ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠪᠡᠯᠡᠳᠭᠡᠮᠵᠢᠲᠦ ᠲᠠᠷᠢᠶᠠᠯᠠᠩ᠂ ᠪᠡᠯᠡᠳᠭᠡᠮᠵᠢᠲᠦ ᠮᠠᠯ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶᠢᠲᠡᠯᠡᠭᠰᠡᠨ ᠴᠠᠭ᠄ 2024-08-13


    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
    ᠥᠪᠥᠷ ᠵᠠᠰᠠᠭ ᠠᠯᠪᠠᠨ ᠲᠠᠷᠬᠠᠭ᠋ᠠᠭᠰᠠᠨ [2024] 4 ᠳ᠋ᠦ᠍ᠭᠡᠷ ᠲᠣᠭ᠋ᠠᠲᠤ
    ᠪᠡᠯᠡᠳᠭᠡᠮᠵᠢᠲᠦ ᠲᠠᠷᠢᠶᠠᠯᠠᠩ᠂ ᠪᠡᠯᠡᠳᠭᠡᠮᠵᠢᠲᠦ ᠮᠠᠯ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
    ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
   《ᠪᠡᠯᠡᠳᠭᠡᠮᠵᠢᠳᠤ ᠲᠠᠷᠢᠶᠠᠯᠠᠩ᠎ᠤᠨ ᠬᠥᠭᠵᠢᠯᠲᠡ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠂ 《ᠪᠡᠯᠡᠳᠭᠡᠮᠵᠢᠳᠤ ᠮᠠᠯ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
   2024 ᠣᠨ᠎ᠤ 2 ᠳ᠋ᠤᠭ᠋ᠠᠷ ᠰᠠᠷ᠎ᠠ ᠵᠢᠨ 7᠎ᠤ ᠡᠳᠦᠷ
   (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
    ᠪᠡᠯᠡᠳᠭᠡᠮᠵᠢᠳᠤ ᠲᠠᠷᠢᠶᠠᠯᠠᠩ᠎ᠤᠨ ᠬᠥᠭᠵᠢᠯᠲᠡ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ
    ᠪᠥᠬᠦ ᠣᠷᠣᠨ᠎ᠤ ᠪᠡᠯᠡᠳᠭᠡᠮᠵᠢᠳᠤ ᠲᠠᠷᠢᠶᠠᠯᠠᠩ᠎ᠤᠨ ᠲᠠᠯᠠᠪᠠᠶ ᠬᠡᠪᠴᠢᠶ᠎ᠡ ᠪᠠᠭ᠎ᠠ᠂ ᠬᠠᠲᠠᠭᠤ ᠲᠤᠨᠤᠭ ᠪᠡᠯᠡᠳᠬᠡᠮᠵᠢ ᠠᠨᠠᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠪᠠᠭᠤᠷᠠᠢ᠂ ᠡᠵᠡᠩᠨᠡᠯᠲᠡ ᠵᠢᠨ ᠦᠷ᠎ᠡ ᠠᠰᠢᠭ ᠳᠣᠣᠷ᠎ᠠ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠵᠦ᠂ 2026 ᠣᠨ ᠪᠣᠯᠬᠤ᠎ᠳᠤ ᠪᠡᠯᠡᠳᠭᠡᠮᠵᠢᠳᠤ ᠲᠠᠷᠢᠶᠠᠯᠠᠩ᠎ᠤᠨ ᠲᠠᠯᠠᠪᠠᠶ ᠵᠢ ᠨᠡᠮᠡᠭᠳᠡᠭᠦᠯᠦᠭᠡᠳ 280 ᠲᠦᠮᠡ ᠮᠦ᠍᠎ᠠᠴᠠ ᠳᠡᠭᠡᠭᠰᠢ ᠪᠣᠯᠭ᠋ᠠᠬᠤ᠂ 2030 ᠣᠨ ᠪᠣᠯᠬᠤ᠎ᠳᠤ ᠣᠷᠣᠨ ᠪᠦᠰᠡ ᠵᠢᠨ ᠪᠠᠶ᠋ᠢᠷᠢᠰᠢᠭᠤᠯᠤᠯᠲᠠ ᠨᠠᠩ ᠵᠣᠬᠢᠰᠲᠠᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠨᠤᠭ ᠲᠥᠬᠦᠭᠡᠷᠦᠮᠵᠢ ᠵᠢᠨ ᠨᠥᠬᠦᠴᠡᠯ ᠢᠯᠡᠳᠲᠡ ᠰᠠᠶ᠋ᠢᠵᠢᠷᠠᠭᠰᠠᠨ᠂ ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ᠎ᠨᠢ ᠲᠠᠰᠤᠷᠠᠯᠲᠠ ᠦᠭᠡᠢ ᠴᠢᠩᠭ᠋ᠠᠷᠠᠭᠰᠠᠨ ᠣᠲᠣ ᠦᠶ᠎ᠡ ᠵᠢᠨ ᠪᠡᠯᠡᠳᠭᠡᠮᠵᠢᠳᠤ ᠲᠠᠷᠢᠶᠠᠯᠠᠩ᠎ᠤᠨ ᠰᠢᠨ᠎ᠡ ᠪᠠᠶ᠋ᠢᠷᠢᠰᠢᠯ᠎ᠢ ᠴᠣᠭᠴᠠᠯᠠᠬᠤ ᠵᠢ ᠴᠢᠷᠮᠠᠶ᠋ᠢᠨ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠵᠢ ᠲᠣᠭᠲᠠᠭ᠋ᠠᠪᠠ᠃
    ᠨᠢᠭᠡ᠂ ᠪᠡᠯᠡᠳᠭᠡᠮᠵᠢᠳᠤ ᠲᠠᠷᠢᠶᠠᠯᠠᠩ᠎ᠢ ᠬᠡᠪᠵᠢᠶᠡᠵᠢᠭᠦᠯᠦᠨ ᠬᠥᠭᠵᠢᠭᠦᠯᠬᠦ ᠵᠢ ᠳᠡᠮᠵᠢᠨ᠎ᠡ
    ᠬᠤᠲᠠ ᠵᠢᠨ ᠡᠷᠬᠢᠨ ᠲᠣᠭᠤᠷᠢᠨ᠎ᠤ 《ᠢᠳᠡᠰᠢᠨ ᠨᠣᠭᠤᠭ᠎ᠠ》 ᠵᠢᠨ ᠰᠠᠭᠤᠷᠢᠨ ᠭᠠᠵᠠᠷ ᠪᠠ ᠪᠡᠯᠡᠳᠭᠡᠮᠵᠢᠳᠤ ᠲᠠᠷᠢᠶᠠᠯᠠᠩ᠎ᠤᠨ ᠬᠥᠭᠵᠢᠯᠲᠡ ᠵᠢᠨ ᠳᠠᠪᠠᠭᠤᠯᠢᠭ ᠣᠷᠣᠨ᠎ᠳᠤ᠂ ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠳᠤ᠎ᠨᠢ ᠨᠥᠬᠦᠪᠦᠷᠢᠯᠡᠬᠦ ᠠᠷᠭ᠎ᠠ ᠮᠠᠶᠢᠭ ᠵᠶ᠋ᠠᠷ ᠬᠡᠪᠴᠢᠶᠡᠵᠢᠭᠦᠯᠦᠨ ᠬᠥᠭᠵᠢᠭᠦᠯᠬᠦ ᠵᠢ ᠳᠡᠮᠵᠢᠵᠦ᠂ ᠡᠩ᠎ᠤᠨ ᠨᠠᠷᠠᠨ ᠬᠦᠯᠡᠮᠵᠢ ᠵᠢ 500 ᠮᠦ᠍᠎ᠠᠴᠠ ᠳᠡᠭᠡᠭᠰᠢ᠂ ᠰᠦᠯᠢᠶᠥᠦ ᠬᠦᠢ᠍ᠲᠡᠨ ᠪᠦᠷᠭᠡ ᠵᠢ 1000 ᠮᠦ᠍᠎ᠠᠴᠠ ᠳᠡᠭᠡᠭᠰᠢ᠂ ᠲᠠᠩ ᠴᠣᠭᠴᠠᠲᠤ ᠣᠶᠤᠨᠴᠢ ᠬᠦᠯᠡᠮᠵᠢ ᠵᠢ 50 ᠮᠦ᠍᠎ᠠᠴᠠ ᠳᠡᠭᠡᠭᠰᠢ ᠰᠢᠨ᠎ᠡ᠎ᠪᠠᠷ ᠪᠠᠶ᠋ᠢᠭᠤᠯᠬᠤ ᠵᠢᠴᠢ 1000 ᠮᠦ᠍᠎ᠠᠴᠠ ᠳᠡᠭᠡᠭᠰᠢ ᠡᠩ᠎ᠤᠨ ᠨᠠᠷᠠᠨ ᠬᠦᠯᠡᠮᠵᠢ ᠵᠢ ᠲᠥᠪᠯᠡᠷᠡᠭᠦᠯᠦᠨ ᠵᠠᠯᠭ᠋ᠠᠯᠳᠤᠭᠤᠯᠵᠤ ᠥᠭᠡᠷᠡᠴᠢᠯᠡᠨ ᠰᠢᠨᠡᠳᠬᠡᠵᠦ᠂ ᠰᠢᠨ᠎ᠡ᠎ᠪᠠᠷ ᠪᠠᠶ᠋ᠢᠭᠤᠯᠬᠤ᠎ᠳᠤ ᠡᠩ᠎ᠤᠨ ᠨᠠᠷᠠᠨ ᠬᠦᠯᠡᠮᠵᠢ ᠮᠦ᠍ ᠪᠦᠷᠢ 20000 ᠲᠥᠭᠦᠷᠢᠭ᠂ ᠰᠦᠯᠢᠶᠥᠦ ᠬᠦᠢ᠍ᠲᠡᠨ ᠪᠦᠷᠭᠡ ᠮᠦ᠍ ᠪᠦᠷᠢ 2000 ᠲᠥᠭᠦᠷᠢᠭ᠂ ᠣᠶᠤᠨᠴᠢ ᠬᠦᠯᠡᠮᠵᠢ ᠲᠡᠭᠰᠢ ᠳᠥᠷᠪᠡᠯᠵᠢᠨ ᠮᠧᠳ᠋ᠷ ᠪᠦᠷᠢ 100 ᠲᠥᠭᠦᠷᠢᠭ᠂ ᠥᠭᠡᠷᠡᠴᠢᠯᠡᠵᠦ ᠰᠢᠨᠡᠳᠬᠡᠨ ᠰᠠᠶ᠋ᠢᠵᠢᠷᠠᠭᠤᠯᠬᠤ ᠡᠩ᠎ᠤᠨ ᠨᠡᠷᠡᠨ ᠬᠦᠯᠡᠮᠵᠢ ᠮᠦ᠍ ᠪᠦᠷᠢ 10000 ᠲᠥᠭᠦᠷᠢᠭ᠎ᠤᠨ ᠪᠠᠷᠢᠮᠵᠢᠶ᠎ᠠ ᠶᠣᠰᠣᠭ᠋ᠠᠷ ᠪᠦᠲᠦᠭᠡᠨ ᠪᠠᠶ᠋ᠢᠭᠤᠯᠤᠯᠲᠠ ᠵᠢᠨ ᠭᠤᠣᠯ ᠴᠣᠭᠴᠠ᠎ᠳᠤ ᠨᠡᠮᠡᠭᠦᠷᠢ ᠣᠯᠭᠤᠨ᠎ᠠ᠃ ᠮᠢᠩᠭ᠋ᠠᠨ ᠮᠦ᠍᠎ᠠᠴᠠ ᠳᠡᠭᠡᠭᠰᠢ ᠰᠢᠨ᠎ᠡ᠎ᠪᠠᠷ ᠪᠠᠶ᠋ᠢᠭᠤᠯᠤᠭᠰᠠᠨ ᠪᠤᠶᠤ ᠥᠷᠭᠡᠳᠬᠡᠨ ᠪᠠᠶ᠋ᠢᠭᠤᠯᠤᠭᠰᠠᠨ ᠪᠥᠭᠡᠳ ᠲᠥᠪᠯᠡᠷᠡᠭᠦᠯᠦᠨ ᠵᠠᠯᠭ᠋ᠠᠯᠳᠤᠭᠤᠯᠤᠭᠰᠠᠨ᠎ᠨᠢ ᠲᠦᠮᠡᠨ ᠮᠦ᠍᠎ᠠᠴᠠ ᠳᠡᠭᠡᠭᠰᠢ᠎ᠳᠤ ᠬᠦᠷᠦᠭᠰᠡᠨ ᠪᠡᠯᠡᠳᠬᠡᠮᠵᠢᠲᠦ ᠲᠠᠷᠢᠶᠠᠯᠠᠩ᠎ᠤᠨ ᠬᠦᠷᠢᠶᠡᠯᠡᠩ ᠲᠣᠭᠤᠷᠢᠭ᠎ᠤᠨ ᠪᠠᠶ᠋ᠢᠭ᠎ᠠ ᠬᠤᠰᠢᠭᠤ ᠰᠢᠶᠠᠨ (ᠬᠤᠲᠠ᠂ ᠲᠣᠭᠤᠷᠢᠭ) ᠪᠦᠷᠢ᠎ᠳᠤ 500 ᠲᠦᠮᠡᠨ ᠲᠥᠭᠦᠷᠢᠭ ᠱᠠᠩᠨᠠᠵᠤ᠂ 2000 ᠮᠦ᠍ ᠨᠡᠮᠡᠭᠳᠡᠭᠦᠯᠬᠦ ᠪᠦᠷᠢ ᠳᠠᠬᠢᠵᠤ 100 ᠲᠦᠮᠡᠨ ᠲᠥᠭᠦᠷᠢᠭ ᠱᠠᠩᠨᠠᠵᠤ᠂ ᠬᠠᠮᠤᠭ᠎ᠤᠨ ᠥᠨᠳᠥᠷ᠎ᠲᠤ᠎ᠪᠠᠨ 1000 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ ᠪᠠᠶ᠋ᠢᠯᠭ᠋ᠠᠵᠤ᠂ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠵᠣᠷᠢᠭᠵᠢᠭᠤᠯᠤᠨ᠂ ᠱᠠᠩᠨᠠᠯ᠎ᠤᠨ ᠪᠡᠯᠡ ᠮᠥᠩᠭᠦ ᠵᠢ ᠬᠡᠪᠴᠢᠶ᠎ᠡ᠎ᠪᠠᠨ ᠥᠷᠭᠡᠳᠬᠡᠬᠦ ᠪᠠ ᠰᠠᠶ᠋ᠢᠵᠢᠷᠠᠭᠤᠯᠤᠨ ᠥᠭᠡᠷᠡᠴᠢᠯᠡᠵᠦ ᠰᠢᠨᠡᠳᠬᠡᠬᠦ ᠵᠢᠴᠢ ᠦᠷ᠎ᠡ ᠴᠢᠬᠢ ᠨᠥᠬᠦᠵᠦ ᠪᠣᠶ᠋ᠢᠵᠢᠭᠤᠯᠬᠤ᠂ ᠣᠶᠤᠨᠴᠢᠯᠠᠨ ᠡᠵᠡᠮᠳᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠥᠮᠥᠷᠭᠡᠯᠡᠨ ᠬᠠᠳᠠᠭ᠋ᠠᠯᠠᠬᠤ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ᠂ ᠲᠤᠰᠬᠠᠢ ᠵᠠᠬ᠎ᠠ ᠳᠡᠯᠭᠡᠭᠦᠷ ᠵᠡᠷᠭᠡ ᠠᠵᠤ ᠦᠢ᠍ᠯᠡᠰ᠎ᠤᠨ ᠬᠡᠯᠬᠢᠶ᠎ᠡ ᠵᠢᠨ ᠳᠤᠲᠠᠭᠤᠳᠠᠯ᠎ᠢ ᠨᠥᠬᠦᠪᠦᠷᠢᠯᠡᠬᠦ᠎ᠳᠤ ᠭᠤᠣᠯᠳᠠᠯᠭ᠎ᠠ᠎ᠲᠠᠢ ᠬᠡᠷᠡᠭᠯᠡᠵᠦ᠂ ᠢᠳᠡᠰᠢᠨ ᠨᠣᠭᠤᠭ᠎ᠠ ᠵᠢᠨ ᠬᠠᠩᠭ᠋ᠠᠯᠭ᠎ᠠ ᠵᠢᠨ ᠨᠣᠷᠮ᠎ᠠ ᠵᠢ ᠳᠡᠭᠡᠭᠰᠢᠯᠡᠭᠦᠯᠦᠨ᠎ᠡ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠵᠢᠯᠴᠠᠨ᠎ᠠ]
    ᠬᠤᠶᠠᠷ᠂ ᠲᠠᠷᠢᠶᠠᠯᠠᠩ᠎ᠤᠨ ᠪᠡᠯᠡᠳᠬᠡᠮᠵᠢ ᠵᠢᠨ ᠥᠮᠴᠢᠯᠡᠯ᠎ᠤᠨ ᠡᠷᠬᠡ ᠵᠢᠨ ᠪᠡᠯᠡ ᠲᠣᠬᠢᠷᠠᠭᠤᠯᠭ᠎ᠠ ᠵᠢᠨ ᠡᠷᠬᠡ ᠴᠢᠳᠠᠪᠬᠢ ᠵᠢ ᠳᠡᠭᠡᠭᠰᠢᠯᠡᠭᠦᠯᠦᠨ᠎ᠡ
    ᠪᠥᠬᠦ ᠣᠷᠣᠨ᠎ᠤ ᠬᠡᠪᠴᠢᠶᠡᠨ᠎ᠳᠤ ᠲᠠᠷᠢᠶᠠᠯᠠᠩ᠎ᠤᠨ ᠪᠡᠯᠡᠳᠬᠡᠮᠵᠢ ᠵᠢᠨ ᠡᠷᠬᠡ ᠵᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠵᠢ ᠬᠡᠷᠡᠭᠵᠢᠭᠦᠯᠵᠦ᠂ ᠦᠨᠡᠮᠯᠡᠯ ᠣᠯᠭᠤᠬᠤ ᠵᠢᠨ ᠣᠨᠣᠪᠴᠢ ᠵᠢᠨ ᠬᠡᠮᠵᠢᠶ᠎ᠡ ᠪᠠ ᠬᠠᠮᠤᠷᠬᠤ ᠬᠡᠪᠴᠢᠶ᠎ᠡ ᠵᠢ ᠳᠡᠭᠡᠭᠰᠢᠯᠡᠭᠦᠯᠦᠨ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ᠎ᠬᠢᠨ᠎ᠤ ᠲᠠᠷᠢᠶᠠᠯᠠᠩ᠎ᠤᠨ ᠪᠡᠯᠡᠳᠬᠡᠮᠵᠢ ᠵᠢᠨ ᠪᠣᠳᠠᠰ᠎ᠤᠨ ᠡᠷᠬᠡ ᠵᠢᠨ ᠦᠨᠡᠮᠯᠡᠯ᠂ ᠡᠵᠡᠩᠨᠡᠯᠲᠡ ᠵᠢᠨ ᠡᠷᠬᠡ ᠵᠢᠨ ᠦᠨᠡᠮᠯᠡᠯ ᠵᠡᠷᠭᠡ ᠵᠢᠨ ᠪᠠᠷᠢᠴᠠᠭ᠋ᠠᠲᠤ ᠵᠢᠭᠡᠯᠡᠯᠭᠡ ᠵᠢ ᠰᠢᠨ᠎ᠡ ᠡᠭᠦᠳᠦᠯᠲᠡ᠎ᠲᠠᠢ᠎ᠪᠠᠷ ᠥᠷᠨᠢᠭᠦᠯᠬᠦ ᠵᠢ ᠠᠬᠢᠭᠤᠯᠤᠨ᠎ᠠ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠵᠢᠯᠴᠠᠨ᠎ᠠ]
    ᠭᠤᠷᠪᠠ᠂ ᠮᠥᠩᠭᠦᠨ ᠭᠦᠢ᠍ᠯᠭᠡᠭᠡᠨ᠎ᠤ ᠳᠡᠮᠵᠢᠯᠭᠡ᠎ᠳᠤ ᠰᠢᠨ᠎ᠡ ᠵᠢ ᠡᠭᠦᠳᠦᠨ᠎ᠡ
    ᠨᠥᠬᠦᠴᠡᠯ᠎ᠳᠤ ᠨᠡᠶ᠋ᠢᠴᠡᠬᠦ ᠣᠲᠣ ᠦᠶ᠎ᠡ ᠵᠢᠨ ᠪᠡᠯᠡᠳᠭᠡᠮᠵᠢᠳᠤ ᠲᠠᠷᠢᠶᠠᠯᠠᠩ᠎ᠤᠨ ᠲᠥᠷᠥᠯ ᠵᠦᠢ᠍ᠯ᠎ᠤᠨ ᠵᠢᠭᠡᠯᠡᠯᠭᠡ᠎ᠳᠤ ᠳᠡᠮ ᠬᠦᠦ ᠮᠥᠩᠭᠦ ᠵᠢᠨ ᠳᠡᠮᠵᠢᠯᠭᠡ ᠵᠢ ᠬᠡᠷᠡᠭᠵᠢᠭᠦᠯᠵᠦ᠂ ᠨᠢᠭᠡᠨᠲᠡ ᠪᠠᠶ᠋ᠢᠭ᠎ᠠ ᠳᠠᠮ ᠬᠦᠦ ᠮᠥᠩᠭᠦ ᠵᠢᠨ ᠲᠥᠷᠥ ᠵᠢᠨ ᠪᠣᠳᠣᠯᠭ᠎ᠠ ᠵᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠳᠠᠬᠢᠵᠤ 10% - 20% ᠵᠢᠨ ᠳᠠᠮ ᠬᠦᠦ ᠥᠭᠴᠦ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠠᠴᠠ ᠥᠭᠬᠦ ᠳᠠᠮ ᠬᠦᠦ ᠮᠥᠩᠭᠦ ᠵᠢ ᠨᠡᠶ᠋ᠢᠯᠡᠭᠦᠯᠦᠭᠡᠳ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠨᠡᠶ᠋ᠢᠲᠡᠯᠡᠭᠰᠡᠨ ᠠᠳᠠᠯᠢ ᠬᠤᠭᠤᠴᠠᠭ᠋ᠠᠨ᠎ᠤ ᠠᠳᠠᠯᠢ ᠲᠠᠰ᠎ᠤᠨ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠦᠨ᠎ᠤ ᠨᠣᠷᠮ᠎ᠠ (LPR) ᠵᠢᠨ 90%᠎ᠠᠴᠠ ᠥᠨᠳᠥᠷ ᠪᠠᠶ᠋ᠢᠯᠭ᠋ᠠᠬᠤ ᠦᠭᠡᠢ ᠮᠥᠷᠲᠡᠭᠡᠨ ᠵᠢᠭᠡᠯᠡᠯᠭᠡ ᠵᠢᠨ ᠬᠦᠦ ᠵᠢᠨ ᠨᠤᠷᠮ᠎ᠠ ᠵᠢᠨ 3%᠎ᠠᠴᠠ ᠳᠠᠪᠠᠭᠤᠯᠬᠤ ᠦᠭᠡᠢ (ᠪᠣᠳᠠᠲᠠᠢ ᠬᠦᠦ ᠮᠥᠩᠭᠦᠨ᠎ᠤ ᠨᠣᠷᠮ᠎ᠠ᠎ᠨᠢ LPR᠎ᠠᠴᠠ ᠳᠣᠣᠷ᠎ᠠ ᠪᠠᠶ᠋ᠢᠬᠤ ᠵᠢ᠎ᠨᠢ ᠪᠣᠳᠠᠲᠠᠢ ᠬᠦᠦ ᠮᠥᠩᠭᠦᠨ᠎ᠤ ᠨᠤᠷᠮ᠎ᠠ᠎ᠪᠠᠷ᠎ᠨᠢ ᠪᠤᠳᠤᠨ᠎ᠠ) ᠪᠠᠶ᠋ᠢᠯᠭ᠋ᠠᠨ᠎ᠠ᠃ ᠪᠡᠯᠡᠳᠭᠡᠮᠵᠢᠲᠦ ᠲᠠᠷᠢᠶᠠᠯᠠᠩ᠎ᠤᠨ ᠵᠢᠭᠡᠯᠡᠯᠭᠡ ᠵᠢᠨ ᠳᠠᠭ᠋ᠠᠭ᠋ᠠᠯᠲᠠ ᠵᠢᠨ ᠵᠠᠷᠤᠳᠠᠯ᠎ᠤᠨ ᠨᠣᠷᠮ᠎ᠠ ᠵᠢ 1%᠎ᠠᠴᠠ ᠥᠨᠳᠥᠷ ᠪᠠᠶ᠋ᠢᠯᠭ᠋ᠠᠬᠤ ᠦᠭᠡᠢ᠃ ᠪᠡᠯᠡᠳᠭᠡᠮᠵᠢᠳᠤ ᠲᠠᠷᠢᠶᠠᠯᠠᠩ᠎ᠤᠨ ᠳᠠᠭ᠋ᠠᠳᠬᠠᠯ᠎ᠳᠤ ᠣᠷᠣᠯᠴᠠᠬᠤ ᠬᠡᠪᠴᠢᠶ᠎ᠡ ᠵᠢ ᠥᠷᠭᠡᠳᠬᠡᠵᠦ᠂ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ᠎ᠳᠤ ᠳᠠᠭ᠋ᠠᠳᠬᠠᠯ᠎ᠤᠨ ᠨᠡᠶ᠋ᠢᠳᠡᠮ ᠬᠠᠮᠤᠷᠤᠯᠲᠠ ᠵᠢ ᠬᠡᠷᠡᠭᠵᠢᠭᠦᠯᠬᠦ ᠵᠢ ᠵᠣᠷᠢᠭᠵᠢᠭᠤᠯᠵᠤ᠂ ᠢᠯᠭ᠋ᠠᠪᠤᠷᠢᠯᠠᠨ ᠨᠡᠮᠡᠭᠦᠷᠢ ᠣᠯᠭᠤᠬᠤ ᠲᠥᠷᠥ ᠵᠢᠨ ᠪᠣᠳᠣᠯᠭ᠎ᠠ ᠵᠢ ᠨᠡᠶ᠋ᠢᠲᠡᠯᠡᠨ᠎ᠡ᠃ [ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠵᠢᠯᠴᠠᠨ᠎ᠠ]
