ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 5 ᠳ᠋ᠤᠭ᠋ᠠᠷ ᠲᠣᠭ᠋ᠠᠲᠤ
ᠤᠯᠤᠰ᠎ᠤᠨ ᠳᠡᠰ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠳᠡᠰ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ (ᠳᠣᠷᠣᠭᠰᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ ᠭᠡᠵᠦ ᠲᠣᠪᠴᠢᠯᠠᠨ᠎ᠠ)᠎ᠤ ᠨᠡᠭᠡᠭᠡᠯᠲᠡ ᠬᠢᠵᠦ ᠰᠢᠨ᠎ᠡ ᠵᠢ ᠡᠭᠦᠳᠬᠦ ᠵᠢ ᠬᠤᠷᠳᠤ ᠨᠡᠮᠡᠨ ᠠᠬᠢᠭᠤᠯᠵᠤ᠂ ᠨᠡᠩ ᠥᠨᠳᠥᠷ ᠳᠡᠰ ᠳᠠᠪᠬᠤᠷᠭ᠎ᠠ ᠵᠢᠨ ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ ᠪᠠ ᠬᠢᠷᠢ ᠲᠦᠪᠰᠢᠨ᠎ᠢ ᠳᠡᠭᠡᠭᠰᠢᠯᠡᠭᠦᠯᠦᠨ᠂ ᠭᠠᠵᠠᠷ ᠣᠷᠣᠨ᠎ᠤ ᠠᠵᠤ ᠠᠬᠤᠢ ᠵᠢ ᠨᠥᠯᠥᠭᠡᠯᠡᠨ ᠳᠠᠶ᠋ᠢᠴᠢᠯᠠᠬᠤ ᠦᠢ᠍ᠯᠡᠳᠦᠯ᠎ᠢ ᠴᠢᠩᠭ᠋ᠠᠳᠬᠠᠵᠤ᠂ ᠬᠥᠬᠡᠬᠤᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠂ ᠬᠥᠯᠥᠨ ᠪᠣᠶ᠋ᠢᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ ᠵᠡᠷᠭᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ᠎ᠬᠢ ᠬᠥᠲᠥᠯᠥᠨ ᠳᠠᠭ᠋ᠠᠭᠤᠯᠬᠤ ᠣᠷᠣᠨ᠂ ᠥᠭᠡᠷᠡᠴᠢᠯᠡᠯᠲᠡ ᠨᠡᠭᠡᠭᠡᠯᠲᠡ ᠵᠢ ᠤᠷᠢᠳ ᠵᠶ᠋ᠠᠷ ᠬᠡᠷᠡᠭᠵᠢᠭᠦᠯᠬᠦ ᠣᠷᠣᠨ᠂ ᠴᠢᠨᠠᠷ ᠰᠠᠶ᠋ᠢᠲᠠᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ ᠪᠣᠯᠭ᠋ᠠᠨ ᠴᠣᠭᠴᠠᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠵᠢᠯᠣᠭᠤᠳᠬᠤ ᠦᠵᠡᠯ ᠰᠠᠨᠠᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ᠂ ᠨᠠᠮ᠎ᠤᠨ ᠲᠥᠪ ᠬᠤᠷᠢᠶᠠᠨ᠎ᠤ ᠥᠪᠥᠷ ᠮᠣᠩᠭᠤᠯ᠎ᠳᠠᠬᠢ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠤᠣᠯ ᠰᠢᠵᠢᠮ ᠪᠣᠯᠭ᠋ᠠᠨ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠡᠷᠡᠰ ᠭᠤᠶ᠋ᠢᠪᠢᠰᠢ ᠦᠭᠡᠢ ᠰᠠᠶ᠋ᠢᠲᠤᠷ ᠵᠠᠮᠨᠠᠬᠤ ᠬᠡᠷᠡᠭᠲᠡᠢ᠃ ᠬᠡᠪᠴᠢᠶ᠎ᠡ ᠪᠠ ᠶᠠᠰᠤ ᠴᠢᠨᠠᠷ᠎ᠤᠨ ᠦᠷ᠎ᠡ ᠠᠰᠢᠭ᠎ᠢ ᠳᠡᠭᠡᠭᠰᠢᠯᠡᠭᠦᠯᠬᠦ᠎ᠪᠠᠷ ᠬᠠᠷᠠᠯᠲᠠ ᠪᠣᠯᠭ᠋ᠠᠨ᠂ ᠭᠠᠳᠠᠭ᠋ᠠᠳᠤ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠪᠠᠳᠠᠷᠠᠭ᠋ᠠᠨ ᠬᠥᠭᠵᠢᠭᠡᠬᠦ ᠪᠠ ᠠᠵᠤ ᠦᠢ᠍ᠯᠡᠰ᠎ᠤᠨ ᠪᠣᠳᠠᠲᠤ ᠬᠦᠴᠦᠨ᠎ᠢ ᠪᠤᠵᠠᠭ᠋ᠠᠶ᠋ᠢᠷᠠᠭᠤᠯᠬᠤ᠎ᠪᠠᠷ ᠭᠤᠣᠯᠳᠠᠯᠭ᠎ᠠ ᠪᠣᠯᠭ᠋ᠠᠵᠤ᠂ ᠬᠠᠮᠢᠶᠠᠷᠤᠯᠲᠠ ᠵᠢᠨ ᠲᠣᠭᠲᠠᠴᠠ᠎ᠳᠤ ᠰᠢᠨ᠎ᠡ ᠵᠢ ᠡᠭᠦᠳᠬᠦ᠎ᠪᠠᠷ ᠭᠠᠷᠳᠠᠴᠠ ᠪᠣᠯᠭ᠋ᠠᠨ᠂ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠷᠠᠭᠤᠯᠬᠤ᠎ᠪᠠᠷ ᠲᠤᠯᠭ᠋ᠠᠭᠤᠷᠢᠯᠠᠯ ᠪᠣᠯᠭ᠋ᠠᠵᠤ᠂ ᠨᠡᠩ ᠢᠯᠡᠭᠦᠦ ᠲᠣᠪᠴᠢ ᠠᠪᠰᠠᠷᠬᠠᠨ ᠥᠨᠳᠥᠷ ᠪᠦᠲᠦᠮᠵᠢᠲᠡᠢ ᠬᠠᠮᠢᠶᠠᠷᠤᠯᠲᠠ ᠵᠢᠨ ᠪᠠᠶ᠋ᠢᠭᠤᠯᠤᠯ᠂ ᠨᠡᠩ ᠢᠯᠡᠭᠦᠦ ᠠᠮᠢᠳᠤᠯᠢᠭ ᠪᠣᠳᠠᠲᠤ ᠬᠡᠷᠡᠭᠯᠡᠭᠡᠨ᠎ᠤ ᠨᠡᠭᠡᠭᠡᠨ ᠬᠥᠭᠵᠢᠭᠦᠯᠵᠦ ᠡᠵᠡᠩᠨᠡᠨ ᠠᠵᠢᠯᠯᠠᠭᠤᠯᠬᠤ ᠲᠣᠭᠲᠠᠴᠠ᠂ ᠠᠵᠢᠯ ᠬᠢᠵᠦ ᠦᠢ᠍ᠯᠡᠰ ᠴᠣᠭᠴᠠᠯᠠᠬᠤ ᠵᠢ ᠨᠡᠩ ᠢᠯᠡᠭᠦᠦ ᠤᠷᠮᠠᠰᠢᠭᠤᠯᠵᠤ ᠳᠡᠶ᠋ᠢᠯᠬᠦ ᠬᠥᠮᠥᠨ ᠰᠣᠩᠭᠤᠵᠤ ᠬᠥᠮᠥᠨ ᠬᠡᠷᠡᠭᠯᠡᠬᠦ ᠳᠦᠷᠢᠮ᠂ ᠨᠡᠩ ᠢᠯᠡᠭᠦᠦ ᠰᠢᠰᠲ᠋ᠧᠮᠵᠢᠭᠦᠯᠦᠨ ᠬᠤᠷᠠᠭᠤᠯᠤᠭᠰᠠᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠲᠣᠭᠲᠠᠯᠴᠠᠭ᠎ᠠ ᠪᠠ ᠬᠤᠳᠠᠯᠳᠤᠭ᠋ᠠᠴᠢᠨ᠎ᠢ ᠨᠡᠩ ᠢᠯᠡᠭᠦᠦ ᠳᠣᠲᠣᠨᠣᠴᠢᠯᠠᠬᠤ ᠬᠤᠳᠠᠯᠳᠤᠭ᠋ᠠᠴᠢᠨ᠎ᠢ ᠨᠡᠩ ᠢᠯᠡᠭᠦᠦ ᠰᠠᠨᠠᠭ᠎ᠠ ᠠᠮᠤᠷ ᠪᠠᠶ᠋ᠢᠯᠭ᠋ᠠᠬᠤ ᠬᠤᠳᠠᠯᠳᠤᠭ᠋ᠠᠴᠢᠨ᠎ᠢ ᠨᠡᠩ ᠢᠯᠡᠭᠦᠦ ᠪᠠᠶᠠᠵᠢᠭᠤᠯᠬᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠲᠦᠷᠭᠡᠳᠭᠡᠨ ᠪᠠᠶ᠋ᠢᠭᠤᠯᠵᠤ᠂ ᠨᠡᠭᠡᠭᠡᠯᠲᠡᠳᠤ ᠰᠢᠨ᠎ᠡ ᠵᠢ ᠡᠭᠦᠳᠬᠦ᠂ ᠳᠦᠷᠢᠮ᠎ᠳᠤ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠰᠢᠨ᠎ᠡ ᠵᠢ ᠡᠭᠦᠳᠬᠦ ᠵᠢ ᠬᠦᠴᠦᠯᠡᠨ ᠠᠬᠢᠭᠤᠯᠵᠤ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠭᠠᠳᠠᠭ᠋ᠠᠳᠤ᠎ᠲᠠᠢ ᠬᠠᠮᠲᠤᠷᠠᠨ ᠠᠵᠢᠯᠯᠠᠬᠤ ᠬᠢᠷᠢ ᠲᠦᠪᠰᠢᠨ ᠪᠠ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ᠎ᠤᠨ 《ᠬᠤᠣᠰ ᠳᠡᠭᠡᠭᠰᠢᠯᠡᠯᠲᠡ》 ᠵᠢ ᠪᠡᠶᠡᠯᠡᠭᠦᠯᠬᠦ᠎ᠪᠠᠷ ᠴᠢᠷᠮᠠᠶ᠋ᠢᠨ᠂ ᠭᠠᠳᠠᠭ᠋ᠠᠳᠤ ᠨᠡᠭᠡᠭᠡᠯᠲᠡ ᠵᠢᠨ ᠰᠢᠨ᠎ᠡ ᠥᠨᠳᠦᠷᠯᠢᠭ᠎ᠢ ᠴᠣᠭᠴᠠᠯᠠᠨ᠎ᠠ᠃
ᠬᠤᠶᠠᠷ᠂ ᠬᠥᠭᠵᠢᠯᠲᠡ ᠵᠢᠨ ᠬᠠᠷᠠᠯᠲᠠ
2027 ᠣᠨ ᠪᠣᠯᠬᠤ᠎ᠳᠤ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠵᠤ ᠠᠬᠤᠢ ᠵᠢᠨ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠂ ᠨᠡᠭᠡᠭᠡᠯᠲᠡ ᠬᠢᠵᠦ ᠬᠥᠭᠵᠢᠭᠦᠯᠬᠦ ᠬᠢᠷᠢ ᠲᠦᠪᠰᠢᠨ ᠪᠠ ᠣᠷᠣᠨ ᠪᠦᠰᠡ ᠵᠢᠨ ᠠᠵᠤ ᠠᠬᠤᠢ᠎ᠳᠤ ᠨᠡᠮᠡᠷᠢ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠵᠦ᠂ ᠭᠠᠵᠠᠷ ᠣᠷᠣᠨ᠎ᠤ ᠠᠵᠤ ᠠᠬᠤᠢ ᠵᠢᠨ ᠬᠥᠭᠵᠢᠯᠲᠡ᠎ᠳᠤ ᠦᠵᠡᠭᠦᠯᠬᠦ ᠳᠠᠶ᠋ᠢᠴᠢᠯᠠᠬᠤ ᠬᠦᠴᠦᠨ ᠪᠠ ᠲᠤᠯᠭ᠋ᠠᠭᠤᠷᠢᠯᠠᠬᠤ ᠬᠦᠴᠦᠨ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃
— ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠪᠦᠲᠦᠭᠡᠨ ᠪᠠᠶ᠋ᠢᠭᠤᠯᠤᠯᠲᠠ ᠵᠢ ᠴᠢᠬᠤᠯᠠ ᠶᠡᠭᠡ ᠦᠷ᠎ᠡ ᠪᠦᠲᠦᠮᠵᠢ᠎ᠲᠠᠢ ᠪᠣᠯᠭ᠋ᠠᠵᠤ᠂ ᠬᠦᠷᠢᠶᠡᠯᠡᠩ ᠣᠷᠣᠨ᠎ᠤ ᠵᠠᠰᠠᠯᠲᠠ ᠵᠢᠨ ᠴᠢᠳᠠᠪᠤᠷᠢ ᠵᠢ ᠶᠡᠭᠡ᠎ᠪᠠᠷ ᠳᠡᠭᠡᠭᠰᠢᠯᠡᠭᠦᠯᠦᠨ᠂ ᠪᠠᠶ᠋ᠢᠭᠤᠯᠤᠯ ᠲᠣᠭᠲᠠᠴᠠ ᠵᠢ ᠨᠡᠩ ᠪᠣᠯᠪᠠᠰᠤᠷᠠᠩᠭᠤᠢ ᠪᠣᠯᠭ᠋ᠠᠵᠤ ᠲᠡᠭᠦᠯᠳᠡᠷᠵᠢᠭᠦᠯᠦᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠤᠯᠤᠰ᠎ᠤᠨ ᠳᠣᠲᠣᠭ᠋ᠠᠳᠤᠬᠢ ᠲᠡᠷᠢᠭᠦᠨ᠎ᠤ ᠬᠢᠷᠢ ᠲᠦᠪᠰᠢᠨ᠎ᠳᠤ ᠬᠦᠷᠦᠭᠦᠯᠦᠨ᠎ᠡ;
— ᠠᠵᠤ ᠠᠬᠤᠢ ᠵᠢᠨ ᠶᠡᠷᠦᠩᠬᠡᠶ᠋ᠢᠯᠡᠭᠰᠡᠨ ᠪᠣᠳᠠᠲᠤ ᠬᠦᠴᠦᠨ᠂ ᠰᠢᠨ᠎ᠡ ᠵᠢ ᠡᠭᠦᠳᠦᠨ ᠬᠥᠭᠵᠢᠭᠦᠯᠬᠦ ᠴᠢᠳᠠᠪᠤᠷᠢ᠂ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠠᠮᠢᠵᠢᠷᠠᠯ᠎ᠤᠨ ᠬᠦᠴᠦᠨ᠎ᠢ ᠢᠯᠡᠳᠲᠡ ᠴᠢᠩᠭ᠋ᠠᠷᠠᠭᠤᠯᠵᠤ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠳᠡᠭ (GDP)᠎ᠤᠨ ᠵᠢᠯ ᠪᠦᠷᠢ ᠵᠢᠨ ᠨᠡᠮᠡᠭᠳᠡᠯ᠎ᠤᠨ ᠬᠤᠷᠳᠤᠴᠠ ᠵᠢ 8%᠎ᠠᠴᠠ ᠳᠡᠭᠡᠭᠰᠢ ᠪᠠᠶ᠋ᠢᠯᠭ᠋ᠠᠵᠤ᠂ ᠠᠵᠤ ᠦᠢ᠍ᠯᠡᠳᠪᠦᠷᠢ ᠵᠢᠨ ᠦᠢ᠍ᠯᠡᠳᠭᠦᠨ᠎ᠤ ᠶᠡᠷᠦᠩᠬᠡᠢ ᠥᠷᠳᠡᠭ᠎ᠤᠨ ᠨᠡᠮᠡᠭᠳᠡᠯ᠎ᠤᠨ ᠬᠡᠮᠵᠢᠶ᠎ᠡ ᠵᠢ 15%᠎ᠠᠴᠠ ᠳᠡᠭᠡᠭᠰᠢ᠎ᠳᠤ ᠬᠦᠷᠦᠭᠦᠯᠵᠦ᠂ ᠪᠠᠶ᠋ᠢᠭ᠎ᠠ ᠭᠠᠵᠠᠷ ᠣᠷᠣᠨ᠎ᠤ᠎ᠪᠠᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠬᠥᠳᠡᠯᠭᠡᠭᠦᠷ ᠪᠣᠯᠭ᠋ᠠᠵᠤ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠶᠡᠷᠦᠩᠬᠡᠶ᠋ᠢᠯᠡᠭᠰᠡᠨ ᠬᠥᠭᠵᠢᠯᠲᠡ ᠵᠢᠨ ᠬᠢᠷᠢ ᠲᠦᠪᠰᠢᠨ᠎ᠤ ᠰᠢᠯᠭ᠋ᠠᠨ ᠬᠢᠨᠠᠯᠲᠠ ᠦᠨᠡᠯᠡᠯᠲᠡ᠎ᠳᠠᠬᠢ ᠨᠡᠷᠡᠰ᠎ᠤᠨ ᠵᠢᠭᠰᠠᠭ᠋ᠠᠯᠲᠠ ᠵᠢ ᠨᠡᠯᠢᠶᠡᠳ ᠤᠷᠤᠭᠰᠢ ᠳᠡᠪᠰᠢᠭᠦᠯᠬᠦ ᠵᠢ ᠪᠡᠶᠡᠯᠡᠭᠦᠯᠦᠨ᠂ ᠪᠥᠬᠦ ᠤᠯᠤᠰ᠎ᠤᠨ ᠡᠮᠦᠨ᠎ᠡ 150 ᠨᠡᠷᠡᠰ᠂ ᠪᠠᠷᠠᠭᠤᠨ ᠬᠡᠰᠡᠭ ᠭᠠᠵᠠᠷ ᠣᠷᠣᠨ᠎ᠤ ᠡᠮᠦᠨ᠎ᠡ 25 ᠨᠡᠷᠡᠰ᠎ᠲᠤ ᠣᠷᠣᠭᠤᠯᠬᠤ᠎ᠪᠠᠷ ᠬᠦᠴᠦᠯᠡᠨ ᠴᠢᠷᠮᠠᠶ᠋ᠢᠨ᠎ᠠ;
— ᠣᠳᠣ ᠦᠶ᠎ᠡ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠪᠠᠶ᠋ᠢᠭᠤᠯᠵᠦ᠂ ᠡᠯ᠎ᠡ ᠭᠤᠣᠯᠯᠠᠬᠤ ᠠᠵᠤ ᠦᠢ᠍ᠯᠡᠰ᠎ᠤᠨ ᠪᠦᠬᠦᠯᠢ ᠴᠣᠭᠴᠠ᠎ᠪᠠᠷ ᠰᠢᠨ᠎ᠡ ᠵᠢ ᠡᠭᠦᠳᠦᠨ ᠳᠡᠰ ᠳᠡᠪᠰᠢᠭᠦᠯᠬᠦ ᠵᠢ ᠪᠡᠶᠡᠯᠡᠭᠦᠯᠦᠨ᠂ ᠬᠡᠰᠡᠭ ᠠᠵᠤ ᠦᠢ᠍ᠯᠡᠰ᠎ᠤᠨ ᠬᠥᠭᠵᠢᠯᠲᠡ ᠵᠢ ᠪᠥᠬᠦ ᠤᠯᠤᠰ᠎ᠤᠨ ᠲᠡᠷᠢᠭᠦᠨ᠎ᠤ ᠡᠩᠨᠡᠭᠡᠨ᠎ᠳᠤ ᠣᠷᠣᠭᠤᠯᠵᠤ᠂ ᠠᠵᠤ ᠦᠢ᠍ᠯᠡᠰ᠎ᠤᠨ ᠳᠡᠭᠡᠳᠦ ᠳᠡᠰᠵᠢᠭᠦᠯᠬᠦ᠂ ᠣᠶᠤᠨᠴᠢᠯᠠᠬᠤ᠂ ᠪᠣᠬᠢᠷᠲᠤᠯ ᠦᠭᠡᠢ ᠪᠣᠯᠭ᠋ᠠᠬᠤ ᠬᠥᠭᠵᠢᠯᠲᠡ᠎ᠳᠤ ᠰᠢᠨ᠎ᠡ ᠰᠢᠪᠲᠤᠯᠤᠯᠲᠠ ᠭᠠᠷᠭ᠋ᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠬᠢᠷᠢ ᠲᠦᠪᠰᠢᠨ᠎ᠤ ᠰᠢᠨ᠎ᠡ ᠳᠠᠪᠠᠯᠲᠠ ᠵᠢ ᠪᠡᠶᠡᠯᠡᠭᠦᠯᠦᠨ᠎ᠡ;
— ᠳᠡᠭᠡᠳᠦ ᠳᠡᠰ ᠳᠠᠪᠬᠤᠷᠭ᠎ᠠ ᠵᠢᠨ ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢ ᠠᠩᠬ᠎ᠠ ᠠᠯᠬᠤᠮ ᠪᠦᠲᠦᠭᠡᠨ ᠪᠠᠶ᠋ᠢᠭᠤᠯᠵᠦ᠂ ᠭᠠᠳᠠᠭ᠋ᠠᠳᠤ ᠠᠷᠠᠯᠵᠢᠶ᠎ᠡ ᠭᠠᠳᠠᠭ᠋ᠠᠳᠤ ᠪᠡᠯᠡ ᠵᠢᠨ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠭᠡᠨ ᠶᠡᠬᠡᠰᠭᠡᠵᠦ᠂ ᠭᠠᠳᠠᠭᠰᠢᠯ ᠠᠵᠤ ᠠᠬᠤᠢ ᠵᠢᠨ ᠶᠠᠰᠤ ᠴᠢᠨᠠᠷ᠎ᠤᠨ ᠬᠢᠷᠢ ᠲᠦᠪᠰᠢᠨ᠎ᠢ ᠨᠡᠯᠢᠶᠡᠳ ᠶᠡᠭᠡ᠎ᠪᠠᠷ ᠳᠡᠭᠡᠭᠰᠢᠯᠡᠭᠦᠯᠦᠨ᠎ᠡ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠣᠳᠠᠲᠠᠢ ᠬᠡᠷᠡᠭᠯᠡᠬᠦ ᠭᠠᠳᠠᠭ᠋ᠠᠳᠤ ᠪᠡᠯᠡ ᠵᠢ ᠵᠢᠯ ᠳᠤᠮᠳᠠᠴᠢ᠎ᠪᠠᠷ 10%᠎ᠠᠴᠠ ᠳᠡᠭᠡᠭᠰᠢ ᠨᠡᠮᠡᠭᠳᠡᠭᠦᠯᠦᠨ᠂ ᠪᠠᠶ᠋ᠢᠭ᠎ᠠ ᠠᠶ᠋ᠢᠮᠠᠭ ᠬᠤᠲᠠ ᠵᠢᠨ ᠵᠶ᠋ᠠᠨ ᠪᠣᠳᠠᠲᠠᠢ ᠬᠡᠷᠡᠭᠯᠡᠬᠦ ᠭᠠᠳᠠᠭ᠋ᠠᠳᠤ ᠪᠡᠯᠡᠳᠤ ᠡᠵᠡᠯᠡᠬᠦ ᠬᠤᠪᠢ ᠵᠢᠨ ᠵᠢᠩ᠎ᠢ᠎ᠨᠢ 30%᠎ᠠᠴᠠ ᠳᠡᠭᠡᠭᠰᠢ᠎ᠳᠤ ᠬᠦᠷᠦᠭᠦᠯᠦᠨ᠎ᠡ᠃
