭᠦᠳᠦᠨ᠎ᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠪᠠᠳᠠᠷᠠᠭᠤᠯᠵᠤ᠂ 《ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠶᠠᠯᠠᠯ》᠎ᠤᠨ ᠠᠵᠢᠯᠯᠠᠭ᠎ᠠ ᠪᠠ 《ᠡᠭᠦᠯᠡᠨ ᠳᠡᠭᠡᠷ᠎ᠡ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ》 ᠲᠠᠪᠴᠠᠩ ᠵᠶ᠋ᠠᠷ ᠳᠠᠮᠵᠢᠭᠤᠯᠤᠨ ᠣᠯᠠᠨ ᠨᠡᠶ᠋ᠢᠲᠡ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠵᠢ ᠲᠦᠭᠡᠮᠡᠯᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ ᠬᠠᠷᠢᠭᠤᠴᠠᠨ᠎ᠠ)
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠵᠢᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠰᠠᠯᠠᠭ᠎ᠠ ᠮᠥᠴᠢᠷ᠎ᠤᠳ᠎ᠤᠨ ᠬᠠᠷᠢᠯᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠵᠠᠷᠤᠳᠠᠯ᠎ᠢ ᠪᠠᠲᠤᠯᠠᠬᠤ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ ᠲᠠᠯ᠎ᠠ ᠵᠢᠨ ᠡᠬᠢ ᠪᠠᠶᠠᠯᠢᠭ᠎ᠢ ᠳᠠᠶ᠋ᠢᠴᠢᠯᠠᠵᠤ᠂ ᠡᠳ᠋᠎ᠤᠨ ᠵᠠᠰᠠᠭ᠎ᠤᠨ ᠣᠷᠣᠭᠤᠯᠤᠯᠲᠠ᠂ ᠰᠠᠯᠠᠭ᠎ᠠ ᠮᠥᠴᠢᠷ᠎ᠤᠨ ᠲᠤᠰᠬᠠᠢ ᠵᠦᠢ᠍ᠯ᠎ᠤᠨ ᠳᠡᠮᠵᠢᠯᠭᠡ᠂ ᠬᠤᠨᠵᠢᠪᠤᠷᠢᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠦᠨ᠎ᠤ ᠳᠡᠮᠵᠢᠯᠭᠡ᠂ ᠨᠡᠶ᠋ᠢᠭᠡᠮ᠎ᠤᠨ ᠪᠡᠯᠡ ᠮᠥᠩᠭᠦ ᠵᠢ ᠴᠤᠭᠯᠠᠭᠤᠯᠬᠤ ᠵᠡᠷᠭᠡ ᠠᠷᠭ᠎ᠠ ᠮᠠᠶᠢᠭ ᠵᠶ᠋ᠠᠷ ᠵᠠᠷᠤᠳᠠᠯ᠎ᠤᠨ ᠢᠷᠡᠯᠲᠡ᠎ᠪᠠᠨ ᠥᠷᠭᠡᠳᠬᠡᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ ᠥᠷᠨᠢᠭᠦᠯᠬᠦ᠎ᠳᠤ ᠪᠠᠲᠤᠯᠠᠭ᠎ᠠ ᠬᠠᠩᠭ᠋ᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠤᠨ ᠬᠠᠮᠢᠶ᠎ᠠ ᠪᠦᠬᠦᠢ ᠠᠵᠢᠯ ᠥᠷᠨᠢᠭᠦᠯᠬᠦ᠎ᠳᠤ᠎ᠨᠢ ᠳᠡᠮᠵᠢᠯᠭᠡ ᠦᠵᠡᠬᠦᠯᠬᠦ ᠪᠠ ᠬᠠᠮᠵᠢᠯᠴᠠᠨ ᠠᠵᠢᠯᠯᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠢ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠡᠩᠨᠡᠭᠡ᠂ ᠭᠠᠯ ᠤᠨᠲᠠᠷᠠᠭ᠋ᠠᠭᠴᠢ᠂ ᠠᠪᠤᠷᠠᠨ ᠲᠤᠰᠠᠯᠠᠬᠤ ᠠᠩᠭᠢ ᠵᠢᠨ ᠭᠡᠰᠢᠭᠦᠨ᠂ ᠠᠵᠤ ᠠᠬᠤᠶ᠋ᠢᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠂ ᠡᠵᠡᠩᠨᠡᠯᠲᠡ ᠵᠢᠨ ᠲᠡᠷᠭᠡ ᠬᠥᠰᠬᠡ ᠵᠢᠨ ᠵᠢᠯᠣᠭᠤᠴᠢ᠂ ᠵᠢᠭᠤᠯᠴᠢᠯᠠᠯ᠎ᠤᠨ ᠭᠠᠵᠠᠷ᠎ᠤᠨ ᠵᠢᠭᠤᠯᠴᠢᠯᠠᠯ᠎ᠤᠨ ᠬᠥᠲᠥᠴᠢ ᠵᠡᠷᠭᠡ ᠬᠥᠮᠥᠰ᠎ᠤᠨ ᠠᠵᠢᠯ᠎ᠤᠨ ᠪᠠᠶ᠋ᠢᠷᠢᠨ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠎ᠤᠨ ᠬᠢᠨᠢ ᠴᠢᠬᠤᠯᠠ ᠠᠭᠤᠯᠭ᠎ᠠ ᠪᠣᠯᠭ᠋ᠠᠨ᠎ᠠ᠃ ᠲᠡᠷᠢᠭᠦᠨ᠎ᠤ ᠨᠡᠶ᠋ᠢᠲᠡᠯᠢᠭᠢ ᠰᠣᠩᠭᠤᠨ ᠤᠬᠠᠭᠤᠯᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠠᠪᠤᠷᠠᠯᠲᠠ ᠬᠢᠬᠦ ᠪᠠᠭᠰᠢ᠂ ᠠᠪᠤᠷᠠᠯᠲᠠ ᠬᠢᠭᠴᠢ᠂ ᠵᠢᠱ᠌ᠢᠶᠡᠴᠢ ᠨᠢᠭᠡᠴᠢ ᠵᠢ ᠴᠠᠭ ᠲᠤᠬᠠᠢᠳᠤᠨᠢ ᠨᠡᠪᠲᠡᠷᠡᠭᠦᠯᠦᠨ ᠰᠠᠶ᠋ᠢᠰᠢᠶᠠᠨ᠎ᠠ᠃ ᠰᠢᠯᠢᠳᠡᠭ ᠠᠪᠤᠷᠠᠯᠲᠠ ᠬᠢᠬᠦ ᠪᠠᠭᠰᠢ᠂ ᠠᠪᠤᠷᠠᠯᠲᠠ ᠬᠢᠭᠴᠢ ᠵᠢ 《ᠳᠡᠷᠭᠡᠳᠡᠬᠢ ᠰᠠᠶ᠋ᠢᠨ ᠬᠥᠮᠥᠨ》᠂ 《ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠭᠴᠢ》᠂ 《ᠶᠣᠰᠣ ᠰᠤᠷᠲᠠᠬᠤᠨ᠎ᠤ ᠵᠢᠱ᠌ᠢᠶᠡᠴᠢ》 ᠵᠡᠷᠭᠡ ᠵᠢᠨ ᠰᠢᠯᠭ᠋ᠠᠷᠠᠭᠤᠯᠤᠯᠲᠠ᠎ᠳᠤ ᠲᠠᠨᠢᠯᠴᠠᠭᠤᠯᠤᠨ ᠣᠷᠣᠯᠴᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠥᠪᠡᠷ᠎ᠢ᠎ᠪᠠᠨ ᠪᠠ ᠥᠷᠥᠭᠡᠯ ᠬᠤᠭᠤᠷᠣᠨᠳᠤ᠎ᠪᠠᠨ ᠬᠠᠷᠢᠯᠴᠠᠨ ᠠᠪᠤᠷᠠᠭᠰᠠᠨ ᠰᠡᠳᠬᠢᠯ ᠬᠥᠳᠡᠯᠭᠡᠮ᠎ᠡ ᠠᠵᠢᠯᠯᠠᠭ᠎ᠠ᠎ᠨᠤᠭᠤᠳ᠎ᠢ ᠥᠷᠭᠡᠨ ᠵᠶ᠋ᠠᠷ ᠤᠬᠠᠭᠤᠯᠵᠤ᠂ ᠨᠡᠩ ᠤᠯᠠᠨ ᠬᠥᠮᠥᠰ᠎ᠢ ᠬᠥᠲᠥᠯᠥᠨ ᠳᠠᠭ᠋ᠠᠭᠤᠯᠬᠤ ᠪᠠ ᠤᠷᠢᠶᠠᠯᠠᠨ ᠲᠠᠶ᠋ᠢᠴᠢᠯᠠᠵᠦ ᠪᠠᠶ᠋ᠢᠭ᠋ᠠᠳ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠳᠤ ᠣᠷᠣᠯᠴᠠᠭᠤᠯᠤᠨ᠂ ᠪᠦᠬᠦ ᠨᠡᠶ᠋ᠢᠭᠡᠮ᠎ᠳᠤ ᠢᠳᠡᠪᠬᠢ ᠬᠦᠴᠦᠨ᠎ᠢ ᠪᠠᠳᠠᠷᠠᠭᠤᠯᠵᠤ᠂ ᠰᠢᠨ᠎ᠡ ᠬᠡᠪ ᠰᠤᠷᠲᠠᠯ᠎ᠢ ᠬᠥᠲᠥᠯᠥᠨ ᠳᠠᠭ᠋ᠠᠭᠤᠯᠤᠨ᠎ᠠ᠃
2024 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ ᠳᠠᠷᠤᠮᠠᠯᠯᠠᠨ ᠲᠠᠷᠬᠠᠭ᠋ᠠᠪᠠ