    ᠳᠥᠷᠪᠡ᠂ ᠪᠡᠯᠡᠳᠭᠡᠮᠵᠢᠳᠤ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ᠎ᠪᠠᠨ ᠴᠢᠩᠭ᠋ᠠᠳᠬᠠᠨ᠎ᠠ
    ᠪᠡᠯᠡᠳᠭᠡᠮᠵᠢᠳᠤ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢ᠍ᠯ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠵᠠᠭᠪᠤᠷ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠣᠷᠴᠢᠨ ᠲᠣᠭᠤᠷᠢᠨ᠎ᠤ ᠣᠶᠤᠨᠴᠢ ᠬᠠᠮᠢᠶᠠᠷᠤᠯᠲᠠ᠂ ᠭᠤᠪᠢ ᠵᠢᠨ ᠪᠡᠯᠡᠳᠭᠡᠮᠵᠢᠲᠦ ᠲᠠᠷᠢᠶᠠᠯᠠᠩ᠂ ᠬᠠᠭᠤᠴᠢᠨ ᠬᠦᠯᠡᠮᠵᠢ ᠵᠢ ᠥᠭᠡᠷᠡᠴᠢᠯᠡᠨ ᠰᠢᠨᠡᠳᠬᠡᠵᠦ ᠰᠠᠶ᠋ᠢᠵᠢᠷᠠᠭᠤᠯᠬᠤ ᠵᠡᠷᠭᠡ ᠰᠢᠨ᠎ᠡ ᠵᠠᠭᠪᠤᠷ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ᠎ᠢ ᠰᠤᠳᠤᠯᠤᠨ ᠰᠢᠨ᠎ᠡ ᠵᠢ ᠡᠭᠦᠳᠬᠦ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ ᠠᠵᠢᠯ᠎ᠢ ᠥᠷᠨᠢᠭᠦᠯᠦᠨ᠎ᠡ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠢᠭᠡᠴᠢ ᠪᠤᠶᠤ ᠠᠵᠤ ᠠᠬᠤᠶ᠋ᠢᠯᠠᠯ᠎ᠳᠤ ᠲᠦᠰᠢᠭᠯᠡᠨ ᠪᠡᠯᠡᠳᠭᠡᠮᠵᠢᠳᠤ ᠲᠠᠷᠢᠶᠠᠯᠠᠩ᠎ᠤᠨ ᠰᠤᠳᠤᠯᠤᠯ᠎ᠤᠨ ᠬᠦᠷᠢᠶᠡᠯᠡᠩ᠎ᠢ ᠪᠠᠶ᠋ᠢᠭᠤᠯᠵᠤ᠂ ᠣᠷᠣᠨ᠎ᠤ ᠳᠣᠲᠣᠷ᠎ᠠ ᠭᠠᠳᠠᠨᠠᠬᠢ ᠪᠡᠯᠡᠳᠭᠡᠮᠵᠢᠳᠤ ᠲᠠᠷᠢᠶᠠᠯᠠᠩ᠎ᠤᠨ ᠬᠦᠷᠢᠶᠡᠨ᠎ᠳᠠᠬᠢ ᠳᠡᠭᠡᠳᠦ ᠲᠠᠰ ᠳᠠᠪᠬᠤᠷᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠪᠡᠯᠡᠳᠭᠡᠮᠵᠢᠳᠤ ᠲᠠᠷᠢᠶᠠᠯᠠᠩ᠎ᠤᠨ ᠲᠠᠯ᠎ᠠ᠎ᠪᠠᠷ᠎ᠬᠢ ᠨᠤᠲᠤᠭ ᠣᠷᠣᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ᠎ᠤᠨ ᠮᠧᠬᠠᠨᠢᠭᠵᠢᠭᠤᠯᠬᠤ᠎ᠳᠤ ᠲᠣᠬᠢᠷᠠᠮᠵᠢᠲᠠᠢ ᠪᠣᠯᠭ᠋ᠠᠬᠤ ᠲᠠᠯ᠎ᠠ᠎ᠳᠠᠬᠢ ᠳᠤᠲᠠᠭᠤᠳᠠᠯ ᠪᠠ ᠪᠠᠭᠤᠷᠠᠢ ᠲᠠᠯ᠎ᠠ᠎ᠳᠤ ᠴᠢᠭᠯᠡᠭᠦᠯᠦᠨ᠂ ᠨᠠᠩ ᠣᠯᠠᠨ ᠪᠡᠯᠡᠳᠭᠡᠮᠵᠢᠳᠤ ᠲᠠᠷᠢᠶᠠᠯᠠᠩ᠎ᠤᠨ ᠮᠧᠬᠠᠨᠢᠭᠵᠢᠭᠤᠯᠤᠭᠰᠠᠨ ᠲᠣᠨᠤᠭ ᠲᠥᠬᠦᠭᠡᠷᠦᠮᠵᠢ ᠵᠢ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠡᠮᠡᠭᠦᠷᠢ ᠵᠢᠨ ᠬᠡᠪᠴᠢᠶᠡᠨ᠎ᠳᠤ ᠣᠷᠣᠭᠤᠯᠤᠨ᠎ᠠ᠃ ᠢᠳᠡᠰᠢᠨ ᠨᠣᠭᠤᠭ᠎ᠠ᠂ ᠭᠤᠸᠠ ᠵᠢᠮᠢᠰ ᠵᠡᠷᠭᠡ ᠵᠢᠨ ᠰᠢᠨ᠎ᠡ ᠡᠭᠦᠯᠳᠡᠷ᠎ᠢ ᠡᠮᠦᠨ᠎ᠡ ᠣᠷᠣᠨ᠎ᠳᠤ ᠦᠷᠡᠵᠢᠭᠦᠯᠵᠦ ᠰᠣᠩᠭᠤᠨ ᠪᠣᠶ᠋ᠢᠵᠢᠭᠤᠯᠬᠤ᠎ᠲᠠᠢ ᠬᠠᠮᠢᠶᠠᠳᠤᠭᠰᠠᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠨ᠎ᠡ᠃ [ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠬᠠᠮᠵᠢᠯᠴᠠᠨ᠎ᠠ]
    ᠲᠠᠪᠤ᠂ ᠬᠦᠷᠢᠶᠡᠨ ᠠᠵᠤ ᠠᠬᠤᠢ ᠵᠢ ᠶᠡᠭᠡ᠎ᠪᠠᠷ ᠬᠥᠭᠵᠢᠭᠦᠯᠦᠨ᠎ᠡ
    ᠲᠠᠷᠢᠶᠠᠴᠢᠳ᠎ᠤᠨ ᠭᠡᠷ ᠪᠠᠶ᠋ᠢᠰᠢᠩ᠎ᠤᠨ ᠵᠶ᠋ᠠᠨ ᠡᠮᠦᠨ᠎ᠡ ᠠᠷᠤ ᠵᠡᠷᠭᠡ᠎ᠳᠤ ᠰᠤᠯᠠ ᠲᠠᠯᠪᠢᠭᠳᠠᠵᠤ ᠪᠠᠶ᠋ᠢᠭ᠎ᠠ ᠬᠦᠷᠢᠶ᠎ᠡ ᠬᠠᠰᠢᠶᠠᠨ᠎ᠤ ᠣᠷᠣᠨ ᠵᠠᠢ᠎ᠪᠠᠨ ᠠᠰᠢᠭᠯᠠᠨ᠂ ᠪᠡᠯᠡᠳᠬᠡᠮᠵᠢᠲᠦ ᠲᠠᠷᠢᠮᠠᠯ ᠵᠢᠴᠢ ᠪᠡᠯᠡᠳᠭᠡᠮᠵᠢᠭᠦᠯᠵᠦ ᠲᠥᠪᠯᠡᠷᠡᠭᠦᠯᠦᠭᠰᠡᠨ ᠭᠡᠷ ᠪᠦᠯᠢ ᠵᠢᠨ ᠦᠢ᠍ᠯᠡᠳᠪᠦᠷᠢ᠂ ᠭᠠᠷ ᠦᠢ᠍ᠯᠡᠳᠬᠡᠯ᠎ᠤᠨ ᠭᠠᠵᠠᠷ᠂ ᠣᠨᠴᠠᠯᠢᠭᠲᠤ ᠰᠣᠶᠣᠯ ᠡᠭᠦᠳᠦᠯᠲᠡ ᠵᠢᠨ ᠪᠦᠲᠦᠭᠡᠭᠳᠡᠬᠦᠨ᠎ᠤ ᠬᠦᠷᠢᠶᠡᠯᠡᠩ᠎ᠢ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠬᠥᠭᠵᠢᠭᠦᠯᠬᠦ ᠵᠢ᠎ᠨᠢ ᠵᠣᠷᠢᠭᠵᠢᠭᠤᠯᠤᠨ᠎ᠠ᠃ ᠪᠥᠬᠦ ᠣᠷᠣᠨ᠎ᠳᠤ ᠵᠡᠭᠦᠨ᠂ ᠳᠤᠮᠳᠠ᠂ ᠪᠠᠷᠠᠭᠤᠨ ᠬᠡᠰᠡᠭ᠎ᠤᠨ ᠣᠷᠣᠨ ᠲᠠᠷᠬᠠᠯᠲᠠ᠎ᠪᠠᠷ᠂ ᠪᠦᠬᠦ ᠲᠣᠰᠬᠤᠨ ᠵᠶ᠋ᠠᠷ ᠵᠶ᠋ᠠᠨ ᠬᠦᠷᠢᠶᠡᠨ ᠠᠵᠤ ᠠᠬᠤᠢ ᠵᠢ ᠬᠥᠭᠵᠢᠭᠦᠯᠦᠭᠰᠡᠨ ᠵᠢᠱ᠌ᠢᠶ᠎ᠡ ᠦᠵᠡᠭᠦᠯᠬᠦ ᠲᠤᠰᠬᠤᠨ᠎ᠢ ᠵᠢᠯ ᠪᠦᠷᠢ 150 ᠰᠢᠯᠢᠳᠡᠭᠴᠢᠯᠡᠨ ᠰᠣᠩᠭᠤᠵᠤ᠂ ᠪᠦᠬᠦ ᠲᠣᠰᠬᠤᠨ ᠪᠤᠶᠤ ᠪᠦᠬᠦ ᠰᠢᠶᠠᠩ ᠵᠶ᠋ᠠᠷ ᠨᠢᠭᠡᠴᠢ ᠪᠣᠯᠭ᠋ᠠᠵᠤ ᠲᠥᠷᠥᠯ ᠵᠦᠢ᠍ᠯ᠎ᠤᠨ ᠬᠠᠮᠢᠶᠠᠷᠤᠯᠲᠠ ᠶᠣᠰᠣᠭ᠋ᠠᠷ ᠲᠡᠳᠬᠦᠨ ᠳᠡᠮᠵᠢᠬᠦ ᠪᠡᠯᠡ ᠮᠥᠩᠭᠦ ᠭᠤᠶᠤᠴᠢᠯᠠᠨ ᠮᠡᠳᠡᠭᠦᠯᠵᠦ᠂ ᠣᠨᠴᠠᠯᠢᠭᠲᠤ ᠲᠠᠷᠢᠮᠠᠯ᠂ ᠰᠡᠯᠡᠭᠦᠴᠡᠯ ᠵᠤᠭ᠋ᠠᠴᠠᠯ᠂ ᠡᠯᠧᠺᠳ᠋ᠷᠣᠨ ᠬᠤᠳᠠᠯᠳᠤᠭ᠋ᠠᠨ᠎ᠤ ᠦᠢ᠍ᠯᠡᠴᠢᠯᠡᠭᠡ᠂ ᠦᠢ᠍ᠯᠡᠳᠪᠦᠷᠢᠯᠡᠯ ᠠᠮᠢᠳᠤᠷᠠᠯ᠎ᠤᠨ ᠦᠢ᠍ᠯᠡᠴᠢᠯᠡᠭᠡ ᠵᠡᠷᠭᠡ ᠣᠯᠠᠨ ᠲᠥᠷᠥᠯ ᠬᠡᠯᠪᠡᠷᠢ ᠵᠢᠨ ᠬᠦᠷᠢᠶᠡᠨ ᠠᠵᠤ ᠠᠬᠤᠢ ᠵᠢ ᠳᠡᠮᠵᠢᠨ ᠬᠥᠭᠵᠢᠭᠦᠯᠦᠨ᠎ᠡ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠎ᠠᠴᠠ ᠬᠠᠷᠢᠭᠤᠴᠠᠨ᠎ᠠ]