ᠭᠤᠷᠪᠠ᠂ ᠭᠤᠣᠯᠳᠠᠯᠭ᠋ᠠᠲᠤ ᠡᠭᠦᠷᠭᠡ
(ᠨᠢᠭᠡ) ᠥᠭᠡᠷᠡᠴᠢᠯᠡᠯᠲᠡ᠎ᠳᠤ ᠤᠯᠠᠮ ᠶᠡᠭᠡ ᠡᠵᠡ ᠮᠡᠳᠡᠬᠦ ᠡᠷᠬᠡ ᠣᠯᠭᠤᠨ᠎ᠠ᠃
1. ᠡᠷᠬᠡ ᠵᠢ᠎ᠨᠢ ᠥᠷᠭᠡᠳᠭᠡᠨ ᠬᠦᠴᠦᠨ ᠴᠢᠳᠠᠮᠵᠢ ᠵᠢ ᠡᠷᠴᠢᠮᠯᠡᠬᠦ ᠵᠢ ᠯᠠᠪᠳᠠᠭᠤᠨ ᠪᠠᠲᠤᠲᠠᠢ ᠠᠬᠢᠭᠤᠯᠤᠨ᠎ᠠ᠃ 《ᠡᠷᠬᠡ ᠪᠠ ᠬᠠᠷᠢᠭᠤᠴᠠᠯᠭ᠎ᠠ ᠵᠢ ᠠᠳᠠᠯᠢ ᠲᠡᠭᠰᠢ ᠪᠠᠶ᠋ᠢᠯᠭ᠋ᠠᠬᠤ᠂ ᠡᠭᠦᠷᠭᠡ ᠴᠢᠳᠠᠪᠤᠷᠢ ᠵᠢ ᠲᠣᠬᠢᠷᠠᠯᠴᠠᠭᠤᠯᠬᠤ᠂ ᠲᠠᠯᠪᠢᠪᠠᠰᠤ ᠵᠣᠬᠢᠬᠤ ᠵᠢ᠎ᠨᠢ ᠪᠥᠬᠦᠨ᠎ᠢ ᠲᠠᠯᠪᠢᠬᠤ》 ᠵᠠᠷᠴᠢᠮ ᠶᠣᠰᠣᠭ᠋ᠠᠷ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠡᠷᠬᠡ ᠵᠢ᠎ᠨᠢ ᠥᠷᠭᠡᠳᠭᠡᠨ ᠬᠦᠴᠦᠨ ᠴᠢᠳᠠᠮᠵᠢ ᠵᠢ᠎ᠨᠢ ᠡᠷᠴᠢᠮᠯᠡᠬᠦ ᠵᠢ ᠲᠦᠷᠭᠡᠳᠬᠡᠨ ᠠᠬᠢᠭᠤᠯᠵᠤ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠵᠢᠨ ᠳᠡᠰ᠎ᠤᠨ ᠠᠵᠤ ᠠᠬᠤᠢ ᠵᠢᠨ ᠬᠠᠮᠢᠶᠠᠷᠤᠯᠲᠠ ᠵᠢᠨ ᠬᠢᠨᠠᠨ ᠵᠥᠪᠰᠢᠶᠡᠷᠡᠬᠦ ᠡᠷᠬᠡ ᠣᠯᠭᠤᠵᠤ᠂ ᠦᠨᠡᠨ ᠬᠦ᠌ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠨᠢᠭᠡᠳᠦᠯᠲᠡᠢ ᠵᠣᠬᠢᠴᠠᠭᠤᠯᠤᠨ ᠬᠠᠮᠢᠶᠠᠷᠬᠤ ᠴᠢᠬᠤᠯᠠᠲᠠᠢ ᠵᠦᠢ᠍ᠯᠡᠰ᠎ᠠᠴᠠ ᠭᠠᠳᠠᠨ᠎ᠠ᠂ ᠵᠠᠷᠴᠢᠮ ᠳᠡᠭᠡᠷ᠎ᠡ᠎ᠪᠠᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ᠎ᠳᠤ ᠬᠠᠤᠯᠢ ᠶᠣᠰᠣᠭ᠋ᠠᠷ ᠡᠷᠬᠡ ᠣᠯᠭᠤᠬᠤ ᠪᠤᠶᠤ ᠨᠠᠶ᠋ᠢᠳᠠᠨ ᠬᠡᠷᠡᠭᠵᠢᠭᠦᠯᠦᠭᠦᠯᠵᠦ᠂ ᠬᠡᠷᠡᠭᠵᠢᠭᠦᠯᠬᠦ ᠬᠡᠪᠴᠢᠶ᠎ᠡ᠎ᠨᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠥᠬᠦ ᠬᠠᠷᠢᠶ᠎ᠠ ᠣᠷᠣᠨ ᠪᠦᠰᠡ ᠵᠢ ᠬᠠᠮᠤᠷᠤᠨ᠎ᠠ᠃ ᠨᠦᠭᠦᠴᠡᠯ ᠪᠦᠷᠢᠳᠦᠭᠦᠯᠦᠭᠰᠡᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ ᠲᠥᠪᠯᠡᠷᠡᠩᠭᠦᠢ ᠬᠡᠷᠡᠭ ᠡᠷᠬᠢᠯᠡᠬᠦ ᠭᠠᠵᠠᠷ ᠲᠣᠬᠢᠷᠠᠭᠤᠯᠬᠤ ᠵᠢ ᠳᠡᠮᠵᠢᠵᠦ᠂ ᠲᠦᠷ ᠴᠠᠭ᠎ᠲᠤ ᠳᠣᠷᠣᠭᠰᠢ ᠪᠠᠭᠤᠯᠭ᠋ᠠᠵᠤ ᠳᠡᠶ᠋ᠢᠯᠬᠦ ᠦᠭᠡᠢ ᠡᠷᠬᠡ ᠵᠢᠨ ᠵᠦᠢ᠍ᠯᠡᠰ᠎ᠲᠤ᠂ ᠦᠢ᠍ᠯᠡᠴᠢᠯᠡᠭᠡ᠎ᠪᠠᠨ ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭ ᠡᠷᠬᠢᠯᠡᠬᠦ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠰᠢᠭᠤᠳ ᠵᠠᠯᠭ᠋ᠠᠯᠳᠤᠭᠤᠯᠬᠤ ᠲᠣᠭᠲᠠᠴᠠ ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠠᠭ᠋ᠠᠳ ᠦᠭᠡᠢ ᠨᠡᠪᠲᠡᠷᠡᠬᠦ ᠳᠥᠭᠦᠮ ᠨᠦᠭᠦᠴᠡᠯ᠎ᠢ ᠬᠦᠷᠲᠡᠭᠡᠨ᠎ᠡ᠃ ᠡᠯ᠎ᠡ ᠬᠤᠯᠪᠣᠭᠳᠠᠯ ᠪᠦᠬᠦᠢ ᠠᠶ᠋ᠢᠮᠠᠭ ᠬᠤᠲᠠ᠎ᠨᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ ᠡᠯ᠎ᠡ ᠲᠥᠷᠥᠯ᠎ᠤᠨ ᠣᠷᠣᠨ ᠲᠣᠭ᠋ᠠᠨ᠎ᠤ ᠡᠬᠢ ᠪᠠᠶᠠᠯᠢᠭ᠎ᠢ ᠲᠣᠭᠲᠠᠭ᠋ᠠᠯ ᠶᠣᠰᠣᠭ᠋ᠠᠷ ᠨᠢᠭᠡᠳᠦᠯᠲᠡᠢ ᠲᠥᠯᠥᠪᠯᠡᠨ ᠬᠡᠷᠡᠭᠯᠡᠵᠦ ᠪᠣᠯᠣᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
2. ᠪᠡᠯᠡ ᠣᠷᠤᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠪᠡᠯᠡ ᠣᠷᠤᠭᠤᠯᠤᠯᠲᠠ ᠵᠢᠨ ᠲᠥᠷᠥᠯ ᠵᠦᠢ᠍ᠯ᠎ᠤᠨ ᠵᠥᠪᠰᠢᠶᠡᠷᠡᠨ ᠣᠷᠣᠭᠤᠯᠬᠤ ᠭᠠᠷᠳᠠᠮ᠎ᠢ ᠬᠠᠤᠯᠢ ᠶᠣᠰᠣᠭ᠋ᠠᠷ ᠴᠣᠮᠬᠠᠳᠬᠠᠨ᠂ ᠬᠢᠨᠠᠨ ᠵᠥᠪᠰᠢᠶᠡᠷᠡᠬᠦ ᠳᠠᠰ ᠳᠠᠷᠠᠭ᠋ᠠᠯᠠᠯ᠎ᠢ ᠳᠥᠭᠦᠮᠴᠢᠯᠡᠵᠦ᠂ ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠰᠢᠯᠭ᠋ᠠᠬᠤ ᠬᠠᠮᠢᠶᠠᠷᠤᠯᠲᠠ ᠵᠢᠨ ᠰᠢᠨ᠎ᠡ ᠵᠠᠭᠪᠤᠷ᠎ᠢ ᠬᠡᠷᠡᠭᠵᠢᠭᠦᠯᠦᠨ᠎ᠡ᠃ ᠪᠡᠯᠡ ᠣᠷᠤᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠪᠥᠬᠦ ᠴᠤᠪᠤᠷᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠳᠤᠲᠠᠭᠤ ᠵᠢ ᠬᠦᠯᠢᠶᠡᠨ ᠠᠪᠴᠤ ᠬᠢᠨᠠᠨ ᠵᠥᠪᠰᠢᠶᠡᠷᠡᠬᠦ ᠳᠠᠷᠠᠭ᠋ᠠᠯᠠᠯ᠎ᠳᠤ ᠣᠷᠣᠭᠤᠯᠬᠤ ᠬᠠᠮᠢᠶᠠᠷᠤᠯᠲᠠ ᠵᠢᠨ ᠠᠷᠭ᠎ᠠ ᠮᠠᠶᠢᠭ᠎ᠢ ᠬᠡᠷᠡᠭᠵᠢᠭᠦᠯᠦᠨ᠎ᠡ; ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠥᠷᠨᠢᠭᠦᠯᠦᠨ᠂ ᠬᠢᠨᠠᠨ ᠵᠥᠪᠰᠢᠶᠡᠷᠡᠬᠦ ᠴᠤᠪᠤᠷᠠᠯ᠎ᠢ ᠨᠢᠭᠡᠳᠭᠡᠨ᠂ ᠮᠡᠳᠡᠭᠡ ᠵᠠᠩᠬᠢ ᠵᠢᠨ ᠲᠤᠭ᠎ᠠ ᠪᠠᠷᠢᠮᠲᠠ ᠵᠢᠨ ᠲᠠᠪᠴᠠᠩ᠎ᠢ ᠨᠢᠭᠡᠳᠭᠡᠨ᠂ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠣᠭᠲᠠᠯᠴᠠᠭ᠎ᠠ ᠵᠢ ᠨᠢᠭᠡᠳᠭᠡᠨ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠢ ᠨᠢᠭᠡᠳᠭᠡᠨ᠎ᠡ᠃ ᠬᠦᠷᠢᠶᠡᠯᠡᠩ ᠣᠷᠣᠨ᠎ᠤ ᠲᠥᠷᠥᠯ ᠵᠦᠢ᠍ᠯ ᠣᠷᠣᠭᠤᠯᠤᠨ ᠠᠪᠴᠢᠷᠠᠬᠤ ᠲᠥᠯᠥᠪᠵᠢᠭᠦᠯᠭᠡ᠎ᠪᠠᠨ ᠴᠢᠩᠭ᠋ᠠᠳᠬᠠᠨ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠠᠵᠢᠯ᠎ᠤᠨ ᠭᠤᠣᠯᠳᠠᠯᠭ᠎ᠠ ᠵᠢ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠲᠥᠯᠥᠪᠯᠡᠨ ᠲᠥᠯᠥᠪᠵᠢᠭᠦᠯᠬᠦ᠂ ᠲᠥᠷᠥᠯ ᠵᠦᠢ᠍ᠯ᠎ᠢ ᠪᠣᠳᠠᠲᠠᠶ᠋ᠢᠵᠢᠭᠤᠯᠬᠤ ᠭᠤᠭᠴᠤᠭ᠎ᠠ᠎ᠳᠤ ᠲᠥᠪᠯᠡᠷᠡᠭᠦᠯᠵᠦ᠂ ᠠᠵᠤ ᠠᠬᠤᠶ᠋ᠢᠯᠠᠯ᠎ᠠᠴᠠ ᠪᠡᠯᠡ ᠣᠷᠣᠭᠤᠯᠤᠨ ᠲᠦᠭᠰᠢᠭᠦᠷᠢ᠎ᠪᠠᠨ ᠥᠪᠡᠰᠦᠪᠡᠨ ᠳᠠᠭ᠋ᠠᠭ᠋ᠠᠨ ᠡᠭᠦᠷᠬᠡᠯᠡᠬᠦ ᠲᠥᠷᠥᠯ ᠵᠦᠢ᠍ᠯ᠎ᠳᠤ᠂ ᠬᠢᠨᠠᠨ ᠵᠥᠪᠰᠢᠶᠡᠷᠡᠬᠦ ᠶᠠᠪᠤᠴᠠ᠎ᠳᠤ ᠮᠡᠳᠡᠭᠳᠡᠨ ᠠᠮᠠᠯᠳᠠᠬᠤ ᠳᠦᠷᠢᠮ᠎ᠢ ᠬᠡᠷᠡᠭᠵᠢᠭᠦᠯᠦᠨ᠂ ᠠᠮᠠᠯᠳᠠᠭᠰᠠᠨ ᠵᠦᠢ᠍ᠯᠡᠰ᠎ᠤᠨ ᠠᠵᠢᠯ ᠶᠠᠪᠤᠳᠠᠯ᠎ᠤᠨ ᠳᠤᠮᠳᠠᠬᠢ᠂ ᠠᠵᠢᠯ ᠶᠠᠪᠤᠳᠠᠯ᠎ᠤᠨ ᠬᠤᠶ᠋ᠢᠨᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠵᠢ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠡᠷᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
3. ᠵᠣᠬᠢᠬᠤ ᠬᠡᠮᠵᠢᠶ᠎ᠡ᠎ᠪᠠᠷ ᠬᠡᠯᠪᠡᠶ᠋ᠢᠯᠭᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠠᠴᠠ ᠪᠡᠯᠡ ᠣᠷᠤᠭᠤᠯᠤᠯᠲᠠ ᠵᠢ ᠱᠠᠩᠨᠠᠨ ᠬᠥᠬᠢᠭᠦᠯᠬᠦ᠂ ᠵᠢᠭᠡᠯᠡᠯᠭᠡ ᠵᠢᠨ ᠳᠡᠮ ᠬᠦᠦ ᠥᠭᠬᠦ᠂ ᠲᠥᠬᠦᠭᠡᠷᠦᠮᠵᠢ ᠵᠢᠨ ᠨᠡᠮᠡᠭᠦᠷᠢ ᠣᠯᠭᠤᠬᠤ᠂ ᠪᠣᠯᠪᠠᠰᠤᠷᠠᠯ᠎ᠤᠨ ᠨᠡᠮᠡᠭᠦᠷᠢ ᠬᠦᠷᠲᠡᠭᠡᠬᠦ ᠵᠡᠷᠭᠡ ᠠᠵᠤ ᠦᠢ᠍ᠯᠡᠰ᠎ᠢ ᠬᠥᠲᠥᠯᠥᠨ ᠵᠢᠯᠣᠭᠤᠳᠴᠤ ᠲᠡᠳᠭᠦᠨ ᠳᠡᠮᠵᠢᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠲᠣᠭᠲᠠᠭ᠋ᠠᠨ ᠬᠡᠷᠡᠭᠵᠢᠭᠦᠯᠬᠦ ᠵᠢ ᠵᠥᠪᠰᠢᠶᠡᠷᠡᠨ᠎ᠡ; ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠨᠢ ᠪᠣᠳᠠᠲᠤ ᠬᠦᠴᠦᠨ ᠵᠶ᠋ᠠᠷ ᠴᠢᠩᠭ᠎ᠠ ᠪᠡᠯᠡ ᠣᠷᠤᠭᠤᠯᠤᠯᠲᠠ ᠵᠢᠨ ᠪᠠᠩᠬᠢ᠂ ᠦᠨᠡᠲᠦ ᠲᠡᠮᠳᠡᠭᠲᠦ ᠵᠢᠨ ᠺᠣᠮᠫᠠᠨᠢ ᠵᠡᠷᠭᠡ᠎ᠯᠦᠭᠡ ᠬᠠᠮᠲᠤ᠎ᠪᠠᠷ ᠠᠵᠤ ᠦᠢ᠍ᠯᠡᠰ᠎ᠤᠨ ᠪᠡᠯᠡ ᠣᠷᠤᠭᠤᠯᠤᠯᠲᠠ ᠵᠢᠨ ᠰᠠᠭᠤᠷᠢ ᠮᠥᠩᠭᠦ ᠭᠤᠶᠤᠴᠢᠯᠠᠨ ᠪᠠᠶ᠋ᠢᠭᠤᠯᠬᠤ ᠵᠢ ᠵᠥᠪᠰᠢᠶᠡᠷᠡᠵᠦ᠂ ᠤᠷᠢᠳ ᠵᠶ᠋ᠠᠷ ᠲᠤᠷᠰᠢᠯᠲᠠ ᠵᠢᠨ ᠴᠡᠭ ᠪᠠᠶ᠋ᠢᠭᠤᠯᠤᠨ᠂ 《ᠬᠠᠮᠲᠤᠷᠠᠵᠤ ᠪᠡᠯᠡ ᠣᠷᠤᠭᠤᠯᠬᠤ᠂ ᠲᠤᠰᠬᠠᠢ ᠮᠡᠷᠭᠡᠵᠢᠯᠲᠡᠨ ᠵᠶ᠋ᠠᠷ ᠬᠠᠮᠢᠶᠠᠷᠤᠭᠤᠯᠬᠤ᠂ ᠲᠦᠭᠰᠢᠭᠦᠷᠢ᠎ᠪᠠᠨ ᠵᠠᠳᠠᠷᠠᠭᠤᠯᠬᠤ᠂ ᠵᠢᠷᠤᠮᠵᠢᠭᠤᠨ ᠠᠵᠢᠯᠯᠠᠭᠤᠯᠬᠤ》 ᠵᠠᠷᠴᠢᠮ ᠶᠣᠰᠣᠭ᠋ᠠᠷ᠂ ᠰᠠᠭᠤᠷᠢ ᠮᠥᠩᠭᠦᠨ᠎ᠤ ᠡᠳ᠋ ᠬᠥᠷᠥᠩᠭᠡ᠎ᠪᠠᠨ ᠨᠡᠮᠡᠭᠳᠡᠭᠦᠯᠬᠦ ᠵᠢ ᠪᠡᠶᠡᠯᠡᠭᠦᠯᠵᠦ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ᠂ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠵᠢ ᠲᠡᠳᠭᠦᠨ ᠳᠡᠮᠵᠢᠬᠦ᠎ᠳᠤ ᠪᠦᠲᠦᠮᠵᠢᠲᠡᠢ ᠮᠥᠩᠭᠦᠨ ᠭᠦᠢ᠍ᠯᠭᠡᠭᠡᠨ᠎ᠤ ᠳᠡᠮᠵᠢᠯᠭᠡ ᠪᠠ ᠦᠢ᠍ᠯᠡᠴᠢᠯᠡᠭᠡ ᠬᠠᠩᠭ᠋ᠠᠨ᠎ᠠ; ᠰᠠᠯᠬᠢᠨ ᠭᠦᠴᠦᠨ᠎ᠤ ᠴᠠᠬᠢᠯᠭ᠋ᠠᠨ᠂ ᠭᠡᠷᠡᠯᠴᠢ ᠴᠡᠨᠡᠭ᠎ᠤᠨ ᠪᠦᠲᠦᠭᠡᠨ ᠪᠠᠶ᠋ᠢᠭᠤᠯᠤᠯᠲᠠ ᠵᠢᠨ ᠭᠦᠢ᠍ᠴᠡᠳᠭᠡᠯ ᠲᠤᠭ᠎ᠠ ᠵᠢ ᠤᠷᠢᠳ ᠵᠶ᠋ᠠᠷ ᠲᠣᠬᠢᠷᠠᠭᠤᠯᠵᠤ᠂ ᠬᠥᠬᠡᠬᠤᠲᠠ ᠵᠢᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠰᠢᠨ᠎ᠡ ᠡᠨᠧᠷᠭᠢ ᠵᠢᠨ ᠡᠨᠧᠷᠭᠢ ᠲᠣᠣᠷ ᠳᠠᠭ᠋ᠠᠭ᠋ᠠᠴᠠ ᠨᠦᠬᠡᠴᠡ ᠵᠢᠨ ᠨᠢᠭᠡ ᠴᠣᠭᠴᠠᠵᠢᠭᠤᠯᠬᠤ ᠲᠥᠬᠦᠷ ᠪᠦᠲᠦᠭᠡᠨ ᠪᠠᠶ᠋ᠢᠭᠤᠯᠤᠯᠲᠠ ᠵᠢ ᠬᠡᠷᠡᠭᠵᠢᠭᠦᠯᠬᠦ ᠵᠢ᠎ᠨᠢ ᠳᠡᠮᠵᠢᠨ᠎ᠡ; ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠭᠦᠢ᠍ᠴᠡᠳᠬᠡᠯ ᠲᠤᠭ᠎ᠠ ᠵᠡᠷᠭᠡ ᠭᠦᠢ᠍ᠴᠡᠳᠬᠡᠯ ᠲᠣᠭ᠋ᠠᠨ᠎ᠤ ᠬᠤᠪᠢᠶᠠᠷᠢᠯᠠᠯ᠎ᠤᠨ ᠲᠠᠯ᠎ᠠ᠎ᠪᠠᠷ ᠭᠦᠢ᠍ᠴᠡᠳᠬᠡᠯ ᠲᠤᠭ᠎ᠠ ᠵᠢ ᠠᠰᠲᠤᠨᠢ ᠵᠢᠭᠰᠠᠭ᠋ᠠᠬᠤ ᠠᠷᠭ᠎ᠠ ᠵᠢ ᠠᠪᠴᠤ ᠬᠥᠳᠡᠯᠦᠩᠭᠦᠢ ᠬᠠᠮᠢᠶᠠᠷᠤᠨ᠎ᠠ; ᠭᠠᠵᠠᠷ ᠰᠢᠷᠣᠢ ᠬᠡᠷᠡᠭᠯᠡᠬᠦ᠂ ᠡᠨᠧᠷᠭᠢ ᠬᠡᠷᠡᠭᠯᠡᠬᠦ᠂ ᠤᠰᠤ ᠬᠡᠷᠡᠭᠯᠡᠬᠦ ᠵᠡᠷᠭᠡ ᠬᠢᠵᠠᠭ᠋ᠠᠷᠯᠠᠯ᠎ᠤᠨ ᠴᠢᠨᠠᠷᠲᠠᠢ ᠭᠦᠢ᠍ᠴᠡᠳᠬᠡᠯ ᠲᠣᠭ᠋ᠠᠨ᠎ᠤ ᠲᠠᠯ᠎ᠠ᠎ᠪᠠᠷ ᠵᠣᠬᠢᠬᠤ ᠬᠡᠮᠵᠢᠶ᠎ᠡ᠎ᠪᠠᠷ ᠬᠡᠯᠪᠡᠶ᠋ᠢᠯᠭᠡᠵᠦ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠥᠭᠵᠢᠯᠲᠡ ᠵᠢᠨ ᠬᠡᠷᠡᠭᠴᠡᠭᠡ ᠵᠢ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠡ᠂ ᠳᠤᠮᠳᠠᠳᠤ ᠤᠯᠤᠰ᠎ᠤᠨ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