    ᠵᠢᠷᠭᠤᠭ᠎ᠠ᠂ ᠪᠡᠯᠡᠳᠭᠡᠮᠵᠢᠳᠤ ᠲᠠᠷᠢᠶᠠᠯᠠᠩ᠎ᠤᠨ ᠣᠯᠠᠨ ᠡᠰᠢᠵᠢᠭᠰᠡᠨ ᠬᠥᠭᠵᠢᠯᠲᠡ ᠵᠢ ᠠᠬᠢᠭᠤᠯᠤᠨ᠎ᠠ
    ᠪᠣᠬᠢᠷᠲᠤᠯ ᠦᠭᠡᠢ ᠬᠡᠷᠡᠭᠯᠡᠭᠡ᠂ ᠡᠷᠡᠭᠦᠯ ᠮᠡᠨᠳᠦ ᠵᠢᠨ ᠬᠡᠷᠡᠭᠯᠡᠭᠡ ᠵᠢᠨ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ᠂ ᠣᠷᠣᠨ ᠪᠦᠰᠡ ᠵᠢᠨ ᠪᠡᠯᠡᠳᠬᠡᠮᠵᠢ ᠵᠢᠨ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠵᠦ᠂ ᠪᠡᠯᠡᠳᠬᠡᠮᠵᠢᠲᠦ ᠴᠡᠴᠡᠭ ᠡᠪᠡᠰᠦ᠂ ᠭᠤᠸᠠ ᠵᠢᠮᠢᠰ᠂ ᠡᠮ᠎ᠤᠨ ᠮᠠᠲ᠋ᠧᠷᠢᠶᠠᠯ᠂ ᠵᠤᠯᠵᠠᠭ᠎ᠠ ᠮᠣᠳᠣ᠂ ᠢᠳᠡᠰᠢᠨ ᠮᠥᠭᠦ ᠵᠡᠷᠭᠡ ᠥᠨᠳᠥᠷ ᠨᠡᠮᠡᠯᠲᠡ ᠥᠷᠲᠡᠭ ᠪᠦᠬᠦᠢ ᠣᠨᠴᠠᠯᠢᠭᠲᠤ ᠠᠵᠤ ᠦᠢ᠍ᠯᠡᠰ᠎ᠢ ᠵᠣᠷᠢᠭᠵᠢᠭᠤᠯᠤᠨ ᠬᠥᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢᠨ᠎ᠬᠢᠨ᠎ᠤ ᠥᠨᠳᠥᠷ ᠪᠦᠲᠦᠮᠵᠢᠲᠡᠶ ᠲᠠᠷᠢᠵᠤ ᠤᠷᠭᠤᠭᠤᠯᠬᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠨᠢᠭᠡᠳᠦᠯᠲᠡᠢ ᠰᠡᠷᠭᠡᠶ᠋ᠢᠯᠡᠨ ᠨᠢᠭᠡᠳᠦᠯᠲᠡᠢ ᠵᠠᠰᠠᠬᠤ ᠵᠡᠷᠭᠡ ᠪᠠᠷᠢᠮᠵᠢᠶᠠᠵᠢᠭᠤᠯᠤᠭᠰᠠᠨ ᠪᠥᠭᠡᠳ ᠨᠡᠶ᠋ᠢᠭᠡᠮᠴᠢᠯᠡᠭᠰᠡᠨ ᠦᠢ᠍ᠯᠡᠴᠢᠯᠡᠭᠡ ᠬᠠᠩᠭ᠋ᠠᠬᠤ ᠵᠢ᠎ᠨᠢ ᠵᠣᠷᠢᠭᠵᠢᠭᠤᠯᠤᠨ᠎ᠠ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠮᠵᠢᠯᠴᠠᠨ᠎ᠠ]
    ᠳᠣᠯᠤᠭ᠎ᠠ᠂ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ
    ᠭᠠᠵᠠᠷ ᠰᠢᠷᠣᠢ ᠵᠢ ᠲᠥᠯᠥᠪᠦᠷᠢᠲᠡᠢ ᠰᠢᠯᠵᠢᠭᠦᠯᠦᠭᠰᠡᠨ ᠣᠷᠣᠯᠭ᠎ᠠ ᠵᠢᠨ ᠪᠡᠯᠡ ᠮᠥᠩᠭᠦ᠂ ᠭᠠᠵᠠᠷ ᠰᠢᠷᠣᠢ ᠵᠢᠨ ᠭᠦᠢ᠍ᠴᠡᠳᠬᠡᠯ ᠲᠤᠭ᠎ᠠ ᠵᠢᠨ ᠠᠷᠠᠯᠵᠢᠶᠠᠨ᠎ᠤ ᠣᠷᠣᠯᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠭᠤᠯᠤᠯᠲᠠ ᠵᠢᠨ ᠪᠡᠯᠡ ᠮᠥᠩᠭᠦ ᠵᠡᠷᠭᠡ᠎ᠪᠠᠷ ᠪᠡᠯᠡᠳᠭᠡᠮᠵᠢᠳᠤ ᠲᠠᠷᠢᠶᠠᠯᠠᠩ᠎ᠤᠨ ᠲᠥᠷᠥᠯ ᠵᠦᠢ᠍ᠯ᠎ᠢ ᠤᠷᠢᠳ ᠵᠶ᠋ᠠᠷ ᠳᠡᠮᠵᠢᠨ᠎ᠡ᠃ ᠨᠥᠬᠦᠴᠡᠯ᠎ᠲᠠᠢ ᠪᠠᠶ᠋ᠢᠭ᠎ᠠ ᠭᠤᠪᠢ᠂ ᠴᠦᠯ᠂ ᠬᠤᠵᠢᠷᠯᠢᠭ ᠠᠲᠠᠷ ᠭᠠᠵᠠᠷ ᠵᠡᠷᠭᠡ ᠣᠷᠣᠨ ᠪᠦᠰᠡ᠎ᠳᠤ ᠪᠡᠯᠡᠳᠭᠡᠮᠵᠢᠳᠤ ᠲᠠᠷᠢᠶᠠᠯᠠᠩ᠎ᠢ ᠬᠥᠭᠵᠢᠭᠦᠯᠬᠦ ᠵᠢ ᠳᠡᠮᠵᠢᠨ᠎ᠡ᠃ 《ᠤᠰᠤ᠎ᠪᠠᠷ ᠭᠠᠵᠠᠷ᠎ᠢ ᠲᠣᠭᠲᠠᠭ᠋ᠠᠬᠤ》 ᠤᠷᠢᠲᠠᠯ ᠳᠣᠣᠷ᠎ᠠ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠤᠰᠤ ᠵᠢ ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠯᠡᠬᠦ ᠴᠠᠬᠢᠯᠭ᠋ᠠᠨ᠎ᠳᠤ ᠲᠠᠷᠢᠶᠠᠯᠠᠩ᠎ᠳᠤ ᠬᠡᠷᠡᠭᠯᠡᠬᠦ ᠴᠠᠬᠢᠯᠭ᠋ᠠᠨ᠎ᠤ ᠲᠦᠷᠦ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ᠎ᠤᠨ ᠪᠣᠬᠢᠷᠲᠤᠯ ᠦᠭᠡᠢ ᠡᠷᠭᠢᠯᠳᠦᠨ ᠬᠥᠭᠵᠢᠬᠦ ᠵᠢ ᠳᠡᠮᠵᠢᠵᠦ᠂ ᠭᠡᠷᠡᠯᠴᠢ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠵᠢ ᠠᠰᠢᠭᠯᠠᠨ ᠳᠤᠯᠠᠭ᠋ᠠᠯᠠᠨ ᠬᠡᠷᠡᠯᠲᠦᠭᠦᠯᠬᠦ᠂ ᠭᠠᠵᠠᠷ᠎ᠤᠨ ᠢᠯᠴᠢ ᠪᠠ ᠠᠵᠤ ᠦᠢ᠍ᠯᠡᠳᠪᠦᠷᠢ ᠵᠢᠨ ᠬᠠᠶᠠᠭᠳᠠᠮᠠᠯ ᠢᠯᠴᠢ᠂ ᠬᠠᠶᠠᠭᠳᠠᠮᠠᠯ ᠬᠡᠢ (ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ) ᠵᠡᠷᠭᠡ ᠵᠢ ᠭᠦᠢ᠍ᠴᠡᠳ ᠠᠰᠢᠭᠯᠠᠨ ᠪᠡᠯᠡᠳᠭᠡᠮᠵᠢᠳᠤ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠳᠠᠬᠢᠨᠲᠠ ᠠᠰᠢᠭᠯᠠᠬᠤ ᠵᠢ ᠵᠣᠷᠢᠭᠵᠢᠭᠤᠯᠤᠨ᠎ᠠ᠃ [ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ]