4. ᠪᠦᠲᠦᠭᠡᠨ ᠪᠠᠶ᠋ᠢᠭᠤᠯᠤᠯᠲᠠ ᠡᠵᠡᠩᠨᠡᠬᠦ ᠠᠵᠢᠯᠯᠠᠭ᠋ᠠᠨ᠎ᠤ ᠵᠠᠭᠪᠤᠷ᠎ᠲᠤ ᠰᠢᠨ᠎ᠡ ᠵᠢ ᠡᠭᠦᠳᠦᠨ᠎ᠡ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠢ ᠨᠡᠭᠡᠭᠡᠨ ᠬᠥᠭᠵᠢᠭᠦᠯᠦᠨ ᠪᠦᠲᠦᠭᠡᠨ ᠪᠠᠶ᠋ᠢᠭᠤᠯᠤᠭᠰᠠᠨ ᠭᠤᠣᠯ ᠴᠣᠭᠴᠠ ᠵᠢᠨ ᠡᠳ᠋ ᠬᠥᠷᠥᠩᠭᠡ᠎ᠪᠠᠨ ᠰᠢᠯᠢᠳᠡᠭᠵᠢᠭᠦᠯᠦᠨ ᠳᠠᠬᠢᠨ ᠵᠣᠬᠢᠶᠠᠨ ᠪᠠᠶ᠋ᠢᠭᠤᠯᠬᠤ ᠵᠢ᠎ᠨᠢ ᠳᠡᠮᠵᠢᠨ᠎ᠡ; ᠨᠦᠭᠦᠴᠡᠯ᠎ᠳᠤ ᠨᠡᠶ᠋ᠢᠴᠡᠭᠰᠡᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠢ ᠨᠡᠭᠡᠭᠡᠨ ᠬᠥᠭᠵᠢᠭᠦᠯᠦᠨ ᠪᠦᠲᠦᠭᠡᠨ ᠪᠠᠶ᠋ᠢᠭᠤᠯᠤᠭᠰᠠᠨ ᠭᠤᠣᠯ ᠴᠣᠭᠴᠠ ᠵᠢᠨ ᠠᠩᠬ᠎ᠠ ᠤᠳᠠᠭ᠎ᠠ ᠢᠯᠡ᠎ᠪᠠᠷ ᠰᠲ᠋ᠣᠺ ᠲᠠᠷᠬᠠᠭ᠋ᠠᠵᠤ ᠵᠠᠬ᠎ᠠ ᠳᠡᠯᠭᠡᠭᠦᠷ᠎ᠲᠤ ᠭᠠᠷᠬᠤ᠎ᠪᠠᠷ ᠭᠤᠶᠤᠴᠢᠯᠠᠬᠤ ᠵᠢ᠎ᠨᠢ ᠳᠡᠮᠵᠢᠨ᠎ᠡ; ᠠᠷᠠᠳ᠎ᠠᠴᠠ ᠡᠵᠡᠩᠨᠡᠭᠰᠡᠨ ᠬᠥᠷᠥᠩᠭᠡ ᠪᠠ ᠨᠡᠶ᠋ᠢᠭᠡᠮ᠎ᠤᠨ ᠬᠥᠷᠥᠩᠭᠡ ᠵᠢᠨ ᠣᠨᠴᠠᠯᠢᠭᠲᠤ ᠠᠵᠤ ᠦᠢ᠍ᠯᠡᠰ᠎ᠤᠨ ᠬᠦᠷᠢᠶᠡᠯᠡᠩ᠎ᠢ ᠬᠠᠮᠲᠤ᠎ᠪᠠᠷ ᠨᠡᠭᠡᠭᠡᠨ ᠬᠥᠭᠵᠢᠭᠦᠯᠬᠦ᠂ ᠪᠦᠲᠦᠭᠡᠨ ᠪᠠᠶ᠋ᠢᠭᠤᠯᠬᠤ᠂ ᠬᠠᠮᠢᠶᠠᠷᠬᠤ ᠵᠢ᠎ᠨᠢ ᠳᠡᠮᠵᠢᠵᠦ᠂ ᠵᠥᠪᠰᠢᠶᠡᠷᠡᠨ ᠣᠷᠣᠭᠤᠯᠬᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠳᠥᠭᠦᠮ ᠳᠥᠲᠡ ᠦᠢ᠍ᠯᠡᠴᠢᠯᠡᠭᠡᠨ ᠬᠦᠷᠲᠡᠭᠡᠬᠦ ᠵᠡᠷᠭᠡ ᠲᠠᠯ᠎ᠠ᠎ᠳᠤ ᠳᠡᠮᠵᠢᠯᠭᠡ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠳᠤᠮᠳᠠᠳᠤ ᠤᠯᠤᠰ᠎ᠤᠨ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠬᠤᠶᠠᠷ) ᠣᠳᠣ ᠦᠶ᠎ᠡ ᠵᠢᠨ ᠠᠵᠤ ᠦᠢ᠍ᠯᠡᠰ᠎ᠢ ᠪᠥᠭᠡᠮᠨᠡᠷᠡᠭᠦᠯᠦᠨ ᠬᠥᠭᠵᠢᠭᠦᠯᠬᠦ ᠵᠢ ᠠᠬᠢᠭᠤᠯᠤᠨ᠎ᠠ᠃
5. ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠠᠷᠭ᠎ᠠ ᠵᠠᠮ ᠪᠠ ᠵᠦᠭ ᠴᠢᠭᠯᠡᠯ᠎ᠢ ᠲᠣᠳᠣᠷᠬᠠᠢ ᠪᠣᠯᠭ᠋ᠠᠨ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠴᠢᠩᠭ᠎ᠠ ᠡᠵᠡᠮᠳᠡᠵᠦ᠂ ᠤᠳᠤᠷᠢᠳᠤᠮᠵᠢ ᠪᠣᠯᠬᠤ ᠠᠵᠤ ᠦᠢ᠍ᠯᠡᠰ᠎ᠤᠨ ᠪᠥᠬᠦ ᠦᠵᠡᠮᠵᠢ ᠵᠢᠨ ᠵᠢᠷᠤᠭ᠎ᠢ ᠨᠠᠶ᠋ᠢᠷᠠᠭᠤᠯᠤᠨ ᠵᠣᠬᠢᠶᠠᠵᠤ᠂ ᠣᠳᠣ ᠦᠶ᠎ᠡ ᠵᠢᠨ ᠠᠵᠤ ᠦᠢ᠍ᠯᠡᠰ᠎ᠤᠨ ᠠᠮᠢ ᠠᠬᠤᠢ ᠵᠢᠨ ᠲᠣᠭᠲᠠᠯᠴᠠᠭ᠎ᠠ ᠵᠢ ᠴᠣᠭᠴᠠᠯᠠᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠎ᠨᠢ ᠥᠪᠡᠷ ᠥᠪᠡᠷ᠎ᠤᠨ ᠵᠶ᠋ᠠᠨ ᠭᠤᠣᠯᠳᠠᠯᠭ᠎ᠠ᠎ᠲᠠᠢ ᠪᠠᠶ᠋ᠢᠵᠤ᠂ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢ᠍ᠯᠡᠰ᠎ᠤᠨ ᠰᠠᠭᠤᠷᠢ᠂ ᠣᠷᠴᠢᠨ ᠲᠣᠭᠤᠷᠢᠨ᠎ᠤ ᠪᠠᠭᠲᠠᠭ᠋ᠠᠮᠵᠢ ᠵᠡᠷᠭᠡ ᠬᠦᠴᠦᠨ ᠵᠦᠢ᠍ᠯ᠎ᠯᠦᠭᠡ ᠤᠶᠠᠯᠳᠤᠭᠤᠯᠤᠨ ᠥᠪᠡᠷ᠎ᠤᠨ ᠣᠨᠴᠠᠯᠢᠭ ᠪᠦᠬᠦᠢ ᠤᠳᠤᠷᠢᠳᠤᠮᠵᠢ ᠪᠣᠯᠬᠤ ᠠᠵᠤ ᠦᠢ᠍ᠯᠡᠰ ᠵᠶ᠋ᠠᠨ ᠲᠣᠭᠲᠠᠭ᠋ᠠᠨ᠂ ᠢᠵᠢᠯᠢᠰᠢᠬᠦ ᠬᠠᠨᠳᠤᠰᠢ᠎ᠠᠴᠠ ᠵᠠᠶ᠋ᠢᠯᠠᠰᠬᠢᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠠᠶ᠋ᠢᠮᠠᠭ ᠬᠤᠲᠠ ᠵᠢᠨ᠎ᠬᠢᠨ᠎ᠤ ᠴᠢᠬᠤᠯᠠ ᠶᠡᠭᠡ ᠠᠵᠤ ᠦᠢ᠍ᠯᠡᠰ᠎ᠤᠨ ᠲᠥᠷᠥᠯ ᠵᠦᠢ᠍ᠯ᠎ᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠤᠷᠢᠳ ᠵᠶ᠋ᠠᠷ ᠲᠥᠯᠥᠪᠵᠢᠭᠦᠯᠦᠨ ᠪᠠᠶ᠋ᠢᠷᠢᠰᠢᠭᠤᠯᠬᠤ ᠵᠢ ᠵᠣᠷᠢᠭᠵᠢᠭᠤᠯᠵᠤ᠂ ᠬᠥᠲᠥᠴᠢ ᠠᠵᠤ ᠠᠬᠤᠶ᠋ᠢᠯᠠᠯ᠂ ᠲᠣᠯᠣᠭ᠋ᠠᠶ᠋ᠢᠯᠠᠭᠴᠢ ᠠᠵᠤ ᠠᠬᠤᠶ᠋ᠢᠯᠠᠯ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ ᠪᠣᠶ᠋ᠢᠵᠢᠭᠤᠯᠤᠨ᠂ ᠤᠳᠤᠷᠢᠳᠤᠮᠵᠢ ᠪᠣᠯᠬᠤ ᠠᠵᠤ ᠦᠢ᠍ᠯᠡᠰ᠎ᠤᠨ ᠳᠡᠰ ᠳᠡᠪᠰᠢᠬᠦ ᠵᠢ ᠭᠤᠣᠯᠳᠠᠯᠭ᠎ᠠ᠎ᠲᠠᠢ ᠠᠬᠢᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
6. ᠳᠡᠭᠡᠳᠦ ᠰᠢᠯᠢᠳᠡᠭ ᠣᠬᠢ ᠠᠵᠤ ᠦᠢ᠍ᠯᠡᠰ᠎ᠤᠨ ᠪᠦᠯᠦᠭᠵᠢᠯ᠎ᠢ ᠪᠣᠶ᠋ᠢᠵᠢᠭᠤᠯᠤᠨ᠎ᠠ᠃ ᠠᠮᠢᠳᠤ ᠪᠣᠳᠠᠰ᠎ᠤᠨ ᠮᠡᠷᠭᠡᠵᠢᠯ᠂ ᠳᠡᠭᠡᠳᠦ ᠳᠡᠰ᠎ᠤᠨ ᠲᠣᠨᠤᠭ ᠲᠥᠬᠦᠭᠡᠷᠦᠮᠵᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳ᠋ᠢᠵᠢᠲ᠋ᠠᠯ ᠠᠵᠤ ᠦᠢ᠍ᠯᠡᠰ᠂ ᠪᠣᠬᠢᠷᠲᠤᠯ ᠦᠭᠡᠢ ᠢᠳᠡᠭᠡᠨ᠎ᠤ ᠵᠦᠢ᠍ᠯ᠎ᠢ ᠡᠳ᠋ᠰᠢᠭᠦᠯᠦᠨ ᠪᠣᠯᠪᠠᠰᠤᠷᠠᠭᠤᠯᠬᠤ᠂ ᠠᠮᠢᠳᠤ ᠪᠣᠳᠠᠰ᠎ᠤᠨ ᠡᠮ ᠡᠮᠨᠡᠯᠭᠡ᠂ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠣᠨᠤᠭ ᠲᠥᠬᠦᠭᠡᠷᠦᠮᠵᠢ ᠦᠢ᠍ᠯᠡᠳᠬᠦ ᠵᠡᠷᠭᠡ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠣᠢ ᠪᠣᠯᠣᠭᠰᠠᠨ ᠠᠵᠤ ᠦᠢ᠍ᠯᠡᠰ᠎ᠢ ᠭᠤᠣᠯᠳᠠᠯᠭ᠎ᠠ᠎ᠲᠠᠢ ᠬᠥᠭᠵᠢᠭᠦᠯᠵᠦ᠂ ᠳ᠋ᠢᠵᠢᠲ᠋ᠠᠯ ᠠᠵᠤ ᠠᠬᠤᠢ ᠵᠢ ᠶᠡᠭᠡ᠎ᠪᠠᠷ ᠬᠥᠭᠵᠢᠭᠦᠯᠦᠨ᠂ ᠠᠵᠤ ᠦᠢ᠍ᠯᠡᠰ᠎ᠤᠨ ᠲᠣᠭ᠋ᠠᠵᠢᠭᠤᠯᠤᠯᠲᠠ ᠪᠠ ᠲᠣᠭ᠋ᠠᠵᠢᠭᠤᠯᠤᠯᠲᠠ ᠵᠢᠨ ᠠᠵᠤ ᠦᠢ᠍ᠯᠡᠰᠵᠢᠯᠲᠡ ᠵᠢ ᠠᠬᠢᠭᠤᠯᠤᠨ᠎ᠠ; ᠲᠡᠷᠢᠭᠦᠨ᠎ᠤ ᠦᠢ᠍ᠯᠡᠳᠬᠦ ᠦᠢ᠍ᠯᠡᠰ᠎ᠤᠨ ᠠᠵᠤ ᠠᠬᠤᠶ᠋ᠢᠯᠠᠯ᠂ ᠲᠤᠰᠬᠠᠶ᠋ᠢᠵᠢᠭᠰᠠᠨ ᠰᠣᠳᠣᠨ ᠥᠪᠡᠷᠮᠢᠴᠡ ᠰᠢᠨ᠎ᠡ ᠵᠢᠵᠢᠭ ᠠᠲᠠᠯ᠎ᠠ ᠠᠪᠤᠷᠭᠤ ᠠᠵᠤ ᠠᠬᠤᠶ᠋ᠢᠯᠠᠯ᠂ ᠵᠠᠩᠬᠢᠯᠠᠭ᠎ᠠ ᠵᠢᠨ ᠰᠡᠯᠪᠢᠭ ᠲᠣᠨᠤᠭ ᠪᠠ ᠵᠠᠪᠰᠠᠷ᠎ᠤᠨ ᠦᠢ᠍ᠯᠡᠳᠭᠦᠨ ᠦᠢ᠍ᠯᠡᠳᠬᠦ ᠠᠵᠤ ᠠᠬᠤᠶ᠋ᠢᠯᠠᠯ᠎ᠢ ᠲᠦᠷᠭᠡᠪᠴᠢᠯᠡᠨ ᠣᠷᠣᠭᠤᠯᠵᠤ ᠠᠪᠴᠢᠷᠠᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠤᠯᠤᠰ᠎ᠤᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠭᠦᠯᠦᠯᠲᠡ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠡᠭᠦᠳᠦᠨ ᠪᠠᠶ᠋ᠢᠭᠤᠯᠬᠤ ᠵᠢ ᠳᠡᠮᠵᠢᠵᠦ᠂ ᠠᠵᠤ ᠠᠬᠤᠶ᠋ᠢᠯᠠᠯ᠎ᠤᠨ ᠰᠢᠨ᠎ᠡ᠎ᠪᠠᠷ ᠪᠣᠢ ᠪᠣᠯᠣᠭᠰᠠᠨ ᠠᠵᠤ ᠦᠢ᠍ᠯᠡᠰ᠎ᠤᠨ ᠬᠥᠭᠵᠢᠯᠲᠡ ᠵᠢᠨ ᠬᠤᠯᠪᠣᠭ᠎ᠠ ᠪᠠ ᠠᠵᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠬᠤᠯᠪᠣᠭ᠎ᠠ ᠪᠠᠶ᠋ᠢᠭᠤᠯᠬᠤ ᠵᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
7. ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠷᠠᠭᠤᠯᠤᠨ᠂ ᠰᠢᠨ᠎ᠡ ᠵᠢ ᠡᠭᠦᠳᠦᠨ ᠦᠢ᠍ᠯᠡᠰ ᠴᠣᠭᠴᠠᠯᠠᠬᠤ ᠣᠷᠴᠢᠨ ᠨᠦᠭᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠦᠨ ᠬᠥᠭᠵᠢᠬᠦ᠎ᠳᠤ ᠦᠢ᠍ᠯᠡᠴᠢᠯᠡᠵᠦ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠴᠦ ᠦᠢ᠍ᠯᠡᠰ ᠴᠣᠭᠴᠠᠯᠠᠬᠤ ᠲᠥᠷᠥ ᠵᠢᠨ ᠪᠣᠳᠣᠯᠭ᠎ᠠ ᠵᠢᠨ ᠠᠰᠢᠭ᠎ᠢ ᠭᠦᠢ᠍ᠴᠡᠳ ᠬᠦᠷᠲᠡᠬᠦ ᠵᠢ᠎ᠨᠢ ᠳᠡᠮᠵᠢᠨ᠎ᠡ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ ᠪᠠ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠬᠡᠪᠴᠢᠶ᠎ᠡ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠨᠢᠭᠡ ᠪᠦᠯᠦᠭ ᠤᠯᠤᠰ᠎ᠤᠨ ᠳᠡᠰ᠎ᠤᠨ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠭᠤᠣᠯᠳᠠᠯᠭ᠋ᠠᠲᠤ ᠲᠤᠷᠰᠢᠯᠲᠠ ᠵᠢᠨ ᠲᠠᠰᠤᠭ᠂ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠥᠪ᠂ ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡᠨ᠎ᠤ ᠲᠥᠪ ᠵᠡᠷᠭᠡ ᠰᠢᠨ᠎ᠡ ᠵᠢ ᠡᠭᠦᠳᠬᠦ ᠲᠠᠪᠴᠠᠩ ᠪᠠᠶ᠋ᠢᠭᠤᠯᠬᠤ ᠵᠢ ᠳᠡᠮᠵᠢᠵᠦ᠂ ᠠᠵᠤ ᠠᠬᠤᠶ᠋ᠢᠯᠠᠯ᠎ᠢ ᠰᠤᠳᠤᠯᠤᠨ ᠨᠡᠭᠡᠭᠡᠬᠦ ᠣᠷᠤᠭᠤᠯᠤᠯᠲᠠ᠎ᠪᠠᠨ ᠨᠡᠮᠡᠭᠳᠡᠭᠦᠯᠬᠦ᠎ᠪᠠᠷ ᠬᠥᠲᠥᠯᠥᠨ ᠵᠢᠯᠣᠭᠤᠳᠴᠦ᠂ ᠰᠢᠨ᠎ᠡ ᠵᠢ ᠡᠭᠦᠳᠦᠨ ᠬᠥᠭᠵᠢᠬᠦ ᠴᠢᠳᠠᠪᠤᠷᠢ᠎ᠪᠠᠨ ᠲᠦᠷᠭᠡᠳᠭᠡᠨ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠵᠤ ᠬᠥᠭᠵᠢᠬᠦ᠎ᠳᠤ ᠬᠦᠴᠦᠲᠡᠢ ᠪᠠᠲᠤᠯᠠᠭ᠎ᠠ ᠬᠠᠩᠭ᠋ᠠᠨ᠎ᠠ᠃ ᠨᠦᠭᠦᠴᠡᠯ᠎ᠳᠤ ᠨᠡᠶ᠋ᠢᠴᠡᠭᠰᠡᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ᠂ ᠣᠯᠠᠨ ᠵᠶ᠋ᠠᠷ ᠵᠶ᠋ᠠᠨ ᠰᠢᠨ᠎ᠡ ᠵᠢ ᠡᠭᠦᠳᠴᠦ ᠦᠢ᠍ᠯᠡᠰ ᠴᠣᠭᠴᠠᠯᠠᠬᠤ ᠣᠷᠣᠨ ᠵᠠᠢ ᠵᠡᠷᠭᠡ ᠰᠢᠨ᠎ᠡ ᠵᠢ ᠡᠭᠦᠳᠴᠦ ᠦᠢ᠍ᠯᠡᠰ ᠴᠣᠭᠴᠠᠯᠠᠬᠤ ᠠᠴᠢᠶᠠᠯᠠᠪᠤᠷᠢ ᠪᠠᠶ᠋ᠢᠭᠤᠯᠵᠤ᠂ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠥᠳᠡᠯᠭᠡᠭᠴᠢ ᠬᠦᠴᠦᠨ ᠪᠣᠶ᠋ᠢᠵᠢᠭᠤᠯᠬᠤ ᠵᠢ᠎ᠨᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
8. ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠭᠡᠨ ᠬᠥᠭᠵᠢᠭᠦᠯᠦᠨ᠎ᠡ᠃ ᠲᠤᠰᠬᠠᠢ ᠠᠰᠢᠭ᠎ᠤᠨ ᠵᠠᠮᠴᠢᠯᠠᠭᠤᠷ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠡᠵᠡᠩᠨᠡᠨ ᠠᠵᠢᠯᠯᠠᠭᠤᠯᠬᠤ ᠪᠠ ᠡᠷᠬᠡ ᠠᠰᠢᠭ ᠵᠶ᠋ᠠᠨ ᠬᠠᠮᠠᠭ᠋ᠠᠯᠠᠬᠤ ᠲᠤᠰᠠᠯᠠᠮᠵᠢ ᠵᠢᠨ ᠠᠵᠢᠯ᠎ᠢ ᠶᠡᠭᠡ᠎ᠪᠠᠷ ᠥᠷᠨᠢᠭᠦᠯᠦᠨ᠂ ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ᠂ ᠪᠠᠷᠠᠭ᠋ᠠᠨ᠎ᠤ ᠭᠦᠢ᠍ᠯᠭᠡᠭᠡ᠂ ᠦᠵᠡᠰᠭᠦᠯᠡᠩ ᠴᠤᠭᠯᠠᠭ᠋ᠠᠨ᠂ ᠮᠥᠩᠭᠦᠨ ᠭᠦᠢ᠍ᠯᠭᠡᠭᠡ᠂ ᠣᠶᠣᠨ᠎ᠤ ᠬᠥᠮᠥᠷᠭᠡ᠂ ᠬᠠᠤᠯᠢ ᠴᠠᠭ᠋ᠠᠵᠠ᠂ ᠮᠡᠳᠡᠯᠭᠡ ᠵᠢᠨ ᠥᠮᠴᠢᠯᠡᠯ᠎ᠤᠨ ᠡᠷᠬᠡ᠂ ᠰᠢᠯᠭ᠋ᠠᠨ ᠪᠠᠶ᠋ᠢᠴᠠᠭ᠋ᠠᠵᠤ ᠰᠢᠯᠭ᠋ᠠᠨ ᠬᠡᠮᠵᠢᠬᠦ ᠭᠡᠷᠡᠴᠢᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠬᠦ ᠵᠢ ᠵᠣᠷᠢᠭᠵᠢᠭᠤᠯᠵᠤ᠂ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠤᠨ ᠲᠤᠰᠬᠠᠶ᠋ᠢᠵᠢᠬᠤ ᠪᠠ ᠥᠷᠳᠡᠭ᠎ᠤᠨ ᠬᠡᠯᠬᠢᠶᠡᠨ᠎ᠤ ᠳᠡᠭᠡᠳᠦ ᠦᠵᠦᠭᠦᠷ ᠲᠡᠶ᠋ᠢᠰᠢ ᠤᠷᠲᠤᠳᠬᠠᠬᠤ ᠵᠢ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠠᠵᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠪᠠ ᠪᠣᠳᠠᠲᠤ ᠴᠣᠭᠴᠠ ᠵᠢᠨ ᠠᠵᠤ ᠠᠬᠤᠢ ᠵᠢᠨ ᠬᠥᠭᠵᠢᠯᠲᠡ ᠵᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠭᠤᠷᠪᠠ) ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