    ᠡᠯ᠎ᠡ ᠭᠠᠵᠠᠷ ᠣᠷᠣᠨ᠎ᠨᠢ 《ᠢᠳᠡᠰᠢᠨ ᠨᠣᠭᠤᠭ᠎ᠠ》 ᠵᠢᠨ ᠬᠤᠳᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠪᠡᠯᠡᠳᠭᠡᠮᠵᠢᠳᠤ ᠲᠠᠷᠢᠶᠠᠯᠠᠩ᠎ᠢ ᠢᠳᠡᠪᠬᠢᠲᠡᠢ᠎ᠪᠠᠷ ᠬᠥᠭᠵᠢᠭᠦᠯᠦᠨ᠂ ᠲᠣᠰ ᠠᠷᠭ᠎ᠠ ᠬᠡᠮᠵᠢᠶ᠎ᠡ᠎ᠳᠤ ᠬᠤᠯᠪᠣᠭᠳᠠᠭᠰᠠᠨ ᠲᠤᠰᠬᠠᠢ ᠳᠡᠮᠵᠢᠯᠭᠡ ᠵᠢᠨ ᠪᠡᠯᠡ ᠮᠥᠩᠭᠦ ᠵᠢ ᠴᠥᠮ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠳᠤ᠎ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠶ᠋ᠢᠳᠠᠯ᠎ᠢ᠎ᠨᠢ ᠦᠨᠳᠦᠰᠦᠯᠡᠨ ᠨᠡᠮᠡᠭᠦᠷᠢ ᠣᠯᠭᠤᠬᠤ᠂ ᠳᠠᠷᠠᠭ᠋ᠠᠯᠠᠨ ᠬᠡᠷᠡᠭᠵᠢᠭᠦᠯᠬᠦ》 ᠠᠷᠭ᠎ᠠ ᠮᠠᠶᠢᠭ ᠵᠶ᠋ᠠᠷ ᠰᠠᠯᠭ᠋ᠠᠨ ᠥᠭᠴᠦ᠂ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠎ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭ᠋ᠠᠵᠤ᠂ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭ᠋ᠠᠯᠠᠯ᠂ ᠪᠦᠲᠦᠭᠡᠨ ᠪᠠᠶ᠋ᠢᠭᠤᠯᠬᠤ ᠠᠭᠤᠯᠭ᠎ᠠ᠂ ᠰᠢᠯᠭ᠋ᠠᠨ ᠬᠢᠨᠠᠵᠤ ᠰᠢᠯᠭ᠋ᠠᠨ ᠬᠤᠷᠢᠶᠠᠬᠤ ᠵᠡᠷᠭᠡ ᠵᠢ ᠲᠣᠳᠣᠷᠬᠠᠶ᠋ᠢᠯᠠᠬᠤ ᠬᠡᠷᠡᠭᠲᠡᠢ᠃
    ᠪᠡᠯᠡᠳᠬᠡᠮᠵᠢᠲᠦ ᠮᠠᠯ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ
    ᠪᠦᠬᠦ ᠣᠷᠣᠨ᠎ᠤ ᠪᠡᠯᠡᠳᠬᠡᠮᠵᠢᠲᠦ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠠᠷᠭ᠎ᠠ ᠮᠠᠶᠢᠭ ᠪᠦᠳᠦᠭᠦᠯᠢᠭ᠂ ᠪᠣᠷᠳᠣᠭᠰᠠᠨ ᠬᠤᠪᠢ ᠵᠢᠨ ᠵᠢᠩ ᠬᠠᠷᠢᠴᠠᠩᠭᠤᠢ ᠳᠣᠣᠷ᠎ᠠ᠂ ᠡᠵᠡᠩᠨᠡᠯᠲᠡ ᠵᠢᠨ ᠦᠷ᠎ᠡ ᠠᠰᠢᠭ ᠥᠨᠳᠥᠷ ᠪᠤᠰᠤ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠵᠦ᠂ 2026 ᠣᠨ ᠪᠣᠯᠬᠤ᠎ᠳᠤ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠦᠭᠰᠡᠨ ᠬᠡᠪᠴᠢᠶᠡᠵᠢᠯ᠎ᠤᠨ ᠨᠣᠷᠮ᠎ᠠ ᠵᠢ 78%᠎ᠠᠴᠠ ᠳᠡᠭᠡᠭᠰᠢ᠎ᠳᠤ ᠬᠦᠷᠦᠭᠦᠯᠦᠨ᠂ ᠣᠳᠣ ᠦᠶ᠎ᠡ ᠵᠢᠨ ᠪᠡᠯᠡᠳᠬᠡᠮᠵᠢᠲᠦ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠦᠷ᠎ᠡ ᠪᠦᠲᠦᠮᠵᠢ᠂ ᠭᠠᠷᠤᠯᠲᠠ ᠵᠢᠨ ᠶᠠᠰᠤ ᠴᠢᠨᠠᠷ ᠪᠠ ᠳᠠᠶ᠋ᠢᠴᠢᠯᠠᠬᠤ ᠦᠢ᠍ᠯᠡᠳᠦᠯ᠎ᠤᠨ ᠢᠯᠡᠷᠬᠡᠢ ᠳᠡᠭᠡᠭᠰᠢᠯᠡᠬᠦ ᠵᠢ ᠴᠢᠷᠮᠠᠶ᠋ᠢᠨ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠵᠢ ᠲᠣᠭᠲᠠᠭ᠋ᠠᠪᠠ᠃
    ᠨᠢᠭᠡ᠂ ᠪᠡᠯᠡᠳᠭᠡᠮᠵᠢᠳᠤ ᠮᠠᠯ ᠠᠵᠤ ᠠᠬᠤᠢ ᠵᠢᠨ ᠶᠠᠰᠤ ᠴᠢᠨᠠᠷ ᠦᠷ᠎ᠡ ᠠᠰᠢᠭ᠎ᠤᠨ ᠳᠡᠭᠡᠭᠰᠢᠯᠡᠯᠲᠡ ᠵᠢ ᠠᠬᠢᠭᠤᠯᠤᠨ᠎ᠠ
    ᠬᠠᠰᠢᠶᠠᠯᠠᠨ ᠲᠡᠵᠢᠭᠡᠬᠦ ᠵᠢ ᠶᠡᠭᠡ᠎ᠪᠠᠷ ᠠᠬᠢᠭᠤᠯᠵᠤ᠂ ᠵᠢᠯ᠎ᠳᠤ ᠪᠣᠳᠠᠲᠠᠢ ᠲᠡᠵᠢᠭᠡᠯ᠎ᠠᠴᠠ ᠭᠠᠷᠭ᠋ᠠᠭᠰᠠᠨ ᠪᠣᠷᠳᠣᠭᠰᠠᠨ ᠠᠯᠠᠰᠢᠨ ᠦᠬᠡᠷ 500 ᠲᠣᠯᠣᠭ᠋ᠠᠢ ᠪᠤᠶᠤ ᠠᠯᠠᠰᠢᠨ ᠬᠤᠨᠢ 3000 ᠲᠣᠯᠣᠭ᠋ᠠᠢ᠎ᠠᠴᠠ ᠳᠡᠭᠡᠭᠰᠢᠬᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠪᠣᠯᠬᠤ ᠮᠥᠷᠲᠡᠭᠡᠨ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠨᠢᠲᠤᠯᠤᠭᠰᠠᠨ ᠪᠥᠭᠡᠳ ᠭᠠᠷᠤᠯᠲᠠ ᠵᠢᠨ ᠣᠷᠣᠨ᠎ᠤ ᠬᠢᠵᠢᠭ ᠪᠠᠶ᠋ᠢᠴᠠᠭ᠋ᠠᠭᠰᠠᠨ ᠭᠡᠷᠡᠴᠢ᠎ᠲᠠᠢ ᠪᠠᠶ᠋ᠢᠪᠠᠯ᠂ ᠲᠡᠵᠢᠭᠡᠯ᠎ᠠᠴᠠ ᠭᠠᠷᠭ᠋ᠠᠭᠰᠠᠨ ᠠᠯᠠᠰᠢᠨ ᠦᠬᠡᠷ᠎ᠤᠨ ᠲᠣᠯᠣᠭ᠋ᠠᠢ ᠪᠦᠷᠢ᠎ᠳᠤ 300 ᠲᠥᠭᠦᠷᠢᠭ᠂ ᠠᠯᠠᠰᠢᠨ ᠬᠤᠨᠢ ᠵᠢᠨ ᠲᠣᠯᠣᠭ᠋ᠠᠢ ᠪᠦᠷᠢ᠎ᠳᠤ 60 ᠲᠥᠭᠦᠷᠢᠭ ᠵᠶ᠋ᠠᠷ ᠱᠠᠩᠨᠠᠨ᠎ᠠ᠃ ᠱᠠᠩᠨᠠᠯ᠎ᠤᠨ ᠪᠡᠯᠡ ᠮᠥᠩᠭᠦ ᠵᠢ ᠭᠤᠣᠯᠳᠠᠭᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠂ ᠰᠢᠭᠡᠭ ᠰᠠᠩᠭ᠋ᠠᠰᠤ ᠰᠢᠢ᠍ᠳᠪᠦᠷᠢᠯᠡᠬᠦ ᠪᠡᠯᠡᠳᠬᠡᠮᠵᠢ ᠵᠢ ᠢᠵᠢ ᠪᠦᠷᠢᠳᠦᠭᠦᠯᠬᠦ ᠵᠢᠴᠢ ᠤᠳᠤ ᠦᠶ᠎ᠡ ᠵᠢᠨ ᠲᠡᠵᠢᠭᠡᠨ ᠦᠷᠡᠵᠢᠭᠦᠯᠬᠦ ᠪᠡᠯᠡᠳᠬᠡᠮᠵᠢ ᠲᠥᠬᠦᠭᠡᠷᠦᠮᠵᠢ ᠵᠢ ᠲᠡᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ᠎ᠳᠤ ᠵᠠᠷᠤᠴᠠᠭᠤᠯᠵᠤ᠂ ᠦᠬᠡᠷ ᠬᠤᠨᠢ ᠪᠣᠷᠳᠣᠬᠤ ᠵᠢᠨ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠣᠶᠤᠨᠴᠢᠯᠠᠭᠰᠠᠨ ᠲᠦᠪᠰᠢᠨ᠎ᠢ ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠳ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠵᠣᠬᠢᠬᠤ ᠬᠡᠪᠴᠢᠶ᠎ᠡ᠎ᠪᠠᠷ ᠦᠬᠡᠷ ᠬᠤᠨᠢ᠎ᠪᠠᠨ ᠪᠣᠷᠳᠣᠬᠤ ᠵᠢ᠎ᠨᠢ ᠬᠥᠭᠵᠢᠭᠦᠯᠦᠨ᠎ᠡ᠃ ᠲᠠᠬᠢᠶ᠎ᠠ᠂ ᠨᠤᠭᠤᠰᠤ᠂ ᠭᠠᠯᠠᠭᠤ ᠵᠢᠨ ᠬᠡᠪᠴᠢᠶᠡᠵᠢᠭᠦᠯᠦᠭᠰᠡᠨ ᠥᠨᠳᠥᠷ ᠦᠷ᠎ᠡ ᠠᠰᠢᠭᠲᠤ ᠪᠡᠯᠡᠳᠭᠡᠮᠵᠢᠲᠦ ᠲᠡᠵᠢᠭᠡᠨ ᠦᠷᠡᠵᠢᠭᠦᠯᠬᠦ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠨ᠎ᠡ᠃ ᠠᠳᠤᠭᠤ᠂ ᠡᠯᠵᠢᠭᠡ᠂ ᠲᠡᠮᠡᠭᠡ᠂ ᠪᠤᠭᠤ᠂ ᠲᠡᠮᠡᠭᠡᠨ ᠬᠢᠷᠭᠤᠤᠯ ᠵᠡᠷᠭᠡ ᠣᠨᠴᠠᠯᠢᠭᠲᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠵᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠣᠨᠴᠠᠯᠢᠭᠲᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠬᠡᠯᠬᠢᠶ᠎ᠡ ᠵᠢ ᠤᠷᠲᠤᠳᠬᠠᠨ᠎ᠠ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠵᠢᠯᠴᠠᠨ᠎ᠠ]
    ᠬᠤᠶᠠᠷ᠂ ᠲᠡᠵᠢᠭᠡᠯ ᠡᠪᠡᠰᠦᠨ᠎ᠤ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠦᠨ᠎ᠡ
    ᠠᠵᠤ ᠠᠬᠤᠶ᠋ᠢᠯᠠᠯ᠎ᠤᠨ ᠣᠳᠣ ᠦᠶ᠎ᠡ ᠵᠢᠨ ᠲᠡᠵᠢᠭᠡᠯ ᠡᠪᠡᠰᠦᠨ᠎ᠤ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ ᠪᠠᠶ᠋ᠢᠭᠤᠯᠬᠤ ᠵᠢ ᠳᠡᠮᠵᠢᠵᠦ᠂ ᠴᠠᠷᠭ᠋ᠠᠰᠤ᠂ ᠬᠢᠶᠠᠭ᠂ ᠨᠣᠬᠠᠢ ᠵᠢᠨ ᠬᠤᠰᠢᠭᠤ ᠵᠡᠷᠭᠡ ᠲᠡᠵᠢᠭᠡᠯ ᠡᠪᠡᠰᠦᠨ᠎ᠤ ᠲᠠᠷᠢᠮᠠᠯ᠎ᠤᠨ ᠰᠢᠯᠭ᠋ᠠᠨ ᠬᠤᠷᠢᠶᠠᠬᠤ ᠪᠠᠷᠢᠮᠵᠢᠶ᠎ᠠ᠎ᠳᠤ ᠬᠦᠷᠦᠭᠰᠡᠨ ᠪᠠᠶ᠋ᠢᠪᠠᠯ᠂ ᠣᠲᠣ ᠵᠢᠨ ᠪᠠᠶ᠋ᠢᠭ᠎ᠠ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠱᠠᠩᠨᠠᠨ ᠬᠥᠬᠢᠭᠦᠯᠵᠦ᠂ ᠠᠵᠤ ᠠᠬᠤᠶ᠋ᠢᠯᠠᠯ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠲᠡᠵᠢᠭᠡᠯ ᠡᠪᠡᠰᠦ ᠳᠠᠷᠢᠬᠤ ᠲᠠᠯᠠᠪᠠᠶ ᠵᠢ ᠥᠷᠭᠡᠳᠬᠡᠨ᠂ ᠣᠯᠠᠨ ᠶᠠᠩᠵᠤ ᠵᠢᠨ ᠲᠡᠵᠢᠭᠡᠯ ᠡᠪᠡᠰᠦ ᠪᠣᠷᠳᠣᠭ᠋ᠠᠨ᠎ᠤ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠲᠡᠵᠢᠭᠡᠯ ᠡᠪᠡᠰᠦ ᠬᠤᠷᠢᠶᠠᠨ ᠬᠠᠳᠠᠭ᠋ᠠᠯᠠᠵᠤ ᠡᠳ᠋ᠰᠢᠭᠦᠯᠬᠦ ᠪᠡᠯᠡᠳᠬᠡᠮᠵᠢ ᠲᠣᠨᠤᠭ ᠲᠥᠬᠦᠭᠡᠷᠦᠮᠵᠢ ᠵᠢ ᠰᠠᠶ᠋ᠢᠵᠢᠷᠠᠭᠤᠯᠤᠨ᠂ ᠡᠪᠡᠰᠦᠨ ᠦᠷ᠎ᠡ ᠪᠣᠶ᠋ᠢᠵᠢᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠎ᠠᠴᠠ ᠬᠠᠷᠢᠭᠤᠴᠠᠨ᠎ᠠ]
    ᠭᠤᠷᠪᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠨᠤᠭ ᠲᠥᠬᠦᠭᠡᠷᠦᠮᠵᠢ ᠵᠢᠨ ᠢᠵᠢ ᠪᠦᠷᠢᠳᠦᠭᠦᠯᠬᠦ ᠴᠢᠳᠠᠪᠤᠷᠢ ᠵᠢ ᠴᠢᠩᠭ᠋ᠠᠷᠠᠭᠤᠯᠤᠨ᠎ᠠ
    ᠪᠡᠯᠡᠳᠭᠡᠮᠵᠢᠳᠤ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢ᠍ᠯ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠡᠵᠢᠭᠡᠯ ᠡᠪᠡᠰᠦ ᠪᠣᠷᠳᠤᠭ᠎ᠠ᠂ ᠰᠠᠶ᠋ᠢᠨ ᠡᠭᠦᠯᠳᠡᠷ ᠦᠷᠡᠵᠢᠭᠦᠯᠦᠨ ᠪᠣᠶ᠋ᠢᠵᠢᠭᠤᠯᠬᠤ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠂ ᠬᠢᠵᠢᠭ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠵᠡᠷᠭᠡ ᠬᠦᠷᠢᠶ᠎ᠡ ᠴᠠᠷᠠᠭ᠋ᠠᠨ᠎ᠳᠠᠬᠢ ᠰᠤᠳᠤᠯᠤᠯ ᠰᠢᠨ᠎ᠡ ᠡᠭᠦᠳᠦᠯᠲᠡ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ ᠠᠵᠢᠯ᠎ᠢ ᠥᠷᠨᠢᠭᠦᠯᠦᠨ᠎ᠡ᠃ ᠨᠥᠬᠦᠴᠡᠯ᠎ᠳᠤ ᠨᠡᠶ᠋ᠢᠴᠡᠬᠦ ᠬᠤᠰᠢᠭᠤ ᠰᠢᠶᠠᠨ (ᠬᠤᠲᠠ᠂ ᠲᠣᠭᠤᠷᠢᠭ)᠎ᠤ ᠲᠠᠷᠢᠶᠠᠴᠢᠨ ᠮᠠᠯᠴᠢᠳ ᠪᠣᠯᠣᠨ ᠦᠢ᠍ᠯᠡᠳᠪᠦᠷᠢᠯᠡᠯ ᠡᠵᠡᠩᠨᠡᠯᠲᠡ ᠵᠢᠨ ᠵᠣᠬᠢᠶᠠᠨ ᠪᠠᠶ᠋ᠢᠭᠤᠯᠤᠯᠲᠠ ᠵᠢᠨ ᠬᠤᠳᠠᠯᠳᠤᠨ ᠠᠪᠤᠭᠰᠠᠨ ᠲᠠᠷᠮᠠᠭᠤᠷ᠂ ᠪᠦᠷᠢᠨ ᠬᠤᠯᠢᠮᠠᠭ ᠡᠳᠦᠷ᠎ᠲᠤ ᠠᠮᠤ ᠬᠦᠨᠡᠰᠦ ᠦᠢ᠍ᠯᠡᠳᠬᠦ ᠮᠠᠰᠢᠨ᠂ ᠢᠯᠭ᠋ᠠᠳᠠᠰᠤ ᠴᠡᠪᠡᠷᠯᠡᠬᠦ ᠮᠠᠰᠢᠨ ᠵᠡᠷᠭᠡ 16 ᠲᠠᠸᠠᠷ᠎ᠤᠨ ᠲᠦᠷᠦᠯ᠎ᠳᠤ᠂ ᠲᠥᠪ᠎ᠤᠨ ᠡᠳ᠋᠎ᠤᠨ ᠵᠠᠰᠠᠭ᠎ᠤᠨ ᠲᠣᠭᠲᠠᠭᠰᠠᠨ ᠨᠣᠷᠮᠠᠲᠤ ᠨᠡᠮᠡᠭᠦᠷᠢ ᠵᠢᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠦ ᠵᠢ ᠬᠡᠷᠡᠭᠯᠡᠨ ᠨᠡᠮᠡᠵᠦ ᠨᠥᠬᠦᠪᠦᠷᠢᠯᠡᠨ᠎ᠡ᠂ ᠨᠡᠮᠡᠭᠦᠷᠢ ᠥᠭᠬᠦ ᠲᠤᠭ᠎ᠠ ᠵᠢ ᠲᠥᠪ᠎ᠤᠨ ᠡᠳ᠋᠎ᠤᠨ ᠵᠠᠰᠠᠭ᠎ᠤᠨ ᠲᠣᠭᠲᠠᠭᠰᠠᠨ ᠨᠣᠷᠮᠠᠲᠤ ᠨᠡᠮᠡᠭᠦᠷᠢ ᠵᠢᠨ 1/3᠎ᠠᠴᠠ ᠳᠠᠪᠠᠭᠤᠯᠬᠤ ᠦᠭᠡᠢ᠃ ᠲᠥᠪ᠎ᠤᠨ ᠡᠳ᠋᠎ᠤᠨ ᠵᠠᠰᠠᠭ᠎ᠤᠨ ᠨᠡᠮᠡᠭᠦᠷᠢ ᠥᠭᠬᠦ ᠬᠡᠪᠴᠢᠶᠡᠨ᠎ᠳᠤ ᠵᠢᠭᠰᠠᠭ᠋ᠠᠨ ᠣᠷᠣᠭᠤᠯᠤᠭ᠋ᠠᠳᠤᠢ᠂ ᠲᠠᠷᠢᠶᠠᠴᠢᠨ ᠮᠠᠯᠴᠢᠳ᠎ᠤᠨ ᠦᠢ᠍ᠯᠡᠳᠪᠦᠷᠢᠯᠡᠯ᠎ᠳᠤ ᠪᠠᠴᠢᠮ ᠬᠡᠷᠡᠭᠰᠡᠬᠦ ᠮᠠᠯ ᠠᠵᠤ ᠠᠬᠤᠢ ᠵᠢᠨ ᠮᠧᠬᠠᠨᠢᠭ᠎ᠢ ᠪᠣᠯ ᠥᠪᠡᠷᠲᠡᠭᠡᠨ ᠵᠠᠰᠠᠬᠤ ᠣᠷᠣᠨ᠎ᠤ ᠲᠣᠳᠣᠷᠬᠠᠶ᠋ᠢᠯᠠᠭᠰᠠᠨ ᠮᠠᠰᠢᠨ ᠪᠠᠭ᠋ᠠᠵᠢ ᠵᠢᠨ ᠬᠡᠪᠴᠢᠶᠡᠨ ᠳᠣᠲᠣᠷ᠎ᠠ᠂ ᠳᠡᠭᠡᠷ᠎ᠡ ᠵᠢᠯ᠎ᠤᠨ ᠪᠣᠷᠣᠯᠠᠭᠤᠯᠤᠨ ᠬᠤᠳᠠᠯᠳᠤᠭᠰᠠᠨ ᠳᠤᠮᠳᠠᠴᠢ ᠦᠨ᠎ᠡ ᠬᠠᠩᠰᠢ ᠵᠢᠨ 30%᠎ᠠᠴᠠ ᠥᠨᠳᠥᠷ ᠪᠠᠶ᠋ᠢᠯᠭ᠋ᠠᠬᠤ ᠦᠭᠡᠢ ᠬᠠᠷᠢᠴᠠᠯ ᠵᠶ᠋ᠠᠷ ᠲᠥᠰᠥᠭᠡᠯᠡᠨ ᠪᠣᠳᠣᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠦ ᠵᠢ ᠬᠡᠷᠡᠭᠯᠡᠨ ᠲᠣᠭᠲᠠᠭᠰᠠᠨ ᠨᠤᠷᠮ᠎ᠠ᠎ᠪᠠᠷ ᠨᠥᠬᠦᠪᠦᠷᠢᠯᠡᠨ᠎ᠡ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠬᠠᠮᠵᠢᠯᠴᠠᠨ᠎ᠠ]