9. ᠭᠠᠳᠠᠭ᠋ᠠᠳᠤ ᠪᠡᠯᠡ ᠵᠢᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠡᠷᠴᠢᠮ᠎ᠢ ᠴᠢᠩᠭ᠋ᠠᠷᠠᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ ᠪᠠ ᠪᠠᠶ᠋ᠢᠭ᠎ᠠ ᠭᠠᠵᠠᠷ᠎ᠤᠨ ᠠᠶ᠋ᠢᠮᠠᠭ ᠬᠤᠲᠠ ᠵᠢ ᠵᠣᠷᠢᠭᠵᠢᠭᠤᠯᠵᠤ ᠪᠠᠶ᠋ᠢᠭ᠋ᠠᠳ ᠣᠷᠣᠨ ᠪᠦᠰᠡ ᠵᠢᠨ ᠣᠨᠴᠠᠯᠢᠭ ᠪᠠ ᠡᠬᠢ ᠪᠠᠶᠠᠯᠢᠭ᠎ᠤᠨ ᠳᠠᠪᠠᠭᠤᠯᠢᠭ᠎ᠲᠠᠢ᠎ᠪᠠᠨ ᠤᠶᠠᠯᠳᠤᠭᠤᠯᠤᠨ᠂ ᠭᠠᠳᠠᠭ᠋ᠠᠳᠤ ᠪᠡᠯᠡ ᠵᠢᠨ ᠬᠥᠭᠵᠢᠯᠲᠡ ᠵᠢ ᠳᠡᠮᠵᠢᠬᠦ ᠪᠠ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠠᠬᠢᠭᠤᠯᠬᠤ ᠲᠥᠬᠦᠷ ᠠᠷᠭ᠎ᠠ ᠪᠠᠷᠢᠯ᠎ᠢ ᠲᠤᠬᠠᠢ ᠵᠢᠨ ᠭᠠᠵᠠᠷ᠎ᠲᠤ᠎ᠪᠠᠨ ᠲᠣᠬᠢᠷᠠᠭᠤᠯᠤᠨ ᠲᠣᠭᠲᠠᠭ᠋ᠠᠵᠤ᠂ ᠲᠣᠰ ᠣᠷᠣᠨ ᠪᠦᠰᠡ ᠵᠢᠨ ᠵᠶ᠋ᠠᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠤᠯᠲᠠ ᠵᠢᠨ ᠵᠢᠯᠣᠭᠤᠳᠤᠮᠵᠢ ᠵᠢ ᠨᠠᠶ᠋ᠢᠷᠠᠭᠤᠯᠤᠨ ᠵᠣᠬᠢᠶᠠᠬᠤ ᠪᠠ ᠨᠡᠶ᠋ᠢᠲᠡᠯᠡᠨ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠤᠯᠲᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠦᠨ᠂ ᠭᠠᠳᠠᠭ᠋ᠠᠳᠤ ᠪᠡᠯᠡ ᠵᠢᠨ ᠲᠥᠷᠥᠯ ᠵᠦᠢ᠍ᠯ᠎ᠤᠨ ᠪᠣᠳᠠᠲᠠᠶ᠋ᠢᠵᠢᠭᠤᠯᠤᠯᠲᠠ ᠪᠠ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠨ᠎ᠠ᠃ ᠡᠯ᠎ᠡ ᠭᠠᠵᠠᠷ ᠣᠷᠣᠨ᠎ᠤ ᠬᠠᠤᠯᠢ᠎ᠠᠴᠠ ᠲᠣᠭᠲᠠᠭ᠋ᠠᠭᠰᠠᠨ ᠡᠷᠬᠡ ᠲᠤᠰᠢᠶᠠᠯ᠎ᠤᠨ ᠬᠡᠪᠴᠢᠶᠡᠨ᠎ᠳᠤ᠎ᠪᠠᠨ᠂ 《ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠤᠯᠲᠠ ᠵᠢᠨ ᠣᠷᠴᠢᠨ ᠨᠦᠭᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠤᠯᠲᠠ ᠵᠢ ᠲᠠᠲᠠᠨ ᠠᠪᠴᠢᠷᠠᠬᠤ ᠡᠷᠴᠢᠮ ᠵᠶ᠋ᠠᠨ ᠴᠢᠩᠭ᠋ᠠᠷᠠᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2023] 11 ᠳ᠋ᠦ᠍ᠭᠡᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠨ᠂ ᠭᠤᠣᠯᠳᠠᠯᠭ᠎ᠠ᠎ᠲᠠᠢ ᠤᠯᠤᠰ ᠠᠯᠤᠰᠯᠠᠭᠰᠠᠨ ᠺᠣᠮᠫᠠᠨᠢ ᠵᠢᠨ ᠪᠡᠯᠡ ᠣᠷᠤᠭᠤᠯᠤᠯᠲᠠ ᠵᠢᠨ ᠲᠥᠷᠥᠯ ᠵᠦᠢ᠍ᠯ᠎ᠳᠤ ᠳᠡᠮᠵᠢᠯᠭᠡ ᠦᠵᠡᠭᠦᠯᠬᠦ ᠵᠢ᠎ᠨᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠭᠠᠳᠠᠭ᠋ᠠᠳᠤ ᠠᠷᠠᠯᠵᠢᠶ᠎ᠠ ᠵᠢ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠴᠢᠨᠠᠷ᠎ᠢ᠎ᠨᠢ ᠳᠡᠭᠡᠭᠰᠢᠯᠡᠭᠦᠯᠬᠦ ᠵᠢ ᠠᠬᠢᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠠᠶ᠋ᠢᠭ᠎ᠠ ᠠᠶ᠋ᠢᠮᠠᠭ ᠬᠤᠲᠠ᠎ᠠᠴᠠ ᠭᠠᠳᠠᠭ᠋ᠠᠳᠤ ᠠᠷᠠᠯᠵᠢᠶᠠᠨ᠎ᠤ ᠬᠡᠪᠴᠢᠶ᠎ᠡ ᠵᠢ ᠲᠣᠭᠲᠠᠭᠤᠨ ᠪᠠᠶ᠋ᠢᠯᠭ᠋ᠠᠵᠤ ᠪᠦᠲᠦᠴᠡ ᠵᠢ ᠰᠢᠯᠢᠳᠡᠭᠵᠢᠭᠦᠯᠬᠦ ᠵᠢ ᠠᠬᠢᠭᠤᠯᠬᠤ ᠬᠠᠮᠢᠶ᠎ᠠ ᠪᠦᠬᠦᠢ ᠬᠥᠭᠵᠢᠭᠦᠯᠦᠯᠲᠡ ᠵᠢᠨ ᠠᠷᠭ᠎ᠠ ᠬᠡᠮᠵᠢᠶ᠎ᠡ ᠲᠣᠭᠲᠠᠭ᠋ᠠᠬᠤ ᠵᠢ ᠵᠣᠷᠢᠭᠵᠢᠭᠤᠯᠵᠤ᠂ ᠠᠷᠠᠯᠵᠢᠶ᠎ᠠ ᠪᠠ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠤᠨ᠂ ᠨᠢᠭᠡ ᠪᠦᠯᠦᠭ ᠣᠨᠴᠠᠯᠢᠭ ᠵᠶ᠋ᠠᠷ ᠢᠯᠡ ᠲᠣᠳᠣ᠂ ᠳᠠᠪᠠᠭᠤᠯᠢᠭ ᠵᠶ᠋ᠠᠷ ᠲᠣᠪᠣᠶ᠋ᠢᠮ᠎ᠠ ᠭᠠᠳᠠᠭ᠋ᠠᠳᠤ ᠠᠷᠠᠯᠵᠢᠶᠠᠨ᠎ᠤ ᠠᠵᠤ ᠦᠢ᠍ᠯᠡᠰ᠎ᠤᠨ ᠪᠦᠯᠦᠭᠵᠢᠯ᠎ᠢ ᠴᠣᠭᠴᠠᠯᠠᠨ᠎ᠠ; ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠵᠤ ᠠᠬᠤᠶ᠋ᠢᠯᠠᠯ᠎ᠤᠨ ᠭᠠᠳᠠᠭᠰᠢᠯ ᠠᠵᠤ ᠠᠬᠤᠢ ᠵᠢ ᠬᠥᠭᠵᠢᠭᠦᠯᠬᠦ᠎ᠪᠠᠷ ᠬᠥᠲᠥᠯᠥᠨ ᠵᠢᠯᠣᠭᠤᠳᠬᠤ ᠪᠠ ᠲᠡᠳᠡᠨ᠎ᠳᠤ ᠳᠡᠮᠵᠢᠯᠭᠡ ᠦᠵᠡᠭᠦᠯᠵᠦ᠂ ᠭᠠᠳᠠᠭ᠋ᠠᠳᠤ ᠠᠷᠠᠯᠵᠢᠶᠠᠨ᠎ᠤ ᠡᠵᠡᠩᠨᠡᠯᠲᠡ ᠵᠢᠨ ᠭᠤᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠲᠡᠭᠦᠨ᠎ᠤ ᠵᠠᠬ᠎ᠠ ᠳᠡᠯᠭᠡᠭᠦᠷ ᠵᠶ᠋ᠠᠨ ᠥᠷᠭᠡᠳᠭᠡᠬᠦ᠂ ᠣᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡ ᠲᠡᠭᠡᠭᠡᠪᠦᠷᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠲᠣᠭᠲᠠᠯᠴᠠᠭ᠎ᠠ ᠵᠢ ᠪᠦᠲᠦᠭᠡᠨ ᠪᠠᠶ᠋ᠢᠭᠤᠯᠬᠤ ᠵᠡᠷᠭᠡ᠎ᠳᠤ ᠳᠡᠮᠵᠢᠯᠭᠡ ᠦᠵᠡᠭᠦᠯᠵᠦ᠂ ᠬᠢᠯᠢ ᠵᠢᠨ ᠭᠠᠳᠠᠨᠠᠬᠢ ᠡᠵᠡᠩᠨᠡᠨ ᠪᠣᠷᠣᠯᠠᠭᠤᠯᠬᠤ ᠲᠣᠣᠷ ᠴᠡᠭ ᠪᠠ ᠭᠠᠳᠠᠭ᠋ᠠᠳᠤ ᠵᠢᠨ ᠬᠥᠮᠥᠷᠭᠡ ᠲᠣᠬᠢᠷᠠᠭᠤᠯᠬᠤ ᠵᠢ᠎ᠨᠢ ᠳᠡᠮᠵᠢᠵᠦ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠋ᠠᠨ᠎ᠤ ᠲᠤᠬᠠᠶ᠋ᠢᠯᠠᠭᠰᠠᠨ ᠠᠵᠢᠯ᠎ᠢ ᠬᠥᠭᠵᠢᠭᠦᠯᠦᠨ᠎ᠡ; ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠭᠠᠳᠠᠭ᠋ᠠᠳᠤ ᠠᠷᠠᠯᠵᠢᠶᠠᠨ᠎ᠤ ᠺᠣᠮᠫᠠᠨᠢ ᠵᠢᠨ ᠭᠠᠳᠠᠭ᠋ᠠᠳᠤ᠎ᠳᠤ ᠭᠠᠷᠭ᠋ᠠᠬᠤ ᠢᠲᠡᠭᠡᠮᠵᠢ ᠵᠢᠨ ᠳᠠᠭ᠋ᠠᠳᠬᠠᠯ᠂ ᠭᠠᠳᠠᠭ᠋ᠠᠳᠤ ᠠᠷᠠᠯᠵᠢᠶᠠᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠋ᠠᠨ᠎ᠤ ᠲᠠᠪᠴᠠᠩ᠂ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠡᠷᠭᠡ᠎ᠯᠦᠭᠡ ᠲᠣᠭᠲᠠᠪᠤᠷᠢᠲᠠᠢ ᠦᠢ᠍ᠯᠡᠴᠢᠯᠡᠭᠡᠨ᠎ᠤ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠪᠠᠶ᠋ᠢᠭᠤᠯᠬᠤ ᠵᠢ᠎ᠨᠢ ᠠᠬᠢᠭᠤᠯᠵᠤ᠂ ᠺᠣᠮᠫᠠᠨᠢ ᠵᠢ ᠬᠠᠪᠰᠤᠷᠴᠤ ᠪᠠᠶ᠋ᠢᠭ᠋ᠠᠳ ᠵᠠᠬᠢᠶᠠᠯᠠᠭ᠎ᠠ ᠵᠢᠨ ᠬᠠᠭᠤᠳᠠᠰᠤ ᠵᠢ᠎ᠨᠢ ᠪᠠᠲᠤᠯᠠᠨ᠂ ᠵᠠᠬ᠎ᠠ ᠳᠡᠯᠭᠡᠭᠦᠷ᠎ᠢ ᠲᠣᠭᠲᠠᠭᠤᠨ ᠪᠠᠶ᠋ᠢᠯᠭ᠋ᠠᠨ᠎ᠠ; ᠥᠪᠡᠷ ᠵᠶ᠋ᠠᠨ ᠬᠡᠷᠡᠭᠯᠡᠬᠦ ᠴᠢᠩᠭᠡᠯᠢᠭ᠎ᠤᠨ ᠲᠡᠭᠡᠭᠡᠪᠦᠷᠢ᠂ ᠬᠢᠯᠢ ᠠᠯᠤᠰᠯᠠᠭᠰᠠᠨ ᠡᠭᠡᠯᠵᠢ ᠵᠢᠨ ᠭᠠᠯᠲᠤ ᠲᠡᠷᠭᠡ᠂ ᠠᠴᠢᠶ᠎ᠠ ᠮᠠᠰᠢᠨ᠎ᠤ ᠡᠭᠡᠯᠵᠢ ᠵᠢᠨ ᠲᠡᠷᠭᠡ ᠵᠡᠷᠭᠡ ᠲᠤᠰᠬᠠᠢ ᠬᠡᠷᠡᠭᠯᠡᠭᠡᠨ᠎ᠤ ᠨᠡᠪᠲᠡᠷᠡᠯ ᠵᠠᠮ᠎ᠤᠨ ᠲᠤᠬᠠᠶ᠋ᠢᠯᠠᠭᠰᠠᠨ ᠠᠵᠢᠯ᠎ᠢ ᠥᠷᠭᠡᠳᠬᠦ ᠵᠢ ᠳᠡᠮᠵᠢᠵᠦ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠤᠳᠤᠷᠢᠳᠤᠮᠵᠢ ᠪᠣᠯᠬᠤ ᠠᠵᠤ ᠦᠢ᠍ᠯᠡᠰ᠎ᠲᠠᠢ᠎ᠪᠠᠨ ᠤᠶᠠᠯᠳᠤᠭᠤᠯᠤᠨ᠂ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ᠎ᠤ ᠠᠵᠤ ᠦᠢ᠍ᠯᠡᠰ᠎ᠤᠨ ᠰᠢᠯᠵᠢᠯᠲᠡ ᠵᠢ ᠳᠠᠭ᠋ᠠᠭ᠋ᠠᠨ ᠠᠪᠴᠤ ᠵᠠᠯᠭ᠋ᠠᠭᠤᠯᠬᠤ ᠵᠢ ᠢᠳᠡᠪᠬᠢᠲᠡᠢ ᠥᠷᠨᠢᠭᠦᠯᠬᠦ ᠵᠢ᠎ᠨᠢ ᠵᠣᠷᠢᠭᠵᠢᠭᠤᠯᠤᠨ ᠳᠡᠮᠵᠢᠵᠦ᠂ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ᠎ᠤ ᠲᠥᠷᠥᠯ ᠵᠦᠢ᠍ᠯ᠎ᠢ ᠤᠷᠢᠳ ᠵᠶ᠋ᠠᠷ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠪᠥᠭᠡᠮᠨᠡᠷᠡᠭᠦᠯᠬᠦ ᠵᠢ ᠬᠥᠲᠥᠯᠥᠨ ᠵᠢᠯᠣᠭᠤᠳᠬᠤ ᠵᠢᠨ ᠬᠠᠮᠲᠤ ᠬᠢᠯᠢ ᠵᠢᠨ ᠪᠣᠭᠤᠮᠲᠠ᠎ᠪᠠᠷ ᠥᠩᠭᠡᠷᠡᠭᠡᠬᠦ ᠲᠠᠯ᠎ᠠ᠎ᠪᠠᠷ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠳᠤᠮᠳᠠᠳᠤ ᠤᠯᠤᠰ᠎ᠤᠨ ᠢᠲᠡᠭᠡᠮᠵᠢᠲᠦ ᠵᠢᠭᠡᠯᠡᠯᠭᠡ ᠵᠢᠨ ᠳᠠᠭ᠋ᠠᠳᠬᠠᠯ᠎ᠤᠨ ᠭᠤᠷᠪᠠᠳᠤᠭ᠋ᠠᠷ ᠡᠵᠡᠩᠨᠡᠯᠲᠡ ᠵᠢᠨ ᠬᠡᠯᠲᠡᠰ᠎ᠤᠨ ᠥᠪᠥᠷ ᠮᠣᠩᠭᠤᠯ᠎ᠳᠠᠬᠢ ᠲᠤᠬᠠᠶ᠋ᠢᠯᠠᠭᠰᠠᠨ ᠠᠵᠢᠯ᠎ᠤᠨ ᠭᠠᠵᠠᠷ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠥᠷᠪᠡ) ᠪᠣᠬᠢᠷᠲᠤᠯ ᠦᠭᠡᠢ ᠲᠣᠭ᠋ᠠᠵᠢᠭᠤᠯᠤᠭᠰᠠᠨ ᠣᠶᠤᠨᠴᠢᠯᠠᠭᠰᠠᠨ ᠬᠥᠭᠵᠢᠯᠲᠡ ᠵᠢ ᠠᠬᠢᠭᠤᠯᠤᠨ᠎ᠠ᠃
11. ᠪᠣᠬᠢᠷᠲᠤᠯ ᠦᠭᠡᠢ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠤᠯᠤᠰ᠎ᠤᠨ ᠳᠠᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠦᠲᠦᠭᠡᠨ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ (ᠠᠮᠢ ᠠᠬᠤᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ)᠂ ᠨᠡᠭᠦᠷᠡᠰᠦᠲᠥ᠋ᠷᠥᠭᠴᠢ ᠪᠠᠭ᠋ᠠᠲᠠᠢ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠡᠭᠦᠳᠦᠨ ᠪᠠᠶ᠋ᠢᠭᠤᠯᠬᠤ ᠵᠢ ᠳᠡᠮᠵᠢᠨ᠎ᠡ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠣᠷᠴᠢᠯᠳᠤᠭᠤᠯᠤᠭᠰᠠᠨ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠤᠨ᠂ ᠬᠦᠷᠢᠶᠡᠯᠡᠩ ᠲᠣᠭᠤᠷᠢᠭ᠎ᠲᠠᠬᠢ ᠠᠵᠤ ᠦᠢ᠍ᠯᠡᠰ᠎ᠤᠨ ᠬᠥᠨᠳᠡᠯᠡᠨ ᠵᠶ᠋ᠠᠷ ᠡᠪᠴᠡᠯᠳᠦᠬᠦ᠂ ᠭᠤᠯᠳᠤ᠎ᠪᠠᠷ ᠤᠷᠲᠤᠳᠬᠠᠬᠤ᠂ ᠣᠷᠴᠢᠯᠳᠤᠭᠤᠯᠤᠨ ᠴᠦᠷᠭᠡᠯᠡᠭᠦᠯᠬᠦ ᠵᠢ ᠬᠡᠷᠡᠭᠵᠢᠭᠦᠯᠦᠨ ᠲᠡᠭᠦᠯᠳᠡᠷᠵᠢᠭᠦᠯᠦᠨ᠎ᠡ᠃ ᠣᠯᠠᠨ ᠨᠡᠶ᠋ᠢᠲᠡ ᠵᠢᠨ ᠪᠡᠯᠡᠳᠭᠡᠮᠵᠢ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠳᠤ᠎ᠪᠠᠨ ᠬᠦᠷᠲᠡᠬᠦ᠂ ᠡᠨᠧᠷᠭᠢ ᠵᠢ ᠱᠠᠲᠤᠯᠢᠭ ᠬᠡᠯᠪᠡᠷᠢ᠎ᠪᠠᠷ ᠠᠰᠢᠭᠯᠠᠬᠤ᠂ ᠡᠬᠢ ᠪᠠᠶᠠᠯᠢᠭ᠎ᠢ ᠣᠷᠴᠢᠯᠳᠤᠭᠤᠯᠤᠨ ᠠᠰᠢᠭᠯᠠᠬᠤ ᠪᠠ ᠪᠣᠬᠢᠷᠲᠤᠯ ᠪᠣᠳᠠᠰ᠎ᠢ ᠲᠥᠪᠯᠡᠷᠡᠭᠦᠯᠦᠨ ᠠᠮᠤᠷ ᠲᠦᠪᠰᠢᠨ ᠵᠶ᠋ᠠᠷ ᠰᠢᠢ᠍ᠳᠪᠦᠷᠢᠯᠡᠬᠦ ᠵᠢ ᠢᠳᠡᠪᠬᠢᠲᠡᠢ ᠠᠬᠢᠭᠤᠯᠤᠨ᠂ ᠣᠯᠠᠨ ᠵᠦᠢ᠍ᠯ᠎ᠤᠨ ᠡᠨᠧᠷᠭᠢ ᠵᠢᠨ ᠬᠠᠮᠵᠢᠯᠴᠠᠭᠤᠯᠤᠨ ᠨᠥᠬᠦᠪᠦᠷᠢᠯᠡᠭᠦᠯᠦᠭᠰᠡᠨ᠂ ᠶᠡᠷᠦᠩᠬᠡᠶ᠋ᠢᠯᠡᠨ ᠠᠰᠢᠭᠯᠠᠭᠰᠠᠨ᠂ ᠡᠷᠴᠢᠮᠵᠢᠭᠦᠯᠦᠭᠰᠡᠨ ᠪᠥᠭᠡᠳ ᠥᠨᠳᠥᠷ ᠪᠦᠲᠦᠮᠵᠢᠲᠡᠢ ᠡᠨᠧᠷᠭᠢ ᠬᠠᠩᠭ᠋ᠠᠬᠤ ᠠᠷᠭ᠎ᠠ ᠮᠠᠶᠢᠭ᠎ᠢ ᠲᠦᠷᠭᠡᠳᠭᠡᠨ ᠪᠣᠢ ᠪᠣᠯᠭ᠋ᠠᠵᠤ᠂ ᠠᠶᠤᠯᠲᠠᠢ ᠬᠠᠶᠠᠭᠳᠠᠮᠠᠯ ᠪᠣᠳᠠᠰ᠎ᠢ ᠬᠤᠷᠢᠶᠠᠨ ᠲᠡᠭᠡᠭᠡᠪᠦᠷᠢᠯᠡᠬᠦ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠵᠦ᠂ ᠬᠦᠷᠢᠶᠡᠯᠡᠩ ᠲᠣᠭᠤᠷᠢᠭ᠎ᠤᠨ ᠠᠶᠤᠯᠲᠠᠢ ᠬᠠᠶᠠᠭᠳᠠᠮᠠᠯ ᠪᠣᠳᠠᠰ᠎ᠢ ᠬᠤᠷᠢᠶᠠᠨ ᠴᠤᠭᠯᠠᠭᠤᠯᠬᠤ᠂ ᠬᠠᠳᠠᠭ᠋ᠠᠯᠠᠨ ᠨᠦᠬᠡᠴᠡᠯᠡᠬᠦ᠂ ᠰᠢᠯᠵᠢᠭᠦᠯᠦᠨ ᠲᠡᠭᠡᠭᠡᠪᠦᠷᠢᠯᠡᠬᠦ᠂ ᠳᠠᠬᠢᠨ ᠠᠰᠢᠭᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠨᠡᠭᠦᠷᠡᠰᠦᠲᠥ᠋ᠷᠥᠭᠴᠢ ᠪᠠᠭ᠋ᠠᠲᠠᠢ ᠠᠵᠤ ᠦᠢ᠍ᠯᠡᠰ᠂ ᠡᠨᠧᠷᠭᠢ ᠠᠷᠪᠢᠯᠠᠵᠤ ᠣᠷᠴᠢᠨ ᠲᠣᠭᠤᠷᠢᠨ᠎ᠢ ᠬᠠᠮᠠᠭ᠋ᠠᠯᠠᠬᠤ ᠠᠵᠤ ᠦᠢ᠍ᠯᠡᠰ᠂ ᠴᠡᠪᠡᠷ ᠦᠢ᠍ᠯᠡᠳᠪᠦᠷᠢᠯᠡᠯ᠎ᠤᠨ ᠠᠵᠤ ᠦᠢ᠍ᠯᠡᠰ ᠵᠡᠷᠭᠡ ᠵᠢ ᠢᠳᠡᠪᠬᠢᠲᠡᠢ ᠣᠷᠣᠭᠤᠯᠤᠨ ᠠᠪᠴᠢᠷᠠᠵᠤ᠂ ᠨᠡᠭᠦᠷᠡᠰᠦᠲᠥ᠋ᠷᠥᠭᠴᠢ ᠪᠠᠭ᠋ᠠᠲᠠᠢ ᠮᠡᠷᠭᠡᠵᠢᠯ᠎ᠳᠤ ᠰᠢᠨ᠎ᠡ ᠵᠢ ᠡᠭᠦᠳᠦᠨ ᠬᠡᠷᠡᠭᠯᠡᠭᠡᠨ᠎ᠳᠤ ᠤᠯᠠᠷᠢᠭᠤᠯᠬᠤ ᠵᠢ ᠠᠬᠢᠭᠤᠯᠤᠨ᠂ ᠡᠨᠧᠷᠭᠢ ᠵᠢᠨ ᠣᠷᠣᠯᠠᠭᠤᠯᠬᠤ ᠮᠡᠷᠭᠡᠵᠢᠯ᠂ ᠨᠡᠭᠦᠷᠡᠰᠦᠲᠥ᠋ᠷᠥᠭᠴᠢ ᠵᠢ ᠣᠯᠵᠠᠯᠠᠨ ᠴᠤᠭᠯᠠᠭᠤᠯᠬᠤ᠂ ᠠᠰᠢᠭᠯᠠᠬᠤ ᠪᠠ ᠪᠢᠲᠡᠭᠦᠮᠵᠢᠯᠡᠨ ᠬᠠᠳᠠᠭ᠋ᠠᠯᠠᠬᠤ ᠮᠡᠷᠭᠡᠵᠢᠯ᠂ ᠤᠷ᠎ᠠ ᠮᠡᠷᠭᠡᠰᠢᠯ ᠵᠶ᠋ᠠᠷ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠮᠡᠷᠭᠡᠵᠢᠯ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠯ᠎ᠠ ᠵᠢᠨ ᠬᠠᠮᠢᠶᠠᠷᠤᠯᠲᠠ ᠵᠢᠨ ᠮᠡᠷᠭᠡᠵᠢᠯ ᠵᠡᠷᠭᠡ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠤᠯ ᠪᠠ ᠨᠡᠭᠡᠭᠡᠯᠲᠡ ᠵᠢ ᠥᠷᠨᠢᠭᠦᠯᠦᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠯ᠎ᠠ ᠵᠢᠨ ᠮᠡᠷᠭᠡᠵᠢᠯ᠎ᠤᠨ ᠠᠵᠤ ᠦᠢ᠍ᠯᠡᠰᠵᠢᠯᠲᠡ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠨᠧᠷᠭᠢ ᠵᠢᠨ ᠲᠣᠪᠴᠢᠶ᠎ᠠ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
12. ᠳ᠋ᠢᠵᠢᠲ᠋ᠠᠯ ᠠᠵᠤ ᠦᠢ᠍ᠯᠡᠰ᠎ᠤᠨ ᠬᠦᠴᠦᠨ ᠴᠢᠳᠠᠮᠵᠢ ᠵᠢ ᠡᠷᠴᠢᠮᠯᠡᠬᠦ᠎ᠪᠠᠨ ᠠᠬᠢᠭᠤᠯᠤᠨ᠎ᠠ᠃ ᠡᠯ᠎ᠡ ᠲᠥᠷᠥᠯ᠎ᠤᠨ ᠬᠥᠷᠥᠩᠭᠡ ᠵᠢᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠮᠡᠳᠡᠭᠡ ᠵᠠᠩᠬᠢ ᠵᠢᠨ ᠮᠡᠷᠭᠡᠵᠢᠯ᠎ᠤᠨ ᠰᠠᠭᠤᠷᠢ ᠪᠡᠯᠡᠳᠭᠡᠮᠵᠢ ᠵᠢ ᠪᠦᠲᠦᠭᠡᠨ ᠪᠠᠶ᠋ᠢᠭᠤᠯᠬᠤ᠎ᠪᠠᠷ ᠪᠡᠯᠡ ᠣᠷᠣᠭᠤᠯᠬᠤ ᠵᠢ᠎ᠨᠢ ᠵᠣᠷᠢᠭᠵᠢᠭᠤᠯᠤᠨ᠂ ᠴᠢᠮᠡᠭᠡ ᠬᠤᠯᠪᠣᠭ᠋ᠠᠨ᠎ᠤ ᠠᠵᠤ ᠠᠬᠤᠶ᠋ᠢᠯᠠᠯ᠎ᠤᠨ 5G ᠲᠣᠣᠷ ᠰᠦᠯᠵᠢᠶ᠎ᠡ ᠵᠢ ᠬᠡᠪᠴᠢᠶᠡᠵᠢᠭᠦᠯᠦᠨ ᠬᠡᠯᠬᠢᠨ ᠪᠠᠶ᠋ᠢᠭᠤᠯᠬᠤ ᠵᠢ᠎ᠨᠢ ᠳᠡᠮᠵᠢᠵᠦ᠂ ᠴᠢᠮᠡᠭᠡ ᠬᠤᠯᠪᠣᠭ᠋ᠠᠨ᠎ᠤ ᠰᠠᠭᠤᠷᠢ ᠥᠷᠲᠡᠭᠡᠨ᠎ᠤ ᠴᠠᠬᠢᠯᠭ᠋ᠠᠨ ᠬᠡᠷᠡᠭᠯᠡᠬᠦ ᠵᠢᠨ ᠮᠡᠳᠡᠭᠦᠯᠦᠨ ᠬᠢᠨᠠᠭᠤᠯᠵᠤ ᠤᠭᠰᠠᠷᠠᠬᠤ ᠰᠢᠭᠤᠳ ᠨᠡᠪᠲᠡᠷᠡᠯ ᠵᠠᠮ ᠲᠣᠬᠢᠷᠠᠭᠤᠯᠵᠤ᠂ ᠳ᠋ᠢᠵᠢᠲ᠋ᠠᠯ ᠠᠵᠤ ᠠᠬᠤᠢ ᠵᠢᠨ ᠬᠦᠷᠢᠶᠡᠨ᠎ᠤ ᠠᠵᠤ ᠠᠬᠤᠶ᠋ᠢᠯᠠᠯ᠎ᠤᠨ ᠴᠠᠬᠢᠯᠭ᠋ᠠᠨ ᠬᠦᠴᠦᠳᠡᠯ᠎ᠤᠨ ᠳᠡᠰ ᠪᠠ ᠴᠠᠬᠢᠯᠭ᠋ᠠᠨ ᠬᠡᠷᠡᠭᠯᠡᠬᠦ ᠬᠢᠵᠠᠭ᠋ᠠᠷᠯᠠᠯ᠎ᠳᠤ ᠬᠦᠯᠢᠶᠡᠰᠦᠯᠡᠭᠳᠡᠬᠦ ᠦᠭᠡᠢ᠎ᠪᠠᠷ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ᠎ᠳᠤ ᠣᠷᠣᠯᠴᠠᠬᠤ ᠵᠢ᠎ᠨᠢ ᠳᠡᠮᠵᠢᠨ᠎ᠡ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ 《ᠤᠬᠠᠭ᠋ᠠᠯᠢᠭ ᠶᠡᠭᠡ ᠲᠠᠷᠢᠬᠢ》 ᠵᠢ ᠪᠠᠶ᠋ᠢᠭᠤᠯᠵᠤ᠂ ᠡᠯ᠎ᠡ ᠲᠥᠷᠥᠯ᠎ᠤᠨ ᠨᠡᠶ᠋ᠢᠭᠡᠮ᠎ᠤᠨ ᠭᠤᠣᠯ ᠴᠣᠭᠴᠠ ᠵᠢᠨ ᠵᠣᠬᠢᠶᠠᠮᠠᠯ ᠣᠶᠣᠨ᠂ ᠲᠣᠮᠣ ᠳ᠋ᠠᠶ᠋ᠢᠲ᠋ᠠ ᠵᠢᠨ ᠲᠥᠪ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠬᠡᠯᠪᠡᠷᠢ ᠵᠢᠨ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠪᠡᠯᠡ ᠣᠷᠣᠭᠤᠯᠬᠤ ᠵᠢ᠎ᠨᠢ ᠵᠣᠷᠢᠭᠵᠢᠭᠤᠯᠵᠤ᠂ ᠵᠠᠰᠠᠭ᠎ᠤᠨ ᠶᠠᠪᠤᠳᠠᠯ᠂ ᠵᠠᠮ ᠬᠠᠷᠢᠯᠴᠠᠭ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠂ ᠶᠡᠷᠦᠩᠬᠡᠶ᠋ᠢᠯᠡᠨ ᠵᠠᠰᠠᠬᠤ ᠵᠡᠷᠭᠡ ᠬᠦᠷᠢᠶᠡᠨ᠎ᠤ ᠲᠣᠭ᠋ᠠᠵᠢᠭᠤᠯᠤᠯᠲᠠ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠂ ᠳ᠋ᠢᠵᠢᠲ᠋ᠠᠯ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢᠴᠢ ᠰᠠᠭᠤᠷᠢ ᠪᠡᠯᠡᠳᠭᠡᠮᠵᠢ ᠵᠢᠨ ᠢᠵᠢ ᠪᠦᠷᠢᠳᠦᠭᠦᠯᠦᠭᠰᠡᠨ ᠪᠦᠲᠦᠭᠡᠨ ᠪᠠᠶ᠋ᠢᠭᠤᠯᠤᠯᠲᠠ ᠵᠢ ᠳᠡᠮᠵᠢᠨ᠎ᠡ᠃ ᠨᠡᠭᠡᠭᠡᠯᠲᠡ ᠵᠢᠨ ᠣᠷᠣᠨ᠎ᠳᠠᠬᠢ ᠠᠵᠤ ᠠᠬᠤᠶ᠋ᠢᠯᠠᠯ ᠠᠵᠤ ᠦᠢ᠍ᠯᠡᠰ᠎ᠤᠨ ᠲᠣᠭ᠋ᠠᠵᠢᠭᠤᠯᠤᠨ ᠬᠡᠯᠪᠡᠷᠢ᠎ᠪᠠᠨ ᠬᠤᠪᠢᠷᠠᠭᠤᠯᠬᠤ ᠵᠢ᠎ᠨᠢ ᠠᠬᠢᠭᠤᠯᠤᠨ᠂ ᠰᠢᠨ᠎ᠡ ᠨᠢᠭᠡ ᠦᠶ᠎ᠡ ᠵᠢᠨ ᠮᠡᠳᠡᠭᠡ ᠵᠠᠩᠬᠢ ᠵᠢᠨ ᠮᠡᠷᠭᠡᠵᠢᠯ ᠪᠠ ᠬᠠᠮᠢᠶ᠎ᠠ ᠪᠦᠬᠦᠢ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢ ᠲᠦᠷᠭᠡᠳᠬᠡᠵᠦ᠂ ᠣᠶᠤᠨᠴᠢ᠎ᠪᠠᠷ ᠦᠢ᠍ᠯᠡᠳᠪᠦᠷᠢᠯᠡᠬᠦ ᠬᠠᠮᠲᠤ᠎ᠳᠤ᠎ᠪᠠᠨ ᠬᠦᠷᠲᠡᠬᠦ ᠲᠥᠪ ᠪᠠ ᠳ᠋ᠢᠵᠢᠲ᠋ᠠᠯ ᠠᠵᠤ ᠦᠢ᠍ᠯᠡᠰ᠎ᠤᠨ ᠰᠢᠨ᠎ᠡ ᠵᠢ ᠡᠭᠦᠳᠬᠦ ᠲᠥᠪ᠂ ᠣᠶᠤᠨᠴᠢ ᠠᠵᠤ ᠦᠢ᠍ᠯᠡᠳᠪᠦᠷᠢ᠂ ᠣᠶᠤᠨᠴᠢ ᠦᠢ᠍ᠯᠡᠳᠪᠦᠷᠢ ᠵᠢᠨ ᠲᠠᠰᠤᠭ ᠡᠭᠦᠳᠦᠨ ᠪᠠᠶ᠋ᠢᠭᠤᠯᠬᠤ ᠵᠢ ᠳᠡᠮᠵᠢᠵᠦ᠂ ᠢᠵᠢᠯ ᠰᠢᠰᠲ᠋ᠧᠮ᠎ᠤᠨ ᠠᠵᠢᠯ ᠲᠥᠷᠥᠯ ᠪᠠ ᠨᠠᠷᠢᠯᠢᠭ ᠬᠤᠪᠢᠶᠠᠭᠰᠠᠨ ᠬᠦᠷᠢᠶᠠᠨ᠎ᠳᠤ ᠬᠠᠨᠳᠤᠭᠤᠯᠤᠭᠰᠠᠨ ᠨᠢᠭᠡ ᠪᠦᠯᠦᠭ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠠᠪᠴᠠᠩ᠎ᠢ ᠪᠣᠶ᠋ᠢᠵᠢᠭᠤᠯᠤᠨ᠎ᠠ᠃ ᠠᠵᠤ ᠠᠬᠤᠶ᠋ᠢᠯᠠᠯ᠎ᠤᠨ ᠬᠤᠭᠤᠷᠣᠨᠳᠤᠬᠢ ᠬᠠᠩᠭ᠋ᠠᠯᠭ᠎ᠠ ᠵᠢᠨ ᠬᠡᠯᠬᠢᠶᠡᠨ᠎ᠤ ᠮᠡᠳᠡᠭᠡ ᠵᠠᠩᠬᠢ ᠵᠢ ᠵᠠᠯᠭ᠋ᠠᠭᠤᠯᠵᠤ ᠬᠠᠮᠲᠤ᠎ᠳᠤ᠎ᠪᠠᠨ ᠬᠦᠷᠲᠡᠬᠦ ᠵᠢ ᠠᠬᠢᠭᠤᠯᠤᠨ᠂ ᠨᠡᠭᠡᠭᠡᠯᠲᠡ ᠵᠢᠨ ᠣᠷᠣᠨ᠎ᠳᠠᠬᠢ ᠠᠵᠤ ᠠᠬᠤᠶ᠋ᠢᠯᠠᠯ᠎ᠤᠨ ᠣᠶᠤᠨᠴᠢ᠎ᠪᠠᠷ ᠨᠦᠬᠡᠴᠡᠯᠡᠨ ᠬᠠᠳᠠᠭ᠋ᠠᠯᠠᠬᠤ ᠵᠡᠷᠭᠡ ᠲᠠᠪᠴᠠᠩ ᠪᠠᠶ᠋ᠢᠭᠤᠯᠬᠤ ᠵᠢ᠎ᠨᠢ ᠵᠣᠷᠢᠭᠵᠢᠭᠤᠯᠵᠤ᠂ ᠲᠣᠬᠢᠷᠠᠭᠤᠯᠤᠨ ᠬᠦᠷᠭᠡᠭᠴᠢ ᠦᠭᠡᠢ ᠬᠦᠷᠭᠡᠯᠲᠡ ᠵᠡᠷᠭᠡ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠰᠦᠪᠡᠭᠴᠢᠯᠡᠨ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠲᠠᠪᠤ) ᠰᠢᠨ᠎ᠡ ᠵᠢ ᠡᠭᠦᠳᠦᠨ ᠬᠥᠭᠵᠢᠭᠦᠯᠬᠦ ᠠᠴᠢᠶᠠᠯᠠᠪᠤᠷᠢ᠎ᠪᠠᠨ ᠥᠷᠭᠡᠳᠬᠡᠨ᠎ᠡ᠃
13. ᠣᠯᠠᠨ ᠤᠯᠤᠰ᠎ᠤᠨ ᠰᠣᠯᠢᠯᠴᠠᠭ᠎ᠠ ᠪᠠ ᠣᠷᠣᠨ ᠪᠦᠰᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ 《ᠨᠢᠭᠡ ᠪᠦᠰᠡ ᠨᠢᠭᠡ ᠵᠠᠮ》 ᠪᠠ ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠬᠢᠯ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠤᠨ᠂ ᠭᠠᠳᠠᠭ᠋ᠠᠳᠤ ᠤᠯᠤᠰ᠎ᠤᠨ ᠪᠠᠶ᠋ᠢᠭᠤᠯᠤᠮᠵᠢ᠂ ᠰᠢᠶᠠᠩᠭ᠋ᠠᠩ ᠣᠣᠮᠧᠨ ᠭᠠᠵᠠᠷ ᠣᠷᠣᠨ᠂ ᠤᠯᠤᠰ᠎ᠤᠨ ᠳᠣᠲᠣᠭ᠋ᠠᠳᠤᠬᠢ ᠬᠥᠷᠥᠩᠭᠡ ᠵᠢᠨ᠎ᠬᠢᠨ᠎ᠤ ᠪᠦᠲᠦᠭᠡᠨ ᠪᠠᠶ᠋ᠢᠭᠤᠯᠤᠯᠲᠠ ᠡᠵᠡᠩᠨᠡᠯᠲᠡ᠎ᠳᠤ ᠣᠷᠣᠯᠴᠠᠬᠤ ᠵᠢ ᠵᠣᠷᠢᠭᠵᠢᠭᠤᠯᠤᠨ᠎ᠠ᠃ ᠤᠯᠤᠰ᠎ᠤᠨ ᠳᠣᠲᠣᠭ᠋ᠠᠳᠤᠬᠢ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠋ᠠᠨ᠎ᠤ ᠬᠠᠷᠢᠴᠠᠭ᠎ᠠ ᠵᠢ ᠪᠠᠶ᠋ᠢᠭᠤᠯᠵᠤ᠂ ᠤᠯᠤᠰ᠎ᠤᠨ ᠳᠣᠲᠣᠭ᠋ᠠᠳᠤᠬᠢ ᠠᠵᠤ ᠠᠬᠤᠢ ᠵᠢᠨ ᠶᠡᠭᠡ ᠣᠷᠴᠢᠯ᠎ᠳᠤ ᠭᠦᠨᠵᠡᠭᠡᠢ ᠠᠭᠤᠰᠤᠯᠴᠠᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠣᠯᠣᠩ᠎ᠤᠨ ᠣᠷᠣᠨ ᠵᠡᠷᠭᠡ ᠣᠷᠣᠨ ᠪᠦᠰᠡ᠎ᠯᠦᠭᠡ ᠵᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠵᠢ ᠳᠡᠮᠵᠢᠵᠦ᠂ ᠪᠡᠭᠡᠵᠢᠩ ᠲᠢᠶᠠᠨᠵᠢᠨ ᠾᠧᠪᠧᠢ ᠵᠢᠨ ᠠᠵᠤ ᠦᠢ᠍ᠯᠡᠰ᠎ᠤᠨ ᠢᠵᠢ ᠪᠦᠷᠢᠳᠦᠭᠦᠯᠦᠭᠰᠡᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠤᠬᠠᠭ᠋ᠠᠯᠠᠨ ᠲᠥᠯᠥᠪᠯᠡᠵᠦ᠂ 《ᠪᠡᠭᠡᠵᠢᠩ ᠲᠢᠶᠠᠨᠵᠢᠨ ᠾᠧᠪᠧᠢ᠎ᠳᠤ ᠰᠤᠳᠤᠯᠤᠨ ᠨᠡᠭᠡᠭᠡᠵᠦ᠂ ᠥᠪᠥᠷ ᠮᠣᠩᠭᠤᠯ᠎ᠳᠤ ᠤᠯᠠᠷᠢᠭᠤᠯᠬᠤ》 ᠲᠥᠪᠯᠡᠷᠡᠨ ᠳᠠᠭ᠋ᠠᠭ᠋ᠠᠴᠢᠯᠠᠬᠤ ᠭᠠᠵᠠᠷ᠎ᠢ ᠪᠦᠲᠦᠭᠡᠨ ᠪᠠᠶ᠋ᠢᠭᠤᠯᠬᠤ᠎ᠳᠤ ᠬᠠᠨᠳᠤᠭᠤᠯᠤᠨ᠂ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ᠎ᠤ ᠠᠵᠤ ᠦᠢ᠍ᠯᠡᠰ᠎ᠤᠨ ᠰᠢᠯᠵᠢᠯᠲᠡ ᠵᠢᠨ ᠲᠥᠷᠥᠯ ᠵᠦᠢ᠍ᠯ᠎ᠢ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠭ᠋ᠠᠨ ᠠᠪᠴᠤ ᠵᠠᠯᠭ᠋ᠠᠭᠤᠯᠵᠤ᠂ ᠳᠡᠭᠡᠳᠦ ᠳᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠠᠵᠤ ᠦᠢ᠍ᠯᠡᠰᠵᠢᠯᠲᠡ ᠵᠢᠨ ᠰᠠᠭᠤᠷᠢᠨ ᠭᠠᠵᠠᠷ᠎ᠢ ᠴᠣᠭᠴᠠᠯᠠᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠤᠯᠤᠰ᠎ᠤᠨ ᠳᠣᠲᠣᠭ᠋ᠠᠳᠤᠬᠢ ᠨᠡᠷᠡᠲᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ ᠲᠣᠭᠤᠷᠢᠭ᠂ ᠠᠵᠤ ᠠᠬᠤᠶ᠋ᠢᠯᠠᠯ᠎ᠤᠨ ᠶᠡᠷᠦᠩᠬᠡᠢ ᠬᠡᠯᠲᠡᠰ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭ᠋ᠠᠭᠤᠯᠢ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠳᠡᠮᠵᠢᠵᠦ᠂ ᠨᠢᠭᠡ ᠲᠣᠭᠤᠷᠢᠭ ᠣᠯᠠᠨ ᠬᠦᠷᠢᠶᠡᠯᠡᠩ᠂ ᠶᠡᠷᠦᠩᠬᠡᠢ ᠬᠡᠯᠲᠡᠰ + ᠨᠡᠪᠴᠢᠭᠦᠯᠬᠦ ᠰᠠᠭᠤᠷᠢᠨ ᠭᠠᠵᠠᠷ᠂ ᠪᠦᠬᠦᠯᠢ ᠴᠣᠭᠴᠠ᠎ᠪᠠᠷ ᠨᠠᠶ᠋ᠢᠳᠠᠨ ᠬᠠᠮᠢᠶᠠᠷᠤᠭᠤᠯᠬᠤ ᠵᠡᠷᠭᠡ ᠵᠠᠭᠪᠤᠷ ᠵᠶ᠋ᠠᠷ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠨᠢᠭᠡ ᠪᠦᠯᠦᠭ ᠬᠠᠮᠲᠤᠷᠠᠯᠴᠠᠭ᠋ᠠᠨ᠎ᠤ ᠬᠦᠷᠢᠶᠡᠯᠡᠩ ᠲᠣᠭᠤᠷᠢᠭ᠎ᠢ ᠪᠦᠲᠦᠭᠡᠨ ᠪᠠᠶ᠋ᠢᠭᠤᠯᠤᠨ᠎ᠠ᠃ ᠣᠷᠣᠨ ᠪᠦᠰᠡ ᠠᠯᠤᠰᠯᠠᠨ ᠬᠠᠮᠲᠤ᠎ᠪᠠᠷ ᠬᠦᠷᠢᠶᠡᠯᠡᠩ ᠲᠣᠭᠤᠷᠢᠭ᠂ ᠨᠠᠶ᠋ᠢᠳᠠᠨ ᠬᠠᠮᠢᠶᠠᠷᠤᠭᠤᠯᠬᠤ ᠬᠦᠷᠢᠶᠡᠯᠡᠩ ᠲᠣᠭᠤᠷᠢᠭ ᠪᠠ ᠣᠭᠤᠷᠴᠤᠭ ᠬᠠᠷᠢᠶ᠎ᠠ ᠭᠠᠵᠠᠷ᠎ᠤᠨ ᠠᠵᠤ ᠠᠬᠤᠢ ᠪᠦᠲᠦᠭᠡᠨ ᠪᠠᠶ᠋ᠢᠭᠤᠯᠬᠤ ᠵᠡᠷᠭᠡ ᠬᠠᠮᠲᠤᠷᠠᠯᠴᠠᠭ᠋ᠠᠨ᠎ᠤ ᠵᠠᠭᠪᠤᠷ᠎ᠢ ᠰᠦᠪᠡᠭᠴᠢᠯᠡᠨ᠂ ᠬᠥᠭᠵᠢᠭᠰᠡᠨ ᠭᠠᠵᠠᠷ ᠣᠷᠣᠨ᠎ᠤ ᠰᠢᠯᠵᠢᠯᠲᠡ ᠵᠢᠨ ᠠᠵᠤ ᠦᠢ᠍ᠯᠡᠰ᠎ᠢ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠭ᠋ᠠᠴᠢᠯᠠᠨ ᠠᠪᠴᠤ ᠵᠠᠯᠭ᠋ᠠᠭᠤᠯᠵᠤ᠂ ᠠᠰᠢᠭ ᠲᠤᠰᠠ ᠵᠢ ᠬᠠᠮᠲᠤ᠎ᠳᠤ᠎ᠪᠠᠨ ᠬᠦᠷᠲᠡᠬᠦ ᠲᠣᠭᠲᠠᠴᠠ ᠵᠢ ᠪᠦᠷᠢᠯᠳᠦᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ᠎ᠤ ᠲᠢᠩᠬᠢᠮ ᠵᠡᠷᠭᠡ ᠰᠠᠯᠠᠭ᠎ᠠ ᠮᠥᠴᠢᠷ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
14. ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠤᠯᠪᠣᠭ᠋ᠠᠯᠠᠨ ᠬᠠᠮᠲᠤ᠎ᠪᠠᠷ ᠪᠠᠶ᠋ᠢᠭᠤᠯᠬᠤ ᠲᠠᠪᠴᠠᠩ᠎ᠢ ᠴᠣᠭᠴᠠᠯᠠᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠵᠦᠵᠢᠶᠠᠩ ᠮᠥᠷᠡᠨ᠎ᠤ ᠭᠤᠷᠪᠠᠯᠵᠢᠨ ᠬᠤᠶ᠋ᠢᠭ ᠵᠡᠷᠭᠡ ᠣᠷᠣᠨ ᠪᠦᠰᠡ ᠵᠢᠨ ᠨᠡᠭᠡᠭᠡᠯᠲᠡ ᠵᠢᠨ ᠣᠷᠣᠨ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ᠂ ᠡᠳᠡᠭᠡᠷ᠎ᠤᠨ ᠪᠡᠯᠡ ᠣᠷᠤᠭᠤᠯᠤᠯᠲᠠ ᠵᠢ ᠠᠬᠢᠭᠤᠯᠬᠤ᠂ ᠠᠵᠤ ᠦᠢ᠍ᠯᠡᠰ᠎ᠤᠨ ᠰᠢᠯᠵᠢᠯᠲᠡ ᠬᠢᠬᠦ᠂ ᠮᠡᠳᠡᠭᠡ ᠵᠠᠩᠬᠢ ᠵᠢ ᠬᠠᠮᠲᠤ᠎ᠳᠤ᠎ᠪᠠᠨ ᠬᠦᠷᠲᠡᠬᠦ᠂ ᠲᠥᠷᠥᠯ ᠵᠦᠢ᠍ᠯ᠎ᠢ ᠵᠠᠯᠭ᠋ᠠᠭᠤᠯᠬᠤ᠂ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠬᠦ ᠵᠡᠷᠭᠡ ᠲᠠᠯ᠎ᠠ ᠵᠢᠨ ᠳᠠᠪᠠᠭᠤᠯᠢᠭ᠎ᠢ᠎ᠨᠢ ᠪᠠᠳᠠᠷᠠᠭᠤᠯᠤᠨ᠎ᠠ᠃ ᠬᠥᠬᠡᠬᠤᠲᠠ ᠵᠢᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠂ ᠪᠠᠶᠠᠨᠨᠠᠭᠤᠷ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠨᠢ ᠬᠠᠳᠤᠨ ᠭᠤᠣᠯ᠎ᠤᠨ ᠰᠠᠪᠠ ᠭᠠᠵᠠᠷ᠎ᠤᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠯᠤᠭ᠎ᠠ᠂ ᠬᠥᠯᠥᠨ ᠪᠣᠶ᠋ᠢᠷ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠨᠢ ᠵᠡᠭᠦᠨ ᠬᠤᠶ᠋ᠢᠲᠤ ᠵᠢᠨ ᠭᠤᠷᠪᠠᠨ ᠮᠤᠵᠢ ᠵᠢᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠯᠤᠭ᠎ᠠ ᠬᠠᠮᠲᠤᠷᠠᠯᠴᠠᠭ᠎ᠠ ᠥᠷᠨᠢᠭᠦᠯᠬᠦ ᠵᠢ ᠵᠣᠷᠢᠭᠵᠢᠭᠤᠯᠵᠤ᠂ ᠠᠵᠤ ᠦᠢ᠍ᠯᠡᠰ᠎ᠤᠨ ᠰᠢᠯᠵᠢᠯᠲᠡ ᠬᠢᠬᠦ ᠪᠠ ᠢᠵᠢ ᠪᠦᠷᠢᠳᠦᠭᠦᠯᠦᠨ ᠬᠠᠮᠵᠢᠯᠴᠠᠨ ᠠᠵᠢᠯᠯᠠᠬᠤ᠎ᠪᠠᠨ ᠴᠢᠩᠭ᠋ᠠᠳᠬᠠᠵᠤ᠂ ᠳᠡᠭᠡᠳᠦ ᠳᠣᠣᠷᠠᠳᠤ ᠬᠡᠯᠬᠢᠶᠡᠨ᠎ᠤ ᠠᠵᠤ ᠦᠢ᠍ᠯᠡᠰ᠎ᠤᠨ ᠬᠠᠩᠭ᠋ᠠᠯᠭ᠎ᠠ ᠵᠢᠨ ᠬᠡᠯᠬᠢᠶᠡᠨ᠎ᠤ ᠲᠣᠭᠲᠠᠭᠤᠨ᠎ᠢ ᠬᠠᠮᠠᠭ᠋ᠠᠯᠠᠨ᠎ᠠ᠃ ᠣᠷᠣᠨ᠎ᠤ ᠳᠣᠲᠣᠭ᠋ᠠᠳᠤᠬᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤᠳ ᠥᠪᠡᠷ ᠥᠪᠡᠷ᠎ᠤᠨ ᠳᠠᠪᠠᠭᠤᠯᠢᠭ ᠵᠶ᠋ᠠᠨ ᠦᠨᠳᠦᠰᠦᠯᠡᠨ ᠵᠥᠷᠢᠶᠡᠲᠡᠢ ᠥᠷᠢᠰᠦᠯᠳᠦᠭᠡᠨ ᠥᠷᠨᠢᠭᠦᠯᠵᠦ᠂ ᠬᠠᠮᠵᠢᠯᠴᠠᠨ ᠬᠥᠭᠵᠢᠬᠦ ᠵᠢ ᠪᠡᠶᠡᠯᠡᠭᠦᠯᠦᠨ᠂ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠢᠯᠢ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠂ ᠬᠢᠯᠢ ᠠᠯᠤᠰᠯᠠᠭᠰᠠᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠯᠤᠭ᠎ᠠ ᠬᠠᠮᠲᠤᠷᠠᠯᠴᠠᠭ᠎ᠠ ᠥᠷᠨᠢᠭᠦᠯᠦᠨ᠂ ᠪᠡᠯᠡ ᠣᠷᠣᠭᠤᠯᠬᠤ ᠪᠢᠯᠢᠭᠲᠡᠨ ᠣᠷᠣᠭᠤᠯᠬᠤ ᠮᠡᠷᠭᠡᠵᠢᠯ ᠣᠷᠣᠭᠤᠯᠬᠤ ᠵᠢ ᠨᠢᠭᠡᠳᠦᠯᠲᠡᠢ ᠲᠥᠯᠥᠪᠯᠡᠨ᠂ ᠠᠵᠤ ᠦᠢ᠍ᠯᠡᠰ᠎ᠤᠨ ᠱᠠᠲᠤᠯᠢᠭ ᠰᠢᠯᠵᠢᠯᠲᠡ ᠵᠢ ᠣᠶ᠋ᠢᠷ᠎ᠠ ᠬᠠᠪᠢ ᠵᠢᠨ ᠵᠠᠬ᠎ᠠ ᠳᠡᠯᠭᠡᠭᠦᠷ᠎ᠢ ᠨᠡᠭᠡᠭᠡᠨ ᠥᠷᠭᠡᠳᠭᠡᠬᠦᠯᠦᠭᠡ ᠨᠢᠭᠡᠳᠦᠯᠲᠡᠢ ᠲᠥᠯᠥᠪᠯᠡᠵᠦ᠂ ᠲᠠᠪᠴᠠᠩ᠎ᠤᠨ ᠲᠣᠭᠲᠠᠴᠠ ᠵᠢᠨ ᠪᠦᠲᠦᠭᠡᠨ ᠪᠠᠶ᠋ᠢᠭᠤᠯᠤᠯᠲᠠ ᠪᠠ ᠴᠢᠳᠠᠪᠤᠷᠢᠲᠠᠨ᠎ᠤ ᠰᠣᠯᠢᠯᠴᠠᠭ᠎ᠠ ᠵᠢ ᠨᠢᠭᠡᠳᠦᠯᠲᠡᠢ ᠲᠥᠯᠥᠪᠯᠡᠬᠦ ᠵᠢ᠎ᠨᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
15. ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠡᠪᠴᠢᠶ᠎ᠡ ᠵᠢ ᠪᠤᠵᠠᠭ᠋ᠠᠶ᠋ᠢᠷᠠᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠭᠠᠳᠠᠭ᠋ᠠᠳᠤ ᠨᠡᠭᠡᠭᠡᠯᠲᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂ ᠪᠣᠬᠢᠷᠲᠤᠯ ᠦᠭᠡᠢ ᠬᠥᠭᠵᠢᠯᠲᠡ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠬᠥᠭᠵᠢᠯᠲᠡ ᠵᠢᠨ ᠶᠠᠰᠤ ᠴᠢᠨᠠᠷ᠎ᠲᠤ ᠠᠩᠬᠠᠷᠤᠯ ᠵᠶ᠋ᠠᠨ ᠲᠥᠪᠯᠡᠷᠡᠭᠦᠯᠦᠨ᠂ ᠶᠡᠷᠦᠩᠬᠡᠶ᠋ᠢᠯᠡᠭᠰᠡᠨ ᠬᠥᠭᠵᠢᠯᠲᠡ ᠵᠢᠨ ᠬᠢᠷᠢ ᠲᠦᠪᠰᠢᠨ᠎ᠢ ᠯᠠᠪᠳᠠᠭᠤᠨ ᠪᠠᠲᠤᠲᠠᠢ ᠳᠡᠭᠡᠭᠰᠢᠯᠡᠭᠦᠯᠵᠦ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠰᠢᠯᠭ᠋ᠠᠨ ᠬᠢᠨᠠᠯᠲᠠ᠎ᠳᠤ ᠪᠠᠶ᠋ᠢᠷᠢ ᠳᠡᠭᠡᠭᠰᠢᠯᠡᠨ ᠳᠡᠰ ᠳᠡᠪᠰᠢᠬᠦ ᠵᠢ ᠪᠡᠶᠡᠯᠡᠭᠦᠯᠬᠦ᠎ᠪᠠᠷ ᠬᠦᠴᠦᠯᠡᠨ ᠴᠢᠷᠮᠠᠶ᠋ᠢᠬᠤ ᠵᠢ ᠳᠡᠮᠵᠢᠨ᠎ᠡ᠃ ᠨᠦᠭᠦᠴᠡᠯ᠎ᠳᠤ ᠨᠡᠶ᠋ᠢᠴᠡᠭᠰᠡᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠨᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ ᠵᠶ᠋ᠠᠷ ᠢᠳᠡᠪᠬᠢᠲᠡᠢ ᠭᠤᠶᠤᠴᠢᠯᠠᠨ ᠮᠡᠳᠡᠭᠦᠯᠬᠦ ᠵᠢ ᠳᠡᠮᠵᠢᠵᠦ᠂ ᠮᠠᠨ᠎ᠤ ᠣᠷᠣᠨ᠎ᠤ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠡᠪᠴᠢᠶ᠎ᠡ ᠪᠠ ᠪᠦᠬᠦᠯᠢ ᠴᠣᠭᠴᠠ ᠵᠢᠨ ᠠᠵᠤ ᠠᠬᠤᠢ ᠵᠢᠨ ᠪᠣᠳᠠᠲᠤ ᠬᠦᠴᠦᠨ᠎ᠢ ᠯᠠᠪᠳᠠᠭᠤᠨ ᠪᠠᠲᠤᠲᠠᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠵᠢᠷᠭᠤᠭ᠎ᠠ) ᠬᠦᠴᠦᠨ ᠵᠦᠢ᠍ᠯ᠎ᠤᠨ ᠪᠠᠲᠤᠯᠠᠭ᠎ᠠ ᠪᠠ ᠡᠬᠢ ᠪᠠᠶᠠᠯᠢᠭ᠎ᠢ ᠥᠨᠳᠥᠷ ᠪᠦᠲᠦᠮᠵᠢᠲᠡᠢ᠎ᠪᠠᠷ ᠠᠰᠢᠭᠯᠠᠬᠤ ᠵᠢ ᠴᠢᠩᠭ᠋ᠠᠳᠬᠠᠨ᠎ᠠ᠃
16. ᠳᠡᠯᠡᠬᠡᠶ᠋ᠢᠵᠢᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠪᠠᠶ᠋ᠢᠭᠤᠯᠤᠨ᠎ᠠ᠃ 《ᠦᠨᠡᠮᠯᠡᠯᠤᠳᠢ ᠨᠢᠭᠡᠳᠦᠭᠦᠯᠬᠦ᠂ ᠲᠣᠭᠲᠠᠭ᠋ᠠᠯ᠎ᠤᠳ᠎ᠢ ᠨᠢᠭᠡᠳᠦᠭᠦᠯᠬᠦ᠂ ᠦᠨᠡᠯᠡᠯᠲᠡᠨᠦᠭᠦᠳᠢ ᠨᠢᠭᠡᠳᠦᠭᠦᠯᠬᠦ᠂ ᠵᠢᠷᠤᠭ ᠲᠥᠯᠥᠪᠯᠡᠭᠡᠨᠦᠭᠦᠳᠢ ᠬᠤᠯᠪᠣᠭ᠋ᠠᠯᠠᠨ ᠬᠢᠨᠠᠬᠤ᠂ ᠰᠢᠯᠭ᠋ᠠᠨ ᠠᠪᠬᠤ ᠤᠴᠢᠷ᠎ᠤᠳ᠎ᠢ ᠨᠢᠭᠡᠳᠦᠭᠦᠯᠬᠦ᠂ ᠬᠡᠮᠵᠢᠨ ᠵᠢᠷᠤᠭᠯᠠᠬᠤ ᠤᠴᠢᠷ᠎ᠤᠳ᠎ᠢ ᠨᠢᠭᠡᠳᠦᠭᠦᠯᠬᠦ》 ᠵᠡᠷᠭᠡ ᠰᠢᠨ᠎ᠡ ᠵᠢ ᠡᠭᠦᠳᠦᠭᠰᠡᠨ ᠠᠵᠢᠯᠯᠠᠬᠤ ᠵᠠᠭᠪᠤᠷ᠎ᠢ ᠪᠥᠬᠦ ᠲᠠᠯ᠎ᠠ᠎ᠪᠠᠷ ᠬᠡᠷᠡᠭᠵᠢᠭᠦᠯᠦᠨ᠂ 《ᠥᠷᠲᠡᠭᠡᠴᠢᠯᠡᠭᠰᠡᠨ ᠮᠠᠶᠢᠭ᠎ᠤᠨ》 ᠦᠢ᠍ᠯᠡᠴᠢᠯᠡᠭᠡᠨ᠎ᠤ ᠲᠠᠩᠬᠢᠮ᠎ᠤᠨ ᠪᠦᠲᠦᠭᠡᠨ ᠪᠠᠶ᠋ᠢᠭᠤᠯᠤᠯᠲᠠ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ》 ᠵᠢ ᠢᠳᠡᠪᠬᠢᠲᠡᠢ ᠠᠬᠢᠭᠤᠯᠤᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠠᠶᠤᠯ ᠦᠭᠡᠢ ᠦᠢ᠍ᠯᠡᠳᠪᠦᠷᠢᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠵᠢ ᠪᠠᠭᠲᠠᠭ᠋ᠠᠭᠰᠠᠨ ᠵᠠᠰᠠᠭ ᠵᠠᠬᠢᠷᠭ᠋ᠠᠨ᠎ᠤ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠵᠢ ᠬᠠᠤᠯᠢ ᠶᠣᠰᠣᠭ᠋ᠠᠷ ᠪᠠᠶ᠋ᠢᠭᠤᠯᠵᠤ᠂ ᠳᠣᠲᠣᠨᠣ ᠴᠢᠭᠡᠴᠢ ᠰᠢᠨ᠎ᠡ ᠬᠡᠯᠪᠡᠷᠢ ᠵᠢᠨ ᠵᠠᠰᠠᠭ ᠪᠠ ᠬᠤᠳᠠᠯᠳᠤᠭ᠋ᠠᠴᠢᠨ᠎ᠤ ᠬᠠᠷᠢᠴᠠᠭ᠎ᠠ ᠵᠢ ᠪᠠᠶ᠋ᠢᠭᠤᠯᠤᠨ᠎ᠠ᠃ ᠨᠦᠭᠦᠴᠡᠯ᠎ᠲᠠᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ᠎ᠬᠢᠨ᠎ᠤ ᠪᠥᠬᠦ ᠶᠠᠪᠤᠴᠠ᠎ᠳᠤ ᠣᠷᠣᠯᠠᠨ ᠭᠦᠢ᠍ᠴᠡᠳᠭᠡᠬᠦ ᠳᠦᠷᠢᠮ ᠰᠦᠪᠡᠭᠴᠢᠯᠡᠨ ᠥᠷᠨᠢᠭᠦᠯᠬᠦ ᠵᠢ ᠵᠣᠷᠢᠭᠵᠢᠭᠤᠯᠤᠨ᠎ᠠ᠃ ᠡᠯ᠎ᠡ ᠵᠦᠢ᠍ᠯ᠎ᠤᠨ ᠠᠵᠤ ᠠᠬᠤᠶ᠋ᠢᠯᠠᠯ᠎ᠳᠤ ᠬᠠᠷᠠᠭ᠋ᠠᠯᠵᠠᠯ ᠦᠵᠡᠭᠦᠯᠵᠦ ᠠᠷᠠᠳ᠎ᠲᠤ ᠳᠥᠭᠦᠮ ᠦᠵᠡᠭᠦᠯᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠮᠠᠯᠠᠯᠲᠠ᠎ᠪᠠᠨ ᠴᠠᠭ ᠲᠤᠬᠠᠢᠳᠤᠨᠢ ᠪᠡᠶᠡᠯᠡᠭᠦᠯᠦᠨ᠎ᠡ᠃ ᠲᠥᠷᠥ ᠵᠢᠨ ᠪᠣᠳᠣᠯᠭ᠎ᠠ ᠵᠢᠨ ᠵᠥᠪᠰᠢᠶᠡᠷᠡᠯ ᠪᠠ ᠡᠷᠬᠡ ᠵᠢᠨ ᠬᠢᠵᠠᠭ᠋ᠠᠷ᠎ᠤᠨ ᠬᠡᠪᠴᠢᠶᠡᠨ᠎ᠳᠤ᠎ᠪᠠᠨ ᠥᠷᠢᠰᠦᠯᠳᠦᠬᠦ ᠬᠦᠴᠦᠨ᠎ᠲᠠᠢ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠴᠢᠬᠤᠯᠠ ᠶᠡᠭᠡ ᠠᠵᠦ ᠦᠢ᠍ᠯᠡᠰ᠎ᠤᠨ ᠲᠥᠷᠥᠯ ᠵᠦᠢ᠍ᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥᠯ᠎ᠤᠨ ᠲᠥᠷᠥᠯ ᠵᠦᠢ᠍ᠯ᠎ᠳᠤ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠨᠢ 《ᠨᠢᠭᠡ ᠠᠵᠤ ᠠᠬᠤᠶ᠋ᠢᠯᠠᠯ᠎ᠳᠤ ᠨᠢᠭᠡ ᠲᠥᠷᠥ ᠵᠢᠨ ᠪᠣᠳᠣᠯᠭ᠎ᠠ᠂ ᠨᠢᠭᠡ ᠠᠵᠤ ᠦᠢ᠍ᠯᠡᠰ᠎ᠲᠤ ᠨᠢᠭᠡ ᠲᠥᠷᠥ ᠵᠢᠨ ᠪᠣᠳᠣᠯᠭ᠎ᠠ》 ᠵᠢᠨ ᠬᠠᠷᠠᠭ᠋ᠠᠯᠵᠠᠯ᠎ᠤᠨ ᠤᠷᠮᠠᠰᠢᠭᠤᠯᠬᠤ ᠠᠷᠭ᠎ᠠ ᠬᠡᠮᠵᠢᠶ᠎ᠡ ᠵᠢ ᠠᠪᠴᠤ ᠪᠣᠯᠣᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