    ᠳᠥᠷᠪᠡ᠂ ᠮᠥᠩᠭᠦᠨ ᠭᠦᠢ᠍ᠯᠭᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠳᠤ ᠰᠢᠨ᠎ᠡ ᠵᠢ ᠡᠭᠦᠳᠦᠨ᠎ᠡ
    ᠨᠥᠬᠦᠴᠡᠯ᠎ᠳᠤ ᠨᠡᠶ᠋ᠢᠴᠡᠬᠦ ᠣᠲᠣ ᠦᠶ᠎ᠡ ᠵᠢᠨ ᠪᠡᠯᠡᠳᠭᠡᠮᠵᠢᠳᠤ ᠮᠠᠯ ᠠᠵᠤ ᠠᠬᠤᠢ ᠵᠢᠨ ᠲᠥᠷᠥᠯ ᠵᠦᠢ᠍ᠯ᠎ᠤᠨ ᠵᠢᠭᠡᠯᠡᠯᠭᠡ᠎ᠳᠤ ᠳᠠᠮ ᠬᠦᠦ ᠮᠥᠩᠭᠦ ᠵᠢᠨ ᠳᠡᠮᠵᠢᠯᠭᠡ ᠵᠢ ᠬᠡᠷᠡᠭᠵᠢᠭᠦᠯᠵᠦ᠂ ᠨᠢᠭᠡᠨᠲᠡ ᠪᠠᠶ᠋ᠢᠭ᠎ᠠ ᠳᠠᠮ ᠬᠦᠦ ᠮᠥᠩᠭᠦ ᠵᠢᠨ ᠲᠥᠷᠥ ᠵᠢᠨ ᠪᠣᠳᠣᠯᠭ᠎ᠠ ᠵᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ ᠳᠠᠬᠢᠵᠤ 10% - 20% ᠵᠢᠨ ᠳᠠᠮ ᠬᠦᠦ ᠥᠭᠴᠦ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠠᠴᠠ ᠥᠭᠬᠦ ᠳᠠᠮ ᠬᠦᠦ ᠮᠥᠩᠭᠦ ᠵᠢ ᠨᠡᠶ᠋ᠢᠯᠡᠭᠦᠯᠦᠭᠡᠳ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠨᠡᠶ᠋ᠢᠲᠡᠯᠡᠭᠰᠡᠨ ᠠᠳᠠᠯᠢ ᠬᠤᠭᠤᠴᠠᠭ᠋ᠠᠨ᠎ᠤ ᠠᠳᠠᠯᠢ ᠲᠠᠰ᠎ᠤᠨ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠦᠨ᠎ᠤ ᠨᠣᠷᠮ᠎ᠠ (LPR) ᠵᠢᠨ 90%᠎ᠠᠴᠠ ᠥᠨᠳᠥᠷ ᠪᠠᠶ᠋ᠢᠯᠭ᠋ᠠᠬᠤ ᠦᠭᠡᠢ ᠮᠥᠷᠲᠡᠭᠡᠨ ᠵᠢᠭᠡᠯᠡᠯᠭᠡ ᠵᠢᠨ ᠬᠦᠦ ᠮᠥᠩᠭᠦ ᠵᠢᠨ ᠨᠤᠷᠮ᠎ᠠ ᠵᠢᠨ 3%᠎ᠠᠴᠠ ᠳᠠᠪᠠᠭᠤᠯᠬᠤ ᠦᠭᠡᠢ (ᠪᠣᠳᠠᠲᠠᠢ ᠬᠦᠦ ᠮᠥᠩᠭᠦᠨ᠎ᠤ ᠨᠣᠷᠮ᠎ᠠ᠎ᠨᠢ LPR᠎ᠠᠴᠠ ᠳᠣᠣᠷ᠎ᠠ ᠪᠠᠶ᠋ᠢᠪᠠᠯ ᠪᠣᠳᠠᠲᠠᠢ ᠬᠦᠦ ᠮᠥᠩᠭᠦᠨ᠎ᠤ ᠨᠤᠷᠮ᠎ᠠ᠎ᠪᠠᠷ ᠪᠤᠳᠤᠨ᠎ᠠ) ᠪᠠᠶ᠋ᠢᠯᠭ᠋ᠠᠨ᠎ᠠ᠃ ᠮᠥᠩᠭᠦᠨ ᠭᠦᠢ᠍ᠯᠭᠡᠭᠡᠨ ᠵᠶ᠋ᠠᠷ ᠠᠯᠠᠰᠢᠨ ᠦᠬᠡᠷ᠎ᠤᠨ ᠠᠵᠤ ᠦᠢ᠍ᠯᠡᠰ᠎ᠢ ᠳᠡᠮᠵᠢᠬᠦ ᠬᠠᠮᠵᠢᠯᠴᠠᠭ᠋ᠠᠨ᠎ᠤ ᠲᠣᠭᠲᠠᠴᠠ ᠵᠢ ᠪᠠᠶ᠋ᠢᠭᠤᠯᠵᠤ᠂ ᠪᠠᠲᠤᠯᠠᠭ᠎ᠠ ᠵᠢᠨ ᠳᠠᠭ᠋ᠠᠭ᠋ᠠᠯᠲᠠ᠂ ᠳᠠᠭ᠋ᠠᠳᠬᠠᠯ᠎ᠤᠨ ᠪᠠᠲᠤᠯᠠᠭ᠎ᠠ᠂ ᠪᠠᠩᠬᠢ ᠵᠢᠨ ᠢᠲᠡᠭᠡᠮᠵᠢᠲᠦ ᠵᠢᠭᠡᠯᠡᠯᠭᠡ ᠵᠢᠨ ᠬᠤᠯᠪᠤᠭ᠋ᠠᠯᠠᠨ ᠬᠥᠳᠡᠯᠦᠯᠴᠡᠬᠦ ᠵᠠᠭᠪᠤᠷ᠎ᠢ ᠪᠠᠶ᠋ᠢᠭᠤᠯᠵᠤ᠂ ᠠᠮᠢᠲᠠᠨ ᠵᠶ᠋ᠠᠷ ᠪᠠᠷᠢᠴᠠᠭ᠎ᠠ ᠪᠣᠯᠭ᠋ᠠᠭᠰᠠᠨ ᠵᠢᠭᠡᠯᠡᠯᠭᠡ ᠵᠢᠨ ᠲᠤᠬᠠᠶ᠋ᠢᠯᠠᠭᠰᠠᠨ ᠠᠵᠢᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠪᠡᠯᠡᠳᠬᠡᠮᠵᠢᠲᠦ ᠮᠠᠯ ᠠᠵᠤ ᠠᠬᠤᠢ ᠵᠢᠨ ᠵᠢᠭᠡᠯᠡᠯᠭᠡ ᠵᠢᠨ ᠳᠠᠭ᠋ᠠᠭ᠋ᠠᠯᠲᠠ ᠵᠢᠨ ᠵᠠᠷᠤᠳᠠᠯ᠎ᠤᠨ ᠨᠣᠷᠮ᠎ᠠ ᠵᠢ 1%᠎ᠠᠴᠠ ᠥᠨᠳᠥᠷ ᠪᠠᠶ᠋ᠢᠯᠭ᠋ᠠᠵᠤ ᠪᠣᠯᠬᠤ ᠦᠭᠡᠢ᠃ ᠠᠯᠠᠰᠢᠨ ᠦᠬᠡᠷ ᠠᠯᠠᠰᠢᠨ ᠬᠤᠨᠢᠨ᠎ᠤ ᠣᠷᠣᠨ ᠨᠤᠲᠤᠭ᠎ᠤᠨ ᠳᠠᠪᠠᠭᠤᠯᠢᠭ ᠣᠨᠴᠠᠯᠢᠭᠲᠤ ᠳᠠᠭ᠋ᠠᠳᠬᠠᠯ᠎ᠢ ᠠᠯᠠᠰᠢᠨ ᠦᠬᠡᠷ᠂ ᠠᠯᠠᠰᠢᠨ ᠬᠤᠨᠢ ᠵᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠡᠰᠢ ᠬᠡᠯᠪᠡᠶ᠋ᠢᠯᠭᠡᠬᠦ ᠵᠢ ᠠᠬᠢᠭᠤᠯᠤᠨ᠎ᠠ᠃ [ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠵᠢᠯᠴᠠᠨ᠎ᠠ]
    ᠲᠠᠪᠤ᠂ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ
    ᠭᠠᠵᠠᠷ ᠰᠢᠷᠣᠢ ᠵᠢ ᠲᠥᠯᠥᠪᠦᠷᠢᠲᠡᠢ ᠰᠢᠯᠵᠢᠭᠦᠯᠦᠭᠰᠡᠨ ᠣᠷᠣᠯᠭ᠎ᠠ ᠵᠢᠨ ᠪᠡᠯᠡ ᠮᠥᠩᠭᠦ᠂ ᠭᠠᠵᠠᠷ ᠰᠢᠷᠣᠢ ᠵᠢᠨ ᠭᠦᠢ᠍ᠴᠡᠳᠬᠡᠯ ᠲᠤᠭ᠎ᠠ ᠵᠢᠨ ᠠᠷᠠᠯᠵᠢᠶᠠᠨ᠎ᠤ ᠣᠷᠣᠯᠭ᠎ᠠ ᠵᠡᠷᠭᠡ᠎ᠪᠠᠷ ᠪᠡᠯᠡᠳᠬᠡᠮᠵᠢᠲᠦ ᠮᠠᠯ ᠠᠵᠤ ᠠᠬᠤᠢ ᠵᠢᠨ ᠲᠥᠷᠥᠯ ᠵᠦᠢ᠍ᠯ᠎ᠢ ᠤᠷᠢᠳ ᠵᠶ᠋ᠠᠷ ᠳᠡᠮᠵᠢᠬᠦ ᠬᠡᠷᠡᠭᠲᠡᠢ᠃ ᠨᠥᠬᠦᠴᠡᠯ᠎ᠲᠠᠢ ᠪᠠᠶ᠋ᠢᠭ᠎ᠠ ᠭᠤᠪᠢ᠂ ᠴᠦᠯ᠂ ᠬᠤᠵᠢᠷᠯᠢᠭ ᠭᠠᠵᠠᠷ ᠵᠡᠷᠭᠡ ᠣᠷᠣᠨ ᠪᠦᠰᠡ᠎ᠳᠤ ᠪᠡᠯᠡᠳᠬᠡᠮᠵᠢᠲᠦ ᠮᠠᠯ ᠠᠵᠤ ᠠᠬᠤᠢ ᠵᠢ ᠬᠥᠭᠵᠢᠭᠦᠯᠬᠦ ᠵᠢ ᠳᠡᠮᠵᠢᠨ᠎ᠡ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠶᠣᠰᠣᠭ᠋ᠠᠷ ᠬᠠᠮᠢᠶᠠᠷᠤᠨ᠎ᠠ᠃ 《ᠤᠰᠤ᠎ᠪᠠᠷ ᠳᠥᠷᠪᠡ ᠵᠢ ᠲᠣᠭᠲᠠᠭ᠋ᠠᠬᠤ》 ᠤᠷᠢᠲᠠᠯ ᠳᠣᠣᠷ᠎ᠠ᠂ ᠮᠠᠯ ᠠᠵᠤ ᠠᠬᠤᠢ᠎ᠳᠤ ᠬᠡᠷᠡᠭᠯᠡᠬᠦ ᠤᠰᠤ ᠵᠢ ᠪᠠᠲᠤᠯᠠᠬᠤ ᠬᠡᠷᠡᠭᠲᠡᠢ᠃ ᠪᠡᠯᠡᠳᠬᠡᠮᠵᠢᠲᠦ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠬᠡᠷᠡᠭᠯᠡᠬᠦ ᠴᠠᠬᠢᠯᠭ᠋ᠠᠨ᠎ᠳᠤ ᠲᠠᠷᠢᠶᠠᠯᠠᠩ᠎ᠳᠤ ᠬᠡᠷᠡᠭᠯᠡᠬᠦ ᠴᠠᠬᠢᠯᠭ᠋ᠠᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ [ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)]