17. ᠡᠷᠴᠢᠮᠵᠢᠭᠦᠯᠦᠨ ᠥᠨᠳᠥᠷ ᠪᠦᠲᠦᠮᠵᠢᠲᠡᠢ᠎ᠪᠠᠷ ᠭᠠᠵᠠᠷ ᠰᠢᠷᠣᠢ ᠬᠡᠷᠡᠭᠯᠡᠬᠦ ᠵᠢ ᠴᠢᠩᠭ᠋ᠠᠷᠠᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠥᠭᠵᠢᠯᠲᠡ ᠵᠢᠨ ᠲᠥᠯᠥᠪᠵᠢᠭᠦᠯᠭᠡ ᠵᠢ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ᠎ᠯᠦᠭᠡ ᠵᠣᠯᠭ᠋ᠠᠭᠤᠯᠬᠤ᠎ᠪᠠᠨ ᠴᠢᠩᠭ᠋ᠠᠳᠬᠠᠨ᠂ ᠬᠤᠲᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠵᠢᠨ ᠬᠢᠯᠢ ᠵᠠᠭ᠋ᠠᠭ᠎ᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠨ ᠲᠣᠭᠲᠠᠭ᠋ᠠᠵᠤ᠂ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠢ ᠵᠦᠢ ᠵᠣᠬᠢᠰᠲᠠᠢ ᠤᠷᠢᠳᠴᠢᠯᠠᠵᠤ ᠦᠯᠡᠳᠡᠭᠡᠨ᠎ᠡ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠷᠭᠤᠭᠤᠯᠤᠨ ᠵᠥᠪᠰᠢᠶᠡᠷᠡᠬᠦ ᠬᠡᠪᠴᠢᠶ᠎ᠡ᠎ᠪᠠᠨ ᠬᠤᠪᠢᠷᠠᠭ᠋ᠠᠬᠤ ᠦᠭᠡᠢ ᠪᠠᠶ᠋ᠢᠬᠤ ᠤᠷᠢᠳᠠᠯ ᠳᠣᠣᠷ᠎ᠠ᠂ ᠲᠥᠯᠥᠪᠵᠢᠭᠦᠯᠭᠡ ᠵᠢᠨ ᠬᠠᠲᠠᠭᠤ ᠬᠢᠵᠠᠭ᠋ᠠᠷᠯᠠᠯ ᠪᠠ ᠬᠠᠷᠢᠮᠠᠬᠠᠢ ᠲᠣᠬᠢᠷᠠᠭᠤᠯᠤᠯᠲᠠ ᠵᠢ ᠵᠡᠷᠭᠡ᠎ᠳᠤ᠎ᠨᠢ ᠬᠡᠷᠡᠭᠯᠡᠬᠦ ᠲᠣᠭᠲᠠᠴᠠ ᠬᠡᠷᠡᠭᠵᠢᠭᠦᠯᠬᠦ ᠵᠢ ᠵᠥᠪᠰᠢᠶᠡᠷᠡᠨ᠂ ᠲᠥᠷᠥᠯ ᠵᠦᠢ᠍ᠯ᠎ᠤᠨ ᠪᠣᠳᠠᠲᠠᠶ᠋ᠢᠵᠢᠬᠤ ᠵᠢ ᠡᠮᠬᠢ ᠳᠢᠭᠯᠢᠮ᠎ᠲᠠᠢ ᠲᠣᠬᠢᠷᠠᠭᠤᠯᠤᠨ᠎ᠠ᠃ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ᠎ᠳᠠᠬᠢ ᠡᠮᠦᠨ᠎ᠡ ᠬᠤᠶ᠋ᠢᠨᠠᠬᠢ ᠳᠠᠷᠠᠭ᠋ᠠᠯᠠᠯ᠎ᠢ ᠴᠢᠩᠭ᠎ᠠ ᠨᠠᠶ᠋ᠢᠳᠠᠪᠤᠷᠢᠵᠢᠭᠤᠯᠤᠨ᠂ ᠬᠤᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠪᠠ ᠬᠤᠲᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠬᠢᠯᠢ ᠵᠠᠭ᠋ᠠᠭ᠎ᠢ ᠥᠷᠭᠡᠳᠭᠡᠬᠦ ᠳᠠᠬᠢᠨ ᠲᠤᠭ᠎ᠠ ᠵᠢ ᠰᠢᠪᠲᠤᠯᠬᠤ ᠦᠭᠡᠢ ᠤᠷᠢᠳᠠᠯ ᠳᠣᠣᠷ᠎ᠠ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ 《ᠬᠤᠲᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠬᠢᠯᠢ ᠵᠠᠭ᠋ᠠᠭ᠎ᠤᠨ ᠬᠠᠮᠢᠶᠠᠷᠤᠯᠲᠠ ᠵᠢ ᠰᠠᠶ᠋ᠢᠲᠤᠷ ᠬᠢᠬᠦ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ (ᠲᠤᠷᠰᠢᠨ ᠬᠡᠷᠡᠭᠵᠢᠭᠦᠯᠬᠦ)》 (ᠪᠠᠶ᠋ᠢᠭ᠋ᠠᠯᠢ ᠪᠠᠶᠠᠯᠢᠭ ᠲᠠᠷᠬᠠᠭ᠋ᠠᠭᠰᠠᠨ [2023] 193 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ ᠶᠣᠰᠣᠭ᠋ᠠᠷ᠂ ᠬᠤᠲᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠬᠢᠯᠢ ᠵᠠᠭ᠋ᠠᠭ᠎ᠲᠤ ᠬᠡᠰᠡᠭ ᠲᠠᠯ᠎ᠠ ᠵᠢᠨ ᠰᠢᠯᠢᠳᠡᠭᠵᠢᠭᠦᠯᠦᠯᠲᠡ ᠬᠢᠬᠦ ᠵᠢ ᠵᠥᠪᠰᠢᠶᠡᠷᠡᠨ᠎ᠡ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠦᠯᠡᠳᠡᠭᠳᠡᠯ ᠭᠠᠵᠠᠷ ᠰᠢᠷᠣᠢ ᠵᠢ ᠳᠠᠬᠢᠨ ᠨᠡᠭᠡᠭᠡᠨ ᠬᠥᠭᠵᠢᠭᠦᠯᠬᠦ ᠵᠢ ᠴᠢᠩᠭ᠋ᠠᠳᠬᠠᠵᠤ᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠢ᠂ ᠬᠡᠷᠡᠭᠯᠡᠭᠡᠨ᠎ᠤ ᠪᠦᠲᠦᠮᠵᠢ ᠠᠨᠠᠢ ᠭᠠᠵᠠᠷ᠎ᠢ ᠰᠡᠷᠭᠦᠭᠡᠨ ᠠᠰᠢᠭᠯᠠᠬᠤ ᠵᠢ ᠠᠬᠢᠭᠤᠯᠤᠨ᠎ᠠ᠃ ᠰᠢᠨ᠎ᠡ᠎ᠪᠠᠷ ᠨᠡᠭᠡᠭᠡᠯᠲᠡ ᠵᠢᠨ ᠣᠷᠣᠨ᠎ᠳᠤ ᠰᠠᠭᠤᠷᠢᠰᠢᠭᠰᠠᠨ ᠠᠵᠤ ᠠᠬᠤᠶ᠋ᠢᠯᠠᠯ ᠪᠠ ᠭᠠᠵᠠᠷ ᠰᠢᠷᠣᠢ ᠬᠡᠷᠡᠭᠯᠡᠬᠦ ᠡᠷᠬᠡ ᠵᠢᠨ ᠬᠠᠷᠢᠶᠠᠨ᠎ᠤ ᠠᠵᠤ ᠠᠬᠤᠶ᠋ᠢᠯᠠᠯ ᠬᠤᠷᠰᠢᠨ ᠠᠵᠢᠯᠯᠠᠬᠤ ᠵᠢ ᠵᠣᠷᠢᠭᠵᠢᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠭᠤᠴᠢᠨ ᠬᠤᠲᠠ ᠪᠠᠯᠭ᠋ᠠᠰᠤ᠂ ᠬᠠᠭᠤᠴᠢᠨ ᠦᠢ᠍ᠯᠡᠳᠪᠦᠷᠢ ᠵᠢᠨ ᠭᠡᠷ ᠪᠠᠶ᠋ᠢᠰᠢᠩ᠂ ᠬᠠᠭᠤᠴᠢᠨ ᠠᠶ᠋ᠢᠯ ᠲᠣᠰᠬᠤᠨ ᠵᠡᠷᠭᠡ ᠵᠢ ᠥᠭᠡᠷᠡᠴᠢᠯᠡᠵᠦ ᠰᠠᠶ᠋ᠢᠵᠢᠷᠠᠭᠤᠯᠬᠤ ᠵᠢ ᠳᠡᠮᠵᠢᠨ᠎ᠡ; ᠬᠦᠷᠢᠶᠡᠯᠡᠩ ᠲᠣᠭᠤᠷᠢᠭ᠎ᠲᠠᠬᠢ ᠠᠵᠤ ᠠᠬᠤᠶ᠋ᠢᠯᠠᠯ᠎ᠤᠨ ᠣᠳᠣ ᠪᠠᠶ᠋ᠢᠭ᠎ᠠ ᠦᠯᠡᠳᠡᠭᠳᠡᠯ ᠭᠠᠵᠠᠷ ᠰᠢᠷᠣᠢ ᠵᠢ ᠠᠰᠢᠭᠯᠠᠨ ᠡᠮᠴᠢᠯᠡᠭᠡ᠂ ᠰᠤᠷᠭ᠋ᠠᠨ ᠬᠥᠮᠥᠵᠢᠯ᠂ ᠰᠢᠨᠵᠢᠯᠡᠬᠦ ᠤᠬᠠᠭ᠋ᠠᠨ᠎ᠤ ᠰᠤᠳᠤᠯᠤᠯ ᠵᠡᠷᠭᠡ ᠲᠥᠷᠥᠯ ᠵᠦᠢ᠍ᠯ ᠬᠥᠭᠵᠢᠭᠦᠯᠬᠦ ᠵᠢ᠎ᠨᠢ ᠳᠡᠮᠵᠢᠨ᠎ᠡ᠃ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠢ ᠵᠣᠷᠢᠭᠵᠢᠭᠤᠯᠵᠤ ᠪᠠᠶ᠋ᠢᠭ᠋ᠠᠳ ᠠᠵᠤ ᠦᠢ᠍ᠯᠡᠰ᠎ᠲᠤ ᠬᠡᠷᠡᠭᠯᠡᠬᠦ ᠭᠠᠵᠠᠷ ᠰᠢᠷᠣᠢ ᠵᠢᠨ ᠲᠥᠷᠥᠯ ᠠᠩᠭᠢᠯᠠᠯ᠎ᠳᠤ ᠰᠢᠨ᠎ᠡ ᠵᠢ ᠡᠭᠦᠳᠬᠦ᠂ ᠭᠠᠵᠠᠷ ᠰᠢᠷᠣᠢ ᠵᠢ ᠬᠤᠯᠢᠯᠳᠤᠭᠤᠯᠤᠨ ᠬᠡᠷᠡᠭᠯᠡᠬᠦ ᠵᠢ ᠵᠣᠷᠢᠭᠵᠢᠭᠤᠯᠬᠤ᠂ ᠠᠵᠤ ᠦᠢ᠍ᠯᠡᠰ᠎ᠲᠤ ᠬᠡᠷᠡᠭᠯᠡᠬᠦ ᠭᠠᠵᠠᠷ ᠰᠢᠷᠣᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ᠎ᠪᠠᠷ ᠳᠠᠮᠵᠢᠭᠤᠯᠤᠨ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠵᠤ ᠦᠢ᠍ᠯᠡᠰ᠎ᠤᠨ ᠲᠥᠷᠥᠯ ᠵᠦᠢ᠍ᠯ᠎ᠳᠤ ᠬᠡᠷᠡᠭᠯᠡᠬᠦ ᠭᠠᠵᠠᠷ ᠰᠢᠷᠣᠢ ᠵᠢᠨ ᠬᠡᠷᠡᠭᠴᠡᠭᠡ ᠵᠢ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
18. ᠡᠳ᠋᠎ᠤᠨ ᠵᠠᠰᠠᠭ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠰᠠᠭᠤᠷᠢ ᠮᠥᠩᠭᠦ᠂ ᠡᠯ᠎ᠡ ᠲᠥᠷᠥᠯ᠎ᠤᠨ ᠠᠵᠤ ᠦᠢ᠍ᠯᠡᠰ᠎ᠤᠨ ᠲᠤᠰᠬᠠᠢ ᠪᠡᠯᠡ ᠮᠥᠩᠭᠦ ᠵᠢ ᠰᠠᠶ᠋ᠢᠲᠤᠷ ᠠᠰᠢᠭᠯᠠᠨ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ᠎ᠪᠠᠨ ᠴᠢᠩᠭ᠋ᠠᠷᠠᠭᠤᠯᠬᠤ ᠵᠢ᠎ᠨᠢ ᠳᠡᠮᠵᠢᠵᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠵᠢ᠎ᠨᠢ ᠵᠣᠷᠢᠭᠵᠢᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠨᠡᠶ᠋ᠢᠲᠡ ᠵᠢᠨ ᠠᠰᠠᠷᠠᠮᠵᠢ ᠵᠢᠨ ᠲᠥᠷᠥᠯ᠎ᠤᠨ ᠰᠠᠭᠤᠷᠢ ᠪᠡᠯᠡᠳᠭᠡᠮᠵᠢ ᠵᠢᠴᠢ ᠴᠢᠬᠤᠯᠠ ᠶᠡᠭᠡ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠬᠤ᠎ᠪᠠᠷ ᠲᠤᠰᠬᠠᠢ ᠵᠢᠭᠡᠯᠡᠯᠭᠡ ᠵᠢᠨ ᠲᠡᠮᠳᠡᠭ ᠭᠤᠶᠤᠴᠢᠯᠠᠬᠤ᠎ᠳᠤᠨᠢ ᠵᠣᠬᠢᠬᠤ ᠬᠡᠮᠵᠢᠶ᠎ᠡ᠎ᠪᠠᠷ ᠬᠠᠷᠠᠭ᠋ᠠᠯᠵᠠᠯ ᠦᠵᠡᠭᠦᠯᠵᠦ᠂ ᠡᠯ᠎ᠡ ᠠᠶ᠋ᠢᠮᠠᠭ ᠬᠤᠲᠠ ᠵᠢ ᠵᠣᠷᠢᠭᠵᠢᠭᠤᠯᠵᠤ ᠪᠠᠶ᠋ᠢᠭ᠋ᠠᠳ ᠲᠡᠭᠦᠨ᠎ᠤ ᠬᠠᠷᠢᠶ᠎ᠠ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ ᠵᠶ᠋ᠠᠨ ᠡᠮᠬᠢᠯᠡᠨ ᠨᠡᠶ᠋ᠢᠯᠡᠭᠦᠯᠵᠦ ᠳᠠᠪᠰᠢᠨ ᠳᠡᠭᠡᠭᠰᠢᠯᠡᠭᠦᠯᠬᠦ᠎ᠳᠤ᠎ᠨᠢ ᠬᠠᠷᠠᠭ᠋ᠠᠯᠵᠠᠭᠰᠠᠨ ᠡᠳ᠋᠎ᠤᠨ ᠵᠠᠰᠠᠭ᠎ᠤᠨ ᠳᠡᠮᠵᠢᠯᠭᠡ ᠣᠯᠭᠤᠨ᠎ᠠ; ᠨᠦᠭᠦᠴᠡᠯ᠎ᠲᠠᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ ᠵᠢᠨ ᠢᠲᠡᠭᠡᠮᠵᠢᠲᠦ ᠰᠠᠭᠤᠷᠢ ᠮᠥᠩᠭᠦ ᠵᠡᠷᠭᠡ ᠲᠤᠷᠰᠢᠯᠲᠠ ᠵᠢᠨ ᠴᠡᠭ ᠥᠷᠨᠢᠭᠦᠯᠬᠦ ᠵᠢ ᠳᠡᠮᠵᠢᠨ᠎ᠡ; ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠡᠳ᠋᠎ᠤᠨ ᠵᠠᠰᠠᠭ᠎ᠤᠨ ᠪᠦᠷᠢᠮᠦᠰᠦᠨ ᠲᠤᠰᠠᠭ᠋ᠠᠷ ᠪᠠᠶ᠋ᠢᠬᠤ ᠵᠢ ᠳᠡᠮᠵᠢᠨ᠂ ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠵᠦᠢ᠍ᠯ᠎ᠤᠨ ᠲᠤᠰᠬᠠᠢ ᠰᠢᠯᠵᠢᠭᠦᠯᠦᠨ ᠲᠥᠯᠥᠬᠦ ᠮᠥᠩᠭᠦ ᠪᠠᠭᠤᠯᠭ᠋ᠠᠬᠤ᠎ᠳᠤ᠎ᠪᠠᠨ᠂ ᠲᠤᠰᠠᠭ᠋ᠠᠷ ᠵᠢᠭᠰᠠᠭ᠋ᠠᠵᠤ᠂ ᠲᠤᠰᠠᠭ᠋ᠠᠷ ᠵᠣᠭᠤᠰ ᠲᠣᠬᠢᠷᠠᠭᠤᠯᠤᠨ᠎ᠠ; ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠬᠤᠰᠢᠭᠤ ᠰᠢᠶᠠᠨ (ᠬᠤᠲᠠ᠂ ᠲᠣᠭᠤᠷᠢᠭ)᠎ᠤ ᠵᠠᠰᠠᠭ᠎ᠤᠨ ᠣᠷᠳᠣᠨ᠎ᠤ ᠥᠷᠢ ᠥᠭᠴᠡᠭᠡᠨ᠎ᠤ ᠬᠠᠮᠢᠶᠠᠷᠤᠯᠲᠠ ᠵᠢᠨ ᠵᠠᠭᠪᠤᠷ ᠵᠶ᠋ᠠᠷ ᠯᠠᠪᠯᠠᠯᠲᠠ ᠪᠣᠯᠭ᠋ᠠᠵᠦ᠂ ᠪᠠᠶ᠋ᠢᠭ᠎ᠠ ᠭᠠᠵᠠᠷ᠎ᠤᠨ ᠠᠶ᠋ᠢᠮᠠᠭ ᠬᠤᠲᠠ᠎ᠠᠴᠠ ᠰᠠᠯᠤᠩᠬᠢᠳᠠ ᠪᠠᠶ᠋ᠢᠯᠭ᠋ᠠᠵᠤ᠂ ᠲᠤᠰᠠᠭ᠋ᠠᠷᠯᠠᠨ ᠠᠵᠢᠯᠯᠠᠭᠤᠯᠬᠤ ᠪᠠ ᠬᠠᠮᠢᠶᠠᠷᠬᠤ ᠵᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠪᠥᠷ ᠮᠣᠩᠭᠤᠯ᠎ᠳᠠᠬᠢ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠤᠯ᠎ᠳᠠᠬᠢ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