    ᠵᠢᠷᠭᠤᠭ᠎ᠠ᠂ ᠨᠡᠶ᠋ᠢᠲᠡᠯᠢᠭ ᠵᠶ᠋ᠠᠷ ᠵᠢᠱ᠌ᠢᠶ᠎ᠡ ᠦᠵᠡᠭᠦᠯᠬᠦ ᠵᠢ ᠳᠡᠯᠭᠡᠷᠡᠭᠦᠯᠬᠦ᠎ᠪᠠᠨ ᠴᠢᠩᠭ᠋ᠠᠷᠠᠭᠤᠯᠤᠨ᠎ᠠ
    ᠵᠢᠯ ᠪᠦᠷᠢ 1 - 3 ᠬᠤᠰᠢᠭᠤ ᠰᠢᠶᠠᠨ (ᠬᠤᠲᠠ᠂ ᠲᠣᠭᠤᠷᠢᠭ)᠎ᠢ ᠰᠢᠯᠢᠳᠡᠭᠴᠢᠯᠡᠨ ᠰᠣᠩᠭᠤᠵᠤ ᠪᠡᠯᠡᠳᠭᠡᠮᠵᠢᠳᠤ ᠮᠠᠯ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠬᠤᠰᠢᠭᠤ ᠰᠢᠶᠠᠨ᠎ᠤ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠦᠨ᠂ ᠵᠢᠱ᠌ᠢᠶ᠎ᠡ ᠦᠵᠡᠭᠦᠯᠬᠦ ᠬᠤᠰᠢᠭᠤ ᠰᠢᠶᠠᠨ ᠪᠦᠷᠢ᠎ᠳᠤ 1000 ᠲᠦᠮᠡᠨ ᠲᠥᠭᠦᠷᠢᠭ ᠱᠠᠩᠨᠠᠨ᠎ᠠ᠃ ᠵᠢᠯ ᠪᠦᠷᠢ 2 - 5 ᠬᠤᠰᠢᠭᠤ ᠰᠢᠶᠠᠨ (ᠬᠤᠲᠠ᠂ ᠲᠣᠭᠤᠷᠢᠭ)᠎ᠳᠤ ᠮᠠᠯ ᠠᠵᠤ ᠠᠬᠤᠢ ᠵᠢᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠲᠤᠷᠰᠢᠯᠲᠠ ᠵᠢ ᠥᠷᠨᠢᠭᠦᠯᠵᠦ᠂ ᠲᠡᠳᠡᠨ᠎ᠤ ᠪᠡᠯᠡᠳᠬᠡᠮᠵᠢᠲᠦ ᠮᠠᠯ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠬᠤᠰᠢᠭᠤ ᠰᠢᠶᠠᠨ᠎ᠢ ᠡᠭᠦᠳᠦᠨ ᠪᠠᠶ᠋ᠢᠭᠤᠯᠬᠤ ᠵᠢ᠎ᠨᠢ ᠡᠩ ᠲᠡᠷᠢᠭᠦᠨ᠎ᠳᠤ ᠳᠡᠮᠵᠢᠵᠦ᠂ ᠱᠠᠩᠨᠠᠬᠤ᠎ᠪᠠᠷ ᠨᠥᠬᠦᠪᠦᠷᠢ ᠵᠢ ᠣᠷᠣᠯᠠᠬᠤ᠂ ᠣᠯᠠᠨ ᠨᠡᠶ᠋ᠢᠲᠡ ᠵᠢᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠲᠡᠵᠢᠭᠡᠯ ᠡᠪᠡᠰᠦ ᠪᠣᠷᠳᠤᠭ᠎ᠠ ᠡᠳ᠋ᠰᠢᠭᠦᠯᠦᠨ ᠪᠣᠯᠪᠠᠰᠤᠷᠠᠭᠤᠯᠬᠤ᠂ ᠨᠠᠷᠢᠯᠢᠭ ᠣᠨᠣᠴᠠᠲᠠᠢ ᠲᠡᠵᠢᠭᠡᠨ ᠠᠷᠠᠴᠢᠯᠠᠬᠤ᠂ ᠬᠢᠵᠢᠭ ᠡᠪᠡᠳᠴᠢᠨ᠎ᠢ ᠰᠡᠷᠭᠡᠶ᠋ᠢᠯᠡᠨ ᠬᠤᠷᠢᠭᠯᠠᠬᠤ᠂ ᠦᠷ᠎ᠡ ᠡᠭᠦᠯᠳᠡᠷ᠎ᠢ ᠰᠠᠶ᠋ᠢᠵᠢᠷᠠᠭᠤᠯᠬᠤ ᠵᠡᠷᠭᠡ ᠨᠡᠶ᠋ᠢᠭᠡᠮᠴᠢᠯᠡᠭᠰᠡᠨ ᠦᠢ᠍ᠯᠡᠴᠢᠯᠡᠭᠡ ᠬᠠᠩᠭ᠋ᠠᠵᠤ᠂ ᠲᠤᠷᠰᠢᠯᠲᠠ ᠪᠦᠷᠢ᠎ᠳᠤ ᠠᠳᠠᠭ᠎ᠲᠤ᠎ᠪᠠᠨ 10 ᠲᠦᠮᠡᠨ ᠬᠤᠨᠢᠨ ᠨᠢᠭᠡᠴᠢ᠎ᠠᠴᠠ ᠳᠡᠭᠡᠭᠰᠢᠬᠢ ᠮᠠᠯ᠎ᠢ ᠬᠠᠮᠤᠷᠤᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠢᠭᠡᠴᠢ᠂ ᠶᠡᠭᠡ ᠳᠡᠭᠡᠳᠦ ᠰᠤᠷᠭ᠋ᠠᠭᠤᠯᠢ᠎ᠳᠤ ᠲᠦᠰᠢᠭᠯᠡᠨ ᠲᠤᠰᠬᠠᠢ ᠮᠡᠷᠭᠡᠵᠢᠯᠲᠡᠨ᠎ᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ᠎ᠤᠨ ᠬᠡᠷᠡᠭᠯᠡᠯᠲᠡ ᠵᠢ ᠳᠡᠯᠭᠡᠷᠡᠭᠦᠯᠬᠦ ᠪᠣᠯᠪᠠᠰᠤᠷᠠᠭᠤᠯᠤᠯ᠎ᠢ ᠥᠷᠨᠢᠭᠦᠯᠦᠨ᠂ ᠴᠢᠳᠠᠪᠤᠷᠢᠲᠠᠨ᠎ᠤ ᠪᠠᠲᠤᠯᠠᠭ᠎ᠠ ᠵᠢ ᠴᠢᠩᠭ᠋ᠠᠷᠠᠭᠤᠯᠵᠤ᠂ ᠵᠢᠱ᠌ᠢᠶ᠎ᠡ ᠦᠵᠡᠭᠦᠯᠬᠦ ᠬᠤᠰᠢᠭᠤ ᠰᠢᠶᠠᠨ᠎ᠤ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠠᠬᠢᠭᠤᠯᠤᠨ᠎ᠠ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠎ᠨᠢ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠬᠠᠮᠵᠢᠯᠴᠠᠨ᠎ᠠ]
    ᠲᠣᠰ ᠠᠷᠭ᠎ᠠ ᠬᠡᠮᠵᠢᠶ᠎ᠡ᠎ᠳᠤ ᠬᠤᠯᠪᠣᠭᠳᠠᠭᠰᠠᠨ ᠲᠤᠰᠬᠠᠢ ᠳᠡᠮᠵᠢᠯᠭᠡ ᠵᠢᠨ ᠪᠡᠯᠡ ᠮᠥᠩᠭᠦ ᠵᠢ ᠴᠥᠮ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠳᠤ᠎ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠶ᠋ᠢᠳᠠᠯ᠎ᠢ᠎ᠨᠢ ᠦᠨᠳᠦᠰᠦᠯᠡᠨ ᠨᠡᠮᠡᠭᠦᠷᠢ ᠣᠯᠭᠤᠬᠤ᠂ ᠳᠠᠷᠠᠭ᠋ᠠᠯᠠᠨ ᠬᠡᠷᠡᠭᠵᠢᠭᠦᠯᠬᠦ》 ᠠᠷᠭ᠎ᠠ ᠮᠠᠶᠢᠭ ᠵᠶ᠋ᠠᠷ ᠰᠠᠯᠭ᠋ᠠᠨ ᠥᠭᠭᠦᠨ᠎ᠡ᠃ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠎ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭ᠋ᠠᠵᠤ᠂ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭ᠋ᠠᠯᠠᠯ᠂ ᠪᠦᠲᠦᠭᠡᠨ ᠪᠠᠶ᠋ᠢᠭᠤᠯᠬᠤ ᠠᠭᠤᠯᠭ᠎ᠠ᠂ ᠰᠢᠯᠭ᠋ᠠᠨ ᠬᠢᠨᠠᠵᠤ ᠰᠢᠯᠭ᠋ᠠᠨ ᠬᠤᠷᠢᠶᠠᠬᠤ ᠵᠡᠷᠭᠡ ᠵᠢ ᠲᠣᠳᠣᠷᠬᠠᠶ᠋ᠢᠯᠠᠬᠤ ᠬᠡᠷᠡᠭᠲᠡᠢ᠃
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
   2024 ᠣᠨ᠎ᠤ 2 ᠳ᠋ᠤᠭ᠋ᠠᠷ ᠰᠠᠷ᠎ᠠ ᠵᠢᠨ 19᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠷᠥᠯ ᠵᠦᠢ᠍ᠯ᠎ᠤᠨ ᠲᠠᠯ᠎ᠠ᠎ᠪᠠᠷ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠵᠢᠨ ᠭᠠᠷᠳᠠᠮ᠎ᠢ ᠭᠦᠢ᠍ᠴᠡᠳᠬᠡᠬᠦ ᠬᠤᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠤᠯᠤᠰ᠎ᠤᠨ ᠳᠡᠰ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
2024 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
 
            