19. ᠡᠨᠧᠷᠭᠢ ᠵᠢᠨ ᠡᠬᠢ ᠪᠠᠶᠠᠯᠢᠭ᠎ᠤᠨ ᠥᠪᠡᠷ᠎ᠤᠨ ᠥᠷᠳᠡᠭ᠎ᠢ ᠪᠠᠭᠤᠷᠠᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ᠂ ᠰᠢᠲᠠᠮᠠᠬᠠᠢ ᠬᠡᠢ ᠵᠢᠨ ᠰᠢᠭᠤᠳ ᠬᠡᠢ ᠬᠠᠩᠭ᠋ᠠᠬᠤ ᠲᠤᠷᠰᠢᠯᠲᠠ ᠵᠢᠨ ᠴᠡᠭ᠂ ᠤᠰᠤ ᠬᠠᠩᠭ᠋ᠠᠬᠤ ᠤᠰᠤ ᠭᠠᠳᠠᠭᠰᠢᠯᠠᠭᠤᠯᠬᠤ ᠭᠤᠷᠪᠠᠳᠤᠭ᠋ᠠᠷ ᠡᠲᠡᠭᠡᠳ᠎ᠤᠨ ᠦᠢ᠍ᠯᠡᠴᠢᠯᠡᠭᠡ ᠵᠡᠷᠭᠡ ᠥᠭᠡᠷᠡᠴᠢᠯᠡᠯᠲᠡ ᠥᠷᠨᠢᠭᠦᠯᠬᠦ ᠵᠢ ᠳᠡᠮᠵᠢᠨ᠎ᠡ᠃ ᠨᠡᠭᠡᠭᠡᠯᠲᠡ ᠵᠢᠨ ᠣᠷᠣᠨ᠎ᠳᠠᠬᠢ ᠠᠵᠤ ᠠᠬᠤᠶ᠋ᠢᠯᠠᠯ᠎ᠤᠨ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ᠎ᠯᠤᠭ᠎ᠠ ᠰᠢᠭᠤᠳ ᠴᠠᠬᠢᠯᠭ᠋ᠠᠨ ᠬᠦᠴᠦᠨ᠎ᠤ ᠠᠷᠠᠯᠵᠢᠶ᠎ᠠ ᠬᠢᠬᠦ ᠵᠢ ᠵᠣᠷᠢᠭᠵᠢᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠰᠠᠭᠤᠭ᠋ᠠᠯᠢ ᠠᠷᠠᠳ᠎ᠤᠨ ᠪᠤᠰᠤ ᠦᠨ᠎ᠡ ᠵᠢᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠵᠢ ᠲᠣᠭᠲᠠᠭ᠋ᠠᠯ ᠶᠣᠰᠣᠭ᠋ᠠᠷ ᠥᠷᠨᠢᠭᠦᠯᠬᠦ ᠵᠢ ᠳᠡᠮᠵᠢᠵᠦ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠢ ᠵᠥᠭᠡᠭᠡᠪᠦᠷᠢᠯᠡᠬᠦ ᠪᠠ ᠲᠣᠬᠢᠷᠠᠭᠤᠯᠬᠤ ᠦᠨ᠎ᠡ ᠬᠠᠩᠰᠢ ᠵᠢᠨ ᠲᠠᠯ᠎ᠠ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠠᠵᠦ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
20. ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ᠎ᠪᠠᠨ ᠲᠡᠭᠦᠯᠳᠡᠷᠵᠢᠭᠦᠯᠦᠨ᠎ᠡ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ 《ᠢᠯᠡᠭᠦᠦ ᠬᠥᠳᠡᠯᠮᠦᠷᠢᠯᠡᠪᠡᠯ ᠢᠯᠡᠭᠦᠦ ᠣᠯᠵᠤ᠂ ᠰᠢᠯᠢᠳᠡᠭ ᠪᠦᠲᠦᠮᠵᠢ ᠭᠠᠷᠭ᠋ᠠᠪᠠᠯ ᠶᠡᠭᠡ ᠬᠠᠷᠠᠮᠵᠢ ᠣᠯᠭᠤᠬᠤ》 ᠬᠥᠳᠡᠯᠦᠩᠭᠦᠢ᠎ᠪᠠᠷ ᠤᠷᠮᠠᠰᠢᠭᠤᠯᠵᠤ ᠴᠢᠳᠠᠪᠤᠷᠢᠲᠠᠨ ᠬᠡᠷᠡᠭᠯᠡᠬᠦ ᠰᠠᠶ᠋ᠢᠨ ᠳᠠᠮᠵᠢᠯᠭ᠎ᠠ ᠵᠢᠨ ᠲᠣᠭᠲᠠᠴᠠ ᠪᠠᠶ᠋ᠢᠭᠤᠯᠬᠤ᠎ᠳᠤ᠎ᠨᠢ ᠳᠡᠮᠵᠢᠯᠭᠡ ᠦᠵᠡᠭᠦᠯᠵᠦ᠂ ᠠᠵᠢᠯ ᠦᠢ᠍ᠯᠡᠰ᠎ᠤᠨ ᠨᠢᠭᠡᠴᠢ ᠵᠢᠨ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠳᠤ ᠵᠢᠯ᠎ᠤᠨ ᠴᠠᠯᠢᠩ᠎ᠤᠨ ᠳᠦᠷᠢᠮ᠂ ᠲᠥᠷᠥᠯ ᠵᠦᠢ᠍ᠯ᠎ᠤᠨ ᠴᠠᠯᠢᠩ᠂ ᠵᠥᠪᠯᠡᠯᠴᠡᠭᠡᠷ᠎ᠤᠨ ᠴᠠᠯᠢᠩ ᠵᠡᠷᠭᠡ ᠣᠯᠠᠨ ᠵᠦᠢ᠍ᠯ᠎ᠤᠨ ᠬᠤᠪᠢᠶᠠᠷᠢᠯᠠᠬᠤ ᠬᠡᠯᠪᠡᠷᠢ ᠬᠡᠷᠡᠭᠵᠢᠭᠦᠯᠬᠦ ᠵᠢ ᠰᠦᠪᠡᠭᠴᠢᠯᠡᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠣᠷᠣᠭᠤᠯᠵᠤ ᠠᠪᠴᠢᠷᠠᠬᠤ᠎ᠪᠠᠷ ᠲᠤᠯᠭ᠋ᠠᠮ ᠱᠠᠭ᠋ᠠᠷᠳᠠᠭᠳᠠᠵᠤ ᠪᠠᠶ᠋ᠢᠭ᠎ᠠ ᠡᠯ᠎ᠡ ᠲᠥᠷᠥᠯ᠎ᠤᠨ ᠴᠢᠳᠠᠪᠤᠷᠢᠲᠠᠨ᠎ᠳᠤ ᠡᠷᠦᠬᠡ ᠠᠮᠠ ᠵᠢᠨ ᠳᠠᠩᠰᠠᠯᠠᠯᠲᠠ ᠵᠢ ᠭᠦᠢ᠍ᠴᠡᠳᠭᠡᠬᠦ᠂ ᠬᠢᠯᠢ᠎ᠪᠠᠷ ᠭᠠᠷᠴᠤ ᠣᠷᠣᠬᠤ᠂ ᠦᠷ᠎ᠡ ᠬᠡᠦᠬᠡᠳ ᠵᠶ᠋ᠠᠨ ᠰᠤᠷᠭ᠋ᠠᠭᠤᠯᠢ᠎ᠳᠤ ᠰᠠᠭᠤᠯᠭ᠋ᠠᠬᠤ᠂ ᠡᠮᠴᠢᠯᠡᠭᠡᠨ᠎ᠤ ᠳᠠᠭ᠋ᠠᠳᠬᠠᠯ᠂ ᠦᠢ᠍ᠯᠡᠰ ᠴᠣᠭᠴᠠᠯᠠᠬᠤ ᠪᠡᠯᠡ ᠣᠷᠤᠭᠤᠯᠤᠯᠲᠠ ᠵᠡᠷᠭᠡ ᠵᠢ ᠪᠠᠭᠲᠠᠭ᠋ᠠᠭᠰᠠᠨ 《ᠥᠷᠲᠡᠭᠡᠴᠢᠯᠡᠭᠰᠡᠨ ᠮᠠᠶᠢᠭ᠎ᠤᠨ》 ᠦᠢ᠍ᠯᠡᠴᠢᠯᠡᠭᠡ ᠬᠡᠷᠡᠭᠵᠢᠭᠦᠯᠬᠦ ᠵᠢ᠎ᠨᠢ ᠳᠡᠮᠵᠢᠨ᠎ᠡ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠠᠬᠢ ᠠᠵᠤ ᠠᠬᠤᠶ᠋ᠢᠯᠠᠯ᠎ᠤᠨ ᠲᠤᠯᠭ᠋ᠠᠮ ᠱᠠᠭ᠋ᠠᠷᠳᠠᠭᠳᠠᠬᠤ ᠭᠠᠳᠠᠭ᠋ᠠᠳᠤ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠳᠤ᠂ ᠠᠵᠢᠯᠯᠠᠬᠤ ᠵᠥᠪᠰᠢᠶᠡᠷᠡᠯ᠎ᠢ ᠭᠤᠶᠤᠴᠢᠯᠠᠬᠤ ᠨᠠᠰᠤ ᠵᠢᠯ᠎ᠤᠨ ᠬᠢᠵᠠᠭ᠋ᠠᠷᠯᠠᠯ᠎ᠢ ᠲᠣᠭᠲᠠᠭ᠋ᠠᠯ ᠶᠣᠰᠣᠭ᠋ᠠᠷ ᠵᠣᠬᠢᠬᠤ ᠬᠡᠮᠵᠢᠶ᠎ᠡ᠎ᠪᠠᠷ ᠰᠤᠯᠠᠷᠠᠭᠤᠯᠵᠤ ᠪᠣᠯᠣᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠣᠷᠣᠭᠤᠯᠵᠤ ᠠᠪᠴᠢᠷᠠᠭᠰᠠᠨ ᠭᠠᠳᠠᠭ᠋ᠠᠳᠤ ᠵᠢᠨ ᠬᠠᠷᠢᠶ᠎ᠠ᠎ᠲᠠᠢ ᠳᠡᠭᠡᠳᠦ ᠳᠡᠰ᠎ᠤᠨ ᠴᠢᠳᠠᠪᠤᠷᠢᠲᠠᠨ᠎ᠳᠤ᠂ ᠬᠢᠯᠢ᠎ᠪᠠᠷ ᠣᠷᠣᠵᠤ ᠢᠷᠡᠬᠦ᠂ ᠣᠷᠣᠰᠢᠨ ᠰᠠᠭᠤᠬᠤ ᠪᠠ ᠥᠨᠢᠳᠡ ᠣᠷᠣᠰᠢᠨ ᠰᠠᠭᠤᠬᠤ ᠳᠥᠭᠦᠮ ᠨᠦᠭᠦᠴᠡᠯ ᠬᠠᠩᠭ᠋ᠠᠨ᠎ᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ ᠪᠠ ᠠᠵᠢᠯ ᠮᠡᠷᠭᠡᠵᠢᠯ᠎ᠤᠨ ᠪᠣᠯᠪᠠᠰᠤᠷᠠᠯ᠎ᠢ ᠶᠡᠭᠡ᠎ᠪᠠᠷ ᠬᠥᠭᠵᠢᠭᠦᠯᠦᠨ᠂ ᠶᠡᠭᠡ ᠰᠤᠷᠭ᠋ᠠᠭᠤᠯᠢ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠨᠡᠶ᠋ᠢᠭᠡᠮ᠎ᠤᠨ ᠰᠤᠷᠭ᠋ᠠᠨ ᠬᠥᠮᠥᠵᠢᠯ᠎ᠤᠨ ᠪᠠᠶ᠋ᠢᠭᠤᠯᠤᠮᠵᠢ ᠵᠢᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠯᠤᠭ᠎ᠠ ᠬᠠᠮᠲᠤ᠎ᠪᠠᠷ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ ᠪᠠᠶ᠋ᠢᠭᠤᠯᠬᠤ ᠵᠢ᠎ᠨᠢ ᠵᠣᠷᠢᠭᠵᠢᠭᠤᠯᠤᠨ ᠳᠡᠮᠵᠢᠵᠦ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠴᠢᠳᠠᠪᠤᠷᠢᠲᠠᠨ᠎ᠤ ᠪᠠᠲᠤᠯᠠᠭ᠎ᠠ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠳᠥᠷᠪᠡ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ
(ᠨᠢᠭᠡ) ᠠᠵᠢᠯ ᠵᠶ᠋ᠠᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ᠂ ᠬᠤᠳᠠᠯᠳᠤᠭ᠋ᠠᠨ᠎ᠤ ᠶᠠᠪᠤᠳᠠᠯ᠂ ᠡᠳ᠋᠎ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ᠂ ᠪᠠᠶ᠋ᠢᠭ᠋ᠠᠯᠢ ᠵᠢᠨ ᠡᠬᠢ ᠪᠠᠶᠠᠯᠢᠭ᠂ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠵᠢᠴᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠠᠶ᠋ᠢᠭ᠎ᠠ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠬᠤᠷᠰᠢᠨ ᠬᠥᠳᠡᠯᠦᠯᠴᠡᠵᠦ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠵᠢᠯ᠎ᠢ ᠨᠢᠭᠡᠳᠦᠯᠲᠡᠢ ᠲᠥᠯᠥᠪᠯᠡᠨ ᠵᠢᠯᠣᠭᠤᠳᠬᠤ᠎ᠪᠠᠨ ᠴᠢᠩᠭ᠋ᠠᠳᠬᠠᠵᠤ᠂ ᠴᠢᠬᠤᠯᠠ ᠶᠡᠭᠡ ᠵᠦᠢ᠍ᠯᠡᠰ᠎ᠢ ᠵᠣᠬᠢᠴᠠᠭᠤᠯᠤᠨ ᠠᠬᠢᠭᠤᠯᠵᠤ᠂ ᠬᠦᠴᠢᠷᠳᠡᠯ᠎ᠲᠠᠢ ᠠᠰᠠᠭᠤᠳᠠᠯ᠎ᠢ ᠰᠢᠢ᠍ᠳᠪᠦᠷᠢᠯᠡᠬᠦ ᠵᠢ᠎ᠨᠢ ᠠᠬᠢᠭᠤᠯᠤᠨ᠂ ᠴᠢᠬᠤᠯᠠ ᠶᠡᠭᠡ ᠲᠦᠭᠰᠢᠭᠦᠷᠢ ᠵᠢᠨ ᠭᠡᠮ ᠰᠣᠭᠤᠭ᠎ᠢ ᠰᠡᠷᠭᠡᠶ᠋ᠢᠯᠡᠨ ᠠᠷᠢᠯᠭ᠋ᠠᠬᠤ ᠵᠢ ᠪᠦᠲᠦᠮᠵᠢᠲᠡᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠬᠤᠶᠠᠷ) ᠴᠢᠭᠡᠴᠢ ᠵᠠᠰᠠᠭ᠎ᠤᠨ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ᠎ᠪᠠᠨ ᠴᠢᠩᠭ᠋ᠠᠳᠬᠠᠵᠤ᠂ ᠠᠯᠳᠠᠰᠢ ᠵᠢ ᠠᠭᠤᠴᠢᠯᠠᠵᠤ ᠵᠠᠯᠠᠷᠠᠭᠤᠯᠬᠤ ᠲᠣᠭᠲᠠᠴᠠ ᠵᠢ ᠪᠠᠶ᠋ᠢᠭᠤᠯᠤᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠴᠢᠭᠡᠴᠢ ᠵᠠᠰᠠᠭ᠎ᠤᠨ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠲᠣᠭᠲᠠᠯᠴᠠᠭ᠎ᠠ ᠵᠢ ᠪᠠᠶ᠋ᠢᠭᠤᠯᠤᠨ᠂ ᠡᠷᠬᠡ ᠵᠢᠨ ᠠᠵᠢᠯᠯᠠᠭ᠋ᠠᠨ᠎ᠤ ᠬᠡᠷᠡᠭᠵᠢᠭᠦᠯᠬᠦ ᠪᠥᠬᠦ ᠶᠠᠪᠤᠴᠠ᠎ᠳᠤ ᠬᠢᠨᠠᠯᠲᠠ ᠲᠠᠯᠪᠢᠵᠤ᠂ ᠬᠠᠷᠢᠭᠤᠴᠠᠯᠭ᠎ᠠ ᠬᠡᠯᠡᠯᠴᠡᠬᠦᠳᠤᠪᠠᠨ ᠣᠨᠣᠭ᠋ᠠᠵᠤ᠂ ᠢᠯᠵᠠᠷᠠᠯ᠎ᠤᠨ ᠦᠵᠡᠭᠳᠡᠯ ᠭᠠᠷᠬᠤ᠎ᠠᠴᠠ ᠰᠡᠷᠭᠡᠶ᠋ᠢᠯᠡᠨ᠎ᠡ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠰᠠᠶ᠋ᠢᠨ ᠰᠠᠶ᠋ᠢᠬᠠᠨ ᠤᠯᠤᠰ ᠲᠥᠷᠥ ᠵᠢᠨ ᠠᠮᠢ ᠠᠬᠤᠢ ᠵᠢ ᠬᠠᠮᠠᠭ᠋ᠠᠯᠠᠨ᠂ ᠴᠢᠨᠠᠷ ᠰᠠᠶ᠋ᠢᠲᠠᠢ ᠬᠥᠭᠵᠢᠯᠲᠡ ᠵᠢ ᠬᠠᠮᠠᠭ᠋ᠠᠯᠠᠨ᠎ᠠ᠃ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠯᠳᠠᠰᠢ ᠵᠢ ᠠᠭᠤᠴᠢᠯᠠᠵᠤ ᠵᠠᠯᠠᠷᠠᠭᠤᠯᠬᠤ ᠲᠣᠭᠲᠠᠴᠠ ᠵᠢ ᠪᠠᠶ᠋ᠢᠭᠤᠯᠤᠨ᠂ ᠬᠤᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠨᠦᠭᠦᠴᠡᠯ ᠳᠣᠣᠷ᠎ᠠ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠳᠤᠮᠳᠠ ᠭᠠᠷᠤᠭᠰᠠᠨ ᠠᠵᠢᠯ᠎ᠤᠨ ᠣᠰᠣᠯ ᠠᠯᠳᠠᠰᠢ ᠪᠤᠶᠤ ᠬᠠᠭᠤᠳᠠᠮ ᠴᠠᠯᠠᠭ᠋ᠠᠢ ᠦᠵᠡᠭᠳᠡᠯ᠎ᠳᠤ ᠠᠯᠳᠠᠰᠢ ᠵᠢ᠎ᠨᠢ ᠵᠠᠯᠠᠷᠠᠭᠤᠯᠬᠤ᠂ ᠠᠯᠳᠠᠰᠢ ᠵᠢ᠎ᠨᠢ ᠠᠭᠤᠴᠢᠯᠠᠨ ᠪᠠᠭᠲᠠᠭ᠋ᠠᠬᠤ ᠵᠢ ᠵᠥᠪᠰᠢᠶᠡᠷᠡᠨ᠂ ᠰᠢᠨ᠎ᠡ ᠵᠢ ᠡᠭᠦᠳᠬᠦ ᠵᠢ ᠵᠣᠷᠢᠭᠵᠢᠭᠤᠯᠤᠨ ᠳᠡᠮᠵᠢᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠬᠡᠯᠡᠬᠦ ᠰᠠᠶ᠋ᠢᠨ ᠰᠠᠶ᠋ᠢᠬᠠᠨ ᠠᠵᠢᠯ᠎ᠤᠨ ᠠᠭᠤᠷ ᠠᠮᠢᠰᠬᠤᠯ᠎ᠢ ᠪᠦᠷᠢᠯᠳᠦᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠭᠤᠷᠪᠠ) ᠬᠥᠬᠡᠬᠤᠲᠠ᠂ ᠬᠥᠯᠥᠨ ᠪᠣᠶ᠋ᠢᠷ ᠬᠤᠲᠠ᠂ ᠪᠠᠶᠠᠨᠨᠠᠭᠤᠷ ᠬᠤᠲᠠ᠎ᠨᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠨᠡᠭᠡᠭᠡᠯᠲᠡ ᠬᠢᠵᠦ ᠰᠢᠨ᠎ᠡ ᠵᠢ ᠡᠭᠦᠳᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠢᠵᠢ ᠪᠦᠷᠢᠳᠦᠭᠦᠯᠦᠭᠰᠡᠨ ᠠᠷᠭ᠎ᠠ ᠪᠠᠷᠢᠯ᠎ᠢ ᠲᠤᠬᠠᠢ ᠵᠢᠨ ᠭᠠᠵᠠᠷ᠎ᠲᠤ᠎ᠪᠠᠨ ᠲᠣᠬᠢᠷᠠᠭᠤᠯᠤᠨ ᠲᠦᠷᠭᠡᠪᠴᠢᠯᠡᠨ ᠨᠡᠶ᠋ᠢᠲᠡᠯᠡᠵᠦ᠂ ᠲᠥᠷᠥ ᠵᠢᠨ ᠪᠣᠳᠣᠯᠭ᠎ᠠ ᠵᠢᠨ ᠵᠣᠬᠢᠴᠠᠭᠤᠯᠬᠤ ᠨᠥᠯᠥᠭᠡᠯᠡᠯ᠎ᠢ ᠴᠢᠩᠭ᠋ᠠᠷᠠᠭᠤᠯᠵᠤ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠥᠭᠵᠢᠯᠲᠡ ᠵᠢᠨ ᠬᠢᠷᠢ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃
2024 ᠣᠨ᠎ᠤ 1 ᠳ᠋ᠦ᠍ᠭᠡᠷ ᠰᠠᠷ᠎ᠠ ᠵᠢᠨ 22᠎ᠤᠨ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠤᠨ᠎ᠤ 1 ᠳ᠋ᠦ᠍ᠭᠡᠷ ᠰᠠᠷ᠎ᠠ ᠵᠢᠨ 25᠎ᠤ ᠡᠳᠦᠷ ᠳᠠᠷᠤᠮᠠᠯᠯᠠᠨ ᠲᠠᠷᠬᠠᠭ᠋ᠠᠪᠠ